ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ᠎ᠤᠨ ᠲᠠᠢ᠌ᠯᠤᠮᠵᠢ᠄ 2023 ᠣᠨ᠎ᠤ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠵᠢᠯ᠎ᠢ ᠬᠡᠷᠬᠢᠨ ᠦᠷᠨᠢᠬᠦᠯᠬᠦ ᠪᠤᠢ
ᠨᠡᠶ᠋ᠢᠲᠡᠯᠡᠭᠰᠡᠨ ᠴᠠᠭ᠄ 2023-02-15

    2023 ᠣᠨ᠎ᠤ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠵᠢᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠎ᠪᠠᠷ ᠰᠤᠷᠤᠯᠴᠠᠨ ᠲᠤᠭᠤᠰᠢᠯᠠᠭᠤᠯᠵᠦ᠂ ᠰᠢ ᠵᠢᠨ ᠫᠢᠩ ᠶᠡᠷᠦᠩᠬᠡᠢ ᠱᠦᠵᠢ ᠵᠢᠨ ᠪᠡᠶ᠎ᠡ ᠵᠢᠨ ᠲᠠᠮᠢᠷ᠎ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠶᠠᠷᠢᠶ᠎ᠡ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠰ᠎ᠢ ᠬᠥᠭᠵᠢᠭᠦᠯᠬᠦ᠂ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠵᠢᠯ᠎ᠢ ᠰᠠᠢ᠌ᠲᠤᠷ ᠬᠢᠬᠦ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠪᠠ ᠪᠦᠬᠦ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶᠠᠨ᠎ᠤ ᠲᠤᠪᠴᠢᠶᠠᠨ ᠳᠠᠷᠤᠭ᠎ᠠ ᠨᠠᠷ᠎ᠤᠨ ᠬᠤᠷᠠᠯ᠎ᠤᠨ ᠵᠣᠷᠢᠭ ᠰᠠᠨᠠᠭ᠎ᠠ ᠵᠢ ᠯᠠᠪᠳᠠᠭᠤᠨ ᠪᠠᠲᠤᠲᠠᠢ ᠨᠠᠢ᠌ᠳᠠᠪᠤᠷᠢᠵᠢᠭᠤᠯᠵᠤ᠂ 《ᠨᠠᠩ ᠥᠨᠳᠥᠷ ᠲᠦᠪᠰᠢᠨ ᠪᠦᠬᠦᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ᠎ᠢ ᠪᠠᠶ᠋ᠢᠭᠤᠯᠬᠤ ᠲᠤᠬᠠᠢ ᠰᠠᠨᠠᠯ》᠂ 《ᠥᠪᠥᠷ ᠮᠣᠩᠭᠣᠯ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢ ᠬᠡᠷᠡᠭᠵᠢᠭᠦᠯᠬᠦ ᠲᠥᠯᠥᠪᠯᠡᠭᠡ (2021 — 2025 ᠣᠨ)》᠂     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠲᠥᠯᠦᠪᠵᠢᠭᠦᠯᠭᠡ》 ᠵᠡᠷᠭᠡ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠬᠦᠴᠦᠯᠡᠨ ᠠᠬᠢᠭᠤᠯᠵᠤ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠭᠣᠣᠯᠳᠠᠯᠭ᠎ᠠ ᠵᠢ ᠳᠣᠪᠣᠶ᠋ᠢᠯᠭ᠋ᠠᠵᠤ᠂ ᠬᠦᠴᠢᠷ ᠠᠰᠠᠭᠤᠳᠠᠯ᠎ᠢ ᠰᠢᠢ᠍ᠳᠪᠦᠷᠢᠯᠡᠨ᠂ ᠬᠢᠯᠠᠰ ᠴᠡᠭ᠎ᠢ ᠪᠣᠶ ᠪᠣᠯᠭ᠋ᠠᠵᠤ᠂ ᠨᠠᠩ ᠬᠦᠴᠦᠯᠡᠨ ᠴᠢᠷᠮᠠᠢ᠌ᠵᠤ ᠠᠵᠢᠯ ᠦᠢ᠍ᠯᠡᠰ ᠪᠦᠲᠦᠭᠡᠬᠦ ᠳᠦᠷᠢ ᠲᠥᠷᠬᠦ᠎ᠪᠠᠷ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠰ᠎ᠤᠨ ᠰᠢᠨ᠎ᠡ ᠳᠡᠭᠲᠡᠷ᠎ᠲᠤ ᠭᠠᠷᠬᠤ ᠵᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠰᠢᠨ᠎ᠡ ᠪᠠᠢ᠌ᠳᠠᠯ᠎ᠢ ᠪᠤᠢ ᠪᠤᠯᠭ᠋ᠠᠨ᠎ᠠ᠃
    ① 《ᠬᠡᠨ ᠠᠳᠬᠤᠬᠤ》᠎ᠪᠠᠷ ᠭᠣᠣᠯᠯᠠᠭᠤᠯᠤᠨ ᠲᠣᠰ ᠲᠣᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠂ ᠬᠠᠮᠵᠢᠯᠴᠠᠨ ᠬᠥᠳᠡᠯᠦᠯᠴᠡᠬᠦ ᠬᠠᠷᠢᠭᠤᠴᠠᠯᠭ᠎ᠠ ᠵᠢᠨ ᠰᠢᠰᠲᠸᠮ᠎ᠢ ᠪᠠᠢ᠌ᠭᠤᠯᠤᠨ᠎ᠠ
    ● ᠡᠯ᠎ᠡ ᠱᠠᠲᠤᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢ ᠵᠣᠬᠢᠶᠠᠨ ᠪᠠᠢ᠌ᠭᠤᠯᠤᠨ ᠵᠣᠬᠢᠴᠠᠭᠤᠯᠬᠤ ᠪᠠᠢ᠌ᠭᠤᠯᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢ ᠬᠣᠲᠠ ᠵᠢᠨ ᠬᠥᠭᠵᠢᠯᠲᠡ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠪᠣᠯᠪᠠᠰᠤᠨ ᠬᠣᠲᠠ ᠵᠢ ᠡᠭᠦᠳᠦᠨ ᠪᠠᠶ᠋ᠢᠭᠤᠯᠬᠤ ᠵᠡᠷᠭᠡ ᠭᠣᠣᠯᠳᠠᠯᠭ᠎ᠠ᠎ᠲᠠᠢ ᠠᠵᠢᠯ᠎ᠳᠤ ᠠᠭᠤᠰᠤᠯᠴᠠᠬᠤ ᠵᠢ ᠠᠬᠢᠭᠤᠯᠵᠤ᠂ ᠪᠦᠲᠦᠮᠵᠢᠲᠡᠶ ᠬᠠᠮᠵᠢᠯᠴᠠᠬᠤ ᠵᠢ ᠪᠡᠶᠡᠯᠡᠭᠦᠯᠦᠨ᠎ᠡ᠃
    ● ᠥᠪᠡᠷᠲᠡᠭᠡᠨ ᠵᠠᠰᠠᠬᠤ ᠣᠷᠣᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠥ ᠠᠷᠠᠳ᠎ᠤᠨ ᠡᠷᠡᠭᠦᠯ ᠮᠡᠨᠳᠦ ᠵᠢ ᠭᠦᠨᠵᠡᠭᠡᠢ ᠠᠭᠤᠰᠤᠯᠴᠠᠭᠤᠯᠬᠤ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠢ ᠬᠤᠷᠠᠯᠳᠤᠭᠤᠯᠤᠨ᠎ᠠ᠃
    ● ᠪᠥᠬᠥ ᠣᠷᠣᠨ᠎ᠤ ᠬᠡᠪᠴᠢᠶᠠᠨ᠎ᠳᠤ ᠪᠥᠬᠥ ᠠᠷᠠᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ ᠪᠡᠶ᠎ᠡ ᠴᠢᠭᠢᠷᠠᠭᠵᠢᠭᠤᠯᠤᠯᠲᠠ ᠵᠢᠨ ᠵᠢᠱ᠌ᠢᠶᠡᠴᠢ ᠠᠢ᠌ᠮᠠᠭ ᠬᠣᠲᠠ ᠪᠠ ᠵᠢᠱ᠌ᠢᠶᠡᠴᠢ ᠬᠣᠰᠢᠭᠤ ᠰᠢᠶᠠᠨ (ᠬᠣᠲᠠ᠂ ᠲᠣᠭᠣᠷᠢᠭ)᠎ᠢ ᠡᠭᠦᠳᠦᠨ ᠪᠠᠶ᠋ᠢᠭᠤᠯᠬᠤ ᠠᠵᠢᠯᠯᠠᠭ᠎ᠠ ᠥᠷᠨᠢᠭᠦᠯᠦᠨ᠎ᠡ᠃
    ● ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠤᠰᠬᠠᠢ ᠮᠡᠷᠭᠡᠵᠢᠯᠲᠡᠨ᠎ᠤ ᠣᠶᠤᠨ᠎ᠤ ᠬᠥᠮᠥᠷᠭᠡ ᠵᠢ ᠪᠠᠢ᠌ᠭᠤᠯᠤᠨ᠎ᠠ᠃
    ② 《ᠬᠠᠮᠢᠭ᠎ᠠ ᠣᠴᠢᠵᠤ ᠪᠡᠶ᠎ᠡ ᠴᠢᠭᠢᠷᠠᠭᠵᠢᠭᠤᠯᠬᠤ》 ᠵᠢᠨ ᠲᠣᠭᠣᠷᠢᠨ᠎ᠳᠤ ᠪᠦᠬᠦ ᠲᠠᠯ᠎ᠠ ᠵᠢ ᠬᠠᠮᠤᠷᠤᠭᠰᠠᠨ᠂ ᠲᠡᠩᠴᠡᠭᠦᠷᠢᠲᠡᠢ ᠲᠡᠭᠦᠯᠳᠡᠷᠵᠢᠭᠰᠡᠨ ᠪᠠᠲᠤᠯᠠᠪᠤᠷᠢ ᠵᠢᠨ ᠰᠢᠰᠲᠸᠮ᠎ᠢ ᠪᠠᠢ᠌ᠭᠤᠯᠤᠨ᠎ᠠ
    ● ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠲᠣᠭᠲᠠᠭ᠋ᠠᠭᠰᠠᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢ᠍ᠯ᠎ᠢ ᠨᠠᠢ᠌ᠳᠠᠪᠤᠷᠢᠵᠢᠭᠤᠯᠤᠨ᠎ᠠ᠄ 36 ᠪᠡᠶ᠎ᠡ ᠵᠢᠨ ᠲᠠᠮᠢᠷ᠎ᠤᠨ ᠴᠡᠴᠡᠷᠯᠢᠭ᠂ 32 ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠂ 33 ᠲᠡᠰᠢᠯᠲᠡ ᠵᠢᠨ ᠲᠠᠯᠠᠪᠠᠶ᠂ 103 ᠣᠯᠠᠨ ᠴᠢᠳᠠᠮᠵᠢᠲᠤ ᠪᠡᠶ᠎ᠡ ᠵᠢᠨ ᠲᠠᠮᠢᠷ᠎ᠤᠨ ᠲᠠᠯᠠᠪᠠᠶ᠂ 335 ᠺᠢᠯᠣᠮᠧᠲᠷ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠢ ᠰᠢᠨ᠎ᠡ᠎ᠪᠠᠷ ᠪᠠᠢ᠌ᠭᠤᠯᠵᠤ ᠥᠭᠡᠷᠡᠴᠢᠯᠡᠨ ᠪᠠᠢ᠌ᠭᠤᠯᠵᠤ ᠥᠷᠭᠡᠳᠬᠡᠨ ᠪᠠᠢ᠌ᠭᠤᠯᠤᠨ᠎ᠠ᠃
    ● 《15 ᠮᠢᠨᠦ᠋ᠲ᠎ᠤᠨ ᠪᠡᠶ᠎ᠡ ᠴᠢᠭᠢᠷᠠᠭᠵᠢᠭᠤᠯᠬᠤ ᠲᠣᠭᠣᠷᠢᠭ》᠎ᠤᠨ ᠲᠠᠩᠰᠠ ᠡᠪᠬᠡᠮᠡᠯ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠂ ᠬᠢᠯᠢ ᠵᠢᠨ ᠬᠣᠰᠢᠭᠤ ᠰᠢᠶᠠᠨ᠎ᠤ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠵᠢᠨ ᠬᠠᠩᠭ᠋ᠠᠯᠭ᠎ᠠ ᠵᠢ ᠨᠡᠮᠡᠭᠳᠡᠭᠦᠯᠦᠨ᠎ᠡ᠃
    ● 《ᠨᠢᠭᠡ ᠨᠠᠰᠤᠲᠠᠨ ᠨᠢᠭᠡ ᠪᠠᠭ᠎ᠠ》 ᠪᠠ ᠮᠥᠰᠥ ᠴᠠᠰᠤᠨ᠎ᠤ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ᠃
    ● ᠪᠥᠬᠥ ᠣᠷᠣᠨ᠎ᠤ 132 ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠎ᠢ ᠰᠦᠢ᠍ᠳᠬᠡᠯ ᠬᠤᠷᠢᠶᠠᠬᠤ ᠦᠭᠡᠢ᠎ᠪᠠᠷ ᠪᠤᠶᠤ ᠳᠣᠣᠷ᠎ᠠ ᠰᠦᠢ᠍ᠳᠬᠡᠯ ᠵᠶ᠋ᠡᠷ ᠨᠡᠢ᠌ᠭᠡᠮ ᠨᠡᠶ᠋ᠢᠲᠡ᠎ᠳᠤ ᠨᠡᠭᠡᠭᠡᠬᠦ ᠵᠢ ᠳᠡᠮᠵᠢᠵᠦ᠂ ᠲᠠᠯᠠᠪᠤᠷ ᠣᠷᠳᠣᠨ᠎ᠢ ᠰᠦᠢ᠍ᠳᠬᠡᠯ ᠬᠤᠷᠢᠶᠠᠬᠤ ᠦᠭᠡᠢ᠎ᠪᠠᠷ ᠪᠤᠶᠤ ᠳᠣᠣᠷ᠎ᠠ ᠰᠦᠢ᠍ᠳᠬᠡᠯ ᠵᠶ᠋ᠡᠷ ᠨᠡᠭᠡᠭᠡᠬᠦ ᠵᠢ ᠦᠨᠡᠯᠡᠨ ᠵᠢᠱ᠌ᠢᠵᠦ ᠬᠢᠨᠠᠨ ᠵᠢᠯᠤᠭᠣᠳᠬᠤ ᠵᠢ ᠴᠢᠩᠭ᠋ᠠᠳᠬᠠᠨ᠂ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠎ᠢ ᠨᠡᠭᠡᠭᠡᠬᠦ ᠬᠢᠷᠢ ᠲᠦᠪᠰᠢᠨ᠎ᠢ ᠲᠡᠭᠡᠭᠰᠢᠯᠡᠬᠦᠯᠦᠨ᠎ᠡ᠃
    ③ 《ᠬᠡᠷᠬᠢᠨ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠬᠤ》 ᠵᠢᠨ ᠲᠣᠭᠣᠷᠢᠨ᠎ᠳᠤ ᠪᠦᠷᠢᠨ ᠲᠡᠭᠦᠯᠳᠡᠷ ᠵᠣᠬᠢᠶᠠᠨ ᠪᠠᠢ᠌ᠭᠤᠯᠤᠯᠲᠠ᠎ᠲᠠᠢ᠂   ᠰᠢᠨᠵᠢᠯᠡᠬᠦ ᠤᠬᠠᠭ᠋ᠠᠨᠴᠢ ᠵᠢᠯᠤᠭᠤᠳᠤᠯᠭ᠎ᠠ᠎ᠲᠠᠢ ᠦᠢ᠍ᠯᠡᠴᠢᠯᠡᠭᠡᠨ᠎ᠤ   ᠰᠢᠰᠲᠸᠮ᠎ᠢ ᠪᠠᠢ᠌ᠭᠤᠯᠤᠨ᠎ᠠ
    ● ᠡᠯ᠎ᠡ ᠱᠠᠲᠤᠨ᠎ᠤ ᠡᠯ᠎ᠡ ᠲᠦᠷᠦᠯ᠎ᠤᠨ ᠰᠢᠨ᠎ᠡ ᠵᠢᠯ᠎ᠳᠤ ᠠᠭᠤᠯᠠ ᠠᠪᠠᠷᠢᠬᠤ᠂ ᠮᠠᠤ ᠽᠸ ᠳ᠋ᠦᠩ ᠨᠥᠬᠥᠷ᠎ᠤᠨ 《ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠬᠥᠭᠵᠢᠭᠦᠯᠵᠦ᠂ ᠠᠷᠠᠳ ᠲᠦᠮᠡᠨ᠎ᠤ ᠪᠡᠶ᠎ᠡ ᠮᠠᠬᠠᠪᠤᠳ᠎ᠢ ᠪᠤᠯᠪᠠᠰᠤᠷᠠᠭᠤᠯᠤᠶ᠎ᠡ》 ᠭᠡᠬᠦ ᠪᠢᠴᠢᠭᠡᠰᠦ ᠪᠢᠴᠢᠭᠰᠡᠨ᠎ᠢ   ᠲᠤᠷᠠᠰᠬᠠᠬᠤ ᠠᠵᠢᠯᠯᠠᠭ᠎ᠠ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠡᠳᠦᠷ᠂ 《ᠶᠡᠬᠡ ᠲᠠᠲᠠᠮᠠᠯ ᠭᠣᠣᠯ ᠵᠶ᠋ᠠᠷ ᠠᠶᠠᠯᠠᠬᠤ》 ᠪᠦᠬᠦ ᠠᠷᠠᠳ᠎ᠤᠨ   ᠶᠠᠪᠠᠭ᠋ᠠᠨ ᠠᠶᠠᠯᠠᠯ᠂ ᠶᠢᠰᠦᠨ ᠰᠠᠷ᠎ᠠ ᠵᠢᠨ ᠶᠢᠰᠦᠨ᠎ᠤ ᠪᠠᠶᠠᠷ ᠵᠶ᠋ᠠᠷ ᠨᠠᠰᠤᠲᠠᠢ᠌ᠴᠤᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠦᠷᠨᠢᠭᠦᠯᠬᠦ᠂ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠂ ᠤᠯᠠᠨ ᠲᠦᠮᠡᠨᠴᠢ ᠮᠥᠰᠥ ᠴᠠᠰᠤᠨ᠎ᠤ ᠤᠯᠠᠷᠢᠯ ᠵᠡᠷᠭᠡ   ᠪᠡᠶ᠎ᠡ ᠴᠢᠭᠢᠷᠠᠭᠵᠢᠭᠤᠯᠬᠤ ᠰᠢᠷᠢᠰ ᠭᠣᠣᠯ ᠰᠡᠳᠦᠪᠲᠦ ᠠᠵᠢᠯᠯᠠᠭ᠎ᠠ ᠵᠢ ᠥᠷᠭᠡᠨ ᠳᠡᠯᠭᠡᠷᠡᠩᠭᠦᠢ ᠥᠷᠨᠢᠭᠦᠯᠦᠨ᠎ᠡ᠃ ᠨᠡᠢ᠌ᠭᠡᠮ ᠲᠣᠭᠣᠷᠢᠭ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂   ᠠᠯᠬᠤᠬᠤ᠂ ᠭᠤᠷᠪᠠᠨ ᠲᠣᠮᠣ ᠪᠥᠮᠪᠥᠭᠡ᠂ ᠠᠭᠤᠳᠠᠮ ᠲᠠᠯᠠᠪᠠᠶ ᠵᠢᠨ ᠪᠥᠵᠢᠭ ᠵᠡᠷᠭᠡ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃
    ● 《ᠭᠤᠷᠪᠠᠨ ᠳ᠋ᠦᠩᠰᠢᠭᠤᠷ ᠬᠥᠮᠥᠨ᠎ᠢ ᠳᠠᠶ᠋ᠢᠴᠢᠯᠠᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠭᠤᠯᠬᠤ》 ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠣᠯᠠᠨ ᠶᠠᠩᠵᠤ ᠬᠡᠯᠪᠡᠷᠢ ᠵᠢᠨ ᠣᠯᠠᠨ ᠲᠦᠮᠡᠨᠴᠢ ᠴᠢᠨᠠᠷᠲᠠᠢ ᠮᠥᠰᠥ ᠴᠠᠰᠤᠨ᠎ᠤ ᠤᠷᠤᠯᠳᠤᠭ᠋ᠠᠨ᠎ᠤ ᠠᠵᠢᠯᠯᠠᠭ᠎ᠠ ᠵᠢ ᠥᠷᠨᠢᠭᠦᠯᠵᠦ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠮᠡᠳᠡᠯᠭᠡ ᠵᠢ ᠲᠦᠭᠡᠮᠡᠯᠵᠢᠭᠦᠯᠦᠨ᠂ ᠣᠯᠠᠨ ᠲᠦᠮᠡᠨᠴᠢ ᠴᠢᠨᠠᠷᠲᠠᠢ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠦᠭᠡᠮᠡᠯᠵᠢᠯᠲᠡ ᠵᠢᠨ ᠬᠡᠮᠵᠢᠶ᠎ᠡ ᠪᠠ ᠬᠥᠭᠵᠢᠯᠲᠡ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ 《ᠳᠥᠷᠪᠡᠨ ᠤᠯᠠᠷᠢᠯ》 ᠳᠠᠰᠢ ᠥᠷᠭᠡᠳᠬᠦ ᠵᠢ ᠠᠬᠢᠭᠤᠯᠤᠨ᠎ᠠ᠃
    ● ᠠᠳᠠᠯᠢ ᠪᠤᠰᠤ ᠬᠥᠮᠥᠰ᠎ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭ᠋ᠠᠷᠳᠠᠯᠭ᠎ᠠ ᠪᠠ ᠣᠨᠴᠠᠯᠢᠭ᠎ᠲᠤ ᠵᠣᠬᠢᠴᠠᠭᠤᠯᠤᠨ᠂ ᠪᠡᠶ᠎ᠡ ᠴᠢᠭᠢᠷᠠᠭᠵᠢᠭᠤᠯᠬᠤ ᠲᠠᠯᠠᠪᠤᠷ᠎ᠢ ᠵᠢᠷᠤᠭᠯᠠᠨ ᠲᠥᠯᠥᠪᠯᠡᠨ᠎ᠡ᠃ ᠲᠠᠯ᠎ᠠ ᠨᠤᠳᠤᠭ᠎ᠲᠠᠬᠢ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ   ᠠᠶᠠᠯᠠᠯ᠂ ᠦᠨᠳᠦᠰᠦᠨ ᠱᠠᠲᠤᠨ᠎ᠳᠤ ᠬᠦᠷᠴᠦ ᠡᠷᠡᠭᠦᠯ ᠮᠡᠨᠳᠦ ᠵᠢ ᠬᠦᠷᠭᠡᠬᠦ ᠵᠡᠷᠭᠡ 《ᠵᠢᠷᠭᠤᠭ᠎ᠠ ᠵᠢ ᠣᠷᠣᠭᠤᠯᠬᠤ》 ᠰᠠᠢ᠌ᠨ ᠳᠤᠷ᠎ᠠ ᠵᠢᠨ ᠦᠢ᠍ᠯᠡᠴᠢᠯᠡᠭᠡ ᠵᠢ ᠥᠷᠨᠢᠭᠦᠯᠦᠨ᠎ᠡ᠃
    ● ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠭᠦᠢ᠍ᠴᠡᠳᠬᠡᠯ ᠲᠣᠭ᠎ᠠ ᠵᠢᠨ ᠬᠢᠨᠠᠨ ᠬᠡᠮᠵᠢᠯᠲᠡ ᠵᠢ ᠪᠠᠢ᠌ᠩᠭᠤ ᠥᠷᠨᠢᠭᠦᠯᠬᠦ ᠵᠢ ᠠᠬᠢᠭᠤᠯᠵᠤ᠂ ᠠᠷᠠᠳ ᠢᠷᠭᠡᠳ᠎ᠤᠨ ᠪᠡᠶ᠎ᠡ ᠮᠠᠬᠠᠪᠤᠳ᠎ᠤᠨ ᠬᠢᠨᠠᠨ ᠬᠡᠮᠵᠢᠯᠲᠡ ᠵᠢᠨ ᠬᠢᠷᠢ ᠲᠡᠩᠴᠡᠭᠰᠡᠨ ᠨᠣᠷᠮ᠎ᠠ ᠪᠠ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠳᠤ ᠪᠠᠢ᠌ᠩᠭᠤ ᠣᠷᠤᠯᠴᠠᠬᠤ ᠬᠥᠮᠥᠨ᠎ᠤ ᠲᠣᠭ᠎ᠠ ᠵᠢᠨ ᠬᠠᠷᠢᠴᠠᠯ᠎ᠤᠨ ᠪᠠᠢ᠌ᠳᠠᠯ᠎ᠢ ᠪᠠᠢ᠌ᠩᠭᠤ ᠡᠵᠡᠮᠰᠢᠨ᠎ᠡ᠃
    ● ᠤᠯᠤᠰ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠪᠠᠷᠢᠮᠵᠢᠶ᠎ᠠ ᠵᠢ ᠳᠡᠯᠭᠡᠷᠡᠭᠦᠯᠦᠨ ᠬᠡᠷᠡᠭᠵᠢᠭᠦᠯᠵᠦ᠂ ᠨᠡᠢ᠌ᠭᠡᠮ ᠲᠣᠭᠣᠷᠢᠭ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠤᠯᠤᠰ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠪᠠᠷᠢᠮᠵᠢᠶ᠎ᠠ᠎ᠳᠤ ᠬᠢᠷᠢ ᠲᠡᠩᠴᠡᠭᠰᠡᠨ ᠬᠢᠨᠠᠨ ᠰᠢᠯᠭ᠋ᠠᠯᠳᠠ ᠵᠢ ᠲᠤᠬᠢᠷᠠᠭᠤᠯᠤᠨ᠎ᠡ᠃
    ● ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠵᠢᠨ ᠪᠤᠯᠪᠠᠰᠤᠷᠠᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠵᠢᠨ ᠡᠩᠨᠡᠭᠡ ᠵᠢᠨ ᠬᠡᠪᠴᠢᠶ᠎ᠡ ᠵᠢ ᠥᠷᠭᠡᠳᠬᠡᠨ᠂ ᠵᠢᠯᠣᠭᠣᠳᠤᠨ ᠦᠢ᠍ᠯᠡᠴᠢᠯᠡᠬᠦ ᠨᠣᠷᠮ᠎ᠠ ᠪᠠ ᠵᠢᠯᠣᠭᠣᠳᠤᠨ ᠦᠢ᠍ᠯᠡᠴᠢᠯᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
    ● ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠵᠢ ᠵᠢᠷᠤᠮᠵᠢᠭᠤᠯᠵᠤ᠂ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠤᠨ᠂ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ᠎ᠤ ᠠᠵᠢᠯᠯᠠᠭ᠎ᠠ ᠥᠷᠨᠢᠭᠦᠯᠬᠦ ᠵᠢ ᠳᠡᠮᠵᠢᠵᠦ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠦᠷᠦᠯ ᠵᠦᠢ᠍ᠯ᠎ᠤᠨ ᠲᠦᠭᠡᠮᠡᠯᠵᠢᠬᠦ ᠵᠢ ᠲᠠᠢ᠌ᠴᠢᠯᠠᠨ᠎ᠠ᠃
    ● ᠤᠬᠠᠭᠤᠯᠤᠨ ᠳᠡᠯᠭᠡᠷᠡᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ᠎ᠤᠨ ᠠᠷᠭ᠎ᠠ ᠵᠠᠮ᠎ᠢ ᠭᠦᠢ᠍ᠴᠡᠳ ᠠᠰᠢᠭᠯᠠᠨ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠪᠠ ᠣᠨᠴᠠᠯᠢᠭ᠎ᠲᠠᠢ ᠠᠵᠢᠯ᠎ᠤᠨ ᠲᠣᠭᠣᠷᠢᠨ᠎ᠳᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠥᠯᠢᠭᠡᠷ᠎ᠢ ᠰᠠᠢ᠌ᠲᠤᠷ ᠶᠠᠷᠢᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠮᠡᠳᠡᠯᠭᠡ ᠵᠢ ᠲᠦᠭᠡᠮᠡᠯᠵᠢᠭᠦᠯᠦᠨ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠠᠷᠭ᠎ᠠ ᠵᠢ ᠳᠡᠯᠭᠡᠷᠡᠭᠦᠯᠵᠦ᠂ ᠨᠠᠩ ᠣᠯᠠᠨ ᠲᠦᠮᠡᠨ᠎ᠢ ᠲᠡᠳᠡᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ᠎ᠳᠤ ᠣᠷᠣᠯᠴᠠᠭᠤᠯᠤᠨ᠎ᠠ᠃
    ④ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠤᠯᠲᠠ ᠵᠢᠨ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠦᠯᠦᠪᠯᠡᠨ᠎ᠡ
    ● ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠨ᠂ ᠲᠦᠭᠰᠢᠭᠦᠷᠢ ᠵᠢᠨ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ᠎ᠤᠨ ᠪᠡᠯᠡᠳᠬᠡᠮᠵᠢ᠂ ᠤᠷᠤᠯᠳᠤᠭ᠋ᠠᠨ᠎ᠤ ᠠᠵᠢᠯᠯᠠᠭ᠎ᠠ ᠵᠢᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ᠂ ᠲᠣᠭᠲᠠᠴᠠ ᠵᠢ ᠪᠦᠷᠢᠨᠰᠢᠭᠦᠯᠦᠨ᠂ ᠬᠢᠨᠠᠨ ᠵᠢᠯᠤᠭᠣᠳᠬᠤ᠎ᠪᠠᠨ ᠴᠢᠩᠭ᠋ᠠᠳᠬᠠᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠬᠢᠷᠢ ᠬᠡᠮᠵᠢᠶ᠎ᠡ ᠪᠠ ᠵᠠᠰᠠᠬᠤ ᠴᠢᠳᠠᠪᠤᠷᠢ ᠵᠢ ᠦᠨᠡᠨᠬᠦ ᠳᠡᠭᠡᠭᠰᠢᠯᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠦᠰᠦᠭ ᠪᠢᠴᠢᠭ᠎ᠤᠨ ᠲᠠᠢ᠌ᠯᠤᠮᠵᠢ᠄ 2023 ᠣᠨ᠎ᠤ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠵᠢᠯ᠎ᠢ ᠬᠡᠷᠬᠢᠨ ᠦᠷᠨᠢᠬᠦᠯᠬᠦ ᠪᠤᠢ
ᠦᠰᠦᠭ ᠪᠢᠴᠢᠭ᠎ᠤᠨ ᠲᠡᠢ᠌ᠯᠦᠮᠵᠢ᠄ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠵᠦ ᠬᠦᠭᠵᠢᠯᠳᠡ ᠬᠤᠪᠢᠷᠠᠯᠳᠠ ᠵᠢ ᠡᠷᠢᠯᠬᠢᠯᠡᠨ᠎ᠡ — ᠨᠢᠭᠡ 《+》 ᠵᠢᠨ ᠠᠴᠢ ᠬᠣᠯᠪᠣᠭᠳᠠᠯ
ᠦᠰᠦᠭ ᠪᠢᠴᠢᠭ᠎ᠤᠨ ᠲᠡᠢ᠌ᠯᠦᠮᠵᠢ᠄ 2024 ᠤᠨ᠎ᠤ ᠦᠨᠳᠦᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠢᠯᠭ᠋ᠠᠯᠳᠠ᠎ᠪᠠᠷ ᠰᠤᠷᠤᠭᠴᠢ ᠡᠯᠰᠡᠬᠦ ᠠᠵᠢᠯ᠎ᠤᠨ ᠲᠦᠷᠦ ᠵᠢᠨ ᠪᠤᠳᠤᠯᠭ᠎ᠠ ᠵᠢᠨ ᠲᠠᠢ᠌ᠯᠦᠮᠵᠢ
ᠵᠢᠷᠤᠭᠳᠦ ᠲᠡᠢ᠌ᠯᠤᠮᠵᠢ᠄ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠵᠦ ᠬᠦᠭᠵᠢᠯᠳᠡ ᠬᠤᠪᠢᠷᠠᠯᠳᠠ ᠵᠢ ᠡᠷᠢᠯᠬᠢᠯᠡᠨ᠎ᠡ — ᠨᠢᠭᠡ 《+》 ᠵᠢᠨ ᠠᠴᠢ ᠬᠣᠯᠪᠣᠭᠳᠠᠯ
ᠵᠢᠷᠤᠭᠳᠦ ᠲᠡᠢ᠌ᠯᠦᠮᠵᠢ᠄ 2024 ᠤᠨ᠎ᠤ ᠦᠨᠳᠦᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠢᠯᠭ᠋ᠠᠯᠳᠠ᠎ᠪᠠᠷ ᠰᠤᠷᠤᠭᠴᠢ ᠡᠯᠰᠡᠬᠦ ᠠᠵᠢᠯ᠎ᠤᠨ ᠲᠦᠷᠦ ᠵᠢᠨ ᠪᠤᠳᠤᠯᠭ᠎ᠠ ᠵᠢᠨ ᠲᠠᠢ᠌ᠯᠦᠮᠵᠢ
 
            