ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ᠎ᠤᠨ ᠲᠡᠢ᠌ᠯᠦᠮᠵᠢ᠄ 2024 ᠤᠨ᠎ᠤ ᠦᠨᠳᠦᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠢᠯᠭ᠋ᠠᠯᠳᠠ᠎ᠪᠠᠷ ᠰᠤᠷᠤᠭᠴᠢ ᠡᠯᠰᠡᠬᠦ ᠠᠵᠢᠯ᠎ᠤᠨ ᠲᠦᠷᠦ ᠵᠢᠨ ᠪᠤᠳᠤᠯᠭ᠎ᠠ ᠵᠢᠨ ᠲᠠᠢ᠌ᠯᠦᠮᠵᠢ
ᠨᠡᠶ᠋ᠢᠲᠡᠯᠡᠭᠰᠡᠨ ᠴᠠᠭ᠄ 2023-07-07

    ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠤᠪᠴᠢᠶ᠎ᠡ᠎ᠠᠴᠠ 《ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠤᠷᠤᠭᠴᠢ ᠡᠯᠰᠡᠬᠦ ᠰᠢᠯᠭ᠋ᠠᠯᠳᠠ ᠵᠢᠨ ᠲᠤᠬᠠᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠵᠢᠷᠤᠮᠵᠢᠭᠤᠯᠬᠤ ᠲᠤᠬᠠᠢ ᠵᠢᠯᠤᠭᠤᠳᠬᠤ ᠰᠠᠨᠠᠯ》 (ᠲᠤᠷᠤᠭᠰᠢ 《ᠵᠢᠯᠤᠭᠤᠳᠬᠤ ᠰᠠᠨᠠᠯ》 ᠭᠡᠵᠦ ᠲᠤᠪᠴᠢᠯᠡᠨ᠎ᠡ)᠎ᠢ ᠲᠠᠷᠤᠮᠠᠯᠠᠨ ᠲᠠᠷᠬᠠᠭ᠋ᠠᠪᠠ᠃
    1. ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠢᠯᠭ᠋ᠠᠯᠲᠠ᠎ᠪᠠᠷ ᠰᠣᠷᠣᠭᠴᠢ ᠡᠯᠰᠡᠭᠰᠡᠨ ᠦᠨᠳᠦᠰᠦᠨ ᠪᠠᠢ᠌ᠳᠠᠯ
    1987 ᠣᠨ᠎ᠳᠤ᠂ ᠶᠡᠬᠡ ᠳᠡᠭᠡᠳᠦ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠮᠡᠷᠭᠡᠵᠢᠯ᠎ᠤᠨ ᠲᠦᠪᠰᠢᠨ᠎ᠢ ᠳᠡᠭᠡᠭᠰᠢᠯᠡᠭᠦᠯᠵᠦ᠂ ᠪᠥᠬᠥ ᠲᠠᠯ᠎ᠠ᠎ᠪᠠᠷ ᠬᠥᠭᠵᠢᠭᠰᠡᠨ ᠥᠨᠳᠥᠷ ᠬᠢᠷᠢ ᠲᠦᠪᠰᠢᠨ ᠪᠦᠬᠦᠢ ᠰᠣᠷᠣᠭᠴᠢ ᠲᠠᠮᠢᠷᠴᠢᠨ᠎ᠢ ᠬᠥᠮᠥᠵᠢᠭᠦᠯᠬᠦ ᠵᠢᠨ ᠲᠥᠯᠥᠭᠡ᠂ ᠤᠤᠯ᠎ᠤᠨ ᠤᠯᠤᠰ᠎ᠤᠨ ᠰᠤᠷᠭ᠋ᠠᠨ ᠬᠥᠮᠦᠵᠢᠯ᠎ᠤᠨ ᠵᠥᠪᠯᠡᠯ᠎ᠠᠴᠠ    《ᠬᠡᠰᠡᠭ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠥᠨᠳᠥᠷ ᠬᠢᠷᠢ ᠲᠦᠪᠰᠢᠨ ᠪᠦᠬᠦᠢ ᠲᠠᠮᠢᠷᠴᠢᠨ ᠡᠯᠰᠡᠬᠦ ᠠᠵᠢᠯ᠎ᠢ ᠲᠤᠷᠰᠢᠨ ᠬᠡᠷᠡᠭᠵᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠴᠢᠩᠬᠤᠸᠠ ᠶᠡᠬᠡ ᠰᠤᠷᠭ᠋ᠠᠭᠤᠯᠢ ᠵᠡᠷᠭᠡ 51 ᠶᠡᠬᠡ ᠳᠡᠭᠡᠳᠦ ᠰᠤᠷᠭ᠋ᠠᠭᠤᠯᠢ᠎ᠳᠤ ᠥᠨᠳᠥᠷ ᠬᠢᠷᠢ ᠲᠦᠪᠰᠢᠨ ᠪᠦᠬᠦᠢ ᠲᠠᠮᠢᠷᠴᠢᠨ᠎ᠤ ᠠᠩᠭᠢ ᠵᠢᠨ ᠪᠦᠲᠦᠭᠡᠨ ᠪᠠᠢ᠌ᠭᠤᠯᠤᠯᠲᠠ ᠵᠢᠨ ᠲᠤᠷᠰᠢᠯᠲᠠ ᠵᠢᠨ ᠠᠵᠢᠯ᠎ᠢ ᠡᠬᠢᠯᠡᠭᠦᠯᠦᠨ᠎ᠡ ᠭᠡᠵᠦ ᠲᠣᠳᠣᠷᠬᠠᠢ ᠲᠣᠭᠲᠠᠭ᠋ᠠᠵᠠᠢ᠃ ᠣᠯᠠᠨ ᠵᠢᠯ᠎ᠤᠨ ᠲᠤᠷᠰᠢ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠪᠠᠢ᠌ᠭᠤᠯᠤᠯᠲᠠ ᠵᠢᠴᠢ ᠰᠣᠷᠣᠭᠴᠢ ᠡᠯᠰᠡᠬᠦ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠤᠷᠰᠢᠯᠲᠠ ᠬᠢᠬᠦ ᠳᠡᠭᠡᠳᠦ ᠰᠤᠷᠭ᠋ᠠᠭᠤᠯᠢ ᠵᠢᠨ ᠬᠦᠷᠢᠶ᠎ᠡ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠨ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ᠎ᠤᠨ ᠲᠣᠭ᠎ᠠ ᠬᠡᠮᠵᠢᠶ᠎ᠡ ᠵᠢᠴᠢ ᠰᠣᠷᠣᠭᠴᠢ ᠡᠯᠰᠡᠬᠦ ᠬᠥᠮᠥᠨ ᠲᠤᠭᠳᠠᠭᠤᠨ ᠵᠶ᠋ᠠᠷ ᠨᠡᠮᠡᠭᠳᠡᠪᠡ᠃ 2023 ᠣᠨ᠎ᠳᠤ᠂ ᠬᠥᠯ ᠪᠥᠮᠪᠥᠭᠡ᠂ ᠫᠢᠩᠫᠠᠩ ᠪᠥᠮᠪᠥᠭᠡ᠂ ᠥᠳᠥᠨ ᠪᠥᠮᠪᠥᠭᠡ᠂ ᠤᠮᠪᠠᠯᠲᠠ᠂ ᠬᠦᠨᠳᠦ ᠬᠥᠩᠭᠡᠨ ᠪᠡᠶ᠎ᠡ ᠵᠢᠨ ᠲᠠᠮᠢᠷ᠂ ᠵᠡᠪᠰᠡᠭ᠎ᠤᠨ ᠡᠷᠳᠡᠮ᠂ ᠲᠠᠢ᠌ᠺᠢᠨᠳᠤᠤ᠂ ᠰᠡᠯᠡᠮ᠎ᠡ ᠵᠢᠨ ᠲᠡᠮᠡᠴᠡᠭᠡᠨ᠂ ᠰᠢᠳᠠᠮ ᠪᠥᠮᠪᠥᠭᠡ᠂ ᠡᠯᠡᠰᠦᠨ ᠲᠠᠩ᠎ᠤᠨ ᠠᠯᠠᠭ᠋ᠠᠳᠠᠬᠤ ᠪᠥᠮᠪᠥᠭᠡ᠂ ᠮᠥᠰᠥ ᠴᠠᠰᠤ ᠵᠡᠷᠭᠡ 11 ᠲᠥᠷᠥᠯ ᠵᠦᠢ᠍ᠯ᠎ᠳᠤ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ᠎ᠠᠴᠠ ᠪᠥᠬᠥ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢ ᠵᠣᠬᠢᠶᠠᠨ ᠪᠠᠢ᠌ᠭᠤᠯᠵᠤ᠂ ᠪᠤᠰᠤᠳ ᠲᠥᠷᠥᠯ ᠵᠦᠢ᠍ᠯ᠎ᠳᠤ ᠰᠣᠷᠣᠭᠴᠢ ᠡᠯᠰᠡᠬᠦ ᠳᠡᠭᠡᠳᠦ ᠰᠤᠷᠭ᠋ᠠᠭᠤᠯᠢ᠎ᠠᠴᠠ ᠰᠤᠷᠭ᠋ᠠᠭᠤᠯᠢ ᠵᠢᠨ ᠰᠢᠯᠭ᠋ᠠᠯᠲᠠ ᠵᠢ ᠵᠣᠬᠢᠶᠠᠨ ᠪᠠᠢ᠌ᠭᠤᠯᠤᠨ᠎ᠠ᠃
    2. ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠢᠯᠭ᠋ᠠᠯᠲᠠ ᠬᠢᠵᠦ ᠰᠣᠷᠣᠭᠴᠢ ᠡᠯᠰᠡᠬᠦ ᠠᠵᠢᠯ᠎ᠢ ᠲᠡᠭᠦᠯᠳᠡᠷᠵᠢᠭᠦᠯᠦᠨ ᠵᠢᠷᠤᠮᠵᠢᠭᠤᠯᠬᠤ ᠵᠢᠨ ᠭᠣᠣᠯ ᠪᠣᠳᠣᠯᠬᠢᠯᠠᠯ
    ᠣᠯᠠᠨ ᠵᠢᠯ᠎ᠤᠨ ᠲᠤᠷᠰᠢ᠂ ᠮᠠᠨ᠎ᠤ ᠤᠯᠤᠰ᠎ᠤᠨ ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠪᠡᠶ᠎ᠡ ᠵᠢᠨ ᠲᠠᠮᠢᠷ᠎ᠤᠨ ᠠᠩᠭᠢ ᠵᠢᠨ ᠪᠦᠲᠦᠭᠡᠨ ᠪᠠᠢ᠌ᠭᠤᠯᠤᠯᠳᠠ ᠢᠯᠡᠳᠲᠡ ᠦᠷ᠎ᠡ ᠠᠰᠢᠭ ᠤᠯᠵᠦ᠂ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠢ ᠤᠶᠠᠯᠳᠤᠭᠤᠯᠤᠨ ᠥᠨᠳᠥᠷ ᠬᠢᠷᠢ ᠲᠦᠪᠰᠢᠨ ᠪᠦᠬᠦᠢ ᠲᠠᠮᠢᠷᠴᠢᠨ᠎ᠢ ᠬᠥᠮᠥᠵᠢᠭᠦᠯᠬᠦ ᠵᠠᠭᠪᠤᠷ᠎ᠢ ᠬᠠᠢ᠌ᠨ ᠰᠦᠪᠡᠭᠴᠢᠯᠡᠬᠦ᠎ᠳᠤ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠪᠠ᠃ ᠭᠡᠪᠡᠴᠦ ᠰᠢᠯᠭ᠋ᠠᠯᠲᠠ᠎ᠪᠠᠷ ᠰᠣᠷᠣᠭᠴᠢ ᠡᠯᠰᠡᠬᠦ᠂ ᠰᠤᠷᠭ᠋ᠠᠭᠤᠯᠢ᠎ᠳᠠᠬᠢ ᠬᠠᠮᠢᠶᠠᠷᠤᠯᠲᠠ ᠵᠡᠷᠭᠡ ᠲᠠᠯ᠎ᠠ᠎ᠪᠠᠷ ᠰᠢᠨ᠎ᠡ ᠴᠠᠭ ᠦᠶ᠎ᠡ ᠵᠢᠨ ᠰᠢᠨ᠎ᠡ ᠱᠠᠭ᠋ᠠᠷᠳᠠᠯᠭ᠎ᠠ᠎ᠠᠴᠠ ᠮᠥᠨ ᠬᠦ᠌ ᠵᠥᠷᠢᠶ᠎ᠡ᠎ᠲᠠᠢ ᠪᠠᠢ᠌ᠵᠤ᠂ ᠣᠨᠴᠠ ᠵᠠᠷᠢᠮ ᠰᠣᠷᠣᠭᠴᠢ ᠵᠢᠨ ᠰᠣᠶᠣᠯ᠎ᠤᠨ ᠬᠢᠷᠢ ᠪᠦᠲᠦᠮᠵᠢ ᠪᠠ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠢᠷᠢ ᠲᠦᠪᠰᠢᠨ ᠳᠣᠣᠷ᠎ᠠ ᠪᠠᠢ᠌ᠬᠤ᠂ ᠣᠨᠴᠠ ᠵᠠᠷᠢᠮ ᠶᠡᠬᠡ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ ᠵᠢᠨ ᠵᠣᠬᠢᠶᠠᠨ ᠪᠠᠢ᠌ᠭᠤᠯᠤᠯᠲᠠ ᠵᠢᠷᠤᠮᠵᠢᠯ ᠦᠭᠡᠢ ᠪᠠᠢ᠌ᠬᠤ᠂ ᠰᠤᠷᠭ᠋ᠠᠭᠤᠯᠢ᠎ᠳᠠᠬᠢ ᠬᠠᠮᠢᠶᠠᠷᠤᠯᠲᠠ ᠴᠢᠩᠭ᠎ᠠ ᠪᠢᠰᠢ ᠪᠠᠢ᠌ᠬᠤ᠂ ᠣᠨᠴᠠ ᠵᠠᠷᠢᠮ ᠭᠠᠵᠠᠷ ᠣᠷᠣᠨ᠎ᠤ ᠲᠠᠮᠢᠷᠴᠢᠳ᠎ᠤᠨ ᠮᠡᠷᠭᠡᠵᠢᠯ᠎ᠤᠨ ᠲᠠᠰ᠎ᠤᠨ ᠦᠨᠡᠮᠯᠡᠯ᠎ᠢ ᠬᠠᠭᠤᠷᠮᠠᠭ ᠵᠶ᠋ᠠᠷ ᠵᠣᠬᠢᠶᠠᠬᠤ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠃ 《ᠰᠢᠯᠭ᠋ᠠᠯᠲᠠ》 ᠵᠢᠨ ᠲᠠᠯ᠎ᠠ᠎ᠪᠠᠷ᠂ ᠬᠣᠶᠠᠳᠤᠭ᠋ᠠᠷ ᠳᠡᠰ᠎ᠤᠨ ᠲᠠᠮᠢᠷᠴᠢᠨ᠎ᠤ ᠰᠢᠯᠭ᠋ᠠᠯᠲᠠ᠎ᠳᠤ ᠨᠡᠷ᠎ᠡ ᠮᠡᠳᠡᠭᠦᠯᠬᠦ ᠨᠥᠬᠥᠴᠡᠯ᠎ᠨᠢ ᠨᠡᠯᠢᠶᠡᠳ ᠳᠣᠣᠷ᠎ᠠ᠎ᠠᠴᠠ ᠪᠤᠯᠵᠦ᠂ ᠮᠠᠰᠢ ᠣᠯᠠᠨ ᠶᠡᠬᠡ ᠳᠡᠭᠡᠳᠦ ᠰᠤᠷᠭ᠋ᠠᠭᠤᠯᠢ ᠵᠢᠨ ᠲᠠᠮᠢᠷ᠎ᠤᠨ ᠠᠩᠭᠢ ᠵᠢᠨ ᠤᠷᠤᠯᠳᠤᠭ᠋ᠠᠨ᠎ᠤ ᠬᠢᠷᠢ ᠲᠦᠪᠰᠢᠨ ᠲᠤᠤᠷ᠎ᠠ ᠪᠤᠯᠵᠦ᠂ ᠳᠡᠯᠡᠬᠡᠢ ᠵᠢᠨ ᠪᠠ ᠤᠯᠤᠰ᠎ᠤᠨ ᠳᠣᠲᠣᠭ᠋ᠠᠳᠤ ᠵᠢᠨ ᠤᠷᠤᠯᠳᠤᠭ᠋ᠠᠨ᠎ᠳᠤ ᠣᠷᠣᠯᠴᠠᠬᠤ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠦᠭᠡᠢ ᠪᠣᠯᠭ᠋ᠠᠵᠠᠢ; ᠵᠠᠷᠢᠮ ᠶᠡᠬᠡ ᠳᠡᠭᠡᠳᠦ ᠰᠤᠷᠭ᠋ᠠᠭᠤᠯᠢ ᠵᠢᠨ ᠵᠣᠬᠢᠶᠠᠨ ᠪᠠᠢ᠌ᠭᠤᠯᠤᠭᠰᠠᠨ ᠥᠨᠳᠥᠷ ᠬᠢᠷᠢ ᠲᠦᠪᠰᠢᠨ ᠪᠦᠬᠦᠢ ᠪᠡᠶ᠎ᠡ ᠵᠢᠨ ᠲᠠᠮᠢᠷ᠎ᠤᠨ ᠠᠩᠭᠢ ᠵᠢᠨ ᠰᠤᠷᠭ᠋ᠠᠭᠤᠯᠢ ᠵᠢᠨ ᠰᠢᠯᠭ᠋ᠠᠯᠲᠠ ᠵᠢᠨ ᠠᠷᠭ᠎ᠠ ᠪᠠ ᠬᠤᠪᠢ ᠣᠯᠭᠣᠬᠤ ᠪᠠᠷᠢᠮᠵᠢᠶ᠎ᠠ᠎ᠨᠢ ᠠᠳᠠᠯᠢ ᠦᠭᠡᠢ ᠪᠠᠢ᠌ᠵᠤ᠂ ᠬᠢᠨᠠᠨ ᠰᠢᠯᠭ᠋ᠠᠯᠲᠠ ᠪᠠ ᠬᠠᠮᠢᠶᠠᠷᠤᠯᠲᠠ ᠵᠢᠨ ᠬᠢᠷᠢ ᠬᠡᠮᠵᠢᠶ᠎ᠡ᠎ᠨᠢ ᠠᠳᠠᠯᠢ   ᠦᠭᠡᠢ   ᠪᠠᠢ᠌ᠨ᠎ᠠ᠃    《ᠰᠣᠷᠣᠭᠴᠢ ᠡᠯᠰᠡᠬᠦ》 ᠲᠠᠯ᠎ᠠ᠎ᠪᠠᠷ᠂ ᠣᠯᠠᠩᠬᠢ ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠪᠡᠶ᠎ᠡ ᠵᠢᠨ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠰᠣᠶᠣᠯ᠎ᠤᠨ ᠬᠢᠴᠢᠶᠡᠯ᠎ᠤᠨ ᠬᠢᠷᠢ ᠪᠦᠲᠦᠮᠵᠢ ᠵᠢᠨ ᠱᠠᠭ᠋ᠠᠷᠳᠠᠯᠭ᠎ᠠ᠎ᠨᠢ ᠬᠠᠷᠢᠴᠠᠩᠭᠤᠢ᠎ᠪᠠᠷ ᠳᠣᠣᠷ᠎ᠠ ᠰᠢᠭ᠋ ᠪᠠᠢ᠌ᠵᠤ᠂ ᠬᠠᠮᠤᠭ᠎ᠤᠨ ᠳᠣᠣᠷ᠎ᠠ᠎ᠨᠢ ᠬᠣᠶᠠᠳᠤᠭ᠋ᠠᠷ ᠲᠡᠰ᠎ᠤᠨ ᠵᠢᠩᠬᠢᠨᠢ ᠠᠩᠭᠢ ᠵᠢᠨ ᠱᠤᠭᠤᠮ᠎ᠤᠨ 65% ᠵᠢ ᠡᠵᠡᠯᠡᠵᠦ ᠪᠠᠢ᠌ᠨ᠎ᠠ᠂ ᠡᠭᠦᠨ᠎ᠤ ᠳᠡᠭᠡᠷ᠎ᠡ ᠰᠣᠷᠣᠭᠴᠢ ᠡᠯᠰᠡᠬᠦ᠎ᠳᠡᠭᠡᠨ ᠲᠤᠰᠬᠠᠢ ᠮᠡᠷᠭᠡᠵᠢᠯ᠎ᠢ᠎ᠨᠢ ᠬᠢᠵᠠᠭ᠋ᠠᠷᠯᠠᠬᠤ ᠦᠭᠡᠢ᠎ᠠᠴᠠ ᠪᠣᠯᠵᠤ᠂ ᠵᠠᠷᠢᠮ ᠰᠢᠯᠭ᠋ᠠᠭᠤᠯᠤᠭᠴᠢ ᠰᠤᠷᠭ᠋ᠠᠭᠤᠯᠢ᠎ᠳᠤ ᠣᠷᠣᠭᠰᠠᠨ᠎ᠤ ᠳᠠᠷᠠᠭ᠎ᠠ ᠬᠡᠪ ᠎ᠤᠨ   ᠰᠤᠷᠤᠯᠭ᠎ᠠ ᠵᠢᠨ   ᠡᠭᠦᠷᠭᠡ ᠎ᠪᠠᠨ   ᠪᠡᠶᠡᠯᠡᠭᠦᠯᠬᠦ᠎ᠳᠤ ᠬᠦᠴᠢᠷᠲᠡᠢ ᠪᠣᠯᠵᠠᠢ᠃    《ᠬᠠᠮᠢᠶᠠᠷᠤᠯᠲᠠ》 ᠵᠢᠨ ᠲᠠᠯ᠎ᠠ᠎ᠪᠠᠷ᠂ ᠵᠠᠷᠢᠮ   ᠶᠡᠬᠡ ᠳᠡᠭᠡᠳᠦ ᠰᠤᠷᠭ᠋ᠠᠭᠤᠯᠢ ᠪᠣᠯᠪᠠᠰᠤᠷᠠᠯ ᠬᠢᠬᠦ᠂ ᠤᠷᠤᠯᠳᠤᠭ᠋ᠠᠨ᠎ᠳᠤ ᠣᠷᠣᠯᠴᠠᠬᠤ᠂ ᠠᠩᠭᠢ᠎ᠠᠴᠠ ᠭᠠᠷᠬᠤ ᠬᠠᠮᠢᠶᠠᠷᠤᠯᠲᠠ ᠵᠢᠨ ᠲᠠᠯ᠎ᠠ᠎ᠪᠠᠷ ᠴᠢᠩᠭ᠎ᠠ ᠪᠢᠰᠢ ᠪᠠᠢ᠌ᠵᠤ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠤᠷᠤᠯᠳᠤᠭ᠋ᠠᠨ᠎ᠤ ᠬᠢᠷᠢ ᠲᠦᠪᠰᠢᠨ ᠥᠨᠳᠥᠷ ᠪᠢᠰᠢ ᠪᠠᠢ᠌ᠵᠤ᠂ ᠥᠨᠳᠥᠷ ᠬᠢᠷᠢ ᠲᠦᠪᠰᠢᠨ ᠪᠦᠬᠦᠢ ᠤᠷᠤᠯᠳᠤᠭ᠋ᠠᠨ᠎ᠳᠤ ᠣᠷᠣᠯᠴᠠᠬᠤ᠎ᠳᠤ ᠬᠦᠴᠢᠷᠲᠡᠢ ᠪᠠᠢ᠌ᠨ᠎ᠠ᠃
    ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠠᠰᠠᠭᠤᠳᠠᠯ ᠵᠶ᠋ᠠᠷ ᠤᠳᠤᠷᠢᠳᠤᠮᠵᠢ 《ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠶᠡᠷᠦᠩᠬᠡᠢ ᠲᠥᠰᠥᠯ》 《ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠰᠠᠨᠠᠯ》 《ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠵᠦ ᠵᠠᠯᠠᠭᠤᠴᠤᠳ ᠪᠠᠭ᠋ᠠᠴᠤᠳ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠲᠤᠬᠠᠢ ᠰᠠᠨᠠᠯ》 ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠦ᠂ ᠭᠦᠨᠵᠡᠭᠡᠢ ᠪᠠᠢ᠌ᠴᠠᠭ᠋ᠠᠨ ᠰᠤᠳᠤᠯᠵᠤ ᠨᠤᠲᠠᠯᠠᠯᠲᠠ ᠬᠢᠵᠦ᠂ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠰᠣᠨᠣᠰᠤᠭᠰᠠᠨ ᠰᠠᠭᠤᠷᠢᠨ ᠳᠡᠭᠡᠷ᠎ᠡ᠂ 《ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ 《ᠵᠢᠯᠤᠭᠣᠳᠬᠤ ᠰᠠᠨᠠᠯ》᠎ᠳᠤ᠂ ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ   ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠠᠵᠢᠯ᠎ᠤᠨ ᠪᠠᠢ᠌ᠷᠢ ᠲᠣᠭᠲᠠᠭ᠋ᠠᠯᠲᠠ ᠪᠣᠯ ᠶᠣᠰᠣ ᠮᠣᠷᠠᠯ ᠣᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠢ᠌ᠬᠠᠨ ᠬᠥᠳᠡᠯᠮᠦᠷᠢ ᠪᠥᠬᠥ ᠲᠠᠯ᠎ᠠ᠎ᠪᠠᠷ ᠬᠥᠭᠵᠢᠭᠰᠡᠨ ᠪᠥᠭᠡᠳ ᠨᠡᠯᠢᠶᠡᠳ ᠥᠨᠳᠥᠷ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠢᠷᠢ ᠲᠦᠪᠰᠢᠨ᠎ᠲᠠᠢ ᠰᠣᠷᠣᠭᠴᠢ ᠵᠢ ᠰᠣᠩᠭᠣᠨ ᠬᠥᠮᠥᠵᠢᠭᠦᠯᠵᠦ᠂ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠳᠡᠯᠡᠬᠡᠢ ᠵᠢᠨ ᠣᠶᠤᠲᠠᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠡᠷᠭᠡ ᠴᠢᠬᠤᠯᠠ ᠶᠡᠬᠡ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠪᠠ ᠤᠯᠤᠰ᠎ᠤᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠰᠢᠰᠲ᠋ᠧᠮ᠎ᠳᠤ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠨ᠎ᠠ᠃ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ   ᠲᠤᠭᠤᠰᠢᠯᠠᠭᠤᠯᠵᠦ᠂ ᠶᠣᠰᠣ ᠰᠤᠷᠲᠠᠬᠤᠨ᠎ᠢ ᠪᠤᠢ ᠪᠣᠯᠭ᠋ᠠᠵᠤ᠂ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠵᠤ᠂ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠪᠡᠶ᠎ᠡ ᠵᠢᠨ ᠲᠠᠮᠢᠷ᠎ᠤᠨ ᠶᠣᠰᠣ ᠰᠤᠷᠲᠠᠬᠤᠨ ᠬᠡᠪ ᠰᠤᠷᠲᠠᠯ᠎ᠢ ᠪᠠᠳᠠᠷᠠᠭᠤᠯᠵᠤ᠂ ᠴᠢᠳᠠᠪᠤᠷᠢᠲᠠᠨ᠎ᠢ ᠰᠢᠯᠢᠨ ᠰᠣᠩᠭᠣᠬᠤ ᠵᠢᠨ ᠰᠢᠨᠵᠢᠯᠡᠬᠦ ᠤᠬᠠᠭ᠋ᠠᠨᠴᠢ ᠴᠢᠨᠠᠷ ᠪᠣᠯᠣᠨ ᠡᠷᠬᠡ ᠲᠡᠭᠰᠢ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
    3. 《ᠵᠢᠯᠤᠭᠣᠳᠬᠤ ᠰᠠᠨᠠᠯ》᠎ᠢ ᠲᠤᠭᠤᠷᠪᠢᠭᠰᠠᠨ ᠶᠠᠪᠤᠴᠠ
    ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠵᠦ᠂ 2020 ᠣᠨ᠎ᠤ 7 ᠰᠠᠷ᠎ᠠ᠎ᠠᠴᠠ ᠨᠠᠰᠢ᠂ ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠵᠢᠴᠢ ᠬᠠᠮᠢᠶ᠎ᠠ ᠪᠦᠬᠦᠢ ᠠᠵᠢᠯ᠎ᠤᠨ ᠲᠣᠭᠣᠷᠢᠨ᠎ᠳᠤ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠡᠢ᠃
    ᠨᠢᠭᠡ᠎ᠳᠤ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠪᠡ᠃ ᠤᠷᠢᠳ ᠬᠣᠵᠢᠳ ᠪᠡᠭᠡᠵᠢᠩ᠂ ᠱᠠᠩᠬᠠᠢ᠂ ᠭᠢᠷᠢᠨ᠂ ᠰᠧᠴᠤᠸᠠᠨ᠂ ᠬᠤᠪᠧᠢ ᠵᠡᠷᠭᠡ ᠭᠠᠵᠠᠷ᠎ᠲᠤ ᠪᠠᠢ᠌ᠴᠠᠭ᠋ᠠᠨ ᠰᠤᠳᠤᠯᠤᠯᠲᠠ ᠬᠢᠵᠦ᠂ ᠴᠢᠩᠬᠤᠸᠠ ᠶᠡᠬᠡ ᠰᠤᠷᠭ᠋ᠠᠭᠤᠯᠢ᠂ ᠹᠦᠳᠠᠨ ᠶᠡᠬᠡ ᠰᠤᠷᠭ᠋ᠠᠭᠤᠯᠢ᠂ ᠭᠢᠷᠢᠨ ᠶᠡᠬᠡ ᠰᠤᠷᠭ᠋ᠠᠭᠤᠯᠢ᠂ ᠵᠡᠭᠦᠨ ᠬᠣᠢ᠌ᠲᠤ ᠵᠢᠨ ᠪᠠᠭᠰᠢ ᠵᠢᠨ ᠶᠡᠬᠡ ᠰᠤᠷᠭ᠋ᠠᠭᠤᠯᠢ᠂ ᠭᠢᠷᠢᠨ᠎ᠤ ᠪᠡᠶ᠎ᠡ ᠵᠢᠨ ᠲᠠᠮᠢᠷ᠎ᠤᠨ ᠳᠡᠭᠡᠳᠦ ᠰᠤᠷᠭ᠋ᠠᠭᠤᠯᠢ ᠵᠡᠷᠭᠡ ᠠᠷᠪᠠ ᠭᠠᠷᠤᠢ ᠶᠡᠬᠡ ᠳᠡᠭᠡᠳᠦ ᠰᠤᠷᠭ᠋ᠠᠭᠤᠯᠢ᠎ᠳᠤ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠵᠦ᠂ ᠶᠡᠬᠡ ᠳᠡᠭᠡᠳᠦ ᠰᠤᠷᠭ᠋ᠠᠭᠤᠯᠢ ᠵᠢᠨ ᠬᠠᠮᠢᠶ᠎ᠠ ᠪᠦᠬᠦᠢ ᠳᠦᠷᠢᠮ᠎ᠤᠨ ᠪᠢᠴᠢᠭ ᠮᠠᠲ᠋ᠧᠷᠢᠶᠠᠯ᠂ ᠰᠣᠷᠣᠭᠴᠢ ᠵᠢᠨ ᠰᠤᠷᠤᠯᠭ᠎ᠠ ᠵᠢᠨ ᠬᠢᠷᠢ ᠪᠦᠲᠦᠮᠵᠢ ᠵᠢᠨ ᠢᠯᠡᠷᠡᠯ᠂ ᠪᠣᠯᠪᠠᠰᠤᠷᠠᠯ ᠵᠢᠴᠢ ᠤᠷᠤᠯᠳᠤᠭ᠋ᠠᠨ᠎ᠤ ᠲᠡᠮᠳᠡᠭᠯᠡᠯ ᠵᠡᠷᠭᠡ ᠮᠠᠲ᠋ᠧᠷᠢᠶᠠᠯ᠎ᠢ ᠪᠠᠢ᠌ᠴᠠᠭ᠋ᠠᠨ ᠦᠵᠡᠵᠦ᠂ ᠬᠡᠳᠦᠨ ᠠᠷᠪᠠᠨ ᠤᠳᠠᠭ᠋ᠠᠨ᠎ᠤ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ᠂ ᠬᠢᠴᠢᠶᠡᠯ ᠬᠥᠮᠦᠵᠢᠯ᠂ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠵᠢᠴᠢ ᠪᠠᠭᠰᠢ ᠰᠣᠷᠣᠭᠴᠢ ᠵᠢᠨ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠰᠣᠨᠣᠰᠪᠠ᠃
    ᠬᠣᠶᠠᠷ᠎ᠲᠤ ᠪᠢᠴᠢᠭ᠎ᠤᠨ ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠪᠡ᠃ ᠪᠥᠬᠥ ᠤᠯᠤᠰ᠎ᠤᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠬᠢᠷᠢ ᠬᠡᠮ᠎ᠲᠠᠢ 283 ᠳᠡᠭᠡᠳᠦ ᠰᠤᠷᠭ᠋ᠠᠭᠤᠯᠢ᠎ᠳᠤ ᠴᠢᠭᠯᠡᠭᠦᠯᠦᠨ᠂ ᠪᠦᠬᠦᠨ᠎ᠢ ᠬᠠᠮᠤᠷᠤᠭᠰᠠᠨ ᠪᠢᠴᠢᠭ᠎ᠤᠨ ᠬᠡᠯᠪᠡᠷᠢ ᠵᠢᠨ ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠵᠦ᠂ ᠬᠠᠮᠢᠶ᠎ᠠ ᠪᠦᠬᠦᠢ ᠪᠠᠢ᠌ᠳᠠᠯ᠎ᠢ ᠪᠥᠬᠥ ᠲᠠᠯ᠎ᠠ᠎ᠪᠠᠷ ᠭᠦᠨᠵᠡᠭᠡᠢ ᠣᠢ᠌ᠯᠠᠭ᠋ᠠᠪᠠ᠃
    ᠭᠤᠷᠪᠠ᠎ᠳᠤ ᠰᠤᠷᠪᠤᠯᠵᠢ ᠪᠢᠴᠢᠭ᠎ᠤᠨ ᠪᠠᠢ᠌ᠴᠠᠭ᠋ᠠᠨ ᠰᠤᠳᠤᠯᠤᠯᠲᠠ ᠵᠢ ᠦᠷᠨᠢᠭᠦᠯᠪᠡ᠃ ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠬᠠᠮᠢᠶ᠎ᠠ ᠪᠦᠬᠦᠢ ᠰᠤᠷᠪᠤᠯᠵᠢ ᠪᠢᠴᠢᠭ ᠮᠠᠲ᠋ᠧᠷᠢᠶᠠᠯ᠎ᠢ ᠰᠢᠰᠲ᠋ᠧᠮ᠎ᠲᠠᠢ ᠡᠮᠬᠢᠯᠡᠵᠦ᠂ ᠭᠠᠳᠠᠭ᠋ᠠᠳᠤ ᠵᠢᠨ ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠲᠠᠮᠢᠷᠴᠢᠨ ᠡᠯᠰᠡᠵᠦ ᠬᠥᠮᠥᠵᠢᠭᠦᠯᠬᠦ ᠲᠣᠭᠲᠠᠴᠠ ᠵᠢ ᠭᠦᠵᠡᠭᠡᠢ ᠤᠢ᠌ᠯᠠᠭ᠋ᠠᠪᠠ᠃ ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠵᠢᠨ ᠤᠷᠤᠯᠳᠤᠭ᠋ᠠᠨ᠎ᠤ ᠬᠢᠷᠢ ᠲᠦᠪᠰᠢᠨ ᠵᠢᠴᠢ ᠣᠯᠠᠨ ᠤᠯᠤᠰ᠎ᠤᠨ ᠤᠷᠤᠯᠳᠤᠭ᠋ᠠᠨ᠎ᠳᠤ ᠣᠷᠣᠯᠴᠠᠭᠰᠠᠨ ᠪᠠᠢ᠌ᠳᠠᠯ᠎ᠳᠤ ᠪᠠᠢ᠌ᠴᠠᠭ᠋ᠠᠨ ᠰᠤᠳᠤᠯᠤᠯᠲᠠ ᠬᠢᠵᠦ ᠡᠮᠬᠢᠯᠡᠪᠡ᠃
    ᠳᠥᠷᠪᠡ᠎ᠳᠤ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠤ ᠰᠠᠨᠠᠯ᠎ᠢ ᠬᠤᠷᠢᠶᠡᠪᠡ᠃ ᠪᠠᠢ᠌ᠴᠠᠭ᠋ᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠭᠦᠢ᠍ᠴᠡᠳ ᠨᠤᠲᠠᠯᠠᠯᠲᠠ ᠬᠢᠬᠦ᠎ᠪᠠᠷ ᠲᠠᠮᠵᠢᠨ᠂ 《ᠵᠢᠯᠤᠭᠣᠳᠬᠤ ᠰᠠᠨᠠᠯ》᠎ᠢ ᠰᠤᠳᠤᠯᠤᠨ ᠲᠤᠭᠤᠷᠪᠢᠭᠰᠠᠨ ᠪᠥᠭᠡᠳ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠤ ᠰᠠᠨᠠᠯ᠎ᠢ ᠣᠯᠠᠨᠲᠠ ᠬᠤᠷᠢᠶᠠᠪᠠ᠃
    4. 《ᠵᠢᠯᠤᠭᠣᠳᠬᠤ ᠰᠠᠨᠠᠯ》᠎ᠳᠤ ᠰᠤᠷᠤᠭᠴᠢ ᠡᠯᠰᠡᠬᠦ ᠲᠦᠷᠦᠯ ᠵᠦᠢ᠍ᠯ᠎ᠤᠨ ᠬᠦᠷᠢᠶ᠎ᠡ ᠬᠡᠪᠴᠢᠶ᠎ᠡ ᠵᠢ ᠰᠢᠯᠢᠳᠡᠭᠵᠢᠭᠦᠯᠬᠦ ᠲᠠᠯ᠎ᠠ᠎ᠪᠠᠷ᠎ᠬᠢ ᠱᠠᠭ᠋ᠠᠷᠳᠠᠯᠭ᠎ᠠ
    ᠨᠢᠭᠡ᠎ᠳᠤ ᠶᠡᠬᠡ ᠳᠡᠭᠡᠳᠦ ᠰᠤᠷᠭ᠋ᠠᠭᠤᠯᠢ ᠵᠢᠨ ᠲᠦᠷᠦᠯ ᠵᠦᠢ᠍ᠯ᠎ᠤᠨ ᠪᠠᠢ᠌ᠷᠢᠯᠠᠭᠤᠯᠤᠯᠲᠠ ᠵᠢ ᠰᠢᠯᠢᠳᠡᠭᠵᠢᠭᠦᠯᠬᠦ ᠲᠠᠯ᠎ᠠ᠎ᠪᠠᠷ ᠰᠢᠨ᠎ᠡ ᠱᠠᠭ᠋ᠠᠷᠳᠠᠯᠭ᠎ᠠ ᠳᠤᠷᠠᠳᠪᠠ᠃ ᠬᠣᠯᠪᠣᠭᠳᠠᠯ ᠪᠦᠬᠦᠢ ᠶᠡᠬᠡ ᠳᠡᠭᠡᠳᠦ ᠰᠤᠷᠭ᠋ᠠᠭᠤᠯᠢ᠎ᠨᠤᠭᠤᠳ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠠᠵᠢᠯ᠎ᠤᠨ ᠪᠠᠢ᠌ᠷᠢ ᠲᠣᠭᠲᠠᠭ᠋ᠠᠯᠲᠠ ᠵᠢᠨ ᠲᠣᠭᠣᠷᠢᠨ᠎ᠳᠤ᠂ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠳᠡᠯᠡᠬᠡᠢ ᠵᠢᠨ ᠣᠶᠤᠲᠠᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠥᠷᠥᠯ ᠵᠦᠢ᠍ᠯ (ᠬᠥᠯ ᠪᠥᠮᠪᠥᠭᠡ᠂ ᠰᠠᠭᠰᠤᠨ ᠪᠥᠮᠪᠥᠭᠡ᠂ ᠠᠯᠠᠭ᠋ᠠᠳᠠᠬᠤ ᠪᠥᠮᠪᠥᠭᠡ ᠵᠢᠨ ᠲᠥᠷᠥᠯ ᠵᠦᠢ᠍ᠯ ᠵᠡᠷᠭᠡ ᠪᠠᠭᠲᠠᠨ᠎ᠠ)᠎ᠤᠨ ᠬᠡᠪᠴᠢᠶᠡᠨ ᠳᠣᠲᠣᠷ᠎ᠠ᠂ ᠰᠤᠷᠭ᠋ᠠᠨ ᠬᠥᠮᠦᠵᠢᠯ᠎ᠤᠨ ᠶᠠᠮᠤᠨ᠎ᠤ ᠦᠨᠡᠯᠡᠨ ᠵᠢᠱ᠌ᠢᠵᠦ ᠲᠣᠭᠲᠠᠭ᠋ᠠᠭᠰᠠᠨ ᠲᠥᠷᠥᠯ ᠵᠦᠢ᠍ᠯ᠎ᠤᠨ ᠶᠣᠰᠣᠭ᠋ᠠᠷ᠂ ᠰᠤᠷᠭ᠋ᠠᠭᠤᠯᠢ ᠵᠢᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠣᠰ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠩᠭᠢ ᠵᠢᠨ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ ᠵᠢ ᠦᠨᠳᠦᠰᠦᠯᠡᠨ᠂ ᠪᠡᠶ᠎ᠡ ᠵᠢᠨ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠲᠥᠷᠥᠯ ᠵᠦᠢ᠍ᠯ ᠪᠠ ᠰᠣᠷᠣᠭᠴᠢ ᠡᠯᠰᠡᠬᠦ ᠲᠥᠯᠥᠪᠯᠡᠭᠡ ᠵᠢ ᠲᠣᠭᠲᠠᠭ᠋ᠠᠬᠤ ᠬᠡᠷᠡᠭᠲᠡᠢ ᠭᠡᠵᠦ ᠲᠣᠳᠣᠷᠬᠠᠢ ᠲᠣᠭᠲᠠᠭ᠋ᠠᠪᠠ᠃ ᠤᠯᠠᠨ ᠲᠦᠮᠡᠨ᠎ᠤ ᠰᠠᠭᠤᠷᠢ᠎ᠪᠠᠷ ᠰᠠᠢ᠌ᠨ᠂ ᠲᠦᠭᠡᠮᠡᠯᠵᠢᠭᠰᠡᠨ ᠬᠡᠮᠵᠢᠶ᠎ᠡ᠎ᠪᠠᠷ ᠥᠨᠳᠥᠷ᠂ ᠥᠷᠢᠰᠦᠯᠳᠦᠭᠡᠨ᠎ᠤ ᠴᠢᠨᠠᠷ ᠵᠶ᠋ᠠᠷ ᠴᠢᠩᠭ᠎ᠠ ᠪᠠᠢ᠌ᠳᠠᠭ ᠪᠡᠶ᠎ᠡ ᠵᠢᠨ ᠲᠠᠮᠢᠷ᠎ᠤᠨ ᠵᠦᠢ᠍ᠯᠡᠰ᠎ᠢ ᠭᠣᠣᠯᠳᠠᠯᠭ᠎ᠠ᠎ᠲᠠᠢ᠎ᠪᠠᠷ ᠲᠣᠬᠢᠷᠠᠭᠤᠯᠬᠤ ᠬᠡᠷᠡᠭᠲᠡᠢ᠃
    ᠬᠣᠶᠠᠷ᠎ᠲᠤ ᠶᠡᠬᠡ ᠳᠡᠭᠡᠳᠦ ᠰᠤᠷᠭ᠋ᠠᠭᠤᠯᠢ ᠪᠣᠯᠣᠨ ᠲᠥᠷᠥᠯ ᠵᠦᠢ᠍ᠯ᠎ᠤᠨ ᠰᠣᠷᠣᠭᠴᠢ ᠡᠯᠰᠡᠬᠦ ᠬᠢᠷᠢ ᠬᠡᠮ᠎ᠤᠨ ᠲᠠᠯ᠎ᠠ᠎ᠪᠠᠷ ᠰᠢᠨ᠎ᠡ ᠱᠠᠭ᠋ᠠᠷᠳᠠᠯᠭ᠎ᠠ ᠳᠤᠷᠠᠳᠪᠠ᠃ ᠬᠠᠮᠢᠶ᠎ᠠ ᠪᠦᠬᠦᠢ ᠪᠠᠭᠰᠢ᠂ ᠲᠥᠬᠦᠭᠡᠷᠦᠮᠵᠢ᠂ ᠲᠠᠯᠠᠪᠤᠷ ᠵᠡᠷᠭᠡ ᠠᠩᠭᠢ ᠵᠣᠬᠢᠶᠠᠨ ᠪᠠᠶ᠋ᠢᠭᠤᠯᠬᠤ ᠨᠥᠬᠥᠴᠡᠯ᠎ᠢ ᠪᠦᠷᠢᠳᠦᠭᠦᠯᠦᠭᠰᠡᠨ ᠦᠭᠡᠢ᠂ ᠰᠣᠷᠣᠭᠴᠢ ᠵᠢᠨ ᠰᠤᠷᠭ᠋ᠠᠭᠤᠯᠢ᠎ᠳᠤ ᠣᠷᠣᠵᠤ ᠠᠩᠭᠢ ᠤᠬᠤᠷᠢᠭᠰᠠᠨ ᠨᠣᠷᠮ᠎ᠠ᠎ᠨᠢ 20% ᠵᠢ ᠳᠠᠪᠠᠭᠰᠠᠨ ᠶᠡᠬᠡ ᠳᠡᠭᠡᠳᠦ ᠰᠤᠷᠭ᠋ᠠᠭᠤᠯᠢ ᠵᠢᠴᠢ ᠣᠯᠢᠮᠫᠢᠺ᠎ᠤᠨ ᠲᠠᠮᠢᠷ᠎ᠤᠨ ᠴᠤᠭᠯᠠᠭ᠋ᠠᠨ ᠪᠤᠰᠤ ᠪᠤᠶᠤ ᠳᠡᠯᠡᠬᠡᠢ ᠵᠢᠨ ᠣᠶᠤᠲᠠᠳ᠎ᠤᠨ ᠲᠠᠮᠢᠷ᠎ᠤᠨ ᠴᠤᠭᠯᠠᠭ᠋ᠠᠨ᠎ᠤ ᠲᠥᠷᠥᠯ ᠵᠦᠢ᠍ᠯ᠎ᠳᠤ ᠲᠠᠮᠢᠷᠴᠢᠨ᠎ᠤ ᠮᠡᠷᠭᠡᠵᠢᠯ᠎ᠤᠨ ᠲᠠᠰ᠎ᠤᠨ ᠪᠠᠷᠢᠮᠵᠢᠶ᠎ᠠ ᠭᠠᠷᠭ᠋ᠠᠭᠰᠠᠨ ᠦᠭᠡᠢ᠂ ᠰᠣᠷᠣᠭᠴᠢ ᠵᠢᠨ ᠢᠷᠡᠯᠲᠡ᠎ᠨᠢ ᠬᠦᠨᠳᠦ ᠨᠣᠴᠢᠲᠠᠢ ᠬᠦᠷᠦᠯᠴᠡᠬᠦ ᠦᠭᠡᠢ ᠮᠥᠷᠲᠡᠭᠡᠨ ᠬᠣᠶᠠᠷ ᠵᠢᠯ ᠳᠠᠷᠠᠭ᠋ᠠᠯᠠᠨ ᠡᠯᠰᠡᠭᠰᠡᠨ ᠲᠣᠭ᠎ᠠ᠎ᠨᠢ ᠲᠡᠭ ᠬᠠᠮᠢᠶ᠎ᠠ ᠪᠦᠬᠦᠢ ᠲᠥᠷᠥᠯ ᠵᠦᠢ᠍ᠯ᠎ᠳᠤ ᠳᠠᠭᠢᠵᠤ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠲᠣᠬᠢᠷᠠᠭᠤᠯᠤᠯᠲᠠ ᠬᠢᠬᠦ ᠦᠭᠡᠢ ᠭᠡᠵᠦ ᠲᠣᠳᠣᠷᠬᠠᠢ ᠲᠣᠭᠲᠠᠭ᠋ᠠᠪᠠ᠃ ᠲᠣᠰ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠂ ᠵᠡᠪᠰᠡᠭ᠎ᠤᠨ ᠡᠷᠳᠡᠮ ᠪᠠ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠤᠰᠬᠠᠢ ᠮᠡᠷᠭᠡᠵᠢᠯ᠎ᠳᠤ ᠨᠢᠭᠡᠨᠲᠡ ᠰᠣᠷᠣᠭᠴᠢ ᠡᠯᠰᠡᠬᠦ᠎ᠪᠠᠷ ᠲᠣᠬᠢᠷᠠᠭᠤᠯᠤᠭᠰᠠᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠵᠦᠢ᠍ᠯ᠎ᠳᠤ ᠥᠨᠳᠥᠷ ᠬᠢᠷᠢ ᠲᠦᠪᠰᠢᠨ ᠪᠦᠬᠦᠢ ᠪᠡᠶ᠎ᠡ ᠵᠢᠨ ᠲᠠᠮᠢᠷ᠎ᠤᠨ ᠠᠩᠭᠢ ᠵᠢᠨ ᠰᠤᠷᠤᠭᠴᠢ ᠡᠯᠰᠡᠬᠦ ᠵᠢ ᠲᠤᠬᠢᠷᠠᠭᠤᠯᠬᠤ ᠦᠭᠡᠢ᠃
    ᠭᠤᠷᠪᠠ᠎ᠳᠤ ᠣᠷᠣᠬᠤ ᠵᠢ ᠵᠥᠪᠰᠢᠶᠡᠷᠡᠬᠦ ᠪᠠ ᠤᠬᠤᠷᠢᠨ ᠭᠠᠷᠬᠤ ᠲᠣᠭᠲᠠᠴᠠ ᠵᠢ ᠪᠠᠢ᠌ᠭᠤᠯᠤᠨ᠎ᠠ᠃ ᠰᠤᠷᠭ᠋ᠠᠨ ᠬᠥᠮᠦᠵᠢᠯ᠎ᠤᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠶᠡᠷᠦᠩᠬᠡᠢ᠌ᠯᠡᠭᠰᠡᠨ ᠦᠨᠡᠯᠡᠯᠲᠡ ᠵᠢ ᠴᠢᠩᠭ᠋ᠠᠳᠬᠠᠵᠤ᠂ ᠰᠣᠷᠣᠭᠴᠢ ᠡᠯᠰᠡᠬᠦ ᠶᠡᠬᠡ ᠳᠡᠭᠡᠳᠦ ᠰᠤᠷᠭ᠋ᠠᠭᠤᠯᠢ ᠪᠣᠯᠣᠨ ᠲᠥᠷᠥᠯ ᠵᠦᠢ᠍ᠯ᠎ᠤᠨ ᠵᠥᠪᠰᠢᠶᠡᠷᠡᠨ ᠣᠷᠣᠭᠤᠯᠬᠤ ᠪᠠ ᠪᠤᠴᠠᠭ᠋ᠠᠨ ᠭᠠᠷᠭ᠋ᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠳᠡᠯᠡᠬᠡᠢ ᠵᠢᠨ ᠣᠶᠤᠲᠠᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠡᠷᠭᠡ ᠴᠢᠬᠤᠯᠠ ᠶᠡᠬᠡ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠣᠷᠣᠯᠴᠠᠭᠰᠠᠨ ᠪᠠᠢ᠌ᠳᠠᠯ᠎ᠢ ᠦᠨᠡᠯᠡᠨ ᠵᠢᠱ᠌ᠢᠬᠦ ᠴᠢᠬᠤᠯᠠ ᠭᠦᠢ᠍ᠴᠡᠳᠬᠡᠯ ᠲᠣᠭ᠎ᠠ ᠪᠣᠯᠭ᠋ᠠᠵᠤ᠂ ᠵᠠᠷᠴᠢᠮ ᠳᠡᠭᠡᠷ᠎ᠡ᠎ᠪᠠᠨ ᠵᠠᠯᠭ᠋ᠠᠭ᠎ᠠ᠎ᠪᠠᠷ ᠭᠤᠷᠪᠠᠨ ᠬᠤᠭᠤᠴᠠᠭ᠋ᠠᠨ᠎ᠤ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠳᠡᠯᠡᠬᠡᠢ ᠵᠢᠨ ᠣᠶᠤᠲᠠᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠰᠣᠷᠣᠭᠴᠢ ᠣᠷᠣᠯᠴᠠᠭᠰᠠᠨ ᠦᠭᠡᠢ ᠲᠥᠷᠥᠯ ᠵᠦᠢ᠍ᠯ᠎ᠳᠤ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠤᠷᠤᠭᠴᠢ ᠡᠯᠰᠡᠬᠦ ᠵᠢ ᠲᠤᠬᠢᠷᠠᠭᠤᠯᠬᠤ ᠦᠭᠡᠢ᠃
    5. 《ᠵᠢᠯᠤᠭᠣᠳᠬᠤ ᠰᠠᠨᠠᠯ》᠎ᠳᠤ ᠰᠢᠯᠭ᠋ᠠᠭᠤᠯᠤᠭᠰᠠᠳ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠢᠷᠢ ᠲᠦᠪᠰᠢᠨ᠎ᠤ ᠲᠠᠯ᠎ᠠ᠎ᠪᠠᠷ ᠲᠤᠷᠠᠳᠤᠭᠰᠠᠨ ᠱᠠᠭ᠋ᠠᠷᠳᠠᠯᠭ᠎ᠠ
      ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠬᠡᠰᠡᠭ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠢᠷᠢ ᠲᠦᠪᠰᠢᠨ ᠳᠣᠣᠷ᠎ᠠ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠠᠵᠢᠯ᠎ᠤᠨ ᠪᠠᠢ᠌ᠷᠢ ᠲᠣᠭᠲᠠᠭ᠋ᠠᠯᠲᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ 《ᠵᠢᠯᠤᠭᠣᠳᠬᠤ ᠰᠠᠨᠠᠯ》᠎ᠳᠤ ᠨᠡᠷ᠎ᠡ ᠮᠡᠳᠡᠭᠦᠯᠦᠭᠰᠡᠨ ᠰᠢᠯᠭ᠋ᠠᠭᠤᠯᠤᠭᠴᠢ ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠢᠷᠢ ᠲᠦᠪᠰᠢᠨ᠎ᠤ ᠱᠠᠭ᠋ᠠᠷᠳᠠᠯᠭ᠎ᠠ ᠵᠢ ᠵᠣᠬᠢᠬᠤ ᠬᠡᠮᠵᠢᠶ᠎ᠡ᠎ᠪᠠᠷ ᠳᠡᠭᠡᠭᠰᠢᠯᠡᠭᠦᠯᠦᠭᠰᠡᠨ ᠪᠥᠭᠡᠳ ᠰᠢᠯᠵᠢᠯᠲᠡ ᠵᠢᠨ ᠬᠤᠭᠤᠴᠠᠭ᠎ᠠ ᠭᠠᠷᠭ᠋ᠠᠵᠠᠢ᠃ 2024 ᠣᠨ᠎ᠠᠴᠠ ᠡᠬᠢᠯᠡᠨ᠂ ᠰᠣᠷᠣᠭᠴᠢ ᠵᠢᠨ ᠢᠷᠡᠯᠲᠡ ᠵᠢᠨ ᠮᠤᠵᠢ ᠣᠷᠣᠨ᠎ᠤ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ᠎ᠳᠤ ᠨᠡᠷ᠎ᠡ ᠮᠡᠳᠡᠭᠦᠯᠬᠦ ᠨᠥᠬᠥᠴᠡᠯ᠎ᠳᠤ ᠨᠡᠢ᠌ᠴᠡᠭᠰᠡᠨ᠂ ᠤᠯᠤᠰ᠎ᠤᠨ ᠨᠢᠭᠡᠳᠦᠭᠡᠷ ᠳᠡᠰ᠎ᠤᠨ ᠲᠠᠮᠢᠷᠴᠢᠨ (ᠪᠠᠭᠲᠠᠨ᠎ᠠ)᠎ᠠᠴᠠ ᠳᠡᠭᠡᠭᠰᠢᠬᠢ ᠮᠡᠷᠭᠡᠵᠢᠯ᠎ᠤᠨ ᠲᠠᠰ᠎ᠤᠨ ᠴᠣᠯᠠ ᠬᠦᠷᠲᠡᠭᠴᠢ ᠰᠠᠶᠢ ᠥᠨᠳᠥᠷ ᠬᠢᠷᠢ ᠲᠦᠪᠰᠢᠨ ᠪᠦᠬᠦᠢ ᠪᠡᠶ᠎ᠡ ᠵᠢᠨ ᠲᠠᠮᠢᠷ᠎ᠤᠨ ᠠᠩᠭᠢ᠎ᠳᠤ ᠨᠡᠷ᠎ᠡ ᠮᠡᠳᠡᠭᠦᠯᠵᠦ ᠪᠣᠯᠣᠨ᠎ᠠ ᠭᠡᠵᠦ ᠲᠣᠳᠣᠷᠬᠠᠢ ᠲᠣᠭᠲᠠᠭ᠋ᠠᠵᠠᠢ᠃ 2027 ᠣᠨ᠎ᠠᠴᠠ ᠡᠬᠢᠯᠡᠨ᠂ ᠰᠣᠷᠣᠭᠴᠢ ᠵᠢᠨ ᠢᠷᠡᠯᠲᠡ ᠵᠢᠨ ᠮᠤᠵᠢ ᠣᠷᠣᠨ᠎ᠤ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ᠎ᠳᠤ ᠨᠡᠷ᠎ᠡ ᠮᠡᠳᠡᠭᠦᠯᠬᠦ ᠨᠥᠬᠥᠴᠡᠯ᠎ᠳᠤ ᠨᠡᠢ᠌ᠴᠡᠵᠦ᠂ ᠤᠯᠤᠰ᠎ᠤᠨ ᠨᠢᠭᠡᠳᠦᠭᠡᠷ ᠳᠡᠰ᠎ᠤᠨ ᠲᠠᠮᠢᠷᠴᠢᠨ (ᠪᠠᠭᠲᠠᠨ᠎ᠠ)᠎ᠠᠴᠠ ᠳᠡᠭᠡᠭᠰᠢᠬᠢ ᠮᠡᠷᠭᠡᠵᠢᠯ᠎ᠤᠨ ᠲᠠᠰ᠎ᠤᠨ ᠴᠣᠯᠠ ᠭᠥᠷᠳᠡᠭᠰᠡᠨ ᠪᠥᠭᠡᠳ ᠣᠢ᠌ᠷ᠎ᠠ ᠵᠢᠨ ᠭᠤᠷᠪᠠᠨ ᠵᠢᠯ᠎ᠳᠤ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠎ᠤ ᠲᠣᠭᠲᠠᠭ᠋ᠠᠭᠰᠠᠨ ᠪᠥᠬᠥ ᠤᠯᠤᠰ᠎ᠤᠨ ᠴᠢᠨᠠᠷᠲᠠᠢ ᠤᠷᠤᠯᠳᠤᠭ᠋ᠠᠨ᠎ᠳᠤ ᠲᠦᠷᠦᠭᠦᠸ᠋ ᠨᠠᠢ᠍ᠮᠠᠨ ᠨᠡᠷᠡᠰ᠎ᠲᠤ ᠣᠷᠣᠭᠰᠠᠨ ᠪᠠᠢ᠌ᠪᠠᠯ ᠰᠠᠶᠢ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ᠎ᠳᠤ ᠨᠡᠷ᠎ᠡ ᠮᠡᠳᠡᠭᠦᠯᠵᠦ ᠪᠣᠯᠣᠨ᠎ᠠ᠃
    6. 《ᠵᠢᠯᠤᠭᠣᠳᠬᠤ ᠰᠠᠨᠠᠯ》᠎ᠳᠤ ᠰᠢᠯᠭ᠋ᠠᠭᠤᠯᠤᠭᠰᠠᠳ᠎ᠤᠨ ᠰᠣᠶᠣᠯ᠎ᠤᠨ ᠬᠢᠷᠢ ᠪᠦᠲᠦᠮᠵᠢ ᠵᠢᠨ ᠲᠠᠯ᠎ᠠ᠎ᠪᠠᠷ ᠲᠤᠷᠠᠳᠤᠭᠰᠠᠨ ᠱᠠᠭ᠋ᠠᠷᠳᠠᠯᠭ᠎ᠠ
    ᠶᠡᠬᠡ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ᠎ᠢ ᠰᠢᠯᠢᠨ ᠰᠣᠩᠭᠣᠬᠤ ᠵᠢᠴᠢ ᠬᠥᠮᠥᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠵᠦ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠬᠡᠰᠡᠭ ᠰᠤᠷᠤᠭᠴᠢᠳ᠎ᠤᠨ ᠰᠣᠶᠣᠯ᠎ᠤᠨ ᠬᠢᠷᠢ ᠪᠦᠲᠦᠮᠵᠢ ᠳᠣᠣᠷ᠎ᠠ ᠪᠠᠢ᠌ᠬᠤ ᠠᠰᠠᠭᠤᠳᠠᠯ᠎ᠢ ᠰᠢᠢ᠍ᠳᠪᠦᠷᠢᠯᠡᠨ᠂ ᠰᠤᠷᠤᠭᠴᠢᠳ᠎ᠤᠨ ᠶᠣᠰᠣ ᠮᠣᠷᠠᠯ ᠣᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠢ᠌ᠬᠠᠨ ᠬᠥᠳᠡᠯᠮᠦᠷᠢ ᠵᠢᠨ ᠪᠥᠬᠥ ᠲᠠᠯ᠎ᠠ ᠵᠢᠨ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠠᠵᠢᠯ᠎ᠤᠨ ᠪᠠᠢ᠌ᠷᠢ ᠲᠣᠭᠲᠠᠭ᠋ᠠᠯᠲᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ 《ᠵᠢᠯᠤᠭᠣᠳᠬᠤ ᠰᠠᠨᠠᠯ》᠎ᠳᠤ ᠰᠢᠯᠭ᠋ᠠᠭᠤᠯᠬᠤ᠎ᠪᠠᠷ ᠨᠡᠷ᠎ᠡ ᠮᠡᠳᠡᠭᠦᠯᠦᠭᠰᠡᠨ ᠰᠤᠷᠤᠭᠴᠢᠳ᠎ᠤᠨ ᠰᠣᠶᠣᠯ᠎ᠤᠨ ᠬᠢᠴᠢᠶᠡᠯ᠎ᠤᠨ ᠬᠢᠷᠢ ᠪᠦᠲᠦᠮᠵᠢ ᠵᠢᠨ ᠬᠠᠮᠤᠭ᠎ᠤᠨ ᠳᠣᠣᠷ᠎ᠠ ᠱᠠᠭ᠋ᠠᠷᠳᠠᠯᠭ᠎ᠠ ᠵᠢ ᠵᠣᠬᠢᠬᠤ ᠬᠡᠮᠵᠢᠶ᠎ᠡ᠎ᠪᠠᠷ ᠳᠡᠭᠡᠭᠰᠢᠯᠡᠭᠦᠯᠦᠭᠰᠡᠨ ᠪᠥᠭᠡᠳ ᠰᠢᠯᠵᠢᠯᠲᠡ ᠵᠢᠨ ᠬᠤᠭᠤᠴᠠᠭ᠎ᠠ ᠭᠠᠷᠭ᠋ᠠᠵᠠᠢ᠃ 2024 ᠣᠨ᠎ᠠᠴᠠ ᠡᠬᠢᠯᠡᠨ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠡᠯᠰᠡᠬᠦ 《ᠳᠡᠯᠡᠬᠡᠢ ᠵᠢᠨ ᠲᠡᠷᠢᠭᠦᠨ ᠲᠠᠰ᠎ᠤᠨ ᠶᠡᠬᠡ ᠰᠤᠷᠭ᠋ᠠᠭᠤᠯᠢ ᠵᠢᠨ ᠪᠦᠲᠦᠭᠡᠨ ᠪᠠᠢ᠌ᠭᠤᠯᠤᠯᠲᠠ ᠵᠢᠨ ᠶᠡᠬᠡ ᠳᠡᠭᠡᠳᠦ ᠰᠤᠷᠭ᠋ᠠᠭᠤᠯᠢ》᠎ᠨᠢ ᠰᠢᠯᠭ᠋ᠠᠭᠤᠯᠤᠭᠴᠢ ᠵᠢᠨ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠬᠢᠷᠢ ᠪᠦᠲᠦᠮᠵᠢ ᠵᠢᠨ ᠱᠠᠭ᠋ᠠᠷᠳᠠᠯᠭ᠎ᠠ ᠵᠢ ᠡᠷᠬᠡᠪᠰᠢ ᠰᠣᠷᠣᠭᠴᠢ ᠵᠢᠨ ᠢᠷᠡᠯᠲᠡ ᠵᠢᠨ ᠮᠤᠵᠢ ᠣᠷᠣᠨ᠎ᠤ ᠵᠢᠩᠬᠢᠨᠢ ᠠᠩᠭᠢ ᠵᠢᠨ ᠰᠣᠷᠣᠭᠴᠢ ᠡᠯᠰᠡᠬᠦ ᠨᠠᠭ᠋ᠠᠲᠤ ᠵᠠᠬ᠎ᠠ ᠵᠢᠨ ᠬᠢᠵᠠᠭ᠋ᠠᠷᠯᠠᠬᠤ ᠬᠤᠪᠢ ᠵᠢᠨ ᠱᠤᠭᠤᠮ᠎ᠳᠤ ᠬᠦᠷᠭᠡᠬᠦ ᠬᠡᠷᠡᠭᠲᠡᠢ; ᠪᠤᠰᠤᠳ ᠶᠡᠬᠡ ᠳᠡᠭᠡᠳᠦ ᠰᠤᠷᠭ᠋ᠠᠭᠤᠯᠢ ᠵᠢᠨ ᠰᠢᠯᠭ᠋ᠠᠭᠤᠯᠤᠭᠴᠢ ᠵᠢᠨ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠬᠢᠷᠢ ᠪᠦᠲᠦᠮᠵᠢ ᠵᠢᠨ ᠱᠠᠭ᠋ᠠᠷᠳᠠᠯᠭ᠎ᠠ ᠵᠢ ᠡᠷᠬᠡᠪᠰᠢ ᠰᠣᠷᠣᠭᠴᠢ ᠵᠢᠨ ᠢᠷᠡᠯᠲᠡ ᠵᠢᠨ ᠮᠤᠵᠢ ᠣᠷᠣᠨ᠎ᠤ ᠵᠢᠩᠬᠢᠨᠢ ᠠᠩᠭᠢ ᠵᠢᠨ ᠰᠣᠷᠣᠭᠴᠢ ᠡᠯᠰᠡᠬᠦ ᠨᠠᠭ᠋ᠠᠲᠤ ᠵᠠᠬ᠎ᠠ ᠵᠢᠨ ᠬᠢᠵᠠᠭ᠋ᠠᠷᠯᠠᠬᠤ ᠬᠤᠪᠢ ᠵᠢᠨ ᠱᠤᠭᠤᠮ᠎ᠤᠨ 80%᠎ᠳᠤ ᠬᠦᠷᠬᠦ ᠬᠡᠷᠡᠭᠳᠡᠢ᠃ ᠡᠭᠦᠨ᠎ᠤ ᠬᠠᠮᠲᠤ᠂ ᠪᠡᠶ᠎ᠡ ᠵᠢᠨ ᠲᠠᠮᠢᠷ᠎ᠤᠨ ᠲᠤᠰᠬᠠᠢ ᠮᠡᠷᠭᠡᠵᠢᠯ᠎ᠤᠨ ᠬᠢᠷᠢ ᠪᠦᠲᠦᠮᠵᠢ᠎ᠪᠠᠷ ᠲᠣᠪᠣᠢ᠌ᠮ᠎ᠠ᠂ ᠣᠨᠴᠠᠭ᠋ᠠᠶ ᠬᠥᠮᠥᠵᠢᠭᠦᠯᠦᠯ᠎ᠤᠨ ᠳᠠᠯᠳᠠ ᠴᠢᠳᠠᠪᠤᠷᠢ᠎ᠲᠠᠢ ᠰᠢᠯᠭ᠋ᠠᠭᠤᠯᠤᠭᠴᠢ᠎ᠳᠤ᠂ ᠶᠡᠬᠡ ᠳᠡᠭᠡᠳᠦ ᠰᠤᠷᠭ᠋ᠠᠭᠤᠯᠢ ᠵᠢᠨ ᠰᠣᠶᠣᠯ᠎ᠤᠨ ᠬᠢᠴᠢᠶᠡᠯ᠎ᠤᠨ ᠬᠢᠷᠢ ᠪᠦᠲᠦᠮᠵᠢ ᠵᠢ ᠱᠠᠲᠤ ᠠᠯᠭ᠋ᠠᠰᠠᠨ ᠡᠯᠰᠡᠬᠦ ᠲᠣᠭᠲᠠᠴᠠ ᠵᠢ ᠰᠦᠪᠡᠭᠴᠢᠯᠡᠨ ᠪᠠᠶ᠋ᠢᠭᠤᠯᠬᠤ ᠵᠢ ᠵᠥᠪᠰᠢᠶᠡᠷᠡᠵᠦ᠂ ᠱᠠᠲᠤ ᠠᠯᠭ᠋ᠠᠰᠠᠨ ᠡᠯᠰᠡᠬᠦ ᠠᠵᠢᠯ᠎ᠳᠤ ᠨᠡᠢ᠌ᠭᠡᠮ᠎ᠤᠨ ᠴᠢᠩᠭ᠎ᠠ ᠬᠢᠨᠠᠯᠲᠠ ᠵᠢ ᠬᠦᠯᠢᠶᠡᠬᠦ ᠪᠣᠯᠣᠨ᠎ᠠ᠃
    7. 《ᠵᠢᠯᠤᠭᠣᠳᠬᠤ ᠰᠠᠨᠠᠯ》᠎ᠳᠤ ᠰᠢᠯᠭ᠋ᠠᠯᠲᠠ ᠵᠢᠨ ᠲᠠᠯ᠎ᠠ᠎ᠪᠠᠷ ᠲᠤᠷᠠᠳᠤᠭᠰᠠᠨ ᠠᠷᠭ᠎ᠠ ᠬᠡᠮᠵᠢᠶ᠎ᠡ
    《ᠵᠢᠯᠤᠭᠣᠳᠬᠤ ᠰᠠᠨᠠᠯ》᠎ᠳᠤ᠂ ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ᠎ᠳᠤ 《ᠰᠣᠶᠣᠯ᠎ᠤᠨ ᠰᠢᠯᠭ᠋ᠠᠯᠲᠠ + ᠲᠤᠰᠬᠠᠢ ᠮᠡᠷᠭᠡᠵᠢᠯ᠎ᠤᠨ ᠰᠢᠯᠭ᠋ᠠᠯᠲᠠ》 ᠵᠢ ᠤᠶᠠᠯᠳᠤᠭᠤᠯᠤᠭᠰᠠᠨ ᠰᠢᠯᠭ᠋ᠠᠵᠤ ᠦᠨᠡᠯᠡᠬᠦ ᠠᠷᠭ᠎ᠠ ᠮᠠᠶᠢᠭ᠎ᠢ ᠬᠡᠷᠡᠭᠯᠡᠨ᠎ᠡ᠃ ᠰᠢᠯᠭ᠋ᠠᠯᠲᠠ ᠵᠢᠨ ᠠᠵᠢᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠷᠬᠡ ᠲᠡᠭᠰᠢ ᠲᠥᠪ ᠭᠣᠥᠯᠴᠢ ᠪᠠᠢ᠌ᠬᠤ ᠵᠢ ᠦᠨᠡᠨ ᠬᠦ᠌ ᠪᠠᠲᠤᠯᠠᠨ᠎ᠠ᠃ 2024 ᠣᠨ᠎ᠠᠴᠠ ᠡᠬᠢᠯᠡᠨ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠢᠯᠭ᠋ᠠᠭᠤᠯᠤᠭᠰᠠᠳ᠎ᠤᠨ ᠰᠣᠶᠣᠯ᠎ᠤᠨ ᠰᠢᠯᠭ᠋ᠠᠯᠲᠠ ᠵᠢᠨ ᠬᠢᠷᠢ ᠪᠦᠲᠦᠮᠵᠢ᠎ᠳᠤ ᠴᠥᠮ ᠪᠥᠬᠥ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠣᠶᠣᠯ᠎ᠤᠨ ᠬᠢᠴᠢᠶᠡᠯ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢ ᠬᠡᠷᠡᠭᠯᠡᠨ᠎ᠡ᠃ ᠲᠤᠰᠬᠠᠢ ᠮᠡᠷᠭᠡᠵᠢᠯ᠎ᠤᠨ ᠰᠢᠯᠭ᠋ᠠᠯᠲᠠ ᠵᠢ ᠪᠦᠬᠦᠨ᠎ᠢ ᠪᠥᠬᠥ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠭᠤᠯᠵᠤ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ᠎ᠠᠴᠠ ᠲᠦᠷᠦᠭᠦᠯᠡᠨ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠶᠡᠬᠡ ᠳᠡᠭᠡᠳᠦ ᠰᠤᠷᠭ᠋ᠠᠭᠤᠯᠢ᠎ᠨᠤᠭᠤᠳ ᠬᠠᠮᠢᠶ᠎ᠠ ᠪᠦᠬᠦᠢ ᠰᠤᠷᠭ᠋ᠠᠭᠤᠯᠢ ᠵᠢᠨ ᠰᠢᠯᠭ᠋ᠠᠯᠲᠠ ᠵᠢ ᠳᠠᠭᠢᠵᠤ ᠵᠣᠬᠢᠶᠠᠨ ᠪᠠᠶ᠋ᠢᠭᠤᠯᠬᠤ ᠦᠭᠡᠢ᠃ 2024 ᠣᠨ᠎ᠠᠴᠠ ᠡᠮᠦᠨ᠎ᠡ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢ ᠪᠥᠬᠥ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠵᠦᠢ᠍ᠯᠡᠰ᠎ᠲᠤ ᠣᠷᠣᠭᠤᠯᠤᠭ᠋ᠠᠳᠤᠢ ᠪᠠᠢ᠌ᠭᠰᠠᠨ ᠪᠣᠯ ᠶᠡᠬᠡ ᠳᠡᠭᠡᠳᠦ ᠰᠤᠷᠭ᠋ᠠᠭᠤᠯᠢ᠎ᠨᠤᠭᠤᠳ ᠮᠥᠨ ᠬᠦ᠌ ᠲᠤᠰᠬᠠᠢ ᠮᠡᠷᠭᠡᠵᠢᠯ᠎ᠤᠨ ᠰᠢᠯᠭ᠋ᠠᠯᠲᠠ ᠵᠢ ᠵᠣᠬᠢᠶᠠᠨ ᠪᠠᠢ᠌ᠭᠤᠯᠵᠤ ᠪᠣᠯᠣᠨ᠎ᠠ᠃ ᠬᠠᠮᠢᠶ᠎ᠠ ᠪᠦᠬᠦᠢ ᠠᠵᠢᠯ᠎ᠳᠤ ᠰᠢᠯᠢᠳᠡᠭ᠎ᠤᠨ ᠳᠣᠲᠣᠷ᠎ᠠ᠎ᠠᠴᠠ ᠰᠢᠯᠢᠳᠡᠭ᠎ᠢ ᠰᠣᠩᠭᠣᠬᠤ ᠵᠢ ᠪᠠᠷᠢᠮᠲᠠᠯᠠᠵᠤ᠂ ᠰᠢᠯᠭ᠋ᠠᠭᠤᠯᠤᠭᠰᠠᠳ᠎ᠤᠨ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠪᠠ ᠪᠡᠶ᠎ᠡ ᠵᠢᠨ ᠲᠠᠮᠢᠷ᠎ᠤᠨ ᠶᠣᠰᠣ ᠮᠣᠷᠠᠯ ᠬᠡᠪ ᠰᠤᠷᠲᠠᠯ᠎ᠤᠨ ᠪᠠᠢ᠌ᠴᠠᠭ᠋ᠠᠯᠲᠠ ᠵᠢ ᠴᠢᠩᠭ᠋ᠠᠳᠬᠠᠨ᠎ᠠ᠃ ᠬᠥᠭᠡᠷᠦᠭᠦᠯᠬᠦ ᠡᠮ᠎ᠤᠨ ᠲᠣᠭᠲᠠᠭ᠋ᠠᠯ᠎ᠢ ᠵᠥᠷᠢᠴᠡᠭᠰᠡᠨ ᠰᠢᠯᠭ᠋ᠠᠭᠤᠯᠤᠭᠴᠢ ᠵᠢᠨ ᠲᠤᠬᠠᠢ ᠵᠢᠨ ᠵᠢᠯ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠨᠡᠷ᠎ᠡ ᠮᠡᠳᠡᠭᠦᠯᠬᠦ᠂ ᠰᠢᠯᠭ᠋ᠠᠬᠤ ᠪᠠ ᠡᠯᠰᠡᠬᠦ ᠬᠢᠷᠢ ᠬᠡᠮ᠎ᠢ᠎ᠨᠢ ᠬᠠᠰᠤᠵᠤ᠂ ᠰᠢᠯᠭ᠋ᠠᠭᠤᠯᠤᠭᠴᠢ ᠵᠢᠨ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠳᠤ ᠤᠷᠤᠭᠤᠯᠤᠨ᠎ᠡ᠃
    8. ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠲᠤᠰᠬᠠᠢ ᠮᠡᠷᠭᠡᠵᠢᠯ᠎ᠤᠨ ᠰᠢᠯᠭ᠋ᠠᠯᠳᠠ ᠵᠢᠨ ᠪᠥᠬᠥ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢ ᠲᠦᠯᠬᠢᠨ ᠠᠬᠢᠭᠤᠯᠬᠤ ᠲᠤᠬᠠᠢ ᠪᠤᠳᠤᠯᠬᠢᠯᠠᠯᠳᠠ
      ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠦᠨ ᠠᠬᠢᠭᠤᠯᠬᠤ ᠵᠢᠨ ᠲᠥᠯᠥᠭᠡ᠂ ᠣᠢ᠌ᠷ᠎ᠠ ᠵᠢᠨ ᠵᠢᠯ᠎ᠤᠳ᠎ᠲᠤ᠂ ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠨᠢᠭᠡᠨᠲᠡ ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠬᠥᠯ ᠪᠥᠮᠪᠥᠭᠡ᠂ ᠤᠮᠪᠠᠯᠲᠠ ᠵᠡᠷᠭᠡ ᠲᠦᠷᠦᠯ ᠵᠦᠢ᠍ᠯ᠎ᠢ ᠪᠥᠬᠥ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠭᠤᠯᠵᠤ᠂ ᠶᠡᠬᠡ ᠳᠡᠭᠡᠳᠦ ᠰᠤᠷᠭ᠋ᠠᠭᠤᠯᠢ᠂ ᠰᠢᠯᠭ᠋ᠠᠭᠤᠯᠤᠭᠴᠢ ᠵᠢᠴᠢ ᠭᠡᠷ᠎ᠤᠨ ᠠᠬᠠᠮᠠᠳ᠎ᠤᠨ ᠰᠠᠢ᠌ᠨ ᠦᠨᠡᠯᠡᠯᠲᠡ ᠵᠢ ᠣᠯᠣᠭᠰᠠᠨ ᠪᠠᠢ᠌ᠨ᠎ᠠ᠃ ᠪᠥᠬᠥ ᠤᠯᠤᠰ᠎ᠤᠨ ᠨᠢᠭᠡᠳᠦᠯᠲᠡᠢ ᠰᠢᠯᠭ᠋ᠠᠯᠲᠠ᠎ᠨᠢ ᠲᠤᠰᠬᠠᠢ ᠮᠡᠷᠭᠡᠵᠢᠯ᠎ᠤᠨ ᠰᠢᠯᠭ᠋ᠠᠯᠲᠠ ᠵᠢᠨ ᠲᠥᠪ ᠭᠣᠥᠯᠴᠢ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠎ᠢ ᠳᠡᠭᠡᠭᠰᠢᠯᠡᠭᠦᠯᠵᠦ ᠪᠣᠯᠬᠤ ᠮᠥᠷᠲᠡᠭᠡᠨ ᠪᠠᠰᠠ ᠰᠤᠷᠭ᠋ᠠᠭᠤᠯᠢ ᠵᠢᠨ ᠳᠤᠭᠤᠢ᠌ᠯᠠᠩ᠎ᠤᠨ ᠰᠢᠯᠭ᠋ᠠᠯᠲᠠ ᠵᠢᠨ ᠥᠪᠡᠷ᠎ᠤᠨ ᠥᠷᠲᠡᠭ ᠵᠢᠴᠢ ᠰᠢᠯᠭ᠋ᠠᠭᠤᠯᠤᠭᠴᠢ᠂ ᠭᠡᠷ᠎ᠤᠨ ᠠᠬᠠᠮᠠᠳ᠎ᠤᠨ ᠣᠯᠠᠨ ᠰᠤᠷᠭ᠋ᠠᠭᠤᠯᠢ ᠵᠢᠨ ᠰᠢᠯᠭ᠋ᠠᠯᠲᠠ᠎ᠳᠤ ᠣᠷᠣᠯᠴᠠᠬᠤ ᠥᠪᠡᠷ᠎ᠤᠨ ᠥᠷᠲᠡᠭ᠎ᠢ ᠪᠠᠭᠤᠷᠠᠭᠤᠯᠬᠤ᠎ᠳᠤ ᠠᠰᠢᠭᠲᠠᠢ ᠶᠤᠮ᠃ ᠲᠠᠷᠠᠭ᠋ᠠᠴᠢ ᠵᠢᠨ ᠠᠯᠬᠤᠮ᠎ᠳᠤ᠂ ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠲᠥᠷᠥᠯ ᠵᠦᠢ᠍ᠯ᠎ᠢ ᠠᠯᠬᠤᠮ ᠠᠯᠬᠤᠮ ᠵᠶ᠋ᠠᠷ ᠪᠥᠬᠥ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠭᠤᠯᠵᠤ᠂ ᠨᠠᠩ ᠣᠯᠠᠨ ᠣᠲᠣ ᠦᠶ᠎ᠡ ᠵᠢᠨ ᠮᠡᠷᠭᠡᠵᠢᠯ᠎ᠤᠨ ᠠᠷᠭ᠎ᠠ ᠪᠠᠷᠢᠯ᠎ᠢ ᠰᠦᠪᠡᠭᠴᠢᠯᠡᠨ ᠠᠰᠢᠭᠯᠠᠵᠤ ᠪᠠᠢ᠌ᠭ᠋ᠠᠳ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠢᠷᠢ ᠲᠦᠪᠰᠢᠨ᠎ᠢ ᠪᠤᠰᠤᠳᠴᠢ᠎ᠪᠠᠷ ᠰᠢᠯᠭ᠋ᠠᠨ ᠰᠤᠷᠢᠨ᠎ᠡ᠃
    9. 《ᠵᠢᠯᠤᠭᠣᠳᠬᠤ ᠰᠠᠨᠠᠯ》᠎ᠳᠤ ᠰᠢᠯᠭ᠋ᠠᠭᠤᠯᠤᠭᠴᠢ ᠵᠢᠨ ᠲᠤᠰᠬᠠᠢ ᠮᠡᠷᠭᠡᠵᠢᠯ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠲᠠᠯ᠎ᠠ᠎ᠪᠠᠷ᠎ᠬᠢ   ᠲᠤᠷᠠᠳᠤᠭᠰᠠᠨ ᠱᠠᠭ᠋ᠠᠷᠳᠠᠯᠭ᠎ᠠ
      ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠰᠤᠷᠭ᠋ᠠᠭᠤᠯᠢ᠎ᠳᠤ ᠣᠷᠣᠭᠰᠠᠨ᠎ᠤ ᠳᠠᠷᠠᠭ᠎ᠠ᠂ ᠪᠣᠯᠪᠠᠰᠤᠷᠠᠯ ᠪᠠ ᠤᠷᠤᠯᠳᠤᠭ᠋ᠠᠨ᠎ᠤ ᠡᠭᠦᠷᠭᠡ ᠵᠢ ᠡᠭᠦᠷᠭᠡᠯᠡᠬᠦ᠎ᠪᠠᠷ ᠪᠠᠷᠠᠬᠤ ᠦᠭᠡᠢ ᠪᠠᠰᠠ ᠰᠤᠷᠤᠯᠭ᠎ᠠ ᠵᠢᠨ ᠡᠭᠦᠷᠭᠡ᠎ᠪᠠᠨ ᠪᠡᠶᠡᠯᠡᠭᠦᠯᠬᠦ ᠵᠢ ᠪᠣᠳᠣᠯᠬᠢᠯᠠᠵᠤ᠂ 《ᠵᠢᠯᠤᠭᠣᠳᠬᠤ ᠰᠠᠨᠠᠯ》᠎ᠳᠤ ᠲᠥᠷᠥᠯ ᠬᠤᠪᠢᠶᠠᠨ ᠬᠥᠲᠥᠯᠥᠨ ᠵᠢᠯᠤᠭᠣᠳᠬᠤ ᠰᠡᠳᠬᠢᠮᠵᠢ ᠵᠢ ᠠᠪᠴᠤ᠂ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠰᠣᠶᠣᠯ᠎ᠤᠨ ᠬᠢᠴᠢᠶᠡᠯ᠎ᠤᠨ ᠬᠢᠷᠢ ᠪᠦᠲᠦᠮᠵᠢ᠎ᠪᠠᠷ ᠨᠡᠯᠢᠶᠡᠳ ᠥᠨᠳᠥᠷ᠂ ᠰᠣᠶᠣᠯ᠎ᠤᠨ ᠰᠠᠭᠤᠷᠢ᠎ᠪᠠᠷ ᠨᠡᠯᠢᠶᠡᠳ ᠰᠠᠢ᠌ᠨ ᠰᠢᠯᠭ᠋ᠠᠭᠤᠯᠤᠭᠴᠢ ᠡᠩ᠎ᠤᠨ ᠲᠥᠷᠥᠯ᠎ᠤᠨ ᠲᠤᠰᠬᠠᠢ ᠮᠡᠷᠭᠡᠵᠢᠯ᠎ᠳᠤ ᠨᠡᠷ᠎ᠡ ᠮᠡᠳᠡᠭᠦᠯᠵᠦ ᠪᠣᠯᠣᠨ᠎ᠠ᠂ ᠪᠤᠰᠤᠳ ᠰᠢᠯᠭ᠋ᠠᠭᠤᠯᠤᠭᠴᠢ ᠵᠢ ᠬᠠᠮᠢᠶ᠎ᠠ ᠪᠦᠬᠦᠢ ᠪᠡᠶ᠎ᠡ ᠵᠢᠨ ᠲᠠᠮᠢᠷ᠎ᠤᠨ ᠤᠬᠠᠭ᠋ᠠᠨ᠎ᠤ ᠲᠥᠷᠥᠯ᠎ᠤᠨ ᠲᠤᠰᠬᠠᠢ ᠮᠡᠷᠭᠡᠵᠢᠯ᠎ᠳᠤ ᠰᠤᠷᠤᠯᠴᠠᠭᠤᠯᠬᠤ᠎ᠪᠠᠷ ᠬᠢᠵᠠᠭ᠋ᠠᠷᠯᠠᠨ᠎ᠠ ᠭᠡᠵᠦ ᠲᠣᠳᠣᠷᠬᠠᠢ ᠲᠣᠭᠲᠠᠭ᠋ᠠᠵᠠᠢ᠃   《ᠵᠢᠯᠤᠭᠣᠳᠬᠤ ᠰᠠᠨᠠᠯ》᠎ᠳᠤ᠂ 2024 ᠣᠨ᠎ᠠᠴᠠ ᠡᠬᠢᠯᠡᠨ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠡᠯᠰᠡᠭᠰᠡᠨ ᠰᠣᠷᠣᠭᠴᠢ ᠵᠢᠨ ᠳᠣᠲᠣᠷ᠎ᠠ᠂ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠰᠣᠶᠣᠯ᠎ᠤᠨ ᠬᠢᠴᠢᠶᠡᠯ᠎ᠤᠨ ᠬᠢᠷᠢ ᠪᠦᠲᠦᠮᠵᠢ᠎ᠨᠢ ᠰᠣᠷᠣᠭᠴᠢ ᠡᠯᠰᠡᠬᠦ ᠶᠡᠬᠡ ᠳᠡᠭᠡᠳᠦ ᠰᠤᠷᠭ᠋ᠠᠭᠤᠯᠢ ᠵᠢᠨ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠰᠣᠷᠣᠭᠴᠢ ᠵᠢᠨ ᠢᠷᠡᠯᠲᠡ ᠵᠢᠨ ᠮᠤᠵᠢ᠎ᠠᠴᠠ ᠡᠯᠰᠡᠬᠦ ᠬᠤᠪᠢ ᠵᠢᠨ ᠱᠤᠭᠤᠮ᠎ᠠᠴᠠ 20 ᠬᠤᠪᠢ᠎ᠠᠴᠠ ᠳᠣᠷᠣᠭᠰᠢ ᠰᠣᠷᠣᠭᠴᠢ ᠵᠣᠬᠢᠬᠤ ᠡᠩ᠎ᠤᠨ ᠲᠤᠰᠬᠠᠢ ᠮᠡᠷᠭᠡᠵᠢᠯ᠎ᠳᠤ ᠰᠤᠷᠤᠯᠴᠠᠬᠤ᠎ᠪᠠᠷ ᠭᠤᠶᠤᠴᠢᠯᠠᠵᠤ ᠪᠣᠯᠣᠨ᠎ᠠ; ᠪᠤᠰᠤᠳ ᠰᠣᠷᠣᠭᠴᠢ ᠵᠢ ᠪᠡᠶ᠎ᠡ ᠵᠢᠨ ᠲᠠᠮᠢᠷ᠎ᠤᠨ ᠤᠬᠠᠭ᠋ᠠᠨ᠎ᠤ ᠲᠥᠷᠥᠯ᠎ᠤᠨ ᠲᠤᠰᠬᠠᠢ ᠮᠡᠷᠭᠡᠵᠢᠯ᠎ᠳᠤ ᠰᠤᠷᠤᠯᠴᠠᠭᠤᠯᠬᠤ᠎ᠪᠠᠷ ᠬᠢᠵᠠᠭ᠋ᠠᠷᠯᠠᠵᠤ᠂ ᠵᠠᠷᠴᠢᠮ ᠳᠡᠭᠡᠷ᠎ᠡ᠎ᠪᠠᠨ ᠪᠤᠰᠤᠳ ᠲᠥᠷᠥᠯ᠎ᠤᠨ ᠲᠤᠰᠬᠠᠢ ᠮᠡᠷᠭᠡᠵᠢᠯ᠎ᠳᠤ ᠰᠢᠯᠵᠢᠭᠦᠯᠦᠨ ᠰᠤᠷᠤᠯᠴᠠᠭᠤᠯᠵᠤ ᠪᠣᠯᠬᠤ ᠦᠭᠡᠢ ᠭᠡᠵᠦ ᠲᠤᠳᠤᠷᠬᠠᠢ ᠲᠤᠭᠳᠠᠭ᠋ᠠᠪᠠ᠃
    10. 《ᠵᠢᠯᠤᠭᠣᠳᠬᠤ ᠰᠠᠨᠠᠯ》᠎ᠳᠤ ᠰᠤᠷᠭ᠋ᠠᠭᠤᠯᠢ᠎ᠳᠤ ᠣᠷᠣᠭᠰᠠᠨ᠎ᠤ ᠳᠠᠷᠠᠭ᠋ᠠᠬᠢ ᠬᠥᠮᠥᠵᠢᠭᠦᠯᠬᠦ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ ᠲᠤᠷᠠᠳᠤᠭᠰᠠᠨ ᠱᠠᠭ᠋ᠠᠷᠳᠠᠯᠭ᠎ᠠ
    ᠵᠠᠷᠢᠮ ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠤᠷᠭ᠋ᠠᠭᠤᠯᠢ᠎ᠳᠠᠬᠢ ᠬᠠᠮᠢᠶᠠᠷᠤᠯᠲᠠ ᠴᠢᠩᠭ᠎ᠠ ᠪᠢᠰᠢ ᠪᠠᠢ᠌ᠬᠤ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠠᠵᠢᠯ᠎ᠤᠨ ᠪᠠᠢ᠌ᠷᠢ ᠲᠣᠭᠲᠠᠭ᠋ᠠᠯᠲᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ 《ᠵᠢᠯᠤᠭᠣᠳᠬᠤ ᠰᠠᠨᠠᠯ》᠎ᠳᠤ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠤᠷᠭ᠋ᠠᠭᠤᠯᠢ᠎ᠳᠤ ᠣᠷᠣᠭᠰᠠᠨ᠎ᠤ ᠳᠠᠷᠠᠭ᠋ᠠᠬᠢ ᠬᠥᠮᠥᠵᠢᠭᠦᠯᠬᠦ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠰᠤᠷᠤᠭᠴᠢᠳ᠎ᠤᠨ ᠰᠤᠷᠭ᠋ᠠᠭᠤᠯᠢ᠎ᠳᠤ ᠣᠷᠣᠬᠤ᠎ᠠᠴᠠ ᠠᠪᠤᠭ᠋ᠠᠳ ᠰᠤᠷᠭ᠋ᠠᠭᠤᠯᠢ ᠲᠡᠭᠦᠰᠬᠦ ᠬᠦᠷᠳᠡᠯᠡᠬᠢ ᠬᠥᠮᠥᠵᠢᠭᠦᠯᠬᠦ   ᠪᠥᠬᠥ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ ᠭᠡᠵᠦ ᠲᠣᠳᠣᠷᠬᠠᠢ ᠲᠣᠭᠲᠠᠭ᠋ᠠᠵᠠᠢ᠃
    ᠨᠢᠭᠡ᠎ᠳᠤ ᠰᠤᠷᠭ᠋ᠠᠭᠤᠯᠢ᠎ᠳᠤ ᠣᠷᠣᠬᠤ ᠵᠢ ᠲᠠᠬᠢᠨ ᠪᠠᠢ᠌ᠴᠠᠭ᠋ᠠᠬᠤ ᠵᠢ ᠴᠢᠩᠭ᠋ᠠᠳᠬᠠᠨ᠎ᠠ᠃ ᠶᠡᠬᠡ ᠳᠡᠭᠡᠳᠦ ᠰᠤᠷᠭ᠋ᠠᠭᠤᠯᠢ᠎ᠨᠤᠭᠤᠳ ᠰᠢᠨ᠎ᠡ ᠰᠣᠷᠣᠭᠴᠢ ᠵᠢᠨ ᠰᠤᠷᠭ᠋ᠠᠭᠤᠯᠢ᠎ᠳᠤ ᠣᠷᠣᠬᠤ ᠵᠢ ᠳᠠᠬᠢᠨ ᠪᠠᠢ᠌ᠴᠠᠭ᠋ᠠᠬᠤ ᠵᠢ ᠴᠢᠩᠭ᠎ᠠ ᠵᠣᠬᠢᠶᠠᠨ ᠪᠠᠢ᠌ᠭᠤᠯᠵᠤ᠂ ᠪᠡᠶ᠎ᠡ ᠵᠢᠨ ᠲᠠᠮᠢᠷ᠎ᠤᠨ ᠲᠤᠰᠬᠠᠢ ᠲᠥᠷᠥᠯ᠎ᠤᠨ ᠳᠠᠬᠢᠨ ᠰᠢᠯᠭ᠋ᠠᠯᠲᠠ᠎ᠳᠤ ᠬᠢᠷᠢ ᠲᠡᠩᠴᠡᠭᠰᠡᠨ ᠦᠭᠡᠢ᠂ ᠰᠤᠷᠭ᠋ᠠᠭᠤᠯᠢ᠎ᠳᠤ ᠣᠷᠣᠬᠤ ᠵᠢᠨ ᠡᠮᠦᠨ᠎ᠡ ᠬᠣᠢ᠌ᠨᠠᠬᠢ ᠬᠣᠶᠠᠷ ᠤᠳᠠᠭ᠋ᠠᠨ᠎ᠤ ᠰᠢᠯᠭ᠋ᠠᠯᠲᠠ ᠵᠢᠨ ᠬᠢᠷᠢ ᠪᠦᠲᠦᠮᠵᠢ ᠵᠢᠨ ᠵᠥᠷᠢᠶ᠎ᠡ᠎ᠨᠢ ᠢᠯᠡᠷᠬᠡᠢ ᠰᠢᠯᠭ᠋ᠠᠭᠤᠯᠤᠭᠴᠢ᠎ᠳᠤ ᠲᠤᠰᠬᠠᠢ ᠪᠠᠢ᠌ᠴᠠᠭ᠋ᠠᠯᠲᠠ ᠬᠢᠬᠦ ᠵᠢ ᠵᠣᠬᠢᠶᠠᠨ ᠪᠠᠶ᠋ᠢᠭᠤᠯᠬᠤ ᠬᠡᠷᠡᠭᠲᠡᠢ᠃ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ᠂ ᠬᠤᠪᠢ ᠵᠢᠨ ᠨᠠᠢ᠌ᠷ ᠵᠶ᠋ᠠᠷ ᠬᠠᠤᠯᠢ ᠶᠣᠰᠣ ᠵᠢ ᠵᠥᠷᠢᠴᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠡᠯᠰᠡᠬᠦ ᠬᠢᠷᠢ ᠬᠡᠮ᠎ᠢ ᠮᠡᠬᠡᠯᠡᠨ ᠣᠯᠣᠭᠰᠠᠨ ᠰᠣᠷᠣᠭᠴᠢ ᠵᠢᠴᠢ ᠲᠣᠭᠲᠠᠭ᠋ᠠᠯ᠎ᠠᠴᠠ ᠵᠥᠷᠢᠴᠡᠨ ᠡᠯᠰᠡᠭᠰᠡᠨ ᠰᠣᠷᠣᠭᠴᠢ ᠵᠢᠨ ᠰᠤᠷᠭ᠋ᠠᠭᠤᠯᠢ᠎ᠳᠤ ᠣᠷᠣᠬᠤ ᠬᠢᠷᠢ ᠬᠡᠮ᠂ ᠡᠯᠰᠡᠬᠦ ᠬᠢᠷᠢ ᠬᠡᠮ ᠪᠤᠶᠤ ᠰᠤᠷᠭ᠋ᠠᠭᠤᠯᠢ ᠵᠢᠨ ᠬᠠᠷᠢᠶ᠎ᠠ ᠵᠢ ᠴᠥᠮ ᠬᠦᠴᠦᠨ ᠦᠭᠡᠢ ᠪᠣᠯᠭ᠋ᠠᠨ᠎ᠠ᠃
    ᠬᠣᠶᠠᠷ᠎ᠲᠤ᠂ ᠪᠣᠯᠪᠠᠰᠤᠷᠠᠯ᠎ᠳᠤ ᠣᠷᠣᠯᠴᠠᠬᠤ ᠡᠭᠦᠷᠭᠡ ᠵᠢ ᠲᠣᠳᠣᠷᠬᠠᠢ᠌ᠯᠠᠨ᠎ᠠ᠃ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠰᠣᠷᠣᠭᠴᠢ ᠡᠯᠰᠡᠬᠦ᠎ᠳᠡᠭᠡᠨ ᠶᠡᠬᠡ ᠳᠡᠭᠡᠳᠦ ᠰᠤᠷᠭ᠋ᠠᠭᠤᠯᠢ᠎ᠲᠠᠢ ᠬᠡᠯᠡᠯᠴᠡᠭᠡᠷ ᠲᠣᠭᠲᠠᠵᠤ᠂ ᠪᠣᠯᠪᠠᠰᠤᠷᠠᠯ ᠪᠠ ᠤᠷᠤᠯᠳᠤᠭ᠋ᠠᠨ᠎ᠳᠤ ᠣᠷᠣᠯᠴᠠᠬᠤ ᠡᠭᠦᠷᠭᠡ᠎ᠪᠠᠨ ᠬᠢᠨᠠᠮᠠᠭ᠋ᠠᠢ ᠭᠦᠢ᠍ᠴᠡᠳᠬᠡᠬᠦ ᠬᠡᠷᠡᠭᠲᠡᠢ᠃ ᠶᠡᠬᠡ ᠳᠡᠭᠡᠳᠦ ᠰᠤᠷᠭ᠋ᠠᠭᠤᠯᠢ᠎ᠨᠤᠭᠤᠳ ᠪᠣᠯᠪᠠᠰᠤᠷᠠᠯ᠎ᠤᠨ ᠬᠢᠴᠢᠶᠡᠯ᠎ᠤᠨ ᠴᠠᠭ ᠪᠠ ᠢᠯᠡᠷᠡᠯ᠂ ᠤᠷᠤᠯᠳᠤᠭ᠋ᠠᠨ᠎ᠤ ᠬᠢᠷᠢ ᠪᠦᠲᠦᠮᠵᠢ ᠪᠠ ᠲᠣᠪᠣᠢ᠌ᠮ᠎ᠠ ᠬᠤᠪᠢ ᠨᠡᠮᠡᠷᠢ ᠵᠡᠷᠭᠡ ᠵᠢ ᠪᠠᠭᠲᠠᠭ᠋ᠠᠭᠰᠠᠨ ᠰᠤᠷᠤᠭᠴᠢᠳ᠎ᠤᠨ ᠲᠠᠮᠢᠷ᠎ᠤᠨ ᠠᠩᠭᠢ᠎ᠳᠠᠬᠢ ᠬᠢᠨᠠᠨ ᠰᠢᠯᠭ᠋ᠠᠯᠲᠠ ᠵᠢ ᠵᠠᠪᠠᠯ ᠰᠤᠷᠬᠤ ᠬᠢᠴᠢᠶᠡᠯ ᠪᠣᠯᠭ᠋ᠠᠨ ᠠᠰ᠎ᠲᠤᠨᠢ ᠬᠠᠮᠢᠶᠠᠷᠬᠤ ᠵᠢᠨ ᠬᠠᠮᠲᠤ ᠵᠠᠪᠠᠯ ᠰᠤᠷᠬᠤ ᠰᠤᠷᠤᠯᠭ᠎ᠠ ᠵᠢᠨ ᠬᠤᠪᠢ ᠵᠢ ᠪᠤᠳᠤᠵᠤ ᠶᠡᠷᠦᠩᠬᠡᠢ ᠰᠤᠷᠤᠯᠭ᠎ᠠ ᠵᠢᠨ ᠬᠤᠪᠢ᠎ᠳᠤ ᠣᠷᠣᠭᠤᠯᠬᠤ ᠬᠡᠷᠡᠭᠲᠡᠢ᠃
    ᠭᠤᠷᠪᠠ᠎ᠳᠤ ᠡᠳᠦᠷ ᠲᠤᠲᠤᠮ᠎ᠤᠨ ᠬᠠᠮᠢᠶᠠᠷᠤᠯᠲᠠ ᠵᠢ ᠴᠢᠩᠳᠠᠯᠠᠨ᠎ᠠ᠃ ᠰᠤᠷᠭ᠋ᠠᠭᠤᠯᠢ᠎ᠳᠤ ᠣᠷᠣᠭᠰᠠᠨ᠎ᠤ ᠳᠠᠷᠠᠭ᠎ᠠ ᠳᠤᠷ᠎ᠠ᠎ᠪᠠᠷ ᠵᠶ᠋ᠠᠨ ᠪᠣᠯᠪᠠᠰᠤᠷᠠᠯ ᠪᠠ ᠤᠷᠤᠯᠳᠤᠭ᠋ᠠᠨ᠎ᠳᠤ ᠣᠷᠣᠯᠴᠠᠬᠤ ᠦᠭᠡᠢ ᠥᠨᠳᠥᠷ ᠬᠢᠷᠢ ᠲᠦᠪᠰᠢᠨ ᠪᠦᠬᠦᠢ ᠲᠠᠮᠢᠷᠴᠢᠨ᠎ᠢ ᠶᠡᠬᠡ ᠳᠡᠭᠡᠳᠦ ᠰᠤᠷᠭ᠋ᠠᠭᠤᠯᠢ᠎ᠨᠤᠭᠤᠳ ᠰᠤᠷᠭ᠋ᠠᠭᠤᠯᠢ ᠵᠢᠨ ᠬᠠᠷᠢᠶᠠᠨ᠎ᠤ ᠬᠠᠮᠢᠶᠠᠷᠤᠯᠲᠠ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠨ ᠰᠢᠢ᠍ᠳᠪᠦᠷᠢᠯᠡᠵᠦ᠂ ᠦᠢᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ ᠰᠠᠬᠢᠯᠭ᠎ᠠ ᠪᠠᠲᠤ ᠵᠢᠨ ᠰᠢᠳᠬᠡᠯ ᠥᠭᠬᠦ ᠪᠤᠶᠤ ᠰᠤᠷᠤᠯᠭ᠎ᠠ᠎ᠠᠴᠠ᠎ᠨᠢ ᠵᠣᠭᠰᠣᠭ᠋ᠠᠵᠤ ᠰᠢᠢ᠍ᠳᠪᠦᠷᠢᠯᠡᠨ᠎ᠡ᠃
    ᠳᠥᠷᠪᠡ᠎ᠳᠤ᠂ ᠡᠩᠨᠡᠭᠡ᠎ᠠᠴᠠ ᠭᠠᠷᠬᠤ ᠬᠠᠮᠢᠶᠠᠷᠤᠯᠲᠠ ᠵᠢ ᠴᠢᠩᠳᠠᠯᠠᠨ᠎ᠠ᠃ ᠰᠢᠷᠬᠠᠲᠤᠭᠰᠠᠨ᠂ ᠡᠪᠡᠳᠴᠢᠯᠡᠭᠰᠡᠨ᠂ ᠵᠡᠮᠳᠡᠭ ᠪᠣᠯᠤᠭᠰᠠᠨ ᠪᠤᠶᠤ ᠪᠤᠰᠤᠳ ᠤᠨᠴᠠᠭ᠋ᠠᠢ ᠪᠤᠰᠤᠳᠴᠢ ᠰᠢᠯᠲᠠᠭ᠋ᠠᠨ᠎ᠠᠴᠠ ᠪᠣᠯᠣᠭ᠋ᠠᠳ ᠦᠨᠡᠬᠡᠷ ᠦᠷᠭᠦᠯᠵᠢᠯᠡᠨ ᠪᠣᠯᠪᠠᠰᠤᠷᠠᠯ ᠬᠢᠵᠦ ᠤᠷᠤᠯᠳᠤᠭ᠋ᠠᠨ᠎ᠳᠤ ᠤᠷᠤᠯᠴᠠᠵᠦ ᠳᠡᠶ᠋ᠢᠯᠬᠦ ᠦᠬ᠋ᠡᠢ ᠪᠣᠯ ᠶᠡᠬᠡ ᠳᠡᠭᠡᠳᠦ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠠᠴᠠ ᠬᠢᠴᠢᠶᠡᠯ ᠬᠥᠮᠦᠵᠢᠯ᠂ ᠰᠤᠷᠤᠭᠴᠢᠳ᠎ᠤᠨ ᠠᠵᠢᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠵᠥᠪᠳᠡᠯᠴᠡᠭᠰᠡᠨ᠎ᠤ ᠲᠠᠷᠠᠭ᠎ᠠ᠂ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠺᠣᠮᠢᠰ᠎ᠲᠤ ᠮᠡᠳᠡᠭᠦᠯᠦᠨ ᠬᠢᠨᠠᠨ ᠶᠠᠷᠢᠯᠴᠠᠭᠤᠯᠵᠤ ᠲᠣᠭᠲᠠᠭ᠋ᠠᠯᠭ᠋ᠠᠭ᠋ᠠᠳ ᠠᠡᠭᠬ᠋ᠢ᠎ᠠᠴᠠ ᠭᠠᠷᠴᠤ ᠪᠣᠯᠣᠨ᠎ᠠ᠃   ᠶᠡᠬᠡ ᠳᠡᠭᠡᠳᠦ ᠰᠤᠷᠭ᠋ᠠᠭᠤᠯᠢ᠎ᠨᠤᠭᠤᠳ ᠪᠣᠭᠣᠮᠲᠠ ᠵᠢ ᠴᠢᠩᠭ᠎ᠠ ᠠᠳᠬᠤᠬᠤ ᠵᠢᠨ ᠬᠠᠮᠲᠤ ᠲᠠᠬᠢᠨ ᠬᠢᠨᠠᠵᠤ ᠰᠢᠪᠠᠳᠠᠨ ᠪᠠᠢ᠌ᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠢ᠃ ᠬᠢᠨᠠᠨ ᠲᠣᠭᠲᠠᠭ᠋ᠠᠯᠲᠠ᠎ᠪᠠᠷ ᠳᠡᠮᠵᠢᠨ ᠪᠣᠯᠪᠠᠰᠤᠷᠠᠯ ᠪᠠ ᠤᠷᠤᠯᠳᠤᠭ᠋ᠠᠨ᠎ᠳᠤ ᠦᠷᠭᠦᠯᠵᠢᠯᠡᠨ ᠣᠷᠣᠯᠴᠠᠵᠤ ᠳᠡᠶ᠋ᠢᠯᠬᠦ ᠦᠭᠡᠢ   ᠠᠩᠭᠢ᠎ᠠᠴᠠ ᠭᠠᠷᠤᠭᠰᠠᠨ ᠰᠤᠷᠤᠭᠴᠢᠳ᠂ ᠡᠩ᠎ᠤᠨ ᠰᠤᠷᠤᠭᠴᠢᠳ᠎ᠢ ᠵᠢᠯᠣᠭᠣᠳᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ ᠪᠠ ᠤᠷᠤᠯᠳᠤᠭ᠋ᠠᠨ᠎ᠤ ᠬᠡᠯᠪᠡᠷᠢ᠎ᠪᠠᠷ ᠬᠠᠮᠢᠶ᠎ᠠ ᠪᠦᠬᠦᠢ ᠬᠢᠴᠢᠶᠡᠯ᠎ᠤᠨ ᠴᠠᠭ᠎ᠢ ᠪᠡᠶᠡᠯᠡᠭᠦᠯᠬᠦ ᠬᠡᠷᠡᠭᠲᠡᠢ᠃
    ᠲᠠᠪᠤ᠎ᠳᠤ ᠰᠤᠷᠤᠯᠭ᠎ᠠ ᠵᠢᠨ ᠪᠠᠷᠢᠮᠵᠢᠶ᠎ᠠ ᠵᠢ ᠴᠢᠩᠳᠠᠯᠠᠨ᠎ᠠ᠃ ᠵᠠᠷᠴᠢᠮ ᠳᠡᠭᠡᠷ᠎ᠡ᠎ᠪᠠᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠬᠢᠭᠡᠳ ᠡᠩ᠎ᠤᠨ ᠰᠣᠷᠣᠭᠴᠢ ᠵᠢᠨ ᠰᠤᠷᠤᠯᠭ᠎ᠠ ᠵᠢᠨ ᠬᠢᠷᠢ ᠬᠡᠮᠵᠢᠶ᠎ᠡ ᠵᠢᠨ ᠱᠠᠭ᠋ᠠᠷᠳᠠᠯᠭ᠎ᠠ ᠵᠢ ᠨᠢᠭᠡᠳᠦᠯᠲᠡᠢ ᠪᠠᠢ᠌ᠯᠭ᠋ᠠᠵᠤ᠂ ᠵᠢᠩᠬᠢᠨᠢ ᠠᠩᠭᠢ ᠵᠢᠨ ᠲᠡᠭᠦᠰᠬᠦ ᠥᠭᠦᠯᠡᠯ (ᠵᠢᠷᠤᠭ ᠲᠥᠯᠥᠪᠯᠡᠭᠡ)᠎ᠤᠨ ᠰᠤᠭᠤᠴᠢᠨ ᠰᠢᠯᠭ᠋ᠠᠯᠲᠠ᠎ᠳᠤ ᠣᠷᠣᠯᠴᠠᠬᠤ ᠬᠡᠷᠡᠭᠲᠡᠢ᠃ ᠶᠡᠬᠡ ᠳᠡᠭᠡᠳᠦ ᠰᠤᠷᠭ᠋ᠠᠭᠤᠯᠢ᠎ᠨᠤᠭᠤᠳ ᠰᠤᠷᠤᠯᠭ᠎ᠠ ᠵᠢᠨ ᠬᠤᠪᠢ ᠵᠢᠨ ᠳᠦᠷᠢᠮ᠂ ᠰᠤᠷᠤᠯᠭ᠎ᠠ ᠵᠢᠨ ᠳᠦᠷᠢᠮ᠎ᠢ ᠤᠷᠲᠤᠳᠬᠠᠬᠤ᠂ ᠥᠪᠡᠷᠮᠢᠴᠡ ᠬᠢᠴᠢᠶᠡᠯᠯᠡᠬᠦ᠂ ᠬᠢᠴᠢᠶᠡᠯ ᠨᠥᠬᠥᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠤᠷᠤᠯᠭ᠎ᠠ ᠵᠢᠨ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠪᠠᠭᠤᠷᠠᠭᠤᠯᠬᠤ ᠦᠭᠡᠢ᠂ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠤᠷᠤᠭᠴᠢᠳ᠎ᠤᠨ ᠰᠤᠷᠤᠯᠭ᠎ᠠ᠎ᠪᠠᠨ ᠲᠡᠭᠦᠰᠬᠡᠬᠦ᠎ᠳᠤ ᠢᠳᠡᠪᠬᠢᠲᠡᠢ᠎ᠪᠠᠷ ᠨᠥᠬᠥᠴᠡᠯ ᠪᠦᠷᠢᠯᠳᠦᠭᠦᠯᠵᠦ ᠥᠭᠬᠦ ᠬᠡᠷᠡᠭᠲᠡᠢ᠃
    11. 《ᠵᠢᠯᠤᠭᠣᠳᠬᠤ ᠰᠠᠨᠠᠯ》᠎ᠳᠤ ᠲᠠᠮᠢᠷᠴᠢᠳ᠎ᠤᠨ ᠮᠡᠷᠭᠡᠵᠢᠯ᠎ᠤᠨ ᠳᠡᠰ᠎ᠤᠨ ᠦᠨᠡᠮᠯᠡᠯ᠎ᠢ ᠬᠠᠭᠤᠷᠮᠠᠭ ᠵᠶ᠋ᠠᠷ ᠵᠣᠬᠢᠶᠠᠬᠤ ᠶᠠᠪᠤᠳᠠᠯ᠎ᠢ ᠰᠡᠷᠭᠡᠢ᠌ᠯᠡᠬᠦ ᠪᠠ ᠲᠡᠭᠦᠨ᠎ᠳᠤ ᠴᠣᠬᠢᠯᠲᠠ ᠥᠭᠬᠦ᠎ᠳᠤ ᠠᠪᠤᠭᠰᠠᠨ ᠠᠷᠭ᠎ᠠ ᠬᠡᠮᠵᠢᠶ᠎ᠡ
    《ᠵᠢᠯᠤᠭᠣᠳᠬᠤ ᠰᠠᠨᠠᠯ》᠎ᠨᠢ ᠲᠠᠮᠢᠷᠴᠢᠳ᠎ᠤᠨ ᠮᠡᠷᠭᠡᠵᠢᠯ᠎ᠤᠨ ᠳᠡᠰ᠎ᠤᠨ ᠦᠨᠡᠮᠯᠡᠯ ᠣᠯᠭᠣᠬᠤ ᠬᠠᠮᠢᠶᠠᠷᠤᠯᠲᠠ ᠵᠢ ᠤᠯᠠᠮ ᠨᠢᠭᠡ ᠠᠯᠬᠤᠮ ᠨᠠᠷᠢᠰᠬᠠᠵᠤ᠂ ᠡᠯ᠎ᠡ ᠭᠠᠵᠠᠷ᠎ᠤᠨ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠤᠨ᠎ᠬᠢᠨ ᠲᠠᠮᠢᠷᠴᠢᠳ᠎ᠤᠨ ᠮᠡᠷᠭᠡᠵᠢᠯ᠎ᠤᠨ ᠲᠠᠰ᠎ᠤᠨ ᠦᠨᠡᠮᠯᠡᠯ ᠣᠯᠭᠣᠬᠤ ᠪᠠ ᠬᠠᠮᠢᠶᠠᠷᠬᠤ᠎ᠪᠠᠨ ᠴᠢᠩᠭ᠋ᠠᠳᠬᠠᠵᠤ᠂ ᠠᠵᠢᠯ᠎ᠤᠨ ᠲᠠᠰ ᠳᠠᠷᠠᠭ᠋ᠠᠯᠠᠯ ᠵᠶ᠋ᠠᠨ ᠰᠢᠯᠢᠳᠡᠭᠵᠢᠭᠦᠯᠦᠨ᠂ ᠲᠠᠮᠢᠷᠴᠢᠳ᠎ᠤᠨ ᠮᠡᠷᠭᠡᠵᠢᠯ᠎ᠤᠨ ᠲᠠᠰ᠎ᠤᠨ ᠤᠷᠤᠯᠳᠤᠭ᠋ᠠᠨ᠎ᠤ ᠳᠠᠷᠠᠭ᠎ᠠ ᠴᠠᠭ ᠲᠤᠬᠠᠢ᠎ᠳᠤᠨᠢ ᠣᠯᠭᠣᠬᠤ ᠵᠢ ᠱᠠᠯᠠᠪᠳᠠᠨ ᠬᠡᠷᠡᠭᠵᠢᠭᠦᠯᠵᠦ᠂ ᠲᠣᠭ᠎ᠠ ᠪᠠᠷᠢᠮᠲᠠ ᠵᠢᠨ ᠬᠡᠯᠪᠡᠯᠵᠡᠯ ᠨᠡᠯᠢᠶᠡᠳ ᠶᠡᠬᠡ᠂ ᠣᠬᠣᠷ ᠬᠤᠭᠤᠴᠠᠭ᠎ᠠ᠎ᠪᠠᠷ ᠲᠥᠪᠯᠡᠷᠡᠭᠦᠯᠦᠨ ᠠᠵᠢᠯᠯᠠᠬᠤ ᠬᠡᠪ᠎ᠤᠨ ᠪᠤᠰᠤ ᠪᠠᠢ᠌ᠳᠠᠯ᠎ᠢ ᠤᠷᠢᠳᠴᠢᠯᠠᠨ ᠰᠡᠷᠡᠮᠵᠢᠯᠡᠭᠦᠯᠵᠦ ᠰᠢᠢ᠍ᠳᠪᠦᠷᠢᠯᠡᠬᠦ ᠲᠣᠭᠲᠠᠴᠠ ᠵᠢ ᠲᠦᠷᠭᠡᠬᠡᠨ ᠪᠠᠢ᠌ᠭᠤᠯᠵᠤ᠂ ᠲᠠᠮᠢᠷᠴᠢᠳ᠎ᠤᠨ ᠮᠡᠷᠭᠡᠵᠢᠯ᠎ᠤᠨ ᠲᠠᠰ᠎ᠤᠨ ᠦᠨᠡᠮᠯᠡᠯ᠎ᠢ ᠬᠠᠭᠤᠷᠮᠠᠭ ᠵᠶ᠋ᠠᠷ ᠵᠣᠬᠢᠶᠠᠬᠤ ᠦᠢᠯᠡ ᠠᠵᠢᠯᠯᠠᠭ᠎ᠠ᠎ᠳᠤ ᠡᠷᠡᠰ ᠴᠣᠬᠢᠯᠲᠠ ᠥᠭᠬᠦ ᠪᠠ ᠰᠡᠷᠭᠡᠢ᠌ᠯᠡᠬᠦ ᠬᠡᠷᠡᠭᠲᠡᠢ; ᠨᠡᠷ᠎ᠡ ᠮᠡᠳᠡᠭᠦᠯᠬᠦ ᠬᠢᠷᠢ ᠬᠡᠮ᠎ᠤᠨ ᠬᠢᠨᠠᠨ ᠬᠠᠷᠭᠤᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠶᠡᠬᠡ ᠳᠡᠭᠡᠳᠦ ᠰᠤᠷᠭ᠋ᠠᠭᠤᠯᠢ ᠵᠢᠨ ᠰᠢᠯᠭ᠋ᠠᠭᠤᠯᠤᠭᠴᠢ ᠵᠢᠨ ᠨᠡᠷ᠎ᠡ ᠮᠡᠳᠡᠭᠦᠯᠬᠦ ᠬᠢᠷᠢ ᠬᠡᠮ᠎ᠤᠨ ᠬᠢᠨᠠᠨ ᠬᠠᠷᠭᠤᠭᠤᠯᠤᠯᠲᠠ ᠵᠢ ᠴᠢᠩᠭ᠋ᠠᠳᠬᠠᠵᠤ᠂ ᠬᠢᠷᠢ ᠬᠡᠮ᠎ᠤᠨ ᠬᠢᠨᠠᠨ ᠬᠠᠷᠭᠤᠭᠤᠯᠤᠯᠲᠠ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠦᠷᠢᠨᠰᠢᠭᠦᠯᠵᠦ᠂ ᠰᠢᠯᠭ᠋ᠠᠭᠤᠯᠤᠭᠴᠢ ᠲᠠᠮᠢᠷᠴᠢᠳ᠎ᠤᠨ ᠮᠡᠷᠭᠡᠵᠢᠯ᠎ᠤᠨ ᠲᠠᠰ᠎ᠤᠨ ᠦᠨᠡᠮᠯᠡᠯ᠎ᠤᠨ ᠬᠢᠨᠠᠨ ᠬᠠᠷᠭᠤᠭᠤᠯᠤᠯᠲᠠ ᠵᠢ ᠭᠣᠣᠯᠳᠠᠯᠭ᠎ᠠ᠎ᠲᠠᠢ ᠴᠢᠩᠭ᠋ᠠᠳᠬᠠᠬᠤ ᠬᠡᠷᠡᠭᠲᠡᠢ ᠭᠡᠵᠦ ᠲᠤᠳᠤᠷᠬᠠᠢ ᠱᠠᠭ᠋ᠠᠷᠳᠠᠵᠠᠢ᠃ ᠲᠠᠮᠢᠷᠴᠢᠳ᠎ᠤᠨ ᠮᠡᠷᠭᠡᠵᠢᠯ᠎ᠤᠨ ᠲᠠᠰ᠎ᠤᠨ ᠦᠨᠡᠮᠯᠡᠯ᠎ᠤᠨ ᠮᠡᠳᠡᠭᠡ ᠵᠠᠩᠭᠢ ᠵᠢᠨ ᠬᠥᠮᠥᠷᠭᠡ᠎ᠪᠠᠷ ᠳᠠᠮᠵᠢᠭᠤᠯᠤᠨ ᠨᠢᠭᠡ ᠨᠢᠭᠡ᠎ᠪᠠᠷ ᠬᠠᠷᠢᠴᠠᠭᠤᠯᠤᠨ ᠬᠠᠷᠭᠤᠭᠤᠯᠵᠤ᠂ ᠠᠰᠠᠭᠤᠳᠠᠯ᠎ᠲᠠᠢ ᠰᠡᠵᠢᠭᠯᠡᠯ᠎ᠲᠠᠢ ᠦᠨᠡᠮᠯᠡᠯ᠎ᠢ ᠣᠯᠵᠤ ᠮᠡᠳᠡᠪᠡᠯ᠂ ᠬᠠᠮᠢᠶ᠎ᠠ ᠪᠦᠬᠦᠢ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠲᠠᠢ ᠵᠥᠪᠳᠡᠯᠴᠡᠵᠦ ᠪᠠᠢ᠌ᠭ᠋ᠠᠳ ᠤᠯᠠᠮ ᠨᠢᠭᠡ ᠠᠯᠬᠤᠮ ᠬᠠᠷᠭᠤᠭᠤᠯᠤᠨ ᠪᠠᠢ᠌ᠴᠠᠭ᠋ᠠᠯᠭ᠋ᠠᠨ᠎ᠠ᠃ ᠶᠡᠬᠡ ᠳᠡᠭᠡᠳᠦ ᠰᠤᠷᠭ᠋ᠠᠭᠤᠯᠢ ᠵᠢᠨ ᠰᠢᠯᠭ᠋ᠠᠭᠤᠯᠤᠭᠴᠢ ᠵᠢᠨ ᠨᠡᠷ᠎ᠡ ᠮᠡᠳᠡᠭᠦᠯᠦᠭᠰᠡᠨ ᠦᠨᠳᠦᠰᠦᠨ ᠮᠡᠳᠡᠭᠡ ᠵᠠᠩᠭᠢ᠂ ᠲᠠᠮᠢᠷᠴᠢᠨ᠎ᠤ ᠮᠡᠷᠭᠡᠵᠢᠯ᠎ᠤᠨ ᠲᠠᠰ᠎ᠤᠨ ᠦᠨᠡᠮᠯᠡᠯ ᠵᠢᠴᠢ ᠤᠷᠤᠯᠳᠤᠭ᠋ᠠᠨ᠎ᠳᠤ ᠣᠷᠣᠯᠴᠠᠬᠤ ᠨᠡᠷᠡᠰ᠎ᠤᠨ ᠳᠠᠷᠠᠭ᠋ᠠᠯᠠᠯ ᠵᠡᠷᠭᠡ ᠵᠢ ᠵᠠᠷᠯᠠᠨ ᠨᠡᠢ᠌ᠲᠡᠯᠡᠵᠦ᠂ ᠨᠡᠢ᠌ᠭᠡᠮ᠎ᠤᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠢ; ᠬᠠᠭᠤᠷᠮᠠᠭ ᠵᠶ᠋ᠠᠷ ᠵᠣᠬᠢᠶᠠᠬᠤ ᠦᠢᠯᠡ ᠠᠵᠢᠯᠯᠠᠭ᠎ᠠ ᠵᠢ ᠵᠠᠯᠬᠠᠭ᠋ᠠᠨ ᠰᠢᠳᠬᠡᠬᠦ ᠵᠢ ᠴᠢᠩᠭ᠋ᠠᠳᠬᠠᠵᠤ᠂ ᠲᠠᠮᠢᠷᠴᠢᠨ᠎ᠤ ᠮᠡᠷᠭᠡᠵᠢᠯ᠎ᠤᠨ ᠲᠠᠰ᠎ᠤᠨ ᠦᠨᠡᠮᠯᠡᠯ᠎ᠢ ᠬᠠᠭᠤᠷᠮᠠᠭ ᠵᠶ᠋ᠠᠷ ᠵᠣᠬᠢᠶᠠᠬᠤ ᠰᠢᠯᠭ᠋ᠠᠭᠤᠯᠤᠭᠴᠢ ᠵᠢ ᠡᠯ᠎ᠡ ᠭᠠᠵᠠᠷ᠎ᠤᠨ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠠᠴᠠ ᠲᠠᠮᠢᠷᠴᠢᠨ᠎ᠤ ᠮᠡᠷᠭᠡᠵᠢᠯ᠎ᠤᠨ ᠲᠠᠰ᠎ᠤᠨ ᠴᠣᠯᠠ ᠵᠢ ᠬᠦᠴᠦᠨ ᠦᠭᠡᠢ ᠪᠣᠯᠭ᠋ᠠᠬᠤ ᠵᠢᠨ ᠬᠠᠮᠲᠤ ᠲᠠᠰ᠎ᠤᠨ ᠴᠣᠯᠠ ᠵᠢᠨ ᠬᠠᠷ᠎ᠠ ᠲᠠᠩᠰᠠᠨ᠎ᠳᠤ ᠣᠷᠣᠭᠤᠯᠤᠨ᠎ᠠ; ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ᠎ᠳᠤ ᠨᠡᠷ᠎ᠡ ᠮᠡᠳᠡᠭᠦᠯᠦᠭᠰᠡᠳ᠎ᠤᠨ ᠰᠣᠷᠣᠭᠴᠢ ᠵᠢᠨ ᠢᠷᠡᠯᠲᠡ ᠵᠢᠨ ᠭᠠᠵᠠᠷ᠎ᠤᠨ ᠮᠤᠵᠢ ᠵᠢᠨ ᠱᠠᠲᠤᠨ᠎ᠤ ᠰᠣᠷᠣᠭᠴᠢ ᠡᠯᠰᠡᠬᠦ ᠰᠢᠯᠭ᠋ᠠᠯᠲᠠ ᠵᠢᠨ ᠪᠠᠢ᠌ᠭᠤᠯᠤᠮᠵᠢ᠎ᠠᠴᠠ ᠲᠤᠬᠠᠢ ᠵᠢᠨ ᠵᠢᠯ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠨᠡᠷ᠎ᠡ ᠮᠡᠳᠡᠭᠦᠯᠬᠦ᠂ ᠰᠢᠯᠭ᠋ᠠᠬᠤ ᠪᠠ ᠡᠯᠰᠡᠬᠦ ᠬᠢᠷᠢ ᠬᠡᠮ᠎ᠢ᠎ᠨᠢ ᠬᠠᠰᠤᠵᠤ᠂ ᠰᠢᠯᠭ᠋ᠠᠭᠤᠯᠤᠭᠴᠢ ᠵᠢᠨ ᠲᠠᠮᠢᠷᠴᠢᠳ᠎ᠤᠨ ᠮᠡᠷᠭᠡᠵᠢᠯ᠎ᠤᠨ ᠲᠠᠰ᠎ᠤᠨ ᠦᠨᠡᠮᠯᠡᠯ᠎ᠢ ᠬᠠᠭᠤᠷᠮᠠᠭ ᠵᠶ᠋ᠠᠷ ᠵᠣᠬᠢᠶᠠᠬᠤ᠎ᠳᠤ ᠣᠷᠣᠯᠴᠠᠭᠰᠠᠨ ᠪᠤᠰᠤᠳ ᠬᠥᠮᠥᠰ᠎ᠢ ᠬᠠᠮᠢᠶ᠎ᠠ ᠪᠦᠬᠦᠢ ᠰᠠᠯᠠᠭ᠎ᠠ ᠮᠥᠴᠢᠷ᠎ᠠᠴᠠ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠰᠢᠢ᠍ᠳᠬᠡᠨ᠎ᠡ᠃
    12. 《ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ ᠪᠡᠶ᠎ᠡ ᠵᠢᠨ ᠲᠠᠮᠢᠷ᠎ᠤᠨ ᠣᠨᠴᠠ ᠠᠪᠢᠶᠠᠰ᠎ᠲᠠᠢ ᠰᠤᠷᠤᠭᠴᠢᠳ᠎ᠤᠨ ᠰᠤᠷᠭ᠋ᠠᠭᠤᠯᠢ ᠳᠡᠪᠰᠢᠬᠦ ᠲᠣᠬᠢᠶᠠᠯ᠎ᠢ ᠨᠥᠯᠥᠭᠡᠯᠡᠨ᠎ᠡ ᠤᠤ?
    ᠥᠭᠡᠷᠡᠴᠢᠯᠡᠯᠲᠡ ᠬᠢᠭᠰᠡᠨ᠎ᠤ ᠲᠠᠷᠠᠭ᠎ᠠ᠂ ᠪᠡᠶ᠎ᠡ ᠵᠢᠨ ᠲᠠᠮᠢᠷ᠎ᠤᠨ ᠣᠨᠴᠠ ᠴᠢᠳᠠᠪᠤᠷᠢᠲᠠᠢ ᠰᠤᠷᠤᠭᠴᠢᠳ᠎ᠤᠨ ᠶᠡᠬᠡ ᠳᠡᠭᠡᠳᠦ ᠵᠡᠷᠭᠡ ᠵᠢᠨ ᠰᠤᠷᠭ᠋ᠠᠭᠤᠯᠢ᠎ᠳᠤ ᠣᠷᠣᠵᠤ ᠰᠤᠷᠤᠯᠴᠠᠬᠤ ᠠᠷᠭ᠎ᠠ ᠵᠠᠮ᠎ᠨᠢ ᠮᠥᠨ ᠯᠡ ᠰᠠᠭ᠋ᠠᠳ ᠦᠭᠡᠢ᠃ ᠶᠡᠬᠡ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ᠎ᠠᠴᠠ ᠭᠠᠳᠠᠨ᠎ᠠ᠂ ᠬᠣᠯᠪᠣᠭᠳᠠᠯ ᠪᠦᠬᠦᠢ ᠶᠡᠬᠡ ᠳᠡᠭᠡᠳᠦ ᠰᠤᠷᠭ᠋ᠠᠭᠤᠯᠢ᠎ᠨᠤᠭᠤᠳ ᠪᠠᠰᠠ ᠵᠢᠯ ᠪᠦᠷᠢ ᠪᠡᠶ᠎ᠡ ᠵᠢᠨ ᠲᠠᠮᠢᠷ᠎ᠤᠨ ᠪᠣᠯᠪᠠᠰᠤᠷᠠᠯ᠂ ᠵᠡᠪᠰᠡᠭ᠎ᠤᠨ ᠡᠷᠳᠡᠮ ᠪᠠ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠤᠰᠬᠠᠢ ᠮᠡᠷᠭᠡᠵᠢᠯ᠎ᠤᠨ ᠰᠣᠷᠣᠭᠴᠢ ᠡᠯᠰᠡᠬᠦ᠂ ᠪᠤᠰᠤᠳ ᠪᠡᠶ᠎ᠡ ᠵᠢᠨ ᠲᠠᠮᠢᠷ᠎ᠤᠨ ᠤᠬᠠᠭ᠋ᠠᠨ᠎ᠤ ᠲᠥᠷᠥᠯ᠎ᠤᠨ ᠲᠤᠰᠬᠠᠢ ᠮᠡᠷᠭᠡᠵᠢᠯ᠎ᠤᠨ ᠰᠣᠷᠣᠭᠴᠢ ᠡᠯᠰᠡᠬᠦ᠂ ᠰᠢᠯᠢᠳᠡᠭ ᠲᠠᠮᠢᠷᠴᠢᠨ᠎ᠢ ᠪᠠᠲᠤᠯᠠᠨ ᠬᠦᠷᠭᠡᠬᠦ ᠵᠡᠷᠭᠡ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠪᠡᠶ᠎ᠡ ᠵᠢᠨ ᠲᠠᠮᠢᠷ᠎ᠤᠨ ᠣᠨᠴᠠ ᠴᠢᠳᠠᠪᠤᠷᠢᠲᠠᠢ ᠰᠣᠷᠣᠭᠴᠢ ᠵᠢ   ᠡᠯᠰᠡᠨ᠎ᠡ᠃ ᠣᠢ᠌ᠷ᠎ᠠ ᠵᠢᠨ ᠵᠢᠯ᠎ᠤᠳ᠎ᠲᠤ ᠵᠢᠯ ᠪᠦᠷᠢ ᠨᠡᠶ᠋ᠢᠲᠡ 10 ᠲᠦᠮᠡ ᠢᠯᠡᠭᠦᠦ ᠰᠣᠷᠣᠭᠴᠢ ᠵᠢ ᠡᠯᠰᠡᠵᠦ ᠪᠠᠢ᠌ᠨ᠎ᠠ᠃
    13. 《ᠵᠢᠯᠤᠭᠣᠳᠬᠤ ᠰᠠᠨᠠᠯ》᠎ᠳᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ ᠲᠤᠷᠠᠳᠤᠭᠰᠠᠨ ᠠᠷᠭ᠎ᠠ ᠬᠡᠮᠵᠢᠶ᠎ᠡ
    《ᠵᠢᠯᠤᠭᠣᠳᠬᠤ ᠰᠠᠨᠠᠯ》᠎ᠳᠤ᠂ ᠮᠤᠵᠢ ᠵᠢᠨ ᠱᠠᠲᠤᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠵᠥᠪᠯᠡᠯ᠎ᠠᠴᠠ ᠬᠣᠯᠪᠣᠭᠳᠠᠯ ᠪᠦᠬᠦᠢ ᠶᠡᠬᠡ ᠳᠡᠭᠡᠳᠦ ᠰᠤᠷᠭ᠋ᠠᠭᠤᠯᠢ ᠵᠢᠨ ᠲᠣᠰ ᠭᠠᠵᠠᠷ᠎ᠲᠠᠭᠠᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠠᠵᠢᠯ ᠥᠷᠨᠢᠭᠦᠯᠬᠦ ᠵᠢ ᠵᠢᠯᠤᠭᠣᠳᠬᠤ ᠪᠠ ᠲᠡᠭᠦᠨ᠎ᠳᠤ ᠬᠢᠨᠠᠯᠲᠠ ᠲᠠᠯᠪᠢᠬᠤ ᠵᠢ ᠬᠠᠷᠢᠭᠤᠴᠠᠨ᠎ᠠ᠃ ᠮᠤᠵᠢ ᠵᠢᠨ ᠱᠠᠲᠤᠨ᠎ᠤ ᠰᠣᠷᠣᠭᠴᠢ ᠡᠯᠰᠡᠬᠦ ᠵᠥᠪᠯᠡᠯ᠎ᠤᠨ ᠨᠢᠭᠡᠳᠦᠯᠲᠡᠢ ᠤᠳᠤᠷᠢᠳᠤᠯᠭ᠎ᠠ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠣᠷᠣᠭᠴᠢ ᠡᠯᠰᠡᠬᠦ ᠰᠢᠯᠭ᠋ᠠᠯᠲᠠ ᠵᠢᠨ ᠪᠠᠢ᠌ᠭᠤᠯᠤᠮᠵᠢ᠂ ᠰᠠᠬᠢᠯᠭ᠎ᠠ ᠪᠠᠲᠤ ᠬᠢᠨᠠᠨ ᠪᠠᠢ᠌ᠴᠠᠭ᠋ᠠᠬᠤ ᠰᠠᠯᠠᠭ᠎ᠠ ᠮᠥᠴᠢᠷ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ ᠵᠶ᠋ᠡᠷ ᠪᠦᠷᠢᠯᠳᠦᠭᠰᠡᠨ ᠮᠤᠵᠢ ᠵᠢᠨ ᠱᠠᠲᠤᠨ᠎ᠤ ᠰᠢᠯᠭ᠋ᠠᠯᠲᠠ ᠬᠢᠵᠦ ᠰᠣᠷᠣᠭᠴᠢ ᠡᠯᠰᠡᠬᠦ᠎ᠳᠤ ᠬᠢᠨᠠᠯᠲᠠ ᠲᠠᠯᠪᠢᠬᠤ ᠠᠵᠢᠯ᠎ᠤᠨ ᠳᠤᠭᠤᠢ᠌ᠯᠠᠩ᠎ᠢ ᠪᠠᠢ᠌ᠭᠤᠯᠤᠨ ᠪᠦᠷᠢᠨᠰᠢᠭᠦᠯᠵᠦ᠂ ᠰᠤᠷᠭ᠋ᠠᠭᠤᠯᠢ᠂ ᠪᠠᠭᠰᠢ᠂ ᠰᠣᠷᠣᠭᠴᠢ ᠪᠠ ᠨᠡᠢ᠌ᠭᠡᠮ᠎ᠤᠨ ᠣᠯᠠᠨ ᠲᠠᠯ᠎ᠠ ᠵᠢᠨ ᠣᠷᠣᠯᠴᠠᠭᠰᠠᠨ ᠰᠢᠯᠭ᠋ᠠᠯᠲᠠ ᠬᠢᠵᠦ ᠰᠣᠷᠣᠭᠴᠢ ᠡᠯᠰᠡᠬᠦ᠎ᠳᠤ ᠬᠢᠨᠠᠯᠲᠠ ᠲᠠᠯᠪᠢᠬᠤ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠪᠥᠬᠥ ᠶᠠᠪᠤᠴᠠ᠎ᠪᠠᠷ ᠲᠣᠰ ᠭᠠᠵᠠᠷ ᠣᠷᠣᠨ ᠪᠠ ᠬᠣᠯᠪᠣᠭᠳᠠᠯ ᠪᠦᠬᠦᠢ ᠶᠡᠬᠡ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ ᠬᠢᠵᠦ ᠰᠣᠷᠣᠭᠴᠢ ᠡᠯᠰᠡᠬᠦ ᠠᠵᠢᠯ᠎ᠳᠤ ᠬᠢᠨᠠᠯᠲᠠ ᠲᠠᠯᠪᠢᠨ᠎ᠠ᠃ ᠶᠡᠬᠡ ᠳᠡᠭᠡᠳᠦ ᠰᠤᠷᠭ᠋ᠠᠭᠤᠯᠢ ᠪᠣᠯ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠠᠵᠢᠯ᠎ᠤᠨ ᠬᠠᠷᠢᠭᠤᠴᠠᠯᠭ᠎ᠠ ᠵᠢᠨ ᠭᠣᠣᠯ ᠴᠣᠭᠴᠠ ᠮᠥᠨ᠂ ᠭᠣᠣᠯ ᠬᠠᠷᠢᠭᠤᠴᠠᠯᠭ᠋ᠠᠲᠠᠨ ᠨᠥᠬᠥᠳ ᠪᠣᠯ ᠨᠢᠭᠡᠳᠦᠭᠡᠷ ᠬᠠᠷᠢᠭᠤᠴᠠᠯᠭ᠋ᠠᠲᠠᠨ ᠮᠥᠨ᠂ ᠬᠤᠪᠢᠳᠠᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠲᠠᠨ ᠨᠥᠬᠥᠳ ᠪᠣᠯ ᠰᠢᠭᠤᠳ ᠬᠠᠷᠢᠭᠤᠴᠠᠯᠭ᠋ᠠᠲᠠᠨ ᠮᠥᠨ᠃ ᠰᠤᠷᠭ᠋ᠠᠭᠤᠯᠢ ᠵᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠢᠯᠭ᠋ᠠᠯᠲᠠ᠎ᠪᠠᠷ ᠰᠣᠷᠣᠭᠴᠢ ᠡᠯᠰᠡᠬᠦ ᠠᠷᠭ᠎ᠠ ᠵᠢ ᠡᠷᠬᠡᠪᠰᠢ ᠰᠤᠷᠭ᠋ᠠᠭᠤᠯᠢ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠤᠷᠢᠶ᠎ᠡ᠎ᠠᠴᠠ ᠰᠤᠳᠤᠯᠤᠨ ᠬᠢᠨᠠᠵᠦ ᠲᠤᠭᠳᠠᠭ᠋ᠠᠬᠤ ᠬᠡᠷᠡᠭᠳᠡᠢ᠃ ᠰᠣᠷᠣᠭᠴᠢ ᠡᠯᠰᠡᠬᠦ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠶᠡᠬᠡ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ᠎ᠳᠤ 《ᠠᠷᠪᠠ ᠵᠢ ᠴᠢᠩᠭ᠎ᠠ ᠴᠠᠭ᠋ᠠᠵᠠᠯᠠᠬᠤ》 《30 ᠥᠯᠥ ᠪᠣᠯᠬᠤ》 《ᠨᠠᠢ᠍ᠮᠠᠨ ᠦᠨᠳᠦᠰᠦᠨ ᠱᠠᠭ᠋ᠠᠷᠳᠠᠯᠭ᠎ᠠ》 ᠵᠡᠷᠭᠡ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠬᠤ ᠬᠡᠷᠡᠭᠲᠡᠢ᠃ ᠨᠡᠢ᠌ᠭᠡᠮ᠎ᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠢᠯᠤᠭᠤᠳᠬᠠᠵᠤ᠂ ᠰᠢᠯᠭ᠋ᠠᠭᠤᠯᠤᠭᠴᠢ ᠵᠢᠨ ᠭᠣᠮᠣᠳᠠᠯ ᠲᠣᠭ᠋ᠠᠴᠢᠬᠤ ᠪᠠ ᠬᠥᠨᠳᠡᠯᠡᠨ᠎ᠠᠴᠠ ᠲᠠᠰᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠡᠯ᠎ᠡ ᠵᠦᠢ᠍ᠯ᠎ᠤᠨ ᠠᠰᠠᠭᠤᠳᠠᠯ᠎ᠳᠤ ᠴᠠᠭ ᠲᠤᠬᠠᠢ᠎ᠳᠤᠨᠢ ᠬᠠᠷᠢᠭᠤᠯᠲᠠ ᠥᠭᠴᠦ ᠰᠢᠢ᠍ᠳᠪᠦᠷᠢᠯᠡᠬᠦ ᠬᠡᠷᠡᠭᠲᠡᠢ᠃
    《ᠵᠢᠯᠤᠭᠣᠳᠬᠤ ᠰᠠᠨᠠᠯ》᠎ᠳᠤ᠂ ᠶᠡᠬᠡ ᠳᠡᠭᠡᠳᠦ ᠰᠤᠷᠭ᠋ᠠᠭᠤᠯᠢ᠎ᠨᠤᠭᠤᠳ ᠰᠣᠷᠣᠭᠴᠢ ᠡᠯᠰᠡᠬᠦ ᠮᠡᠳᠡᠭᠡ ᠵᠠᠩᠭᠢ ᠵᠢ ᠢᠯᠡ ᠪᠣᠯᠭ᠋ᠠᠬᠤ ᠱᠠᠭ᠋ᠠᠷᠳᠠᠯᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠤᠨ᠂ ᠮᠡᠳᠡᠭᠡ ᠵᠠᠩᠭᠢ ᠵᠢ ᠢᠯᠡ ᠪᠣᠯᠭ᠋ᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠢᠯᠡ ᠪᠣᠯᠭ᠋ᠠᠬᠤ ᠬᠦᠷᠢᠶ᠎ᠡ ᠬᠡᠪᠴᠢᠶ᠎ᠡ᠎ᠪᠠᠨ ᠤᠯᠠᠮ ᠨᠢᠭᠡ ᠠᠯᠬᠤᠮ ᠥᠷᠭᠡᠳᠬᠡᠨ᠂ ᠢᠯᠡ ᠪᠣᠯᠭ᠋ᠠᠬᠤ ᠵᠦᠢ᠍ᠯᠡᠰ ᠵᠶ᠋ᠡᠨ ᠨᠠᠷᠢᠯᠢᠭᠵᠢᠭᠤᠯᠵᠤ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠢᠯᠭ᠋ᠠᠯᠲᠠ᠎ᠪᠠᠷ ᠰᠣᠷᠣᠭᠴᠢ ᠡᠯᠰᠡᠬᠦ ᠮᠡᠳᠡᠭᠡ ᠵᠠᠩᠭᠢ ᠵᠢ ᠪᠥᠬᠥ ᠲᠠᠯ᠎ᠠ᠎ᠪᠠᠷ᠂ ᠴᠠᠭ ᠲᠤᠬᠠᠢ᠎ᠳᠤᠨᠢ᠂ ᠣᠨᠣᠪᠴᠢᠲᠠᠶ ᠨᠡᠢ᠌ᠲᠡᠯᠡᠵᠦ᠂ ᠨᠡᠢ᠌ᠭᠡᠮ᠎ᠤᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠢ ᠭᠡᠵᠦ ᠲᠣᠳᠣᠷᠬᠠᠢ ᠲᠣᠭᠲᠠᠭ᠋ᠠᠵᠠᠢ᠃ ᠰᠣᠷᠣᠭᠴᠢ ᠡᠯᠰᠡᠬᠦ ᠲᠥᠷᠥ ᠵᠢᠨ ᠪᠣᠳᠣᠯᠭ᠎ᠠ ᠵᠢ ᠢᠯᠡ ᠪᠣᠯᠭ᠋ᠠᠬᠤ ᠵᠢ ᠴᠢᠩᠭ᠋ᠠᠳᠬᠠᠵᠤ᠂ ᠥᠨᠳᠥᠷ ᠬᠢᠷᠢ ᠲᠦᠪᠰᠢᠨ ᠪᠦᠬᠦᠢ   ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠲᠥᠯᠥᠪᠯᠡᠭᠡ᠂ ᠨᠡᠷ᠎ᠡ ᠮᠡᠳᠡᠭᠦᠯᠬᠦ ᠨᠥᠬᠥᠴᠡᠯ᠂ ᠰᠢᠯᠢᠨ ᠰᠣᠩᠭᠣᠬᠤ ᠲᠠᠰ ᠳᠠᠷᠠᠭ᠋ᠠᠯᠠᠯ᠂ ᠰᠢᠯᠭ᠋ᠠᠨ ᠬᠢᠨᠠᠬᠤ ᠠᠷᠭ᠎ᠠ ᠮᠠᠶᠢᠭ᠂ ᠡᠯᠰᠡᠬᠦ ᠳᠦᠷᠢᠮ᠂ ᠰᠤᠷᠭ᠋ᠠᠭᠤᠯᠢ᠎ᠳᠤ ᠣᠷᠣᠭᠰᠠᠨ᠎ᠤ ᠳᠠᠷᠠᠭ᠎ᠠ ᠰᠤᠷᠤᠯᠴᠠᠬᠤ ᠲᠤᠰᠬᠠᠢ ᠮᠡᠷᠭᠡᠵᠢᠯ᠂ ᠡᠳᠦᠷ ᠲᠤᠲᠤᠮ᠎ᠤᠨ ᠪᠣᠯᠪᠠᠰᠤᠷᠠᠯ ᠵᠢᠴᠢ ᠰᠤᠷᠤᠯᠭ᠎ᠠ ᠵᠢᠨ ᠱᠠᠭ᠋ᠠᠷᠳᠠᠯᠭ᠎ᠠ ᠵᠢ ᠤᠷᠢᠳᠴᠢᠯᠠᠨ ᠨᠡᠢ᠌ᠲᠡᠯᠡᠨ᠎ᠡ᠃ ᠰᠢᠯᠭ᠋ᠠᠭᠤᠯᠤᠭᠴᠢ ᠵᠢᠨ ᠬᠢᠷᠢ ᠬᠡᠮ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠵᠤ᠂ ᠰᠢᠯᠭ᠋ᠠᠯᠲᠠ᠎ᠳᠤ ᠨᠡᠷ᠎ᠡ ᠮᠡᠳᠡᠭᠦᠯᠦᠭᠰᠡᠨ ᠪᠣᠶ ᠪᠦᠬᠦᠢ ᠰᠢᠯᠭ᠋ᠠᠭᠤᠯᠤᠭᠴᠢ ᠵᠢᠨ ᠣᠪᠣᠭ ᠨᠡᠷ᠎ᠡ᠂ ᠮᠤᠵᠢ᠂ ᠪᠠᠢ᠌ᠭ᠎ᠠ ᠳᠤᠮᠳᠠᠳᠤ ᠰᠤᠷᠭ᠋ᠠᠭᠤᠯᠢ (ᠪᠤᠶᠤ ᠨᠢᠭᠡᠴᠢ)᠂ ᠲᠠᠮᠢᠷ᠎ᠤᠨ ᠬᠥᠳᠡᠯᠭᠡᠭᠡᠨ᠎ᠤ ᠲᠦᠷᠦᠯ ᠵᠦᠢ᠍ᠯ ᠵᠢᠴᠢ ᠲᠠᠮᠢᠷᠴᠢᠨ᠎ᠤ ᠮᠡᠷᠭᠡᠵᠢᠯ᠎ᠤᠨ ᠲᠠᠰ᠎ᠤᠨ ᠦᠨᠡᠮᠯᠡᠯ ᠵᠡᠷᠭᠡ ᠮᠡᠳᠡᠭᠡ ᠵᠠᠩᠭᠢ ᠵᠢ ᠢᠯᠡ ᠨᠡᠢ᠌ᠲᠡᠯᠡᠨ᠎ᠡ᠃ ᠡᠯᠰᠡᠭᠰᠡᠨ ᠦᠷ᠎ᠡ ᠳ᠋ᠦᠩ᠎ᠢ ᠢᠯᠡ ᠪᠣᠯᠭ᠋ᠠᠬᠤ ᠵᠢ ᠴᠢᠩᠭ᠋ᠠᠳᠬᠠᠵᠤ᠂ ᠡᠯᠰᠡᠬᠦ᠎ᠪᠠᠷ ᠪᠠᠢ᠌ᠭ᠎ᠠ ᠰᠢᠯᠭ᠋ᠠᠭᠤᠯᠤᠭᠴᠢ ᠵᠢᠨ ᠣᠪᠣᠭ ᠨᠡᠷ᠎ᠡ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ᠂ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ᠂ ᠡᠯᠰᠡᠬᠦ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠡᠷᠭᠡ ᠮᠡᠳᠡᠭᠡ ᠵᠠᠩᠭᠢ ᠵᠢ ᠢᠯᠡ ᠨᠡᠢ᠌ᠲᠡᠯᠡᠨ᠎ᠡ᠃
    ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠳᠤᠮᠳᠠ ᠲᠣᠭᠲᠠᠭ᠋ᠠᠯ᠎ᠠᠴᠠ ᠵᠥᠷᠢᠴᠡᠭᠰᠡᠨ ᠰᠢᠯᠭ᠋ᠠᠭᠤᠯᠤᠭᠴᠢ᠂ ᠶᠡᠬᠡ ᠳᠡᠭᠡᠳᠦ ᠰᠤᠷᠭ᠋ᠠᠭᠤᠯᠢ ᠵᠢᠴᠢ ᠬᠣᠯᠪᠣᠭᠳᠠᠯ ᠪᠦᠬᠦᠢ ᠠᠵᠢᠯᠲᠠᠨ᠎ᠳᠤ᠂ ᠡᠯ᠎ᠡ ᠭᠠᠵᠠᠷ ᠡᠯ᠎ᠡ ᠶᠡᠬᠡ ᠳᠡᠭᠡᠳᠦ ᠰᠤᠷᠭ᠋ᠠᠭᠤᠯᠢ᠎ᠨᠤᠭᠤᠳ 《ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠲᠣᠭᠲᠠᠭ᠋ᠠᠯ᠎ᠠᠴᠠ ᠵᠥᠷᠢᠴᠡᠭᠰᠡᠨ᠎ᠢ ᠰᠢᠢ᠍ᠳᠪᠦᠷᠢᠯᠡᠬᠦ ᠠᠷᠭ᠎ᠠ》 《ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢ᠍ᠳᠪᠦᠷᠢᠯᠡᠬᠦ ᠲᠦᠷ ᠬᠡᠷᠡᠭᠵᠢᠭᠦᠯᠬᠦ ᠠᠷᠭ᠎ᠠ》᠎ᠳᠤ ᠲᠣᠭᠲᠠᠭ᠋ᠠᠭᠰᠠᠨ ᠲᠠᠰ ᠳᠠᠷᠠᠭ᠋ᠠᠯᠠᠯ ᠪᠠ ᠲᠣᠭᠲᠠᠭ᠋ᠠᠯ᠎ᠢ ᠴᠢᠩᠭ᠎ᠠ ᠵᠢᠷᠤᠮᠯᠠᠨ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠲᠣᠭᠲᠠᠭ᠋ᠠᠯ᠎ᠠᠴᠠ ᠵᠥᠷᠢᠴᠡᠨ ᠰᠣᠷᠣᠭᠴᠢ ᠡᠯᠰᠡᠬᠦ ᠦᠢᠯᠡ ᠠᠵᠢᠯᠯᠠᠭ᠎ᠠ ᠵᠢᠨ ᠨᠠᠵᠠᠭ᠋ᠠᠢ ᠲᠠᠯ᠎ᠠ ᠵᠢᠨ ᠨᠠᠷᠢᠨ ᠲᠠᠩᠰᠠ ᠵᠢᠨ ᠳᠦᠷᠢᠮ᠎ᠢ ᠪᠠᠢ᠌ᠭᠤᠯᠵᠤ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠳᠤᠮᠳᠠ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠤᠭᠰᠠᠨ ᠶᠡᠬᠡ ᠳᠡᠭᠡᠳᠦ ᠰᠤᠷᠭ᠋ᠠᠭᠤᠯᠢ ᠵᠢ ᠴᠢᠩᠭ᠎ᠠ ᠰᠢᠢ᠍ᠳᠪᠦᠷᠢᠯᠡᠵᠦ᠂ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠬᠢᠷᠢ ᠬᠡᠮ᠎ᠢ᠎ᠨᠢ ᠬᠠᠰᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠵᠢᠷᠤᠭᠳᠦ ᠲᠡᠢ᠌ᠯᠤᠮᠵᠢ᠄ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠵᠦ ᠬᠦᠭᠵᠢᠯᠳᠡ ᠬᠤᠪᠢᠷᠠᠯᠳᠠ ᠵᠢ ᠡᠷᠢᠯᠬᠢᠯᠡᠨ᠎ᠡ — ᠨᠢᠭᠡ 《+》 ᠵᠢᠨ ᠠᠴᠢ ᠬᠣᠯᠪᠣᠭᠳᠠᠯ
ᠵᠢᠷᠤᠭᠳᠦ ᠲᠡᠢ᠌ᠯᠦᠮᠵᠢ᠄ 2024 ᠤᠨ᠎ᠤ ᠦᠨᠳᠦᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠢᠯᠭ᠋ᠠᠯᠳᠠ᠎ᠪᠠᠷ ᠰᠤᠷᠤᠭᠴᠢ ᠡᠯᠰᠡᠬᠦ ᠠᠵᠢᠯ᠎ᠤᠨ ᠲᠦᠷᠦ ᠵᠢᠨ ᠪᠤᠳᠤᠯᠭ᠎ᠠ ᠵᠢᠨ ᠲᠠᠢ᠌ᠯᠦᠮᠵᠢ
10 ᠲᠥᠭᠦᠷᠢᠭ᠎ᠠᠴᠠ 380 ᠲᠥᠭᠦᠷᠢᠭ ᠪᠣᠯᠲᠠᠯ᠎ᠠ ᠨᠡᠮᠡᠭᠳᠡᠭᠰᠡᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠨᠢ ᠣᠯᠠᠨ ᠲᠦᠮᠡᠨ᠎ᠳᠤ ᠶᠠᠭᠤ ᠠᠪᠴᠢᠷᠠᠪᠠ?
ᠵᠢᠷᠤᠭᠳᠦ ᠲᠡᠢ᠌ᠯᠦᠮᠵᠢ᠄ 2024 ᠣᠨ᠎ᠤ ᠪᠦᠬᠦ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠤᠨ ᠲᠦᠰᠦᠯ》
 
            