ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ᠎ᠤᠨ ᠲᠡᠢ᠌ᠯᠦᠮᠵᠢ᠄ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ ᠵᠢᠨ ᠪᠡᠶ᠎ᠡ ᠵᠢᠨ ᠲᠠᠮᠢᠷ ᠵᠢᠨ ᠰᠢᠯᠭ᠋ᠠᠯᠳᠠ᠄ ᠳᠠᠳᠬᠠᠯ᠎ᠲᠠᠢ ᠪᠣᠯᠬᠤ ᠵᠢ ᠴᠢᠬᠤᠯᠠᠴᠢᠯᠠᠵᠤ᠂ ᠰᠢᠯᠭ᠋ᠠᠯᠳᠠ ᠵᠢ ᠠᠷᠭ᠋ᠠᠴᠠᠭ᠋ᠠᠬᠤ ᠰᠤᠷᠭ᠋ᠠᠨ ᠬᠦᠮᠦᠵᠢᠯ᠎ᠠᠴᠠ ᠠᠩᠭᠢᠵᠢᠷᠠᠶ᠎ᠡ
ᠨᠡᠶ᠋ᠢᠲᠡᠯᠡᠭᠰᠡᠨ ᠴᠠᠭ᠄ 2023-09-18

    《ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠳᠤ᠂ ᠳᠥᠷᠪᠡᠳᠦᠭᠡᠷ᠂ ᠵᠢᠷᠭᠤᠳᠤᠭ᠋ᠠᠷ᠂ ᠨᠠᠢ᠍ᠮᠠᠳᠤᠭ᠋ᠠᠷ ᠣᠨ᠎ᠤ ᠰᠤᠷᠤᠭᠴᠢ ᠵᠢᠨ ᠤᠳᠠᠯ ᠦᠭᠡᠢ ᠣᠷᠣᠯᠴᠠᠬᠤ ᠭᠡᠵᠦ ᠪᠠᠢ᠌ᠭ᠎ᠠ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢᠨ ᠰᠢᠯᠭ᠋ᠠᠯᠲᠠ ᠵᠢᠨ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢ ᠶᠠᠪᠤᠴᠠ ᠵᠢᠨ ᠴᠢᠨᠠᠷᠲᠠᠢ ᠬᠢᠨᠠᠨ ᠰᠢᠯᠭ᠋ᠠᠯᠲᠠ ᠵᠢᠨ ᠬᠡᠰᠡᠭ᠎ᠤᠨ ᠬᠤᠪᠢ ᠪᠣᠯᠭ᠋ᠠᠵᠤ᠂ ᠥᠨᠳᠥᠷ ᠳᠤᠮᠳᠠᠳᠤ ᠵᠢᠨ ᠰᠢᠯᠭ᠋ᠠᠯᠲᠠ ᠵᠢᠨ ᠪᠡᠶ᠎ᠡ ᠵᠢᠨ ᠲᠠᠮᠢᠷ᠎ᠤᠨ ᠶᠡᠷᠦᠩᠬᠡᠢ ᠬᠢᠷᠢ ᠪᠦᠲᠦᠮᠵᠢ᠎ᠳᠤ ᠣᠷᠣᠭᠤᠯᠤᠨ᠎ᠠ᠃》 ᠡᠨᠡ ᠪᠣᠯ ᠪᠡᠭᠡᠵᠢᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ ᠵᠢᠨ ᠪᠡᠶ᠎ᠡ ᠵᠢᠨ ᠲᠠᠮᠢᠷ᠎ᠤᠨ ᠥᠭᠡᠷᠡᠴᠢᠯᠡᠯᠲᠡ ᠵᠢᠨ ᠰᠢᠨ᠎ᠡ ᠬᠤᠪᠢᠷᠠᠯᠲᠠ ᠮᠥᠨ᠂ ᠡᠭᠦᠨ᠎ᠳᠤ ᠬᠤᠪᠢ᠎ᠨᠢ ᠨᠡᠮᠡᠭᠳᠡᠵᠦ᠂ ᠰᠣᠩᠭᠣᠵᠤ ᠪᠣᠯᠬᠤ ᠵᠦᠢ᠍ᠯᠡᠰ᠎ᠨᠢ ᠣᠯᠠᠰᠢᠷᠠᠭᠰᠠᠨ ᠵᠶ᠋ᠠᠷ ᠪᠠᠷᠠᠬᠤ ᠦᠭᠡᠢ᠂ ᠶᠠᠪᠤᠴᠠ ᠵᠢᠨ ᠴᠢᠨᠠᠷᠲᠠᠢ ᠬᠢᠨᠠᠨ ᠰᠢᠯᠭ᠋ᠠᠯᠲᠠ ᠵᠢ ᠨᠢᠭᠡᠳᠦᠯᠲᠡᠢ ᠰᠢᠯᠭ᠋ᠠᠯᠲᠠ᠎ᠪᠠᠷ ᠪᠠᠷᠢᠮᠵᠢᠶ᠎ᠠ ᠪᠣᠯᠭ᠋ᠠᠬᠤ ᠵᠢᠨ ᠬᠠᠮᠲᠤ ᠪᠦᠬᠦᠢ᠌ᠯᠡ ᠳᠤᠮᠳᠠᠳᠤ ᠪᠠᠭ᠎ᠠ ᠰᠤᠷᠭ᠋ᠠᠭᠤᠯᠢ᠎ᠳᠤ   ᠲᠤᠭᠤᠰᠢᠯᠠᠭᠤᠯᠵᠦ ᠪᠠᠢ᠌ᠨ᠎ᠠ᠃
    ᠣᠯᠠᠨ ᠭᠠᠵᠠᠷ᠎ᠤᠨ᠎ᠬᠢᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ ᠵᠢᠨ ᠪᠡᠶ᠎ᠡ ᠵᠢᠨ ᠲᠠᠮᠢᠷ᠎ᠤᠨ ᠰᠢᠯᠭ᠋ᠠᠯᠳᠠ ᠵᠢᠨ ᠲᠦᠷᠦ ᠵᠢᠨ ᠪᠤᠳᠤᠯᠭ᠎ᠠ᠎ᠪᠠᠨ ᠦᠭᠡᠷᠡᠴᠢᠯᠡᠵᠦ ᠪᠤᠢ
    ᠣᠢ᠌ᠯᠠᠭ᠋ᠠᠭᠰᠠᠨ ᠵᠶ᠋ᠠᠷ᠂ 《ᠪᠡᠭᠡᠵᠢᠩ ᠬᠣᠲᠠ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠬᠢᠨᠠᠨ ᠰᠢᠯᠭ᠋ᠠᠵᠤ ᠦᠨᠡᠯᠡᠬᠦ ᠲᠥᠰᠥᠯ》᠎ᠢ 2021 ᠣᠨ᠎ᠳᠤ ᠵᠢᠩᠬᠢᠨᠢ᠎ᠪᠠᠷ ᠨᠡᠢ᠌ᠲᠡᠯᠡᠪᠡ᠂ ᠥᠭᠡᠷᠡᠴᠢᠯᠡᠯᠲᠡ ᠬᠢᠭᠰᠡᠨ᠎ᠤ ᠳᠠᠷᠠᠭ᠎ᠠ᠂ ᠪᠡᠭᠡᠵᠢᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠢᠯᠭ᠋ᠠᠯᠲᠠ ᠵᠢᠨ ᠪᠡᠶ᠎ᠡ ᠵᠢᠨ ᠲᠠᠮᠢᠷ᠎ᠤᠨ ᠬᠤᠪᠢ᠎ᠨᠢ 70 ᠬᠤᠪᠢ ᠪᠣᠯᠣᠨ᠎ᠠ᠂ ᠡᠭᠦᠨ᠎ᠳᠤ ᠶᠠᠪᠤᠴᠠ ᠵᠢᠨ ᠴᠢᠨᠠᠷᠲᠠᠢ ᠬᠢᠨᠠᠨ ᠰᠢᠯᠭ᠋ᠠᠯᠲᠠ ᠵᠢᠨ 40 ᠬᠤᠪᠢ ᠪᠠ ᠲᠤᠬᠠᠢ ᠵᠢᠨ ᠲᠠᠯᠠᠪᠤᠷ᠎ᠤᠨ ᠰᠢᠯᠭ᠋ᠠᠯᠲᠠ ᠵᠢᠨ 30 ᠬᠤᠪᠢ ᠪᠠᠭᠲᠠᠨ᠎ᠠ᠃ ᠥᠭᠡᠷᠡᠴᠢᠯᠡᠯᠲᠡ ᠬᠢᠭᠰᠡᠨ᠎ᠤ ᠳᠠᠷᠠᠭ᠋ᠠᠬᠢ ᠪᠡᠭᠡᠵᠢᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠪᠡᠶ᠎ᠡ ᠵᠢᠨ ᠲᠠᠮᠢᠷ᠎ᠤᠨ ᠲᠥᠰᠥᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠵᠦ᠂ ᠣᠨ ᠬᠤᠪᠢᠶᠠᠨ ᠰᠢᠯᠵᠢᠯᠳᠠ ᠵᠢᠨ ᠶᠠᠪᠤᠴᠠ ᠵᠢ ᠦᠩᠭᠡᠷᠡᠭᠡᠵᠦ᠂ ᠠᠯᠬᠤᠮ ᠠᠯᠬᠤᠮ ᠵᠶ᠋ᠠᠷ ᠬᠡᠷᠡᠭᠵᠢᠭᠦᠯᠦᠨ᠂ ᠪᠥᠬᠥ ᠲᠠᠯ᠎ᠠ᠎ᠪᠠᠷ ᠬᠡᠷᠡᠭᠵᠢᠭᠦᠯᠬᠦ ᠪᠣᠯᠲᠠᠯ᠎ᠠ ᠬᠡᠷᠡᠭᠵᠢᠭᠦᠯᠦᠨ᠎ᠡ᠃ 2022 ᠣᠨ᠎ᠳᠤ 《ᠪᠡᠭᠡᠵᠢᠩ ᠬᠣᠲᠠ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠶᠠᠪᠤᠴᠠ ᠵᠢᠨ ᠴᠢᠨᠠᠷᠲᠠᠢ ᠬᠢᠨᠠᠨ ᠰᠢᠯᠭ᠋ᠠᠯᠲᠠ ᠵᠢᠨ ᠬᠠᠮᠢᠶᠠᠷᠤᠯᠲᠠ ᠵᠢᠨ ᠠᠷᠭ᠎ᠠ》 ᠵᠢ ᠵᠢᠩᠬᠢᠨᠢ᠎ᠪᠠᠷ ᠨᠡᠢ᠌ᠲᠡᠯᠡᠵᠦ᠂ ᠶᠠᠪᠤᠴᠠ ᠵᠢᠨ ᠴᠢᠨᠠᠷᠲᠠᠢ ᠬᠢᠨᠠᠨ ᠰᠢᠯᠭ᠋ᠠᠯᠲᠠ᠎ᠳᠤ ᠡᠯ᠎ᠡ ᠲᠣᠭᠣᠷᠢᠭ᠎ᠤᠨ ᠳᠥᠷᠪᠡᠳᠦᠭᠡᠷ᠂ ᠵᠢᠷᠭᠤᠳᠤᠭ᠋ᠠᠷ᠂ ᠨᠠᠢ᠍ᠮᠠᠳᠤᠭ᠋ᠠᠷ ᠣᠨ᠎ᠤ ᠰᠣᠷᠣᠭᠴᠢ᠎ᠳᠤ ᠥᠷᠨᠢᠭᠦᠯᠦᠭᠰᠡᠨ ᠰᠣᠷᠣᠭᠴᠢ ᠵᠢᠨ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢᠨ ᠰᠢᠯᠭ᠋ᠠᠯᠲᠠ ᠵᠢᠨ ᠨᠢᠭᠡᠳᠦᠯᠲᠡᠢ ᠰᠢᠯᠭ᠋ᠠᠯᠲᠠ ᠪᠠ ᠡᠯ᠎ᠡ ᠲᠣᠭᠣᠷᠢᠭ᠎ᠤᠨ ᠪᠥᠬᠥ ᠬᠣᠲᠠ ᠵᠢᠨ ᠨᠢᠭᠡᠳᠦᠯᠲᠡᠢ ᠱᠠᠭ᠋ᠠᠷᠳᠠᠯᠭ᠎ᠠ ᠶᠣᠰᠣᠭ᠋ᠠᠷ ᠨᠠᠢ᠍ᠮᠠᠳᠤᠭ᠋ᠠᠷ ᠣᠨ᠎ᠤ ᠰᠣᠷᠣᠭᠴᠢ᠎ᠳᠤ ᠵᠣᠬᠢᠶᠠᠨ ᠪᠠᠢ᠌ᠭᠤᠯᠤᠭᠰᠠᠨ ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠮᠡᠳᠡᠯᠭᠡ ᠵᠢᠨ ᠮᠧᠬᠠᠨᠢᠭ ᠰᠢᠯᠭ᠋ᠠᠯᠲᠠ ᠪᠠᠭᠲᠠᠨ᠎ᠠ ᠭᠡᠵᠦ ᠲᠣᠳᠣᠷᠬᠠᠢ ᠲᠣᠭᠲᠠᠭ᠋ᠠᠵᠠᠢ᠃ ᠶᠠᠪᠤᠴᠠ ᠵᠢᠨ ᠴᠢᠨᠠᠷᠲᠠᠢ ᠰᠢᠯᠭ᠋ᠠᠨ ᠬᠢᠨᠠᠭᠰᠠᠨ ᠦᠷ᠎ᠡ ᠳ᠋ᠦᠩ᠎ᠢ   ᠶᠢᠰᠦᠳᠦᠭᠡᠷ ᠤᠨ᠎ᠤ ᠪᠡᠶ᠎ᠡ ᠵᠢᠨ ᠲᠠᠮᠢᠷ᠎ᠤᠨ ᠲᠤᠬᠠᠢ ᠵᠢᠨ ᠲᠠᠯᠠᠪᠤᠷ᠎ᠤᠨ ᠰᠢᠯᠭ᠋ᠠᠯᠲᠠ᠎ᠲᠠᠢ ᠨᠡᠢ᠌ᠯᠡᠭᠦᠯᠦᠭᠰᠡᠨ᠎ᠤ ᠳᠠᠷᠠᠭ᠎ᠠ᠂ ᠰᠣᠷᠣᠭᠴᠢ ᠵᠢᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠳᠡᠪᠰᠢᠬᠦ ᠰᠢᠯᠭ᠋ᠠᠯᠲᠠ ᠵᠢᠨ ᠶᠡᠷᠦᠩᠬᠡᠢ ᠬᠢᠷᠢ ᠪᠦᠳᠦᠮᠵᠢ ᠪᠤᠯᠭ᠋ᠠᠨ᠎ᠠ᠃
    ᠪᠥᠬᠥ ᠤᠯᠤᠰ᠎ᠤᠨ ᠣᠯᠠᠨ ᠭᠠᠵᠠᠷ᠎ᠤᠨ᠎ᠬᠢᠨ ᠴᠦ᠍ ᠣᠢ᠌ᠷ᠎ᠠ ᠵᠢᠨ ᠵᠢᠯ᠎ᠳᠤ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ ᠵᠢᠨ ᠪᠡᠶ᠎ᠡ ᠵᠢᠨ ᠲᠠᠮᠢᠷ᠎ᠤᠨ ᠰᠢᠯᠭ᠋ᠠᠯᠳᠠ᠎ᠳᠤ ᠦᠭᠡᠷᠡᠴᠢᠯᠠᠯᠳᠠ ᠬᠢᠵᠦ ᠪᠤᠢ᠃ ᠭᠢᠷᠢᠨ ᠮᠤᠵᠢ ᠵᠢᠨ ᠴᠠᠩᠴᠦ᠋ᠨ ᠬᠣᠲᠠ ᠵᠢᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠪᠡᠶ᠎ᠡ ᠵᠢᠨ ᠲᠠᠮᠢᠷ᠎ᠤᠨ ᠬᠢᠴᠢᠶᠡᠯ ᠲᠥᠷᠥᠯ᠎ᠳᠤ ᠶᠠᠪᠤᠴᠠ ᠵᠢᠨ ᠴᠢᠨᠠᠷᠲᠠᠢ ᠬᠢᠨᠠᠨ ᠰᠢᠯᠭ᠋ᠠᠯᠲᠠ ᠪᠠ ᠲᠡᠭᠦᠰᠬᠡᠯ᠎ᠤᠨ ᠴᠢᠨᠠᠷᠲᠠᠢ ᠬᠢᠨᠠᠨ ᠰᠢᠯᠭ᠋ᠠᠯᠲᠠ ᠵᠢ ᠤᠶᠠᠯᠳᠤᠭᠤᠯᠬᠤ ᠠᠷᠭ᠎ᠠ ᠮᠠᠶᠢᠭ᠎ᠢ ᠬᠡᠷᠡᠭᠯᠡᠪᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢ ᠰᠢᠯᠭ᠋ᠠᠨ ᠬᠢᠨᠠᠵᠤ ᠦᠨᠡᠯᠡᠬᠦ᠎ᠳᠤ ᠶᠠᠪᠤᠴᠠ ᠵᠢᠨ ᠴᠢᠨᠠᠷᠲᠠᠢ ᠰᠢᠯᠭ᠋ᠠᠨ ᠬᠢᠨᠠᠬᠤ ᠪᠠ ᠲᠡᠭᠦᠰᠬᠡᠯ᠎ᠤᠨ ᠴᠢᠨᠠᠷᠲᠠᠢ ᠰᠢᠯᠭ᠋ᠠᠨ ᠬᠢᠨᠠᠬᠤ ᠵᠢ ᠪᠠᠭᠲᠠᠭ᠋ᠠᠭᠰᠠᠨ ᠶᠡᠷᠦᠩᠬᠡᠢ ᠬᠤᠪᠢ᠎ᠨᠢ 80 ᠬᠤᠪᠢ ᠪᠠᠢ᠌ᠵᠤ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠢᠯᠭ᠋ᠠᠯᠲᠠ ᠵᠢᠨ ᠶᠡᠷᠦᠩᠬᠡᠢ ᠬᠤᠪᠢ᠎ᠳᠤ ᠪᠤᠳᠤᠵᠤ ᠣᠷᠣᠭᠤᠯᠤᠨ᠎ᠠ᠃ ᠡᠭᠦᠨ᠎ᠳᠤ᠂ ᠶᠠᠪᠤᠴᠠ ᠵᠢᠨ ᠴᠢᠨᠠᠷᠲᠠᠢ ᠬᠢᠨᠠᠨ ᠰᠢᠯᠭ᠋ᠠᠯᠲᠠ᠎ᠳᠤ 30 ᠬᠤᠪᠢ᠂ ᠲᠡᠭᠦᠰᠬᠡᠯ᠎ᠤᠨ ᠴᠢᠨᠠᠷᠲᠠᠢ ᠬᠢᠨᠠᠨ ᠰᠢᠯᠭ᠋ᠠᠯᠲᠠ᠎ᠳᠤ 50 ᠬᠤᠪᠢ ᠥᠭᠭᠦᠨ᠎ᠡ᠃ ᠶᠠᠪᠤᠴᠠ ᠵᠢᠨ ᠴᠢᠨᠠᠷᠲᠠᠢ ᠬᠢᠨᠠᠨ ᠰᠢᠯᠭ᠋ᠠᠯᠲᠠ᠎ᠨᠢ ᠭᠣᠣᠯᠳᠠᠭᠤ ᠰᠤᠷᠤᠭᠴᠢᠳ᠎ᠤᠨ ᠡᠳᠦᠷ ᠲᠤᠲᠤᠮ᠎ᠤᠨ ᠰᠤᠷᠤᠯᠴᠠᠯᠭ᠎ᠠ ᠠᠮᠢᠳᠤᠷᠠᠯ ᠳᠤᠮᠳᠠᠬᠢ ᠪᠣᠯᠪᠠᠰᠤᠷᠠᠯ᠎ᠤᠨ ᠪᠠᠢ᠌ᠳᠠᠯ᠂ ᠵᠢᠱ᠌ᠢᠶᠡᠯᠡᠪᠡᠯ ᠬᠢᠴᠢᠶᠡᠯᠯᠡᠭᠰᠡᠨ ᠨᠣᠷᠮ᠎ᠠ᠂ ᠬᠢᠴᠢᠶᠡᠯ᠎ᠤᠨ ᠲᠠᠩᠬᠢᠮ᠎ᠤᠨ ᠢᠯᠡᠷᠡᠯ ᠵᠡᠷᠭᠡ ᠵᠢ ᠪᠠᠭᠳᠠᠭ᠋ᠠᠨ᠎ᠠ᠃ ᠬᠠᠷᠢᠨ ᠲᠡᠭᠦᠰᠬᠡᠯ᠎ᠤᠨ ᠴᠢᠨᠠᠷᠲᠠᠢ ᠬᠢᠨᠠᠨ ᠰᠢᠯᠭ᠋ᠠᠯᠲᠠ ᠪᠣᠯ ᠰᠤᠷᠤᠭᠴᠢᠳ᠎ᠤᠨ ᠣᠨᠴᠠᠭ᠋ᠠᠶ ᠴᠠᠭ᠎ᠤᠨ ᠳᠣᠲᠣᠷᠠᠬᠢ ᠪᠣᠳᠠᠲᠠᠢ ᠢᠯᠡᠷᠡᠯ᠎ᠢ ᠦᠨᠡᠯᠡᠨ ᠵᠢᠱ᠌ᠢᠬᠦ ᠵᠢ ᠬᠡᠯᠡᠨ᠎ᠡ᠂ ᠵᠢᠱ᠌ᠢᠶᠡᠯᠡᠪᠡᠯ᠂ ᠪᠡᠶ᠎ᠡ ᠵᠢᠨ ᠴᠢᠳᠠᠪᠤᠷᠢ ᠵᠢᠨ ᠰᠢᠯᠭ᠋ᠠᠯᠲᠠ᠂ ᠲᠤᠰᠬᠠᠢ ᠮᠡᠷᠭᠡᠵᠢᠯ᠎ᠤᠨ ᠤᠷᠤᠯᠳᠤᠭ᠋ᠠᠨ ᠵᠡᠷᠭᠡ ᠪᠤᠯᠤᠨ᠎ᠡ᠃ ᠡᠨᠡ ᠬᠣᠶᠠᠷ ᠬᠡᠰᠡᠭ᠎ᠤᠨ ᠬᠢᠷᠢ ᠪᠦᠲᠦᠮᠵᠢ ᠵᠢ ᠨᠡᠮᠡᠵᠦ ᠪᠤᠳᠤᠭᠰᠠᠨ᠎ᠤ ᠳᠠᠷᠠᠭ᠎ᠠ ᠬᠠᠮᠤᠭ ᠡᠴᠦᠰ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ ᠵᠢᠨ ᠪᠡᠶ᠎ᠡ ᠵᠢᠨ ᠲᠠᠮᠢᠷ᠎ᠤᠨ ᠬᠤᠪᠢ ᠵᠢ ᠣᠯᠣᠨ᠎ᠠ᠃
    ᠾᠧᠪᠧᠢ ᠮᠤᠵᠢ ᠪᠠᠰᠠ ᠶᠠᠪᠤᠴᠠ ᠵᠢᠨ ᠴᠢᠨᠠᠷᠲᠠᠢ ᠬᠢᠨᠠᠨ ᠰᠢᠯᠭ᠋ᠠᠯᠲᠠ ᠵᠢ ᠨᠡᠮᠡᠵᠡᠢ᠂ 《ᠾᠧᠪᠧᠢ ᠮᠤᠵᠢ ᠵᠢᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠬᠢᠴᠢᠶᠡᠯ ᠲᠥᠷᠥᠯ᠎ᠤᠨ ᠰᠢᠯᠭ᠋ᠠᠯᠲᠠ ᠵᠢᠨ ᠲᠥᠰᠥᠯ》᠎ᠢ ᠦᠨᠳᠦᠰᠦᠯᠡᠪᠡᠯ᠂ ᠶᠠᠪᠤᠴᠠ ᠵᠢᠨ ᠴᠢᠨᠠᠷᠲᠠᠢ ᠬᠢᠨᠠᠨ ᠰᠢᠯᠭ᠋ᠠᠯᠲᠠ᠎ᠨᠢ ᠰᠤᠷᠤᠭᠴᠢᠳ᠎ᠤᠨ ᠡᠳᠦᠷ ᠲᠤᠲᠤᠮ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠳᠤ ᠣᠷᠣᠯᠴᠠᠭᠰᠠᠨ ᠪᠠᠢ᠌ᠳᠠᠯ᠂ 《ᠰᠤᠷᠤᠭᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢᠨ ᠪᠠᠷᠢᠮᠵᠢᠶ᠎ᠠ (2014 ᠣᠨ᠎ᠳᠤ ᠵᠠᠰᠠᠪᠤᠷᠢ ᠣᠷᠣᠭᠤᠯᠤᠭᠰᠠᠨ)》 ᠵᠢᠨ ᠰᠢᠯᠭ᠋ᠠᠯᠲᠠ ᠵᠢᠨ ᠬᠢᠷᠢ ᠪᠦᠲᠦᠮᠵᠢ᠂ ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠬᠢᠴᠢᠶᠡᠯ᠎ᠤᠨ ᠬᠢᠷᠢ ᠪᠦᠲᠦᠮᠵᠢ ᠵᠢᠨ ᠬᠢᠨᠠᠨ ᠰᠢᠯᠭ᠋ᠠᠯᠲᠠ ᠵᠡᠷᠭᠡ ᠭᠤᠷᠪᠠᠨ ᠬᠡᠰᠡᠭ ᠵᠶ᠋ᠡᠷ ᠪᠦᠷᠢᠯᠳᠦᠨ᠎ᠡ᠃ ᠬᠢᠷᠢ ᠪᠦᠲᠦᠮᠵᠢ ᠵᠢ ᠪᠣᠳᠠᠲᠠᠢ᠎ᠪᠠᠷ ᠬᠡᠷᠬᠢᠨ ᠦᠨᠡᠯᠡᠨ ᠲᠣᠭᠲᠠᠭ᠋ᠠᠬᠤ ᠲᠤᠬᠠᠢ᠂ 《ᠲᠥᠰᠥᠯ》᠎ᠳᠤ ᠬᠢᠨᠠᠨ ᠰᠢᠯᠭ᠋ᠠᠬᠤ ᠲᠠᠰ ᠵᠢᠴᠢ ᠬᠠᠷᠠᠭ᠋ᠠᠯᠵᠠᠭᠰᠠᠨ ᠬᠤᠪᠢ ᠵᠢᠨ ᠬᠡᠮᠵᠢᠭᠳᠡᠯ᠎ᠢ ᠥᠭᠭᠦᠭᠰᠡᠨ ᠪᠠᠢ᠌ᠨ᠎ᠠ᠃ ᠡᠭᠦᠨ᠎ᠳᠤ᠂ ᠡᠳᠦᠷ ᠲᠤᠲᠤᠮ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠳᠤ ᠣᠷᠣᠯᠴᠠᠭᠰᠠᠨ ᠪᠠᠢ᠌ᠳᠠᠯ᠎ᠤᠨ ᠪᠦᠷᠢᠨ ᠬᠤᠪᠢ 4.0 ᠬᠤᠪᠢ ᠪᠠᠢ᠌ᠵᠤ᠂ ᠪᠡᠶ᠎ᠡ ᠵᠢᠨ ᠲᠠᠮᠢᠷ᠎ᠤᠨ ᠬᠢᠴᠢᠶᠡᠯ᠂ ᠬᠢᠴᠢᠶᠡᠯ᠎ᠤᠨ ᠵᠠᠪᠰᠠᠷᠯᠠᠭ᠎ᠠ ᠵᠢᠨ ᠲᠠᠮᠢᠷ᠎ᠲᠤ ᠭᠠᠷᠤᠭᠰᠠᠨ ᠨᠣᠷᠮ᠎ᠠ᠎ᠪᠠᠷ ᠦᠨᠡᠯᠡᠨ ᠲᠣᠭᠲᠠᠭ᠋ᠠᠨ᠎ᠠ᠃ ᠬᠡᠷᠡᠭ ᠤᠴᠢᠷ᠎ᠤᠨ ᠴᠢᠯᠦᠭᠡ᠂ ᠡᠪᠡᠳᠴᠢᠨ᠎ᠤ ᠴᠢᠯᠦᠭᠡᠨ᠎ᠳᠤ ᠴᠢᠯᠦᠭᠡ ᠭᠤᠶᠤᠬᠤ ᠭᠠᠷ ᠭᠦᠢ᠍ᠴᠡᠳᠬᠡᠯ᠎ᠢ ᠭᠦᠢ᠍ᠴᠡᠳᠬᠡᠨ᠎ᠡ; 《ᠰᠣᠷᠣᠭᠴᠢ ᠵᠢᠨ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢᠨ ᠪᠠᠷᠢᠮᠵᠢᠶ᠎ᠠ (2014 ᠣᠨ᠎ᠳᠤ ᠵᠠᠰᠠᠪᠤᠷᠢ ᠣᠷᠣᠭᠤᠯᠤᠭᠰᠠᠨ)》 ᠵᠢᠨ ᠰᠢᠯᠭ᠋ᠠᠯᠲᠠ ᠵᠢᠨ ᠬᠢᠷᠢ ᠪᠦᠲᠦᠮᠵᠢ ᠵᠢᠨ ᠪᠦᠷᠢᠨ ᠬᠤᠪᠢ 8.0 ᠬᠤᠪᠢ ᠪᠣᠯᠣᠨ᠎ᠠ᠂ ᠨᠠᠢ᠍ᠮᠠᠳᠤᠭ᠋ᠠᠷ ᠣᠨ ᠪᠠ ᠶᠢᠰᠦᠳᠦᠭᠡᠷ ᠣᠨ᠎ᠤ ᠳᠡᠭᠡᠷ᠎ᠡ ᠰᠤᠷᠤᠯᠭ᠎ᠠ ᠵᠢᠨ ᠬᠤᠭᠤᠴᠠᠭ᠋ᠠᠨ᠎ᠳᠤ᠂ ᠰᠤᠷᠭ᠋ᠠᠭᠤᠯᠢ ᠪᠤᠶᠤ ᠭᠤᠷᠪᠠᠳᠠᠭᠢ ᠡᠲᠡᠭᠡᠳ᠎ᠤᠨ ᠰᠢᠯᠭ᠋ᠠᠯᠲᠠ ᠵᠢᠨ ᠪᠠᠢ᠌ᠭᠤᠯᠤᠮᠵᠢ᠎ᠠᠴᠠ 《ᠰᠣᠷᠣᠭᠴᠢ ᠵᠢᠨ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢᠨ ᠪᠠᠷᠢᠮᠵᠢᠶ᠎ᠠ (2014 ᠣᠨ᠎ᠳᠤ ᠵᠠᠰᠠᠪᠤᠷᠢ ᠣᠷᠣᠭᠤᠯᠤᠭᠰᠠᠨ)》 ᠵᠢᠨ ᠱᠠᠭ᠋ᠠᠷᠳᠠᠯᠭ᠎ᠠ ᠶᠣᠰᠣᠭ᠋ᠠᠷ ᠰᠣᠷᠣᠭᠴᠢ᠎ᠳᠤ ᠰᠢᠯᠭ᠋ᠠᠯᠲᠠ ᠬᠢᠨ᠎ᠡ; ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠬᠢᠴᠢᠶᠡᠯ᠎ᠤᠨ ᠬᠢᠷᠢ ᠪᠦᠲᠦᠮᠵᠢ ᠵᠢᠨ ᠬᠢᠨᠠᠨ ᠰᠢᠯᠭ᠋ᠠᠯᠲᠠ ᠵᠢᠨ ᠪᠦᠷᠢᠨ ᠬᠤᠪᠢ 8.0 ᠬᠤᠪᠢ ᠪᠠᠢ᠌ᠵᠤ᠂ ᠰᠤᠷᠤᠯᠭ᠎ᠠ ᠵᠢᠨ ᠬᠤᠭᠤᠴᠠᠭ᠎ᠠ ᠪᠦᠷᠢ ᠵᠢ ᠡᠯ᠎ᠡ ᠰᠤᠷᠭ᠋ᠠᠭᠤᠯᠢ᠎ᠠᠴᠠ ᠬᠠᠷᠢᠭᠤᠴᠠᠨ ᠬᠢᠨᠠᠨ ᠲᠣᠭᠲᠠᠭ᠋ᠠᠨ᠎ᠠ᠃
    ᠰᠧᠴᠤᠸᠠᠨ ᠮᠤᠵᠢ ᠵᠢᠨ ᠮᠢᠶᠠᠨᠶᠠᠩ ᠬᠣᠲᠠ 2022 ᠣᠨ᠎ᠤ 9 ᠰᠠᠷ᠎ᠠ᠎ᠳᠤ ᠳᠣᠯᠣᠳᠤᠭ᠋ᠠᠷ ᠣᠨ᠎ᠤ ᠰᠣᠷᠣᠭᠴᠢ᠎ᠠᠴᠠ ᠡᠬᠢᠯᠡᠨ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ ᠵᠢᠨ ᠪᠡᠶ᠎ᠡ ᠵᠢᠨ ᠲᠠᠮᠢᠷ᠎ᠤᠨ ᠰᠢᠯᠭ᠋ᠠᠯᠲᠠ ᠵᠢᠨ ᠶᠡᠷᠦᠩᠬᠡᠢ᠌ᠯᠡᠭᠰᠡᠨ ᠦᠨᠡᠯᠡᠯᠲᠡ ᠵᠢ ᠡᠬᠢᠯᠡᠨ ᠬᠡᠷᠡᠭᠵᠢᠭᠦᠯᠪᠡ᠂ ᠲᠤᠬᠠᠢ᠌ᠯᠠᠪᠠᠯ ᠥᠩᠭᠡᠷᠡᠭᠰᠡᠨ᠎ᠤ 《ᠨᠢᠭᠡᠳᠦᠯᠲᠡᠢ ᠰᠢᠯᠭ᠋ᠠᠯᠲᠠ》 ᠪᠠᠢ᠌ᠭᠰᠠᠨ᠎ᠢ 《ᠶᠠᠪᠤᠴᠠ ᠵᠢᠨ ᠴᠢᠨᠠᠷᠲᠠᠢ ᠦᠨᠡᠯᠡᠯᠲᠡ + ᠨᠢᠭᠡᠳᠦᠯᠲᠡᠢ ᠰᠢᠯᠭ᠋ᠠᠯᠲᠠ》 ᠭᠡᠵᠦ ᠬᠣᠶᠠᠷ ᠬᠡᠰᠡᠭ ᠪᠣᠯᠭ᠋ᠠᠨ ᠥᠭᠡᠷᠡᠴᠢᠯᠡᠵᠦ᠂ ᠶᠡᠷᠦᠩᠬᠡᠢ ᠬᠤᠪᠢ᠎ᠨᠢ 80 ᠬᠤᠪᠢ ᠵᠢ ᠬᠤᠪᠢᠷᠠᠭᠤᠯᠬᠤ ᠦᠭᠡᠢ᠂ ᠡᠭᠦᠨ᠎ᠳᠤ ᠶᠠᠪᠤᠴᠠ ᠵᠢᠨ ᠴᠢᠨᠠᠷᠲᠠᠢ ᠦᠨᠡᠯᠡᠯᠲᠡ 10 ᠬᠤᠪᠢ᠂ ᠨᠢᠭᠡᠳᠦᠯᠲᠡᠢ ᠰᠢᠯᠭ᠋ᠠᠯᠲᠠ 70 ᠬᠤᠪᠢ ᠪᠣᠯᠣᠨ᠎ᠠ᠃ ᠥᠭᠡᠷᠡᠴᠢᠯᠡᠭᠰᠡᠨ᠎ᠤ ᠳᠠᠷᠠᠭ᠋ᠠᠬᠢ 《ᠨᠢᠭᠡᠳᠦᠯᠲᠡᠢ ᠰᠢᠯᠭ᠋ᠠᠯᠲᠠ》᠎ᠨᠢ ᠮᠥᠨ ᠬᠦ᠌ 《3 + X》 ᠵᠢᠨ ᠵᠠᠭᠪᠤᠷ᠎ᠢ ᠬᠡᠷᠡᠭᠯᠡᠵᠦ ᠪᠣᠶ᠂ ᠲᠤᠬᠠᠢ᠌ᠯᠠᠪᠠᠯ 3 ᠵᠦᠢ᠍ᠯ᠎ᠤᠨ ᠵᠠᠪᠠᠯ ᠰᠢᠯᠭ᠋ᠠᠬᠤ + 1 ᠵᠦᠢ᠍ᠯ᠎ᠤᠨ ᠰᠣᠩᠭᠣᠨ ᠰᠢᠯᠭ᠋ᠠᠬᠤ ᠰᠢᠯᠭ᠋ᠠᠯᠲᠠ᠎ᠳᠤ ᠵᠥᠪᠬᠡᠨ ᠬᠤᠪᠢ ᠵᠢᠨ ᠲᠠᠯ᠎ᠠ᠎ᠪᠠᠷ ᠲᠣᠬᠢᠷᠠᠭᠤᠯᠤᠯᠲᠠ ᠬᠢᠭᠰᠡᠨ ᠲᠡᠳᠦᠢ ᠶᠤᠮ᠃ ᠵᠠᠪᠠᠯ ᠰᠢᠯᠭ᠋ᠠᠬᠤ ᠵᠦᠢ᠍ᠯ 60 ᠬᠤᠪᠢ᠂ ᠰᠣᠩᠭᠣᠨ ᠰᠢᠯᠭ᠋ᠠᠬᠤ ᠵᠦᠢ᠍ᠯ 10 ᠬᠤᠪᠢ᠃ ᠬᠠᠮᠢᠶ᠎ᠠ ᠪᠦᠬᠦᠢ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠡᠭᠡᠨ᠂ ᠲᠣᠬᠢᠷᠠᠭᠤᠯᠤᠯᠲᠠ ᠬᠢᠬᠦ᠎ᠪᠠᠷ ᠳᠠᠮᠵᠢᠭᠤᠯᠤᠨ᠂ ᠰᠢᠯᠭ᠋ᠠᠯᠲᠠ ᠵᠢᠨ ᠲᠥᠷᠥᠯ ᠵᠦᠢ᠍ᠯ᠎ᠢ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠢ᠎ᠪᠠᠷ ᠲᠣᠬᠢᠷᠠᠭᠤᠯᠵᠤ᠂ ᠰᠤᠷᠤᠭᠴᠢᠳ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ 《ᠰᠢᠯᠭ᠋ᠠᠯᠲᠠ ᠵᠢᠨ ᠲᠥᠯᠥᠭᠡ ᠪᠣᠯᠪᠠᠰᠤᠷᠠᠬᠤ》 ᠪᠠᠢ᠌ᠭᠰᠠᠨ᠎ᠠᠴᠠ 《ᠪᠡᠶ᠎ᠡ ᠮᠠᠬᠠᠪᠤᠳ᠎ᠤᠨ ᠬᠡᠪ ᠴᠢᠨᠠᠷ᠎ᠤᠨ ᠲᠥᠯᠥᠭᠡ ᠪᠣᠯᠪᠠᠰᠤᠷᠠᠬᠤ》 ᠪᠣᠯᠭ᠋ᠠᠨ ᠬᠤᠪᠢᠷᠠᠭᠤᠯᠵᠤ᠂ ᠶᠠᠪᠤᠴᠠ ᠵᠢᠨ ᠦᠨᠡᠯᠡᠯᠲᠡ ᠵᠢ ᠴᠢᠩᠭ᠋ᠠᠷᠠᠭᠤᠯᠤᠨ᠂ ᠡᠭᠦᠨ᠎ᠤ ᠤᠯᠠᠮ ᠵᠶ᠋ᠠᠷ ᠦᠨᠡᠯᠡᠬᠦ ᠠᠭᠤᠯᠭ᠎ᠠ᠎ᠨᠢ ᠣᠯᠠᠨ ᠡᠰᠢᠲᠦ᠂ ᠦᠨᠡᠯᠡᠬᠦ ᠠᠷᠭ᠎ᠠ᠎ᠨᠢ ᠣᠯᠠᠨ ᠶᠠᠩᠵᠤ ᠵᠢᠨ᠂ ᠦᠨᠡᠯᠡᠬᠦ ᠪᠡᠶᠡᠴᠢ ᠴᠣᠭᠴᠠ᠎ᠨᠢ ᠣᠯᠠᠨ ᠡᠰᠢᠲᠦ ᠦᠨᠡᠯᠡᠬᠦ ᠰᠢᠰᠲ᠋ᠧᠮ᠎ᠢ ᠪᠠᠢ᠌ᠭᠤᠯᠵᠤ᠂ ᠪᠥᠬᠥ ᠬᠣᠲᠠ ᠵᠢᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠵᠢᠭ᠋ᠠᠨ ᠰᠤᠷᠭ᠋ᠠᠯᠲᠠ ᠵᠢᠨ ᠰᠢᠨᠵᠢᠯᠡᠬᠦ ᠤᠬᠠᠭ᠋ᠠᠨᠴᠢ ᠬᠥᠭᠵᠢᠯᠲᠡ ᠵᠢ ᠠᠬᠢᠭᠤᠯᠤᠨ᠂ ᠰᠤᠷᠤᠭᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢᠨ ᠬᠢᠷᠢ ᠲᠦᠪᠰᠢᠨ᠎ᠢ ᠦᠨᠡᠨ ᠬᠦ᠌   ᠲᠡᠭᠡᠭᠰᠢᠯᠡᠭᠦᠯᠪᠡ᠃
    ᠰᠢᠯᠭ᠋ᠠᠯᠲᠠ᠎ᠨᠢ ᠰᠤᠷᠤᠭᠴᠢᠳ᠎ᠤᠨ ᠲᠠᠮᠢᠷ᠎ᠤᠨ ᠪᠣᠯᠪᠠᠰᠤᠷᠠᠯ᠎ᠢ ᠴᠢᠩᠭ᠋ᠠᠳᠬᠠᠵᠤ ᠪᠣᠯᠣᠨ᠎ᠠ
    ᠰᠤᠷᠭ᠋ᠠᠭᠤᠯᠢ᠂ ᠭᠡᠷ᠎ᠤᠨ ᠠᠬᠠᠮᠠᠳ᠂ ᠪᠦᠬᠦ ᠨᠡᠢ᠌ᠭᠡᠮ ᠵᠠᠯᠠᠭᠤᠴᠤᠳ ᠪᠠᠭ᠋ᠠᠴᠤᠳ᠎ᠤᠨ ᠪᠡᠶ᠎ᠡ ᠮᠠᠬᠠᠪᠤᠳ᠎ᠤᠨ ᠡᠷᠡᠭᠦᠯ ᠴᠢᠭᠢᠷᠠᠭ ᠪᠠ ᠪᠦᠬᠦ ᠲᠠᠯ᠎ᠠ ᠵᠢᠨ ᠬᠥᠭᠵᠢᠯᠲᠡ ᠵᠢ ᠤᠯᠠᠮ᠎ᠠᠴᠠ ᠤᠯᠠᠮ ᠠᠩᠬᠠᠷᠬᠤ ᠪᠣᠯᠪᠠ᠃ ᠦᠬᠠᠨ᠎ᠤ ᠪᠡᠶ᠎ᠡ ᠵᠢᠨ   ᠲᠠᠮᠢᠷ ᠎ᠤᠨ   ᠳᠡᠭᠡᠳᠦ   ᠰᠤᠷᠭ᠋ᠠᠭᠤᠯᠢ ᠵᠢᠨ   ᠫᠷᠤᠹᠸᠰᠰᠤᠷ   ᠯᠢᠦ ᠮᠢᠩ ᠢ   ᠢᠯᠡᠷᠬᠡᠢ᠌ᠯᠡᠬᠦ᠎ᠳᠡᠭᠡᠨ᠄   《ᠰᠢᠯᠭ᠋ᠠᠯᠲᠠ ᠪᠣᠯ ᠵᠢᠭ᠋ᠠᠨ ᠰᠤᠷᠭ᠋ᠠᠯᠲᠠ ᠵᠢᠨ ᠶᠠᠪᠤᠴᠠ ᠵᠢᠨ ᠨᠢᠭᠡᠨ ᠴᠢᠬᠤᠯᠠ ᠭᠣᠭᠴᠣᠭ᠎ᠠ ᠮᠥᠨ᠂ ᠶᠠᠮᠠᠷ ᠬᠢᠴᠢᠶᠡᠯ ᠲᠥᠷᠥᠯ᠎ᠳᠤ ᠴᠦ᠍ ᠭᠡᠰᠡᠨ ᠴᠥᠮ ᠬᠤᠭᠤᠴᠠᠭ᠋ᠠᠨ ᠳᠤᠮᠳᠠᠬᠢ ᠰᠢᠯᠭ᠋ᠠᠯᠲᠠ᠂ ᠬᠤᠭᠤᠴᠠᠭ᠋ᠠᠨ ᠡᠴᠦᠰ᠎ᠤᠨ ᠰᠢᠯᠭ᠋ᠠᠯᠲᠠ᠂ ᠰᠤᠷᠭ᠋ᠠᠭᠤᠯᠢ ᠳᠡᠪᠰᠢᠬᠦ ᠰᠢᠯᠭ᠋ᠠᠯᠲᠠ᠎ᠲᠠᠢ ᠪᠠᠢ᠌ᠵᠤ ᠮᠡᠳᠡᠨ᠎ᠡ᠂ ᠡᠨᠡ᠎ᠨᠢ ᠰᠤᠷᠤᠯᠭ᠎ᠠ ᠵᠢᠨ ᠦᠷ᠎ᠡ ᠪᠦᠲᠦᠭᠡᠯ᠎ᠢ ᠰᠢᠯᠭ᠋ᠠᠬᠤ ᠵᠢᠨ ᠲᠥᠯᠥᠭᠡ ᠶᠤᠮ᠃ ᠡᠢ᠌ᠮᠦ᠎ᠠᠴᠠ᠂ ᠪᠡᠶ᠎ᠡ ᠵᠢᠨ ᠲᠠᠮᠢᠷ᠎ᠤᠨ ᠰᠢᠯᠭ᠋ᠠᠯᠲᠠ᠎ᠳᠤ ᠤᠬᠠᠭ᠋ᠠᠯᠢᠭ ᠬᠠᠨᠳᠤᠬᠤ ᠬᠡᠷᠡᠭᠲᠡᠢ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ ᠵᠢᠨ ᠪᠡᠶ᠎ᠡ ᠵᠢᠨ ᠲᠠᠮᠢᠷ᠎ᠤᠨ ᠰᠢᠯᠭ᠋ᠠᠯᠳᠠ ᠵᠢᠨ ᠥᠭᠡᠷᠡᠴᠢᠯᠡᠯᠲᠡ ᠵᠢᠨ ᠳᠠᠷᠠᠭ᠎ᠠ ᠢᠯᠡᠷᠡᠭᠰᠡᠨ ᠶᠠᠪᠤᠴᠠ ᠵᠢᠨ ᠴᠢᠨᠠᠷᠲᠠᠢ ᠰᠢᠯᠭ᠋ᠠᠯᠲᠠ ᠴᠤ᠌ ᠲᠡᠷᠡ᠂ ᠡᠴᠦᠰ᠎ᠤᠨ ᠦᠷ᠎ᠡ ᠳ᠋ᠦᠩ᠎ᠤᠨ ᠦᠨᠡᠯᠡᠨ ᠲᠣᠭᠲᠠᠭ᠋ᠠᠬᠤ ᠴᠢᠨᠠᠷᠲᠠᠢ ᠰᠢᠯᠭ᠋ᠠᠯᠲᠠ ᠴᠤ᠌ ᠲᠡᠷᠡ᠂ ᠴᠥᠮ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠢ ᠴᠢᠩᠭ᠋ᠠᠳᠬᠠᠬᠤ ᠵᠢᠨ ᠲᠥᠯᠥᠭᠡ ᠶᠤᠮ᠃ ᠬᠡᠷᠪᠡ ᠰᠢᠯᠭ᠋ᠠᠯᠲᠠ ᠪᠠᠢ᠌ᠬᠤ ᠦᠭᠡᠢ ᠪᠣᠯ ᠰᠤᠷᠤᠭᠴᠢᠳ ᠵᠥᠪᠬᠡᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠭ᠋ᠠᠳ ᠪᠠᠷᠢᠮᠵᠢᠶ᠎ᠠ᠎ᠪᠠᠨ ᠲᠣᠭᠲᠠᠭ᠋ᠠᠬᠤ ᠦᠭᠡᠢ ᠪᠠᠢ᠌ᠵᠤ ᠮᠡᠳᠡᠨ᠎ᠡ᠂ ᠭᠡᠪᠡᠴᠦ ᠵᠥᠪᠬᠡᠨ ᠰᠢᠯᠭ᠋ᠠᠯᠲᠠ ᠵᠢ ᠴᠢᠬᠤᠯᠠᠴᠢᠯᠠᠭ᠋ᠠᠳ᠂ ᠠᠰᠢᠭ ᠲᠤᠰᠠ ᠵᠢ᠎ᠨᠢ ᠠᠳᠠᠯᠢᠳᠬᠠᠪᠠᠯ᠂ ᠰᠢᠯᠭ᠋ᠠᠯᠲᠠ ᠵᠢ ᠠᠷᠭ᠋ᠠᠴᠠᠬᠤ ᠰᠤᠷᠭ᠋ᠠᠨ ᠬᠥᠮᠦᠵᠢᠯ ᠪᠣᠯᠵᠤ ᠬᠤᠪᠢᠷᠠᠨ᠎ᠠ》 ᠭᠡᠪᠡ᠃
    ᠯᠢᠦ ᠮᠢᠩ ᠢ᠎ᠠᠴᠠ᠄ 《ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠬᠤ ᠪᠣᠯ ᠪᠡᠶ᠎ᠡ ᠮᠠᠬᠠᠪᠤᠳ᠎ᠤᠨ ᠡᠷᠡᠭᠦᠯ ᠴᠢᠭᠢᠷᠠᠭ᠎ᠢ ᠳᠡᠭᠡᠭᠰᠢᠯᠡᠭᠦᠯᠬᠦ ᠨᠢᠭᠡ ᠵᠦᠢ᠍ᠯ᠎ᠤᠨ ᠠᠷᠭ᠎ᠠ ᠬᠡᠯᠪᠡᠷᠢ ᠮᠥᠨ᠂ ᠪᠡᠶ᠎ᠡ ᠮᠠᠬᠠᠪᠤᠳ᠎ᠤᠨ ᠡᠷᠡᠭᠦᠯ ᠴᠢᠭᠢᠷᠠᠭ᠎ᠤᠨ ᠳᠡᠭᠡᠭᠰᠢᠯᠡᠯᠲᠡ᠎ᠨᠢ ᠣᠷᠳᠣ ᠬᠤᠭᠤᠴᠠᠭ᠋ᠠᠲᠤ ᠴᠢᠨᠠᠷ ᠪᠠ ᠵᠣᠬᠢᠴᠠᠬᠤ ᠴᠢᠨᠠᠷ᠎ᠤᠨ ᠣᠨᠴᠠᠯᠢᠭ᠎ᠲᠠᠢ ᠪᠠᠢ᠌ᠵᠤ᠂ ᠠᠳᠠᠯᠢ ᠪᠤᠰᠤ ᠤᠯᠠᠷᠢᠯ᠂ ᠠᠳᠠᠯᠢ ᠪᠤᠰᠤ ᠱᠠᠲᠤ ᠦᠶ᠎ᠡ᠎ᠳᠤ ᠵᠢᠮ᠎ᠡ ᠶᠣᠰᠣ᠎ᠲᠠᠢ ᠪᠣᠯᠪᠠᠰᠤᠷᠠᠯ ᠬᠢᠬᠦ ᠬᠡᠷᠡᠭᠲᠡᠢ᠃ ᠪᠠᠭ᠎ᠠ ᠰᠤᠷᠭ᠋ᠠᠭᠤᠯᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤ ᠦᠶ᠎ᠡ ᠪᠣᠯ ᠬᠡᠦᠬᠡᠳ᠎ᠤᠨ ᠥᠰᠦᠯᠲᠡ ᠪᠣᠶ᠋ᠢᠵᠢᠯᠲᠠ ᠵᠢᠨ ᠰᠡᠷᠭᠡᠭ ᠬᠤᠭᠤᠴᠠᠭ᠎ᠠ ᠪᠣᠯᠣᠨ᠎ᠠ᠂ ᠪᠠᠢ᠌ᠴᠠᠭ᠋ᠠᠯᠲᠠ᠎ᠪᠠᠷ ᠳᠡᠮᠵᠢᠨ ᠣᠯᠵᠤ ᠮᠡᠳᠡᠭᠰᠡᠨ᠎ᠨᠢ᠂ ᠬᠡᠳᠦᠢ ᠳᠣᠣᠷ᠎ᠠ ᠠᠩᠭᠢ ᠵᠢᠨ ᠬᠡᠦᠬᠡᠳ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ ᠬᠢᠭᠡᠳ ᠰᠣᠶᠣᠯ᠎ᠤᠨ ᠬᠢᠴᠢᠶᠡᠯ᠎ᠤᠨ ᠰᠤᠷᠤᠯᠴᠠᠯᠭ᠎ᠠ ᠵᠢᠨ ᠬᠣᠭᠣᠷᠣᠨᠳᠣᠬᠢ ᠮᠥᠷᠭᠥᠯᠳᠦᠭᠡᠨ ᠪᠠ ᠵᠥᠷᠢᠴᠡᠯ᠎ᠨᠢ ᠲᠡᠳᠦᠢ ᠪᠠᠭ᠎ᠠ ᠪᠠᠢ᠌ᠵᠤ᠂ ᠪᠠᠭ᠎ᠠ ᠰᠤᠷᠭ᠋ᠠᠭᠤᠯᠢ ᠵᠢᠨ ᠱᠠᠲᠤᠨ᠎ᠳᠤ ᠶᠠᠪᠤᠴᠠ ᠵᠢᠨ ᠴᠢᠨᠠᠷᠲᠠᠢ ᠰᠢᠯᠭ᠋ᠠᠯᠲᠠ ᠵᠢ ᠨᠡᠮᠡᠭᠳᠡᠭᠦᠯᠬᠦ᠎ᠨᠢ ᠲᠡᠳᠡᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠬᠤ ᠳᠠᠪᠲᠠᠮᠵᠢ ᠪᠠ ᠢᠳᠡᠪᠬᠢᠵᠢᠯ᠎ᠢ ᠳᠡᠭᠡᠭᠰᠢᠯᠡᠭᠦᠯᠬᠦ᠎ᠳᠤ ᠠᠰᠢᠭᠲᠠᠢ ᠪᠠᠢ᠌ᠵᠤ᠂ ᠬᠠᠷᠠᠬᠠᠨ ᠪᠠᠭ᠎ᠠ᠎ᠠᠴᠠ᠎ᠪᠠᠨ ᠪᠡᠶ᠎ᠡ ᠵᠢᠨ ᠲᠠᠮᠢᠷ᠎ᠤᠨ ᠵᠢᠭ᠋ᠠᠨ ᠰᠤᠷᠭ᠋ᠠᠯᠲᠠ ᠪᠠ ᠬᠢᠴᠢᠶᠡᠯ᠎ᠤᠨ ᠭᠠᠳᠠᠨᠠᠬᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠴᠢᠬᠤᠯᠠᠴᠢᠯᠠᠬᠤ ᠵᠢ ᠴᠢᠩᠭ᠋ᠠᠳᠬᠠᠳᠠᠭ᠃ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ ᠵᠢᠨ ᠪᠡᠶ᠎ᠡ ᠵᠢᠨ ᠲᠠᠮᠢᠷ᠎ᠤᠨ ᠰᠢᠯᠭ᠋ᠠᠯᠳᠠ᠎ᠨᠢ ᠪᠡᠶ᠎ᠡ ᠮᠠᠬᠠᠪᠤᠳ᠎ᠤᠨ ᠡᠷᠡᠭᠦᠯ ᠮᠡᠨᠳᠦ ᠪᠠ ᠪᠡᠶ᠎ᠡ ᠲᠠᠮᠢᠷ᠎ᠤᠨ ᠤᠷ᠎ᠠ ᠴᠢᠳᠠᠪᠤᠷᠢ ᠵᠢᠨ ᠳᠡᠭᠡᠭᠰᠢᠯᠡᠯᠲᠡ ᠵᠢ ᠬᠠᠮᠲᠤ᠎ᠳᠤᠨᠢ ᠬᠠᠷᠠᠭ᠋ᠠᠯᠵᠠᠵᠤ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠳᠤᠮᠳᠠ ᠬᠠᠪᠤ ᠴᠡᠩᠭᠡᠯ᠎ᠢ   ᠡᠳ᠋ᠯᠡᠵᠦ᠂ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠵᠢ ᠬᠥᠮᠥᠵᠢᠭᠦᠯᠬᠦ᠎ᠳᠤ ᠠᠰᠢᠭᠲᠠᠢ ᠪᠠᠢ᠌ᠳᠠᠭ᠂ ᠡᠲᠡᠭᠡᠷ᠎ᠢ ᠴᠥᠮ ᠣᠯᠣᠭᠰᠠᠨ᠎ᠤ ᠬᠤᠪᠢ᠎ᠪᠠᠷ ᠬᠡᠮᠵᠢᠵᠦ ᠳᠡᠶ᠋ᠢᠯᠬᠦ ᠦᠭᠡᠢ ᠶᠤᠮ》 ᠭᠡᠵᠡᠢ᠃
    ᠯᠢᠦ ᠮᠢᠩ ᠢ ᠢᠯᠡᠷᠬᠡᠢ᠌ᠯᠡᠬᠦ᠎ᠳᠡᠭᠡᠨ᠄ 《ᠬᠦᠨᠳᠦ ᠬᠥᠩᠭᠡᠨ ᠪᠡᠶ᠎ᠡ ᠵᠢᠨ ᠲᠠᠮᠢᠷ᠂ ᠪᠥᠮᠪᠥᠭᠡᠨ᠎ᠤ ᠲᠥᠷᠥᠯ ᠪᠤᠶᠤ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢᠨ ᠰᠢᠯᠭ᠋ᠠᠯᠲᠠ ᠵᠢᠨ ᠠᠳᠬᠤᠬᠤ ᠬᠦᠴᠦ᠂ ᠪᠡᠶ᠎ᠡ᠎ᠪᠠᠨ ᠳᠡᠭᠡᠭᠰᠢ ᠲᠠᠲᠠᠬᠤ ᠵᠡᠷᠭᠡ ᠵᠢ ᠴᠥᠮ ᠬᠡᠮᠵᠢᠶᠡᠯᠡᠵᠦ ᠪᠣᠯᠣᠨ᠎ᠠ᠃ ᠶᠠᠪᠤᠴᠠ ᠵᠢᠨ ᠴᠢᠨᠠᠷᠲᠠᠢ ᠬᠢᠨᠠᠨ ᠰᠢᠯᠭ᠋ᠠᠯᠲᠠ ᠵᠢ ᠨᠡᠮᠡᠭᠳᠡᠭᠦᠯᠪᠡᠯ᠂ ᠰᠤᠷᠤᠭᠴᠢᠳ᠎ᠤᠨ ᠨᠢᠭᠡ ᠱᠠᠲᠤᠨ᠎ᠤ ᠪᠡᠶ᠎ᠡ ᠮᠠᠬᠠᠪᠤᠳ᠎ᠤᠨ ᠬᠡᠪ ᠴᠢᠨᠠᠷ᠎ᠤᠨ ᠬᠤᠪᠢᠷᠠᠯᠲᠠ ᠵᠢ ᠣᠯᠵᠤ ᠬᠠᠷᠠᠵᠤ ᠪᠣᠯᠣᠨ᠎ᠠ᠂ ᠡᠨᠡ᠎ᠨᠢ ᠢᠷᠡᠭᠡᠳᠦᠢ᠎ᠳᠤ ᠨᠠᠩ ᠰᠢᠨᠵᠢᠯᠡᠬᠦ ᠤᠬᠠᠭ᠋ᠠᠨᠴᠢ ᠪᠣᠯᠪᠠᠰᠤᠷᠠᠯ ᠬᠢᠬᠦ ᠪᠠ ᠪᠡᠶ᠎ᠡ᠎ᠳᠡᠭᠡᠨ ᠲᠣᠬᠢᠷᠠᠭᠰᠠᠨ ᠲᠠᠮᠢᠷ᠎ᠤᠨ ᠬᠥᠳᠡᠯᠭᠡᠭᠡᠨ᠎ᠤ ᠵᠦᠢ᠍ᠯ᠎ᠢ ᠰᠣᠩᠭᠣᠬᠤ᠎ᠳᠤ ᠠᠰᠢᠭᠲᠠᠢ ᠶᠤᠮ》 ᠭᠡᠵᠡᠢ᠃

ᠢᠷᠡᠯᠲᠡ᠄ ᠠᠷᠠᠳ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            