ᠪᠡᠭᠡᠵᠢᠩ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ 2088 ᠤᠨ᠎ᠤ 8 ᠰᠠᠷ᠎ᠠ ᠵᠢᠨ 8᠎ᠤ ᠡᠳᠦᠷ ᠡᠬᠢᠯᠡᠭᠰᠡᠨ ᠪᠦᠭᠡᠳ 2009 ᠣᠨ᠎ᠠᠴᠠ 8 ᠰᠠᠷ᠎ᠠ ᠵᠢᠨ 8᠎ᠤ ᠡᠳᠦᠷ᠎ᠢ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠡᠳᠦᠷ ᠭᠡᠵᠦ ᠲᠤᠭᠳᠠᠭ᠋ᠠᠨ᠂ ᠤᠳᠤ ᠪᠤᠯᠳᠠᠯ᠎ᠠ ᠦᠷᠭᠦᠯᠵᠢᠯᠡᠭᠰᠡᠭᠡᠷ ᠪᠠᠢ᠌ᠨ᠎ᠡ᠃ 8 ᠰᠠᠷ᠎ᠠ ᠵᠢᠨ 8᠎ᠤ ᠡᠳᠦᠷ ᠪᠣᠯᠬᠤ ᠪᠦᠷᠢ ᠤᠯᠠᠨ ᠵᠶ᠋ᠠᠷ ᠵᠶ᠋ᠠᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠡᠯᠪᠡᠷᠢ᠎ᠪᠠᠷ ᠪᠡᠭᠡᠵᠢᠩ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠳᠤᠷᠠᠰᠬᠠᠵᠤ᠂ ᠨᠡᠩ ᠡᠷᠡᠭᠦᠯ ᠴᠢᠭᠢᠷᠠᠭ᠂ ᠰᠠᠢ᠌ᠨ ᠰᠠᠢ᠌ᠬᠠᠨ᠂ ᠵᠣᠯ ᠵᠢᠷᠭ᠋ᠠᠯᠲᠤ ᠠᠮᠢᠳᠤᠷᠠᠯ᠎ᠢ ᠬᠦᠭᠡᠭᠡᠴᠡᠯᠳᠦᠵᠦ᠂ 8 ᠰᠠᠷ᠎ᠠ ᠵᠢᠨ 8᠎ᠤ ᠡᠳᠦᠷ᠎ᠨᠢ ᠨᠢᠭᠡᠨᠲᠡ ᠲᠠᠮᠢᠷ᠎ᠤᠨ ᠬᠥᠳᠡᠯᠭᠡᠭᠡᠨ᠎ᠳᠤ ᠪᠠᠬᠠᠲᠠᠢ ᠬᠥᠮᠥᠰ᠎ᠤᠨ ᠬᠠᠮᠲᠤ ᠵᠢᠨ ᠪᠠᠶᠠᠷ᠎ᠤᠨ ᠡᠳᠦᠷ ᠪᠣᠯᠤᠭᠰᠠᠨ ᠪᠠᠢ᠌ᠨ᠎ᠠ᠃
ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠡᠶ᠎ᠡ ᠵᠢᠨ ᠲᠠᠮᠢᠷ᠎ᠤᠨ ᠬᠠᠤᠯᠢ》᠎ᠳᠤ ᠵᠢᠯ ᠪᠦᠷᠢ ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠡᠳᠦᠷ 8 ᠰᠠᠷ᠎ᠠ ᠵᠢᠨ 8᠎ᠤ ᠡᠳᠦᠷ᠎ᠤᠨ ᠪᠠᠢ᠌ᠭ᠎ᠠ ᠭᠠᠷᠠᠭ᠎ᠢ ᠪᠡᠶ᠎ᠡ ᠵᠢᠨ ᠲᠠᠮᠢᠷ᠎ᠤᠨ ᠤᠬᠠᠭᠤᠯᠭ᠎ᠠ ᠵᠢᠨ ᠭᠠᠷᠠᠭ ᠭᠡᠵᠦ ᠲᠤᠭᠳᠠᠭ᠋ᠠᠪᠠ᠃ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠡᠳᠦᠷ᠎ᠠᠴᠠ ᠪᠡᠶ᠎ᠡ ᠵᠢᠨ ᠲᠠᠮᠢᠷ᠎ᠤᠨ ᠤᠬᠠᠭᠤᠯᠭ᠎ᠠ ᠵᠢᠨ ᠭᠠᠷᠠᠭ ᠬᠦᠷᠲᠡᠯ᠎ᠡ ᠪᠤᠯᠤᠭᠰᠠᠨ᠎ᠨᠢ ᠴᠠᠭ ᠣᠷᠣᠨ ᠵᠠᠢ ᠵᠢᠨ ᠲᠠᠯ᠎ᠠ᠎ᠪᠠᠷ᠎ᠬᠢ ᠰᠤᠩᠭ᠋ᠠᠯᠲᠠ ᠮᠥᠨ᠂ ᠳᠣᠲᠣᠭ᠋ᠠᠳᠤ ᠠᠭᠤᠯᠬᠤᠨ ᠪᠠ ᠭᠠᠳᠠᠭ᠋ᠠᠳᠦ ᠲᠡᠯᠡᠯᠳᠡ ᠵᠢᠨ ᠲᠠᠯ᠎ᠠ᠎ᠪᠠᠷ᠎ᠬᠢ ᠳᠡᠭᠡᠭᠰᠢᠯᠡᠯᠲᠡ ᠮᠥᠨ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠮᠵᠢ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠤᠨ ᠲᠤᠭᠤᠰᠢᠯᠠᠭᠤᠯᠵᠦ᠂ 《ᠠᠷᠠᠳ ᠲᠦᠮᠡᠨ ᠵᠶ᠋ᠡᠷ ᠭᠣᠣᠯ ᠪᠣᠯᠭ᠋ᠠᠬᠤ》 ᠬᠥᠭᠵᠢᠯᠲᠡ ᠵᠢᠨ ᠦᠵᠡᠯ ᠰᠠᠨᠠᠭ᠎ᠠ ᠵᠢᠨ ᠪᠣᠳᠠᠲᠠᠢ ᠠᠷᠭ᠎ᠠ ᠬᠡᠮᠵᠢᠶ᠎ᠡ ᠵᠢ ᠦᠢ᠍ᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠠᠷᠠᠳ ᠲᠦᠮᠡᠨ᠎ᠢ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠭᠣᠣᠯ ᠴᠣᠭᠴᠠ ᠪᠣᠯᠭ᠋ᠠᠵᠤ᠂ ᠠᠷᠠᠳ ᠲᠦᠮᠡᠨ᠎ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠵᠢ ᠬᠠᠩᠭ᠋ᠠᠬᠤ᠂ ᠬᠥᠮᠥᠨ᠎ᠤ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠵᠢ ᠪᠡᠶ᠎ᠡ ᠵᠢᠨ ᠲᠠᠮᠢᠷ᠎ᠤᠨ ᠠᠵᠢᠯ᠎ᠤᠨ ᠡᠭᠦᠰᠬᠡᠯ ᠪᠠ ᠲᠤᠰᠤᠯᠲᠠ ᠪᠣᠯᠭ᠋ᠠᠵᠤ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠴᠢᠨᠠᠭᠰᠢᠳᠠ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠠᠶᠠᠨ᠎ᠳᠤ ᠪᠡᠶ᠎ᠡ ᠵᠢᠨ ᠲᠠᠮᠢᠷ᠎ᠤᠨ ᠬᠦᠴᠦᠨ᠎ᠢ ᠨᠡᠮᠡᠷᠢᠯᠡᠵᠦ ᠪᠤᠢ ᠤᠴᠢᠷ ᠪᠤᠯᠤᠨ᠎ᠡ᠃
ᠡᠳᠦᠷ ᠪᠦᠷᠢ ᠪᠡᠶ᠎ᠡ ᠪᠣᠯᠪᠠᠰᠤᠷᠠᠭᠤᠯᠬᠤ ᠡᠳᠦᠷ ᠭᠠᠷᠠᠭ ᠪᠦᠷᠢ ᠪᠡᠶ᠎ᠡ ᠪᠣᠯᠪᠠᠰᠤᠷᠠᠭᠤᠯᠬᠤ ᠭᠠᠷᠠᠭ
ᠪᠡᠶ᠎ᠡ ᠵᠢᠨ ᠲᠠᠮᠢᠷ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠣᠯᠠᠨ ᠬᠡᠯᠪᠡᠷᠢ ᠵᠢᠨ ᠤᠬᠠᠭᠤᠯᠭ᠎ᠠ᠂ ᠲᠠᠩᠰᠤᠭ ᠰᠠᠢ᠌ᠬᠠᠨ ᠪᠦᠬᠦ ᠠᠷᠠᠳ᠎ᠤᠨ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠬᠤ ᠤᠷᠤᠯᠳᠤᠭ᠋ᠠᠨ᠎ᠤ ᠠᠵᠢᠯᠯᠠᠭ᠎ᠠ᠂ ᠦᠢ ᠣᠯᠠᠨ ᠨᠡᠷᠡᠲᠦ ᠲᠠᠮᠢᠷᠴᠢᠨ ᠨᠡᠢ᠌ᠭᠡᠮ ᠲᠣᠭᠣᠷᠢᠭ᠎ᠲᠤ ᠬᠦᠷᠴᠦ᠂ ᠣᠯᠠᠨ ᠲᠦᠮᠡᠨ᠎ᠤ ᠪᠡᠶ᠎ᠡ ᠲᠠᠮᠢᠷ᠎ᠤᠨ ᠵᠢᠭ᠋ᠠᠨ ᠵᠢᠯᠣᠭᠣᠳᠤᠭᠴᠢ᠂ ᠬᠠᠪᠰᠤᠷᠤᠨ ᠪᠣᠯᠪᠠᠰᠤᠷᠠᠭᠴᠢ ᠪᠣᠯᠵᠤ᠂ ᠶᠡᠬᠡ ᠬᠡᠮᠵᠢᠶᠡᠨ᠎ᠤ ᠪᠡᠶ᠎ᠡ ᠵᠢᠨ ᠲᠠᠮᠢᠷ᠎ᠤᠨ ᠰᠣᠶᠣᠯ᠎ᠤᠨ ᠪᠦᠲᠦᠭᠡᠭᠳᠡᠬᠦᠨ᠎ᠨᠢ ᠳᠤᠮᠳᠠᠳᠤ ᠵᠢᠨ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠪᠡᠶ᠎ᠡ ᠵᠢᠨ ᠲᠠᠮᠢᠷ᠎ᠤᠨ ᠢᠳᠡᠪᠬᠢ ᠬᠦᠴᠦᠨ᠎ᠢ ᠤᠯᠠᠮᠵᠢᠯᠠᠵᠤ᠂ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠬᠠᠭᠤᠳᠠᠰᠤ ᠵᠢ ᠲᠠᠷᠬᠠᠭ᠋ᠠᠵᠤ᠂ ᠠᠷᠠᠳ ᠤᠯᠠᠨ᠎ᠳᠤ ᠪᠣᠳᠠᠲᠤ ᠠᠰᠢᠭ ᠬᠦᠷᠲᠡᠭᠡᠵᠦ ᠡᠷᠡᠭᠦᠯ ᠮᠡᠨᠳᠤ ᠵᠢ ᠬᠦᠷᠲᠡᠭᠡᠪᠡ ᠁ ᠠᠩᠬᠠᠳᠠᠭᠴᠢ ᠪᠡᠶ᠎ᠡ ᠵᠢᠨ ᠲᠠᠮᠢᠷ᠎ᠤᠨ ᠤᠬᠠᠭᠤᠯᠭ᠎ᠠ ᠵᠢᠨ ᠭᠠᠷᠠᠭ᠎ᠤᠨ ᠬᠤᠭᠤᠴᠠᠭ᠋ᠠᠨ᠎ᠳᠤ᠂ ᠬᠥᠮᠥᠨ ᠪᠦᠬᠦᠨ᠎ᠳᠤ 《ᠪᠡᠶ᠎ᠡ ᠵᠢᠨ ᠲᠠᠮᠢᠷ᠎ᠤᠨ ᠦᠨᠡᠨᠴᠢ ᠰᠡᠳᠬᠢᠯ》᠎ᠢ ᠮᠡᠳᠡᠷᠡᠭᠦᠯᠵᠦ᠂ ᠴᠥᠭᠡᠨ ᠪᠤᠰᠤ ᠭᠠᠵᠠᠷ ᠣᠷᠣᠨ᠎ᠤ᠎ᠬᠢᠨ ᠠᠯᠢ ᠡᠷᠲᠡ᠎ᠠᠴᠠ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠡᠳᠦᠷ᠂ ᠪᠡᠶ᠎ᠡ ᠵᠢᠨ ᠲᠠᠮᠢᠷ᠎ᠤᠨ ᠤᠬᠠᠭᠤᠯᠭ᠎ᠠ ᠵᠢᠨ ᠭᠠᠷᠠᠭ᠎ᠢ ᠪᠡᠶ᠎ᠡ ᠴᠢᠭᠢᠷᠠᠭᠵᠢᠭᠤᠯᠬᠤ ᠰᠠᠷ᠎ᠠ ᠪᠣᠯᠭ᠋ᠠᠨ ᠥᠷᠭᠡᠳᠬᠡᠵᠡᠢ᠃ ᠵᠠᠷᠢᠮ ᠵᠠᠭᠤᠴᠢᠯᠠᠭᠤᠷ᠎ᠤᠨ᠎ᠬᠢᠨ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠡᠳᠦᠷ᠂ ᠪᠡᠶ᠎ᠡ ᠵᠢᠨ ᠲᠠᠮᠢᠷ᠎ᠤᠨ ᠤᠬᠠᠭᠤᠯᠭ᠎ᠠ ᠵᠢᠨ ᠭᠠᠷᠠᠭ᠎ᠤᠨ ᠵᠣᠷᠢᠯᠭ᠎ᠠ ᠪᠣᠯ ᠳᠠᠷᠤᠢ ᠥᠷᠭᠡᠨ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠪᠣᠯᠪᠠᠰᠤᠨ ᠠᠮᠢᠳᠤᠷᠠᠯ᠎ᠤᠨ ᠠᠷᠭ᠎ᠠ ᠮᠠᠶᠢᠭᠲᠠᠢ ᠪᠣᠯᠭ᠋ᠠᠵᠤ᠂ ᠰᠠᠢ᠌ᠨ ᠰᠠᠢ᠌ᠬᠠᠨ ᠪᠡᠶ᠎ᠡ ᠵᠢᠨ ᠲᠠᠮᠢᠷ᠎ᠤᠨ ᠳᠠᠳᠬᠠᠯ᠎ᠲᠠᠢ ᠪᠣᠯᠭ᠋ᠠᠵᠤ᠂ ᠪᠡᠶ᠎ᠡ ᠵᠢᠨ ᠲᠠᠮᠢᠷ᠎ᠤᠨ ᠠᠮᠢᠳᠤᠷᠠᠯ᠂ ᠠᠮᠢᠳᠤᠷᠠᠯ᠎ᠤᠨ ᠪᠡᠶ᠎ᠡ ᠵᠢᠨ ᠲᠠᠮᠢᠷᠵᠢᠯᠲᠠ ᠵᠢ ᠲᠦᠯᠬᠢᠨ ᠠᠬᠢᠭᠤᠯᠵᠤ᠂ 《ᠡᠳᠦᠷ ᠪᠦᠷᠢ ᠪᠡᠶ᠎ᠡ ᠴᠢᠭᠢᠷᠠᠭᠵᠢᠭᠤᠯᠬᠤ ᠡᠳᠦᠷ᠂ ᠭᠠᠷᠠᠭ ᠪᠦᠷᠢ ᠪᠡᠶ᠎ᠡ ᠴᠢᠭᠢᠷᠠᠭᠵᠢᠭᠤᠯᠬᠤ ᠭᠠᠷᠠᠭ》 ᠪᠣᠯᠭ᠋ᠠᠬᠤ ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ ᠶᠤᠮ ᠭᠡᠵᠦ ᠮᠡᠳᠡᠭᠡᠯᠡᠵᠦ ᠪᠠᠢ᠌ᠪᠠ᠃
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠪᠡᠶ᠎ᠡ ᠵᠢᠨ ᠲᠠᠮᠢᠷ᠎ᠤᠨ ᠦᠢ᠍ᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠪᠡᠶ᠎ᠡ ᠵᠢᠨ ᠲᠠᠮᠢᠷ᠎ᠤᠨ ᠦᠢ᠍ᠯᠡᠰ ᠰᠢᠨ᠎ᠡ ᠴᠠᠭ ᠦᠶ᠎ᠡ ᠵᠢᠨ ᠠᠭᠤᠤ ᠶᠡᠬᠡ ᠦᠢ᠍ᠯᠡᠰ᠎ᠲᠤ ᠠᠭᠤᠰᠤᠯᠴᠠᠵᠤ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠂ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠢ᠌ᠬᠠᠨ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠲᠦᠭᠡᠨ ᠪᠠᠶ᠋ᠢᠭᠤᠯᠬᠤ᠎ᠳᠤ ᠬᠥᠳᠡᠯᠭᠡᠬᠦ ᠬᠦᠴᠦᠨ ᠨᠡᠮᠡᠷᠢᠯᠡᠵᠦ᠂ ᠬᠦᠴᠦᠨ ᠴᠢᠳᠠᠯ᠎ᠢ ᠨᠢᠭᠲᠠᠷᠠᠭᠤᠯᠵᠠᠢ᠃ ᠮᠠᠨ᠎ᠤ ᠤᠯᠤᠰ᠎ᠤᠨ ᠣᠯᠠᠨ ᠲᠦᠮᠡᠨᠴᠢ ᠪᠡᠶ᠎ᠡ ᠵᠢᠨ ᠲᠠᠮᠢᠷ ᠥᠷᠨᠢᠨ ᠬᠥᠭᠵᠢᠵᠦ᠂ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠵᠢ ᠤᠯᠤᠰ᠎ᠤᠨ ᠪᠠᠢ᠌ᠯᠳᠤᠬᠤ ᠪᠣᠳᠣᠯᠭ᠎ᠠ ᠪᠣᠯᠭ᠋ᠠᠨ ᠲᠡᠭᠡᠭᠰᠢᠯᠡᠬᠦᠯᠪᠡ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠶᠡᠷᠦᠩᠬᠡᠢ᠌ᠯᠡᠭᠰᠡᠨ ᠪᠣᠳᠠᠲᠤ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠪᠡᠭᠡᠵᠢᠩ᠎ᠤᠨ ᠡᠪᠦᠯ᠎ᠤᠨ ᠤᠯᠢᠮᠫᠢᠺ᠎ᠤᠨ ᠴᠤᠭᠯᠠᠭ᠋ᠠᠨ ᠢ ᠠᠮᠵᠢᠯᠲᠠ᠎ᠲᠠᠢ ᠡᠷᠬᠢᠯᠡᠪᠡ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠡᠪᠴᠢᠶ᠎ᠡ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠪᠡᠶ᠎ᠡ ᠵᠢᠨ ᠲᠠᠮᠢᠷ᠎ᠤᠨ ᠰᠣᠶᠣᠯ᠎ᠤᠨ ᠪᠠᠢ᠌ᠭᠤᠯᠤᠯᠲᠠ ᠵᠢᠨ ᠠᠭᠤᠯᠭ᠎ᠠ ᠲᠠᠰᠤᠷᠠᠯᠲᠠ ᠦᠭᠡᠢ ᠪᠠᠶᠠᠯᠢᠭᠵᠢᠵᠤ᠂ ᠲᠠᠮᠢᠷᠴᠢᠳ ᠳᠤᠮᠳᠠᠳᠤ ᠵᠢᠨ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠪᠣᠯᠣᠨ ᠰᠢᠨ᠎ᠡ ᠴᠠᠭ ᠦᠶ᠎ᠡ ᠵᠢᠨ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ ᠠᠩᠭᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠤ᠂ ᠪᠡᠶ᠎ᠡ ᠵᠢᠨ ᠲᠠᠮᠢᠷ᠎ᠨᠢ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠶᠡᠬᠡ ᠲᠠᠯ᠎ᠠ᠎ᠳᠤ ᠦᠢ᠍ᠯᠡᠴᠢᠯᠡᠬᠦ ᠲᠠᠯ᠎ᠠ᠎ᠪᠠᠷ ᠤᠯᠠᠮ᠎ᠠᠴᠠ ᠤᠯᠠᠮ ᠴᠢᠬᠤᠯᠠ ᠦᠢ᠍ᠯᠡᠳᠦᠯ ᠦᠵᠡᠭᠦᠯᠵᠦ ᠪᠠᠢ᠌ᠨ᠎ᠠ᠃ ᠡᠳᠡᠭᠡᠷ ᠠᠮᠵᠢᠯᠲᠠ ᠵᠢ ᠣᠯᠣᠭᠰᠠᠨ᠎ᠨᠢ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠠᠴᠠ ᠪᠣᠯᠤᠭᠰᠠᠨ ᠶᠤᠮ᠂ ᠶᠡᠷᠦᠩᠬᠡᠢ ᠱᠦᠵᠢ ᠰᠢ ᠵᠢᠨ ᠫᠢᠩ ᠵᠠᠯᠠᠭᠤᠷ᠎ᠢ ᠡᠵᠡᠮᠳᠡᠨ ᠠᠶᠠᠯᠠᠯ᠎ᠢ ᠳᠠᠭ᠋ᠠᠭᠤᠯᠤᠭᠰᠠᠨ᠎ᠠᠴᠠ ᠪᠣᠯᠤᠭᠰᠠᠨ ᠶᠤᠮ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠵᠢᠯᠣᠭᠣᠳᠤᠯᠭ᠎ᠠ᠎ᠠᠴᠠ ᠪᠣᠯᠤᠭᠰᠠᠨ ᠶᠤᠮ᠂ ᠮᠥᠨᠴᠦ ᠪᠦᠬᠦ ᠤᠯᠤᠰ᠎ᠤᠨ ᠪᠡᠶ᠎ᠡ ᠵᠢᠨ ᠲᠠᠮᠢᠷ᠎ᠤᠨ ᠹᠷᠣᠨᠲ᠎ᠤᠨ᠎ᠬᠢᠨ ᠬᠠᠮᠲᠤ᠎ᠪᠠᠷ ᠴᠢᠷᠮᠠᠢ᠌ᠵᠤ᠂ ᠪᠦᠯᠬᠦᠮᠳᠡᠨ ᠲᠡᠮᠡᠴᠡᠭᠰᠡᠨ᠎ᠤ ᠦᠷ᠎ᠡ ᠳ᠋ᠦᠩ ᠪᠣᠯᠣᠨ᠎ᠠ᠃
ᠠᠩᠬᠠᠳᠠᠭᠴᠢ ᠤᠳᠠᠭ᠋ᠠᠨ᠎ᠤ ᠪᠡᠶ᠎ᠡ ᠵᠢᠨ ᠲᠠᠮᠢᠷ᠎ᠤᠨ ᠤᠬᠠᠭᠤᠯᠭ᠎ᠠ ᠵᠢᠨ ᠭᠠᠷᠠᠭ ᠪᠣᠯ ᠣᠢ᠌ᠷ᠎ᠠ ᠵᠢᠨ ᠠᠷᠪᠠᠨ ᠵᠢᠯ᠎ᠤᠨ ᠲᠤᠷᠰᠢᠬᠢ ᠮᠠᠨ᠎ᠤ ᠤᠯᠤᠰ᠎ᠤᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠣᠯᠣᠭᠰᠠᠨ ᠠᠮᠵᠢᠯᠲᠠ ᠵᠢᠨ ᠬᠤᠷᠢᠶᠠᠩᠭᠤᠢ ᠳᠦᠷᠰᠦ ᠪᠤᠯᠤᠨ᠎ᠡ᠃ ᠠᠷᠠᠳ ᠤᠯᠠᠨ᠎ᠤ ᠤᠯᠠᠨ ᠶᠠᠩᠵᠤᠴᠢᠯᠠᠭᠰᠠᠨ᠂ ᠴᠢᠨᠠᠷ ᠰᠠᠢ᠌ᠲᠠᠢ ᠤᠶᠤᠨ᠎ᠤ ᠰᠣᠶᠣᠯ᠎ᠤᠨ ᠬᠡᠷᠡᠭᠴᠡᠭᠡ ᠵᠢ ᠨᠡᠩ ᠰᠠᠢ᠌ᠲᠤᠷ ᠬᠠᠩᠭ᠋ᠠᠬᠤ ᠵᠢᠨ ᠬᠠᠮᠲᠤ ᠪᠡᠶ᠎ᠡ ᠵᠢᠨ ᠲᠠᠮᠢᠷ᠎ᠤᠨ ᠤᠬᠠᠭᠤᠯᠭ᠎ᠠ ᠵᠢᠨ ᠭᠠᠷᠠᠭ᠎ᠤᠨ ᠭᠠᠷᠳᠠᠴᠠ᠎ᠪᠠᠷ ᠲᠤᠷᠰᠢᠯᠭ᠎ᠠ᠎ᠪᠠᠨ ᠳ᠋ᠦᠩᠨᠡᠵᠦ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠵᠤ᠂ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠰᠠᠯᠠᠭ᠎ᠠ ᠮᠥᠴᠢᠷ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠡᠯ᠎ᠡ ᠲᠠᠯ᠎ᠠ ᠵᠢᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠵᠦ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠰᠠᠭᠤᠷᠢ ᠵᠢ ᠪᠠᠲᠤᠳᠬᠠᠬᠤ ᠬᠡᠷᠡᠭᠲᠡᠢ᠃
ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ᠎ᠤᠨ ᠪᠠᠢ᠌ᠭᠤᠯᠤᠯᠲᠠ ᠪᠣᠯᠣᠨ ᠪᠡᠶ᠎ᠡ ᠵᠢᠨ ᠲᠠᠮᠢᠷ᠎ᠤᠨ ᠠᠵᠢᠯ᠎ᠢ ᠭᠦᠨᠵᠡᠭᠡᠢ ᠠᠭᠤᠰᠤᠯᠴᠠᠭᠤᠯᠬᠤ ᠠᠷᠭ᠎ᠠ ᠵᠠᠮ᠎ᠢ ᠰᠦᠪᠡᠭᠴᠢᠯᠡᠨ᠎ᠡ
ᠪᠦᠬᠦ ᠤᠯᠤᠰ᠎ᠤᠨ ᠪᠡᠶ᠎ᠡ ᠵᠢᠨ ᠲᠠᠮᠢᠷ᠎ᠤᠨ ᠹᠷᠣᠨᠲ᠎ᠤᠨ᠎ᠬᠢᠨ ᠨᠠᠮ ᠪᠠ ᠤᠯᠤᠰ ᠣᠷᠣᠨ᠎ᠤ ᠠᠵᠢᠯ ᠦᠢ᠍ᠯᠡᠰ᠎ᠤᠨ ᠬᠦᠭᠵᠢᠯᠳᠡ ᠵᠢᠨ ᠪᠦᠬᠦ ᠲᠠᠯ᠎ᠠ ᠵᠢᠨ ᠦᠨᠳᠦᠷ ᠬᠠᠷᠠᠭ᠋ᠠᠰᠦ᠎ᠠᠴᠠ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠵᠢᠨ ᠴᠢᠬᠤᠯᠠ ᠴᠢᠨᠠᠷ᠎ᠢ ᠤᠯᠠᠮ ᠴᠢᠨᠠᠭᠰᠢᠳᠠ ᠲᠠᠨᠢᠬᠤ ᠬᠡᠷᠡᠭᠲᠡᠢ᠃ ᠪᠡᠶ᠎ᠡ ᠵᠢᠨ ᠲᠠᠮᠢᠷ᠎ᠤᠨ ᠤᠬᠠᠭᠤᠯᠭ᠎ᠠ ᠵᠢᠨ ᠭᠠᠷᠠᠭ᠎ᠤᠨ ᠬᠤᠭᠤᠴᠠᠭ᠋ᠠᠨ᠎ᠳᠤ᠂ ᠪᠡᠶ᠎ᠡ ᠵᠢᠨ ᠲᠠᠮᠢᠷ᠎ᠤᠨ ᠹᠷᠣᠨᠲ᠎ᠤᠨ᠎ᠬᠢᠨ ᠪᠠᠰᠠ ᠨᠠᠮ᠎ᠤᠨ ᠪᠠᠢ᠌ᠭᠤᠯᠤᠯᠲᠠ ᠪᠣᠯᠣᠨ ᠪᠡᠶ᠎ᠡ ᠵᠢᠨ ᠲᠠᠮᠢᠷ᠎ᠤᠨ ᠠᠵᠢᠯ᠎ᠢ ᠭᠦᠨᠵᠡᠭᠡᠢ ᠠᠭᠤᠰᠤᠯᠴᠠᠭᠤᠯᠬᠤ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ ᠪᠠᠢ᠌ᠨ᠎ᠠ᠃
ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠭᠣᠣᠯ ᠰᠡᠳᠦᠪᠲᠦ ᠬᠥᠮᠦᠵᠢᠯ᠎ᠢ ᠰᠤᠷᠤᠯᠴᠠᠨ ᠲᠤᠭᠤᠰᠢᠯᠠᠭᠤᠯᠬᠤ ᠶᠠᠪᠤᠴᠠ ᠲᠤᠮᠳᠠ᠎ᠪᠠᠨ᠂ ᠤᠯᠤᠰ᠎ᠤᠨ ᠠᠩᠭᠢ ᠵᠢᠨ 《ᠦᠵᠡᠯ ᠰᠠᠨᠠᠭ᠎ᠠ ᠵᠢ ᠰᠤᠷᠤᠯᠴᠠᠬᠤ᠂ ᠬᠠᠷᠢᠭᠤᠴᠠᠯᠭ᠎ᠠ ᠡᠭᠦᠷᠭᠡᠯᠡᠬᠦ ᠵᠢ ᠴᠢᠩᠭ᠋ᠠᠳᠬᠠᠬᠤ᠂ ᠰᠢᠨ᠎ᠡ ᠭᠠᠪᠢᠶ᠎ᠠ ᠪᠠᠶ᠋ᠢᠭᠤᠯᠬᠤ》 ᠠᠵᠢᠯᠯᠠᠭ᠎ᠠ ᠵᠢ ᠥᠷᠨᠢᠭᠦᠯᠵᠦ᠂ ᠤᠨᠤᠯ᠎ᠤᠨ ᠰᠤᠷᠤᠯᠴᠠᠯᠭ᠎ᠠ᠂ ᠲᠤᠰᠬᠠᠢ ᠰᠡᠳᠦᠪᠲᠦ ᠨᠠᠮ᠎ᠤᠨ ᠬᠢᠴᠢᠶᠡᠯ᠂ ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠬᠤ᠂ ᠪᠠᠢ᠌ᠴᠠᠭ᠋ᠠᠨ ᠦᠵᠡᠵᠦ ᠴᠡᠭᠴᠡᠯᠡᠨ ᠰᠠᠢ᠌ᠵᠢᠷᠠᠭᠤᠯᠬᠤ᠂ ᠭᠣᠣᠯ ᠰᠡᠳᠦᠪᠲᠦ ᠶᠠᠷᠢᠶ᠎ᠠ ᠢᠯᠡᠳᠬᠡᠯ ᠬᠢᠬᠦ ᠵᠡᠷᠭᠡ ᠬᠡᠯᠪᠡᠷᠢ᠎ᠪᠠᠷ ᠭᠣᠣᠯ ᠰᠡᠳᠦᠪᠲᠦ ᠬᠥᠮᠦᠵᠢᠯ᠎ᠢ ᠤᠯᠤᠰ᠎ᠤᠨ ᠠᠩᠭᠢ ᠵᠢᠨ ᠪᠡᠯᠡᠳᠬᠡᠯ ᠠᠵᠢᠯ᠎ᠲᠠᠢ ᠨᠢᠭᠲᠠ ᠤᠶᠠᠯᠳᠤᠭᠤᠯᠵᠤ᠂ ᠤᠷᠤᠯᠳᠤᠭ᠋ᠠᠨ᠎ᠳᠤ ᠴᠢᠳᠠᠮᠠᠭ᠋ᠠᠢ᠂ ᠣᠪᠣᠷ ᠰᠤᠷᠲᠠᠯ ᠰᠢᠯᠢᠳᠡᠭ ᠰᠠᠢ᠌ᠨ ᠤᠯᠤᠰ᠎ᠤᠨ ᠠᠩᠭᠢ ᠵᠢ ᠪᠠᠢ᠌ᠭᠤᠯᠪᠠ᠃ ᠣᠳᠣᠬᠠᠨ᠎ᠳᠤ ᠤᠯᠤᠰ᠎ᠤᠨ ᠫᠢᠩᠫᠠᠩ ᠪᠥᠮᠪᠥᠭᠡ ᠵᠢᠨ ᠠᠩᠭᠢ ᠱᠠᠨᠳᠦ᠋ᠩ᠎ᠤᠨ ᠸᠸᠢᠬᠠᠢ ᠵᠢᠨ ᠫᠢᠩᠫᠠᠩ ᠪᠥᠮᠪᠥᠭᠡ ᠵᠢᠨ ᠪᠣᠯᠪᠠᠰᠤᠷᠠᠯ᠎ᠤᠨ ᠰᠠᠭᠤᠷᠢᠨ ᠭᠠᠵᠠᠷ᠎ᠲᠤ ᠪᠢᠲᠡᠭᠦᠮᠵᠢᠯᠡᠭᠰᠡᠨ ᠪᠣᠯᠪᠠᠰᠤᠷᠠᠯ ᠬᠢᠵᠦ᠂ ᠤᠳᠠᠯ ᠦᠭᠡᠢ ᠬᠦᠷᠴᠦ ᠢᠷᠡᠬᠦ ᠭᠡᠵᠦ ᠪᠠᠢ᠌ᠭ᠎ᠠ ᠠᠽᠢᠶ᠎ᠠ ᠲᠢᠪ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠪᠠ ᠠᠽᠢᠶ᠎ᠠ ᠲᠢᠪ᠎ᠤᠨ ᠲᠠᠮᠢᠷ᠎ᠤᠨ ᠴᠤᠭᠯᠠᠭ᠋ᠠᠨ᠎ᠳᠤ ᠤᠷᠤᠯᠴᠠᠬᠤ᠎ᠪᠠᠷ ᠪᠠᠢ᠌ᠨ᠎ᠠ᠃ ᠳᠤᠮᠳᠠᠳᠤ ᠤᠯᠤᠰ᠎ᠤᠨ ᠫᠢᠩᠫᠠᠩ ᠪᠥᠮᠪᠥᠭᠡ ᠵᠢᠨ ᠨᠡᠢ᠌ᠭᠡᠮᠯᠢᠭ᠎ᠤᠨ ᠲᠡᠷᠢᠭᠦᠯᠡᠭᠴᠢ ᠯᠢᠦ ᠭᠦᠸᠧ ᠯᠢᠶᠠᠩ ᠲᠥᠪᠯᠡᠷᠡᠭᠦᠯᠦᠨ ᠪᠣᠯᠪᠠᠰᠤᠷᠠᠭᠤᠯᠬᠤ ᠬᠤᠭᠤᠴᠠᠭ᠋ᠠᠨ᠎ᠳᠤ ᠪᠦᠬᠦ ᠳᠠᠰᠬᠠᠯᠵᠢᠭᠤᠯᠤᠭᠴᠢ ᠪᠣᠯᠣᠨ ᠲᠠᠮᠢᠷᠴᠢᠳ᠎ᠲᠤ ᠤᠷᠤᠯᠳᠤᠭ᠋ᠠᠨ᠎ᠳᠤ ᠪᠡᠯᠡᠳᠬᠡᠬᠦ ᠶᠡᠷᠦᠩᠬᠡᠢ ᠳᠠᠢ᠌ᠴᠢᠯᠠᠯᠲᠠ ᠬᠢᠵᠦ᠂ ᠤᠯᠠᠨ᠎ᠢ ᠡᠭᠦᠷᠭᠡ ᠬᠠᠷᠢᠭᠤᠴᠠᠯᠭ᠎ᠠ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠤᠬᠠᠮᠰᠠᠷ᠎ᠠᠴᠠ᠎ᠪᠠᠨ ᠴᠠᠭ᠋ᠠᠷᠠᠭᠰᠠᠨ ᠰᠤᠷᠲᠠᠯ᠎ᠢ ᠳᠠᠪᠲᠠᠨ ᠪᠣᠯᠪᠠᠰᠤᠷᠠᠭᠤᠯᠵᠤ᠂ ᠤᠷᠤᠯᠳᠤᠭ᠋ᠠᠨ᠎ᠳᠤ ᠤᠷᠤᠯᠴᠠᠬᠤ ᠲᠦᠪᠰᠢᠨ ᠵᠶ᠋ᠡᠨ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃ ᠭᠤᠸᠠᠩᠳᠦ᠋ᠩ᠎ᠤᠨ ᠴᠢᠩ ᠶᠤᠸᠠᠨ᠎ᠳᠤ ᠲᠥᠪᠯᠡᠷᠡᠭᠦᠯᠦᠨ ᠪᠣᠯᠪᠠᠰᠤᠷᠠᠵᠤ ᠪᠠᠢ᠌ᠭ᠎ᠠ ᠳᠤᠮᠳᠠᠳᠤ ᠤᠯᠤᠰ᠎ᠤᠨ ᠡᠮᠡᠭᠲᠡᠢ ᠵᠢᠨ ᠰᠠᠭᠰᠤᠨ ᠪᠥᠮᠪᠥᠭᠡ ᠵᠢᠨ ᠠᠩᠭᠢ 《ᠶᠡᠷᠦᠩᠬᠡᠢ ᠱᠦᠵᠢ ᠵᠢᠨ ᠪᠡᠶ᠎ᠡ ᠵᠢᠨ ᠲᠠᠮᠢᠷ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠬᠤ ᠲᠤᠬᠠᠢ》 ᠳᠤ ᠭᠣᠣᠯ ᠰᠡᠳᠦᠪᠲᠦ ᠬᠥᠮᠦᠵᠢᠯ ᠥᠷᠨᠢᠭᠦᠯᠵᠡᠢ᠃ ᠳᠤᠮᠳᠠᠳᠤ ᠤᠯᠤᠰ᠎ᠤᠨ ᠰᠠᠭᠰᠤᠨ ᠪᠥᠮᠪᠥᠭᠡ ᠵᠢᠨ ᠨᠡᠢ᠌ᠭᠡᠮᠯᠢᠭ᠎ᠤᠨ ᠳᠡᠳ᠋ ᠲᠡᠷᠢᠭᠦᠯᠡᠭᠴᠢ᠂ ᠳᠤᠮᠳᠠᠳᠤ ᠤᠯᠤᠰ᠎ᠤᠨ ᠡᠮᠡᠭᠲᠡᠢ ᠵᠢᠨ ᠰᠠᠭᠰᠤᠨ ᠪᠥᠮᠪᠥᠭᠡ ᠵᠢᠨ ᠠᠩᠭᠢ ᠵᠢᠨ ᠳᠠᠭ᠋ᠠᠭᠤᠯᠤᠭᠴᠢ ᠸᠠᠩ ᠹᠠᠩ ᠢᠯᠡᠷᠬᠡᠢ᠌ᠯᠡᠬᠦ᠎ᠳᠡᠭᠡᠨ᠂ ᠪᠥᠬᠥ ᠠᠩᠭᠢ᠎ᠪᠠᠷ ᠵᠶ᠋ᠠᠨ ᠶᠡᠷᠦᠩᠬᠡᠢ ᠱᠦᠵᠢ ᠰᠢ ᠵᠢᠨ ᠫᠢᠩ᠎ᠤᠨ ᠪᠡᠶ᠎ᠡ ᠵᠢᠨ ᠲᠠᠮᠢᠷ᠎ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠬᠤ ᠵᠢᠨ ᠬᠠᠮᠲᠤ ᠳᠤᠮᠳᠠᠳᠤ ᠤᠯᠤᠰ᠎ᠤᠨ ᠡᠮᠡᠭᠲᠡᠢ ᠵᠢᠨ ᠰᠠᠭᠰᠤᠨ ᠪᠥᠮᠪᠥᠭᠡ ᠵᠢᠨ ᠠᠩᠭᠢ ᠵᠢᠨ ᠠᠽᠢᠶ᠎ᠠ ᠲᠢᠪ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠪᠡᠯᠡᠳᠬᠡᠬᠦ ᠶᠡᠷᠦᠩᠬᠡᠢ ᠴᠢᠭᠯᠡᠯᠲᠡ ᠪᠣᠯᠭ᠋ᠠᠨ᠎ᠠ ᠭᠡᠵᠡᠢ᠃
ᠰᠢ ᠵᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ᠎ᠳᠠᠭᠠᠨ᠂ ᠬᠥᠭᠡᠷᠦᠭᠦᠯᠬᠦ ᠡᠮ᠎ᠢ ᠡᠰᠡᠷᠭᠦᠴᠡᠬᠦ ᠲᠡᠮᠡᠴᠡᠯ᠎ᠢ ᠡᠷᠡᠰ ᠲᠦᠯᠬᠢᠨ ᠠᠬᠢᠭᠤᠯᠵᠤ᠂ ᠶᠣᠰᠣ ᠮᠣᠷᠠᠯ᠎ᠤᠨ ᠠᠯᠲᠠᠨ ᠮᠧᠳᠠᠯ᠂ ᠬᠡᠪ ᠨᠠᠮᠪᠠ ᠵᠢᠨ ᠠᠯᠲᠠᠨ ᠮᠧᠳᠠᠯ᠂ ᠠᠷᠢᠭᠤᠨ ᠴᠡᠪᠡᠷ ᠠᠯᠲᠠᠨ ᠮᠧᠳᠠᠯ᠎ᠤᠨ ᠤᠬᠠᠮᠰᠠᠷ᠎ᠢ ᠴᠢᠩᠭ᠋ᠠᠳᠬᠠᠨ᠂ ᠬᠥᠭᠡᠷᠦᠭᠦᠯᠬᠦ ᠡᠮ᠎ᠤᠨ ᠠᠰᠠᠭᠤᠳᠠᠯ᠎ᠢ 《ᠲᠠᠰᠦ ᠢᠯᠡᠷᠡᠬᠦ ᠦᠭᠡᠢ》᠂ 《ᠲᠡᠰᠦ ᠲᠡᠪᠴᠢᠬᠦ》 ᠪᠤᠯᠭ᠋ᠠᠬᠤ ᠵᠢ ᠡᠷᠡᠰ ᠪᠡᠶᠡᠯᠡᠭᠦᠯᠬᠦ ᠬᠡᠷᠡᠭᠲᠡᠢ ᠭᠡᠵᠡᠢ᠃ ᠪᠡᠶ᠎ᠡ ᠵᠢᠨ ᠲᠠᠮᠢᠷ᠎ᠤᠨ ᠤᠬᠠᠭᠤᠯᠭ᠎ᠠ ᠵᠢᠨ ᠭᠠᠷᠠᠭ᠎ᠤᠨ ᠬᠤᠭᠤᠴᠠᠭ᠋ᠠᠨ᠎ᠳᠤ᠂ ᠪᠦᠬᠦ ᠤᠯᠤᠰ᠎ᠤᠨ ᠪᠡᠶ᠎ᠡ ᠵᠢᠨ ᠲᠠᠮᠢᠷ᠎ᠤᠨ ᠹᠷᠣᠨᠲ᠎ᠤᠨ᠎ᠬᠢᠨ ᠦᠵᠡᠯ ᠰᠠᠨᠠᠭ᠎ᠠ ᠶᠣᠰᠣ ᠰᠤᠷᠲᠠᠬᠤᠨ ᠪᠣᠯᠣᠨ ᠰᠤᠷᠲᠠᠯ᠎ᠤᠨ ᠪᠠᠢ᠌ᠭᠤᠯᠤᠯᠲᠠ ᠵᠢ ᠬᠦᠴᠦᠯᠡᠨ ᠴᠢᠩᠭ᠋ᠠᠳᠬᠠᠵᠤ᠂ ᠨᠠᠮ᠎ᠤᠨ ᠭᠡᠰᠢᠭᠦᠨ ᠺᠠᠳ᠋ᠷ᠎ᠤᠨ ᠡᠩᠨᠡᠭᠡᠨ᠎ᠤ ᠬᠠᠷᠢᠭᠤᠴᠠᠯᠭ᠋ᠠᠲᠤ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠵᠢ ᠦᠨᠡᠨᠬᠦ ᠴᠢᠩᠭ᠋ᠠᠳᠬᠠᠵᠤ᠂ ᠰᠢᠯᠢᠳᠡᠭ ᠰᠠᠢ᠌ᠨ ᠰᠤᠷᠲᠠᠯ ᠵᠶ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠪᠠᠲᠤᠯᠠᠪᠠ᠃
ᠣᠢ᠌ᠷ᠎ᠠ᠎ᠳᠤ᠂ ᠶᠡᠷᠦᠩᠬᠡᠢ ᠲᠣᠪᠴᠢᠶ᠎ᠠ ᠵᠢᠨ ᠬᠥᠭᠡᠷᠦᠯᠲᠡ ᠵᠢᠨ ᠡᠮ᠎ᠢ ᠡᠰᠡᠷᠭᠦᠴᠡᠬᠦ ᠲᠥᠪ᠎ᠤᠨ᠎ᠬᠢᠨ ᠤᠯᠤᠰ᠎ᠤᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠠᠩᠭᠢ᠎ᠳᠤ ᠣᠷᠣᠵᠤ ᠬᠢᠴᠢᠶᠡᠯ ᠣᠷᠣᠵᠤ᠂ ᠤᠯᠤᠰ᠎ᠤᠨ ᠬᠦᠨᠳᠦ ᠬᠥᠩᠭᠡᠨ ᠲᠠᠮᠢᠷ᠎ᠤᠨ ᠠᠩᠭᠢ ᠵᠢᠨ 200 ᠭᠠᠷᠤᠢ ᠬᠥᠮᠥᠨ ᠰᠦᠯᠵᠢᠶᠡᠨ ᠲᠡᠭᠡᠷ᠎ᠡ ᠪᠠ ᠠᠬᠤᠢ ᠲᠠᠯᠠᠪᠠᠢ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠰᠤᠷᠤᠯᠴᠠᠯᠭ᠎ᠠ᠎ᠳᠤ ᠣᠷᠣᠯᠴᠠᠵᠠᠢ᠃ ᠱᠠᠩᠬᠠᠢ ᠬᠣᠲᠠ ᠵᠢᠨ ᠬᠢᠨ 《〈ᠱᠠᠩᠬᠠᠢ〉 ᠵᠢᠨ ᠠᠷᠢᠭᠤᠨ ᠴᠡᠪᠡᠷ ᠪᠡᠶ᠎ᠡ ᠵᠢᠨ ᠲᠠᠮᠢᠷ᠎ᠢ ᠰᠠᠬᠢᠨ ᠬᠠᠮᠠᠭ᠋ᠠᠯᠠᠵᠤ᠂ ᠱᠸᠨᠴᠸᠩᠤᠨ ᠥᠩᠭᠡ ᠭᠡᠷᠡᠯ᠎ᠢ ᠬᠠᠮᠠᠭ᠋ᠠᠯᠠᠬᠤ》᠎ᠪᠠᠷ ᠭᠣᠣᠯ ᠰᠡᠳᠦᠪ ᠪᠣᠯᠭ᠋ᠠᠭᠰᠠᠨ 2023 ᠣᠨ᠎ᠤ ᠱᠠᠩᠬᠠᠢ ᠬᠣᠲᠠ ᠵᠢᠨ ᠬᠥᠭᠡᠷᠦᠯᠲᠡ ᠵᠢᠨ ᠡᠮ᠎ᠢ ᠡᠰᠡᠷᠭᠦᠴᠡᠬᠦ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ ᠡᠬᠢᠯᠡᠭᠦᠯᠪᠡ᠃ ᠠᠨᠾᠦ᠋ᠢ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠲᠤᠰ ᠲᠤᠰ ᠪᠣᠷᠣ ᠱᠠᠭ᠋ᠠᠵᠠᠭ᠋ᠠᠢ ᠪᠠ ᠴᠠᠭ᠋ᠠᠨ ᠰᠡᠯᠢᠭᠦᠷᠲᠦ ᠬᠠᠯᠢᠮᠤ ᠪᠠᠷ ᠤᠤᠯ ᠬᠡᠯᠪᠡᠷᠢ ᠪᠣᠯᠭ᠋ᠠᠵᠤ᠂ ᠠᠨᠾᠦ᠋ᠢ ᠵᠢᠨ ᠪᠡᠶ᠎ᠡ ᠵᠢᠨ ᠲᠠᠮᠢᠷ᠎ᠤᠨ ᠤᠯᠠᠮᠵᠢᠯᠠᠯᠲᠤ ᠳᠠᠪᠠᠭᠤᠯᠢᠭ᠎ᠲᠠᠢ ᠲᠦᠷᠦᠯ ᠵᠦᠢ᠍ᠯ᠎ᠢ ᠠᠭᠤᠰᠤᠯᠴᠠᠭᠤᠯᠵᠤ᠂ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠡᠶ᠎ᠡ ᠵᠢᠨ ᠲᠠᠮᠢᠷ᠎ᠤᠨ ᠬᠠᠤᠯᠢ》 ᠵᠢᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ᠂ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠴᠢ ᠬᠥᠭᠡᠷᠦᠭᠦᠯᠬᠦ ᠡᠮ᠎ᠢ ᠡᠰᠡᠷᠭᠦᠴᠡᠬᠦ ᠵᠡᠷᠭᠡ ᠲᠦᠷᠦ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠤᠬᠠᠭᠤᠯᠤᠨ ᠲᠠᠢ᠌ᠯᠪᠤᠷᠢᠯᠠᠬᠤ ᠵᠡᠷᠭᠡ ᠡᠭᠦᠷᠭᠡ ᠵᠢ ᠡᠭᠦᠷᠭᠡᠯᠡᠵᠦ᠂ ᠥᠷᠭᠡᠨ ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠲᠦᠷᠦ ᠵᠢᠨ ᠪᠣᠳᠣᠯᠭ᠎ᠠ ᠬᠠᠤᠯᠢ ᠲᠣᠭᠲᠠᠭ᠋ᠠᠯ᠎ᠯᠤᠭ᠎ᠠ ᠵᠢᠨ ᠵᠠᠢ ᠵᠢ ᠣᠢ᠌ᠷᠠᠲᠤᠭᠤᠯᠵᠠᠢ᠃
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ ᠶᠠᠪᠤᠭᠳᠠᠨ᠎ᠠ᠂ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠠᠵᠢᠯ ᠡᠭᠦᠷᠢᠳᠡ ᠵᠣᠭᠰᠣᠰᠢ ᠦᠭᠡᠢ ᠶᠠᠪᠤᠭᠳᠠᠨ᠎ᠠ ᠭᠡᠵᠦ ᠵᠢᠭ᠋ᠠᠵᠤ ᠭᠠᠷᠭ᠋ᠠᠪᠠ᠃ ᠪᠡᠶ᠎ᠡ ᠵᠢᠨ ᠲᠠᠮᠢᠷ᠎ᠤᠨ ᠹᠷᠣᠨᠲ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠵᠤ᠂ ᠨᠠᠮ᠎ᠤᠨ ᠪᠠᠢ᠌ᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠬᠥᠭᠵᠢᠭᠦᠯᠬᠦ ᠵᠢ ᠡᠷᠡᠰ ᠭᠤᠢ᠌ᠪᠢᠰᠢ ᠦᠭᠡᠢ ᠠᠬᠢᠭᠤᠯᠵᠤ᠂ ᠪᠡᠶ᠎ᠡ ᠵᠢᠨ ᠲᠠᠮᠢᠷ᠎ᠤᠨ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠢ ᠲᠦᠷᠭᠡᠳᠬᠡᠨ ᠪᠠᠶ᠋ᠢᠭᠤᠯᠬᠤ᠎ᠳᠤ ᠪᠠᠲᠤ ᠴᠢᠩᠭ᠎ᠠ ᠤᠯᠤᠰ ᠲᠦᠷᠦ ᠵᠢᠨ ᠪᠠᠲᠤᠯᠠᠭ᠎ᠠ ᠬᠠᠩᠭ᠋ᠠᠨ᠎ᠠ᠃