ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠡᠶ᠎ᠡ ᠪᠤᠯᠪᠠᠰᠤᠷᠠᠵᠤ ᠠᠭᠤᠷ ᠵᠶ᠋ᠠᠨ ᠭᠠᠷᠭ᠋ᠠᠬᠤ᠎ᠨᠢ ᠵᠢᠷᠦᠬᠡᠨ ᠡᠪᠡᠳᠴᠢᠨ᠎ᠤ ᠲᠦᠭᠰᠢᠬᠦᠷᠢ ᠵᠢ ᠨᠡᠮᠡᠭᠳᠡᠬᠦᠯᠦᠨ᠎ᠠ
ᠨᠡᠶ᠋ᠢᠲᠡᠯᠡᠭᠰᠡᠨ ᠴᠠᠭ᠄ 2018-12-28

     

    ᠬᠦᠮᠦᠰ ᠵᠠᠷᠢᠮ ᠦᠶ᠎ᠠ᠎ᠳᠤ ᠪᠠᠶ᠎ᠠ᠎ᠪᠠᠨ ᠪᠤᠯᠪᠠᠰᠤᠷᠠᠭᠤᠯᠬᠤ ᠠᠷᠭ᠎ᠠ᠎ᠪᠠᠷ ᠠᠭᠤᠷ ᠤᠴᠠᠭ᠋ᠠᠷ ᠵᠶ᠋ᠠᠨ ᠭᠠᠷᠭ᠋ᠠᠳᠠᠭ᠃ ᠬᠡᠬᠦ᠎ᠳᠡᠭᠡᠨ ᠡᠨᠡ᠎ᠨᠢ ᠵᠠᠷᠢᠮ ᠦᠶ᠎ᠠ᠎ᠳᠤ ᠬᠦᠮᠦᠨ᠎ᠤ ᠠᠮᠢ ᠨᠠᠰᠤ ᠵᠢ ᠬᠤᠷᠤᠭ᠋ᠠᠵᠤ ᠮᠠᠳᠠᠨ᠎ᠠ᠃ ᠺᠠᠨᠠᠳᠠ ᠵᠢᠨ ᠠᠨᠯᠤᠸᠧᠶᠧ ᠮᠤᠵᠢ ᠵᠢᠨ ᠮᠠᠶ᠋ᠢᠺᠮᠠᠰᠲᠧ ᠶᠡᠭᠡ ᠰᠤᠷᠭ᠋ᠠᠭᠤᠯᠢ ᠵᠢᠨ ᠬᠦᠮᠦᠨ ᠠᠮᠠ ᠵᠢᠨ ᠡᠷᠡᠬᠦᠯ ᠮᠠᠨᠳᠤ ᠵᠢᠨ ᠰᠤᠳᠤᠯᠤᠯ᠎ᠤᠨ ᠭᠠᠵᠠᠷ᠎ᠤᠨ ᠰᠤᠳᠤᠯᠤᠯᠳᠠ᠎ᠳᠤ ᠢᠯᠡᠷᠡᠬᠦᠯᠦᠭᠰᠡᠨ ᠵᠶ᠋ᠠᠷ᠂ ᠬᠦᠮᠦᠨ ᠠᠭᠤᠷ ᠤᠴᠠᠭ᠋ᠠᠷ᠎ᠲᠠᠢ ᠪᠠᠶ᠋ᠢᠬᠤ ᠪᠤᠶᠤ ᠲᠠᠮᠢᠷ᠎ᠤᠨ ᠬᠦᠳᠡᠯᠬᠡᠬᠡᠨ ᠬᠡᠳᠦᠷᠠᠬᠦ ᠦᠶᠠᠰ ᠨᠢᠬᠡ ᠴᠠᠭ᠎ᠤᠨ ᠲᠤᠳᠤᠷ᠎ᠠ ᠵᠢᠷᠦᠬᠡᠨ ᠡᠪᠡᠳᠴᠢᠨ ᠡᠬᠦᠰᠬᠦ ᠲᠦᠭᠰᠢᠬᠦᠷᠢ ᠲᠡᠬᠢᠨ ᠵᠶ᠋ᠠᠷ ᠨᠡᠮᠡᠭᠳᠡᠨ᠎ᠡ᠃ ᠨᠡᠩ ᠢᠯᠡᠬᠦᠦ ᠠᠭᠤᠷ ᠤᠴᠠᠭ᠋ᠠᠷ᠎ᠲᠠᠢ ᠦᠶ᠎ᠠ᠎ᠳᠤ ᠰᠢᠷᠦᠬᠦᠨ ᠬᠦᠳᠡᠯᠬᠡᠬᠡᠨ ᠬᠢᠬᠦ᠎ᠨᠢ ᠵᠢᠷᠦᠬᠡᠨ ᠡᠪᠡᠳᠴᠢᠨ ᠡᠬᠦᠰᠬᠦ ᠲᠦᠭᠰᠢᠬᠦᠷᠢ ᠵᠢ 3 ᠲᠠᠬᠢᠨ ᠵᠶ᠋ᠠᠷ ᠨᠡᠮᠡᠭᠳᠡᠬᠦᠯᠦᠨ᠎ᠡ᠂ ᠢᠯᠠᠩᠭᠤᠶ᠎ᠠ ᠤᠷᠤᠢ ᠵᠢᠨ 6 ᠴᠠᠭ᠎ᠠᠴᠠ ᠰᠦᠨᠢ ᠵᠢᠨ 12 ᠴᠠᠭ᠎ᠤᠨ ᠬᠤᠭᠤᠷᠤᠨᠳᠤ ᠵᠢᠷᠦᠬᠡᠨ ᠡᠪᠡᠳᠴᠢᠨ ᠡᠬᠦᠰᠬᠦ ᠲᠦᠭᠰᠢᠬᠦᠷᠢ ᠨᠡᠩ ᠶᠡᠭᠡ ᠪᠤᠯᠤᠨ᠎ᠠ᠃            

    ᠡᠨᠡᠬᠦ ᠵᠦᠢ᠍ᠯ᠎ᠤᠨ ᠰᠤᠳᠤᠯᠤᠯ᠎ᠨᠢ᠂ ᠬᠦᠮᠦᠨ᠎ᠤ ᠨᠠᠰᠤ ᠵᠢᠯ᠂ ᠲᠠᠮᠠᠬᠢ ᠲᠠᠳᠠᠬᠤ ᠡᠰᠡᠬᠦ᠂ ᠮᠢᠬ᠎ᠠ ᠮᠠᠷᠢᠶ᠎ᠠ᠂ ᠴᠢᠰᠤᠨ ᠲᠠᠷᠤᠯᠳᠠ ᠵᠡᠷᠬᠡ ᠪᠤᠰᠤᠳ ᠡᠷᠡᠬᠦᠯ ᠮᠡᠨᠳᠦ ᠵᠢᠨ ᠡᠯᠧᠮᠧᠨ᠋ᠲ᠎ᠢ ᠴᠤ᠌ ᠪᠤᠳᠤᠯᠬᠢᠯᠠᠬᠰᠠᠨ ᠪᠠᠶ᠋ᠢᠨ᠎ᠠ᠃ ᠰᠤᠳᠤᠯᠤᠬ᠍ᠴᠢᠳ᠎ᠠᠴᠠ 50 ᠭᠠᠷᠤᠢ ᠤᠯᠤᠰ᠎ᠤᠨ 1.2 ᠲᠦᠮᠡᠨ ᠵᠢᠷᠦᠬᠡᠨ ᠡᠪᠡᠳᠴᠢᠳᠡᠨ᠎ᠳᠤ ᠪᠠᠶ᠋ᠢᠴᠠᠭ᠋ᠠᠯᠳᠠ ᠬᠢᠭᠰᠡᠨ᠎ᠤ ᠳ᠋ᠦᠩ᠎ᠳᠤ᠂ ᠲᠤᠮᠳᠠᠴᠢ ᠨᠠᠰᠤ᠎ᠨᠢ 58 ᠪᠤᠯᠬᠤ ᠵᠢᠷᠦᠭᠡᠨ ᠡᠪᠡᠳᠴᠢᠳᠡᠳ᠎ᠤᠨ 13%᠎ᠨᠢ ᠵᠢᠷᠦᠭᠡᠨ ᠡᠪᠡᠳᠴᠢᠨ ᠬᠦᠳᠡᠯᠬᠦ᠎ᠠᠴᠠ ᠡᠮᠦᠨ᠎ᠡ 1 ᠴᠠᠭ᠎ᠤᠨ ᠲᠤᠳᠤᠷ᠎ᠠ ᠲᠠᠮᠢᠷ᠎ᠤᠨ ᠬᠦᠳᠡᠯᠬᠡᠬᠡᠨ ᠬᠢᠵᠤ᠂ ᠡᠬᠦᠨ᠎ᠳᠤ 14%᠎ᠤᠨ ᠬᠦᠮᠦᠨ᠎ᠨᠢ ᠠᠭᠤᠷᠯᠠᠵᠤ ᠤᠴᠠᠭ᠋ᠠᠷᠯᠠᠬᠰᠠᠨ ᠪᠠᠶ᠋ᠢᠨ᠎ᠠ᠃            

    ᠲᠠᠮᠢᠷ᠎ᠤᠨ ᠬᠦᠳᠡᠯᠭᠡᠭᠡᠨ᠎ᠨᠢ ᠬᠦᠮᠦᠨ᠎ᠤ ᠡᠷᠡᠬᠦᠯ ᠮᠠᠨᠳᠤ᠎ᠳᠤ ᠠᠰᠢᠭᠳᠠᠢ ᠪᠠᠶ᠋ᠢᠵᠤ ᠵᠢᠷᠦᠬᠡᠨ ᠡᠪᠡᠳᠴᠢᠨ᠎ᠢ ᠰᠡᠷᠬᠡᠶ᠋ᠢᠯᠡᠵᠤ ᠴᠢᠳᠠᠨ᠎ᠠ᠃ ᠬᠡᠳᠡᠯ᠎ᠡ ᠬᠦᠮᠦᠨ ᠶᠡᠬᠡᠪᠡᠷ ᠠᠭᠤᠷᠯᠠᠬᠤ ᠪᠤᠶᠤ ᠬᠡᠳᠦ ᠰᠢᠷᠦᠬᠦᠨ ᠬᠦᠳᠡᠯᠬᠡᠬᠡᠨ ᠬᠢᠬᠦ᠎ᠨᠢ ᠴᠢᠰᠤᠨ ᠲᠠᠷᠤᠯᠳᠠ ᠵᠢ ᠦᠨᠳᠦᠷᠵᠢᠬᠦᠯᠵᠤ᠂ ᠵᠢᠷᠦᠬᠡᠨ ᠴᠤᠬᠢᠯᠭ᠎ᠠ ᠵᠢ ᠲᠦᠷᠬᠡᠳᠭᠡᠨ᠎ᠠ᠃

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠠᠰᠤᠳᠠᠢ ᠬᠦᠮᠦᠨ ᠪᠡᠶ᠎ᠠ᠎ᠪᠠᠨ ᠪᠤᠯᠪᠠᠰᠤᠷᠠᠪᠠᠯ ᠲᠠᠷᠢᠬᠢᠨ᠎ᠤ ᠠᠪᠴᠢᠯᠳᠠ ᠵᠢ ᠤᠳᠠᠭ᠋ᠠᠰᠢᠷᠠᠭᠤᠯᠵᠤ ᠴᠢᠳᠠᠨ᠎ᠠ
7 ᠠᠷᠭ᠎ᠠ᠎ᠪᠠᠷ ᠪᠤᠯᠴᠢᠡᠭ ᠰᠢᠷᠪᠤᠰᠤ ᠲᠠᠳᠠᠬᠤ ᠵᠢ ᠬᠦᠡᠭᠭᠡᠷᠡᠬᠦᠯᠬᠦ
ᠡᠪᠤᠯ᠎ᠤᠨ ᠤᠯᠠᠷᠢᠯ᠎ᠳᠤ ᠪᠡᠶ᠎ᠠ ᠪᠣᠯᠪᠠᠰᠣᠷᠠᠪᠠᠯ ᠮᠠᠷᠢᠶ᠎ᠠ ᠵᠢ ᠢᠯᠡᠭᠦᠦ ᠰᠢᠭᠤᠷᠠᠭᠤᠯᠳᠠᠭ
ᠲᠠᠮᠢᠷ᠎ᠤᠨ ᠬᠦᠳᠡᠯᠬᠡᠭᠡᠡ᠎ᠳᠤ ᠤᠷᠤᠯᠴᠠᠬᠤ ᠤᠷᠮ᠎ᠠ ᠵᠢ ᠬᠡᠷᠬᠢᠨ ᠲᠡᠭᠡᠭᠰᠢᠯᠡᠬᠦᠯᠬᠦ ᠪᠤᠢ
ᠬᠡᠤᠬᠡᠳ ᠪᠠᠭ᠋ᠠᠴᠤᠤᠨ ᠲᠠᠮᠢᠷ᠎ᠤᠨ ᠬᠦᠳᠡᠯᠭᠡᠭᠡᠨ᠎ᠳᠤ ᠢᠯᠡᠬᠦᠤ ᠤᠷᠤᠯᠴᠠᠪᠠᠯ ᠵᠤᠭᠢᠨ᠎ᠠ
 
            