ᠲᠡᠯᠡᠭᠡᠢ ᠵᠢᠨ ᠡᠷᠡᠭᠦᠯ ᠬᠠᠮᠠᠭ᠋ᠠᠯᠠᠯ᠎ᠤᠨ ᠵᠤᠬᠢᠶᠠᠨ ᠪᠠᠶ᠋ᠢᠭᠤᠯᠤᠯᠲᠠ᠎ᠠᠴᠠ 《ᠪᠦᠬᠦ ᠲᠡᠯᠡᠭᠡᠢ ᠵᠢᠨ ᠵᠠᠯᠠᠭᠤ ᠪᠠᠭ᠋ᠠᠴᠤᠳ᠎ᠤᠨ ᠡᠷᠡᠭᠦᠯ ᠮᠡᠨᠳᠦ ᠵᠢᠨ ᠠᠰᠠᠭᠤᠳᠠᠯ》᠎ᠤᠨ ᠮᠡᠳᠡᠭᠦᠯᠦᠯᠲᠡ ᠵᠢ ᠨᠡᠶ᠋ᠢᠳᠡᠯᠡᠵᠠᠢ᠂ ᠲᠤᠰ ᠮᠡᠳᠡᠭᠦᠯᠦᠯᠲᠡ᠎ᠨᠢ ᠪᠦᠬᠦ ᠲᠡᠯᠡᠭᠡᠢ ᠵᠢᠨ 10 — 19 ᠨᠠᠰᠤᠨ᠎ᠤ ᠬᠤᠭᠤᠷᠣᠨᠳᠣᠬᠢ ᠵᠠᠯᠠᠭᠤ ᠪᠠᠭ᠋ᠠᠴᠤᠳ᠎ᠲᠠᠢ ᠬᠠᠮᠢᠶ᠎ᠠ ᠪᠦᠬᠦᠢ ᠶᠡᠭᠡ ᠬᠡᠮᠵᠢᠶᠡᠨ᠎ᠤ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢ ᠦᠨᠳᠦᠰᠦᠯᠡᠵᠤ᠂ ᠲᠤᠰ ᠪᠠᠶ᠋ᠢᠴᠠᠭ᠋ᠠᠯᠲᠠ ᠵᠢ ᠬᠢᠭᠰᠡᠨ᠎ᠤ ᠭᠤᠤᠯ ᠵᠤᠷᠢᠯᠭ᠎ᠠ᠎ᠨᠢ ᠡᠯ᠎ᠡ ᠤᠯᠤᠰ ᠵᠠᠯᠠᠭᠤ ᠪᠠᠭ᠋ᠠᠴᠤᠳ᠎ᠤᠨ ᠡᠷᠡᠭᠦᠯ ᠮᠡᠨᠳᠦ ᠵᠢᠨ ᠱᠠᠭ᠋ᠠᠷᠳᠠᠯᠭ᠎ᠠ ᠵᠢ ᠬᠦᠨᠳᠦᠳᠭᠡᠨ ᠦᠵᠡᠵᠦ᠂ ᠵᠠᠯᠠᠭᠤ ᠪᠠᠭ᠋ᠠᠴᠤᠳ᠎ᠤᠨ ᠬᠦᠳᠡᠯᠭᠡᠭᠡᠨ ᠬᠢᠬᠦ ᠴᠠᠭ᠎ᠢ ᠨᠡᠮᠡᠭᠳᠡᠭᠦᠯᠬᠦ ᠵᠤᠷᠢᠯᠭ᠎ᠠ᠎ᠳᠠᠭᠠᠨ ᠬᠦᠷᠬᠦ ᠵᠢᠨ ᠲᠦᠯᠦᠭᠡ ᠶᠤᠮ᠃ ᠪᠠᠶ᠋ᠢᠴᠠᠭ᠋ᠠᠯᠲᠠ ᠵᠢᠨ ᠦᠷ᠎ᠡ ᠳ᠋ᠦᠩ᠎ᠠᠴᠠ ᠤᠯᠵᠦ ᠮᠡᠳᠡᠭᠰᠡᠨ᠎ᠨᠢ᠂ ᠭᠦᠢ᠍ᠴᠡᠳ ᠬᠡᠮᠵᠢᠶᠡᠨ᠎ᠤ ᠬᠦᠳᠡᠯᠭᠡᠭᠡᠨ ᠬᠢᠵᠦ ᠪᠠᠶ᠋ᠢᠭ᠎ᠠ ᠵᠠᠯᠠᠭᠤ ᠪᠠᠭ᠋ᠠᠴᠤᠳ᠎ᠨᠢ 1/4᠎ᠳᠤ ᠴᠤ᠌ ᠬᠦᠷᠬᠦ ᠦᠭᠡᠢ ᠪᠠᠶ᠋ᠢᠬᠤ᠎ᠪᠠᠷ ᠪᠠᠷᠠᠬᠤ ᠦᠭᠡᠢ᠂ ᠵᠠᠷᠢᠮ ᠤᠯᠤᠰ᠎ᠤᠨ ᠮᠠᠷᠢᠶᠠᠯᠢᠭ ᠵᠠᠯᠠᠭᠤ ᠪᠠᠭ᠋ᠠᠴᠤᠳ᠎ᠤᠨ ᠬᠠᠷᠢᠴᠠᠯ᠎ᠨᠢ 1/3 ᠵᠢ ᠡᠵᠡᠯᠡᠵᠦ ᠪᠠᠶ᠋ᠢᠨ᠎ᠠ᠃
ᠡ᠊ ᠊ᠨ᠋ᠡᠬᠦ ᠠᠰᠠᠭᠤᠳᠠᠯ᠎ᠳᠤ ᠬᠠᠨᠳᠤᠭᠤᠯᠤᠨ ᠲᠤᠰᠬᠠᠢ ᠮᠡᠷᠭᠡᠵᠢᠯᠲᠡᠨ ᠵᠢᠭ᠋ᠠᠨ ᠭᠠᠷᠭ᠋ᠠᠭᠰᠠᠨ᠎ᠨᠢ᠂ ᠮᠠᠷᠢᠶᠠᠯᠢᠭ ᠵᠡᠷᠭᠡ ᠤᠳᠠᠭ᠋ᠠᠨ ᠴᠢᠨᠠᠷᠲᠠᠢ ᠡᠪᠡᠳᠴᠢᠨ᠎ᠨᠢ ᠵᠠᠯᠠᠭᠤ ᠪᠠᠭ᠋ᠠᠴᠤᠳ᠎ᠤᠨ ᠬᠦᠳᠡᠯᠭᠡᠭᠡᠨ ᠲᠤᠳᠠᠭᠳᠠᠵᠦ ᠪᠠᠶ᠋ᠢᠭ᠎ᠠ᠎ᠲᠠᠢ ᠨᠢᠭᠲᠠ ᠬᠤᠯᠪᠤᠭᠳᠠᠯ᠎ᠲᠠᠢ᠃ ᠰᠤᠷᠭ᠋ᠠᠭᠤᠯᠢ᠎ᠳᠤ ᠰᠠᠭᠤᠭ᠎ᠠ ᠬᠡᠤᠬᠡᠳ᠎ᠤᠳ ᠨᠡᠯᠢᠶᠡᠳ ᠶᠡᠭᠡ ᠰᠤᠷᠤᠯᠭ᠎ᠠ ᠵᠢᠨ ᠲᠠᠷᠤᠭ᠋ᠠᠰᠦ ᠵᠢ ᠡᠭᠦᠷᠭᠡᠯᠡᠵᠦ᠂ ᠤᠯᠠᠩᠭᠢ ᠴᠠᠭ ᠵᠶ᠋ᠠᠨ ᠰᠤᠶᠤᠯ᠎ᠤᠨ ᠬᠢᠴᠢᠶᠡᠯ ᠰᠤᠷᠤᠯᠴᠠᠬᠤ ᠲᠡᠭᠡᠷ᠎ᠡ ᠵᠠᠷᠤᠴᠠᠭᠤᠯᠵᠦ᠂ ᠦᠨᠡᠨᠬᠦ ᠲᠠᠮᠢᠷ᠎ᠤᠨ ᠲᠠᠪᠲᠠᠨ ᠪᠤᠯᠪᠠᠰᠤᠷᠠᠭᠤᠯᠤᠯᠲᠠ᠎ᠳᠤ ᠵᠠᠷᠤᠴᠠᠭᠤᠯᠵᠦ ᠪᠠᠶ᠋ᠢᠭ᠎ᠠ ᠴᠠᠭ᠎ᠨᠢ ᠮᠠᠰᠢ ᠪᠠᠭ᠎ᠠ᠃ ᠲᠡᠭᠡᠬᠦ ᠮᠦᠷᠳᠡᠭᠡᠨ ᠤᠳᠤᠬᠠᠨ᠎ᠤ ᠭᠡᠷ ᠪᠦᠯᠢ᠎ᠳᠤ ᠬᠡᠤᠬᠡᠳ᠎ᠨᠢ ᠡᠵᠢ ᠠᠪᠤ ᠵᠢᠨ ᠵᠶ᠋ᠠᠨ ᠠᠮᠢᠨ ᠡᠷᠳᠡᠨᠢ ᠪᠠᠶ᠋ᠢᠵᠦ᠂ ᠭᠡᠷ᠎ᠤᠨ ᠠᠬᠠᠮᠠᠳ᠎ᠠᠴᠠ ᠬᠡᠤᠬᠡᠳ ᠵᠶ᠋ᠠᠨ ᠰᠤᠷᠭ᠋ᠠᠭᠤᠯᠢ᠎ᠠᠴᠠ᠎ᠨᠢ ᠲᠤᠰ᠎ᠤᠨ ᠬᠦᠷᠭᠡᠵᠦ᠂ ᠭᠡᠷ ᠵᠠᠭᠤᠷ᠎ᠠ ᠵᠢᠨ ᠠᠷᠰᠠᠷ ᠠᠵᠢᠯ᠎ᠢ ᠤᠭᠳᠤᠬᠠᠨ ᠴᠤ᠌ ᠬᠢᠯᠭᠡᠬᠦ ᠦᠭᠡᠢ᠂ ᠬᠡᠤᠬᠡᠳ᠎ᠨᠢ ᠰᠤᠯᠠ ᠰᠡᠯᠡᠭᠦᠦ ᠴᠠᠭ ᠵᠶ᠋ᠠᠷ ᠵᠶ᠋ᠠᠨ ᠡᠯᠧᠺᠳ᠋ᠷᠣᠨ ᠲᠤᠭᠯᠠᠭ᠋ᠠᠮ ᠨᠠᠭ᠋ᠠᠳᠴᠦ᠂ ᠤᠳᠠᠭ᠋ᠠᠨ ᠴᠠᠭ ᠵᠶ᠋ᠠᠷ ᠰᠠᠭᠤᠵᠦ ᠪᠠᠶ᠋ᠢᠳᠠᠭ᠎ᠠᠴᠠ ᠬᠦᠳᠡᠯᠭᠡᠭᠡᠨ ᠬᠢᠬᠦ ᠴᠠᠭ᠎ᠨᠢ ᠶᠡᠭᠡᠪᠡᠷ ᠪᠤᠭᠤᠨᠢᠰᠴᠤ ᠪᠤᠢ᠃ ᠡᠭᠦᠨ᠎ᠠᠴᠠ ᠭᠠᠳᠠᠨ᠎ᠠ᠂ ᠭᠡᠷ᠎ᠤᠨ ᠠᠬᠠᠮᠠᠳ ᠬᠡᠤᠬᠡᠳ᠎ᠤᠨ ᠵᠶ᠋ᠠᠨ ᠦᠰᠦᠨ ᠪᠤᠶ᠋ᠢᠵᠢᠯᠲᠠ ᠠᠨᠠᠢ ᠪᠠᠶ᠋ᠢᠬᠤ᠎ᠠᠴᠠ ᠡᠮᠢᠶᠡᠵᠦ᠂ ᠭᠤᠷᠪᠠᠨ ᠡᠷᠡᠨ᠎ᠤ ᠬᠤᠭᠤᠯᠠᠨ᠎ᠳᠤ ᠦᠨᠳᠦᠷ ᠤᠭᠤᠷᠠᠭ᠂ ᠦᠨᠳᠦᠷ ᠡᠨᠧᠷᠬᠢ᠎ᠲᠠᠢ ᠢᠳᠡᠭᠡᠨ ᠲᠤᠬᠢᠷᠠᠭᠤᠯᠵᠦ᠂ ᠰᠢᠮ᠎ᠡ ᠲᠡᠵᠢᠭᠡᠯ ᠬᠡᠳᠦ ᠢᠯᠡᠭᠦᠳᠡᠭᠰᠡᠨ᠎ᠠᠴᠠ ᠮᠠᠷᠢᠶᠠᠯᠠᠬᠤ ᠨᠤᠷᠮ᠎ᠠ ᠵᠢ ᠨᠡᠩ ᠬᠤᠷᠳᠤᠰᠬᠠᠵᠦ ᠪᠤᠢ᠃
ᠲᠤᠰᠬᠠᠢ ᠮᠡᠷᠭᠡᠵᠢᠯᠲᠡᠨ᠎ᠠᠴᠠ ᠰᠠᠨᠠᠭᠤᠯᠤᠭᠰᠠᠨ᠎ᠨᠢ᠂ ᠭᠡᠷ᠎ᠤᠨ ᠠᠬᠠᠮᠠᠳ ᠪᠤᠯᠤᠭᠰᠠᠳ᠎ᠠᠴᠠ ᠬᠡᠤᠬᠡᠳ ᠵᠶ᠋ᠠᠨ ᠡᠳᠦᠷ ᠪᠤᠯᠭ᠋ᠠᠨ ᠠᠳᠠᠭ᠎ᠲᠠᠭᠠᠨ 1 ᠴᠠᠭ᠎ᠤᠨ ᠬᠦᠳᠡᠯᠭᠡᠭᠡᠨ ᠬᠢᠬᠦ ᠵᠢ ᠵᠤᠷᠢᠭᠵᠢᠭᠤᠯᠤᠨ᠎ᠠ᠂ ᠵᠢᠱ᠌ᠢᠶᠡᠯᠡᠪᠡᠯ ᠬᠤᠷᠳᠤᠨ ᠠᠯᠬᠤᠬᠤ᠂ ᠤᠳᠠᠭ᠋ᠠᠨ ᠬᠦᠶᠦᠬᠦ᠂ ᠤᠮᠪᠠᠭ᠍ᠤ᠂ ᠲᠤᠭᠤᠢ ᠲᠡᠷᠭᠡ ᠤᠨᠤᠬᠤ ᠵᠡᠷᠭᠡ ᠬᠦᠳᠡᠯᠭᠡᠭᠡᠨ ᠬᠢᠯᠭᠡᠵᠦ᠂ ᠢᠯᠡᠭᠦᠴᠡ ᠡᠨᠧᠷᠬᠢ᠎ᠪᠠᠨ ᠵᠠᠷᠤᠴᠠᠭᠤᠯᠤᠨ᠎ᠠ᠃ ᠡᠭᠦᠨ᠎ᠠᠴᠠ ᠭᠠᠳᠠᠨ᠎ᠠ ᠪᠠᠰᠠ ᠰᠤᠷᠭ᠋ᠠᠭᠤᠯᠢ᠎ᠠᠴᠠ ᠬᠢᠴᠢᠶᠡᠯ᠎ᠤᠨ ᠭᠠᠳᠠᠨᠠᠬᠢ ᠬᠦᠳᠡᠯᠭᠡᠭᠡᠨ ᠵᠶ᠋ᠠᠨ ᠵᠤᠬᠢᠰᠲᠠᠢ ᠲᠤᠬᠢᠷᠠᠭᠤᠯᠵᠦ᠂ ᠲᠤᠭᠳᠠᠭᠰᠠᠨ ᠬᠤᠭᠤᠴᠠᠭ᠎ᠠ᠎ᠲᠠᠢ ᠲᠠᠮᠢᠷ᠎ᠤᠨ ᠤᠷᠤᠯᠳᠤᠭ᠋ᠠᠨ ᠵᠤᠬᠢᠶᠠᠨ ᠪᠠᠶ᠋ᠢᠭᠤᠯᠵᠦ᠂ ᠵᠠᠯᠠᠭᠤ ᠪᠠᠭ᠋ᠠᠴᠤᠳ᠎ᠢ ᠡᠭᠡ ᠪᠠᠶ᠋ᠢᠭ᠋ᠠᠯᠢ᠎ᠲᠠᠢ ᠤᠢ᠍ᠢ᠍ᠷᠠᠲᠤᠭᠤᠯᠵᠦ᠂ ᠲᠠᠮᠢᠷ᠎ᠤᠨ ᠬᠦᠳᠡᠯᠭᠡᠭᠡᠨ᠎ᠳᠤ ᠢᠳᠡᠪᠬᠢᠲᠠᠢ ᠤᠷᠤᠯᠴᠠᠭᠤᠯᠤᠨ᠎ᠠ᠃ ᠢᠳᠡᠭᠡᠨ ᠤᠮᠳᠠᠭ᠋ᠠᠨ᠎ᠤ ᠲᠠᠯ᠎ᠠ᠎ᠳᠤ᠂ ᠭᠡᠷ᠎ᠤᠨ ᠠᠬᠠᠮᠠᠳ ᠪᠤᠯᠤᠭᠰᠠᠳ᠎ᠠᠴᠠ ᠬᠡᠤᠬᠡᠳ᠎ᠤᠨ ᠵᠶ᠋ᠠᠨ ᠡᠷᠡᠭᠦᠯ ᠪᠤᠰᠤ ᠢᠳᠡᠭᠡᠨ ᠤᠮᠳᠠᠭ᠋ᠠᠨ᠎ᠤ ᠲᠠᠳᠬᠠᠯ᠎ᠢ ᠵᠠᠰᠠᠨ ᠵᠠᠯᠠᠷᠠᠭᠤᠯᠵᠦ᠂ ᠬᠡᠤᠬᠡᠳ ᠪᠠᠭ᠋ᠠᠴᠤᠳ ᠵᠤᠬᠢᠰᠲᠠᠢ ᠬᠡᠮᠵᠢᠶᠡᠨ᠎ᠤ ᠤᠭᠤᠷᠠᠭ ᠨᠦᠬᠦᠪᠦᠷᠢᠯᠡᠵᠦ᠂ ᠲᠤᠤᠷ᠎ᠠ ᠰᠢᠬᠢᠷ ᠪᠠ ᠲᠤᠤᠷ᠎ᠠ ᠦᠭᠡᠬᠦ ᠠᠭᠤᠯᠬᠤ ᠢᠳᠡᠭᠡᠨ ᠢᠳᠡᠬᠦ ᠵᠢ ᠪᠠᠷᠢᠮᠳᠠᠯᠠᠵᠦ᠂ ᠰᠢᠨ᠎ᠡ ᠵᠢᠮᠢᠰ ᠨᠤᠭᠤᠭ᠎ᠠ ᠢᠳᠡᠬᠦ ᠵᠢ ᠠᠩᠬᠠᠷᠪᠠᠯ ᠵᠤᠬᠢᠨ᠎ᠠ᠃