ᠠᠰᠠᠭᠤᠯᠳᠠ᠄ ᠠᠮᠠᠪᠴᠢ ᠵᠡᠭᠦᠬᠦ ᠪᠤᠯ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠸᠢᠷᠦᠢ᠍ᠰᠢ ᠬᠤᠷᠢᠠᠠᠯᠠᠬᠤ ᠦᠨᠳᠦᠰᠦᠨ ᠠᠷᠭ᠎ᠠ ᠪᠤᠯᠤᠨ᠎ᠠ᠂ ᠲᠡᠭᠡᠪᠡᠯ ᠪᠢᠳᠡ ᠭᠠᠷ᠎ᠲᠠᠭᠠᠨ ᠪᠠᠢ᠍ᠢ᠍ᠭ᠎ᠠ ᠲᠤᠭ᠎ᠠ᠎ᠲᠠᠢ ᠬᠡᠳᠦᠨ ᠠᠮᠠᠪᠴᠢ᠎ᠪᠠᠨ ᠬᠡᠷᠬᠢᠨ ᠰᠠᠢ᠍ᠢ᠍ᠳᠤᠷ ᠬᠡᠷᠡᠭᠯᠡᠵᠦ᠂ ᠬᠡᠷᠡᠭᠯᠡᠬᠦ ᠴᠠᠭ᠎ᠢ᠎ᠨᠢ ᠤᠷᠳᠤᠳᠬᠠᠨ᠂ ᠲᠠᠷᠠᠴᠢᠯᠠᠨ ᠠᠮᠤᠷ ᠲᠦᠪᠰᠢᠨ ᠪᠦᠭᠡᠳ ᠪᠦᠳᠦᠮᠵᠢᠳᠡᠢ᠎ᠪᠠᠷ ᠦᠪᠡᠷ᠎ᠤᠨ ᠡᠷᠡᠭᠦᠯ ᠮᠡᠨᠳᠦ᠎ᠪᠠᠨ ᠬᠠᠮᠠᠭ᠋ᠠᠯᠠᠬᠤ ᠪᠤᠢ?
ᠬᠠᠷᠢᠭᠤᠯᠳᠠ᠄ ᠠᠮᠠᠪᠴᠢ ᠵᠡᠭᠦᠬᠦ ᠡᠰᠡᠬᠦ᠂ ᠶᠠᠮᠠᠷ ᠠᠮᠠᠪᠴᠢ ᠵᠡᠭᠦᠪᠡᠯ ᠵᠤᠬᠢᠬᠤ ᠲᠤᠬᠠᠢ ᠦᠪᠡᠷ᠎ᠤᠨ ᠪᠠᠢ᠍ᠢ᠍ᠭ᠎ᠠ ᠤᠷᠴᠢᠨ ᠲ᠋ᠤᠭᠤᠷᠢᠨ ᠵᠶ᠋ᠠᠨ ᠦᠨᠳᠦᠰᠦᠯᠡᠵᠦ ᠪᠠᠢ᠍ᠢ᠍ᠮᠠᠨᠵᠢᠨ ᠲᠤᠭᠳᠠᠭ᠋ᠠᠨ᠎ᠠ᠃
1. ᠬᠡᠷᠪᠡ ᠭᠠᠭᠴᠠᠭ᠋ᠠᠷ ᠪᠠᠢ᠍ᠢ᠍ᠪᠠᠯ᠂ ᠭᠠᠳᠠᠨᠠᠬᠢ ᠬᠦᠮᠦᠨ᠎ᠲᠠᠢ ᠨᠢᠭᠳᠠ ᠬᠠᠷᠢᠯᠴᠠᠭᠰᠠᠨ ᠦᠭᠡᠢ ᠪᠤᠯ ᠠᠮᠠᠪᠴᠢ ᠵᠡᠭᠦᠬᠦ ᠦᠭᠡᠢ᠎ᠳᠤ ᠪᠤᠯᠤᠨ᠎ᠠ; ᠨᠢᠭᠡ ᠭᠡᠷ᠎ᠤᠨ ᠬᠦᠮᠦᠨ ᠡᠷᠡᠭᠦᠯ ᠮᠡᠨᠳᠦ ᠭᠡᠷ᠎ᠲᠡᠭᠡᠨ ᠪᠠᠢ᠍ᠢ᠍ᠬᠤ ᠪᠤᠶᠤ ᠬᠤᠪᠢ ᠵᠢᠨ ᠮᠠᠰᠢᠨ ᠲᠡᠷᠭᠡᠨ᠎ᠳᠤ ᠰᠠᠭᠤᠳᠠᠭ᠎ᠲᠤ ᠬᠦᠷᠪᠠᠯ ᠠᠮᠠᠪᠴᠢ ᠵᠡᠭᠦᠬᠦ ᠦᠭᠡᠢ᠎ᠳᠤ ᠪᠤᠯᠤᠨ᠎ᠠ᠃
2. ᠬᠡᠷᠪᠡ ᠬᠦᠮᠦᠨ ᠤᠯᠠᠨ᠎ᠲᠠᠢ ᠤᠯᠠᠨ ᠨᠡᠢ᠍ᠢ᠍ᠳᠡ ᠵᠢᠨ ᠲᠠᠯᠠᠪᠤᠷ ᠵᠶ᠋ᠠᠷ ᠭᠠᠷᠴᠤ ᠤᠷᠤᠬᠤ᠂ ᠵᠢᠱ᠌ᠢᠶᠡᠯᠡᠪᠡᠯ ᠨᠡᠢ᠍ᠢ᠍ᠳᠡ ᠵᠢ᠊ ᠊ᠨ ᠵᠠᠮ ᠬᠠᠷᠢᠯᠴᠠᠭ᠋ᠠᠨ᠎ᠤ ᠮᠠᠰᠢᠨ ᠲᠡᠷᠭᠡᠨ᠎ᠳᠤ ᠰᠠᠭᠤᠬᠤ᠂ ᠬᠡᠳᠦ ᠲᠡᠯᠭᠡᠭᠦᠷ᠎ᠲᠤ ᠬᠦᠷᠴᠤ ᠪᠠᠷᠠᠭ᠎ᠠ ᠬᠤᠳᠠᠯᠳᠤᠨ ᠠᠪᠬᠤ᠂ ᠴᠠᠬᠢᠯᠭ᠋ᠠᠨ ᠱᠠᠳᠤᠨ᠎ᠳᠤ ᠭᠠᠷᠬᠤ᠂ ᠪᠢᠳᠡᠭᠦᠮᠵᠢᠯᠡᠨ ᠠᠵᠢᠯᠯᠠᠬᠤ ᠵᠡᠷᠭᠡ ᠪᠠᠢ᠍ᠢ᠍ᠳᠠᠯ᠎ᠳᠤ ᠡᠩ᠎ᠤᠨ ᠡᠮᠨᠡᠯᠭᠡ ᠵᠢᠨ ᠠᠮᠠᠪᠴᠢ ᠵᠡᠭᠦᠵᠦ ᠪᠤᠯᠤᠨ᠎ᠠ᠃ ᠭᠡᠷ᠎ᠲᠡᠭᠡᠨ ᠬᠠᠷᠢᠭᠰᠠᠨ᠎ᠤ ᠲᠠᠷᠠᠭ᠎ᠠ᠂ ᠠᠮᠠᠪᠴᠢ᠎ᠪᠠᠨ ᠴᠡᠪᠡᠷ᠂ ᠬᠠᠭᠤᠷᠠᠢ᠂ ᠰᠠᠯᠬᠢ ᠨᠡᠪᠳᠡᠷᠡᠬᠦ ᠤᠷᠴᠢᠨ᠎ᠳᠤ ᠬᠠᠳᠠᠭ᠋ᠠᠪᠠᠯ ᠲᠠᠬᠢᠨᠳᠠ ᠬᠡᠷᠡᠭᠯᠡᠵᠦ ᠪᠤᠯᠤᠨ᠎ᠠ᠃
3. ᠬᠦᠮᠦᠨ ᠤᠯᠠᠨ ᠴᠤᠭᠯᠠᠷᠠᠳᠠᠭ ᠭᠠᠵᠠᠷ᠎ᠤᠨ ᠠᠵᠢᠯᠳᠠᠨ᠂ ᠬᠢᠵᠢᠭ᠎ᠤᠨ ᠪᠠᠢ᠍ᠢ᠍ᠳᠠᠯ᠎ᠲᠠᠢ ᠬᠤᠯᠪᠤᠭᠳᠠᠬᠤ ᠵᠠᠰᠠᠭ ᠵᠠᠬᠢᠷᠭ᠋ᠠᠨ᠎ᠤ ᠬᠠᠮᠢᠶᠠᠷᠤᠭᠴᠢ᠂ ᠵᠢᠱ᠌ᠢᠶᠡᠯᠡᠪᠡᠯ᠂ ᠴᠠᠭᠳᠠᠭ᠎ᠠ᠂ ᠠᠮᠤᠷ᠎ᠢ ᠬᠠᠮᠠᠭ᠋ᠠᠯᠠᠭᠴᠢ᠂ ᠲᠦᠷᠭᠡᠨ ᠬᠦᠷᠭᠡᠭᠴᠢ ᠵᠢᠴᠢ ᠡᠩ᠎ᠤᠨ ᠡᠭᠦᠳᠡᠨ ᠡᠮᠨᠡᠯᠭᠡ᠂ ᠡᠪᠡᠳᠴᠢᠳᠡᠨ᠎ᠤ ᠦᠷᠦᠭᠡ ᠵᠢᠨ ᠡᠮᠴᠢ ᠰᠤᠪᠢᠯᠠᠭᠴᠢ᠂ ᠭᠡᠷ᠎ᠲᠡᠭᠡᠨ ᠲᠤᠰᠠᠭ᠋ᠠᠷᠯᠠᠭᠴᠢ ᠵᠢᠴᠢ ᠲᠡᠭᠦᠨ᠎ᠤ ᠭᠡᠷ᠎ᠤᠨ ᠬᠦᠮᠦᠰ ᠡᠮᠨᠡᠯᠭᠡ ᠵᠢᠨ ᠭᠠᠳᠠᠷ ᠡᠮᠨᠡᠯᠭᠡ ᠵᠢᠨ ᠠᠮᠠᠪᠴᠢ ᠵᠡᠭᠦᠪᠡᠯ ᠵᠤᠬᠢᠨ᠎ᠠ᠃ ᠡᠨᠡ ᠦᠶᠡᠰ ᠪᠤᠳᠠᠳᠠᠢ ᠪᠠᠢ᠍ᠢ᠍ᠳᠠᠯ ᠵᠶ᠋ᠠᠨ ᠦᠨᠳᠦᠰᠦᠯᠡᠨ᠂ ᠠᠮᠠᠪᠴᠢ ᠵᠢᠨ ᠬᠡᠷᠡᠭᠯᠡᠬᠦ ᠴᠠᠭ᠎ᠤᠨ ᠤᠷᠳᠤ ᠪᠤᠯᠤᠨ ᠰᠤᠯᠢᠬᠤ ᠲᠠᠪᠳᠠᠮᠵᠢ ᠵᠢ ᠤᠷᠳᠤᠳᠬᠠᠵᠤ ᠪᠤᠯᠤᠨ᠎ᠠ᠂ ᠭᠡᠳᠡᠯ᠎ᠠ ᠠᠮᠠᠪᠴᠢ ᠡᠪᠳᠡᠷᠡᠬᠦ᠂ ᠪᠢᠳᠡᠭᠦᠮᠵᠢᠯᠡᠬᠦ ᠴᠢᠨᠠᠷ᠎ᠨᠢ ᠠᠨᠠᠢ ᠪᠤᠯᠬᠤ ᠪᠤᠶᠤ ᠠᠮᠢᠰᠬᠤᠯ᠎ᠤᠨ ᠰᠠᠭ᠋ᠠᠳᠠᠭᠤᠯᠬᠤ ᠬᠦᠴᠦ ᠶᠡᠭᠡᠳᠬᠦ ᠦᠶᠡᠰ ᠡᠷᠭᠡᠪᠰᠢ ᠰᠤᠯᠢᠬᠤ ᠬᠡᠷᠡᠭᠳᠡᠢ᠃