ᠵᠠᠭᠤᠴᠢᠯᠠᠭᠤᠷ᠎ᠲᠤ ᠮᠡᠳᠡᠭᠡᠯᠡᠭᠰᠡᠨ ᠵᠶ᠋ᠠᠷ᠂ ᠵᠠᠷᠢᠮ ᠬᠥᠮᠥᠨ ᠡᠳᠦᠷ ᠪᠥᠷᠢ ᠨᠠᠭ᠋ᠠᠳᠤ ᠵᠠᠭ᠎ᠠ᠎ᠳᠠᠭᠠᠨ ᠲᠦᠮᠡᠨ ᠠᠯᠬᠤᠮ ᠠᠯᠬᠤᠬᠤ ᠭᠡᠳᠡᠭ᠎ᠢ ᠦᠷᠦᠭᠡᠰᠦᠯ ᠵᠶ᠋ᠠᠷ ᠬᠦᠭᠡᠭᠡᠴᠡᠯᠳᠦᠵᠦ᠂ ᠡᠷᠡᠭᠦᠯ ᠴᠢᠭᠢᠷᠠᠭ ᠪᠡᠶ᠎ᠡ ᠮᠠᠬᠠᠪᠣᠳ᠎ᠲᠠᠢ ᠪᠤᠯᠬᠤ᠎ᠪᠠᠷ ᠴᠢᠷᠮᠠᠶ᠋ᠢᠬᠰᠠᠨ ᠪᠤᠯᠪᠠᠴᠤ ᠬᠤᠪᠢ ᠪᠡᠶ᠎ᠡ᠎ᠳᠤᠨᠢ ᠳᠤᠬᠢᠷᠠᠬᠤ ᠡᠰᠡᠬᠦ ᠵᠢ ᠪᠤᠳᠤᠯᠬᠢᠯᠠᠯ ᠦᠭᠡᠢ ᠰᠢᠨᠵᠢᠯᠡᠬᠦ ᠤᠬᠠᠭ᠋ᠠᠨᠴᠢ ᠪᠤᠰᠤ ᠪᠡᠶ᠎ᠡ ᠴᠢᠬᠢᠷᠠᠭᠵᠢᠭᠤᠯᠬᠤ ᠠᠷᠭ᠎ᠠ ᠠᠪᠤᠭᠰᠠᠨ᠎ᠠᠴᠠ ᠡᠴᠤᠰ᠎ᠲᠡᠭᠡᠨ ᠡᠮᠨᠡᠯᠭᠡ᠎ᠳᠤ ᠰᠠᠭᠤᠪᠠ; ᠮᠠᠷᠢᠶ᠎ᠠ᠎ᠪᠠᠨ ᠰᠢᠭᠤᠷᠠᠭᠤᠯᠬᠤ ᠬᠡᠮᠡᠨ ᠰᠥᠯᠵᠢᠶᠠᠨ᠎ᠳᠤ ᠲᠠᠮᠵᠢᠬᠳᠠᠬᠤ ᠡᠯ᠎ᠡ ᠵᠦᠢ᠍ᠯ᠎ᠤᠨ ᠪᠡᠶ᠎ᠠ ᠴᠢᠬᠢᠷᠠᠬ᠍ᠵᠢᠭᠤᠯᠬᠤ ᠰᠢᠨᠵᠢᠯᠡᠬᠦ ᠤᠬᠠᠭ᠋ᠠᠨᠴᠢ ᠪᠤᠰᠤ ᠠᠵᠢᠯᠯᠠᠭ᠎ᠠ᠎ᠳᠤ ᠤᠷᠤᠯᠴᠠᠨ᠂ ᠪᠡᠶ᠎ᠠ ᠵᠢᠨ ᠬᠥᠨ᠎ᠳᠤᠨᠢ ᠬᠡᠳᠦ᠋ᠢ᠍ᠪᠡᠷ ᠬᠡᠳᠦᠨ ᠺᠢᠯᠣᠭ᠌ᠷᠠᠮ ᠬᠠᠰᠤᠭᠳᠠᠭᠰᠠᠨ ᠪᠣᠯᠪᠠᠴᠤ ᠬᠥᠳᠡᠯᠭᠡᠭᠡᠨ ᠬᠡᠲᠦᠷᠡᠭᠰᠡᠨ᠎ᠠᠴᠠ ᠪᠣᠯᠵᠤ ᠬᠥᠳᠡᠯᠭᠡᠭᠡᠨ᠎ᠤ ᠭᠡᠮᠲᠦᠯ᠎ᠳᠤ ᠤᠴᠠᠷᠠᠪᠠ ᠁
ᠤᠳᠤᠬᠠᠨ᠎ᠳᠤ ᠬᠥᠮᠦᠰ᠎ᠤᠨ ᠡᠷᠡᠭᠦᠯ ᠴᠢᠭᠢᠷᠠᠭ᠎ᠢ ᠴᠢᠬᠤᠯᠠᠴᠢᠯᠠᠬᠤ ᠵᠢ ᠳᠠᠭ᠋ᠠᠯᠳᠤᠨ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠬᠤ ᠬᠠᠯᠠᠭᠤᠨ ᠰᠡᠳᠬᠢᠯᠭᠡ ᠴᠦ᠍ ᠤᠯᠠᠮ ᠨᠡᠮᠡᠭᠳᠡᠵᠥ ᠪᠠᠶ᠋ᠢᠨ᠎ᠠ᠃ ᠭᠡᠪᠡᠴᠦ ᠰᠢᠨᠵᠢᠯᠡᠬᠦ ᠤᠬᠠᠭ᠋ᠠᠨᠴᠢ ᠪᠤᠰᠤ᠂ ᠵᠥᠪ ᠪᠤᠰᠤ ᠪᠡᠶ᠎ᠡ ᠴᠢᠭᠢᠷᠠᠭᠵᠢᠭᠤᠯᠬᠤ ᠠᠷᠭ᠎ᠠ ᠮᠠᠶᠢᠭ᠎ᠨᠢ ᠡᠷᠡᠭᠦᠯ ᠮᠡᠨᠳᠦ ᠵᠢ ᠠᠪᠴᠢᠷᠠᠵᠤ ᠴᠢᠳᠠᠬᠤ ᠦᠭᠡᠢ ᠮᠥᠷᠲᠡᠭᠡᠨ ᠭᠡᠳᠡᠷᠭᠦ᠎ᠪᠠᠨ ᠪᠡᠶ᠎ᠡ ᠮᠠᠬᠠᠪᠣᠳ᠎ᠢ ᠭᠡᠮᠲᠦᠭᠡᠳᠡᠭ᠃ ᠪᠡᠶ᠎ᠡ ᠴᠢᠭᠢᠷᠠᠭᠵᠢᠭᠤᠯᠬᠤ᠎ᠪᠠᠷ ᠳᠠᠮᠵᠢᠨ ᠡᠷᠡᠭᠦᠯ ᠴᠢᠭᠢᠷᠠᠭ ᠪᠡᠶ᠎ᠡ ᠮᠠᠬᠠᠪᠣᠳ᠎ᠢ ᠣᠯᠬᠤ᠎ᠳᠤ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠪᠣᠯ ᠲᠡᠷᠢᠭᠦᠨ ᠴᠢᠬᠤᠯᠠ ᠶᠠᠪᠤᠳᠠᠯ ᠪᠣᠯᠤᠨ᠎ᠠ᠃ ᠰᠢᠨᠵᠢᠯᠡᠬᠦ ᠤᠬᠠᠭ᠋ᠠᠨ᠎ᠢ ᠬᠦᠨᠳᠦᠳᠬᠡᠵᠦ᠂ ᠦᠪᠡᠷ᠎ᠤᠨ ᠪᠠᠶ᠎ᠠ ᠵᠢᠨ ᠪᠤᠳᠠᠳᠠᠢ ᠪᠠᠶ᠋ᠢᠳᠠᠯ ᠵᠶ᠋ᠠᠨ ᠦᠨᠳᠦᠰᠦᠯᠡᠵᠦ᠂ ᠴᠢᠳᠠᠯ᠎ᠤᠨ ᠬᠢᠷᠢ᠎ᠪᠠᠷ ᠵᠶ᠋ᠠᠨ ᠬᠡᠷᠡᠭᠵᠢᠭᠦᠯᠬᠦ᠎ᠨᠢ ᠰᠠᠶᠢ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ ᠵᠢᠨ ᠦᠨᠳᠦᠰᠦᠨ ᠵᠠᠷᠴᠢᠮ ᠪᠤᠯᠬᠤ ᠶᠤᠮ᠃
ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠪᠣᠯ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠡᠷᠡᠭᠦᠯ ᠮᠡᠨᠳᠦ ᠵᠢ ᠪᠡᠶᠡᠯᠡᠭᠦᠯᠬᠦ ᠴᠢᠬᠤᠯᠠ ᠠᠷᠭ᠎ᠠ ᠵᠠᠮ ᠮᠥᠨ᠂ ᠡᠭᠦᠨ᠎ᠳᠤ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠬᠤ᠎ᠠᠴᠠ ᠭᠠᠳᠠᠨ᠎ᠠ ᠪᠠᠰᠠ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠯᠣᠭᠤᠳᠣᠯᠭ᠎ᠠ ᠵᠢ ᠰᠠᠶ᠋ᠢᠲᠤᠷ ᠬᠢᠬᠦ ᠬᠡᠷᠡᠭᠲᠡᠶ᠃ ᠨᠠᠩ ᠴᠢᠬᠤᠯᠠ᠎ᠨᠢ ᠡᠷᠬᠡᠪᠰᠢ ᠬᠠᠭᠤᠷᠮᠠᠭ᠎ᠢ᠎ᠨᠢ ᠠᠷᠢᠯᠭ᠋ᠠᠨ ᠦᠨᠡᠨ᠎ᠢ᠎ᠨᠢ ᠦᠯᠡᠳᠡᠭᠡᠵᠦ᠂ ᠲᠡᠳᠡᠭᠡᠷ ᠵᠥᠪ ᠪᠤᠰᠤ᠂ ᠰᠢᠨᠵᠢᠯᠡᠬᠦ ᠤᠬᠠᠭ᠋ᠠᠨᠴᠢ ᠪᠤᠰᠤ ᠪᠡᠶ᠎ᠡ ᠴᠢᠭᠢᠷᠠᠭᠵᠢᠭᠤᠯᠬᠤ ᠠᠷᠭ᠎ᠠ ᠮᠠᠶᠢᠭ᠎ᠢ ᠣᠯᠠᠨ ᠲᠦᠮᠡᠨ᠎ᠠᠴᠠ ᠬᠤᠯᠠ ᠪᠠᠶ᠋ᠢᠯᠭ᠋ᠠᠪᠠᠯ ᠵᠤᠬᠢᠨ᠎ᠠ᠃ ᠮᠡᠳᠡᠭᠡ ᠵᠠᠩᠭᠢ ᠬᠥᠭᠵᠢᠭᠰᠡᠨ ᠥᠨᠥᠳᠥᠷ ᠬᠥᠮᠦᠰ ᠨᠢᠭᠡᠨᠲᠡ ᠵᠥᠪᠬᠡᠨ ᠨᠣᠮ ᠪᠢᠴᠢᠭ ᠳᠡᠭᠡᠷ᠎ᠡ᠎ᠠᠴᠠ ᠪᠡᠶ᠎ᠡ ᠴᠢᠭᠢᠷᠠᠭᠵᠢᠭᠤᠯᠬᠤ ᠮᠡᠳᠡᠯᠭᠡ ᠬᠠᠶ᠋ᠢᠬᠤ ᠪᠢᠰᠢ᠂ ᠬᠠᠷᠢᠨ ᠢᠨᠲ᠋ᠧᠷ ᠰᠦᠯᠵᠢᠶ᠎ᠡ᠎ᠪᠠᠷ ᠭᠠᠷ ᠤᠲᠠᠰᠤᠨ᠎ᠤ APP᠂ ᠲᠧᠯᠸᠢᠰ ᠵᠡᠷᠭᠡ ᠵᠠᠭᠤᠴᠢᠯᠠᠭᠤᠷ᠎ᠨᠢ ᠴᠤ᠌ ᠣᠯᠠᠨ ᠲᠦᠮᠡᠨ᠎ᠤ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢ ᠵᠢᠯᠣᠭᠤᠳᠬᠤ ᠲᠠᠪᠴᠠᠩ ᠪᠣᠯᠤᠭᠰᠠᠨ ᠪᠠᠶ᠋ᠢᠨ᠎ᠠ᠃ ᠡᠭᠦᠨ᠎ᠠᠴᠠ ᠭᠠᠳᠠᠨ᠎ᠠ᠂ ᠣᠯᠠᠨ ᠲᠦᠮᠡᠨ᠎ᠤ ᠳᠡᠷᠭᠡᠳᠡᠬᠢ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠯᠣᠭᠤᠳᠣᠭᠴᠢ — ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠯᠣᠭᠤᠳᠣᠭᠴᠢ ᠴᠤ᠌ ᠴᠢᠬᠤᠯᠠᠦᠢ᠍ᠯᠡᠳᠣᠯ ᠦᠵᠡᠭᠦᠯᠵᠦ ᠪᠠᠶ᠋ᠢᠨ᠎ᠠ᠃ ᠣᠯᠠᠨ ᠲᠦᠮᠡᠨ ᠪᠡᠶ᠎ᠡ ᠴᠢᠭᠢᠷᠠᠭᠵᠢᠭᠤᠯᠬᠤ᠎ᠳᠤ ᠣᠷᠣᠯᠴᠠᠬᠤ᠎ᠳᠠᠭᠠᠨ ᠵᠠᠪᠠᠯ ᠲᠤᠰᠬᠠᠶ ᠮᠡᠷᠭᠡᠵᠢᠯ᠎ᠤᠨ ᠬᠥᠮᠦᠰ ᠪᠤᠶᠤ ᠲᠠᠪᠴᠠᠩ᠎ᠠᠴᠠ ᠢᠯᠡᠭᠦᠬᠡᠨ ᠰᠤᠷᠤᠯᠴᠠᠵᠤ᠂ ᠲᠡᠳᠡᠭᠡᠷ ᠬᠠᠭᠤᠷᠮᠠᠭ ᠰᠢᠨᠵᠢᠯᠡᠬᠦ ᠤᠬᠠᠭ᠋ᠠᠨ᠎ᠤ ᠪᠡᠶ᠎ᠡ ᠴᠢᠭᠢᠷᠠᠭᠵᠢᠭᠤᠯᠬᠤ ᠠᠷᠭ᠎ᠠ ᠮᠠᠶᠢᠭ᠎ᠲᠤ ᠮᠡᠬᠡᠯᠡᠭᠳᠡᠬᠦ᠎ᠠᠴᠠ ᠵᠠᠶ᠋ᠢᠯᠠᠰᠬᠢᠬᠦ ᠴᠢᠬᠤᠯᠠᠳᠠᠢ ᠪᠠᠶ᠋ᠢᠨ᠎ᠠ᠃
ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠪᠣᠯ ᠢᠳᠡᠭ ᠢᠳᠡᠭ ᠵᠶ᠋ᠠᠷ ᠪᠦᠷᠢᠯᠳᠦᠬᠦ ᠮᠡᠳᠡᠯᠭᠡ ᠵᠢᠨ ᠬᠤᠷᠠᠮᠳᠤᠯ ᠮᠥᠨ᠂ ᠨᠢᠭᠡ ᠯᠡ ᠳᠡᠭᠡᠷ᠎ᠡ ᠡᠵᠡᠮᠰᠢᠬᠦ ᠪᠤᠶᠤ ᠦᠷ᠎ᠡ ᠪᠦᠲᠦᠮᠵᠢ ᠭᠠᠷᠭ᠋ᠠᠬᠤ ᠭᠡᠵᠦ ᠶᠠᠭ᠋ᠠᠷᠠᠵᠤ ᠪᠤᠯᠬᠤ ᠦᠭᠡᠢ᠃ ᠥᠷᠭᠡᠨ ᠣᠯᠠᠨ ᠪᠡᠶ᠎ᠡ ᠵᠢᠨ ᠲᠠᠮᠢᠷ᠎ᠤᠨ ᠠᠵᠢᠯᠲᠠᠨ᠎ᠳᠤ ᠠᠪᠴᠤ ᠬᠡᠯᠡᠪᠡᠯ᠂ ᠨᠡᠩ ᠴᠤ᠌ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠢᠳᠡᠪᠬᠢᠲᠡᠢ ᠦᠢ᠍ᠯᠡᠳᠦᠯᠭᠡᠵᠢᠭᠦᠯᠵᠦ᠂ ᠠᠷᠠᠳ ᠤᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠢ ᠰᠢᠨ᠎ᠡ ᠬᠦᠰᠡᠯ ᠡᠷᠡᠮᠡᠯᠵᠡᠯ᠎ᠳᠤ ᠬᠠᠷᠢᠭᠤᠯᠲᠠ ᠥᠭᠬᠦ ᠬᠡᠷᠡᠭᠲᠡᠢ᠃