ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠲᠠᠮᠢᠷ᠎ᠤᠨ ᠬᠥᠳᠡᠯᠭᠡᠭᠡᠨ ᠬᠡᠦᠬᠡᠳ᠎ᠤᠨ ᠰᠤᠷᠤᠯᠴᠠᠬᠤ ᠤᠷᠮ᠎ᠠ ᠵᠢ ᠬᠦᠭᠵᠢᠭᠡᠳᠡᠭ
ᠨᠡᠶ᠋ᠢᠲᠡᠯᠡᠭᠰᠡᠨ ᠴᠠᠭ᠄ 2021-03-22

    ᠲᠦᠮᠡᠨ ᠪᠣᠳᠠᠰ ᠰᠢᠨᠡᠳᠦᠨ ᠠᠮᠢᠵᠢᠷᠠᠯ᠎ᠤᠨ ᠬᠦᠴᠦᠨ ᠪᠢᠯᠬᠠᠭᠰᠠᠨ ᠬᠠᠪᠤᠷ᠎ᠤᠨ ᠤᠯᠠᠷᠢᠯ᠎ᠳᠤ ᠪᠠᠭ᠋ᠠᠴᠤᠳ ᠬᠡᠦᠬᠡᠳ ᠮᠠᠨᠢ ᠪᠠᠰᠠ ᠨᠢᠬᠡᠨ ᠰᠢᠨ᠎ᠡ ᠰᠤᠷᠤᠯᠭ᠎ᠠ ᠵᠢᠨ ᠬᠤᠭᠤᠴᠠᠭ᠎ᠠ᠎ᠪᠠᠨ ᠤᠭᠲᠤᠯ᠎ᠠ᠃ ᠡᠪᠦᠯ᠎ᠤᠨ ᠠᠮᠠᠷᠠᠯᠲᠠ᠎ᠳᠠᠭᠠᠨ ᠨᠡᠯᠢᠶᠡᠳ ᠤᠳᠠᠭ᠋ᠠᠨ ᠠᠮᠠᠷᠠᠵᠤ ᠰᠡᠯᠡᠭᠦᠴᠡᠭᠰᠡᠨ ᠪᠤᠯᠬᠤᠷ ᠪᠡᠶ᠎ᠡ ᠰᠡᠳᠬᠢᠯ᠎ᠤᠨ ᠳᠠᠯ᠎ᠠ᠎ᠪᠠᠷ ᠬᠤᠶ᠋ᠢᠷᠭᠤᠰᠢᠵᠤ᠂ ᠰᠤᠷᠭ᠋ᠠᠭᠤᠯᠢ᠎ᠳᠠᠭᠠᠨ ᠪᠤᠴᠠᠭᠰᠠᠨ ᠴᠤ᠌ ᠰᠤᠷᠤᠯᠭ᠎ᠠ ᠬᠢᠴᠢᠶᠡᠯ᠎ᠳᠡᠭᠡᠨ ᠰᠡᠳᠬᠢᠯ ᠲᠦᠪᠯᠡᠷᠡᠬᠦ ᠦᠬᠡᠢ ᠪᠠᠶ᠋ᠢᠬᠤ᠎ᠨᠢ ᠪᠠᠭᠰᠢ ᠭᠡᠷ᠎ᠤᠨ ᠠᠬᠠᠮᠠᠳ᠎ᠤᠨ ᠰᠠᠨᠠᠭ᠎ᠠ ᠪᠤᠯᠳᠠᠭ ᠤᠴᠢᠷ ᠪᠤᠯᠤᠯ᠎ᠠ᠃ ᠡᠭᠦᠨ᠎ᠳᠤ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠳᠤ ᠵᠤᠬᠢᠰᠲᠠᠢ ᠤᠷᠤᠯᠴᠠᠬᠤ᠎ᠨᠢ ᠰᠤᠷᠤᠭᠴᠢᠳ᠎ᠤᠨ ᠰᠤᠷᠤᠯᠴᠠᠯᠭ᠎ᠠ ᠬᠢᠴᠢᠶᠡᠯ᠎ᠳᠡᠭᠡᠨ ᠲᠦᠷᠭᠡᠨ ᠲᠣᠬᠢᠷᠠᠭᠤᠯᠤᠯᠲᠠ ᠬᠢᠵᠦ᠂ ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠳᠠᠬᠢ ᠰᠤᠷᠤᠯᠴᠠᠬᠤ ᠤᠷᠮ᠎ᠠ᠎ᠪᠠᠨ ᠬᠦᠭᠵᠢᠭᠡᠬᠦ ᠪᠦᠲᠦᠮᠵᠢᠲᠡᠶ ᠠᠷᠭ᠎ᠠ ᠪᠠᠷᠢᠯ ᠪᠤᠯᠳᠠᠭ ᠰᠢᠦ᠃
    ᠰᠢᠨ᠎ᠡ ᠰᠤᠷᠤᠯᠭ᠎ᠠ ᠵᠢᠨ ᠬᠤᠭᠤᠴᠠᠭ᠎ᠠ ᠡᠬᠢᠯᠡᠬᠦ᠎ᠠᠴᠠ ᠡᠮᠦᠨ᠎ᠡ᠂ ᠵᠠᠷᠢᠮ ᠰᠤᠷᠤᠭᠴᠢᠳ ᠰᠡᠳᠬᠢᠴᠡ ᠵᠢᠨ ᠲᠠᠯ᠎ᠠ᠎ᠪᠠᠷ ᠳᠠᠷᠤᠯᠲᠠ᠎ᠲᠠᠢ ᠪᠤᠯᠵᠤ᠂ ᠨᠠᠵᠠᠭ᠋ᠠᠢ ᠲᠠᠯ᠎ᠠ ᠵᠢᠨ ᠤᠷᠮ᠎ᠠ ᠰᠡᠳᠬᠢᠯᠭᠡ᠎ᠲᠠᠢ ᠪᠤᠯᠬᠤ᠎ᠨᠢ ᠬᠡᠪ᠎ᠤᠨ ᠤᠴᠢᠷ ᠪᠠᠶ᠋ᠢᠳᠠᠭ᠃ ᠤᠴᠢᠷ᠎ᠨᠢ ᠨᠡᠯᠢᠶᠡᠳ ᠣᠷᠳᠣ ᠡᠪᠦᠯ᠎ᠤᠨ ᠠᠮᠠᠷᠠᠯᠲᠠ ᠵᠢᠨ ᠠᠮᠢᠳᠤᠷᠠᠯ ᠳᠤᠮᠳᠠ ᠮᠠᠰᠢ ᠣᠯᠠᠨ ᠰᠤᠷᠤᠭᠴᠢᠳ ᠰᠠᠨᠠᠭ᠋ᠠᠨ᠎ᠤ ᠠᠶ᠎ᠠ᠎ᠪᠠᠷ ᠨᠠᠭ᠋ᠠᠳᠤᠨ ᠲᠤᠭᠯᠠᠵᠤ᠂ ᠠᠭᠤᠵᠢᠭᠤ ᠲᠠᠯᠪᠢᠭᠤ ᠪᠠᠶᠠᠷ ᠪᠠᠶᠠᠰᠬᠤᠯᠠᠩ᠎ᠲᠠᠢ ᠦᠩᠭᠡᠷᠡᠭᠦᠯᠦᠭᠰᠡᠨ ᠵᠶ᠋ᠠᠷ᠂ ᠰᠢᠨ᠎ᠡ ᠰᠤᠷᠤᠯᠭ᠎ᠠ ᠵᠢᠨ ᠬᠤᠭᠤᠴᠠᠭ᠎ᠠ ᠡᠬᠢᠯᠡᠬᠦ᠎ᠳᠤ ᠰᠤᠷᠤᠯᠴᠠᠵᠤ ᠠᠮᠠᠷᠠᠬᠤ ᠲᠠᠯ᠎ᠠ᠎ᠪᠠᠷ ᠨᠡᠯᠢᠶᠡᠳ ᠶᠡᠭᠡ ᠵᠥᠷᠢᠶ᠎ᠡ᠎ᠲᠠᠢ ᠪᠤᠯᠵᠤ᠂ ᠦᠷᠯᠦᠭᠡ ᠡᠷᠲᠡ ᠪᠤᠰᠤᠨ ᠰᠤᠷᠭ᠋ᠠᠭᠤᠯᠢ᠎ᠳᠠᠭᠠᠨ ᠬᠦᠷᠴᠦ ᠬᠢᠴᠢᠶᠡᠯᠯᠡᠬᠦ᠎ᠨᠢ ᠰᠤᠷᠤᠭᠴᠢᠳ᠎ᠲᠤ ᠪᠠᠭ᠎ᠠ ᠪᠤᠰᠤ ᠥᠷᠢᠰᠥᠯᠳᠦᠭᠡᠨ᠎ᠲᠠᠢ ᠰᠠᠨᠠᠭᠳᠠᠭᠤᠯᠳᠠᠭ ᠪᠢᠯᠡ᠃ ᠭᠡᠪᠡᠴᠦ ᠰᠤᠷᠭ᠋ᠠᠭᠤᠯᠢ ᠡᠬᠢᠯᠡᠭᠰᠡᠨ ᠶᠤᠮ ᠴᠢᠨᠢ ᠴᠠᠭ ᠲᠤᠬᠠᠶ᠎ᠳᠤᠨᠢ ᠦᠪᠡᠷ᠎ᠤᠨ ᠪᠠᠶ᠋ᠢᠳᠠᠯ᠎ᠳᠠᠭᠠᠨ ᠳᠤᠬᠢᠷᠠᠭᠤᠯᠤᠯᠳᠠ ᠬᠢᠵᠦ᠂ ᠵᠢᠮ᠎ᠡ ᠶᠣᠰᠣ᠎ᠲᠠᠢ ᠰᠤᠷᠤᠯᠴᠠᠯᠭ᠎ᠠ ᠠᠮᠢᠳᠤᠷᠠᠯ ᠵᠶ᠋ᠠᠨ ᠰᠡᠷᠭᠦᠭᠡᠬᠦ᠎ᠨᠢ ᠴᠢᠬᠤᠯᠠ᠃ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠳᠤ ᠵᠤᠬᠢᠰᠲᠠᠢ ᠤᠷᠤᠯᠴᠠᠬᠤ᠎ᠨᠢ ᠰᠤᠷᠤᠭᠴᠢᠳ᠎ᠤᠨ ᠪᠡᠶ᠎ᠡ᠎ᠪᠠᠨ ᠪᠠᠷᠢᠬᠤ ᠴᠢᠳᠠᠪᠤᠷᠢ ᠪᠠ ᠰᠠᠶ᠋ᠢᠨ ᠰᠠᠶ᠋ᠢᠬᠠᠨ ᠰᠤᠷᠤᠯᠴᠠᠬᠤ ᠳᠠᠳᠬᠠᠯ᠎ᠢ ᠪᠣᠶ ᠪᠣᠯᠭ᠋ᠠᠬᠤ᠎ᠳᠤ ᠠᠰᠢᠭᠲᠠᠢ ᠶᠤᠮ᠃
    ᠪᠢᠳᠡ ᠪᠡᠶ᠎ᠡ ᠵᠢᠨ ᠲᠠᠮᠢᠷ᠎ᠤᠨ ᠬᠦᠳᠡᠯᠭᠡᠭᠡᠨ ᠵᠶ᠋ᠠᠷ ᠰᠤᠷᠭ᠋ᠠᠭᠤᠯᠢ ᠡᠬᠢᠯᠡᠬᠦ ᠵᠢᠨ ᠤᠷᠢᠳᠠᠭᠤᠷ ᠬᠤᠶ᠋ᠢᠭᠤᠷᠬᠢ ᠰᠤᠷᠤᠭᠴᠢᠳ᠎ᠤᠨ ᠰᠤᠷᠤᠯᠴᠠᠬᠤ ᠪᠠ ᠠᠮᠠᠷᠠᠬᠤ ᠵᠢ ᠲᠦᠷᠭᠡᠨ ᠲᠣᠬᠢᠷᠠᠭᠤᠯᠬᠤ ᠠᠷᠭ᠎ᠠ ᠪᠠᠷᠢᠯ ᠪᠣᠯᠭ᠋ᠠᠵᠤ ᠪᠣᠯᠤᠨ᠎ᠠ᠂ ᠭᠡᠷ ᠪᠦᠯᠢ᠂ ᠰᠤᠷᠭ᠋ᠠᠭᠤᠯᠢ ᠪᠠ ᠨᠡᠶ᠋ᠢᠭᠡᠮ᠎ᠠᠴᠠ ᠰᠤᠷᠤᠭᠴᠢᠳ᠎ᠲᠤ ᠰᠠᠨᠠᠭ᠋ᠠᠴᠢᠯᠠᠭ᠎ᠠ᠎ᠠᠴᠠ᠎ᠪᠠᠨ ᠳᠠᠮᠢᠷ᠎ᠤᠨ ᠬᠦᠳᠡᠯᠬᠡᠬᠡᠨ᠎ᠳᠤ ᠤᠷᠤᠯᠴᠠᠵᠤ᠂ ᠰᠠᠨᠠᠭ᠋ᠠᠴᠢᠯᠠᠭ᠎ᠠ᠎ᠠᠴᠠ᠎ᠪᠠᠨ ᠪᠡᠶ᠎ᠡ ᠮᠠᠬᠠᠪᠤᠳ ᠵᠶ᠋ᠠᠨ ᠪᠤᠯᠪᠠᠰᠤᠷᠠᠭᠤᠯᠬᠤ ᠤᠷᠴᠢᠨ ᠠᠬᠤᠢ ᠵᠢ ᠡᠬᠦᠳᠦᠨ ᠦᠭᠴᠦ᠂ ᠬᠡᠦᠬᠡᠳ᠎ᠢ ᠰᠢᠨᠵᠢᠯᠡᠬᠦ ᠤᠬᠠᠭ᠋ᠠᠨᠴᠢ᠂ ᠲᠦᠬᠦᠮ ᠲᠦᠳᠡ᠂ ᠠᠯᠬᠤᠮ ᠳᠠᠷᠠᠭ᠎ᠠ᠎ᠲᠠᠢ᠎ᠪᠠᠷ ᠳᠠᠮᠢᠷ᠎ᠤᠨ ᠬᠦᠳᠡᠯᠬᠡᠬᠡᠨ᠎ᠳᠤ ᠤᠷᠤᠯᠴᠠᠭᠤᠯᠪᠠᠯ ᠵᠤᠬᠢᠨ᠎ᠠ᠃ ᠳᠠᠮᠢᠷ᠎ᠤᠨ ᠬᠥᠳᠡᠯᠭᠡᠭᠡᠨ ᠵᠶ᠋ᠠᠷ ᠳᠠᠮᠵᠢᠨ᠂ ᠬᠡᠤᠬᠡᠳ᠎ᠤᠳ ᠪᠡᠶ᠎ᠡ᠎ᠪᠠᠨ ᠪᠠᠷᠢᠬᠤ ᠴᠢᠳᠠᠪᠤᠷᠢ ᠵᠢ ᠰᠤᠷᠴᠤ ᠪᠣᠯᠤᠨ᠎ᠠ᠃ ᠢᠯᠠᠩᠭᠤᠶ᠎ᠠ ᠰᠤᠷᠭ᠋ᠠᠭᠤᠯᠢ ᠡᠬᠢᠯᠡᠬᠦ ᠵᠢᠨ ᠦᠶ᠎ᠠ᠎ᠪᠠᠷ ᠬᠡᠦᠬᠡᠳ ᠪᠠᠭ᠋ᠠᠴᠤᠳ᠎ᠢ ᠢᠳᠡᠪᠬᠢᠲᠡᠢ ᠪᠦᠲᠦᠮᠵᠢᠲᠡᠶ ᠳᠠᠮᠢᠷ᠎ᠤᠨ ᠪᠣᠯᠪᠠᠰᠤᠷᠠᠯ᠎ᠳᠤ ᠤᠷᠤᠯᠴᠠᠭᠤᠯᠬᠤ᠎ᠨᠢ ᠬᠡᠦᠬᠡᠳ᠎ᠤᠨ ᠰᠤᠷᠤᠯᠴᠠᠬᠤ ᠤᠷᠮ᠎ᠠ ᠵᠢ ᠠᠯᠢ ᠲᠦᠷᠬᠡᠨ ᠵᠶ᠋ᠠᠷ ᠬᠦᠭᠵᠢᠭᠡᠵᠦ ᠴᠢᠳᠠᠨ᠎ᠠ᠃
    ᠬᠦᠮᠦᠰ ᠳᠠᠩᠳᠠ᠎ᠪᠠᠨ ᠰᠤᠷᠭ᠋ᠠᠭᠤᠯᠢ ᠡᠬᠢᠯᠡᠪᠡᠯ ᠰᠤᠷᠤᠭᠴᠢᠳ᠎ᠤᠨ ᠰᠤᠷᠤᠯᠭ᠎ᠠ ᠵᠢᠨ ᠳᠠᠷᠤᠭ᠋ᠠᠰᠤ ᠶᠡᠭᠡ ᠪᠤᠯᠵᠤ᠂ ᠪᠡᠶ᠎ᠠ᠎ᠪᠠᠨ ᠪᠣᠯᠪᠠᠰᠤᠷᠠᠭᠤᠯᠬᠤ ᠴᠠᠭ ᠬᠢᠵᠠᠭ᠋ᠠᠷ᠎ᠲᠠᠢ᠂ ᠠᠮᠠᠷᠠᠯᠳᠠ ᠳᠠᠯᠪᠢᠪᠠᠯ ᠰᠠᠶᠢ ᠴᠠᠭ ᠡᠯᠪᠡᠭ ᠪᠤᠯᠤᠨ᠎ᠠ ᠬᠡᠵᠦ ᠶᠠᠷᠢᠳᠠᠭ᠃ ᠦᠨᠡᠨ᠎ᠳᠡᠭᠡᠨ ᠬᠡᠦᠬᠡᠳ᠎ᠢ ᠢᠳᠡᠪᠬᠢᠲᠡᠶ ᠪᠦᠲᠦᠮᠵᠢᠲᠡᠶ᠎ᠪᠠᠷ ᠬᠥᠲᠥᠯᠥᠨ ᠵᠢᠯᠤᠭᠤᠳᠴᠤ ᠲᠠᠮᠢᠷ᠎ᠤᠨ ᠬᠦᠳᠡᠯᠭᠡᠭᠡᠨ᠎ᠳᠤ ᠤᠷᠤᠯᠴᠠᠬᠤ ᠳᠠᠳᠬᠠᠯ᠎ᠲᠠᠢ ᠪᠤᠯᠭ᠋ᠠᠬᠤ᠎ᠨᠢ ᠬᠡᠦᠬᠡᠳ᠎ᠤᠨ ᠪᠡᠶ᠎ᠠ᠎ᠪᠠᠨ ᠪᠠᠷᠢᠬᠤ ᠴᠢᠳᠠᠪᠤᠷᠢ ᠵᠢ ᠴᠢᠩᠭ᠋ᠠᠳᠬᠠᠵᠤ᠂ ᠡᠭᠦᠨ᠎ᠤ ᠤᠯᠠᠮ ᠵᠶ᠋ᠠᠷ ᠰᠤᠷᠤᠯᠭ᠎ᠠ ᠵᠢᠨ ᠬᠢᠷᠢ ᠪᠦᠲᠦᠮᠵᠢ᠎ᠪᠠᠨ ᠳᠡᠭᠡᠭᠰᠢᠯᠡᠭᠦᠯᠬᠦ᠎ᠳᠤ᠎ᠨᠢ ᠠᠰᠢᠭᠲᠠᠢ ᠪᠠᠶ᠋ᠢᠳᠠᠭ᠃ ᠣᠳᠣᠬᠠᠨ᠎ᠳᠤ ᠨᠡᠶ᠋ᠢᠭᠡᠮ ᠳᠡᠭᠡᠷ᠎ᠡ ᠰᠡᠯᠡᠭᠦᠴᠡᠯ ᠵᠤᠭ᠎ᠠ ᠴᠡᠩᠭᠡᠯ᠎ᠤᠨ ᠵᠦᠢ᠍ᠯᠡᠰ ᠮᠠᠰᠢ ᠣᠯᠠᠨ ᠪᠠᠶ᠋ᠢᠵᠤ᠂ ᠬᠡᠷ᠎ᠤᠨ ᠠᠬᠠᠮᠠᠳ᠂ ᠰᠤᠷᠭ᠋ᠠᠭᠤᠯᠢ᠂ ᠨᠡᠶ᠋ᠢᠭᠡᠮ᠎ᠠᠴᠠ ᠬᠡᠤᠬᠡᠳ᠎ᠢ ᠰᠠᠨᠠᠭ᠋ᠠᠴᠢᠯᠠᠭ᠎ᠠ᠎ᠲᠠᠢ᠎ᠪᠠᠷ ᠬᠥᠲᠥᠯᠥᠨ ᠵᠢᠯᠣᠭᠤᠳᠴᠤ ᠪᠠᠶ᠋ᠢᠭ᠋ᠠᠳ ᠢᠳᠡᠪᠬᠢᠲᠡᠶ ᠡᠷᠡᠬᠦᠯ ᠴᠢᠬᠢᠷᠠᠭ ᠳᠠᠮᠢᠷ᠎ᠤᠨ ᠬᠦᠳᠡᠯᠬᠡᠬᠡᠨ᠎ᠳᠤ ᠢᠯᠡᠭᠦᠦ ᠤᠷᠤᠯᠴᠠᠭᠤᠯᠬᠤ᠎ᠨᠢ ᠬᠡᠦᠬᠡᠳ ᠪᠠᠭ᠋ᠠᠴᠤᠳ᠎ᠤᠨ ᠳᠠᠮᠢᠷ᠎ᠤᠨ ᠬᠦᠳᠡᠯᠬᠡᠬᠡᠨ᠎ᠤ ᠳᠠᠳᠬᠠᠯ᠎ᠲᠠᠢ ᠪᠤᠯᠬᠤ᠂ ᠴᠠᠭ᠎ᠤᠨ ᠬᠠᠮᠢᠶᠠᠷᠤᠯᠳᠠ ᠵᠢᠨ ᠴᠢᠳᠠᠪᠤᠷᠢ᠎ᠲᠠᠢ ᠪᠤᠯᠬᠤ᠂ ᠦᠪᠡᠷ᠎ᠤᠨ ᠪᠡᠶ᠎ᠠ᠎ᠪᠠᠨ ᠴᠢᠩᠭ᠎ᠠ ᠱᠠᠭ᠋ᠠᠷᠳᠠᠬᠤ ᠪᠠ ᠪᠡᠶ᠎ᠡ᠎ᠳᠡᠭᠡᠨ ᠢᠳᠡᠬᠡᠯ᠎ᠲᠠᠢ ᠪᠤᠯᠬᠤ ᠵᠡᠷᠭᠡ ᠳᠠᠳᠬᠠᠯ᠎ᠢ ᠠᠶᠠᠨᠳᠠᠭ᠋ᠠᠨ ᠬᠦᠮᠦᠵᠢᠬᠦᠯᠵᠦ ᠳᠡᠶ᠋ᠢᠯᠳᠡᠭ ᠰᠠᠨ᠃
    ᠳᠠᠮᠢᠷ᠎ᠤᠨ ᠬᠦᠳᠡᠯᠭᠡᠬᠡᠨ᠎ᠳᠤ ᠢᠯᠡᠬᠦᠬᠡᠨ ᠤᠷᠤᠯᠴᠠᠬᠤ᠎ᠨᠢ ᠬᠦᠮᠦᠰ᠎ᠤᠨ ᠪᠡᠶ᠎ᠡ ᠮᠠᠬᠠᠪᠤᠳ᠎ᠢ ᠳᠠᠪᠳᠠᠨ ᠪᠤᠯᠪᠠᠰᠤᠷᠠᠭᠤᠯᠬᠤ ᠲᠡᠳᠦᠢ ᠦᠭᠡᠢ᠂ ᠪᠠᠰᠠ ᠵᠤᠷᠢᠭ ᠳᠠᠪᠴᠢᠶᠡᠷᠢ᠎ᠲᠠᠢ ᠪᠤᠯᠭ᠋ᠠᠨ᠎ᠠ᠃ ᠬᠠᠪᠤᠷ᠎ᠤᠨ ᠤᠷᠢᠨ ᠳᠤᠯᠠᠭ᠋ᠠᠬᠠᠨ ᠴᠠᠭ᠎ᠲᠤ ᠳᠠᠮᠢᠷ᠎ᠤᠨ ᠬᠦᠳᠡᠯᠬᠡᠬᠡᠨ᠎ᠳᠤ ᠢᠯᠡᠬᠦᠬᠡᠨ ᠤᠷᠤᠯᠴᠠᠵᠤ ᠵᠢᠪᠬᠤᠭ᠎ᠠ ᠳᠡᠬᠦᠯᠳᠡᠷ ᠬᠡᠦᠬᠡᠳ ᠪᠠᠭ᠋ᠠᠴᠤᠳ ᠪᠤᠯᠵᠠᠭ᠋ᠠᠶ᠎ᠠ!

ᠢᠷᠡᠯᠲᠡ᠄ ᠲᠣᠮᠳᠠᠳᠤ ᠣᠯᠣᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠳᠠᠯᠢ ᠪᠤᠰᠤ ᠲᠥᠷᠥᠯ ᠲᠡᠮᠳᠡᠭ᠎ᠤᠨ ᠸᠠᠺᠼᠢᠨ᠎ᠢ ᠳᠠᠪᠬᠤᠴᠠᠭᠤᠯᠤᠨ ᠲᠠᠷᠢᠵᠦ ᠪᠣᠯᠤᠨ᠎ᠠ ᠤᠤ? ᠶᠠᠮᠠᠷ ᠬᠥᠮᠦᠰ᠎ᠲᠤ ᠲᠠᠷᠢᠯᠭ᠎ᠠ ᠲᠣᠬᠢᠷᠠᠬᠤ ᠦᠭᠡᠢ ᠪᠣᠢ? ᠲᠠᠷᠢᠯᠭ᠎ᠠ ᠬᠢᠭᠰᠡᠨ᠎ᠤ ᠳᠠᠷᠠᠭ᠎ᠠ ᠠᠮᠠᠪᠴᠢ᠎ᠪᠠᠨ ᠠᠪᠴᠤ ᠪᠣᠯᠤᠨ᠎ᠠ ᠤᠤ?
ᠬᠤᠷᠲᠤᠨ ᠠᠯᠬᠤᠬᠤ ᠵᠢᠨ 8 ᠠᠰᠢᠭ᠎ᠲᠠᠢ ᠲᠠᠯ᠎ᠠ
ᠭᠦᠯ ᠪᠦᠮᠪᠦᠭᠡ ᠵᠢᠨ ᠬᠦᠳᠡᠯᠭᠡᠭᠡᠨ᠎ᠳᠤ ᠢᠳᠡᠪᠬᠢᠳᠠᠢ ᠤᠷᠤᠯᠴᠠᠶ᠎ᠠ
ᠸᠠᠺᠼᠢᠨ᠎ᠤ ᠡᠷᠡᠭᠦᠯ ᠪᠣᠰᠣ ᠲᠣᠰᠬᠠᠯ᠎ᠢ ᠭᠡᠷᠬᠢᠨ ᠰᠢᠯᠭ᠋ᠠᠠ ᠪᠠᠶ᠋ᠢᠴᠠᠭ᠋ᠠᠬᠤ ᠪᠣᠢ?
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠠᠯᠳᠠᠪᠤᠷᠢᠯᠠᠬᠤ ᠵᠢ ᠰᠡᠷᠭᠡᠶ᠋ᠢᠯᠡᠨ ᠡᠵᠡᠮᠳᠡᠬᠦ ᠬᠠᠮᠤᠭ᠎ᠤᠨ ᠪᠦᠲᠦᠮᠵᠢᠲᠡᠶ ᠠᠷᠭ᠎ᠠ ᠮᠥᠨ
 
            