ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠠᠳᠠᠯᠢ ᠪᠤᠰᠤ ᠲᠥᠷᠥᠯ ᠲᠡᠮᠳᠡᠭ᠎ᠤᠨ ᠸᠠᠺᠼᠢᠨ᠎ᠢ ᠳᠠᠪᠬᠤᠴᠠᠭᠤᠯᠤᠨ ᠲᠠᠷᠢᠵᠦ ᠪᠣᠯᠤᠨ᠎ᠠ ᠤᠤ? ᠶᠠᠮᠠᠷ ᠬᠥᠮᠦᠰ᠎ᠲᠤ ᠲᠠᠷᠢᠯᠭ᠎ᠠ ᠲᠣᠬᠢᠷᠠᠬᠤ ᠦᠭᠡᠢ ᠪᠣᠢ? ᠲᠠᠷᠢᠯᠭ᠎ᠠ ᠬᠢᠭᠰᠡᠨ᠎ᠤ ᠳᠠᠷᠠᠭ᠎ᠠ ᠠᠮᠠᠪᠴᠢ᠎ᠪᠠᠨ ᠠᠪᠴᠤ ᠪᠣᠯᠤᠨ᠎ᠠ ᠤᠤ?
ᠨᠡᠶ᠋ᠢᠲᠡᠯᠡᠭᠰᠡᠨ ᠴᠠᠭ᠄ 2021-03-26

     — ᠰᠢᠨ᠎ᠡ ᠲᠢᠲᠢᠮᠯᠢᠭ ᠸᠠᠺᠼᠢᠨ᠎ᠤ ᠲᠤᠬᠠᠶ ᠬᠠᠮᠤᠭ᠎ᠤᠨ ᠰᠢᠨ᠎ᠡ ᠠᠰᠠᠭᠤᠯᠲᠠ ᠬᠠᠷᠢᠭᠤᠯᠲᠠ
     《3 ᠰᠠᠷ᠎ᠠ ᠵᠢᠨ 20᠎ᠤ ᠡᠳᠦᠷ᠎ᠤᠨ 24 ᠴᠠᠭ ᠪᠣᠯᠲᠠᠯ᠎ᠠ᠂ ᠪᠥᠬᠦ ᠤᠯᠤᠰ᠎ᠲᠤ ᠨᠡᠶ᠋ᠢᠲᠡ 7495.6 ᠲᠦᠮᠡᠨ ᠤᠳᠠᠭ᠎ᠠ ᠲᠠᠷᠢᠯᠭ᠎ᠠ ᠳᠠᠷᠢᠪᠠ》᠃ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠰᠣᠨᠢᠨ ᠮᠡᠳᠡᠭᠡᠨ᠎ᠤ ᠥᠭᠦᠯᠡᠭᠴᠢ ᠮᠢ ᠹᠧᠩ 21᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ᠂ ᠤᠯᠤᠰ᠎ᠤᠨ ᠳᠣᠲᠣᠭ᠋ᠠᠳᠤ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠶᠡᠷᠦᠩᠬᠡᠶ᠎ᠳᠡᠭᠡᠨ ᠰᠠᠶ᠋ᠢᠨ ᠰᠠᠶ᠋ᠢᠬᠠᠨ ᠪᠠᠶ᠋ᠢᠳᠠᠯ ᠵᠶ᠋ᠠᠨ ᠪᠠᠲᠤᠯᠠᠭᠰᠠᠨ ᠪᠣᠯᠪᠠᠴᠤ ᠮᠥᠨ ᠯᠡ ᠨᠠᠩ ᠣᠨᠣᠴᠠᠲᠠᠶ᠂ ᠨᠠᠩ ᠪᠦᠲᠦᠮᠵᠢᠲᠡᠶ ᠰᠡᠷᠭᠡᠶ᠋ᠢᠯᠡᠨ ᠡᠵᠡᠮᠳᠡᠵᠦ᠂ ᠬᠡᠪᠴᠢᠶᠡᠲᠦ   ᠴᠢᠨᠠᠷᠲᠠᠶ ᠎ᠪᠠᠷ   ᠳᠠᠬᠢᠨ   ᠳᠡᠯᠭᠡᠷᠡᠬᠦ   ᠥᠬᠡᠶ   ᠪᠠᠶ᠋ᠢᠬᠤ ᠵᠢ   ᠦᠨᠡᠨ   ᠬᠦ᠌   ᠪᠠᠲᠤᠯᠠᠬᠤ   ᠬᠡᠷᠡᠭᠲᠡᠶ   ᠭᠡᠵᠦ   ᠢᠯᠡᠳᠭᠡᠪᠡ᠃
      ᠠᠳᠠᠯᠢ ᠪᠤᠰᠤ ᠲᠦᠷᠦᠯ ᠳᠡᠮᠳᠡᠭ᠎ᠤᠨ ᠸᠠᠺᠼᠢᠨ᠎ᠢ ᠳᠠᠪᠬᠤᠴᠠᠭᠤᠯᠤᠨ ᠳᠠᠷᠢᠵᠤ ᠪᠣᠯᠬᠣ ᠤᠤ? ᠨᠠᠰᠤᠲᠠᠶ᠋ᠢᠴᠤᠳ᠂ ᠵᠢᠷᠮᠦᠰᠦᠨ ᠡᠮᠡᠭᠲᠡᠶ ᠲᠠᠷᠢᠬᠤ᠎ᠳᠤ ᠲᠣᠬᠢᠷᠠᠨ᠎ᠠ ᠤᠤ? ᠲᠠᠷᠢᠯᠭ᠎ᠠ ᠬᠢᠭᠰᠡᠨ᠎ᠤ ᠳᠠᠷᠠᠭ᠎ᠠ ᠠᠮᠠᠪᠴᠢ ᠵᠡᠬᠦᠬᠦ ᠦᠭᠡᠢ ᠪᠠᠶ᠋ᠢᠵᠦ ᠪᠣᠯᠤᠨ᠎ᠠ ᠤᠤ? 21᠎ᠤ ᠡᠳᠦᠷ᠂ ᠤᠯᠠᠨ ᠰᠠᠯᠠᠭ᠎ᠠ ᠮᠥᠴᠢᠷ᠎ᠤᠨ᠎ᠬᠢᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠠᠮᠤᠷ ᠲᠦᠪᠰᠢᠨ ᠴᠢᠨᠠᠷ ᠪᠣᠯᠤᠨ ᠪᠦᠳᠦᠮᠵᠢᠳᠤ ᠴᠢᠨᠠᠷ᠎ᠲᠤ ᠬᠤᠯᠪᠣᠭᠳᠠᠬᠤ ᠬᠠᠯᠠᠮᠰᠢᠯ ᠠᠰᠠᠭᠤᠳᠠᠯ᠎ᠳᠤ ᠬᠠᠷᠢᠭᠤᠯᠲᠠ ᠥᠭᠪᠡ᠃
      ᠠᠳᠠᠯᠢ ᠪᠤᠰᠤ ᠲᠦᠷᠦᠯ ᠲᠡᠮᠳᠡᠭ᠎ᠤᠨ ᠸᠠᠺᠼᠢᠨ᠎ᠢ ᠳᠠᠪᠬᠤᠴᠠᠭᠤᠯᠤᠨ ᠲᠠᠷᠢᠵᠤ ᠪᠣᠯᠤᠨ᠎ᠠ ᠤᠤ?
      ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠣᠪᠴᠢᠶ᠎ᠠ ᠵᠢᠨ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠾᠧ ᠴᠢᠩ ᠬᠤᠸᠠ᠂ ᠠᠳᠠᠯᠢ ᠪᠤᠰᠤ ᠠᠵᠤ ᠠᠬᠤᠶ᠋ᠢᠯᠠᠯ᠎ᠤᠨ ᠦᠢ᠍ᠯᠡᠳᠪᠦᠷᠢᠯᠡᠭᠰᠡᠨ ᠸᠠᠺᠼᠢᠨ᠎ᠢ ᠳᠠᠪᠬᠤᠴᠠᠭᠤᠯᠬᠤ ᠪᠤᠶᠤ ᠣᠷᠣᠯᠠᠨ ᠳᠠᠷᠢᠭᠤᠯᠵᠤ ᠪᠣᠯᠬᠤ ᠡᠰᠡᠬᠦ ᠠᠰᠠᠭᠤᠳᠠᠯ᠎ᠤᠨ ᠲᠤᠬᠠᠶ ᠮᠥᠨ ᠬᠦ᠌ ᠨᠠᠩ ᠣᠯᠠᠨ ᠰᠤᠳᠤᠯᠭ᠋ᠠᠨ ᠬᠢᠬᠦ ᠴᠢᠬᠤᠯᠠᠲᠠᠶ ᠪᠠᠶ᠋ᠢᠨ᠎ᠠ᠃ ᠲᠡᠭᠡᠬᠦ ᠮᠥᠷᠲᠡᠭᠡᠨ ᠰᠤᠳᠤᠯᠭ᠋ᠠᠨ᠎ᠤ ᠦᠷ᠎ᠡ ᠳ᠋ᠦᠩ ᠭᠠᠷᠤᠭᠰᠠᠨ᠎ᠤ ᠳᠠᠷᠠᠭ᠎ᠠ᠂ ᠰᠤᠳᠤᠯᠭ᠋ᠠᠨ᠎ᠤ ᠦᠷ᠎ᠡ ᠳ᠋ᠦᠩ᠎ᠢ ᠦᠨᠳᠦᠰᠦᠯᠡᠨ ᠲᠣᠳᠣᠷᠬᠠᠶ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠳᠤᠷᠠᠳᠬᠤ ᠭᠡᠷᠡᠭᠲᠡᠢ ᠭᠡᠵᠦ ᠢᠯᠡᠳᠭᠡᠪᠡ᠃
     60 ᠨᠠᠰᠤᠨ᠎ᠠᠴᠠ ᠳᠡᠭᠡᠭᠰᠢᠬᠢ ᠨᠠᠰᠤᠲᠠᠶ᠋ᠢᠴᠤᠳ᠎ᠲᠤ ᠸᠠᠺᠼᠢᠨ ᠳᠠᠷᠢᠭᠤᠯᠵᠤ ᠪᠣᠯᠤᠨ᠎ᠠ ᠤᠤ?
     《ᠬᠡᠰᠡᠭ ᠭᠠᠵᠠᠷ ᠣᠷᠣᠨ ᠭᠦᠢ᠍ᠴᠡᠳ ᠦᠨᠡᠯᠡᠨ ᠵᠢᠱ᠌ᠢᠭᠰᠡᠨ᠎ᠤ ᠳᠠᠷᠠᠭ᠎ᠠ᠂ ᠨᠢᠭᠡᠨᠲᠡ 60 ᠨᠠᠰᠤᠨ᠎ᠠᠴᠠ ᠳᠡᠭᠡᠭᠰᠢᠬᠢ ᠪᠡᠶ᠎ᠡ ᠮᠠᠬᠠᠪᠣᠳ᠎ᠤᠨ ᠨᠥᠬᠦᠴᠡᠯ ᠵᠶ᠋ᠠᠷ ᠨᠡᠯᠢᠶᠡᠳ ᠰᠠᠶ᠋ᠢᠨ ᠨᠠᠰᠤᠲᠠᠶ᠋ᠢᠴᠤᠳ᠎ᠲᠤ ᠰᠢᠨ᠎ᠡ ᠲᠢᠲᠢᠮᠯᠢᠭ ᠠᠭᠤᠰᠬᠢᠨ   ᠦᠷᠪᠢᠰᠤ᠋ ᠊ᠯ᠎ᠤᠨ   ᠸᠠᠺᠼᠢᠨ ᠎ᠤ   ᠲᠠᠷᠢᠯᠭ᠎ᠠ   ᠬᠢᠵᠦ   ᠡᠬᠢᠯᠡᠪᠡ  》  ᠃ ᠾᠧ ᠴᠢᠩ ᠬᠤᠸᠠ ᠬᠠᠷᠢᠭᠤᠯᠬᠤ᠎ᠳᠠᠭᠠᠨ᠂ ᠣᠳᠣᠬᠠᠨ᠎ᠳᠤ᠂ ᠸᠠᠺᠼᠢᠨ ᠰᠤᠳᠤᠯᠤᠨ ᠨᠡᠭᠡᠭᠡᠬᠦ ᠨᠢᠭᠡᠴᠢ ᠴᠦ᠍ ᠰᠤᠳᠤᠯᠤᠨ ᠨᠡᠭᠡᠭᠡᠬᠦ ᠠᠵᠢᠯ ᠵᠶ᠋ᠠᠨ ᠲᠦᠷᠭᠡᠳᠬᠡᠨ ᠠᠬᠢᠭᠤᠯᠵᠤ᠂ ᠡᠮᠴᠢᠯᠡᠭᠡᠨ᠎ᠤ ᠲᠤᠷᠰᠢᠯᠲᠠ ᠳᠤᠮᠳᠠ᠎ᠪᠠᠨ ᠭᠦᠢ᠍ᠴᠡᠳ ᠠᠮᠤᠷ ᠲᠦᠪᠰᠢᠨ ᠴᠢᠨᠠᠷᠲᠠᠶ᠂ ᠪᠦᠲᠦᠮᠵᠢᠲᠡᠶ ᠴᠢᠨᠠᠷᠲᠠᠶ ᠲᠤᠭ᠎ᠠ ᠪᠠᠷᠢᠮᠲᠠ ᠣᠯᠤᠭᠰᠠᠨ᠎ᠤ ᠳᠠᠷᠠᠭ᠎ᠠ᠂ 60 ᠨᠠᠰᠤᠨ᠎ᠠᠴᠠ ᠳᠡᠭᠡᠭᠰᠢᠬᠢ ᠨᠠᠰᠤᠲᠠᠶ᠋ᠢᠴᠤᠳ᠎ᠤᠨ ᠸᠠᠺᠼᠢᠨ᠎ᠤ ᠲᠠᠷᠢᠯᠭ᠎ᠠ ᠵᠢ ᠶᠡᠭᠡ ᠬᠡᠪᠴᠢᠶ᠎ᠡ᠎ᠪᠠᠷ ᠥᠷᠨᠢᠭᠦᠯᠬᠦ ᠪᠣᠯᠤᠨ᠎ᠠ ᠭᠡᠪᠡ᠃
      ᠶᠠᠮᠠᠷ ᠬᠥᠮᠦᠰ ᠸᠠᠺᠼᠢᠨ ᠳᠠᠷᠢᠵᠤ ᠪᠣᠯᠬᠤ ᠥᠬᠡᠶ ᠪᠣᠶ?
    ᠾᠧ ᠴᠢᠩ ᠬᠤᠸᠠ᠂ ᠣᠳᠣᠬᠠᠨ᠎ᠳᠤ ᠨᠥᠬᠦᠴᠡᠯ ᠳᠠᠭ᠋ᠠᠯᠳᠤᠭᠤᠯᠤᠨ ᠵᠠᠬ᠎ᠠ ᠳᠡᠯᠭᠡᠭᠦᠷ᠎ᠲᠤ ᠭᠠᠷᠭ᠋ᠠᠭᠰᠠᠨ 4 ᠵᠦᠢ᠍ᠯ᠎ᠤᠨ ᠸᠠᠺᠼᠢᠨ᠎ᠢ ᠲᠣᠳᠣᠷᠬᠠᠶ᠋ᠢᠯᠠᠯᠲᠠ ᠵᠢᠨ ᠪᠢᠴᠢᠭ᠎ᠲᠤ ᠲᠠᠷᠢᠯᠭ᠎ᠠ ᠬᠢᠬᠦ᠎ᠳᠤ ᠴᠡᠭᠡᠷᠯᠡᠬᠦ ᠵᠦᠢ᠍ᠯ᠎ᠤᠨ ᠲᠤᠬᠠᠢ ᠲᠣᠳᠣᠷᠬᠠᠢ ᠵᠠᠭ᠋ᠠᠭ ᠲᠣᠭᠲᠠᠭ᠋ᠠᠵᠤ᠂ ᠸᠠᠺᠼᠢᠨ᠎ᠳᠤ ᠠᠭᠤᠯᠤᠭᠳᠠᠬᠤ ᠪᠦᠷᠢᠯᠳᠦᠬᠦᠨ᠎ᠳᠤ ᠬᠠᠷᠰᠢᠬᠤ᠂ ᠴᠢᠰᠤᠨ ᠰᠤᠳᠠᠯ᠎ᠤᠨ ᠮᠡᠳᠡᠷᠡᠯ᠎ᠤᠨ ᠴᠢᠨᠠᠷᠲᠠᠢ ᠤᠰᠤᠨ ᠬᠠᠪᠤᠩ᠂ ᠠᠮᠢᠰᠬᠤᠯ ᠬᠦᠴᠢᠷᠳᠡᠬᠦ᠂ ᠤᠨᠠᠳᠠᠭ ᠡᠪᠡᠳᠴᠢᠨ ᠪᠤᠶᠤ ᠪᠤᠰᠤᠳ ᠮᠡᠳᠡᠷᠡᠯ᠎ᠤᠨ ᠰᠢᠰᠲ᠋ᠧᠮ᠎ᠤᠨ ᠡᠪᠡᠳᠴᠢᠨ᠎ᠲᠠᠢ᠂ ᠭᠧᠯᠢᠨᠪᠠᠷᠢ ᠵᠢᠨ ᠶᠡᠷᠦᠩᠬᠡᠶ᠋ᠢᠯᠡᠭᠰᠡᠨ ᠡᠪᠡᠳᠴᠢᠨ᠎ᠤ ᠲᠡᠦᠬᠡ᠎ᠲᠠᠢ ᠬᠥᠮᠦᠰ᠎ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠬᠢᠬᠦ ᠵᠢ ᠰᠠᠨᠠᠭ᠋ᠠᠴᠢᠯᠠᠬᠤ ᠦᠭᠡᠢ ᠭᠡᠵᠦ ᠲᠠᠨᠢᠯᠴᠠᠭᠤᠯᠪᠠ᠃
    ᠲᠡᠷᠡ᠂ ᠵᠢᠷᠮᠦᠰᠦᠨ ᠬᠤᠭᠤᠴᠠᠭ᠎ᠠ ᠪᠠ ᠬᠥᠬᠦᠭᠦᠯ ᠬᠤᠭᠤᠴᠠᠭ᠋ᠠᠨ᠎ᠤ ᠡᠮᠡᠭᠲᠡᠶ᠋ᠢᠴᠦᠳ᠎ᠲᠤ ᠴᠦ᠍ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ ᠳᠠᠷᠢᠵᠤ ᠪᠣᠯᠬᠤ ᠥᠬᠡᠶ ᠭᠡᠵᠦ ᠰᠠᠨᠠᠭᠤᠯᠪᠠ᠃
    ᠸᠠᠺᠼᠢᠨ᠎ᠤ ᠲᠠᠷᠢᠯᠭ᠎ᠠ ᠬᠢᠭᠰᠡᠨ᠎ᠤ ᠳᠠᠷᠠᠭ᠎ᠠ ᠠᠮᠠᠪᠴᠢ ᠵᠡᠬᠦᠬᠦ ᠦᠭᠡᠢ ᠪᠠᠶ᠋ᠢᠵᠦ ᠪᠤᠯᠤᠨ᠎ᠠ ᠤᠤ?
    ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠤᠨ ᠳᠡᠳ᠋ ᠡᠷᠬᠢᠯᠡᠭᠴᠢ ᠹᠧᠩ ᠽᠢ ᠵᠢᠶᠠᠨ᠂ ᠣᠳᠣᠬᠠᠨ᠎ᠳᠤ ᠪᠦᠬᠦ ᠳᠡᠯᠡᠬᠡᠢ᠎ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠮᠥᠨ ᠬᠦ᠌ ᠦᠷᠭᠦᠯᠵᠢᠯᠡᠨ ᠦᠷᠪᠢᠰᠦᠨ ᠳᠡᠯᠭᠡᠷᠡᠵᠦ᠂ ᠤᠯᠤᠰ᠎ᠤᠨ ᠳᠣᠲᠣᠭ᠋ᠠᠳᠤ ᠵᠢᠨ ᠸᠠᠺᠼᠢᠨ᠎ᠤ ᠲᠠᠷᠢᠬᠰᠠᠨ ᠨᠤᠷᠮ᠎ᠠ ᠨᠡᠯᠢᠶᠡᠳ ᠳᠣᠣᠷ᠎ᠠ᠂ ᠶᠡᠭᠡ᠎ᠪᠠᠷ ᠳᠡᠯᠭᠡᠷᠡᠭᠰᠡᠨ ᠭᠠᠵᠠᠷ ᠣᠷᠣᠨ᠎ᠤ ᠬᠥᠮᠦᠨ ᠬᠠᠷ᠎ᠠ ᠪᠤᠶᠤ ᠡᠳ᠋ ᠪᠣᠳᠠᠰ ᠬᠢᠯᠢ᠎ᠪᠠᠷ ᠣᠷᠣᠵᠤ ᠢᠷᠡᠭᠰᠡᠨ᠎ᠠᠴᠠ ᠮᠥᠨ ᠬᠦ᠌ ᠬᠢᠯᠢ ᠵᠢᠨ ᠳᠣᠲᠣᠷ᠎ᠠ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠣᠷᠣᠰᠢᠵᠤ ᠪᠠᠶ᠋ᠢᠨ᠎ᠠ ᠭᠡᠵᠦ ᠢᠯᠡᠳᠬᠡᠪᠡ᠃
    ᠲᠡᠷᠡ᠂ ᠮᠠᠨ᠎ᠤ ᠤᠯᠤᠰ᠎ᠤᠨ ᠬᠥᠮᠦᠰ᠎ᠤᠨ ᠸᠠᠺᠼᠢᠨ᠎ᠤ ᠲᠠᠷᠢᠯᠭ᠎ᠠ᠎ᠨᠢ ᠨᠡᠯᠢᠶᠡᠳ ᠥᠨᠳᠥᠷ ᠡᠭᠡᠯᠢᠯᠡᠭᠡ ᠵᠢᠨ ᠲᠦᠪᠰᠢᠨ᠎ᠳᠤ ᠬᠥᠷᠬᠦ᠎ᠠᠴᠠ ᠡᠮᠦᠨ᠎ᠡ᠂ ᠸᠠᠺᠼᠢᠨ᠎ᠤ ᠲᠠᠷᠢᠯᠭ᠎ᠠ ᠬᠢᠭᠰᠡᠨ ᠡᠰᠡᠬᠦ ᠴᠦ᠍ ᠲᠡᠷᠡ᠂ ᠬᠥᠮᠦᠰ ᠴᠤᠭᠯᠠᠷᠠᠭᠰᠠᠨ ᠬᠡᠷ ᠳᠣᠲᠣᠷ᠎ᠠ ᠪᠤᠶᠤ ᠪᠢᠲᠡᠭᠦᠮᠵᠢᠯᠡᠭᠰᠡᠨ ᠲᠠᠯᠠᠪᠤᠷ ᠭᠠᠵᠠᠷ᠎ᠲᠤ ᠴᠤ᠌ ᠲᠡᠷᠡ᠂ ᠣᠯᠠᠨ ᠲᠦᠮᠡᠨ ᠮᠥᠨ ᠬᠦ᠌ ᠦᠷᠭᠦᠯᠵᠢᠯᠡᠨ ᠠᠮᠠᠪᠴᠢ ᠵᠡᠭᠦᠵᠦ᠂ ᠬᠤᠪᠢ ᠬᠥᠮᠦᠨ᠎ᠤ ᠡᠷᠡᠭᠦᠯ ᠬᠠᠮᠠᠭ᠋ᠠᠯᠠᠯ᠎ᠤᠨ ᠳᠠᠳᠬᠠᠯ᠎ᠲᠠᠢ ᠪᠤᠯᠬᠤ ᠵᠢᠨ ᠬᠠᠮᠲᠤ ᠡᠯ᠎ᠡ ᠭᠠᠵᠠᠷ᠎ᠤᠨ ᠪᠣᠳᠠᠲᠠᠶ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠱᠠᠭ᠋ᠠᠷᠳᠠᠯᠭ᠎ᠠ ᠵᠢ ᠵᠢᠷᠤᠮᠯᠠᠬᠤ ᠬᠡᠷᠡᠭᠲᠡᠶ ᠭᠡᠵᠦ ᠰᠠᠨᠠᠭᠤᠯᠪᠠ᠃
    ᠸᠠᠺᠼᠢᠨ᠎ᠤ ᠲᠠᠷᠢᠯᠭ᠎ᠠ ᠬᠢᠭᠰᠡᠨ᠎ᠤ ᠳᠠᠷᠠᠭ᠎ᠠ ᠪᠠᠰᠠ ᠬᠠᠯᠳᠠᠪᠤᠷᠢᠯᠠᠬᠳᠠᠨ᠎ᠠ ᠤᠤ?
    《ᠶᠡᠷᠦᠩᠬᠡᠶ᠎ᠳᠤᠨᠢ ᠠᠪᠴᠤ ᠬᠡᠯᠡᠪᠡᠯ᠂ ᠸᠠᠺᠼᠢᠨ᠎ᠤ ᠦᠢ᠍ᠯᠡᠳᠦᠯ᠎ᠨᠢ ᠣᠯᠠᠩᠬᠢ ᠬᠥᠮᠦᠰ᠎ᠢ ᠬᠠᠮᠠᠭ᠋ᠠᠯᠠᠬᠤ ᠴᠢᠳᠠᠪᠤᠷᠢ᠎ᠲᠠᠢ ᠪᠣᠯᠭ᠋ᠠᠵᠤ᠂ ᠡᠭᠡᠯᠢᠯᠡᠭᠡ ᠵᠢᠨ ᠬᠠᠯᠬᠠᠪᠴᠢ ᠵᠢ ᠪᠠᠶ᠋ᠢᠭᠤᠯᠵᠤ᠂ ᠬᠦᠨᠳᠦ ᠡᠪᠡᠳᠴᠢᠨ᠎ᠢ ᠰᠡᠷᠭᠡᠶ᠋ᠢᠯᠡᠬᠦ ᠦᠷ᠎ᠡ ᠪᠦᠲᠦᠮᠵᠢ᠎ᠨᠢ ᠨᠠᠩ ᠢᠯᠡᠷᠬᠡᠶ ᠪᠠᠶ᠋ᠢᠳᠠᠭ》᠃ ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ ᠎ᠤᠨ   ᠡᠭᠡᠯᠢᠯᠡᠭᠡ ᠵᠢᠨ   ᠲᠥᠯᠥᠪᠵᠢᠭᠦᠯᠭᠡ ᠵᠢᠨ   ᠲᠡᠷᠢᠬᠦᠨ   ᠲᠤᠰᠬᠠᠶ   ᠮᠡᠷᠭᠡᠵᠢᠯᠲᠡᠨ   ᠸᠠᠩ   ᠬᠤᠸᠠ   ᠴᠢᠩ᠂ ᠭᠠᠳᠠᠭ᠋ᠠᠳᠤ ᠵᠢᠨ ᠣᠳᠣᠬᠠᠨ᠎ᠳᠤ ᠨᠢᠭᠡᠨᠲᠡ ᠬᠡᠷᠡᠭᠯᠡᠭᠰᠡᠨ ᠸᠠᠺᠼᠢᠨ᠎ᠢ ᠵᠠᠬ᠎ᠠ ᠳᠡᠯᠭᠡᠭᠦᠷ᠎ᠲᠤ ᠭᠠᠷᠭ᠋ᠠᠭᠰᠠᠨ   ᠦᠨᠡᠯᠡᠯᠬᠡ ᠵᠢᠨ   ᠦᠷ᠎ᠡ   ᠳ᠋ᠦᠩ ᠎ᠠᠴᠠ   ᠦᠵᠡᠪᠡᠯ  ᠂ ᠸᠠᠺᠼᠢᠨ ᠎ᠤ   ᠲᠠᠷᠢᠯᠭ᠎ᠠ   ᠬᠢᠵᠦ   ᠪᠠᠷᠠᠭᠰᠠᠨ ᠎ᠤ   ᠳᠠᠷᠠᠭ᠎ᠠ᠂ ᠴᠥᠭᠡᠨ   ᠲᠣᠭ᠋ᠠᠨ ᠎ᠤ   ᠬᠥᠮᠦᠰ   ᠦᠨᠡᠬᠡᠷ   ᠬᠠᠮᠠᠭ᠋ᠠᠯᠠᠬᠤ ᠴᠢᠳᠠᠪᠦᠷᠢ᠎ᠪᠠᠨ ᠠᠯᠳᠠᠭᠰᠠᠨ ᠪᠠᠶ᠋ᠢᠨ᠎ᠠ ᠭᠡᠵᠡᠶ᠃ ᠲᠡᠷᠡ᠂ ᠢᠯᠠᠭᠳᠠᠭᠰᠠᠨ ᠣᠨᠴᠠ ᠵᠠᠷᠢᠮ ᠬᠡᠷᠡᠭ᠎ᠤᠨ ᠵᠢᠱ᠌ᠢᠶ᠎ᠡ᠎ᠳᠤ ᠰᠤᠳᠤᠯᠤᠯᠲᠠ ᠪᠠ ᠪᠠᠶ᠋ᠢᠴᠠᠭ᠋ᠠᠯᠲᠠ ᠬᠢᠨ᠎ᠠ ᠭᠡᠵᠦ ᠢᠯᠡᠳᠭᠡᠪᠡ᠃
    ᠸᠠᠺᠼᠢᠨ᠎ᠤ ᠦᠢ᠍ᠯᠡᠳᠪᠦᠷᠢᠯᠡᠯ᠎ᠤᠨ ᠪᠠᠲᠤᠯᠠᠭ᠎ᠠ ᠵᠢᠨ ᠪᠠᠶ᠋ᠢᠳᠠᠯ ᠶᠠᠮᠠᠷ ᠵᠡᠷᠭᠡ ᠪᠣᠶ?
    ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠬᠡᠷᠡᠭᠯᠡᠭᠡᠨ᠎ᠤ ᠵᠦᠢ᠍ᠯ᠎ᠤᠨ ᠠᠵᠤ ᠦᠢ᠍ᠯᠡᠳᠪᠦᠷᠢ ᠵᠢᠨ ᠵᠤᠷᠭ᠋ᠠᠨ᠎ᠤ ᠳᠡᠳ᠋ ᠳᠠᠷᠤᠭ᠎ᠠ ᠮᠤᠤ ᠵᠢᠶᠦ᠋ᠨ ᠹᠧᠩ᠂ ᠣᠳᠣᠬᠠᠨ᠎ᠳᠤ 5 ᠵᠦᠢ᠍ᠯ᠎ᠤᠨ ᠸᠠᠺᠼᠢᠨ᠎ᠢ ᠨᠥᠬᠦᠴᠡᠯ ᠳᠠᠭ᠋ᠠᠯᠳᠤᠭᠤᠯᠤᠨ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠵᠥᠪᠰᠢᠶᠡᠷᠡᠭᠰᠡᠨ ᠪᠤᠶᠤ 3 ᠵᠦᠢ᠍ᠯ᠎ᠤᠨ ᠢᠳᠡᠪᠬᠢ ᠥᠬᠡᠶ᠋ᠢᠳᠡᠭᠦᠯᠬᠦ ᠸᠠᠺᠼᠢᠨ᠂ 1 ᠵᠦᠢ᠍ᠯ᠎ᠤᠨ ᠪᠤᠯᠴᠢᠷᠬᠠᠶ ᠵᠢᠨ ᠸᠢᠷᠦ᠋ᠰ᠎ᠤᠨ ᠠᠴᠢᠶᠠᠯᠠᠪᠤᠷᠢ ᠵᠢᠨ ᠸᠠᠺᠼᠢᠨ᠂ ᠪᠠᠰᠠ 1 ᠵᠦᠢ᠍ᠯ᠎ᠤᠨ ᠳᠠᠬᠢᠨ ᠵᠣᠬᠢᠶᠠᠨ ᠪᠠᠶ᠋ᠢᠭᠤᠯᠬᠤ ᠤᠭᠤᠷᠠᠭ᠎ᠤᠨ ᠸᠠᠺᠼᠢᠨ᠎ᠢ ᠪᠠᠭᠲᠠᠭ᠋ᠠᠭᠰᠠᠨ ᠸᠠᠺᠼᠢᠨ᠎ᠢ ᠪᠠᠴᠢᠮ ᠬᠡᠷᠡᠭᠯᠡᠬᠦ ᠵᠢ ᠵᠥᠪᠰᠢᠶᠡᠷᠡᠵᠠᠢ ᠭᠡᠵᠦ ᠲᠠᠨᠢᠯᠴᠠᠭᠤᠯᠪᠠ᠃
  ᠲᠡᠷᠡ᠂ ᠣᠲᠣ ᠵᠢᠨ ᠦᠢ᠍ᠯᠡᠳᠪᠦᠷᠢᠯᠡᠯ᠎ᠤᠨ ᠲᠣᠬᠢᠷᠠᠭᠤᠯᠤᠯᠲᠠ᠎ᠪᠠᠷ ᠦᠵᠡᠪᠡᠯ᠂ ᠪᠥᠬᠦ ᠵᠢᠯ᠎ᠤᠨ ᠸᠠᠺᠼᠢᠨ᠎ᠤ ᠦᠢ᠍ᠯᠡᠳᠪᠤᠷᠢᠯᠡᠯ᠎ᠤᠨ ᠭᠡᠮᠵᠢᠶ᠎ᠠ᠎ᠨᠢ ᠪᠥᠬᠦ ᠤᠯᠤᠰ᠎ᠤᠨ ᠠᠷᠠᠳ ᠲᠦᠮᠡᠨ᠎ᠤ ᠲᠠᠷᠢᠯᠭ᠎ᠠ ᠬᠢᠬᠦ ᠬᠡᠷᠡᠭᠴᠡᠭᠡ ᠵᠢ ᠪᠦᠷᠢᠮᠦᠰᠦᠨ ᠬᠠᠩᠭ᠋ᠠᠵᠤ ᠴᠢᠳᠠᠨ᠎ᠠ ᠭᠡᠵᠦ ᠢᠯᠡᠳᠭᠡᠪᠡ᠃

    ᠣᠳᠣᠬᠢ ᠱᠠᠲᠤᠨ᠎ᠤ ᠶᠠᠪᠤᠵᠤ ᠰᠠᠭᠤᠬᠤ᠎ᠳᠤ ᠶᠠᠮᠠᠷ ᠲᠦᠷᠦ ᠵᠢᠨ ᠪᠤᠳᠤᠯᠭ᠎ᠠ ᠠᠪᠴᠦ ᠪᠠᠶ᠋ᠢᠭ᠎ᠠ ᠪᠤᠢ?
    《2021 ᠣᠨ᠎ᠤ ᠴᠠᠭ᠋ᠠᠨ   ᠰᠠᠷ᠎ᠠ ᠵᠢᠨ ᠵᠥᠭᠡᠭᠡᠪᠦᠷᠢ   ᠨᠢᠭᠡᠨᠲᠡ ᠠᠮᠤᠷ ᠲᠦᠪᠰᠢᠨ ᠳᠠᠭᠤᠰᠪᠠ》᠃ ᠮᠢ ᠹᠧᠩ᠂ ᠣᠳᠣᠬᠠᠨ᠎ᠳᠤ᠂ ᠤᠯᠤᠰ᠎ᠤᠨ ᠳᠣᠲᠣᠭ᠋ᠠᠳᠤ ᠵᠢᠨ ᠠᠶᠤᠯ ᠲᠦᠭᠰᠢᠭᠦᠷᠢ ᠪᠠᠭ᠋ᠠᠲᠠᠶ ᠭᠠᠵᠠᠷ ᠣᠷᠣᠨ᠎ᠳᠤ ᠡᠷᠡᠭᠦᠯ ᠮᠡᠨᠳᠦ ᠵᠢᠨ ᠨᠡᠪᠲᠡᠷᠡᠬᠦ 《ᠨᠣᠭᠤᠭ᠋ᠠᠨ ᠺᠣᠳ᠋》᠎ᠲᠠᠢ ᠪᠠᠶ᠋ᠢᠵᠤ᠂ ᠪᠡᠶ᠎ᠡ ᠵᠢᠨ ᠬᠠᠯᠠᠭᠤᠨ᠎ᠨᠢ ᠬᠡᠪ᠎ᠤᠨ ᠪᠥᠭᠡᠳ ᠬᠤᠪᠢ ᠬᠥᠮᠦᠨ᠎ᠤ ᠬᠠᠮᠠᠭ᠋ᠠᠯᠠᠯᠲᠠ ᠵᠢ ᠰᠠᠶ᠋ᠢᠲᠤᠷ ᠬᠢᠭᠰᠡᠨ ᠤᠷᠢᠲᠠᠯ ᠳᠤᠤᠷ᠎ᠠ ᠡᠮᠬᠢ ᠵᠢᠷᠤᠮ᠎ᠲᠠᠢ᠎ᠪᠠᠷ ᠶᠠᠪᠤᠵᠤ ᠰᠠᠭᠤᠵᠤ ᠪᠣᠯᠤᠨ᠎ᠠ᠂ ᠡᠯ᠎ᠡ ᠭᠠᠵᠠᠷ᠎ᠤᠨ᠎ᠬᠢᠨ ᠳᠤᠷ᠎ᠠ᠎ᠪᠠᠷ ᠵᠶ᠋ᠠᠨ ᠨᠦᠬᠦᠴᠡᠯ ᠨᠡᠮᠡᠵᠦ ᠪᠣᠯᠬᠤ ᠥᠬᠡᠶ ᠭᠡᠪᠡ᠃
    ᠲᠡᠷᠡ᠂ 31 ᠡᠳᠦᠷ ᠳᠠᠷᠠᠭ᠋ᠠᠯᠠᠨ ᠲᠤᠬᠠᠶ ᠵᠢᠨ ᠭᠠᠵᠠᠷ᠎ᠤᠨ ᠣᠨᠣᠰᠢᠯᠠᠭᠳᠠᠭᠰᠠᠨ ᠡᠪᠡᠳᠴᠢᠲᠡᠨ ᠨᠡᠮᠡᠭᠳᠡᠬᠦ ᠥᠬᠡᠶ ᠪᠣᠯᠤᠭᠰᠠᠨ᠎ᠤ ᠳᠠᠷᠠᠭ᠎ᠠ᠂ 3 ᠰᠠᠷ᠎ᠠ ᠵᠢᠨ 18᠎ᠤ ᠡᠳᠦᠷ ᠱᠠᠨᠰᠢ ᠮᠤᠵᠢ ᠵᠢᠨ ᠮᠡᠳᠡᠭᠦᠯᠦᠯᠲᠡ᠎ᠳᠤ ᠲᠤᠬᠠᠶ ᠵᠢᠨ ᠭᠠᠵᠠᠷ᠎ᠤᠨ ᠣᠨᠣᠰᠢᠯᠠᠭᠳᠠᠭᠰᠠᠨ ᠡᠪᠡᠳᠴᠢᠲᠡᠨ ᠰᠢᠨ᠎ᠡ᠎ᠪᠠᠷ 1 ᠨᠡᠮᠡᠭᠳᠡᠵᠡᠶ᠃ ᠡᠨᠡ᠎ᠨᠢ ᠮᠥᠨ ᠬᠦ᠌ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠨᠡ ᠬᠦ᠌ ᠰᠢᠵᠢᠮ᠎ᠢ ᠢᠮᠠᠭᠲᠠ ᠴᠢᠩᠭ᠋ᠠᠯᠠᠬᠤ ᠴᠢᠬᠤᠯᠠᠳᠠᠢ ᠪᠠᠶ᠋ᠢᠬᠤ ᠵᠢ ᠬᠠᠷᠠᠭᠤᠯᠵᠤ ᠪᠠᠶ᠋ᠢᠨ᠎ᠠ᠃ ᠰᠢᠨ᠎ᠡ᠎ᠪᠠᠷ ᠨᠡᠮᠡᠭᠳᠡᠭᠰᠡᠨ ᠲᠠᠷᠠᠬᠠᠶ ᠪᠤᠲᠠᠷᠬᠠᠶ ᠡᠪᠡᠳᠴᠢᠨ᠎ᠤ ᠵᠢᠱ᠌ᠢᠶ᠎ᠡ ᠵᠢ ᠨᠢᠭᠡ ᠵᠢ ᠣᠯᠵᠤ ᠮᠡᠳᠡᠪᠡᠯ ᠨᠢᠭᠡ ᠵᠢ ᠵᠠᠰᠠᠵᠦ᠂ ᠬᠡᠪᠴᠢᠶᠡᠲᠦ ᠴᠢᠨᠠᠷᠲᠠᠶ᠎ᠪᠠᠷ ᠳᠠᠬᠢᠨ ᠢᠯᠡᠷᠡᠬᠦ ᠥᠬᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠢᠯᠡᠳᠭᠡᠪᠡ᠃

     (ᠰᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ ᠵᠢᠨ 21᠎ᠤ ᠴᠠᠬᠢᠯᠭ᠋ᠠᠨ ᠮᠡᠳᠡᠭᠡ᠎ᠠᠴᠠ)

ᠢᠷᠡᠯᠲᠡ᠄ ᠲᠣᠮᠳᠠᠳᠤ ᠣᠯᠣᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠤᠷᠲᠤᠨ ᠠᠯᠬᠤᠬᠤ ᠵᠢᠨ 8 ᠠᠰᠢᠭ᠎ᠲᠠᠢ ᠲᠠᠯ᠎ᠠ
ᠭᠦᠯ ᠪᠦᠮᠪᠦᠭᠡ ᠵᠢᠨ ᠬᠦᠳᠡᠯᠭᠡᠭᠡᠨ᠎ᠳᠤ ᠢᠳᠡᠪᠬᠢᠳᠠᠢ ᠤᠷᠤᠯᠴᠠᠶ᠎ᠠ
ᠸᠠᠺᠼᠢᠨ᠎ᠤ ᠡᠷᠡᠭᠦᠯ ᠪᠣᠰᠣ ᠲᠣᠰᠬᠠᠯ᠎ᠢ ᠭᠡᠷᠬᠢᠨ ᠰᠢᠯᠭ᠋ᠠᠠ ᠪᠠᠶ᠋ᠢᠴᠠᠭ᠋ᠠᠬᠤ ᠪᠣᠢ?
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠠᠯᠳᠠᠪᠤᠷᠢᠯᠠᠬᠤ ᠵᠢ ᠰᠡᠷᠭᠡᠶ᠋ᠢᠯᠡᠨ ᠡᠵᠡᠮᠳᠡᠬᠦ ᠬᠠᠮᠤᠭ᠎ᠤᠨ ᠪᠦᠲᠦᠮᠵᠢᠲᠡᠶ ᠠᠷᠭ᠎ᠠ ᠮᠥᠨ
ᠰᠤᠷᠭ᠋ᠠᠨ ᠬᠥᠮᠦᠵᠢᠯ᠎ᠤᠨ ᠶᠠᠮᠤᠨ᠎ᠠᠴᠠ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠣᠳᠣᠬᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ 4 ᠲᠠᠯ᠎ᠠ᠎ᠪᠠᠷ ᠰᠠᠶ᠋ᠢᠲᠤᠷ ᠬᠢᠬᠦ ᠲᠤᠬᠠᠢ ᠪᠢᠴᠢᠭ ᠮᠠᠲ᠋ᠧᠷᠢᠶᠠᠯ ᠪᠠᠭᠤᠯᠭ᠋ᠠᠪᠠ
 
            