《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠠᠯᠳᠠᠪᠤᠷᠢᠯᠠᠬᠤ ᠵᠢ ᠰᠡᠷᠭᠡᠶ᠋ᠢᠯᠡᠨ ᠡᠵᠡᠮᠳᠡᠬᠦ ᠬᠠᠮᠤᠭ᠎ᠤᠨ ᠪᠦᠲᠦᠮᠵᠢᠲᠡᠶ ᠠᠷᠭ᠎ᠠ ᠬᠡᠮᠵᠢᠶ᠎ᠡ ᠮᠦᠨ᠂ ᠮᠦᠨ ᠴᠤ᠌ ᠬᠠᠮᠤᠭ᠎ᠤᠨ ᠰᠢᠨᠵᠢᠯᠡᠬᠦ ᠤᠬᠠᠭ᠋ᠠᠨᠴᠢ ᠠᠷᠭ᠎ᠠ ᠪᠣᠳᠣᠯᠭ᠎ᠠ ᠮᠥᠨ》 ᠭᠡᠵᠤ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠤᠨ ᠰᠡᠷᠭᠡᠶ᠋ᠢᠯᠡᠨ ᠡᠵᠡᠮᠳᠡᠬᠦ ᠬᠤᠶᠠᠳᠤᠭ᠋ᠠᠷ ᠭᠠᠵᠠᠷ᠎ᠤᠨ ᠳᠡᠳ᠋ ᠳᠠᠷᠤᠭ᠎ᠠ ᠶᠠᠨ ᠱᠤᠤ ᠬᠤᠩ ᠢᠯᠡᠷᠬᠡᠶ᠋ᠢᠯᠡᠪᠡ᠃ ᠳᠡᠯᠡᠬᠡᠢ ᠵᠢᠨ ᠬᠢᠵᠢᠭ᠎ᠤᠨ ᠪᠠᠶ᠋ᠢᠳᠠᠯ ᠵᠢᠴᠢ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠲᠤᠷᠰᠢᠯᠭ᠎ᠠ ᠵᠢ ᠦᠨᠳᠦᠰᠦᠯᠡᠨ᠂ ᠸᠠᠺᠼᠢᠨ᠎ᠤ ᠲᠠᠷᠢᠯᠭ᠎ᠠ ᠵᠢ ᠲᠦᠷᠭᠡᠳᠬᠡᠬᠦ ᠪᠣᠯ ᠣᠳᠣᠬᠠᠨ᠎ᠤ ᠬᠢᠵᠢᠭ᠎ᠢ ᠰᠡᠷᠭᠡᠶ᠋ᠢᠯᠡᠨ ᠡᠵᠡᠮᠳᠡᠬᠦ ᠬᠦᠴᠦᠲᠡᠶ ᠠᠷᠭ᠎ᠠ ᠪᠠᠷᠢᠯ ᠮᠥᠨ᠃
《ᠮᠠᠨ᠎ᠤ ᠤᠯᠤᠰ᠎ᠤᠨ ᠵᠣᠩᠬᠢᠯᠠᠬᠤ ᠤᠯᠠᠨ ᠬᠥᠮᠦᠨ ᠰᠢᠨ᠎ᠡ ᠲᠢᠲᠢᠮᠯᠢᠭ ᠸᠢᠷᠦ᠋ᠰ᠎ᠲᠤ ᠬᠠᠨᠳᠤᠬᠰᠠᠨ ᠦᠯᠦ ᠬᠠᠯᠳᠠᠭ᠋ᠠᠬᠤ ᠴᠢᠳᠠᠪᠤᠷᠢ ᠦᠬᠡᠢ᠂ ᠰᠢᠨ᠎ᠡ ᠲᠢᠲᠢᠮᠯᠢᠭ ᠸᠢᠷᠦ᠋ᠰ᠎ᠲᠤ ᠠᠮᠠᠷᠬᠠᠨ ᠬᠠᠯᠳᠠᠪᠤᠷᠢᠯᠠᠭᠳᠠᠳᠠᠭ᠃ ᠬᠠᠯᠳᠠᠪᠤᠷᠢᠯᠠᠵᠤ ᠡᠪᠡᠳᠴᠢᠯᠡᠭᠰᠡᠨ᠎ᠤ ᠳᠠᠷᠠᠭ᠎ᠠ ᠵᠠᠷᠢᠮ ᠬᠥᠮᠦᠨ ᠪᠠᠰᠠ ᠬᠦᠨᠳᠦ ᠲᠦᠭᠰᠢᠭᠦᠷᠢᠲᠡᠢ ᠡᠪᠡᠳᠴᠢᠯᠡᠵᠤ᠂ ᠴᠢᠨᠠᠭᠰᠢᠯᠠᠪᠠᠯ ᠦᠬᠦᠬᠦ ᠠᠶᠤᠯᠲᠠᠢ ᠪᠣᠯᠳᠠᠭ᠃ ᠸᠠᠺᠼᠢᠨ᠎ᠤ ᠲᠠᠷᠢᠯᠭ᠎ᠠ ᠲᠠᠷᠢᠭᠰᠠᠨ᠎ᠤ ᠳᠠᠷᠠᠭ᠎ᠠ᠂ ᠨᠢᠭᠡ ᠲᠠᠯ᠎ᠠ᠎ᠪᠠᠷ ᠣᠯᠠᠩᠬᠢ ᠬᠥᠮᠦᠰ ᠡᠭᠡᠯᠢᠯᠡᠭᠡ ᠵᠢᠨ ᠴᠢᠳᠠᠪᠤᠷᠢ ᠡᠬᠦᠰᠴᠤ᠂ ᠡᠪᠡᠳᠴᠢᠨ ᠡᠭᠦᠰᠬᠦ᠂ ᠬᠦᠨᠳᠦ ᠡᠪᠡᠳᠴᠢᠨ ᠤᠯᠬᠤ ᠪᠠ ᠥᠭᠦᠬᠦ ᠲᠦᠭᠰᠢᠭᠦᠷᠢ ᠵᠢ ᠪᠦᠲᠦᠮᠵᠢᠲᠡᠶ ᠪᠠᠭᠤᠷᠠᠭᠤᠯᠵᠤ ᠪᠣᠯᠤᠨ᠎ᠠ; ᠨᠥᠭᠦᠭᠡ ᠲᠠᠯ᠎ᠠ᠎ᠪᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠡᠮᠬᠢ ᠵᠢᠷᠤᠮ᠎ᠲᠠᠢ᠎ᠪᠠᠷ ᠳᠠᠷᠢᠬᠤ᠎ᠪᠠᠷ ᠳᠡᠮᠵᠢᠨ᠂ ᠬᠥᠮᠦᠰ᠎ᠤᠨ ᠳᠤᠮᠳᠠ ᠡᠭᠡᠯᠢᠯᠡᠭᠡ ᠵᠢᠨ ᠬᠠᠯᠬᠠᠪᠴᠢ ᠵᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠳᠡᠯᠭᠡᠷᠡᠬᠦ ᠵᠢ ᠬᠤᠷᠢᠭᠯᠠᠵᠤ᠂ ᠮᠠᠨ᠎ᠤ ᠤᠯᠤᠰ᠎ᠤᠨ ᠨᠡᠶ᠋ᠢᠭᠡᠮ ᠠᠵᠤ ᠠᠬᠤᠶ᠂ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠪ᠎ᠤᠨ ᠡᠷᠭᠢᠯᠲᠡ ᠵᠢ ᠲᠦᠷᠭᠡᠬᠡᠨ ᠰᠡᠷᠭᠦᠭᠡᠵᠦ ᠪᠣᠯᠤᠨ᠎ᠠ》 ᠭᠡᠵᠦ ᠶᠠᠨ ᠱᠤᠤ ᠬᠤᠩ ᠬᠡᠯᠡᠨ᠎ᠡ᠃
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠨᠢ ᠬᠥᠮᠦᠨ᠎ᠤ ᠪᠡᠶ᠎ᠡ᠎ᠳᠤ ᠬᠡᠷᠬᠢᠨ ᠦᠢ᠍ᠯᠡᠳᠦᠯ ᠦᠵᠡᠭᠦᠯᠵᠦ ᠪᠠᠶ᠋ᠢᠬᠤ ᠪᠣᠶ? ᠸᠠᠺᠼᠢᠨ᠎ᠤ ᠲᠠᠷᠢᠯᠭ᠎ᠠ ᠲᠠᠷᠢᠭᠰᠠᠨ᠎ᠤ ᠳᠠᠷᠠᠭ᠎ᠠ ᠬᠥᠮᠦᠨ᠎ᠤ ᠪᠡᠶ᠎ᠡ᠎ᠳᠤ ᠬᠠᠮᠠᠭ᠋ᠠᠯᠠᠬᠤ ᠴᠢᠨᠠᠷᠲᠠᠶ ᠠᠨᠲ᠋ᠢᠪᠤᠳᠢ ᠡᠭᠦᠰᠴᠦ᠂ ᠵᠠᠷᠢᠮ ᠸᠠᠺᠼᠢᠨ᠎ᠨᠢ ᠪᠠᠰᠠ ᠬᠥᠮᠦᠨ᠎ᠤ ᠪᠡᠶ᠎ᠡ᠎ᠳᠤ ᠡᠰ᠎ᠤᠨ ᠡᠭᠡᠯᠢᠯᠡᠭᠡ ᠡᠭᠦᠰᠭᠡᠵᠦ᠂ ᠵᠣᠬᠢᠬᠤ ᠡᠭᠡᠯᠢᠯᠡᠭᠡ ᠵᠢᠨ ᠴᠡᠭᠡᠵᠢᠯᠡᠬᠦᠢ ᠵᠢ ᠪᠣᠶ ᠪᠣᠯᠭ᠋ᠠᠳᠠᠭ᠃ ᠡᠶ᠋ᠢᠨ ᠬᠦ᠌ ᠬᠥᠮᠦᠨ᠎ᠤ ᠪᠡᠶ᠎ᠡ ᠡᠪᠡᠳᠴᠢᠨ᠎ᠢ ᠡᠰᠡᠷᠭᠦᠴᠡᠬᠦ ᠡᠭᠡᠯᠢᠯᠡᠬᠦ ᠴᠢᠳᠠᠪᠤᠷᠢ᠎ᠲᠠᠢ ᠪᠣᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠥᠮᠦᠨ᠎ᠤ ᠪᠡᠶ᠎ᠡ᠎ᠳᠤ ᠬᠠᠯᠳᠠᠪᠤᠷᠢᠯᠠᠪᠠᠯ᠂ ᠸᠠᠺᠼᠢᠨ᠎ᠠᠴᠠ ᠡᠭᠦᠰᠦᠭᠰᠡᠨ ᠠᠨᠲ᠋ᠢᠪᠤᠳᠢ᠂ ᠡᠰ᠎ᠤᠨ ᠡᠭᠡᠯᠢᠯᠡᠭᠡ ᠵᠢᠨ ᠭᠠᠷᠭ᠋ᠠᠭᠰᠠᠨ ᠡᠰ᠎ᠤᠨ ᠡᠯᠧᠮᠧᠨ᠋ᠲ᠎ᠢ ᠢᠯᠭ᠋ᠠᠨ ᠲᠠᠨᠢᠵᠤ᠂ ᠸᠢᠷᠦ᠋ᠰ᠎ᠢ ᠰᠠᠭ᠋ᠠᠷᠮᠠᠭᠵᠢᠭᠤᠯᠬᠤ ᠪᠤᠶᠤ ᠤᠰᠠᠳᠬᠠᠵᠤ ᠪᠣᠯᠤᠨ᠎ᠠ᠃ ᠡᠭᠡᠯᠢᠯᠡᠭᠡ ᠵᠢᠨ ᠴᠡᠭᠡᠵᠢᠯᠡᠬᠦᠶ᠎ᠨᠢ ᠪᠠᠰᠠ ᠡᠭᠡᠯᠢᠯᠡᠭᠡ ᠵᠢᠨ ᠰᠢᠰᠲ᠋ᠧᠮ᠎ᠤᠨ ᠦᠢ᠍ᠯᠡᠳᠤᠯ᠎ᠢ ᠮᠠᠰᠢ ᠲᠦᠷᠭᠡᠨ ᠳᠠᠶ᠋ᠢᠴᠢᠯᠠᠵᠤ᠂ ᠸᠢᠷᠦ᠋ᠰ᠎ᠢ ᠪᠡᠶ᠎ᠡ ᠳᠣᠲᠣᠷ᠎ᠠ ᠦᠷᠭᠦᠯᠵᠢᠯᠡᠨ ᠦᠷᠡᠵᠢᠭᠦ ᠵᠢᠨ ᠠᠷᠭ᠎ᠠ ᠦᠭᠡᠢ ᠪᠣᠯᠭ᠋ᠠᠵᠤ᠂ ᠡᠭᠦᠨ᠎ᠤ ᠤᠯᠠᠮ᠎ᠠᠴᠠ ᠡᠪᠡᠳᠴᠢᠨ᠎ᠢ ᠤᠷᠢᠳᠴᠢᠯᠠᠨ ᠰᠡᠷᠭᠡᠶ᠋ᠢᠯᠡᠬᠦ ᠵᠣᠷᠢᠯᠭ᠎ᠠ᠎ᠳᠤ ᠬᠦᠷᠳᠡᠭ ᠭᠡᠵᠤ ᠶᠠᠨ ᠱᠤᠤ ᠬᠤᠩ ᠳᠠᠨᠢᠯᠴᠠᠭᠤᠯᠪᠠ᠃
ᠶᠠᠨ ᠱᠤᠤ ᠬᠤᠩ᠂ 60 ᠨᠠᠰᠤ ᠵᠢᠴᠢ 60 ᠨᠠᠰᠤᠨ᠎ᠠᠴᠠ ᠳᠡᠭᠡᠭᠰᠢᠬᠢ ᠬᠥᠮᠦᠰ ᠪᠣᠯ ᠰᠢᠨ᠎ᠡ ᠲᠢᠲᠢᠮᠯᠢᠭ ᠸᠢᠷᠦ᠋ᠰ᠎ᠲᠤ ᠬᠠᠯᠳᠠᠪᠤᠷᠢᠯᠠᠭᠳᠠᠭᠰᠠᠨᠤ ᠳᠠᠷᠠᠭ᠋ᠠᠬᠢ ᠬᠦᠨᠳᠦ ᠡᠪᠡᠳᠴᠢᠲᠡᠨ ᠪᠤᠯᠵᠤ᠂ ᠠᠶᠤᠯ ᠲᠦᠭᠰᠢᠭᠦᠷᠢ ᠶᠡᠬᠡᠲᠡᠢ ᠬᠥᠮᠦᠰ ᠪᠤᠯᠳᠠᠭ᠃ ᠡᠮᠴᠢᠯᠡᠭᠡᠨ᠎ᠤ ᠰᠤᠳᠤᠯᠭ᠋ᠠᠨ᠎ᠤ ᠲᠤᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ ᠲᠣᠰ ᠪᠦᠯᠦᠭ ᠬᠥᠮᠦᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠵᠢᠨ ᠠᠮᠤᠷ ᠲᠦᠪᠰᠢᠨ ᠴᠢᠨᠠᠷ᠎ᠨᠢ ᠨᠡᠯᠢᠶᠡᠳ ᠰᠠᠶ᠋ᠢᠨ ᠪᠠᠶ᠋ᠢᠵᠤ᠂ 18 — 59 ᠨᠠᠰᠤᠨ᠎ᠤ ᠬᠥᠮᠦᠰ᠎ᠲᠠᠢ ᠬᠠᠷᠢᠴᠠᠭᠤᠯᠪᠠᠯ᠂ ᠲᠠᠷᠢᠯᠭ᠎ᠠ ᠲᠠᠷᠢᠭᠰᠠᠨ᠎ᠤ ᠳᠠᠷᠠᠭ᠎ᠠ ᠰᠠᠭ᠋ᠠᠷᠮᠠᠭᠵᠢᠭᠰᠠᠨ ᠠᠨᠲ᠋ᠢᠪᠤᠳᠢ ᠵᠢᠨ ᠬᠡᠮᠵᠢᠶ᠎ᠡ᠎ᠨᠢ ᠵᠢᠭ᠋ᠠᠬᠠᠨ ᠳᠤᠤᠷ᠎ᠠ ᠪᠣᠯᠪᠠᠴᠤ ᠰᠠᠭ᠋ᠠᠷᠮᠠᠭᠵᠢᠭᠰᠠᠨ ᠠᠨᠲ᠋ᠢᠪᠤᠳᠢ ᠵᠢᠨ ᠠᠷᠭ᠎ᠠ ᠡᠷᠬᠢᠮᠵᠢᠨᠢ ᠠᠳᠠᠯᠢᠪᠲᠤᠷ ᠪᠠᠶ᠋ᠢᠵᠤ᠂ 60 ᠨᠠᠰᠤᠨ᠎ᠠᠴᠠ ᠳᠡᠭᠡᠭᠰᠢᠬᠢ ᠬᠥᠮᠦᠰ᠎ᠲᠤ ᠪᠠᠰᠠ ᠵᠣᠬᠢᠬᠤ ᠬᠡᠮᠵᠢᠶᠡᠨ᠎ᠤ ᠬᠠᠮᠠᠭ᠋ᠠᠯᠠᠬᠤ ᠦᠢ᠍ᠯᠡᠳᠤᠯ ᠦᠵᠡᠭᠦᠯᠬᠦ ᠵᠢ ᠬᠡᠷᠡᠴᠢᠯᠡᠵᠤ ᠪᠤᠢ᠂ ᠡᠶ᠋ᠢᠮᠦ᠎ᠠᠴᠠ ᠡᠳᠡᠭᠡᠷ ᠬᠦᠮᠦᠰ᠎ᠲᠤ ᠲᠠᠷᠢᠯᠭ᠎ᠠ ᠲᠠᠷᠢᠬᠤ ᠵᠢ ᠰᠠᠨᠠᠭᠤᠯᠵᠤ ᠪᠠᠶ᠋ᠢᠨ᠎ᠠ ᠭᠡᠵᠤ ᠶᠠᠨ ᠱᠤᠤ ᠬᠤᠩ ᠢᠯᠡᠷᠬᠡᠶ᠋ᠢᠯᠡᠪᠡ᠃
《ᠨᠠᠰᠤᠲᠠᠶ᠋ᠢᠴᠤᠳ᠎ᠤᠨ ᠰᠠᠭᠤᠷᠢ ᠴᠢᠨᠠᠷᠲᠠᠶ ᠡᠪᠡᠳᠴᠢᠨ ᠪᠠᠶ᠋ᠢᠬᠤ ᠬᠠᠷᠢᠴᠠᠯ᠎ᠨᠢ ᠨᠡᠯᠢᠶᠡᠳ ᠶᠡᠭᠡ ᠪᠣᠯᠪᠠᠴᠤ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠰᠡᠷᠭᠡᠶ᠋ᠢᠯᠡᠬᠦ᠎ᠳᠤ ᠬᠠᠮᠠᠭ᠋ᠠᠯᠠᠬᠤ ᠴᠢᠬᠤᠯᠠᠲᠠᠶ ᠭᠤᠤᠯᠳᠠᠯᠭ᠎ᠠ᠎ᠲᠠᠢ ᠬᠥᠮᠦᠰ ᠪᠣᠯᠤᠨ᠎ᠠ᠂ ᠡᠶ᠋ᠢᠮᠦ᠎ᠠᠴᠠ ᠸᠠᠺᠼᠢᠨ ᠳᠠᠷᠢᠬᠤ ᠶᠠᠪᠤᠴᠠ᠎ᠳᠤ ᠣᠨᠴᠠᠭ᠋ᠠᠶ᠋ᠢᠯᠠᠨ ᠠᠩᠬᠠᠷᠬᠤ ᠬᠡᠷᠡᠭᠲᠡᠶ》᠃ ᠰᠠᠭᠤᠷᠢ ᠴᠢᠨᠠᠷᠲᠠᠶ ᠡᠪᠡᠳᠴᠢᠨ᠎ᠲᠠᠢ ᠨᠠᠰᠤᠲᠠᠶ᠋ᠢᠴᠤᠳ᠎ᠤᠨ ᠰᠠᠭᠤᠷᠢ ᠴᠢᠨᠠᠷᠲᠠᠶ ᠡᠪᠡᠳᠴᠢᠨ᠎ᠢ ᠡᠮ ᠲᠠᠩ ᠵᠡᠷᠭᠡ ᠡᠩ᠎ᠤᠨ ᠡᠮᠴᠢᠯᠡᠭᠡ᠎ᠪᠠᠷ ᠨᠢᠭᠡᠨᠲᠡ ᠮᠠᠰᠢ ᠰᠠᠶ᠋ᠢᠨ ᠬᠢᠵᠠᠭ᠋ᠠᠷᠯᠠᠵᠤ ᠴᠢᠳᠠᠭᠰᠠᠨ ᠪᠠᠶ᠋ᠢᠪᠠᠯ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ ᠳᠠᠷᠢᠵᠤ ᠪᠣᠯᠤᠨ᠎ᠠ; ᠬᠡᠷᠪᠡ ᠰᠠᠭᠤᠷᠢ ᠴᠢᠨᠠᠷᠲᠠᠶ ᠡᠪᠡᠳᠴᠢᠨ᠎ᠨᠢ ᠶᠠᠭ ᠲᠦᠷᠭᠡᠨ ᠴᠢᠨᠠᠷᠲᠠᠶ ᠬᠥᠳᠡᠯᠬᠦ ᠬᠤᠭᠤᠴᠠᠭ᠋ᠠᠨ᠎ᠳᠤ ᠪᠠᠶ᠋ᠢᠪᠠᠯ᠂ ᠡᠮᠴᠢ ᠵᠢᠨ ᠰᠠᠨᠠᠭᠤᠯᠭ᠎ᠠ ᠵᠢ ᠦᠨᠳᠦᠰᠦᠯᠡᠨ ᠲᠠᠷᠢᠯᠭ᠎ᠠ ᠲᠠᠷᠢᠬᠤ ᠵᠢ ᠬᠤᠶ᠋ᠢᠰᠢᠯᠠᠭᠤᠯᠬᠤ ᠵᠢ ᠪᠣᠳᠣᠯᠬᠢᠯᠠᠬᠤ ᠬᠡᠷᠡᠭᠳᠡᠢ ᠭᠡᠵᠤ ᠶᠠᠨ ᠱᠤᠤ ᠬᠤᠩ ᠴᠢᠬᠤᠯᠠᠴᠢᠯᠠᠪᠠ᠃