5 ᠰᠠᠷ᠎ᠠ ᠵᠢᠨ 21᠎ᠤ ᠡᠳᠦᠷ᠂ ᠰᠤᠷᠭ᠋ᠠᠨ ᠬᠥᠮᠦᠵᠢᠯ᠎ᠤᠨ ᠶᠠᠮᠤᠨ᠎ᠠᠴᠠ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠣᠳᠣᠬᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠦᠨᠡᠨ ᠬᠦ᠌ ᠰᠠᠶ᠋ᠢᠲᠤᠷ ᠬᠢᠬᠦ ᠲᠤᠬᠠᠶ ᠪᠠᠶ᠋ᠢᠷᠢᠯᠠᠭᠤᠯᠪᠠ᠃ ᠪᠣᠳᠠᠲᠠᠶ ᠠᠭᠤᠯᠭ᠎ᠠ ᠵᠢ ᠬᠠᠮᠲᠤ᠎ᠳᠤ᠎ᠪᠠᠨ ᠦᠵᠡᠵᠡᠭᠡᠶ᠎ᠡ᠃
ᠮᠡᠳᠡᠭᠳᠡᠯ᠎ᠳᠤ᠂ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠪᠣᠯᠤᠨ ᠳᠡᠭᠡᠳᠦ ᠰᠤᠷᠭ᠋ᠠᠭᠤᠯᠢ ᠵᠢᠨ᠎ᠬᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ᠃ ᠣᠳᠣᠬᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ ᠪᠠᠶ᠋ᠢᠭ᠎ᠠ ᠪᠠᠶ᠋ᠢᠳᠠᠯ᠎ᠢ ᠰᠡᠷᠭᠡᠭ ᠵᠶ᠋ᠠᠷ ᠲᠠᠨᠢᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠯᠠᠵᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠲᠣᠭᠲᠠᠴᠠ᠎ᠠᠴᠠ ᠣᠶ᠋ᠢᠷ᠎ᠠ᠎ᠳᠤ ᠳᠠᠷᠤᠮᠠᠯᠯᠠᠨ ᠲᠠᠷᠬᠠᠭ᠋ᠠᠭᠰᠠᠨ 《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠰᠡᠷᠭᠡᠶ᠋ᠢᠯᠡᠨ ᠡᠵᠡᠮᠳᠡᠬᠦ ᠲᠥᠰᠦᠯ (ᠨᠠᠢ᠍ᠮᠠᠳᠤᠭ᠋ᠠᠷ ᠬᠡᠪᠯᠡᠯ)᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 ᠪᠣᠯᠤᠨ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠰᠤᠷᠭ᠋ᠠᠨ ᠬᠥᠮᠦᠵᠢᠯ᠎ᠤᠨ ᠶᠠᠮᠤᠨ᠎ᠤ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ ᠪᠠ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ ᠵᠢᠨ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠮᠡᠷᠭᠡᠵᠢᠯ᠎ᠤᠨ ᠲᠥᠰᠦᠯ (ᠭᠤᠷᠪᠠᠳᠤᠭ᠋ᠠᠷ ᠬᠡᠪᠯᠡᠯ)᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》᠎ᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ 《ᠬᠥᠮᠦᠨ》 《ᠪᠣᠳᠠᠰ》 ᠪᠣᠯᠤᠨ ᠣᠷᠴᠢᠨ ᠲᠣᠭᠤᠷᠢᠨ᠎ᠢ ᠵᠡᠷᠭᠡ᠎ᠪᠠᠷ ᠪᠠᠶ᠋ᠢᠴᠠᠭ᠋ᠠᠬᠤ᠂ ᠬᠠᠮᠲᠤ᠎ᠪᠠᠷ ᠰᠡᠷᠭᠡᠶ᠋ᠢᠯᠡᠬᠦ ᠪᠠ ᠣᠯᠠᠨ ᠡᠪᠡᠳᠴᠢᠨ᠎ᠢ ᠬᠠᠮᠲᠤ᠎ᠪᠠᠷ ᠰᠡᠷᠭᠡᠶ᠋ᠢᠯᠡᠬᠦ ᠵᠡᠷᠭᠡ ᠰᠤᠷᠭ᠋ᠠᠭᠤᠯᠢ ᠵᠢᠨ ᠬᠦᠷᠢᠶᠡᠨ᠎ᠤ ᠪᠠᠶ᠋ᠢᠩᠭᠤᠵᠢᠭᠰᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠪᠣᠳᠤᠯᠭ᠎ᠠ ᠵᠢ ᠪᠥᠬᠦ ᠲᠠᠯ᠎ᠠ᠎ᠪᠠᠷ ᠨᠠᠷᠢᠯᠢᠭ ᠨᠠᠶ᠋ᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠬᠦᠷᠢᠶᠡᠨ᠎ᠤ ᠤᠯᠤᠰ ᠵᠶ᠋ᠠᠨ ᠬᠠᠶ᠋ᠢᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠭᠦᠨᠵᠡᠭᠡᠢ ᠥᠷᠨᠢᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠣᠷᠴᠢᠨ ᠲᠣᠭᠤᠷᠢᠨ᠎ᠤ ᠡᠷᠡᠭᠦᠯ ᠬᠠᠮᠠᠭ᠋ᠠᠯᠠᠯ᠎ᠢ ᠴᠡᠭᠴᠡᠯᠡᠨ ᠵᠠᠰᠠᠬᠤ ᠵᠢ ᠴᠢᠩᠭ᠋ᠠᠳᠬᠠᠵᠤ᠂ ᠭᠤᠣᠯᠳᠠᠯᠭ᠋ᠠᠲᠠᠢ ᠲᠠᠯᠠᠪᠤᠷ᠂ ᠵᠠᠩᠭᠢᠯᠠᠭ᠎ᠠ ᠵᠢᠨ ᠭᠤᠭᠴᠤᠭ᠋ᠠᠨ᠎ᠤ ᠣᠷᠴᠢᠨ ᠲᠣᠭᠤᠷᠢᠨ᠎ᠢ ᠪᠠᠶ᠋ᠢᠴᠠᠭ᠋ᠠᠬᠤ ᠪᠠ ᠠᠷᠢᠭᠤᠳᠬᠠᠬᠤ ᠵᠢ ᠴᠢᠩᠭ᠋ᠠᠳᠬᠠᠬᠤ ᠬᠡᠷᠡᠭᠲᠡᠢ᠃ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠪᠣᠯᠤᠨ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠵᠤ᠂ ᠪᠠᠭᠰᠢ ᠰᠤᠷᠤᠭᠴᠢᠳ᠎ᠤᠨ ᠪᠡᠶ᠎ᠡ ᠰᠡᠳᠬᠢᠯ᠎ᠤᠨ ᠡᠷᠡᠭᠦᠯ ᠮᠡᠨᠳᠦ᠂ ᠰᠤᠷᠭ᠋ᠠᠭᠤᠯᠢ ᠵᠢᠨ ᠬᠦᠷᠢᠶᠡᠨ᠎ᠤ ᠡᠶ᠎ᠡ ᠵᠣᠬᠢᠴᠠᠩᠭᠤᠢ ᠲᠣᠭᠲᠠᠭᠤᠨ ᠪᠠᠶ᠋ᠢᠬᠤ ᠵᠢ ᠪᠠᠲᠤᠯᠠᠬᠤ ᠬᠡᠷᠡᠭᠲᠡᠢ᠃ ᠮᠡᠳᠡᠭᠡ ᠵᠠᠩᠭᠢᠴᠢᠯᠠᠯᠲᠠ ᠵᠢᠨ ᠠᠷᠭ᠎ᠠ ᠪᠠᠷᠢᠯ᠎ᠢ ᠭᠦᠢ᠍ᠴᠡᠳ ᠬᠡᠷᠡᠭᠯᠡᠨ ᠪᠠᠭᠰᠢ ᠰᠤᠷᠤᠭᠴᠢᠳ᠎ᠤᠨ ᠡᠷᠡᠭᠦᠯ ᠮᠡᠨᠳᠦ ᠵᠢᠨ ᠪᠠᠶ᠋ᠢᠳᠠᠯ᠎ᠢ ᠣᠨᠣᠪᠴᠢᠲᠠᠶ ᠡᠵᠡᠮᠰᠢᠵᠦ᠂ ᠪᠠᠭᠰᠢ ᠰᠤᠷᠤᠭᠴᠢᠳ᠎ᠢ ᠬᠥᠲᠥᠯᠥᠨ ᠵᠢᠯᠣᠭᠤᠳᠴᠤ ᠡᠷᠡᠭᠦᠯ ᠮᠡᠨᠳᠦ ᠵᠢᠨ ᠪᠠᠶ᠋ᠢᠴᠠᠭ᠋ᠠᠯᠲᠠ ᠬᠢᠬᠦ ᠵᠢ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠳᠬᠠᠨ᠂ ᠰᠡᠵᠢᠭᠯᠡᠯᠲᠡᠶ ᠡᠪᠡᠳᠴᠢᠨ᠎ᠤ ᠪᠠᠶ᠋ᠢᠳᠠᠯ᠎ᠢ ᠴᠠᠭ ᠲᠤᠬᠠᠶ᠎ᠳᠤᠨᠢ ᠰᠤᠷᠭ᠋ᠠᠭᠤᠯᠢ᠎ᠳᠤ ᠮᠡᠳᠡᠭᠦᠯᠵᠦ᠂ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠬᠦᠷᠴᠦ ᠰᠢᠯᠭ᠋ᠠᠨ ᠪᠠᠶ᠋ᠢᠴᠠᠭ᠋ᠠᠬᠤ ᠬᠡᠷᠡᠭᠲᠡᠶ ᠭᠡᠵᠦ ᠱᠠᠭ᠋ᠠᠷᠳᠠᠪᠠ᠃
ᠮᠡᠳᠡᠭᠳᠡᠯ᠎ᠳᠤ᠂ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠪᠣᠯᠤᠨ ᠳᠡᠭᠡᠳᠦ ᠰᠤᠷᠭ᠋ᠠᠭᠤᠯᠢ ᠵᠢᠨ᠎ᠬᠢᠨ ᠴᠤᠭᠯᠠᠷᠠᠯ᠎ᠤᠨ ᠴᠢᠨᠠᠷᠲᠠᠶ ᠬᠢᠵᠢᠭ᠎ᠤᠨ ᠪᠠᠶ᠋ᠢᠳᠠᠯ᠎ᠢ ᠠᠷᠭ᠋ᠠᠴᠠᠬᠤ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃ 《ᠡᠩ᠎ᠤᠨ ᠦᠶ᠎ᠡ ᠪᠠ ᠲᠠᠶ᠋ᠢᠯᠠᠯᠳᠤᠭ᠋ᠠᠨ᠎ᠤ ᠦᠶ᠎ᠡ ᠵᠢ ᠤᠶᠠᠯᠳᠤᠭᠤᠯᠬᠤ》 ᠵᠢ ᠪᠠᠷᠢᠮᠲᠠᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠤᠳᠤᠷᠢᠳᠬᠤ ᠪᠠᠶ᠋ᠢᠭᠤᠯᠤᠮᠵᠢ᠂ ᠪᠠᠴᠢᠮ ᠪᠠᠶ᠋ᠢᠳᠠᠯ᠎ᠢ ᠠᠷᠭ᠋ᠠᠴᠠᠬᠤ ᠲᠣᠭᠲᠠᠴᠠ᠂ ᠵᠢᠯᠣᠭᠤᠳᠬᠤ ᠰᠢᠰᠲ᠋ᠧᠮ᠎ᠤᠨ ᠬᠡᠪ᠎ᠤᠨ ᠠᠵᠢᠯᠯᠠᠭ᠎ᠠ ᠵᠢ ᠪᠠᠲᠤᠯᠠᠬᠤ ᠬᠡᠷᠡᠭᠲᠡᠢ᠃ ᠲᠤᠬᠠᠶ ᠵᠢᠨ ᠭᠠᠵᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠵᠡᠷᠭᠡ ᠰᠠᠯᠠᠭ᠎ᠠ ᠮᠥᠴᠢᠷ᠎ᠯᠦᠭᠡ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠴᠤᠭᠯᠠᠷᠠᠯ᠎ᠤᠨ ᠴᠢᠨᠠᠷᠲᠠᠶ ᠬᠢᠵᠢᠭ᠎ᠤᠨ ᠪᠠᠶ᠋ᠢᠳᠠᠯ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠂ ᠬᠥᠮᠦᠨ᠎ᠤ ᠬᠦᠴᠦᠨ᠂ ᠡᠳ᠋ ᠪᠣᠳᠠᠰ᠂ ᠪᠠᠶ᠋ᠢᠴᠠᠭ᠋ᠠᠬᠤ ᠴᠢᠳᠠᠪᠤᠷᠢ ᠵᠡᠷᠭᠡ ᠵᠢ ᠨᠥᠭᠡᠴᠡᠯᠡᠬᠦ ᠠᠵᠢᠯ᠎ᠢ ᠤᠷᠢᠳᠴᠢᠯᠠᠨ ᠰᠠᠶ᠋ᠢᠲᠤᠷ ᠬᠢᠵᠦ᠂ ᠣᠯᠠᠨ ᠲᠠᠯᠠᠪᠤᠷ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠥᠷᠨᠢᠭᠦᠯᠬᠦ ᠬᠡᠷᠡᠭᠲᠡᠶ᠃ ᠴᠤᠭᠯᠠᠷᠠᠯ᠎ᠤᠨ ᠴᠢᠨᠠᠷᠲᠠᠶ ᠬᠢᠵᠢᠭ᠎ᠤᠨ ᠪᠠᠶ᠋ᠢᠳᠠᠯ ᠭᠠᠷᠪᠠᠯ᠂ ᠰᠤᠷᠭ᠋ᠠᠭᠤᠯᠢ ᠵᠢᠨ ᠬᠦᠷᠢᠶ᠎ᠡ ᠵᠢ ᠪᠢᠲᠡᠭᠦᠮᠵᠢᠯᠡᠨ ᠬᠠᠮᠢᠶᠠᠷᠬᠤ᠂ ᠰᠦᠯᠵᠢᠶᠡᠨ ᠭᠠᠳᠠᠨᠠᠬᠢ ᠵᠢᠭ᠋ᠠᠨ ᠰᠤᠷᠭ᠋ᠠᠯᠲᠠ ᠵᠢ ᠵᠣᠭᠰᠣᠭ᠋ᠠᠬᠤ᠂ ᠰᠦᠯᠵᠢᠶᠡᠨ᠎ᠤ ᠵᠢᠭ᠋ᠠᠨ ᠰᠤᠷᠭ᠋ᠠᠯᠲᠠ ᠵᠢᠨ ᠪᠡᠯᠡᠳᠬᠡᠯ ᠲᠥᠰᠦᠯ᠎ᠢ ᠡᠬᠢᠯᠡᠭᠦᠯᠬᠦ ᠵᠡᠷᠭᠡ ᠠᠷᠭ᠎ᠠ ᠬᠡᠮᠵᠢᠶ᠎ᠡ ᠵᠢ ᠠᠪᠬᠤ ᠬᠡᠷᠡᠭᠲᠡᠢ᠃ ᠭᠤᠣᠯᠳᠠᠯᠭ᠋ᠠᠲᠠᠢ ᠬᠥᠮᠦᠰ᠎ᠢ ᠲᠤᠰᠠᠭ᠋ᠠᠷᠯᠠᠵᠤ ᠰᠢᠯᠵᠢᠭᠦᠯᠦᠨ ᠲᠡᠭᠡᠭᠡᠪᠦᠷᠢᠯᠡᠵᠦ ᠠᠪᠤᠷᠠᠨ ᠵᠠᠰᠠᠬᠤ᠂ ᠰᠢᠯᠵᠢᠭᠦᠯᠦᠨ ᠲᠣᠬᠢᠷᠠᠭᠤᠯᠬᠤ ᠵᠢᠴᠢ ᠪᠥᠬᠦ ᠠᠵᠢᠯᠲᠠᠨ᠎ᠤ ᠪᠥᠭᠡᠮ ᠬᠦᠴᠢᠯ᠎ᠤᠨ ᠪᠠᠶ᠋ᠢᠴᠠᠭ᠋ᠠᠯᠲᠠ ᠵᠢ ᠵᠢᠭᠰᠠᠭ᠋ᠠᠨ ᠪᠠᠶ᠋ᠢᠴᠠᠭ᠋ᠠᠬᠤ ᠵᠡᠷᠭᠡ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠮᠡᠳᠡᠭᠳᠡᠯ᠎ᠳᠤ᠂ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠪᠣᠯᠤᠨ ᠳᠡᠭᠡᠳᠦ ᠰᠤᠷᠭ᠋ᠠᠭᠤᠯᠢ ᠵᠢᠨ᠎ᠬᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠵᠢ ᠦᠷᠭᠦᠯᠵᠢᠯᠡᠨ ᠠᠬᠢᠭᠤᠯᠬᠤ ᠬᠡᠷᠡᠭᠲᠡᠶ᠃ ᠲᠤᠬᠠᠶ ᠵᠢᠨ ᠭᠠᠵᠠᠷ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠲᠥᠷᠥ ᠵᠢᠨ ᠪᠣᠳᠣᠯᠭ᠎ᠠ ᠵᠢᠨ 《ᠬᠠᠤᠯᠢ ᠲᠣᠭᠲᠠᠭ᠋ᠠᠯ ᠶᠣᠰᠤ᠎ᠪᠠᠷ ᠪᠠᠶ᠋ᠢᠳᠠᠯ᠎ᠢ ᠮᠡᠳᠡᠬᠦ᠂ ᠵᠥᠪᠰᠢᠶᠡᠷᠡᠬᠦ᠂ ᠰᠠᠶ᠋ᠢᠨ ᠳᠤᠷ᠎ᠠ᠎ᠠᠴᠠ᠎ᠪᠠᠨ ᠪᠠᠶ᠋ᠢᠬᠤ》 ᠵᠢ ᠪᠠᠷᠢᠮᠲᠠᠯᠠᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠ ᠵᠣᠬᠢᠶᠠᠨ ᠪᠠᠶ᠋ᠢᠭᠤᠯᠵᠤ ᠳᠠᠶ᠋ᠢᠴᠢᠯᠠᠬᠤ ᠡᠷᠴᠢᠮ ᠵᠶ᠋ᠠᠨ ᠴᠢᠩᠭ᠋ᠠᠷᠠᠭᠤᠯᠤᠨ᠂ ᠸᠠᠺᠼᠢᠨ᠎ᠤ ᠲᠠᠷᠢᠯᠭ᠎ᠠ ᠬᠢᠬᠦ ᠨᠥᠬᠦᠴᠡᠯ᠎ᠳᠤ ᠨᠡᠶ᠋ᠢᠴᠡᠬᠦ ᠪᠠᠭᠰᠢ ᠰᠤᠷᠤᠭᠴᠢᠳ᠎ᠢ ᠬᠥᠲᠥᠯᠥᠨ ᠵᠢᠯᠣᠭᠤᠳᠴᠤ ᠲᠠᠷᠢᠯᠭ᠎ᠠ ᠬᠢᠬᠦ ᠬᠦᠰᠡᠯ ᠪᠠ ᠲᠠᠷᠢᠯᠭ᠎ᠠ ᠬᠢᠬᠦ ᠨᠣᠷᠮ᠎ᠠ ᠵᠢ ᠳᠡᠭᠡᠭᠰᠢᠯᠡᠭᠦᠯᠵᠦ᠂ ᠸᠠᠺᠼᠢᠨ᠎ᠤ ᠲᠠᠷᠢᠯᠭ᠎ᠠ ᠬᠢᠬᠦ ᠦᠢ᠍ᠯᠡᠴᠢᠯᠡᠭᠡᠨ᠎ᠤ ᠪᠠᠲᠤᠯᠠᠭ᠎ᠠ ᠵᠢ ᠠᠮᠤᠷ ᠲᠦᠪᠰᠢᠨ ᠡᠮᠬᠢ ᠵᠢᠷᠤᠮ᠎ᠲᠠᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃
ᠮᠡᠳᠡᠭᠳᠡᠯ᠎ᠳᠤ᠂ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠪᠣᠯᠤᠨ ᠳᠡᠭᠡᠳᠦ ᠰᠤᠷᠭ᠋ᠠᠭᠤᠯᠢ ᠵᠢᠨ᠎ᠬᠢᠨ ᠴᠢᠬᠤᠯᠠ ᠶᠡᠭᠡ ᠠᠵᠢᠯᠯᠠᠭ᠋ᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠨᠠᠷᠢᠨ ᠨᠢᠮᠪᠠᠶ ᠰᠠᠶ᠋ᠢᠲᠤᠷ ᠬᠢᠬᠦ ᠬᠡᠷᠡᠭᠲᠡᠶ᠃ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠳᠡᠭᠦᠰᠬᠦ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ᠂ ᠤᠷᠠᠯᠢᠭ᠎ᠤᠨ ᠰᠢᠯᠭ᠋ᠠᠯᠲᠠ ᠵᠡᠷᠭᠡ ᠴᠢᠬᠤᠯᠠ ᠶᠡᠭᠡ ᠰᠢᠯᠭ᠋ᠠᠯᠲᠠ ᠪᠠ ᠰᠤᠷᠭ᠋ᠠᠭᠤᠯᠢ ᠵᠢᠨ ᠪᠠᠶᠠᠷ᠂ ᠲᠡᠭᠦᠰᠬᠦ ᠶᠣᠰᠣᠯᠠᠯ᠂ ᠲᠣᠮᠣ ᠬᠡᠯᠪᠡᠷᠢ ᠵᠢᠨ ᠬᠤᠷᠠᠯ᠂ ᠤᠷᠤᠯᠳᠤᠭ᠋ᠠᠨ ᠵᠡᠷᠭᠡ ᠠᠵᠢᠯᠯᠠᠭ᠋ᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠬᠢᠬᠦ ᠬᠡᠷᠡᠭᠲᠡᠶ᠃ ᠬᠠᠷᠢᠶ᠎ᠠ ᠣᠷᠣᠨ᠎ᠤ ᠬᠠᠮᠢᠶᠠᠷᠤᠯᠲᠠ᠂ ᠬᠠᠤᠯᠢ ᠳᠦᠷᠢᠮ ᠶᠣᠰᠤ᠎ᠪᠠᠷ ᠰᠢᠨᠵᠢᠯᠡᠬᠦ ᠤᠬᠠᠭ᠋ᠠᠨᠴᠢ᠂ ᠨᠠᠷᠢᠯᠢᠭ ᠣᠨᠣᠪᠴᠢᠲᠠᠶ ᠪᠠᠶ᠋ᠢᠬᠤ ᠵᠢ ᠪᠠᠷᠢᠮᠲᠠᠯᠠᠵᠤ᠂ ᠲᠣᠮᠣ ᠬᠡᠯᠪᠡᠷᠢ ᠵᠢᠨ ᠠᠵᠢᠯᠯᠠᠭ᠋ᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠰᠦᠯ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠣᠭᠲᠠᠭ᠋ᠠᠵᠤ᠂ ᠴᠢᠬᠤᠯᠠ ᠵᠦᠢ᠍ᠯ᠂ ᠭᠤᠣᠯᠳᠠᠯᠭ᠋ᠠᠲᠠᠢ ᠲᠠᠯᠠᠪᠤᠷ ᠪᠠ ᠵᠠᠩᠭᠢᠯᠠᠭ᠎ᠠ ᠵᠢᠨ ᠭᠤᠭᠴᠤᠭ᠎ᠠ ᠵᠢ ᠴᠢᠩᠭ᠎ᠠ ᠠᠩᠬᠠᠷᠴᠤ᠂ ᠪᠡᠯᠡᠳᠬᠡᠯ ᠲᠥᠰᠦᠯ᠎ᠤᠨ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠢ ᠴᠢᠩᠭ᠋ᠠᠳᠬᠠᠬᠤ ᠬᠡᠷᠡᠭᠲᠡᠶ᠃ ᠠᠵᠢᠯᠯᠠᠭ᠎ᠠ᠎ᠳᠤ ᠣᠷᠣᠯᠴᠠᠬᠤ ᠬᠥᠮᠦᠰ᠎ᠤᠨ ᠡᠷᠡᠭᠦᠯ ᠮᠡᠨᠳᠤ ᠵᠢᠨ ᠪᠠᠶ᠋ᠢᠴᠠᠭ᠋ᠠᠯᠲᠠ ᠪᠣᠯᠤᠨ ᠬᠢᠵᠢᠭ᠎ᠢ ᠰᠡᠷᠭᠡᠶ᠋ᠢᠯᠡᠬᠦ ᠵᠢᠯᠤᠭᠤᠳᠤᠯᠭ᠎ᠠ ᠵᠢ ᠴᠢᠩᠭ᠋ᠠᠳᠬᠠᠵᠤ᠂ ᠠᠵᠢᠯᠯᠠᠭ᠋ᠠᠨ᠎ᠤ ᠬᠥᠮᠦᠨ᠎ᠤ ᠲᠤᠭ᠎ᠠ᠂ ᠪᠢᠲᠡᠭᠦᠮᠵᠢᠲᠦ ᠲᠠᠯᠠᠪᠤᠷ᠎ᠤᠨ ᠠᠵᠢᠯᠯᠠᠭ᠎ᠠ᠎ᠳᠠᠬᠢ ᠬᠥᠮᠦᠨ᠎ᠤ ᠲᠤᠭ᠎ᠠ ᠵᠢ ᠴᠢᠩᠭ᠎ᠠ ᠬᠢᠵᠠᠭ᠋ᠠᠷᠯᠠᠬᠤ ᠬᠡᠷᠡᠭᠲᠡᠢ ᠭᠡᠵᠦ ᠴᠢᠬᠤᠯᠠᠴᠢᠯᠠᠪᠠ᠃