ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠤᠯᠴᠢᠩ ᠬᠢᠭᠡᠳ ᠴᠡᠭᠡᠵᠢᠯᠡᠬᠦ ᠴᠢᠳᠠᠪᠤᠷᠢ
ᠨᠡᠶ᠋ᠢᠲᠡᠯᠡᠭᠰᠡᠨ ᠴᠠᠭ᠄ 2022-04-22

      ᠠᠦ᠋ᠰᠲᠷᠯᠢᠶ᠎ᠡ ᠵᠢᠨ ᠰᠢᠨ᠎ᠡ ᠸᠢᠷᠱ ᠵᠸᠤ ᠵᠢᠨ ᠶᠡᠭᠡ ᠰᠣᠷᠭ᠋ᠠᠭᠤᠯᠢ ᠵᠢᠨ ᠶᠡᠭᠡ ᠲᠠᠷᠢᠬᠢᠨ᠎ᠤ ᠡᠷᠡᠭᠦᠯᠵᠢᠯ᠎ᠤᠨ ᠲᠦᠪ᠎ᠤᠨ ᠰᠣᠳᠣᠯᠭ᠋ᠠᠳᠠᠳ᠎ᠤᠨ ᠣᠯᠵᠤ ᠮᠡᠳᠡᠭᠰᠡᠨ ᠵᠶ᠋ᠠᠷ᠂ ᠪᠤᠯᠴᠢᠩ ᠵᠶ᠋ᠠᠨ ᠪᠤᠯᠪᠠᠰᠤᠷᠠᠪᠠᠯ ᠬᠦᠮᠦᠨ᠎ᠤ ᠲᠠᠨᠢᠬᠤᠢ ᠵᠢᠨ ᠴᠢᠳᠠᠪᠤᠷᠢ ᠵᠢ ᠲᠡᠭᠡᠭᠰᠢᠯᠡᠭᠦᠯᠵᠦ᠂ ᠴᠡᠭᠡᠵᠢᠯᠡᠬᠦ ᠴᠢᠳᠠᠪᠤᠷᠢ ᠵᠢ ᠲᠡᠭᠡᠭᠰᠢᠯᠡᠭᠦᠯᠳᠡᠭ᠃ ᠪᠤᠯᠴᠢᠩ᠎ᠤᠨ ᠴᠢᠳᠠᠯ ᠬᠢᠭᠡᠳ ᠶᠡᠭᠡ ᠲᠠᠷᠢᠬᠢᠨ᠎ᠤ ᠲᠠᠨᠢᠬᠤᠢ ᠵᠢᠨ ᠴᠢᠳᠠᠪᠬᠢ ᠵᠢᠨ ᠬᠤᠭᠤᠷᠤᠨᠳᠣᠬᠢ ᠬᠠᠷᠢᠴᠠᠭ᠎ᠠ ᠵᠢ ᠭᠦᠨᠵᠡᠭᠡᠢ ᠰᠦᠪᠡᠭᠴᠢᠯᠡᠬᠦ ᠵᠢᠨ ᠲᠦᠯᠦᠭᠡ᠂ ᠰᠤᠳᠤᠯᠭ᠋ᠠᠳᠠᠳ ᠬᠡᠰᠡᠭ ᠬᠦᠩᠭᠡᠨ ᠰᠢᠭ ᠲᠠᠨᠢᠬᠤᠢ ᠵᠢᠨ ᠴᠢᠳᠠᠪᠤᠷᠢ ᠵᠢᠨ ᠬᠠᠷᠰᠢ᠎ᠲᠠᠢ ᠰᠠᠶ᠋ᠢᠨ ᠳᠣᠷᠠᠴᠤᠤᠯ᠎ᠢ ᠡᠯᠰᠡᠨ ᠳᠣᠭᠤᠶ᠋ᠢᠯᠠᠩ ᠬᠤᠪᠢᠶᠠᠵᠤ ᠬᠡᠮᠵᠢᠨ ᠳᠤᠷᠰᠢᠭᠰᠠᠨ᠎ᠤ ᠬᠠᠮᠳᠤ ᠲᠡᠳᠡᠨ᠎ᠤ ᠲᠠᠷᠢᠬᠢᠨ᠎ᠤ ᠬᠡᠰᠡᠭ᠎ᠤᠨ ᠲᠠᠮᠢᠷ᠎ᠤᠨ ᠬᠦᠳᠡᠯᠭᠡᠭᠡᠨ᠎ᠤ ᠪᠠᠶ᠋ᠢᠳᠠᠯ᠎ᠢ ᠬᠡᠮᠵᠢᠪᠡ᠃ ᠨᠢᠭᠡ ᠳᠤᠭᠤᠶ᠋ᠢᠯᠠᠩ᠎ᠤᠨ ᠰᠠᠶ᠋ᠢᠨ ᠳᠤᠷᠠᠴᠤᠤᠯ ᠵᠶ᠋ᠠᠷ ᠭᠠᠷᠠᠭ ᠪᠦᠷᠢ ᠬᠤᠶᠠᠷ ᠣᠳᠠᠭ᠎ᠠ ᠬᠦᠨᠳᠦ ᠵᠢ ᠡᠷᠭᠦᠭᠦᠯᠦᠨ᠂ ᠡᠭᠦᠨ᠎ᠢ 6 ᠰᠠᠷ᠎ᠠ ᠪᠠᠷᠢᠮᠳᠠᠯᠠᠭᠤᠯᠪᠠ; ᠨᠦᠭᠦᠭᠡ ᠨᠢᠭᠡ ᠳᠣᠭᠤᠶ᠋ᠢᠯᠠᠩ᠎ᠤᠨ᠎ᠬᠢᠨ ᠵᠶ᠋ᠠᠷ ᠶᠠᠮᠠᠷ ᠴᠤ᠌ ᠪᠤᠯᠪᠠᠰᠣᠷᠠᠯ ᠬᠢᠯᠭᠡᠭᠰᠡᠨ ᠦᠭᠡᠢ᠃ ᠡᠭᠦᠨ᠎ᠤ ᠲᠠᠷᠠᠭ᠎ᠠ ᠰᠤᠳᠤᠯᠭ᠋ᠠᠳᠠᠳ ᠨᠠᠰᠣᠵᠢᠯ᠎ᠤᠨ ᠮᠡᠨᠡᠭ ᠡᠪᠡᠳᠴᠢᠨ᠎ᠢ ᠦᠨᠡᠯᠡᠬᠦ ᠵᠠᠭᠪᠤᠷ ᠵᠶ᠋ᠠᠷ ᠰᠤᠳᠤᠯᠭ᠋ᠠᠨ᠎ᠤ ᠨᠢᠭᠤᠷᠯᠠᠯ᠎ᠤᠨ ᠵᠶ᠋ᠠᠨ ᠲᠠᠨᠢᠬᠤᠢ ᠵᠢᠨ ᠴᠢᠳᠠᠪᠤᠷᠢ᠎ᠳᠤ ᠦᠨᠡᠯᠡᠯᠳᠡ ᠬᠢᠪᠡ᠃ ᠡᠭᠦᠨ᠎ᠳᠤ᠂ ᠪᠤᠯᠴᠢᠩ ᠪᠤᠯᠪᠠᠰᠤᠷᠠᠭᠰᠠᠨ ᠰᠠᠶ᠋ᠢᠨ ᠳᠣᠷᠠᠴᠣᠣᠯ᠎ᠤᠨ ᠶᠡᠭᠡ ᠳᠠᠷᠢᠬᠢᠨ᠎ᠤ ᠲᠠᠨᠢᠬᠤᠢ ᠵᠢᠨ ᠬᠡᠮᠵᠢᠶ᠎ᠡ᠎ᠨᠢ ᠪᠤᠯᠪᠠᠰᠤᠷᠠᠭᠰᠠᠨ ᠦᠭᠡᠢ ᠳᠤᠭᠤᠶ᠋ᠢᠯᠠᠩ᠎ᠤᠨ᠎ᠬᠢᠨ᠎ᠠᠴᠠ ᠢᠯᠡᠳᠳᠡ ᠦᠨᠳᠦᠷ ᠪᠠᠶ᠋ᠢᠵᠤ᠂ ᠴᠡᠭᠡᠵᠢᠯᠡᠬᠦ ᠴᠢᠳᠠᠪᠤᠷᠢ᠎ᠨᠢ ᠴᠤ᠌ ᠨᠡᠩ ᠰᠠᠶ᠋ᠢᠨ ᠪᠠᠶ᠋ᠢᠪᠠ᠃ ᠰᠣᠳᠣᠯᠭ᠋ᠠᠳᠠᠳ᠎ᠤᠨ ᠢᠯᠡᠷᠬᠡᠶ᠋ᠢᠯᠡᠭᠰᠡᠨ ᠵᠶ᠋ᠠᠷ᠂ ᠪᠤᠯᠴᠢᠩ᠎ᠤᠨ ᠴᠢᠳᠠᠯ ᠬᠡᠳᠦᠢ ᠶᠡᠭᠡ ᠪᠤᠯ ᠶᠡᠭᠡ ᠲᠠᠷᠢᠬᠢᠨ᠎ᠳᠤ ᠲᠠᠳᠦᠢ ᠲᠤᠰᠠᠳᠠᠢ᠃ ᠬᠡᠷᠪᠡ ᠨᠡᠩ ᠤᠯᠠᠨ ᠨᠠᠰᠤᠳᠠᠶ᠋ᠢᠴᠣᠣᠯ ᠵᠶ᠋ᠠᠷ ᠪᠤᠯᠴᠢᠩ᠎ᠤᠨ ᠪᠤᠯᠪᠠᠰᠤᠷᠠᠯ ᠬᠢᠯᠭᠡᠪᠡᠯ ᠲᠡᠳᠡᠨ᠎ᠤ ᠡᠷᠡᠭᠦᠯ ᠮᠡᠨᠳᠦ᠎ᠳᠤ ᠨᠡᠩ ᠲᠤᠰᠠᠳᠠᠢ ᠪᠠᠶ᠋ᠢᠵᠦ᠂ ᠨᠠᠰᠤᠨ ᠬᠤᠳᠤᠭ᠎ᠨᠢ ᠨᠡᠩ ᠣᠷᠳᠣ ᠪᠤᠯᠤᠨ᠎ᠠ᠃ ᠨᠠᠰᠣᠳᠠᠶ᠋ᠢᠴᠣᠣᠯ ᠭᠠᠷᠠᠭ᠎ᠲᠤ ᠨᠠᠭ᠋ᠠᠳᠣ ᠵᠠᠬ᠎ᠠ᠎ᠳᠠᠭᠠᠨ ᠬᠤᠶᠠᠷ ᠤᠳᠠᠭ᠎ᠠ ᠪᠤᠯᠴᠢᠩ ᠵᠶ᠋ᠠᠨ ᠪᠤᠯᠪᠠᠰᠤᠷᠠᠭᠤᠯᠵᠤ᠂ ᠵᠤᠬᠢᠬᠤ ᠬᠡᠪᠴᠢᠶᠡᠨ᠎ᠳᠤ ᠪᠤᠯᠪᠠᠰᠤᠷᠠᠬᠤ ᠡᠷᠴᠢᠮ ᠵᠶ᠋ᠠᠨ ᠨᠡᠯᠢᠶᠡᠳ ᠦᠨᠳᠦᠷ ᠲᠦᠪᠰᠢᠨ᠎ᠳᠤ ᠪᠠᠶ᠋ᠢᠯᠭ᠋ᠠᠪᠠᠯ ᠤᠢ ᠪᠢᠯᠢᠭ᠎ᠲᠤᠨᠢ ᠮᠠᠰᠢ ᠲᠤᠰᠠᠳᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
 ᠬᠡᠤᠬᠡᠤᠨ᠎ᠤᠨ ᠵᠠᠩ ᠠᠭ᠋ᠠᠰᠢ ᠵᠢ ᠲᠠᠮᠢᠷ᠎ᠤᠨ ᠬᠥᠳᠡᠯᠬᠡᠬᠡᠨ ᠨᠥᠯᠤᠬᠡᠯᠡᠳᠡᠭ
 ᠬᠦᠳᠡᠯᠭᠡᠭᠡᠨ ᠬᠢᠬᠦ ᠦᠬᠡᠢ ᠤᠳᠠᠭ᠋ᠠᠨ ᠰᠠᠭᠤᠪᠠᠯ ᠡᠷᠳᠡ ᠦᠳᠡᠯᠦᠨ᠎ᠠ
ᠫᠢᠩᠫᠠᠩ ᠪᠦᠮᠪᠦᠭᠡ ᠨᠠᠭ᠋ᠠᠳᠬᠤ ᠵᠢᠨ ᠰᠠᠢ᠌ᠨ ᠲᠠᠯ᠎ᠠ
 ᠨᠢᠭᠡ ᠴᠠᠭ ᠰᠠᠭᠤᠪᠠᠯ ᠬᠤᠶᠠᠷ ᠮᠢᠨᠦ᠋ᠲ ᠠᠯᠬᠤᠭ᠋ᠠᠷᠠᠢ!
 ᠲᠠᠮᠢᠷ᠎ᠤᠨ ᠬᠦᠳᠡᠯᠬᠡᠭᠡᠡ᠎ᠳᠤ ᠤᠷᠤᠯᠴᠠᠬᠤ ᠤᠷᠮ᠎ᠠ ᠵᠢ ᠬᠡᠷᠬᠢᠨ ᠲᠡᠭᠡᠭᠰᠢᠯᠡᠬᠦᠯᠬᠦ ᠪᠤᠢ?
 
            