ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠲᠠᠨ᠎ᠳᠤ ᠦᠢᠯᠡᠴᠢᠯᠡᠬᠦ᠌
 ᠬᠦᠳᠡᠯᠭᠡᠭᠡᠨ ᠬᠢᠬᠦ ᠦᠬᠡᠢ ᠤᠳᠠᠭ᠋ᠠᠨ ᠰᠠᠭᠤᠪᠠᠯ ᠡᠷᠳᠡ ᠦᠳᠡᠯᠦᠨ᠎ᠠ
ᠨᠡᠶ᠋ᠢᠲᠡᠯᠡᠭᠰᠡᠨ ᠴᠠᠭ᠄ 2022-07-21

      ᠠᠮᠧᠷᠢᠺᠠ ᠵᠢᠨ ᠰᠢᠨᠵᠢᠯᠡᠬᠦ ᠤᠬᠠᠭ᠋ᠠᠨᠳᠠᠳ᠎ᠤᠨ ᠢᠯᠡᠷᠡᠬᠦᠯᠦᠭᠰᠡᠨ ᠵᠶ᠋ᠠᠷ᠂ ᠨᠠᠰᠤᠳᠠᠶ᠋ᠢᠴᠤᠤᠯ ᠤᠳᠠᠭ᠋ᠠᠨ ᠰᠠᠭᠤᠪᠠᠯ ᠦᠳᠡᠯᠬᠦ ᠬᠤᠷᠳᠤᠴᠠ᠎ᠪᠠᠨ ᠲᠦᠷᠭᠡᠳᠭᠡᠨ᠎ᠡ᠃ ᠨᠢᠬᠡ ᠡᠳᠦᠷ᠎ᠲᠤ 10 ᠴᠠᠭ᠎ᠠᠴᠠ ᠲᠡᠭᠡᠭᠰᠢ ᠨᠠᠮ ᠰᠠᠭᠤᠬᠤ ᠮᠦᠷᠲᠡᠬᠡᠨ 40 ᠮᠢᠨᠦ᠋ᠲ᠎ᠠᠴᠠ ᠲᠤᠷᠤᠭᠰᠢ ᠬᠦᠳᠡᠯᠬᠡᠬᠡᠨ ᠬᠢᠭᠰᠡᠳ ᠦᠪᠡᠷ᠎ᠤᠨ ᠪᠤᠳᠠᠳᠠᠢ ᠨᠠᠰᠤᠨ᠎ᠠᠴᠠ᠎ᠪᠠᠨ ᠠᠳᠠᠬ᠎ᠲᠠᠭᠠᠨ 8 ᠵᠢᠯ ᠡᠷᠳᠡ ᠦᠳᠡᠯᠦᠨ᠎ᠠ᠃ ᠺᠠᠯᠢᠹᠤᠷᠨᠢᠶ᠎ᠠ ᠶᠡᠭᠡ ᠰᠤᠷᠭ᠋ᠠᠭᠤᠯᠢ ᠵᠢᠨ ᠰᠤᠳᠤᠯᠭ᠋ᠠᠳᠠᠳ 1500 ᠨᠡᠷ᠎ᠠ 64 -95 ᠨᠠᠰᠤᠨ᠎ᠤ ᠨᠠᠰᠤᠳᠠᠶ᠋ᠢᠴᠤᠤᠯ᠎ᠳᠤ ᠬᠢᠨᠠᠨ ᠬᠡᠮᠵᠢᠯᠳᠡ ᠵᠢᠨ ᠲᠦᠬᠦᠬᠡᠷᠦᠮᠵᠢ ᠵᠡᠬᠦᠯᠬᠡᠨ᠂ ᠳᠡᠳᠡᠨ᠎ᠤ ᠨᠢᠬᠡ ᠭᠠᠷᠠᠭ᠎ᠤᠨ ᠬᠤᠭᠤᠴᠠᠭ᠋ᠠᠨ᠎ᠳᠠᠬᠢ ᠬᠦᠳᠡᠯᠬᠡᠬᠡᠨ᠎ᠤ ᠪᠠᠶ᠋ᠢᠳᠠᠯ᠎ᠢ ᠳᠡᠮᠳᠡᠭᠯᠡᠵᠦ᠂ ᠲᠡᠬᠢᠨ ᠴᠢᠰᠤᠨ᠎ᠤ ᠪᠠᠶ᠋ᠢᠴᠠᠭ᠋ᠠᠯᠳᠠ᠎ᠪᠠᠷ ᠲᠠᠮᠵᠢᠨ ᠪᠡᠶ᠎ᠠ ᠵᠢᠨ ᠡᠰ᠎ᠤᠨ ᠡᠷᠡᠬᠦᠯ ᠴᠢᠬᠢᠷᠠᠬ᠎ᠤᠨ ᠪᠠᠶ᠋ᠢᠳᠠᠯ᠎ᠢ ᠵᠠᠳᠠᠯᠪᠠ᠃ ᠪᠠᠶ᠋ᠢᠴᠠᠭ᠋ᠠᠯᠳᠠ ᠵᠢᠨ ᠳ᠋ᠦᠡᠭ᠎ᠳᠤ᠂ ᠬᠦᠳᠡᠯᠬᠡᠬᠡᠨ ᠬᠢᠭᠰᠡᠨ᠎ᠨᠢ ᠪᠠᠭ᠎ᠠ ᠨᠠᠰᠤᠳᠠᠶ᠋ᠢᠴᠤᠤᠯ᠎ᠤᠨ ᠡᠰ ᠮᠠᠰᠢ ᠡᠷᠡᠬᠦᠯ ᠪᠤᠰᠤ ᠮᠦᠷᠳᠡᠬᠡᠨ ᠪᠤᠳᠤᠭᠳᠤ ᠴᠤᠭᠴᠠ ᠵᠢᠨ ᠤᠷᠳᠦ ᠵᠢᠨ ᠬᠡᠮᠵᠢᠶ᠎ᠠ ᠨᠡᠩ ᠤᠬᠤᠷ ᠭᠡᠳᠡᠭ᠎ᠢ ᠢᠯᠡᠷᠡᠬᠦᠯᠵᠡᠢ᠃ ᠶᠡᠷᠦᠩᠬᠡᠢ᠎ᠳᠡᠭᠡᠨ᠂ ᠬᠦᠮᠦᠨ᠎ᠤ ᠪᠤᠳᠠᠳᠠᠢ ᠨᠠᠰᠦ ᠨᠡᠮᠡᠭᠳᠡᠬᠦ ᠳᠤᠰᠤᠮ ᠪᠤᠳᠤᠭᠳᠦ ᠪᠡᠶ᠎ᠠ ᠵᠢᠨ ᠦᠵᠦᠬᠦᠷᠯᠢᠭ ᠤᠯᠠᠮ ᠤᠬᠤᠷ ᠪᠤᠯᠳᠠᠬ᠃ ᠬᠡᠪᠡᠴᠦ ᠤᠳᠠᠭ᠋ᠠᠨ ᠰᠠᠭᠤᠭᠰᠠᠨ᠎ᠠᠴᠠ ᠪᠤᠯᠤᠬᠰᠠᠨ ᠬᠡᠮ ᠠᠷᠬᠠᠬ᠎ᠢ ᠬᠦᠳᠡᠯᠬᠡᠬᠡᠨ ᠬᠢᠬᠦ᠎ᠪᠠᠷ ᠲᠡᠮᠵᠢᠨ ᠨᠦᠬᠦᠪᠦᠷᠢᠯᠡᠵᠦ ᠪᠤᠯᠤᠨ᠎ᠠ ᠬᠡᠵᠦ ᠰᠤᠳᠤᠯᠭ᠋ᠠᠳᠠᠳ ᠦᠵᠡᠵᠦ ᠪᠠᠶ᠋ᠢᠨ᠎ᠠ᠃ ᠲᠤᠬᠠᠶ᠋ᠢᠯᠠᠪᠠᠯ ᠦᠷᠬᠦᠯᠵᠢ ᠬᠦᠳᠡᠯᠬᠡᠬᠡᠨ ᠬᠢᠬᠦ ᠦᠬᠡᠢ ᠰᠠᠭᠤᠭ᠋ᠠᠳ ᠯᠡ ᠪᠠᠶ᠋ᠢᠳᠠᠭ ᠨᠠᠰᠤᠳᠠᠶ᠋ᠢᠴᠤᠤᠯ ᠡᠳᠦᠷ ᠪᠦᠷᠢ ᠬᠠᠭ᠋ᠠᠰ ᠴᠠᠭ᠎ᠠᠴᠠ ᠲᠡᠭᠡᠭᠰᠢ ᠬᠦᠳᠡᠯᠬᠡᠬᠡᠨ ᠬᠢᠪᠡᠯ ᠡᠷᠲᠡ ᠦᠳᠡᠯᠬᠦ᠎ᠠᠴᠠ ᠵᠠᠶ᠋ᠢᠯᠠᠰᠬᠢᠵᠦ ᠲᠡᠶ᠋ᠢᠯᠤᠨ᠎ᠠ᠃ ᠬᠡᠬᠦ᠎ᠳᠤ᠎ᠪᠠᠨ ᠡᠨᠡᠬᠦ ᠰᠤᠳᠤᠯᠭ᠋ᠠᠨ᠎ᠨᠢ ᠵᠦᠪᠬᠡᠨ ᠡᠮᠡᠭᠳᠡᠶ᠋ᠢᠴᠤᠳ ᠵᠶ᠋ᠠᠷ ᠰᠤᠳᠤᠯᠤᠬᠳᠠᠬᠤᠨ ᠪᠤᠯᠭ᠋ᠠᠬᠰᠠᠨ ᠶᠤᠮ᠃ ᠤᠳᠠᠭ᠋ᠠᠨ ᠰᠠᠭᠤᠬᠤ᠎ᠨᠢ ᠪᠠᠰᠠ ᠦᠮᠡᠨ ᠡᠪᠡᠳᠴᠢᠨ᠂ ᠰᠢᠬᠢᠷ ᠰᠢᠵᠢᠩ ᠡᠪᠡᠳᠴᠢᠨ ᠪᠤᠯᠤᠨ ᠵᠢᠷᠦᠭᠡ ᠴᠢᠰᠦᠨ ᠰᠤᠳᠠᠯ᠎ᠤᠨ ᠡᠪᠡᠳᠴᠢᠨ᠎ᠳᠤ ᠨᠡᠷᠪᠡᠭᠳᠡᠬᠦ ᠨᠤᠷᠮ᠎ᠠ ᠵᠢ ᠵᠤᠬᠢᠬᠤ ᠬᠡᠮᠵᠢᠶ᠎ᠠ᠎ᠪᠠᠷ ᠲᠡᠭᠡᠭᠰᠢᠯᠡᠬᠦᠯᠤᠨ᠎ᠠ ᠬᠡᠵᠦ ᠰᠤᠳᠤᠯᠭ᠋ᠠᠳᠠᠳ ᠰᠠᠨᠠᠭᠤᠯᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠫᠢᠩᠫᠠᠩ ᠪᠦᠮᠪᠦᠭᠡ ᠨᠠᠭ᠋ᠠᠳᠬᠤ ᠵᠢᠨ ᠰᠠᠢ᠌ᠨ ᠲᠠᠯ᠎ᠠ
 ᠨᠢᠭᠡ ᠴᠠᠭ ᠰᠠᠭᠤᠪᠠᠯ ᠬᠤᠶᠠᠷ ᠮᠢᠨᠦ᠋ᠲ ᠠᠯᠬᠤᠭ᠋ᠠᠷᠠᠢ!
 ᠲᠠᠮᠢᠷ᠎ᠤᠨ ᠬᠦᠳᠡᠯᠬᠡᠭᠡᠡ᠎ᠳᠤ ᠤᠷᠤᠯᠴᠠᠬᠤ ᠤᠷᠮ᠎ᠠ ᠵᠢ ᠬᠡᠷᠬᠢᠨ ᠲᠡᠭᠡᠭᠰᠢᠯᠡᠬᠦᠯᠬᠦ ᠪᠤᠢ?
ᠤᠳᠠᠭ᠋ᠠᠠ ᠰᠠᠭᠤᠬᠤ᠎ᠠᠴᠠ ᠪᠣᠯᠵᠤ ᠨᠢᠷᠤᠭᠤ ᠭᠥᠯ ᠲᠡᠯᠡᠵᠤ ᠡᠪᠠᠳᠪᠡᠯ ᠭᠦᠴᠦᠳᠡᠢ ᠲᠠᠮᠢᠷ ᠭᠢᠵᠤ ᠪᠣᠯᠬᠤ ᠦᠭᠡᠢ
ᠲᠠᠮᠢᠷ᠎ᠤᠨ ᠬᠦᠳᠡᠯᠭᠡᠭᠡᠨ᠎ᠤ ᠲᠤᠬᠠᠢ ᠪᠠᠢ᠌ᠩᠭᠤ ᠲᠣᠬᠢᠶᠠᠯᠳᠤᠬᠤ ᠲᠠᠰᠢᠶᠠᠷᠠᠯ᠎ᠤᠳ
 
            