
ᠰᠤᠷᠪᠤᠯᠵᠢᠯᠠᠭᠰᠠᠨ ᠴᠠᠭ᠄
2017 ᠣᠨ᠎ᠤ 12 ᠳ᠋ᠤᠭ᠋ᠠᠷ ᠰᠠᠷ᠎ᠠ ᠵᠢᠨ 18᠎ᠤ ᠡᠳᠦᠷ
ᠰᠤᠷᠪᠤᠯᠵᠢᠯᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠱ᠌ᠢ ᠯᠢ ᠮᠢᠩ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠶᠡᠷᠦᠩᠬᠡᠶ ᠱᠦᠵᠢ ᠰᠢ ᠵᠢᠨ ᠫᠢᠩ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠬᠡᠯ᠎ᠳᠤ 《ᠪᠦᠬᠦ ᠠᠷᠠᠳ᠎ᠤᠨ ᠪᠡᠶ᠎ᠡ ᠴᠡᠬᠢᠷᠡᠬ᠍ᠵᠢᠭᠤᠯᠬᠤ ᠠᠵᠢᠯᠯᠠᠭ᠎ᠠ ᠵᠢ ᠥᠷᠭᠡᠨ ᠳᠡᠯᠭᠡᠷᠡᠩᠭᠦᠢ ᠥᠷᠨᠢᠭᠦᠯᠵᠦ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠳᠤᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠵᠡᠮᠳᠡᠭᠴᠤᠤᠨ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠪᠡᠯᠡᠳᠬᠡᠨ ᠡᠷᠬᠢᠯᠡᠬᠦ ᠠᠵᠢᠯ᠎ᠢ ᠰᠠᠶ᠋ᠢᠲᠤᠷ ᠬᠢᠨ᠎ᠡ》 ᠭᠡᠵᠦ ᠳᠤᠷᠠᠳᠴᠤ᠂ ᠮᠠᠨ᠎ᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠪᠡᠶ᠎ᠡ ᠵᠢᠨ ᠲᠠᠮᠢᠷ᠎ᠤᠨ ᠠᠵᠢᠯ᠎ᠢ ᠰᠠᠶ᠋ᠢᠲᠤᠷ ᠬᠢᠬᠦ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ ᠦᠢ᠍ᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠱ᠌ᠢ ᠯᠢ ᠮᠢᠩ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠣᠯᠣᠩ᠎ᠳᠤ ᠰᠠᠭ᠋ᠠᠲᠠᠵᠤ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠠᠵᠢᠯ᠎ᠤᠨ ᠪᠠᠶ᠋ᠢᠳᠠᠯ᠎ᠤᠨ ᠲᠤᠬᠠᠶ ᠣᠯᠠᠨ᠎ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠬᠤ ᠪᠣᠯᠤᠨ᠎ᠠ᠃ ᠰᠦᠯᠵᠢᠶᠡᠨ ᠠᠨᠳᠠ ᠨᠠᠷ᠎ᠤᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠶ᠎ᠠ!
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ᠄
ᠬᠥᠲᠥᠯᠥᠭᠴᠢ᠄ ᠥᠷᠭᠡᠨ ᠣᠯᠠᠨ ᠰᠦᠯᠵᠢᠶᠡᠨ ᠠᠨᠳᠠ ᠨᠠᠷ ᠰᠠᠶ᠋ᠢᠨ ᠪᠠᠶ᠋ᠢᠵᠠᠭ᠋ᠠᠨ᠎ᠠ ᠦᠦ! ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠰᠣᠨᠢᠷᠬᠠᠭᠰᠠᠨ᠎ᠳᠤ ᠪᠠᠶᠠᠷᠯᠠᠯ᠎ᠠ᠂ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠱ᠌ᠢ ᠯᠢ ᠮᠢᠩ ᠨᠥᠬᠦᠷ᠎ᠢ ᠤᠷᠢᠵᠤ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠠᠵᠢᠯ᠎ᠤᠨ ᠪᠠᠶ᠋ᠢᠳᠠᠯ᠎ᠤᠨ ᠲᠤᠬᠠᠶ ᠣᠯᠠᠨ᠎ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠬᠤ ᠪᠣᠯᠤᠨ᠎ᠠ᠃ ᠱ᠌ᠢ ᠳᠠᠷᠤᠭ᠎ᠠ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
ᠱ᠌ᠢ ᠯᠢ ᠮᠢᠩ᠄ ᠬᠥᠲᠥᠯᠥᠭᠴᠢ ᠰᠠᠶ᠋ᠢᠨ ᠪᠠᠶ᠋ᠢᠨ᠎ᠠ ᠦᠦ᠂ ᠥᠷᠭᠡᠨ ᠣᠯᠠᠨ ᠰᠦᠯᠵᠢᠶᠡᠨ ᠠᠨᠳᠠ ᠨᠠᠷ ᠰᠠᠶ᠋ᠢᠨ ᠪᠠᠶ᠋ᠢᠵᠠᠭ᠋ᠠᠨ᠎ᠠ ᠦᠦ᠂ ᠤᠷᠳᠤ ᠬᠤᠭᠤᠴᠠᠭ᠋ᠠᠨ᠎ᠤ ᠲᠤᠷᠰᠢ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠲᠤ ᠠᠩᠬᠠᠷᠤᠯ ᠵᠶ᠋ᠠᠨ ᠬᠠᠨᠳᠤᠭᠤᠯᠵᠤ ᠳᠡᠮᠵᠢᠯᠭᠡ ᠦᠵᠡᠭᠦᠯᠦᠭᠰᠡᠭᠡᠷ ᠢᠷᠡᠭᠰᠡᠨ ᠲᠠ ᠤᠯᠠᠨ᠎ᠳᠠᠭᠠᠨ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ᠃
ᠬᠥᠲᠥᠯᠥᠭᠴᠢ᠄ 10 ᠳ᠋ᠤᠭ᠋ᠠᠷ ᠰᠠᠷ᠎ᠠ ᠵᠢᠨ 24᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠤᠳᠠᠭ᠎ᠠ ᠵᠢᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠢᠯᠠᠯᠲᠠ᠎ᠲᠠᠢ᠎ᠪᠠᠷ ᠲᠡᠭᠦᠰᠪᠡ᠃ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠬᠤ ᠲᠠᠯ᠎ᠠ᠎ᠪᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠠᠵᠢᠯᠲᠠᠳ᠎ᠲᠤ ᠶᠠᠮᠠᠷ ᠶᠠᠮᠠᠷ ᠪᠣᠳᠠᠲᠠᠶ ᠱᠠᠭ᠋ᠠᠷᠳᠠᠯᠭ᠎ᠠ ᠳᠤᠷᠠᠳᠤᠭᠰᠠᠨ᠎ᠢ ᠶᠠᠷᠢᠭ᠋ᠠᠳ ᠥᠭᠭᠦᠨ᠎ᠡ ᠦᠦ?
ᠱ᠌ᠢ ᠯᠢ ᠮᠢᠩ᠄ ᠨᠢᠭᠡ᠎ᠳᠤ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠬᠡᠯ᠎ᠤᠨ ᠣᠭᠢ ᠰᠢᠮ᠎ᠡ ᠪᠠ ᠴᠢᠬᠤᠯᠠ ᠠᠭᠤᠯᠭ᠎ᠠ ᠵᠢ ᠭᠦᠨᠵᠡᠭᠡᠶ ᠣᠢ᠍ᠢ᠍ᠯᠠᠭ᠋ᠠᠨ ᠡᠵᠡᠮᠰᠢᠬᠦ ᠬᠡᠷᠡᠭᠲᠡᠶ᠃ ᠶᠡᠷᠦᠩᠬᠡᠶ ᠱᠦᠵᠢ ᠰᠢ ᠵᠢᠨ ᠫᠢᠩ᠎ᠤᠨ ᠬᠢᠭᠰᠡᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠬᠡᠯ᠎ᠨᠢ ᠰᠢᠨ᠎ᠡ ᠴᠠᠭ ᠦᠶ᠎ᠡ᠎ᠳᠤ ᠶᠠᠮᠠᠷ ᠶᠠᠩᠵᠤ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠬᠡᠷᠬᠢᠨ ᠪᠠᠷᠢᠮᠲᠠᠯᠠᠨ ᠬᠥᠭᠵᠢᠭᠦᠯᠬᠦ ᠴᠢᠬᠤᠯᠠ ᠶᠡᠭᠡ ᠴᠠᠭ ᠦᠶ᠎ᠡ ᠵᠢᠨ ᠰᠡᠳᠦᠪ᠎ᠲᠤ ᠰᠢᠰᠲ᠋ᠧᠮ ᠲᠠᠢ ᠬᠠᠷᠢᠭᠤᠯᠲᠠ ᠥᠭᠭᠦᠭᠰᠡᠨ ᠪᠥᠭᠡᠳ ᠲᠡᠷᠡ᠎ᠨᠢ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠶᠡᠷᠦᠩᠬᠡᠶ ᠬᠥᠲᠥᠯᠪᠦᠷᠢ᠂ ᠶᠡᠷᠦᠩᠬᠡᠶ ᠵᠢᠷᠤᠭ ᠲᠥᠯᠥᠪᠯᠡᠭᠡ᠂ ᠶᠡᠷᠦᠩᠬᠡᠶ ᠪᠤᠳᠤᠯᠭ᠎ᠠ ᠮᠥᠨ᠃ ᠪᠦᠬᠦ ᠣᠷᠣᠨ᠎ᠤ ᠪᠡᠶ᠎ᠡ ᠵᠢᠨ ᠲᠠᠮᠢᠷ᠎ᠤᠨ ᠠᠵᠢᠯᠲᠠᠳ ᠳᠠᠶᠠᠭ᠋ᠠᠷ ᠵᠶ᠋ᠠᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ᠎ᠢ ᠲᠡᠷᠢᠭᠦᠨ ᠴᠢᠬᠤᠯᠠ ᠶᠠᠪᠤᠳᠠᠯ ᠪᠣᠯᠭ᠋ᠠᠨ ᠠᠳᠬᠤᠵᠤ᠂ ᠲᠦᠷᠭᠡᠨ ᠲᠣᠬᠢᠷᠠᠭᠤᠯᠤᠨ ᠪᠠᠶ᠋ᠢᠷᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠡᠭᠦᠰᠬᠡᠬᠦ ᠬᠡᠷᠡᠭᠲᠡᠢ᠃ ᠬᠤᠶᠠᠷ᠎ᠲᠤ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠬᠤ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃ ᠰᠤᠷᠤᠯᠴᠠᠯᠭ᠎ᠠ ᠵᠢ ᠰᠠᠶ᠋ᠢᠲᠤᠷ ᠠᠳᠬᠤᠨ᠂ ᠦᠨᠡᠨ ᠮᠥᠨ ᠵᠶ᠋ᠠᠷ᠎ᠨᠢ ᠰᠤᠷᠤᠯᠴᠠᠵᠤ ᠵᠣᠬᠢᠶᠠᠨ ᠪᠠᠶ᠋ᠢᠭᠤᠯᠵᠤ ᠲᠥᠪᠯᠡᠷᠡᠭᠦᠯᠦᠨ ᠰᠤᠷᠤᠯᠴᠠᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠥᠷᠭᠡᠨ ᠳᠡᠯᠭᠡᠷ ᠵᠶ᠋ᠠᠷ ᠰᠤᠷᠤᠯᠴᠠᠵᠤ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠥᠪᠡᠷ ᠵᠶ᠋ᠠᠨ ᠰᠤᠷᠤᠯᠴᠠᠬᠤ ᠠᠵᠢᠯ᠎ᠢ ᠥᠷᠨᠢᠭᠦᠯᠵᠤ᠂ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠴᠤ ᠨᠡᠪᠲᠡᠷᠬᠡᠶ ᠡᠵᠡᠮᠰᠢᠬᠦ ᠬᠡᠷᠡᠭᠲᠡᠶ᠃ ᠤᠬᠠᠭᠤᠯᠭ᠎ᠠ ᠵᠢ ᠠᠳᠬᠤᠵᠤ᠂ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠱᠠᠳᠤ ᠱᠠᠳᠤ᠎ᠪᠠᠷ ᠵᠣᠬᠢᠶᠠᠨ ᠪᠠᠶ᠋ᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠬᠥᠮᠦᠰ᠎ᠤᠨ ᠰᠡᠳᠬᠢᠯ᠎ᠳᠤ ᠭᠦᠨ ᠰᠠᠭᠤᠭᠳᠠᠭᠤᠯᠵᠤ᠂ ᠪᠦᠬᠦ ᠺᠠᠳ᠋ᠷ ᠠᠵᠢᠯᠲᠠᠨ ᠠᠵᠢᠯᠴᠢᠨ᠎ᠤ ᠰᠢᠨ᠎ᠡ ᠠᠶᠠᠨ ᠵᠠᠮ ᠳᠡᠭᠡᠷᠡᠬᠢ ᠣᠷᠭᠢᠯᠤᠮ᠎ᠠ ᠰᠡᠳᠬᠢᠯᠭᠡ ᠪᠠ ᠡᠷᠴᠢ ᠵᠣᠷᠢᠭ᠎ᠢ᠎ᠨᠢ ᠬᠥᠭᠵᠢᠭᠡᠬᠦ ᠬᠡᠷᠡᠭᠲᠡᠢ᠃ ᠳᠠᠭ᠋ᠠᠭᠤᠯᠤᠨ ᠭᠦᠢ᠍ᠴᠡᠳᠬᠡᠬᠦ ᠵᠢ ᠠᠳᠬᠤᠵᠤ᠂ ᠤᠳᠤᠷᠢᠳᠬᠤ ᠺᠠᠳ᠋ᠷᠴᠤᠳ ᠡᠮᠦᠨ᠎ᠡ᠎ᠨᠢ ᠳᠠᠭ᠋ᠠᠭᠤᠯᠵᠦ ᠵᠢᠱ᠌ᠢᠶ᠎ᠡ ᠦᠵᠡᠭᠦᠯᠬᠦ ᠵᠢ ᠪᠠᠷᠢᠮᠲᠠᠯᠠᠵᠤ᠂ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠦᠷᠦᠭᠦᠯᠡᠨ ᠰᠤᠷᠤᠯᠴᠠᠵᠤ ᠤᠬᠠᠭᠤᠯᠤᠨ ᠲᠤᠤᠱᠯᠠᠭᠤᠯᠵᠤ᠂ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠤ ᠵᠠᠩᠭᠢᠯᠠᠭ᠎ᠠ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠬᠤ ᠬᠡᠷᠡᠭᠲᠡᠶ᠃ ᠭᠤᠷᠪᠠ᠎ᠳᠤ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ᠎ᠪᠠᠷ ᠰᠢᠨ᠎ᠡ ᠭᠠᠷᠤᠭ᠎ᠠ ᠪᠣᠯᠭ᠋ᠠᠵᠤ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠳᠤᠭᠡᠨ ᠪᠠᠶ᠋ᠢᠭᠤᠯᠤᠯᠲᠠ ᠵᠢᠨ ᠰᠢᠨ᠎ᠡ ᠠᠶᠠᠯᠡᠯᠢ ᠡᠬᠢᠯᠡᠭᠦᠯᠬᠦ ᠬᠡᠷᠡᠭᠲᠡᠢ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ᠎ᠳᠤ᠂ ᠣᠶ᠋ᠢᠯᠠᠭ᠋ᠠᠬᠤ ᠵᠢ ᠴᠢᠬᠤᠯᠠᠴᠢᠯᠠᠵᠤ᠂ ᠦᠢ᠍ᠯᠡᠳᠦᠯᠭᠡᠵᠢᠭᠦᠯᠬᠦ᠎ᠪᠠᠷ ᠭᠤᠣᠯᠳᠠᠭᠤᠯᠵᠤ᠂ ᠨᠠᠶ᠋ᠢᠳᠠᠪᠤᠷᠢᠵᠢᠭᠤᠯᠬᠤ ᠵᠢ ᠡᠷᠬᠢᠮᠯᠡᠬᠦ ᠬᠡᠷᠡᠭᠲᠡᠢ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠰᠢᠨ᠎ᠡ ᠦᠵᠡᠯ ᠰᠠᠨᠠᠭ᠎ᠠ᠂ ᠰᠢᠨ᠎ᠡ ᠬᠥᠳᠡᠯᠭᠡᠬᠦ ᠬᠦᠴᠦᠨ᠎ᠢ ᠰᠤᠷᠤᠯᠴᠠᠨ ᠲᠤᠤᠱᠯᠠᠭᠤᠯᠬᠤ ᠵᠢ ᠬᠥᠭᠵᠢᠯᠲᠡ ᠵᠢᠨ ᠳᠤᠮᠳᠠ᠎ᠪᠠᠨ ᠨᠢᠭᠲᠠᠷᠠᠭᠤᠯᠵᠤ᠂ ᠠᠵᠢᠯ᠎ᠤᠨ ᠳᠤᠮᠳᠠ᠎ᠪᠠᠨ ᠨᠠᠶ᠋ᠢᠳᠠᠪᠤᠷᠢᠵᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠪᠦᠬᠦ ᠶᠠᠪᠤᠴᠠ᠎ᠳᠤ ᠨᠠᠶ᠋ᠢᠳᠠᠪᠤᠷᠢᠵᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ ᠠᠭᠤᠤ ᠶᠡᠭᠡ ᠦᠢ᠍ᠯᠡᠰ᠎ᠤᠨ ᠳᠤᠮᠳᠠ ᠨᠠᠶ᠋ᠢᠳᠠᠪᠤᠷᠢᠵᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠥᠭᠵᠢᠯᠲᠡ ᠵᠢ ᠲᠦᠯᠬᠢᠨ ᠠᠬᠢᠭᠤᠯᠬᠤ ᠳᠡᠭᠡᠷ᠎ᠡ ᠨᠠᠶ᠋ᠢᠳᠠᠪᠤᠷᠢᠵᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠬᠡᠯ᠎ᠳᠤ ᠳᠤᠷᠠᠳᠤᠭᠰᠠᠨ 《ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢ ᠥᠷᠭᠡᠨ ᠳᠡᠯᠭᠡᠷᠡᠩᠭᠦᠶ ᠥᠷᠨᠢᠭᠦᠯᠵᠦ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠳᠤᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠵᠡᠮᠳᠡᠭᠴᠦᠳ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠰᠠᠶ᠋ᠢᠲᠤᠷ ᠡᠷᠬᠢᠯᠡᠬᠦ》 ᠵᠢ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠵᠢᠭ᠋ᠠᠨ ᠵᠢᠯᠣᠭᠤᠳᠤᠭᠰᠠᠨ ᠤᠬᠠᠮᠰᠠᠷᠲᠤ ᠠᠵᠢᠯᠯᠠᠭ᠎ᠠ ᠪᠣᠯᠭ᠋ᠠᠬᠤ ᠬᠡᠷᠡᠭᠲᠡᠶ᠃
ᠬᠥᠲᠥᠯᠥᠭᠴᠢ᠄ ᠡᠨᠡ ᠵᠢᠯ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ 70 ᠵᠢᠯ᠎ᠤᠨ ᠤᠢ ᠪᠣᠯᠤᠨ᠎ᠠ᠂ ᠲᠡᠭᠡᠪᠡᠯ 70 ᠵᠢᠯ᠎ᠤᠨ ᠲᠤᠷᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠠᠵᠢᠯ ᠶᠠᠮᠠᠷ ᠶᠠᠮᠠᠷ ᠠᠮᠵᠢᠯᠲᠠ ᠣᠯᠣᠭᠰᠠᠨ ᠪᠣᠢ?
ᠱ᠌ᠢ ᠯᠢ ᠮᠢᠩ᠄ 70 ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢᠨ ᠳᠣᠣᠷ᠎ᠠ᠂ ᠪᠦᠬᠦ ᠣᠷᠣᠨ᠎ᠤ ᠪᠡᠶ᠎ᠡ ᠵᠢᠨ ᠲᠠᠮᠢᠷ᠎ᠤᠨ ᠠᠵᠢᠯᠲᠠᠳ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠦ᠂ ᠥᠪᠥᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠰᠦᠷ ᠳᠠᠯᠠᠶ᠋ᠢᠴᠠᠲᠠᠶ ᠲᠡᠦᠬᠡ ᠵᠢ ᠡᠭᠦᠳᠦᠨ᠂ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠭᠰᠠᠨ ᠬᠢᠯᠠᠯᠵᠠᠭᠰᠠᠨ ᠠᠮᠵᠢᠯᠲᠠ ᠣᠯᠵᠠᠢ᠃ ᠣᠶ᠋ᠢᠷ᠎ᠠ ᠵᠢᠨ ᠵᠢᠯ᠎ᠠᠴᠠ ᠨᠠᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠠᠵᠢᠯ ᠶᠡᠷᠦᠩᠬᠡᠶ ᠱᠦᠵᠢ ᠰᠢ ᠵᠢᠨ ᠫᠢᠩ᠎ᠤᠨ ᠰᠢᠷᠢᠰ ᠴᠢᠬᠤᠯᠠ ᠶᠠᠷᠢᠶ᠎ᠠ ᠢᠯᠠᠩᠭᠤᠶ᠎ᠠ ᠪᠡᠶ᠎ᠡ ᠵᠢᠨ ᠲᠠᠮᠢᠷ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠪᠣᠯᠤᠨ ᠵᠢᠭ᠋ᠠᠪᠤᠷᠢ ᠵᠢᠨ ᠵᠣᠷᠢᠭ ᠰᠠᠨᠠᠭ᠎ᠠ᠎ᠪᠠᠷ ᠵᠢᠭ᠋ᠠᠨ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠪᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠤᠳᠤᠯᠭ᠎ᠠ᠎ᠨᠢ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠠᠵᠢᠯ᠎ᠤᠨ 《33533》 ᠬᠥᠭᠵᠢᠯᠲᠡ ᠵᠢᠨ ᠰᠡᠳᠬᠢᠮᠵᠢ᠎ᠲᠠᠢ ᠨᠢᠭᠲᠠ ᠤᠶᠠᠯᠳᠤᠭᠤᠯᠤᠨ᠂ ᠪᠡᠶ᠎ᠡ ᠵᠢᠨ ᠲᠠᠮᠢᠷ᠎ᠤᠨ ᠥᠭᠡᠷᠡᠴᠢᠯᠡᠯᠲᠡ ᠬᠥᠭᠵᠢᠯᠲᠡ ᠵᠢᠨ ᠶᠡᠭᠡ ᠬᠠᠨᠳᠤᠰᠢ ᠵᠢ ᠭᠦᠨᠵᠡᠭᠡᠶ ᠡᠵᠡᠮᠳᠡᠵᠦ᠂ ᠬᠥᠭᠵᠢᠯᠲᠡ ᠵᠢᠨ ᠰᠡᠳᠬᠢᠮᠵᠢ᠎ᠪᠠᠨ ᠲᠣᠳᠣᠷᠬᠠᠢ ᠪᠣᠯᠭ᠋ᠠᠵᠤ᠂ ᠶᠡᠬᠡᠪᠡᠷ ᠥᠭᠡᠷᠡᠴᠢᠯᠡᠯᠲᠡ ᠬᠢᠵᠤ ᠰᠢᠨ᠎ᠡ ᠵᠢ ᠡᠭᠦᠳᠦᠡ᠂ ᠬᠠᠷᠢᠭᠤᠴᠠᠯᠭ᠎ᠠ᠎ᠪᠠᠨ ᠵᠣᠷᠢᠭᠲᠠᠶ᠎ᠪᠠᠷ ᠭᠦᠢ᠍ᠴᠡᠳᠬᠡᠨ ᠡᠭᠦᠷᠭᠡᠯᠡᠵᠦ᠂ ᠤᠯᠠᠨ ᠲᠦᠮᠡᠨ᠎ᠤ ᠪᠡᠶ᠎ᠡ ᠵᠢᠨ ᠲᠠᠮᠢᠷ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ ᠪᠠ ᠪᠡᠶ᠎ᠡ ᠵᠢᠨ ᠲᠠᠮᠢᠷ᠎ᠤᠨ ᠰᠣᠶᠣᠯ᠎ᠤᠨ 《ᠳᠦᠷᠪᠡᠨ ᠵᠦᠢ᠍ᠯ ᠵᠶ᠋ᠠᠷ ᠬᠦᠳᠡᠯᠭᠡᠭᠦᠷ ᠪᠣᠯᠭ᠋ᠠᠭᠰᠠᠨ》 ᠪᠡᠶ᠎ᠡ ᠵᠢᠨ ᠲᠠᠮᠢᠷ᠎ᠢ ᠬᠥᠭᠵᠢᠭᠦᠯᠬᠦ ᠠᠵᠢᠯ᠎ᠤᠨ ᠰᠢᠨ᠎ᠡ ᠪᠠᠶ᠋ᠢᠷᠢᠰᠢᠯ᠎ᠢ ᠪᠠᠶ᠋ᠢᠭᠤᠯᠤᠨ ᠪᠦᠷᠢᠯᠳᠦᠭᠦᠯᠵᠡᠢ᠃ ᠡᠳᠦᠭᠡ᠂ ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠠᠮᠢᠳᠤᠷᠠᠯ᠎ᠢ ᠠᠮᠢᠳᠤᠯᠢᠭᠵᠢᠭᠤᠯᠬᠤ ᠶᠠᠪᠤᠳᠠᠯ ᠤᠯᠠᠮ ᠵᠶ᠋ᠠᠷ ᠭᠦᠨᠵᠡᠭᠡᠶ᠋ᠢᠷᠡᠵᠦ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠡᠷᠴᠢᠮᠵᠢᠭᠦᠯᠦᠯᠲᠡ ᠠᠭ᠋ᠠᠵᠢᠮ ᠵᠶ᠋ᠠᠷ ᠬᠡᠯᠪᠡᠷᠢ᠎ᠪᠠᠨ ᠬᠤᠪᠢᠷᠠᠭᠤᠯᠤᠨ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠵᠠᠬ᠎ᠠ ᠳᠡᠯᠭᠡᠭᠦᠷᠴᠢᠯᠡᠯᠲᠡ ᠵᠢ ᠠᠯᠬᠤᠮ ᠠᠯᠬᠤᠮ ᠵᠶ᠋ᠠᠷ ᠠᠬᠢᠭᠤᠯᠵᠤ᠂ ᠪᠡᠶ᠎ᠡ ᠵᠢᠨ ᠲᠠᠮᠢᠷ᠎ᠤᠨ ᠰᠣᠶᠣᠯ᠎ᠤᠨ ᠤᠯᠠᠨ ᠶᠠᠩᠵᠤᠴᠢᠯᠠᠯᠳᠠ ᠠᠭ᠋ᠠᠵᠢᠮ ᠵᠶ᠋ᠠᠷ ᠢᠯᠡᠷᠡᠵᠤ᠂ ᠬᠥᠯ ᠪᠥᠮᠪᠦᠭᠡ ᠵᠢᠨ ᠬᠥᠭᠵᠢᠯᠲᠡ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ ᠠᠩᠬ᠎ᠠ ᠠᠯᠬᠤᠮ ᠠᠮᠵᠢᠯᠲᠠ ᠣᠯᠵᠤ᠂ ᠪᠦᠬᠦ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠨ ᠪᠠᠶ᠋ᠢᠭᠤᠯᠬᠤ ᠠᠵᠢᠯ᠎ᠢ ᠡᠮᠬᠢ ᠵᠢᠷᠤᠮ᠎ᠲᠠᠢ᠎ᠪᠠᠷ ᠶᠠᠪᠤᠭᠳᠠᠭᠤᠯᠵᠤ᠂ ᠪᠡᠶ᠎ᠡ ᠵᠢᠨ ᠲᠠᠮᠢᠷ᠎ᠨᠢ ᠠᠭ᠋ᠠᠵᠢᠮ ᠵᠶ᠋ᠠᠷ ᠲᠠᠯ᠎ᠠ ᠨᠤᠲᠤᠭ᠎ᠤᠨ ᠠᠷᠠᠳ ᠲᠦᠮᠡᠨ᠎ᠤ ᠡᠷᠡᠭᠦᠯ ᠠᠮᠢᠳᠤᠷᠠᠯ᠎ᠢ ᠬᠥᠲᠥᠯᠥᠨ ᠳᠠᠭ᠋ᠠᠭᠤᠯᠬᠤ ᠵᠦᠭᠯᠡᠭᠦᠷ ᠪᠣᠯᠵᠤ᠂ ᠡᠷᠡᠭᠦᠯ ᠡᠩᠬᠡ ᠥᠪᠥᠷ ᠮᠣᠩᠭᠤᠯ᠎ᠢ ᠴᠣᠭᠴᠠᠯᠠᠨ ᠪᠠᠶ᠋ᠢᠭᠤᠯᠬᠤ᠂ ᠡᠷᠡᠭᠦᠯ ᠡᠩᠭᠡ ᠳᠤᠮᠳᠠᠳᠤ ᠤᠯᠤᠰ᠎ᠤᠨ ᠪᠠᠶ᠋ᠢᠭᠤᠯᠤᠯᠲᠠ ᠵᠢ ᠲᠦᠯᠬᠢᠨ ᠤᠷᠤᠭᠰᠢᠯᠠᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶ᠋ᠢᠨ᠎ᠠ᠃ ᠡᠨᠡ ᠵᠢᠯ᠎ᠤᠨ ᠡᠷᠬᠢᠯᠡᠭᠰᠡᠨ ᠲᠢᠶᠠᠨᠵᠢᠨ᠎ᠤ ᠪᠦᠬᠦ ᠤᠯᠤᠰ᠎ᠤᠨ ᠲᠠᠮᠢᠷ᠎ᠤᠨ ᠴᠤᠭᠯᠠᠭ᠋ᠠᠨ ᠳᠡᠭᠡᠷ᠎ᠡ᠂ ᠮᠠᠨ᠎ᠤ ᠣᠷᠣᠨ᠎ᠤ ᠲᠠᠮᠢᠷᠴᠢᠨ ᠨᠡᠶ᠋ᠢᠲᠡ 7 ᠠᠯᠲᠠᠨ ᠮᠧᠳᠠᠯ᠂ 10 ᠮᠥᠩᠭᠦᠨ ᠮᠧᠳᠠᠯ᠂ 20 ᠬᠦᠷᠡᠯ ᠮᠧᠳᠠᠯ᠎ᠤᠨ ᠰᠠᠶ᠋ᠢᠨ ᠬᠢᠷᠢ ᠪᠦᠲᠦᠮᠵᠢ ᠣᠯᠵᠤ᠂ ᠣᠶ᠋ᠢᠷ᠎ᠠ ᠵᠢᠨ 20 ᠵᠢᠯ᠎ᠤᠨ ᠲᠤᠷᠰᠢᠬᠢ ᠪᠦᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠠᠮᠤᠭ ᠰᠠᠶ᠋ᠢᠨ ᠬᠢᠷᠢ ᠪᠦᠲᠦᠮᠵᠢ ᠵᠢ ᠡᠭᠦᠳᠦᠨ ᠪᠦᠲᠦᠭᠡᠵᠦ᠂ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ ᠪᠡᠶ᠎ᠡ ᠵᠢᠨ ᠲᠠᠮᠢᠷ᠎ᠤᠨ ᠶᠣᠰᠣ ᠮᠣᠷᠠᠯ᠎ᠤᠨ ᠱᠠᠩᠨᠠᠯ᠎ᠢ ᠣᠯᠵᠤ᠂ ᠬᠥᠳᠡᠯᠭᠡᠭᠡᠨ᠎ᠤ ᠬᠢᠷᠢ ᠪᠦᠲᠦᠮᠵᠢ ᠪᠣᠯᠤᠨ ᠣᠶᠤᠨ᠎ᠤ ᠪᠣᠯᠪᠠᠰᠤᠨ᠎ᠤ ᠲᠠᠯ᠎ᠠ᠎ᠪᠠᠷ ᠬᠤᠣᠰ ᠠᠮᠵᠢᠯᠲᠠ ᠣᠯᠵᠤ᠂ ᠤᠷᠤᠭᠰᠢᠯᠠᠨ ᠲᠡᠮᠡᠴᠡᠵᠦ᠂ ᠬᠦᠴᠦᠯᠡᠨ ᠴᠢᠷᠮᠠᠶ᠋ᠢᠬᠤ ᠵᠣᠷᠢᠭ ᠰᠠᠨᠠᠭ᠎ᠠ᠎ᠪᠠᠷ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠭᠰᠡᠨ ᠪᠠᠶ᠋ᠢᠨ᠎ᠠ᠃
ᠬᠥᠲᠥᠯᠥᠭᠴᠢ᠄ ᠤᠶ᠋ᠢᠷ᠎ᠠ ᠵᠢᠨ ᠵᠢᠯ᠎ᠤᠳ᠎ᠲᠤ ᠮᠠᠨ᠎ᠤ ᠣᠷᠣᠨ᠎ᠤ ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠠᠵᠢᠯ᠎ᠳᠤ ᠣᠯᠣᠭᠰᠠᠨ ᠠᠮᠵᠢᠯᠲᠠ ᠪᠦᠲᠦᠮᠵᠢ ᠵᠢ ᠶᠠᠷᠢᠭ᠋ᠠᠳ ᠥᠭᠭᠦᠨ᠎ᠡ ᠤᠤ᠃
ᠱ᠌ᠢ ᠯᠢ ᠮᠢᠩ᠄ ᠥᠪᠥᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠠᠵᠢᠯ ᠢᠮᠠᠭᠲᠠ ᠤᠯᠠᠨ ᠲᠦᠮᠡᠨ᠎ᠤ ᠪᠡᠶ᠎ᠡ ᠵᠢᠨ ᠲᠠᠮᠢᠷ᠎ᠢ ᠠᠮᠢᠳᠤᠷᠠᠯᠵᠢᠭᠤᠯᠬᠤ ᠵᠢ ᠢᠳᠡᠪᠬᠢᠲᠡᠢ ᠲᠦᠯᠬᠢᠨ ᠠᠬᠢᠭᠤᠯᠬᠤ᠎ᠪᠠᠷ ᠬᠠᠷᠠᠯᠲᠠ᠎ᠪᠠᠨ ᠪᠣᠯᠭ᠋ᠠᠵᠤ᠂ ᠬᠤᠳᠠ ᠬᠥᠳᠡᠭᠡ ᠵᠢᠨ ᠤᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ ᠵᠢ ᠲᠡᠩᠴᠡᠭᠦᠷᠢᠰᠢᠭᠦᠯᠬᠦ ᠵᠢ ᠲᠦᠯᠬᠢᠨ ᠠᠬᠢᠭᠤᠯᠵᠤ᠂ ᠦᠨᠳᠦᠰᠦᠨ ᠱᠠᠲᠤᠨ᠎ᠤ ᠤᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠶᠠᠰᠤ ᠴᠢᠨᠠᠷ ᠪᠣᠯᠤᠨ ᠬᠢᠷᠢ ᠲᠥᠪᠰᠢᠨ᠎ᠢ ᠳᠡᠭᠡᠭᠰᠢᠯᠡᠭᠦᠯᠵᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠠᠭᠤᠷᠢ ᠪᠡᠯᠡᠳᠬᠡᠮᠵᠢ ᠵᠢᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠨᠴᠠᠯᠢᠭ ᠪᠦᠬᠦᠢ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠨᠡᠷᠡᠲᠦ ᠲᠥᠷᠥᠯ ᠲᠡᠮᠳᠡᠭᠲᠦ ᠬᠦᠳᠡᠯᠭᠡᠭᠡᠨ᠎ᠢ ᠪᠠᠶᠠᠯᠢᠭᠵᠢᠭᠤᠯᠤᠨ᠂ ᠪᠡᠶ᠎ᠡ ᠵᠢᠨ ᠲᠠᠮᠢᠷ᠎ᠤᠨ ᠣᠯᠠᠨ ᠲᠦᠮᠡᠨᠴᠢ ᠪᠦᠯᠬᠦᠮ᠎ᠤᠨ ᠲᠣᠣᠷ᠎ᠢ ᠲᠠᠰᠤᠷᠠᠯᠳᠡ ᠦᠭᠡᠢ ᠥᠷᠭᠡᠳᠬᠡᠵᠦ᠂ ᠤᠯᠠᠨ ᠲᠦᠮᠡᠨ᠎ᠤ ᠰᠢᠨᠵᠢᠯᠡᠬᠦ ᠤᠬᠠᠭ᠋ᠠᠨᠴᠢ᠎ᠪᠠᠷ ᠪᠡᠶ᠎ᠡ᠎ᠪᠠᠨ ᠴᠢᠭᠢᠷᠠᠭᠵᠢᠭᠤᠯᠬᠤ ᠦᠵᠡᠯ ᠤᠬᠠᠮᠰᠠᠷ᠎ᠢ ᠠᠯᠬᠤᠮ ᠠᠯᠬᠤᠮ ᠵᠶ᠋ᠠᠷ ᠴᠢᠩᠭ᠋ᠠᠷᠠᠭᠤᠯᠤᠨ᠂ ᠪᠦᠬᠦ ᠠᠷᠠᠳ ᠪᠡᠶ᠎ᠡ᠎ᠪᠠᠨ ᠴᠢᠭᠢᠷᠠᠭᠵᠢᠭᠤᠯᠬᠤ ᠦᠢ᠍ᠯᠡᠴᠢᠯᠡᠭᠡᠨ᠎ᠤ ᠰᠢᠰᠲ᠋ᠧᠮᠵᠢ ᠵᠢ ᠠᠩᠬ᠎ᠠ ᠠᠯᠬᠤᠮ ᠪᠦᠷᠢᠯᠳᠦᠭᠦᠯᠪᠡ᠃ ᠣᠳᠣᠬᠠᠨ᠎ᠳᠤ᠂ ᠪᠥᠬᠦ ᠣᠷᠣᠨ᠎ᠤ ᠪᠤᠢ ᠪᠥᠬᠦᠢ ᠠᠶ᠋ᠢᠮᠠᠭ ᠬᠤᠳᠠ ᠪᠣᠯᠤᠨ 73.39% ᠵᠢᠨ ᠬᠤᠰᠢᠭᠤ ᠰᠢᠶᠠᠨ (ᠬᠤᠲᠠ᠂ ᠲᠣᠭᠤᠷᠢᠭ) ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠶᠡᠷᠦᠩᠬᠡᠶ ᠡᠪᠯᠡᠯ ᠪᠠᠶ᠋ᠢᠭᠤᠯᠤᠨ᠂ ᠪᠡᠶ᠎ᠡ ᠵᠢᠨ ᠲᠠᠮᠢᠷ᠎ᠤᠨ ᠲᠥᠷᠥᠯ᠎ᠤᠨ ᠣᠯᠠᠨ ᠲᠦᠮᠡᠨᠴᠢ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠤᠯᠠᠮ ᠨᠢᠭᠡ ᠠᠯᠬᠤᠮ ᠪᠤᠵᠠᠭ᠋ᠠᠶ᠋ᠢᠷᠠᠵᠤ᠂ ᠲᠦᠮᠡᠨ ᠬᠥᠮᠦᠨ ᠪᠦᠷᠢ᠎ᠳᠤ 0.62 ᠬᠦᠷᠲᠡᠵᠦ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠦᠭᠤᠳᠦᠬ᠍ᠴᠢ 3.9 ᠲᠦᠮᠡ ᠭᠠᠷᠤᠶ ᠬᠥᠮᠦᠨ᠎ᠳᠤ ᠬᠦᠷᠦᠭᠰᠡᠨ ᠪᠠᠶ᠋ᠢᠨ᠎ᠠ᠃ ᠪᠦᠬᠦ ᠠᠷᠠᠳ᠎ᠤᠨ ᠪᠡᠶ᠎ᠡ᠎ᠪᠠᠨ ᠴᠢᠭᠢᠷᠠᠭᠵᠢᠭᠤᠯᠬᠤ ᠪᠡᠯᠡᠳᠬᠡᠮᠵᠢ᠎ᠨᠢ ᠤᠯᠠᠮ ᠴᠢᠨᠠᠭᠰᠢᠳᠠ ᠲᠡᠭᠦᠯᠳᠡᠷᠵᠢᠨ᠂ 82.35% ᠬᠤᠰᠢᠭᠤ ᠰᠢᠶᠠᠨ (ᠬᠤᠲᠠ᠂ ᠲᠣᠭᠤᠷᠢᠭ)᠎ᠳᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ᠎ᠤ ᠲᠥᠪ ᠪᠠᠶ᠋ᠢᠭᠤᠯᠵᠤ᠂ 81.35% ᠵᠢᠨ ᠰᠤᠮᠤ ᠰᠢᠶᠠᠩ ᠪᠠᠯᠭ᠋ᠠᠰᠤ᠎ᠳᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ᠎ᠤ ᠥᠷᠲᠡᠭᠡ ᠪᠠᠶ᠋ᠢᠭᠤᠯᠵᠤ᠂ 61.43% ᠵᠢᠨ ᠭᠠᠴᠠᠭ᠎ᠠ ᠲᠣᠰᠬᠤᠨ᠎ᠳᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠤ ᠴᠢᠭ᠋ ᠪᠠᠶ᠋ᠢᠭᠤᠯᠤᠨ᠂ ᠨᠢᠭᠡ ᠪᠦᠯᠦᠭ 《ᠲᠠᠯᠠᠪᠠᠢ ᠵᠢᠨ ᠪᠠᠷᠢᠯᠭ᠎ᠠ》᠂ 《ᠭᠡᠷ᠎ᠤᠨ ᠭᠠᠳᠠᠨᠠᠬᠢ ᠬᠦᠳᠡᠯᠭᠡᠭᠡᠨ᠎ᠤ ᠬᠤᠸᠠᠷᠠᠨ》᠂ 《ᠪᠡᠶ᠎ᠡ᠎ᠪᠠᠨ ᠴᠢᠭᠢᠷᠠᠭᠵᠢᠭᠤᠯᠬᠤ ᠵᠦᠷᠢᠭ ᠵᠠᠮ》 ᠵᠡᠷᠭᠡ ᠪᠡᠯᠡᠳᠬᠡᠮᠵᠢ ᠠᠰᠢᠭᠯᠠᠯᠲᠠ᠎ᠳᠤ ᠣᠷᠣᠵᠤ᠂ ᠬᠥᠮᠦᠨ ᠪᠦᠷᠢ᠎ᠳᠤ ᠳᠤᠮᠳᠠᠴᠢ᠎ᠪᠠᠷ ᠨᠣᠭᠳᠠᠬᠤ ᠪᠡᠶ᠎ᠡ ᠵᠢᠨ ᠲᠠᠮᠢᠷ᠎ᠤᠨ ᠲᠠᠯᠠᠪᠠᠢ᠎ᠨᠢ 1. 66 ᠲᠡᠭᠰᠢ ᠳᠥᠷᠪᠡᠯᠵᠢᠨ ᠮᠧᠳ᠋ᠷ᠎ᠠᠴᠠ ᠳᠠᠪᠠᠭᠰᠠᠨ ᠪᠠᠶ᠋ᠢᠨ᠎ᠠ᠃ ᠮᠠᠨ᠎ᠤ ᠣᠷᠣᠨ 《ᠡᠳᠦᠷ ᠪᠦᠷᠢ ᠨᠢᠭᠡ ᠴᠠᠭ ᠪᠡᠶ᠎ᠡ᠎ᠪᠠᠨ ᠪᠣᠯᠪᠠᠰᠤᠷᠠᠵᠤ᠂ ᠨᠠᠰᠤᠨ ᠲᠤᠷᠰᠢ ᠡᠷᠡᠭᠦᠯ ᠰᠠᠶ᠋ᠢᠬᠠᠨ ᠠᠮᠢᠳᠤᠷᠠᠨ᠎ᠠ》 ᠭᠡᠰᠡᠨ ᠣᠨᠣᠯᠵᠢᠬᠤᠨ᠎ᠢ ᠢᠳᠡᠪᠬᠢᠲᠡᠶ ᠰᠠᠨᠠᠭ᠋ᠠᠴᠢᠯᠠᠵᠤ᠂ ᠲᠠᠯ᠎ᠠ ᠨᠤᠲᠤᠭ᠂ ᠮᠥᠰᠥ ᠴᠠᠰᠤ᠂ ᠡᠯᠡᠰᠦ ᠮᠠᠩᠬ᠎ᠠ᠂ ᠵᠠᠩ ᠦᠶᠯᠡ ᠵᠡᠷᠭᠡ ᠡᠬᠢ ᠪᠠᠶᠠᠯᠢᠭ᠎ᠤᠨ ᠳᠠᠪᠠᠭᠤᠯᠢᠭ᠎ᠲᠤ ᠲᠦᠰᠢᠭᠯᠡᠨ᠂ 《ᠬᠦᠷ ᠬᠥᠭᠵᠢᠶᠡᠨᠲᠦ ᠲᠠᠯ᠎ᠠ ᠨᠤᠲᠤᠭ》 ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠨᠠᠭ᠋ᠠᠳᠤᠮ᠂ ᠥᠪᠥᠷ ᠮᠣᠩᠭᠤᠯ (ᠣᠯᠠᠨ ᠤᠯᠤᠰ)᠎ᠤᠨ ᠮᠣᠷᠢᠨ ᠮᠡᠷᠭᠡᠵᠢᠯ᠎ᠤᠨ ᠨᠠᠶ᠋ᠢᠷ᠂ ᠲᠠᠯ᠎ᠠ ᠨᠤᠲᠤᠭ᠎ᠤᠨ ᠰᠡᠯᠡᠭᠦᠴᠡᠯ ᠲᠠᠮᠢᠷ᠎ᠤᠨ ᠴᠤᠭᠯᠠᠭ᠋ᠠᠨ᠂ 《ᠵᠠᠭᠤᠨ ᠰᠢᠶᠠᠨ᠎ᠤ ᠲᠦᠮᠡᠨ ᠬᠥᠮᠦᠨ》᠎ᠤ ᠰᠢᠷᠢᠰ ᠮᠦᠷᠦᠶ᠋ᠢᠴᠡᠭᠡᠨ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ ᠲᠠᠯ᠎ᠠ ᠨᠤᠲᠤᠭ᠎ᠤᠨ ᠠᠶᠠᠯᠠᠯ᠂ ᠠᠷᠠᠳ ᠨᠡᠶ᠋ᠢᠲᠡ᠎ᠪᠠᠷ ᠵᠶ᠋ᠠᠨ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ᠎ᠪᠠᠷ ᠴᠡᠴᠡᠷᠯᠢᠭ ᠵᠤᠭ᠋ᠠᠴᠠᠬᠤ ᠨᠠᠶ᠋ᠢᠷ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢᠭ᠋ᠠᠨ ᠲᠠᠶ᠋ᠢᠯᠪᠤᠷᠢᠯᠠᠬᠤ ᠲᠠᠩᠬᠢᠮ᠂ ᠵᠠᠯᠠᠭᠤᠴᠤᠳ ᠪᠠᠭ᠋ᠠᠴᠤᠳ᠎ᠤᠨ ᠮᠦᠰᠦ ᠴᠠᠰᠤᠨ ᠡᠪᠦᠯᠵᠢᠶ᠎ᠡ ᠵᠡᠷᠭᠡ ᠨᠡᠷᠡᠲᠦ ᠲᠥᠷᠥᠯ ᠲᠡᠮᠳᠡᠭᠲᠦ ᠤᠷᠤᠯᠳᠤᠭ᠋ᠠᠨ᠎ᠢ ᠶᠠᠪᠤᠭᠳᠠᠭᠤᠯᠪᠠ᠃ ᠠᠷᠠᠳ ᠲᠦᠮᠡᠨ᠎ᠤ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ ᠦᠵᠡᠯ ᠤᠬᠠᠮᠰᠠᠷ ᠤᠯᠠᠮ ᠨᠢᠭᠡ ᠠᠯᠬᠤᠮ ᠴᠢᠩᠭ᠋ᠠᠷᠠᠵᠤ᠂ ᠦᠷᠭᠦᠯᠵᠢ ᠪᠡᠶ᠎ᠡ ᠲᠠᠮᠢᠷ᠎ᠤᠨ ᠪᠣᠯᠪᠠᠰᠤᠷᠠᠯ᠎ᠳᠤ ᠣᠷᠣᠯᠴᠠᠳᠠᠭ ᠬᠥᠮᠦᠨ᠎ᠤ ᠲᠤᠭ᠎ᠠ ᠵᠢᠨ ᠬᠠᠷᠢᠴᠠᠯ᠎ᠨᠢ 40.3%᠎ᠳᠤ ᠬᠦᠷᠴᠡᠢ᠃ ᠡᠯᠪᠡᠭ ᠪᠠᠶᠠᠯᠢᠭ ᠤᠷᠤᠯᠳᠤᠭ᠋ᠠᠨ᠎ᠤ ᠠᠵᠢᠯᠯᠠᠭ᠎ᠠ᠂ ᠲᠠᠩᠰᠤᠭ ᠰᠠᠶ᠋ᠢᠬᠠᠨ ᠤᠶᠤᠨ ᠰᠠᠨᠠᠭ᠋ᠠᠨ᠎ᠤ ᠡᠬᠢ ᠪᠠᠶᠠᠯᠢᠭ᠂ ᠥᠪᠡᠷᠮᠢᠴᠡ ᠣᠨᠴᠠᠯᠢᠭᠲᠤ ᠪᠡᠶ᠎ᠡ ᠵᠢᠨ ᠲᠠᠮᠢᠷ᠎ᠤᠨ ᠷᠢᠳᠢ ᠰᠢᠳᠢ᠎ᠨᠢ ᠲᠠᠯ᠎ᠠ ᠨᠤᠲᠤᠭ᠎ᠤᠨ ᠠᠷᠠᠳ ᠲᠦᠮᠡᠨ᠎ᠳᠤ ᠠᠮᠢᠳᠤᠷᠠᠯ᠎ᠤᠨ ᠭᠦᠨ ᠵᠣᠵᠠᠭ᠋ᠠᠨ ᠠᠭᠤᠯᠤᠭᠳᠠᠬᠤᠨ᠎ᠢ ᠨᠡᠮᠡᠷᠢᠯᠡᠵᠦ᠂ ᠮᠥᠨ ᠴᠦ᠍ ᠡᠷᠡᠭᠦᠯ ᠡᠩᠬᠡ ᠥᠪᠥᠷ ᠮᠣᠩᠭᠤᠯ᠎ᠤᠨ ᠬᠥᠭᠵᠢᠯᠲᠡ᠎ᠳᠤ ᠴᠦ᠍ ᠪᠠᠷᠠᠭᠳᠠᠰᠢ ᠦᠭᠡᠢ ᠡᠬᠢ ᠬᠦᠴᠦᠨ᠎ᠢ ᠬᠠᠩᠭ᠋ᠠᠭᠰᠠᠨ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ 《ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢᠨ ᠬᠡᠷᠡᠭᠵᠢᠭᠦᠯᠬᠦ ᠲᠥᠯᠥᠪᠯᠡᠭᠡ (2016 — 2020 ᠣᠨ)》᠂ 《ᠤᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠎ᠤ ᠪᠡᠯᠡᠳᠬᠡᠮᠵᠢ ᠵᠢ ᠨᠡᠶ᠋ᠢᠭᠡᠮ᠎ᠳᠤ ᠴᠢᠯᠥᠭᠡᠲᠡᠶ ᠨᠡᠭᠡᠭᠡᠬᠦ ᠵᠢᠨ ᠬᠡᠷᠡᠭᠵᠢᠭᠦᠯᠬᠦ ᠠᠷᠭ᠎ᠠ》 ᠵᠡᠷᠭᠡ ᠪᠠᠲᠤᠯᠠᠭ᠎ᠠ ᠵᠢᠨ ᠴᠢᠨᠠᠷᠲᠠᠶ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠂ 《ᠢᠨᠲ᠋ᠧᠷ ᠰᠦᠯᠵᠢᠶ᠎ᠡ + ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ》 ᠲᠥᠯᠥᠪᠯᠡᠭᠡ ᠵᠢ ᠬᠡᠷᠡᠭᠵᠢᠭᠦᠯᠦᠨ᠂ 《ᠵᠠᠰᠠᠭ᠎ᠤᠨ ᠣᠷᠳᠣᠨ ᠵᠶ᠋ᠠᠷ ᠤᠳᠤᠷᠢᠳᠤᠮᠵᠢ ᠪᠣᠯᠭ᠋ᠠᠭᠰᠠᠨ᠂ ᠰᠠᠯᠠᠭ᠎ᠠ ᠮᠥᠴᠢᠷ᠎ᠤᠳ ᠬᠠᠮᠵᠢᠯᠴᠠᠨ᠂ ᠪᠦᠬᠦ ᠨᠡᠶ᠋ᠢᠭᠡᠮ ᠵᠶ᠋ᠠᠷ ᠵᠶ᠋ᠠᠨ ᠬᠠᠮᠲᠤ᠎ᠪᠠᠷ ᠣᠷᠣᠯᠴᠠᠬᠤ》 ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠰ᠎ᠤᠨ 《ᠲᠣᠮᠣ ᠪᠦᠯᠬᠦᠮ ᠨᠡᠶ᠋ᠢᠲᠡ》 ᠪᠠᠶ᠋ᠢᠷᠢᠰᠢᠯ᠎ᠤᠨ ᠪᠦᠷᠢᠯᠳᠦᠯ᠎ᠳᠤ ᠪᠠᠲᠤᠯᠭ᠎ᠠ ᠬᠠᠩᠭ᠋ᠠᠭᠰᠠᠨ ᠪᠠᠶ᠋ᠢᠨ᠎ᠠ᠃ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶ᠋ᠢᠭᠤᠯᠤᠯᠲᠠ ᠲᠠᠰᠤᠷᠠᠯᠲᠠ ᠦᠭᠡᠢ ᠪᠤᠵᠠᠭ᠋ᠠᠶ᠋ᠢᠷᠠᠪᠠ᠃ ᠡᠯ᠎ᠡ ᠵᠦᠢ᠍ᠯ᠎ᠤᠨ ᠪᠡᠶ᠎ᠡ ᠲᠠᠮᠢᠷ᠎ᠤᠨ ᠺᠯᠦ᠋ᠪ᠂ ᠪᠡᠶ᠎ᠡ ᠵᠢᠨ ᠲᠠᠮᠢᠷ᠎ᠤᠨ ᠣᠯᠠᠨ ᠲᠦᠮᠡᠨᠴᠢ ᠪᠦᠯᠬᠦᠮ ᠵᠶ᠋ᠠᠷ ᠭᠤᠣᠯ ᠴᠣᠭᠴᠠ ᠪᠣᠯᠭ᠋ᠠᠭᠰᠠᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠰᠢᠨ᠎ᠡ ᠮᠠᠶᠢᠭ᠎ᠤᠨ ᠵᠣᠬᠢᠶᠠᠨ ᠪᠠᠶ᠋ᠢᠭᠤᠯᠤᠯᠲᠠ ᠲᠠᠰᠣᠷᠠᠯᠳᠠ ᠦᠭᠡᠢ ᠨᠡᠮᠡᠭᠳᠡᠵᠦ᠂ ᠠᠶ᠋ᠢᠮᠠᠭ ᠬᠤᠳᠠ ᠵᠢᠨ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠺᠣᠮᠢᠰ ᠪᠣᠯᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠶᠡᠷᠦᠩᠬᠡᠶ ᠡᠪᠯᠡᠯ᠎ᠢ ᠪᠦᠷᠢᠨᠰᠢᠭᠦᠯᠵᠦ᠂ ᠪᠦᠬᠦ ᠣᠷᠣᠨ᠎ᠳᠤ ᠣᠳᠣ ᠡᠯ᠎ᠡ ᠱᠠᠲᠤᠨ᠎ᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠬᠠᠤᠯᠢ ᠵᠢᠨ ᠡᠷᠬᠡᠲᠡᠨ᠎ᠤ ᠵᠣᠬᠢᠶᠠᠨ ᠪᠠᠶ᠋ᠢᠭᠤᠯᠤᠯᠲᠠ 1367 ᠪᠤᠢ; ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠤ ᠥᠷᠲᠡᠭᠡ ᠴᠢᠭ᠋ 8437 ᠪᠠᠶ᠋ᠢᠵᠤ᠂ ᠪᠦᠬᠦ ᠬᠥᠮᠦᠨ ᠠᠮᠠ ᠵᠢᠨ ᠲᠤᠭ᠎ᠠ ᠵᠢᠨ ᠬᠠᠷᠢᠴᠠᠯ᠎ᠤᠨ ᠲᠦᠮᠡᠨ᠎ᠤ 3. 4 ᠵᠢ ᠡᠵᠡᠯᠡᠪᠡ᠃
ᠬᠥᠲᠥᠯᠥᠭᠴᠢ᠄ ᠡᠨᠡ ᠵᠢᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ 《ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠢ ᠥᠷᠭᠡᠨ ᠳᠡᠯᠭᠡᠷᠡᠩᠭᠦᠢ ᠦᠷᠨᠢᠭᠦᠯᠬᠦ》 ᠱᠠᠭ᠋ᠠᠷᠳᠠᠯᠭ᠎ᠠ ᠵᠢ ᠬᠡᠷᠬᠢᠨ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠪᠤᠢ?
ᠱ᠌ᠢ ᠯᠢ ᠮᠢᠩ᠄ ᠮᠠᠨ᠎ᠤ ᠣᠷᠣᠨ ᠨᠡᠷᠡᠳᠥ ᠲᠥᠷᠥᠯ ᠲᠡᠮᠳᠡᠭᠲᠦ ᠡᠭᠦᠳᠬᠦ ᠢᠨᠵᠧᠨᠧᠷᠢᠩ᠎ᠢ ᠥᠷᠭᠦᠯᠵᠢᠯᠡᠨ ᠦᠷᠨᠢᠭᠦᠯᠵᠦ᠂ ᠲᠡᠷᠭᠡ᠂ ᠮᠣᠷᠢ᠂ ᠬᠦᠯ ᠪᠥᠮᠪᠦᠭᠡ᠂ ᠮᠥᠰᠥ ᠴᠠᠰᠤ᠂ ᠨᠠᠭ᠋ᠠᠳᠤᠮ᠎ᠤᠨ ᠬᠤᠷᠠᠯ ᠵᠡᠷᠭᠡ ᠦᠨᠳᠦᠰᠦᠲᠡᠨ᠎ᠤ ᠣᠨᠴᠠᠯᠢᠭ ᠲᠠᠢ᠂ ᠭᠠᠵᠠᠷ ᠣᠷᠣᠨ᠎ᠤ ᠣᠨᠴᠠᠯᠢᠭ᠎ᠲᠠᠢ ᠨᠡᠷᠡᠲᠦ ᠲᠥᠷᠥᠯ ᠲᠡᠮᠳᠡᠭᠲᠦ ᠵᠢᠨ ᠤᠷᠤᠯᠳᠤᠭ᠋ᠠᠨ ᠪᠣᠯᠣᠨ ᠠᠵᠢᠯᠯᠠᠭ᠎ᠠ ᠵᠢ ᠭᠤᠣᠯᠳᠠᠯᠭ᠎ᠠ᠎ᠲᠠᠢ ᠴᠣᠭᠴᠠᠯᠠᠨ᠂ ᠣᠷᠣᠯᠳᠤᠭ᠋ᠠᠨᠤ ᠠᠵᠢᠯᠯᠠᠭ᠎ᠠ᠎ᠪᠠᠷ ᠳᠠᠮᠵᠢᠭᠤᠯᠤᠨ ᠤᠨᠴᠠᠯᠢᠭᠳᠤ ᠨᠡᠷᠡᠲᠦ ᠲᠥᠷᠥᠯ ᠲᠡᠮᠳᠡᠭᠲᠦ ᠵᠢ ᠪᠣᠶ᠋ᠢᠵᠢᠭᠤᠯᠵᠤ᠂ 《ᠨᠢᠭᠡ ᠭᠠᠵᠠᠷ᠎ᠲᠤ ᠨᠢᠭᠡ ᠣᠨᠴᠠᠯᠢᠭ᠎ᠲᠠᠢ᠂ ᠨᠢᠭᠡ ᠭᠠᠵᠠᠷ᠎ᠲᠤ ᠨᠢᠭᠡ ᠨᠡᠷᠡᠲᠦ ᠲᠥᠷᠥᠯ ᠲᠡᠮᠳᠡᠭᠲᠦ》᠎ᠲᠠᠢ ᠪᠠᠶ᠋ᠢᠬᠤ ᠵᠢ ᠴᠢᠷᠮᠠᠶ᠋ᠢᠨ ᠪᠡᠶᠡᠯᠡᠭᠦᠯᠵᠦ᠂ ᠭᠠᠵᠠᠷ ᠪᠦᠬᠦᠨ᠎ᠳᠤ ᠵᠢᠱ᠌ᠢᠶ᠎ᠡ ᠪᠠᠷᠢᠮᠵᠢᠶ᠎ᠠ᠎ᠲᠠᠢ᠂ ᠵᠦᠢ᠍ᠯ ᠪᠣᠯᠭ᠋ᠠᠨ ᠬᠡᠪ ᠳᠠᠭᠤᠷᠢᠶᠠᠯ᠎ᠲᠠᠢ᠂ ᠪᠦᠬᠦ ᠣᠷᠣᠨ᠎ᠳᠤ ᠨᠡᠷ᠎ᠡ ᠴᠤᠤᠲᠠᠶ᠂ ᠪᠦᠬᠦ ᠤᠯᠤᠰ᠎ᠲᠤ ᠶᠡᠭᠡ ᠨᠥᠯᠥᠭᠡ ᠦᠵᠡᠭᠦᠯᠬᠦ᠎ᠪᠠᠷ ᠴᠢᠷᠮᠠᠶ᠋ᠢᠨ᠎ᠠ᠃ ᠡᠨᠡ ᠵᠢᠯ᠂ ᠮᠠᠨ᠎ᠤ ᠣᠷᠣᠨ ᠳᠥᠷᠪᠡᠳᠦᠭᠡᠷ ᠬᠤᠭᠤᠴᠠᠭ᠋ᠠᠨ᠎ᠤ ᠥᠪᠥᠷ ᠮᠣᠩᠭᠤᠯ (ᠣᠯᠠᠨ ᠣᠯᠣᠰ)᠎ᠤᠨ ᠮᠣᠷᠢᠨ ᠮᠡᠷᠭᠡᠵᠢᠯ᠎ᠤᠨ ᠨᠠᠶ᠋ᠢᠷ᠂ 《ᠬᠦᠷ ᠬᠥᠭᠵᠢᠶᠡᠨᠲᠦ ᠲᠠᠯ᠎ᠠ ᠨᠤᠲᠤᠭ》 — ᠪᠦᠬᠦ ᠣᠷᠣᠨ᠎ᠤ ᠶᠢᠰᠦᠳᠦᠭᠡᠷ ᠬᠤᠭᠤᠴᠠᠭ᠋ᠠᠨ᠎ᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠨᠠᠭ᠋ᠠᠳᠤᠮ᠂ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠤᠯ᠎ᠤᠨ ᠲᠠᠯ᠎ᠠ ᠨᠤᠲᠤᠭ᠎ᠤᠨ ᠰᠡᠯᠡᠭᠦᠴᠡᠯ ᠲᠠᠮᠢᠷ᠎ᠤᠨ ᠴᠤᠭᠯᠠᠭ᠋ᠠᠨ᠂ ᠥᠪᠥᠷ ᠮᠣᠩᠭᠤᠯ ᠵᠶ᠋ᠠᠷ ᠰᠢᠪᠲᠤᠯᠬᠤ ᠮᠠᠰᠢᠨ ᠲᠡᠷᠭᠡᠨ᠎ᠤ ᠴᠤᠭᠯᠠᠷᠠᠯ ᠤᠷᠤᠯᠳᠤᠭ᠋ᠠᠨ ᠵᠡᠷᠭᠡ ᠨᠡᠷᠡᠲᠦ ᠲᠦᠷᠦᠯ ᠲᠡᠮᠳᠡᠭᠲᠦ ᠤᠷᠤᠯᠳᠤᠭ᠋ᠠᠨ᠎ᠤ ᠠᠵᠢᠯᠯᠠᠭ᠎ᠠ ᠵᠢ ᠭᠤᠣᠯᠳᠠᠯᠭ᠎ᠠ᠎ᠲᠠᠢ ᠶᠠᠪᠤᠭᠳᠠᠭᠤᠯᠵᠤ᠂ ᠪᠦᠬᠦ ᠣᠷᠣᠨ᠎ᠤ ᠶᠢᠰᠦᠳᠦᠭᠡᠷ ᠬᠤᠭᠤᠴᠠᠭ᠋ᠠᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠥᠪᠡᠳᠡᠭᠰᠢ ᠶᠡᠭᠡ᠎ᠪᠠᠷ ᠡᠷᠬᠢᠯᠡᠵᠦ᠂ ᠪᠥᠬᠡ ᠪᠠᠷᠢᠯᠳᠤᠬᠤ᠂ ᠮᠣᠷᠢ ᠤᠷᠦᠯᠳᠦᠬᠤ᠂ ᠰᠤᠷ ᠬᠠᠷᠪᠤᠬᠤ᠂ ᠪᠢᠯᠠᠭᠤ ᠵᠡᠷᠭᠡ ᠪᠡᠶ᠎ᠡ ᠵᠢᠨ ᠲᠠᠮᠢᠷ᠎ᠤᠨ ᠲᠣᠭᠯᠠᠯᠲᠠ᠂ ᠤᠷᠤᠯᠳᠤᠭ᠋ᠠᠨ᠎ᠤ ᠠᠵᠢᠯᠯᠠᠭ᠎ᠠ ᠵᠢ ᠪᠠᠭᠲᠠᠭ᠋ᠠᠭᠰᠠᠨ ᠨᠠᠭ᠋ᠠᠳᠤᠮ᠎ᠤᠨ ᠶᠡᠭᠡ ᠬᠤᠷᠠᠯ᠎ᠤᠨ ᠪᠡᠶ᠎ᠡ ᠵᠢᠨ ᠲᠠᠮᠢᠷ᠎ᠤᠨ ᠰᠢᠷᠢᠰ ᠠᠵᠢᠯᠯᠠᠭ᠎ᠠ ᠵᠢ ᠬᠦᠷ ᠬᠥᠭᠵᠢᠶᠡᠨᠲᠡᠢ ᠥᠷᠨᠢᠭᠦᠯᠵᠦ᠂ ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠰᠣᠶᠣᠯ᠎ᠤᠨ ᠦᠵᠡᠭᠦᠯᠦᠯᠭᠡ · ᠳᠤᠮᠳᠠᠳᠤ ᠤᠯᠤᠰ᠎ᠤᠨ ᠪᠡᠶ᠎ᠡ ᠲᠠᠮᠢᠷ᠎ᠤᠨ ᠵᠢᠭᠤᠯᠴᠢᠯᠠᠯ᠎ᠤᠨ ᠦᠵᠡᠭᠦᠯᠦᠯᠭᠡ ᠵᠢ ᠲᠡᠭᠦᠰ ᠠᠮᠵᠢᠯᠲᠠᠢ ᠡᠷᠬᠢᠯᠡᠨ ᠬᠢᠪᠡ᠃ ᠡᠭᠦᠨ᠎ᠠᠴᠠ ᠭᠠᠳᠠᠨ᠎ᠠ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠤᠷᠤᠯᠳᠤᠭ᠋ᠠᠨ ᠰᠤᠳᠤᠨ ᠠᠮᠵᠢᠯᠲᠠ᠎ᠪᠠᠨ ᠬᠠᠷᠠᠭᠤᠯᠪᠠ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ ᠦᠵᠡᠰᠬᠦᠯᠡᠩᠲᠦ ᠰᠠᠶ᠋ᠢᠬᠠᠨ ᠤᠮᠠᠷᠠᠲᠤ ᠬᠢᠯᠢ ᠵᠢ ᠴᠣᠭᠴᠠᠯᠠᠶ᠎ᠠ — — ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠬᠦ ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠵᠢᠴᠢ ᠵᠣᠷᠢᠭᠲᠤ ᠠᠶᠠᠯᠠᠭᠴᠢ · ᠬᠤᠳᠠ ᠵᠢᠨ ᠪᠡᠶ᠎ᠡ ᠴᠢᠭᠢᠷᠠᠭᠵᠢᠭᠤᠯᠬᠤ ᠶᠠᠪᠠᠭ᠋ᠠᠨ ᠬᠦᠳᠡᠯᠭᠡᠭᠡᠨ᠂ ᠵᠠᠭᠤᠨ ᠬᠤᠲᠠ ᠵᠢᠨ ᠮᠢᠩᠭ᠋ᠠᠨ ᠲᠣᠰᠬᠤᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠰᠣᠯᠢᠯᠴᠠᠭ᠋ᠠᠨ᠎ᠤ ᠤᠷᠤᠯᠳᠤᠭ᠋ᠠᠨ᠂ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠣᠷᠣᠰ ᠮᠣᠩᠭᠤᠯ᠎ᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠰᠣᠯᠢᠯᠴᠠᠭ᠋ᠠᠨ᠎ᠤ ᠤᠷᠤᠯᠳᠤᠭ᠋ᠠᠨ᠂ ᠪᠡᠶ᠎ᠡ ᠵᠢᠨ ᠲᠠᠮᠢᠷ᠎ᠢ ᠨᠡᠶ᠋ᠢᠭᠡᠮ ᠲᠣᠭᠤᠷᠢᠭ᠎ᠲᠤ ᠣᠷᠣᠭᠤᠯᠬᠤ ᠵᠢᠴᠢ ᠪᠥᠬᠦ ᠣᠷᠣᠨ᠎ᠤ ᠠᠭᠤᠳᠠᠮ ᠲᠠᠯᠠᠪᠠᠢ ᠵᠢᠨ ᠲᠠᠮᠢᠷ ᠪᠣᠯᠣᠨ ᠪᠦᠵᠢᠭ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ᠂ ᠬᠦᠳᠡᠷ ᠴᠢᠬᠢᠷᠠᠭᠴᠤᠳᠤᠨ ᠲᠡᠮᠡᠴᠡᠭᠡᠨ ᠪᠣᠯᠣᠨ ᠰᠣᠨᠢᠷᠬᠠᠯᠲᠤ ᠮᠦᠷᠦᠶ᠋ᠢᠴᠡᠭᠡᠨ᠂ 《ᠥᠪᠥᠷ ᠮᠣᠩᠭᠤᠯ᠎ᠳᠤ ᠲᠤᠭᠤᠢ ᠤᠨᠤᠬᠤ · ᠬᠦᠰᠡᠯ ᠡᠷᠢᠯᠬᠢᠯᠡᠨ ᠲᠠᠯ᠎ᠠ ᠨᠤᠲᠤᠭ ᠵᠶ᠋ᠠᠷ ᠠᠶᠠᠯᠠᠬᠤ》 ᠬᠤᠶᠠᠳᠤᠭ᠋ᠠᠷ ᠬᠤᠭᠤᠴᠠᠭ᠋ᠠᠨ᠎ᠤ ᠥᠪᠤᠷ ᠮᠣᠩᠭᠤᠯ᠎ᠤᠨ ᠳᠤᠭᠤᠢ ᠲᠡᠷᠭᠡᠨ᠎ᠤ ᠰᠢᠷᠢᠰ ᠤᠷᠤᠯᠳᠤᠭ᠋ᠠᠨ ᠥᠪᠥᠷ ᠮᠣᠩᠭᠤᠯ᠎ᠳᠤ ᠡᠭᠡᠯᠵᠢᠯᠡᠨ ᠶᠠᠪᠤᠭᠳᠠᠵᠤ᠂ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠤᠯᠲᠠ᠂ ᠪᠦᠭᠦ ᠣᠷᠣᠨ ᠪᠦᠰᠡ ᠵᠢᠨ ᠪᠡᠶ᠎ᠡ ᠵᠢᠨ ᠲᠠᠮᠢᠷ᠎ᠤᠨ ᠰᠢᠨ᠎ᠡ ᠥᠷᠨᠢᠯᠲᠡ ᠵᠢ ᠭᠠᠷᠭ᠋ᠠᠪᠠ᠃
ᠬᠥᠲᠥᠯᠥᠭᠴᠢ᠄ ᠬᠤᠶ᠋ᠢᠰᠢᠳᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠬᠥᠭᠵᠢᠯᠲᠡ ᠵᠢ ᠬᠡᠷᠬᠢᠨ ᠠᠬᠢᠭᠤᠯᠬᠤ᠎ᠪᠠᠷ ᠪᠠᠶ᠋ᠢᠭ᠎ᠠ ᠪᠤᠢ?
ᠱ᠌ᠢ ᠯᠢ ᠮᠢᠩ᠄ ᠠᠮᠢᠳᠤᠷᠠᠯ ᠴᠢᠨᠡᠭᠡᠯᠢᠭᠵᠢᠬᠦ ᠵᠢ ᠳᠠᠭ᠋ᠠᠯᠳᠤᠨ᠂ ᠪᠡᠶ᠎ᠡ ᠮᠠᠬᠠᠪᠣᠳ᠎ᠤᠨ ᠡᠷᠡᠭᠦᠯ ᠮᠡᠨᠳᠦ ᠱᠠᠭ᠋ᠠᠷᠳᠠᠭᠳᠠᠨ᠎ᠠ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠬᠦᠭᠵᠢᠬᠦᠯᠬᠦ᠂ ᠠᠷᠠᠳ ᠲᠦᠮᠡᠨ᠎ᠤ ᠪᠡᠶ᠎ᠡ ᠮᠠᠬᠠᠪᠣᠳ᠎ᠢ ᠴᠢᠭᠢᠷᠠᠭᠵᠢᠭᠤᠯᠬᠤ᠎ᠨᠢ ᠪᠡᠶ᠎ᠡ ᠵᠢᠨ ᠲᠠᠮᠢᠷ᠎ᠤᠨ ᠠᠵᠢᠯ᠎ᠤᠨ ᠦᠨᠳᠦᠰᠦᠨ ᠡᠭᠦᠷᠭᠡ ᠪᠤᠯᠤᠨ᠎ᠠ᠃ ᠥᠪᠥᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠠᠵᠢᠯ ᠪᠤᠯ ᠢᠮᠠᠭᠲᠠ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠦᠵᠡᠯ ᠰᠠᠨᠠᠭ᠎ᠠ ᠵᠢ ᠪᠠᠷᠢᠮᠲᠠᠯᠠᠵᠤ᠂ ᠠᠷᠠᠳ ᠲᠦᠮᠡᠨ ᠵᠶ᠋ᠠᠷ ᠪᠡᠶ᠎ᠡ ᠵᠢᠨ ᠲᠠᠮᠢᠷ᠎ᠤᠨ ᠦᠢ᠍ᠯᠡᠰ᠎ᠢ ᠬᠦᠭᠵᠢᠬᠦᠯᠬᠦ ᠵᠢᠨ ᠭᠤᠣᠯ ᠴᠣᠭᠴᠠ ᠪᠤᠯᠭ᠋ᠠᠨ᠂ ᠠᠷᠠᠳ ᠲᠦᠮᠡᠨ᠎ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠵᠢ ᠬᠠᠩᠭ᠋ᠠᠬᠤ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ᠎ᠪᠠᠷ ᠪᠡᠶ᠎ᠡ ᠵᠢᠨ ᠲᠠᠮᠢᠷ᠎ᠤᠨ ᠠᠵᠢᠯ᠎ᠤᠨ ᠡᠬᠢᠯᠡᠴᠡ ᠪᠤᠯᠤᠨ ᠵᠤᠭᠰᠤᠴᠠ ᠪᠤᠯᠭ᠋ᠠᠨ᠂ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠦᠢ᠍ᠯᠡᠰ᠎ᠢ ᠬᠦᠭᠵᠢᠬᠦᠯᠬᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢ ᠠᠬᠢᠭᠤᠯᠬᠤ᠎ᠪᠠᠷ ᠪᠡᠶ᠎ᠡ ᠵᠢᠨ ᠲᠠᠮᠢᠷ᠎ᠤᠨ ᠦᠢ᠍ᠯᠡᠰ᠎ᠢ ᠬᠥᠭᠵᠢᠭᠦᠯᠬᠦ ᠵᠢᠨ ᠰᠠᠭᠤᠷᠢ ᠢᠨᠵᠧᠨᠧᠷᠢᠩ ᠪᠣᠯᠭ᠋ᠠᠨ ᠠᠳᠬᠤᠭᠰᠠᠭ᠋ᠠᠷ ᠢᠷᠡᠭᠰᠡᠨ ᠶᠤᠮ᠃ ᠳᠠᠷᠠᠭ᠋ᠠᠴᠢ ᠵᠢᠨ ᠠᠯᠬᠤᠮ᠎ᠳᠤ᠂ ᠪᠢᠳᠡ ᠦᠷᠭᠡᠨ ᠤᠯᠠᠨ ᠲᠦᠮᠡᠨ᠎ᠢ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠡᠯᠪᠡᠭ ᠪᠠᠶᠠᠯᠢᠭ ᠠᠵᠢᠯᠯᠠᠭ᠎ᠠ᠎ᠳᠤ ᠤᠷᠤᠯᠴᠠᠭᠤᠯᠬᠤ ᠵᠢ ᠵᠤᠬᠢᠶᠠᠨ ᠪᠠᠶ᠋ᠢᠭᠤᠯᠬᠤ ᠪᠠ ᠬᠦᠲᠦᠯᠦᠨ ᠵᠢᠯᠤᠭᠤᠳᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠥᠷᠭᠡᠨ ᠤᠯᠠᠨ ᠲᠦᠮᠡᠨ᠎ᠳᠤ ᠬᠦᠷᠲᠡᠭᠡᠬᠦ ᠪᠤᠯᠤᠨ᠎ᠠ᠃ ᠡᠯ᠎ᠡ ᠵᠦᠢ᠍ᠯ᠎ᠤᠨ ᠠᠷᠭ᠎ᠠ ᠵᠠᠮ ᠪᠤᠯᠤᠨ ᠠᠷᠭ᠎ᠠ ᠮᠠᠶᠢᠭ ᠵᠶ᠋ᠠᠷ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠬᠤᠲᠠ ᠪᠠᠯᠭ᠋ᠠᠰᠤ ᠨᠡᠶ᠋ᠢᠭᠡᠮ ᠲᠣᠭᠤᠷᠢᠭ ᠪᠣᠯᠤᠨ ᠮᠠᠯᠵᠢᠬᠤ ᠲᠠᠷᠢᠶᠠᠯᠠᠬᠤ ᠣᠷᠣᠨ᠎ᠳᠤ ᠬᠦᠷᠦᠭᠦᠯᠵᠤ᠂ ᠡᠯ᠎ᠡ ᠦᠨᠳᠦᠰᠦᠲᠡᠨ ᠨᠥᠬᠦᠳ᠎ᠤᠨ ᠠᠷᠠᠳ ᠲᠦᠮᠡᠨ᠎ᠤ ᠠᠮᠢᠳᠤᠷᠠᠯ᠎ᠲᠠᠢ ᠤᠶ᠋ᠢᠷᠠᠲᠤᠭᠤᠯᠵᠤ᠂ ᠡᠯ᠎ᠡ ᠠᠵᠢᠯ ᠲᠦᠷᠦᠯ᠂ ᠡᠯ᠎ᠡ ᠨᠠᠰᠤᠨ᠎ᠤ ᠬᠥᠮᠦᠰ᠎ᠤᠨ ᠳᠤᠮᠳᠠ ᠠᠭᠤᠰᠤᠯᠴᠠᠭᠤᠯᠵᠤ᠂ ᠲᠠᠮᠢᠷ᠎ᠤᠨ ᠬᠥᠳᠡᠯᠭᠡᠭᠡᠨ᠎ᠳᠤ ᠪᠠᠭ᠍ᠠᠲᠠᠢ ᠪᠤᠯᠬᠤ ᠪᠠ ᠢᠳᠡᠪᠬᠢᠲᠠᠢ᠎ᠪᠠᠷ ᠪᠡᠶ᠎ᠡ ᠪᠤᠯᠪᠠᠰᠤᠷᠠᠬᠤ ᠵᠢ ᠰᠢᠨᠵᠢᠯᠡᠬᠦ ᠤᠬᠠᠭ᠋ᠠᠨᠴᠢ ᠪᠣᠯᠪᠠᠰᠤᠨ ᠠᠮᠢᠳᠤᠷᠠᠯ᠎ᠤᠨ ᠠᠷᠭ᠎ᠠ ᠬᠡᠯᠪᠡᠷᠢ ᠪᠤᠯᠭ᠋ᠠᠨ᠂ ᠬᠡᠬᠡᠨ ᠰᠠᠷᠠᠭᠤᠯ ᠡᠷᠡᠭᠦᠯ ᠮᠡᠨᠳᠦ ᠪᠦᠬᠦᠢ ᠨᠡᠶ᠋ᠢᠭᠡᠮ᠎ᠤᠨ ᠬᠡᠪ ᠰᠤᠷᠲᠠᠯ ᠪᠤᠯᠭ᠋ᠠᠨ᠂ ᠵᠤᠯ ᠵᠢᠷᠭ᠋ᠠᠯ ᠡᠶ᠎ᠡ ᠵᠣᠬᠢᠴᠠᠯ᠎ᠢ ᠬᠦᠭᠡᠭᠡᠴᠡᠯᠳᠦᠬᠦ ᠴᠢᠬᠤᠯᠠ ᠠᠷᠭ᠎ᠠ ᠵᠠᠮ ᠪᠤᠯᠭ᠋ᠠᠨ᠎ᠠ᠃ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠤᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠬᠦᠴᠦᠯᠡᠨ ᠪᠠᠶ᠋ᠢᠭᠤᠯᠵᠤ᠂ ᠵᠠᠰᠠᠭ᠎ᠤᠨ ᠣᠷᠳᠣᠨ ᠵᠶ᠋ᠠᠷ ᠤᠳᠤᠷᠢᠳᠤᠮᠵᠢ ᠪᠤᠯᠭ᠋ᠠᠨ᠂ ᠰᠠᠯᠠᠭ᠎ᠠ ᠮᠥᠴᠢᠷ᠎ᠤᠳ ᠬᠠᠮᠵᠢᠯᠴᠠᠨ᠂ ᠨᠡᠶ᠋ᠢᠭᠡᠮ᠎ᠤᠨ᠎ᠬᠢᠨ ᠤᠷᠤᠯᠴᠠᠭᠰᠠᠨ 《ᠲᠤᠮᠤ ᠪᠦᠯᠬᠦᠮ ᠨᠡᠶ᠋ᠢᠲᠡ》 ᠵᠢᠨ ᠠᠵᠢᠯ᠎ᠤᠨ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠬᠦᠯᠵᠤ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠺᠤᠮᠢᠰ ᠪᠤᠯᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠡᠯ᠎ᠡ ᠲᠦᠷᠦᠯ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ᠎ᠠ᠃ ᠵᠠᠰᠠᠭ᠎ᠤᠨ ᠣᠷᠳᠣᠨ᠎ᠤ᠎ᠬᠢᠨ ᠪᠡᠶ᠎ᠡ ᠵᠢᠨ ᠲᠠᠮᠢᠷ᠎ᠤᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠬᠤᠳᠠᠯᠳᠤᠨ ᠠᠪᠬᠤ ᠠᠬᠢᠴᠠ ᠵᠢ ᠲᠦᠯᠬᠢᠨ ᠠᠬᠢᠭᠤᠯᠵᠤ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠷᠭᠡᠳᠬᠡᠵᠦ᠂ ᠦᠨᠳᠦᠰᠦᠨ ᠱᠠᠲᠤᠨ᠎ᠤ ᠪᠡᠶ᠎ᠡ ᠵᠢᠨ ᠲᠠᠮᠢᠷ ᠪᠣᠯᠤᠨ ᠡᠯ᠎ᠡ ᠵᠦᠢ᠍ᠯ᠎ᠤᠨ ᠨᠡᠶ᠋ᠢᠭᠡᠮᠯᠢᠭ᠎ᠤᠨ ᠵᠣᠬᠢᠶᠠᠨ ᠪᠠᠶ᠋ᠢᠭᠤᠯᠤᠯᠲᠠ ᠵᠢ ᠬᠦᠮᠦᠵᠢᠬᠦᠯᠵᠤ᠂ ᠪᠦᠬᠦ ᠠᠷᠠᠳ᠎ᠤᠨ ᠪᠡᠶ᠎ᠡ ᠴᠡᠬᠢᠷᠡᠬ᠍ᠵᠢᠭᠤᠯᠬᠤ ᠠᠵᠢᠯᠯᠠᠭ᠎ᠠ ᠵᠢ ᠥᠷᠭᠡᠨ ᠳᠡᠯᠭᠡᠷᠡᠩᠭᠦᠶ᠎ᠪᠠᠷ ᠦᠷᠨᠢᠬᠦᠯᠵᠤ᠂ ᠪᠦᠭᠦ ᠭᠠᠵᠠᠷ ᠣᠷᠣᠨ᠎ᠢ ᠬᠠᠮᠤᠷᠤᠭᠰᠠᠨ᠂ ᠪᠦᠬᠦ ᠦᠶᠡᠯᠡᠯ᠎ᠤᠨ ᠬᠤᠭᠤᠴᠠᠭ᠎ᠠ᠎ᠪᠠᠷ ᠦᠢ᠍ᠯᠡᠴᠢᠯᠡᠭᠰᠡᠨ᠂ ᠪᠦᠬᠦ ᠨᠡᠶ᠋ᠢᠭᠡᠮ ᠵᠶ᠋ᠠᠷ ᠵᠶ᠋ᠠᠨ ᠤᠷᠤᠯᠴᠠᠭᠰᠠᠨ᠂ ᠪᠦᠬᠦ ᠲᠠᠯ᠎ᠠ᠎ᠪᠠᠷ ᠬᠠᠮᠲᠤᠷᠠᠨ ᠠᠵᠢᠯᠯᠠᠭᠰᠠᠨ᠂ ᠤᠯᠠᠨ ᠲᠦᠮᠡᠨ ᠬᠠᠮᠲᠤ᠎ᠪᠠᠷ ᠬᠦᠷᠲᠡᠭᠰᠡᠨ ᠪᠡᠶ᠎ᠡ ᠵᠢᠨ ᠲᠠᠮᠢᠷ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠰᠦᠯᠵᠢᠶᠡᠨ᠎ᠤ ᠰᠢᠰᠲ᠋ᠧᠮᠵᠢ ᠵᠢ ᠪᠦᠷᠢᠯᠳᠦᠬᠦᠯᠵᠤ᠂ ᠪᠡᠶ᠎ᠡ ᠵᠢᠨ ᠲᠠᠮᠢᠷ᠎ᠢ ᠬᠠᠪᠤᠷ᠎ᠤᠨ ᠬᠠᠷᠢᠶᠠᠴᠢ ᠮᠡᠲᠦ ᠡᠭᠡᠯ ᠠᠷᠠᠳ᠎ᠤᠨ ᠬᠡᠷ᠎ᠲᠤ ᠬᠦᠷᠦᠬᠦᠯᠬᠦ ᠪᠤᠯᠭ᠋ᠠᠨ᠎ᠠ᠃
ᠬᠥᠲᠥᠯᠥᠭᠴᠢ᠄ 2020 ᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠭᠡᠨ ᠡᠷᠬᠢᠯᠡᠬᠦ ᠲᠠᠯ᠎ᠠ ᠪᠣᠯᠤᠭᠰᠠᠨ᠎ᠤ ᠬᠤᠪᠢ᠎ᠳᠤ᠂ ᠡᠭᠦᠨ᠎ᠤ ᠲᠤᠬᠠᠢ ᠪᠡᠯᠡᠳᠬᠡᠯ ᠠᠵᠢᠯ ᠬᠢᠷᠢ ᠵᠡᠷᠭᠡ ᠶᠠᠪᠤᠭᠳᠠᠵᠤ ᠪᠠᠶ᠋ᠢᠭ᠎ᠠ ᠪᠤᠢ?
ᠱ᠌ᠢ ᠯᠢ ᠮᠢᠩ᠄ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ 2020 ᠣᠨ᠎ᠳᠤ ᠥᠪᠥᠷ ᠮᠣᠩᠭᠤᠯ᠎ᠳᠤ ᠶᠠᠪᠤᠭᠳᠠᠬᠤ ᠪᠤᠯᠤᠨ᠎ᠠ᠃ ᠲᠤᠰ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠰᠠᠶ᠋ᠢᠲᠤᠷ ᠡᠷᠬᠢᠯᠡᠬᠦ᠎ᠨᠢ᠂ ᠪᠡᠭᠡᠵᠢᠩ᠎ᠤᠨ 2022 ᠣᠨ᠎ᠤ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ ᠡᠬᠢᠯᠡᠬᠦ᠎ᠠᠴᠠ ᠡᠮᠦᠨ᠎ᠡ ᠰᠤᠷᠢᠯᠲᠠ ᠬᠢᠭᠰᠡᠨ ᠵᠠᠩᠭᠢᠯᠠᠭ᠎ᠠ ᠵᠢᠨ ᠭᠤᠭᠴᠤᠭ᠎ᠠ ᠮᠦᠨ᠂ ᠮᠠᠨ᠎ᠤ ᠣᠷᠣᠨ᠎ᠠᠴᠠ ᠶᠡᠷᠦᠩᠬᠡᠶ ᠱᠦᠵᠢ ᠰᠢ ᠵᠢᠨ ᠫᠢᠩ᠎ᠤᠨ ᠳᠤᠷᠠᠳᠤᠭᠰᠠᠨ 3 ᠳ᠋ᠦᠩᠰᠢᠭᠤᠷ ᠬᠥᠮᠦᠨ᠎ᠢ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠤᠷᠤᠯᠴᠠᠭᠤᠯᠬᠤ ᠤᠷᠢᠶᠠᠯᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠮᠥᠨ᠂ ᠮᠠᠨ᠎ᠤ ᠣᠷᠣᠨ᠎ᠤ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠰᠢᠬᠢ ᠨᠠᠮ᠎ᠤᠨ ᠤᠳᠤᠷᠢᠳᠤᠯᠭ᠎ᠠ ᠳᠤᠤᠷᠠᠬᠢ ᠦᠨᠳᠦᠰᠦᠲᠡᠨ᠎ᠤ ᠪᠦᠯᠬᠦᠮᠳᠡᠯ᠂ ᠠᠵᠤ ᠠᠬᠤᠶ ᠵᠢᠨ ᠴᠡᠴᠡᠭᠯᠡᠯ᠂ ᠨᠡᠶ᠋ᠢᠭᠡᠮ᠎ᠤᠨ ᠠᠮᠤᠷ ᠲᠣᠭᠲᠠᠭᠤᠨ᠂ ᠠᠷᠠᠳ ᠢᠷᠭᠡᠳ᠎ᠤᠨ ᠠᠮᠤᠷ ᠠᠮᠤᠭᠤᠯᠠᠩ᠎ᠢ ᠳᠡᠯᠭᠡᠨ ᠦᠵᠡᠭᠦᠯᠬᠦ ᠴᠢᠬᠤᠯᠠ ᠲᠠᠪᠴᠠᠩ ᠪᠣᠯᠤᠨ᠎ᠠ᠃ ᠲᠤᠰ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠰᠠᠶ᠋ᠢᠲᠤᠷ ᠡᠷᠬᠢᠯᠡᠬᠦ᠎ᠨᠢ ᠮᠠᠨ᠎ᠤ ᠣᠷᠣᠨ ᠤᠯᠤᠰ ᠬᠦᠷᠦᠨ᠎ᠳᠤ ᠬᠢᠭᠰᠡᠨ ᠲᠥᠪ ᠴᠢᠩᠭ᠎ᠠ ᠠᠮᠠᠯᠠᠯᠲᠠ ᠮᠦᠨ᠂ ᠨᠡᠩ ᠴᠤ᠌ ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠳᠤᠮᠳᠠᠬᠢ ᠨᠢᠭᠡᠨ ᠲᠤᠮᠤ ᠶᠠᠪᠤᠳᠠᠯ ᠮᠥᠨ᠃ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ᠎ᠤᠨ ᠺᠣᠮᠢᠰ᠎ᠨᠢ 2017 ᠤᠨ᠎ᠤ 4 ᠳ᠋ᠤᠭᠡᠷ ᠰᠠᠷ᠎ᠠ᠎ᠳᠤ ᠪᠠᠶ᠋ᠢᠭᠤᠯᠤᠭᠳᠠᠵᠤ᠂ ᠣᠳᠣᠬᠠᠨ᠎ᠳᠤ 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠤᠳᠠᠯᠳᠤᠭ᠋ᠠᠴᠢᠨ ᠤᠷᠢᠬᠤ ᠲᠥᠰᠦᠯ》᠂ 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠭᠤᠣᠯ ᠰᠡᠳᠦᠪᠲᠦ ᠤᠷᠢᠶ᠎ᠠ᠂ ᠤᠬᠠᠭᠤᠯᠬᠤ ᠵᠢᠷᠤᠭ᠂ ᠴᠤᠭᠯᠠᠭ᠋ᠠᠨ᠎ᠤ ᠲᠡᠮᠳᠡᠭ᠂ ᠴᠤᠭᠯᠠᠭ᠋ᠠᠨ᠎ᠤ ᠳᠠᠭᠤᠤ (ᠴᠤᠭᠯᠠᠭ᠋ᠠᠨ᠎ᠤ ᠦᠭᠡ)᠂ ᠴᠤᠭᠯᠠᠭ᠋ᠠᠨ᠎ᠤ ᠲᠤᠭ ᠪᠣᠯᠤᠨ ᠥᠯᠵᠡᠶ᠋ᠢᠲᠦ ᠡᠳ᠋᠎ᠢ ᠡᠯᠰᠡᠬᠦ ᠲᠥᠰᠦᠯ》᠎ᠢ ᠨᠢᠭᠡᠨᠲᠡ ᠲᠤᠭᠲᠠᠭ᠋ᠠᠵᠤ᠂ ᠪᠦᠬᠦ ᠤᠯᠤᠰ᠎ᠲᠤ ᠬᠠᠨᠳᠤᠭᠤᠯᠤᠨ ᠣᠨᠴᠠᠯᠢᠭ ᠵᠶ᠋ᠠᠷ ᠢᠯᠡ ᠲᠣᠳᠣ᠂ ᠢᠳᠡᠪᠬᠢᠯᠡᠨ ᠥᠭᠡᠳᠡᠯᠡᠬᠦ ᠵᠢ ᠬᠠᠷᠠᠭᠤᠯᠤᠭᠰᠠᠨ ᠠᠩᠬᠠᠨ᠎ᠤ ᠡᠭᠦᠳᠦᠯᠲᠡ ᠵᠢᠨ ᠴᠢᠨᠠᠷᠲᠠᠶ ᠪᠦᠲᠦᠭᠡᠯ᠎ᠢ ᠡᠯᠰᠡᠪᠡ᠃ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠰᠤᠳᠤᠯᠤᠨ ᠲᠣᠭᠲᠠᠭ᠋ᠠᠭᠰᠠᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠣᠷᠳᠣᠨ ᠲᠠᠯᠠᠪᠠᠶ ᠵᠢᠨ ᠪᠠᠶ᠋ᠢᠷᠢᠯᠠᠭᠤᠯᠤᠯᠲᠠ ᠵᠢᠨ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠣᠷᠣᠨ ᠥᠪᠥᠷ ᠮᠣᠩᠭᠤᠯ᠎ᠤᠨ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠤ ᠪᠣᠯᠪᠠᠰᠤᠷᠠᠯ᠎ᠤᠨ ᠲᠥᠪ᠎ᠢ ᠰᠢᠨ᠎ᠡ᠎ᠪᠠᠷ ᠪᠠᠶ᠋ᠢᠭᠤᠯᠵᠤ᠂ ᠶᠠᠭᠰᠢ ᠵᠢᠨ ᠹᠧᠩ ᠬᠤᠸᠠᠩ ᠱᠠᠨ ᠴᠠᠰᠤᠨ᠎ᠳᠤ ᠭᠤᠯᠭᠤᠬᠤ ᠲᠠᠯᠠᠪᠤᠷ᠂ ᠵᠠᠯᠠᠨ ᠠᠶ᠋ᠢᠯ᠎ᠤᠨ ᠵᠢᠨ ᠯᠦᠡᠭ ᠱᠠᠨ ᠴᠠᠰᠤᠨ᠎ᠳᠤ ᠭᠤᠯᠭᠤᠬᠤ ᠲᠠᠯᠠᠪᠤᠷ ᠪᠣᠯᠤᠨ ᠤᠯᠠᠭ᠋ᠠᠨᠬᠠᠳᠠ ᠵᠢᠨ ᠮᠧᠶ ᠯᠢᠨ ᠬᠥ᠋ ᠴᠠᠰᠤᠨ᠎ᠳᠤ ᠭᠤᠯᠭᠤᠬᠤ ᠲᠠᠯᠠᠪᠤᠷ ᠵᠡᠷᠭᠡ 3 ᠴᠠᠰᠤᠨ᠎ᠳᠤ ᠭᠤᠯᠭᠤᠬᠤ ᠲᠠᠯᠠᠪᠤᠷ ᠵᠢᠴᠢ ᠢᠵᠢ ᠪᠦᠷᠢᠳᠦᠭᠦᠯᠬᠦ ᠰᠠᠭᠤᠷᠢ ᠪᠡᠯᠡᠳᠭᠡᠮᠵᠢ ᠵᠢ ᠦᠭᠡᠷᠡᠴᠢᠯᠡᠵᠤ ᠥᠷᠭᠡᠳᠬᠡᠨ ᠪᠠᠶ᠋ᠢᠭᠤᠯᠵᠤ᠂ ᠪᠦᠳᠤᠭᠡᠨ ᠪᠠᠶ᠋ᠢᠭᠤᠯᠤᠯᠲᠠ ᠵᠢᠨ ᠠᠵᠢᠯ ᠶᠠᠭ ᠯᠠᠪᠳᠠᠭᠤᠨ ᠵᠶ᠋ᠠᠷ ᠶᠠᠪᠤᠭᠳᠠᠵᠤ ᠪᠠᠶ᠋ᠢᠨ᠎ᠠ᠃ ᠵᠠᠯᠭ᠋ᠠᠭ᠋ᠠᠳ᠂ ᠪᠢᠳᠡ ᠤᠯᠤᠰ ᠪᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠤᠷᠠᠳᠤᠭᠰᠠᠨ ᠬᠠᠮᠢᠶ᠎ᠠ ᠪᠦᠬᠦᠢ ᠱᠠᠭ᠋ᠠᠷᠳᠠᠯᠭ᠎ᠠ ᠶᠤᠰᠤᠭ᠋ᠠᠷ᠂ ᠰᠢᠨᠵᠢᠯᠡᠬᠦ ᠤᠬᠠᠭ᠋ᠠᠨᠴᠢ᠎ᠪᠠᠷ ᠲᠦᠯᠦᠪᠯᠡᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ᠂ ᠬᠠᠲᠠᠭᠤ ᠪᠡᠷᠬᠡᠰᠢᠶᠡᠯ᠎ᠢ ᠲᠤᠭᠤᠯᠤᠨ ᠳᠠᠪᠠᠵᠤ᠂ ᠬᠡᠰᠡᠭ ᠬᠤᠪᠢᠶᠠᠨ ᠳᠦᠯᠬᠢᠨ ᠠᠬᠢᠭᠤᠯᠵᠤ᠂ ᠵᠦᠢ᠍ᠯ ᠳᠠᠷᠠᠭ᠋ᠠᠯᠠᠨ ᠪᠣᠳᠠᠲᠠᠶ ᠠᠳᠬᠤᠵᠤ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠪᠤᠯᠤᠨ᠎ᠠ᠃
ᠬᠥᠲᠥᠯᠥᠭᠴᠢ᠄ ᠵᠠ᠂ ᠱ᠌ᠢ ᠲᠤᠪᠴᠢᠶᠠᠨ ᠳᠠᠷᠤᠭ᠎ᠠ ᠵᠢᠨ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ᠎ᠳᠤ ᠲᠠᠯᠠᠷᠬᠠᠵᠤ ᠪᠠᠶ᠋ᠢᠨ᠎ᠠ᠂ ᠴᠠᠭ᠎ᠤᠨ ᠬᠠᠷᠠᠭ᠎ᠠ᠎ᠠᠴᠠ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠶ ᠵᠣᠯᠭ᠋ᠠᠶ᠎ᠠ!