ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠰᠤᠷᠪᠤᠯᠵᠢᠯᠠᠭ᠎ᠠ
ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠪᠣᠯᠣᠨ ᠪᠦᠬᠦ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠰᠢᠨ᠎ᠡ ᠬᠤᠪᠢ ᠨᠡᠮᠡᠷᠢ ᠦᠵᠡᠭᠦᠯᠰᠦᠭᠡᠢ
ᠨᠡᠶ᠋ᠢᠲᠡᠯᠡᠭᠰᠡᠨ ᠴᠠᠭ᠄ 2022-01-21


              — ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶᠠᠨ᠎ᠤ ᠨᠠᠮ᠎ᠤ ᠲᠤᠭᠤᠢ᠌ᠯᠠᠩ᠎ᠤᠨ ᠱᠦᠵᠢ᠂ ᠲᠤᠪᠴᠢᠶᠠᠨ ᠲᠠᠷᠤᠭ᠎ᠠ ᠵᠢᠨ ᠮᠠᠨᠰᠠᠩ᠎ᠤᠨ ᠰᠤᠷᠪᠤᠯᠵᠢᠯᠠᠭ᠎ᠠ


    ᠤᠢ᠍ᠢ᠍ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ᠎ᠬᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠡᠷᠬᠢᠨ ᠰᠤᠷᠤᠯᠴᠠᠨ   ᠲᠤᠤᠱᠯᠠᠭᠤᠯᠵᠦ ᠪᠠᠢ᠌ᠭ᠎ᠠ ᠲᠤᠬᠠᠢ ᠪᠠᠢ᠌ᠳᠠᠯ᠎ᠢ ᠤᠢ᠌ᠯᠠᠭ᠋ᠠᠬᠤ᠎ᠪᠠᠷ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠢᠨ ᠮᠠᠨᠰᠠᠩ᠎ᠢ ᠰᠤᠷᠪᠤᠯᠵᠢᠯᠠᠪᠠ᠃
    ᠵᠢᠨ ᠮᠠᠨᠰᠠᠩ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠤᠢ᠂ ᠮᠠᠨ᠎ᠤ ᠤᠯᠤᠰ ᠨᠡᠢ᠌ᠭᠡᠮ ᠵᠢᠷᠦᠮᠳᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠳᠤ ᠣᠷᠣᠭᠰᠠᠨ ᠴᠢᠬᠤᠯᠠ ᠴᠠᠭ ᠦᠶ᠎ᠡ᠎ᠳᠤ ᠬᠤᠷᠠᠯᠳᠤᠭᠰᠠᠨ ᠨᠢᠭᠡ ᠤᠳᠠᠭ᠎ᠠ ᠵᠢᠨ ᠲᠤᠢ᠌ᠯ᠎ᠤᠨ ᠴᠢᠬᠤᠯᠠ ᠶᠡᠬᠡ ᠬᠤᠷᠠᠯ ᠪᠣᠯᠣᠨ᠎ᠠ᠃ ᠶᠡᠬᠡ ᠬᠤᠷᠠᠯ᠎ᠤᠨ ᠮᠡᠳᠡᠭᠦᠯᠦᠯᠳᠡ᠎ᠨᠢ ᠲᠤᠭ᠎ᠢ ᠥᠨᠳᠥᠷ ᠮᠠᠨᠳᠤᠭᠤᠯᠵᠤ᠂ ᠭᠣᠣᠯ ᠰᠡᠳᠦᠪ ᠢᠯᠡ ᠲᠣᠳᠣ᠂ ᠠᠭᠤᠯᠤᠭᠳᠠᠬᠤᠨ ᠡᠯᠪᠡᠭ ᠪᠠᠶᠠᠯᠢᠭ ᠪᠠᠢ᠌ᠵᠤ᠂ ᠥᠩᠭᠡᠷᠡᠭᠰᠡᠨ 5 ᠵᠢᠯ᠎ᠤᠨ ᠠᠮᠵᠢᠯᠲᠠ ᠵᠢ ᠪᠦᠬᠦ ᠲᠠᠯ᠎ᠠ᠎ᠪᠠᠷ ᠳ᠋ᠦᠩᠨᠡᠵᠦ᠂ ᠥᠨᠳᠥᠷ᠎ᠲᠤ ᠵᠣᠭᠰᠣᠨ ᠠᠯᠤᠰ᠎ᠢ ᠪᠠᠷᠠᠯᠠᠵᠤ ᠢᠷᠡᠭᠡᠳᠦᠢ ᠵᠢᠨ 5 ᠵᠢᠯ᠎ᠤᠨ ᠬᠥᠭᠵᠢᠯᠲᠡ ᠵᠢᠨ ᠵᠢᠷᠤᠭ ᠲᠥᠯᠥᠪᠯᠡᠭᠡ ᠵᠢ ᠲᠥᠯᠥᠪᠵᠢᠭᠦᠯᠵᠦ᠂ ᠣᠳᠣᠬᠢᠴᠢᠯᠠᠭᠰᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ᠎ᠳᠤ ᠤᠷᠤᠭᠰᠢᠯᠠᠯᠲᠠ ᠵᠢᠨ ᠴᠢᠭᠯᠡᠯ᠎ᠢ ᠵᠢᠭ᠋ᠠᠵᠤ᠂ ᠪᠡᠶᠡᠯᠡᠭᠦᠯᠬᠦ ᠠᠷᠭ᠎ᠠ ᠵᠠᠮ᠎ᠢ ᠲᠣᠳᠣᠷᠬᠠᠢ᠌ᠯᠠᠪᠠ᠃ ᠮᠡᠳᠡᠭᠦᠯᠦᠯᠳᠡ᠎ᠳᠤ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠠᠵᠢᠯ᠎ᠤᠨ ᠢᠷᠡᠭᠡᠳᠦᠢ ᠵᠢᠨ ᠬᠥᠭᠵᠢᠯᠲᠡ ᠵᠢᠨ ᠴᠢᠭᠯᠡᠯ᠎ᠳᠤ ᠴᠢᠭᠯᠡᠭᠦᠯᠦᠨ᠄ 《ᠣᠯᠠᠨ   ᠲᠦᠮᠡᠨᠴᠢ ᠪᠡᠶ᠎ᠡ ᠵᠢᠨ ᠲᠠᠮᠢᠷ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠂ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ ᠪᠠ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠪᠦᠬᠦ ᠲᠠᠯ᠎ᠠ ᠵᠢᠨ ᠬᠦᠭᠵᠢᠯᠲᠡ ᠵᠢ ᠠᠬᠢᠭᠤᠯᠤᠨ᠎ᠡ》 ᠭᠡᠵᠦ ᠵᠢᠭ᠋ᠠᠵᠦ ᠭᠠᠷᠭ᠋ᠠᠪᠠ᠂ ᠡᠨᠡ᠎ᠨᠢ ᠪᠢᠳᠡᠨ᠎ᠤ ᠬᠣᠢ᠌ᠰᠢᠳᠠ ᠵᠢᠨ 5 ᠵᠢᠯ᠎ᠤᠨ ᠪᠡᠶ᠎ᠡ ᠵᠢᠨ ᠲᠠᠮᠢᠷ᠎ᠤᠨ ᠠᠵᠢᠯ᠎ᠢ ᠰᠠᠢ᠌ᠲᠤᠷ ᠬᠢᠬᠦ᠎ᠳᠤ ᠦᠨᠳᠦᠰᠦᠨ ᠵᠢᠷᠤᠮᠯᠠᠯ ᠬᠠᠩᠭ᠋ᠠᠵᠤ᠂ ᠬᠥᠭᠵᠢᠯᠲᠡ ᠵᠢᠨ ᠴᠢᠭᠯᠡᠯ᠎ᠢ ᠲᠣᠳᠣᠷᠬᠠᠢ ᠵᠢᠭ᠋ᠠᠭᠰᠠᠨ ᠪᠠᠢ᠌ᠨ᠎ᠠ ᠭᠡᠪᠡ᠃
    ᠵᠢᠨ ᠮᠠᠨᠰᠠᠩ ᠢᠯᠡᠷᠬᠡᠢ᠌ᠯᠡᠬᠦ᠎ᠳᠡᠭᠡᠨ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭ᠎ᠠ ᠪᠣᠯ ᠮᠠᠨ᠎ᠤ ᠤᠯᠤᠰ ᠨᠡᠢ᠌ᠭᠡᠮ   ᠵᠢᠷᠤᠮᠳᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ ᠵᠶ᠋ᠠᠨ ᠡᠬᠢᠯᠡᠭᠦᠯᠵᠦ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠭᠰᠠᠨ ᠠᠩᠬᠠᠳᠠᠭᠴᠢ 5 ᠵᠢᠯ ᠪᠣᠯᠣᠨ᠎ᠠ᠃ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠬᠤ ᠴᠢᠬᠤᠯᠠ ᠴᠠᠭ ᠬᠤᠭᠤᠴᠠᠭ᠎ᠠ ᠮᠥᠨ᠂ ᠪᠠᠰᠠ ᠴᠤ᠌ ᠥᠪᠥᠷ ᠮᠣᠩᠭᠣᠯ᠎ᠤᠨ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ᠂ ᠨᠠᠩ ᠶᠡᠬᠡ ᠰᠢᠨ᠎ᠡ ᠬᠥᠭᠵᠢᠯᠲᠡ ᠵᠢ ᠪᠡᠶᠡᠯᠡᠭᠦᠯᠬᠦ ᠵᠠᠩᠭᠢᠯᠠᠭ᠎ᠠ ᠵᠢᠨ ᠴᠠᠭ ᠬᠤᠭᠤᠴᠠᠭ᠎ᠠ ᠮᠥᠨ᠃ ᠪᠢᠳᠡ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠪᠡᠶ᠎ᠡ ᠵᠢᠨ ᠲᠠᠮᠢᠷ᠎ᠤᠨ ᠦᠢ᠍ᠯᠡᠰ᠎ᠤᠨ ᠭᠣᠣᠯ ᠲᠡᠮᠡᠴᠡᠯ᠎ᠤᠨ ᠬᠠᠷᠠᠯᠲᠠ ᠵᠢᠨ ᠲᠣᠭᠣᠷᠢᠨ᠎ᠳᠤ᠂ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠪᠡᠶ᠎ᠡ ᠵᠢᠨ ᠲᠠᠮᠢᠷ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠶᠠᠷᠢᠶ᠎ᠡ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ ᠎ᠪᠠᠷ ᠲᠤᠤᠱᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠲᠤᠬᠠᠢ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠨᠡᠢ᠌ᠳᠠᠪᠤᠷᠵᠢᠭᠤᠯᠵᠦ᠂ ᠣᠯᠠᠨ ᠲᠦᠮᠡᠨ ᠰᠡᠳᠬᠢᠯ ᠬᠠᠨᠤᠮᠵᠢᠲᠠᠶ᠂ ᠨᠡᠭᠡᠭᠡᠯᠲᠡ᠎ᠲᠠᠢ ᠬᠠᠮᠲᠤ᠎ᠪᠠᠷ ᠡᠳ᠋ᠯᠡᠬᠦ᠂ ᠠᠭᠤᠰᠤᠯᠴᠠᠨ ᠬᠥᠭᠵᠢᠬᠦ ᠣᠢ᠌ᠯᠠᠭ᠋ᠠᠭᠳᠠᠬᠤᠨ᠎ᠢ ᠪᠠᠲᠤ ᠪᠤᠶ ᠪᠣᠯᠭ᠋ᠠᠵᠤ᠂ ᠠᠷᠠᠳ ᠲᠦᠮᠡᠨ᠎ᠤ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠬᠤ ᠬᠡᠷᠡᠭᠴᠡᠭᠡ ᠵᠢ ᠬᠠᠩᠭ᠋ᠠᠬᠤ᠂ ᠬᠥᠮᠥᠨ᠎ᠤ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠶᠠᠪᠤᠳᠠᠯ᠎ᠢ ᠢᠮᠠᠭᠲᠠ ᠪᠡᠶ᠎ᠡ ᠵᠢᠨ ᠲᠠᠮᠢᠷ᠎ᠤᠨ ᠠᠵᠢᠯ᠎ᠤᠨ ᠡᠭᠦᠰᠬᠡᠯ ᠪᠠ ᠲᠡᠭᠦᠰᠬᠡᠯ ᠪᠣᠯᠭ᠋ᠠᠵᠤ᠂ ᠣᠷᠣᠨ ᠪᠠᠢ᠌ᠷᠢ ᠵᠢᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠪᠠᠢ᠌ᠭ᠋ᠠᠯᠢ ᠵᠢᠨ ᠡᠬᠢ ᠪᠠᠶᠠᠯᠢᠭ᠎ᠢ ᠢᠳᠡᠪᠬᠢᠲᠡᠢ ᠠᠰᠢᠭᠯᠠᠵᠤ᠂ ᠳᠤᠲᠠᠭᠤᠳᠠᠯ ᠵᠶ᠋ᠠᠨ ᠨᠥᠬᠥᠪᠦᠷᠢᠯᠡᠵᠦ᠂ ᠪᠠᠭᠤᠷᠠᠢ ᠲᠠᠯ᠎ᠠ᠎ᠪᠠᠨ ᠴᠢᠩᠭ᠋ᠠᠳᠬᠠᠵᠤ᠂ ᠨᠡᠩ ᠥᠨᠳᠥᠷ ᠲᠦᠪᠰᠢᠨ ᠪᠦᠬᠦᠢ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠠᠢ᠌ᠭᠤᠯᠵᠤ᠂ ᠣᠯᠠᠨ ᠲᠦᠮᠡᠨᠴᠢ ᠪᠡᠶ᠎ᠡ ᠵᠢᠨ ᠲᠠᠮᠢᠷ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠂ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠂ ᠪᠡᠶ᠎ᠡ ᠵᠢᠨ ᠲᠠᠮᠢᠷ᠎ᠤᠨ ᠰᠣᠶᠣᠯ ᠵᠡᠷᠭᠡ ᠡᠯ᠎ᠡ ᠲᠠᠯ᠎ᠠ ᠵᠢᠨ ᠬᠥᠭᠵᠢᠯᠲᠡ ᠵᠢ ᠪᠥᠬᠥ ᠲᠠᠯ᠎ᠠ᠎ᠪᠠᠷ ᠠᠬᠢᠭᠤᠯᠵᠤ᠂ ᠪᠥᠬᠥ ᠠᠷᠠᠳ᠎ᠤᠨ ᠪᠡᠶ᠎ᠡ ᠴᠢᠬᠢᠷᠠᠭᠵᠢᠭᠤᠯᠬᠤ ᠬᠢᠭᠡᠳ ᠪᠥᠬᠥ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠂ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠵᠠᠰᠠᠯᠲᠠ ᠵᠢᠨ ᠰᠢᠰᠲᠸᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠂ ᠡᠬᠡ ᠤᠯᠤᠰ᠎ᠤᠨ ᠤᠮᠠᠷᠠᠲᠤ ᠵᠢᠨ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠪᠦᠲᠦᠭᠡᠨ ᠪᠠᠶ᠋ᠢᠭᠤᠯᠬᠤ᠎ᠳᠤ ᠥᠪᠥᠷ ᠮᠣᠩᠭᠣᠯ᠎ᠤᠨ
ᠪᠡᠶ᠎ᠡ ᠵᠢᠨ ᠲᠠᠮᠢᠷ᠎ᠤᠨ ᠬᠤᠪᠢ ᠨᠡᠮᠡᠷᠢ ᠵᠢ ᠦᠵᠡᠭᠦᠯᠦᠨ᠎ᠡ ᠭᠡᠪᠡ᠃
    ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠳᠤᠲᠠᠭᠤᠳᠠᠯ᠎ᠢ ᠨᠥᠬᠥᠪᠦᠷᠢᠯᠡᠬᠦ ᠢᠨᠵᠧᠨᠧᠷᠢᠩ᠎ᠢ ᠪᠦᠬᠦ ᠲᠠᠯ᠎ᠠ᠎ᠪᠠᠷ ᠰᠠᠢ᠌ᠲᠤᠷ ᠠᠳᠬᠤᠬᠤ ᠲᠠᠯ᠎ᠠ᠎ᠪᠠᠷ᠄ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠥᠪᠡᠷᠲᠡᠭᠡᠨ   ᠵᠠᠰᠠᠬᠤ   ᠣᠷᠣᠨ ᠎ᠤ   ᠪᠡᠶ᠎ᠡ ᠵᠢᠨ   ᠲᠠᠮᠢᠷ ᠎ᠤᠨ   ᠲᠣᠪᠴᠢᠶ᠎ᠠ 《ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠯᠥᠪᠯᠡ (2021 ᡺ 2025)》 ᠵᠢ ᠲᠣᠭᠲᠠᠭ᠋ᠠᠨ ᠨᠠᠢ᠌ᠳᠠᠪᠤᠷᠢᠵᠢᠭᠤᠯᠵᠤ᠂ ᠵᠢᠯ ᠪᠦᠷᠢ ᠲᠤᠰ ᠱᠠᠲᠤᠨ᠎ᠤ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢ 1 ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠪᠦᠬᠦ ᠠᠷᠠᠳ᠎ᠤᠨ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠬᠤ 《ᠳᠣᠯᠣᠭ᠋ᠠᠨ ᠬᠠᠵᠠᠭᠤ》 ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠨ᠎ᠡ᠂ ᠲᠤᠬᠠᠢ᠌ᠯᠠᠪᠠᠯ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠢ᠌ᠭᠤᠯᠤᠯᠲᠠ ᠵᠢ ᠪᠦᠷᠢᠨᠰᠢᠭᠦᠯᠵᠦ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠵᠢ ᠪᠠᠢ᠌ᠭᠤᠯᠤᠨ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢ ᠪᠠᠶᠠᠯᠢᠭᠵᠢᠭᠤᠯᠵᠤ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ᠎ᠢ ᠳᠡᠮᠵᠢᠵᠦ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠵᠢᠯᠣᠭᠣᠳᠤᠯᠭ᠎ᠠ ᠵᠢ ᠴᠢᠩᠭ᠋ᠠᠳᠬᠠᠨ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠰᠣᠶᠣᠯ᠎ᠢ ᠪᠠᠳᠠᠷᠠᠭᠤᠯᠵᠤ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠠᠮᠤᠷ ᠲᠦᠪᠰᠢᠨ᠎ᠢ ᠪᠠᠲᠤᠯᠠᠨ᠎ᠠ᠃ 2022 ᠣᠨ᠎ᠳᠤ   ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠥᠬᠡᠬᠣᠲᠠ ᠵᠢᠨ ᠪᠣᠬᠢᠷᠳᠤᠯ ᠦᠭᠡᠢ ᠶᠠᠪᠠᠭ᠋ᠠᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠠᠷᠭ᠎ᠠ ᠠᠪᠴᠠᠯ᠎ᠢ ᠳᠡᠯᠭᠡᠷᠡᠭᠦᠯᠬᠦ᠎ᠪᠠᠷ ᠳᠠᠮᠵᠢᠭᠤᠯᠤᠨ᠂ ᠪᠥᠬᠥ ᠣᠷᠣᠨ᠎ᠳᠤ ᠨᠢᠭᠡ ᠪᠦᠯᠦᠭ ᠵᠢᠱ᠌ᠢᠶ᠎ᠡ ᠦᠵᠡᠭᠦᠯᠬᠦ ᠴᠢᠨᠠᠷᠲᠠᠢ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠢ ᠪᠦᠲᠦᠭᠡᠨ ᠪᠠᠢ᠌ᠭᠤᠯᠵᠤ᠂ ᠪᠤᠭᠤᠲᠤ ᠬᠣᠲᠠ ᠵᠡᠷᠭᠡ ᠠᠢ᠌ᠮᠠᠭ ᠬᠣᠲᠠ ᠵᠢᠨ ᠨᠢᠭᠡᠨᠲᠡ ᠪᠠᠢ᠌ᠭ᠎ᠠ ᠬᠣᠲᠠ ᠵᠢᠨ ᠴᠡᠴᠡᠷᠯᠢᠭ ᠵᠢ ᠥᠭᠡᠷᠡᠴᠢᠯᠡᠨ ᠰᠠᠢ᠌ᠵᠢᠷᠠᠭᠤᠯᠬᠤ᠎ᠪᠠᠷ ᠲᠠᠮᠵᠢᠨ᠂ ᠪᠡᠶ᠎ᠡ ᠵᠢᠨ ᠲᠠᠮᠢᠷ᠎ᠤᠨ ᠡᠯᠧᠮᠧᠨ᠋ᠲ ᠣᠷᠣᠭᠤᠯᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠪᠡᠶ᠎ᠡ ᠵᠢᠨ ᠲᠠᠮᠢᠷ᠎ᠤᠨ ᠰᠡᠯᠡᠭᠦᠴᠡᠯ᠎ᠤᠨ ᠴᠡᠴᠡᠷᠯᠢᠭ᠎ᠢ ᠪᠠᠢ᠌ᠭᠤᠯᠤᠨ᠎ᠠ᠃ ᠤᠷᠤᠯᠳᠤᠭ᠋ᠠᠨ ᠡᠷᠭᠢᠯᠡᠬᠦ ᠪᠡᠯᠡᠳᠬᠡᠯ ᠠᠵᠢᠯ᠎ᠤᠨ ᠲᠠᠯ᠎ᠠ ᠎ᠪᠠᠷ᠂ 2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ 《ᠪᠠᠶᠠᠰᠬᠤᠯᠠᠩᠲᠤ ᠲᠠᠯ᠎ᠠ ᠨᠤᠲᠤᠭ · ᠡᠷᠡᠭᠦᠯ ᠡᠩᠬᠡ ᠥᠪᠥᠷ ᠮᠣᠩᠭᠣᠯ》 13 ᠳ᠋ᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ᠎ᠤᠨ ᠴᠤᠭᠯᠠᠭ᠋ᠠᠨ᠂ 7 ᠳ᠋ᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠵᠠᠭᠤᠨ ᠰᠢᠶᠠᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠰᠣᠯᠢᠯᠴᠠᠭ᠋ᠠᠨ᠎ᠤ ᠤᠷᠤᠯᠳᠤᠭ᠋ᠠᠨ᠂ 《ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠡᠳᠦᠷ》᠎ᠤᠨ ᠰᠢᠷᠢᠰ ᠠᠵᠢᠯᠯᠠᠭ᠎ᠠ ᠵᠡᠷᠭᠡ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠥᠬᠥ ᠣᠷᠣᠨ᠎ᠤ 10 ᠳ᠋ᠤᠭ᠋ᠠᠷ ᠬᠤᠭᠤᠴᠠᠭ᠋ᠠᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠠᠵᠢᠯ᠎ᠢ ᠰᠠᠢ᠌ᠲᠤᠷ ᠬᠠᠮᠵᠢᠯᠴᠠᠨ ᠬᠢᠵᠦ᠂ 10 ᠳ᠋ᠤᠭ᠋ᠠᠷ ᠬᠤᠭᠤᠴᠠᠭ᠋ᠠᠨ᠎ᠤ 《ᠳᠤᠮᠳᠠᠳᠤ ᠮᠣᠩᠭᠣᠯ ᠣᠷᠣᠰ》 ᠭᠤᠷᠪᠠᠨ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠣᠷᠤᠯᠴᠠᠬᠤ ᠠᠵᠢᠯ᠎ᠢ ᠰᠠᠢ᠌ᠲᠤᠷ ᠬᠢᠨ᠎ᠡ᠃ 《ᠨᠢᠭᠡ ᠭᠠᠵᠠᠷ ᠨᠢᠭᠡ ᠨᠡᠷᠡᠲᠦ ᠲᠡᠮᠳᠡᠭ᠂ ᠨᠢᠭᠡ ᠭᠠᠵᠠᠷ ᠨᠢᠭᠡ ᠣᠨᠴᠠᠯᠢᠭ》᠎ᠲᠠᠢ ᠣᠯᠠᠨ ᠲᠦᠮᠡᠨᠴᠢ ᠴᠢᠨᠠᠷᠲᠠᠢ ᠨᠡᠷᠡᠲᠦ ᠲᠡᠮᠳᠡᠭ᠎ᠤᠨ ᠤᠷᠤᠯᠳᠤᠭ᠋ᠠᠨ᠎ᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠪᠥᠬᠥ ᠠᠷᠠᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠪᠡᠶ᠎ᠡ ᠴᠢᠭᠢᠷᠠᠭᠵᠢᠭᠤᠯᠤᠯᠲᠠ ᠵᠢᠨ ᠵᠢᠱ᠌ᠢᠶᠡᠴᠢ ᠬᠣᠲᠠ ᠪᠣᠯᠣᠨ ᠬᠣᠰᠢᠭᠤ ᠰᠢᠶᠠᠨ (ᠬᠣᠲᠠ᠂ ᠲᠣᠭᠣᠷᠢᠭ)᠎ᠢ ᠰᠢᠯᠭ᠋ᠠᠷᠠᠭᠤᠯᠬᠤ᠂ ᠪᠥᠬᠥ ᠣᠷᠣᠨ᠎ᠤ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠬᠤᠪᠢ ᠬᠥᠮᠥᠨ᠎ᠢ ᠰᠢᠯᠭ᠋ᠠᠷᠠᠭᠤᠯᠵᠤ ᠬᠥᠬᠢᠭᠦᠯᠦᠨ ᠰᠠᠢ᠌ᠰᠢᠶᠠᠬᠤ ᠵᠡᠷᠭᠡ ᠠᠵᠢᠯᠯᠠᠭ᠎ᠠ ᠵᠢ ᠥᠷᠨᠢᠭᠦᠯᠵᠦ᠂ ᠪᠠᠷᠠᠭᠤᠨ ᠦᠵᠦᠮᠦᠴᠢᠨ ᠬᠣᠰᠢᠭᠤ᠂ ᠡᠸᠡᠩᠬᠢ ᠬᠣᠰᠢᠭᠤᠨ᠎ᠤ ᠰᠢᠨᠡᠬᠡᠨ ᠭᠣᠣᠯ ᠪᠠᠷᠠᠭᠤᠨ ᠰᠤᠮᠤᠨ᠎ᠤ ᠬᠥᠯ ᠪᠥᠮᠪᠥᠭᠡ ᠵᠢᠨ ᠠᠵᠢᠯ᠎ᠤᠨ ᠲᠤᠷᠰᠢᠯᠭ᠎ᠠ ᠠᠷᠭ᠎ᠠ ᠬᠢᠳᠡᠯ᠎ᠢ ᠳ᠋ᠦᠩᠨᠡᠬᠦ᠎ᠪᠠᠷ ᠳᠠᠮᠵᠢᠭᠤᠯᠤᠨ᠂ ᠰᠢᠶᠠᠨ᠎ᠤ ᠬᠡᠪᠴᠢᠶᠡᠨ᠎ᠤ ᠬᠥᠯ ᠪᠥᠮᠪᠥᠭᠡ ᠵᠢ ᠳᠡᠯᠭᠡᠷᠡᠭᠦᠯᠦᠨ ᠲᠦᠭᠡᠮᠡᠯᠵᠢᠭᠦᠯᠬᠦ ᠵᠢ ᠠᠬᠢᠭᠤᠯᠤᠨ᠎ᠠ᠃ ᠡᠭᠦᠨ᠎ᠤ ᠬᠠᠮᠲᠤ᠂ 《ᠦᠨᠳᠦᠰᠦᠨ ᠱᠠᠲᠤᠨ᠎ᠳᠤ ᠪᠠᠭᠤᠵᠤ ᠡᠷᠡᠭᠦᠯ ᠮᠡᠨᠳᠦ ᠬᠦᠷᠭᠡᠬᠦ》 ᠦᠢ᠍ᠯᠡᠴᠢᠯᠡᠭᠡ᠂ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠵᠢᠨ ᠪᠣᠯᠪᠠᠰᠤᠷᠠᠭᠤᠯᠤᠯ ᠵᠡᠷᠭᠡ ᠠᠵᠢᠯ᠎ᠢ ᠦᠷᠭᠦᠯᠵᠢᠯᠡᠨ ᠥᠷᠨᠢᠭᠦᠯᠦᠨ᠎ᠡ᠃
    ᠥᠪᠥᠷ ᠮᠣᠩᠭᠣᠯ᠎ᠤᠨ ᠣᠨᠴᠠᠯᠢᠭ ᠎ᠲᠠᠢ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠢ ᠬᠥᠭᠵᠢᠭᠦᠯᠬᠦ ᠲᠠᠯ᠎ᠠ ᠎ᠪᠠᠷ᠄ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ 2022 ᠣᠨ᠎ᠤ 15 ᠳ᠋ᠤᠭ᠋ᠠᠷ ᠬᠤᠭᠤᠴᠠᠭ᠋ᠠᠨ᠎ᠤ ᠪᠦᠬᠦ ᠣᠷᠣᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠶ᠋ᠠᠷ ᠠᠵᠠ ᠲᠣᠬᠢᠶᠠᠯ ᠪᠣᠯᠭ᠋ᠠᠵᠤ᠂ ᠵᠢᠣᠳᠣᠣ᠂ ᠪᠥᠬᠡ᠂ ᠡᠮᠡᠭᠲᠡᠢ ᠵᠢᠨ ᠠᠯᠬᠤᠬᠤ ᠤᠷᠤᠯᠳᠤᠭ᠋ᠠᠨ᠂ ᠡᠷᠡᠭᠲᠡᠢ ᠵᠢᠨ ᠠᠯᠬᠤᠬᠤ ᠤᠷᠤᠯᠳᠤᠭ᠋ᠠᠨ᠂ ᠡᠮᠡᠭᠲᠡᠢ ᠵᠢᠨ ᠨᠢᠳᠤᠷᠭ᠋ᠠᠨ ᠲᠡᠮᠡᠴᠡᠭᠡᠨ᠂ ᠮᠥᠰᠥ ᠴᠠᠰᠤᠨ᠎ᠤ ᠲᠠᠮᠢᠷ᠂ ᠪᠤᠶ᠋ᠢᠺᠤ ᠪᠥᠮᠪᠥᠭᠡ᠂ ᠮᠣᠷᠢᠨ ᠮᠡᠷᠭᠡᠵᠢᠯ ᠵᠡᠷᠭᠡ ᠳᠠᠪᠠᠭᠤᠯᠢᠭ ᠲᠥᠷᠥᠯ ᠵᠦᠢ᠍ᠯ᠎ᠢ ᠪᠡᠬᠢᠵᠢᠭᠦᠯᠦᠨ ᠳᠡᠭᠡᠭᠰᠢᠯᠡᠭᠦᠯᠵᠦ᠂ ᠡᠮᠡᠭᠲᠡᠢ ᠵᠢᠨ ᠵᠢᠣᠳᠣᠣ᠂ ᠰᠤᠩᠭᠤᠳᠠᠭ ᠪᠥᠬᠡ᠂ ᠡᠷᠡᠭᠲᠡᠢ ᠵᠢᠨ ᠨᠢᠳᠤᠷᠭ᠋ᠠᠨ ᠲᠡᠮᠡᠴᠡᠭᠡᠨ᠂ ᠬᠠᠷᠪᠤᠯᠲᠠ ᠵᠡᠷᠭᠡ ᠲᠥᠷᠥᠯ ᠵᠦᠢ᠍ᠯ᠎ᠤᠨ ᠳᠤᠲᠠᠭᠤᠳᠠᠯ᠎ᠢ ᠨᠥᠬᠥᠪᠦᠷᠢᠯᠡᠬᠦ ᠢᠨᠵᠧᠨᠧᠷᠢᠩ᠎ᠢ ᠥᠷᠨᠢᠭᠦᠯᠵᠦ᠂ ᠨᠠᠩ ᠣᠯᠠᠨ ᠲᠠᠮᠢᠷᠴᠢᠨ᠎ᠢ ᠤᠯᠤᠰ ᠵᠶ᠋ᠠᠨ ᠲᠥᠯᠥᠭᠡᠯᠡᠨ ᠣᠯᠠᠨ ᠤᠯᠤᠰ᠎ᠤᠨ ᠶᠡᠬᠡ ᠤᠷᠤᠯᠳᠤᠭ᠋ᠠᠨ᠎ᠳᠤ ᠣᠷᠣᠯᠴᠠᠭᠤᠯᠬᠤ᠎ᠪᠠᠷ ᠴᠢᠷᠮᠠᠢ᠌ᠵᠤ᠂ 2022 ᠣᠨ᠎ᠤ ᠪᠡᠭᠡᠵᠢᠩ᠎ᠤᠨ ᠡᠪᠦᠯ  ᠎ᠤᠨ ᠤᠯᠢᠮᠫᠢᠺ᠎ᠤᠨ ᠴᠤᠭᠯᠠᠭ᠋ᠠᠨ᠂ 2022 ᠣᠨ᠎ᠤ ᠬᠠᠩᠵᠧᠦ ᠵᠢᠨ ᠠᠽᠢᠶ᠎ᠠ ᠲᠢᠪ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠰᠢᠯᠢᠳᠡᠭ ᠬᠢᠷᠢ ᠪᠦᠲᠦᠮᠵᠢ ᠣᠯᠬᠤ᠎ᠪᠠᠷ ᠴᠢᠷᠮᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠦᠴᠦᠸᠠᠨ᠎ᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠰᠠᠭᠤᠷᠢᠨ ᠭᠠᠵᠠᠷ᠎ᠢ ᠤᠯᠤᠰ᠎ᠤᠨ ᠳᠡᠰ᠎ᠤᠨ ᠪᠡᠶ᠎ᠡ ᠵᠢᠨ ᠲᠠᠮᠢᠷ᠎ᠤᠨ ᠪᠤᠯᠪᠠᠰᠤᠷᠠᠯ᠎ᠤᠨ ᠰᠠᠭᠤᠷᠢᠨ ᠭᠠᠵᠠᠷ ᠪᠤᠯᠭ᠋ᠠᠬᠤ᠎ᠪᠠᠷ ᠴᠢᠷᠮᠠᠢ᠌ᠵᠦ᠂ ᠤᠯᠤᠰ᠎ᠤᠨ ᠤᠮᠠᠷᠠᠲᠤ ᠵᠢᠨ ᠬᠥᠯ ᠪᠥᠮᠪᠥᠭᠡ ᠵᠢᠨ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠢᠨᠵᠧᠨᠧᠷᠢᠩ᠂ ᠲᠡᠭᠦᠨ᠎ᠤ ᠤᠤᠯ᠎ᠤᠨ ᠭᠣᠣᠯ ᠪᠣᠯᠬᠤ ᠣᠷᠣᠨ ᠪᠦᠰᠡ ᠵᠢ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠰᠠᠭᠤᠷᠢᠨ ᠭᠠᠵᠠᠷ ᠪᠣᠯᠭ᠋ᠠᠨ ᠪᠦᠲᠦᠭᠡᠨ ᠪᠠᠶ᠋ᠢᠭᠤᠯᠬᠤ ᠵᠢᠨ ᠬᠠᠮᠲᠤ᠂ ᠠᠢ᠌ᠮᠠᠭ ᠬᠣᠲᠠ ᠵᠢᠨ ᠲᠣᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠬᠤ ᠵᠢ ᠳᠡᠮᠵᠢᠵᠦ᠂ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠶᠡᠷᠦᠩᠬᠡᠢ᠌ᠯᠡᠭᠰᠡᠨ ᠴᠢᠨᠠᠷᠲᠠᠢ ᠪᠤᠶᠤ ᠲᠠᠩ ᠵᠦᠢ᠍ᠯ᠎ᠤᠨ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠢ᠌ᠭᠤᠯᠵᠤ᠂ ᠬᠥᠬᠡᠬᠣᠲᠠ ᠵᠢᠨ ᠣᠯᠠᠨ ᠤᠯᠤᠰ ᠪᠠ ᠤᠯᠤᠰ᠎ᠤᠨ ᠳᠣᠲᠣᠭ᠋ᠠᠳᠤ ᠵᠢᠨ ᠤᠷᠤᠯᠳᠤᠭ᠋ᠠᠨ᠎ᠢ ᠲᠠᠭ᠋ᠠᠭ᠋ᠠᠴᠢᠯᠠᠵᠦ ᠳᠡᠶ᠋ᠢᠯᠬᠦ ᠴᠠᠰᠤᠨ᠎ᠳᠤ ᠭᠤᠯᠭᠤᠬᠤ ᠲᠠᠯᠠᠪᠠᠶ ᠪᠠ ᠮᠥᠰᠥᠨ᠎ᠳᠤ ᠲᠡᠰᠢᠬᠦ ᠣᠷᠳᠣᠨ ᠪᠠᠶ᠋ᠢᠭᠤᠯᠬᠤ ᠵᠢ ᠳᠡᠮᠵᠢᠵᠦ᠂ ᠪᠥᠬᠥ ᠣᠷᠣᠨ᠎ᠤ ᠮᠥᠰᠥ ᠴᠠᠰᠤᠨ᠎ᠤ ᠲᠠᠮᠢᠷ᠎ᠤᠨ ᠲᠥᠷᠥᠯ ᠵᠦᠢ᠍ᠯ᠎ᠤᠨ ᠲᠡᠩᠴᠡᠭᠦᠷᠢᠲᠡᠢ ᠬᠥᠭᠵᠢᠬᠦ ᠵᠢ ᠠᠬᠢᠭᠤᠯᠤᠨ᠎ᠠ᠃ ᠠᠢ᠌ᠮᠠᠭ ᠬᠣᠲᠠ ᠪᠣᠯᠣᠨ ᠨᠡᠢ᠌ᠭᠡᠮ᠎ᠤᠨ ᠬᠦᠴᠦᠨ᠎ᠤ᠎ᠬᠢᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠪᠡᠶ᠎ᠡ ᠵᠢᠨ ᠲᠠᠮᠢᠷ᠎ᠤᠨ ᠠᠩᠭᠢ ᠵᠢᠨ ᠪᠠᠢ᠌ᠭᠤᠯᠤᠯᠲᠠ᠎ᠳᠤ ᠣᠷᠤᠯᠴᠠᠬᠤ ᠵᠢ ᠵᠣᠷᠢᠭᠵᠢᠭᠤᠯᠬᠤ ᠵᠢᠨ ᠬᠠᠮᠲᠤ᠂ 《ᠱᠠᠩᠨᠠᠬᠤ᠎ᠪᠠᠷ ᠨᠥᠬᠥᠪᠦᠷᠢᠯᠡᠬᠦ ᠵᠢ ᠣᠷᠣᠯᠠᠭᠤᠯᠬᠤ》 ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠠᠰᠤᠷᠠᠯᠲᠠ ᠦᠭᠡᠢ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ ᠨᠡᠢ᠌ᠭᠡᠮ᠎ᠤᠨ ᠬᠦᠴᠦᠨ᠎ᠢ ᠳᠠᠶ᠋ᠢᠴᠢᠯᠠᠨ ᠨᠠᠷᠠᠲᠤ ᠲᠥᠷᠥᠯ ᠲᠡᠮᠳᠡᠭᠲᠦ ᠵᠢᠨ ᠤᠷᠤᠯᠳᠤᠭ᠋ᠠᠨ᠎ᠢ ᠬᠠᠮᠲᠤᠪᠠᠷ ᠡᠭᠦᠳᠦᠨ ᠡᠷᠭᠢᠯᠡᠨ᠎ᠡ᠃
    ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠠᠬᠢᠭᠤᠯᠬᠤ ᠲᠠᠯ᠎ᠠ᠎ᠪᠠᠷ᠄ 2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠪᠣᠯᠣᠨ ᠳᠤᠮᠳᠠᠳᠤ ᠪᠠᠭ᠎ᠠ ᠰᠤᠷᠭ᠋ᠠᠭᠤᠯᠢ ᠵᠢᠨ ᠬᠠᠮᠲᠤᠷᠠᠯᠴᠠᠭ᠎ᠠ ᠵᠢ ᠲᠠᠰᠤᠷᠠᠯᠲᠠ ᠦᠭᠡᠢ ᠠᠬᠢᠭᠤᠯᠵᠤ᠂ ᠨᠢᠭᠡ ᠪᠦᠯᠦᠭ ᠪᠡᠶ᠎ᠡ ᠵᠢᠨ ᠲᠠᠮᠢᠷ᠎ᠤᠨ ᠤᠯᠠᠮᠵᠢᠯᠠᠯᠲᠤ ᠣᠨᠴᠠᠯᠢᠭᠲᠤ ᠰᠤᠷᠭ᠋ᠠᠭᠤᠯᠢ ᠵᠢ ᠬᠠᠮᠲᠤᠷᠠᠨ ᠪᠠᠶ᠋ᠢᠭᠤᠯᠬᠤ ᠵᠢᠨ ᠬᠠᠮᠲᠤ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠵᠢᠷᠤᠮᠵᠢᠭᠤᠯᠵᠦ᠂ ᠵᠠᠯᠠᠭᠤᠴᠤᠳ ᠪᠠᠭ᠋ᠠᠴᠤᠳ᠎ᠤᠨ ᠺᠯᠦ᠋ᠪ᠎ᠤᠨ ᠬᠥᠭᠵᠢᠯᠲᠡ ᠵᠢ ᠵᠤᠷᠢᠵᠢᠭᠤᠯᠤᠨ᠎ᠡ᠃ 《ᠵᠠᠭᠤᠨ ᠲᠦᠮᠡᠨ ᠵᠠᠯᠠᠭᠤᠴᠤᠳ ᠪᠠᠭ᠋ᠠᠴᠤᠳ ᠮᠥᠰᠥ ᠴᠠᠰᠤᠨ ᠎ᠤ ᠬᠦᠳᠡᠯᠭᠡᠭᠡᠨ᠎ᠳᠤ ᠤᠷᠤᠯᠴᠠᠬᠤ》᠂ 《ᠪᠦᠪᠡᠢ · ᠬᠡᠦᠬᠡᠳ᠎ᠤᠨ ᠪᠡᠶ᠎ᠡ ᠵᠢᠨ ᠲᠠᠮᠢᠷ᠎ᠤᠨ ᠶᠡᠬᠡ ᠬᠤᠷᠠᠯ》  《ᠪᠦᠪᠡᠢ · ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠨᠠᠢ᠌ᠷ ᠨᠠᠭ᠋ᠠᠳᠤᠮ》 ᠵᠡᠷᠭᠡ ᠨᠡᠷᠡᠳᠦ ᠲᠡᠮᠳᠡᠭ᠎ᠤᠨ ᠠᠵᠢᠯᠯᠠᠭ᠎ᠠ᠎ᠪᠠᠷ ᠳᠠᠮᠵᠢᠭᠤᠯᠵᠤ᠂ ᠨᠡᠩ ᠤᠯᠠᠨ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠲᠤ ᠪᠠᠬᠠᠲᠠᠢ ᠪᠣᠯᠬᠤ ᠵᠢ ᠳᠠᠢ᠍ᠢ᠍ᠴᠢᠯᠠᠵᠤ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠳᠤ ᠢᠳᠡᠪᠬᠢᠲᠡᠢ ᠣᠷᠤᠯᠴᠠᠬᠤ ᠵᠢ ᠲᠠᠢ᠍ᠢ᠍ᠴᠢᠯᠠᠨ᠎ᠠ᠃
    ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠠᠯ᠎ᠠ᠎ᠪᠠᠷ᠄ 2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠬᠥᠬᠡᠬᠣᠲᠠ ᠵᠡᠷᠭᠡ ᠠᠢ᠌ᠮᠠᠭ ᠬᠣᠲᠠ ᠵᠢ ᠬᠠᠮᠵᠢᠨ ᠨᠢᠭᠡ ᠪᠦᠯᠦᠭ ᠨᠥᠯᠥᠭᠡᠯᠡᠬᠦ ᠬᠦᠴᠦᠨ᠎ᠲᠠᠢ ᠪᠡᠶ᠎ᠡ ᠵᠢᠨ ᠲᠠᠮᠢᠷ᠎ᠤᠨ ᠵᠢᠭᠤᠯᠴᠢᠯᠠᠯ᠎ᠤᠨ ᠰᠣᠳᠣᠨ ᠵᠠᠮ ᠱᠤᠭᠤᠮ᠂ ᠰᠣᠳᠣᠨ ᠤᠷᠤᠯᠳᠤᠭ᠋ᠠᠨ ᠪᠠ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠣᠶ ᠪᠣᠯᠭ᠋ᠠᠨ᠎ᠠ; 《ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠲᠡᠮᠳᠡᠭᠲᠦ》 ᠲᠠᠷᠬᠠᠭ᠋ᠠᠬᠤ᠎ᠪᠠᠷ ᠳᠠᠮᠵᠢᠭᠤᠯᠤᠨ᠂ ᠪᠡᠶ᠎ᠡ ᠵᠢᠨ ᠲᠠᠮᠢᠷ᠎ᠤᠨ ᠬᠡᠷᠡᠭᠯᠡᠭᠡ ᠵᠢ ᠳᠠᠶ᠋ᠢᠴᠢᠯᠠᠵᠤ᠂ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠠᠢ᠌ᠮᠠᠭ ᠬᠣᠲᠠ᠂ ᠬᠣᠰᠢᠭᠤ ᠰᠢᠶᠠᠨ     (ᠬᠣᠲᠠ᠂ ᠲᠣᠭᠣᠷᠢᠭ)᠎ᠢ ᠰᠢᠯᠭ᠋ᠠᠷᠠᠭᠤᠯᠬᠤ ᠠᠵᠢᠯᠯᠠᠭ᠎ᠠ ᠵᠢ ᠥᠷᠨᠢᠭᠦᠯᠦᠨ᠎ᠡ; ᠮᠥᠰᠥ ᠴᠠᠰᠤ ᠵᠡᠷᠭᠡ ᠭᠡᠷ᠎ᠤᠨ ᠭᠠᠳᠠᠨᠠᠬᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ᠎ᠢ ᠲᠦᠭᠡᠮᠡᠯᠵᠢᠭᠦᠯᠦᠨ ᠳᠡᠯᠭᠡᠷᠡᠭᠦᠯᠵᠦ᠂ ᠪᠡᠶ᠎ᠡ ᠵᠢᠨ ᠲᠠᠮᠢᠷ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠤᠨ᠂ ᠬᠥᠯᠥᠨ ᠪᠣᠶ᠋ᠢᠷ ᠬᠣᠲᠠ᠂ ᠰᠢᠯᠢ ᠵᠢᠨ ᠭᠣᠣᠯ ᠠᠢ᠌ᠮᠠᠭ᠎ᠤᠨ ᠥᠷᠨᠢᠭᠦᠯᠬᠦ᠎ᠪᠠᠷ ᠲᠥᠯᠥᠪᠯᠡᠵᠦ ᠪᠠᠢ᠌ᠭ᠎ᠠ ᠮᠥᠰᠥ ᠴᠠᠰᠤᠨ᠎ᠤ ᠨᠠᠭ᠋ᠠᠳᠤᠮ᠂ ᠮᠥᠰᠥᠨ ᠳᠡᠭᠡᠷᠡᠬᠢ ᠯᠤᠤᠲᠤ ᠣᠩᠭᠣᠴᠠ ᠵᠡᠷᠭᠡ ᠣᠨᠴᠠᠯᠢᠭᠲᠤ ᠪᠡᠶ᠎ᠡ ᠵᠢᠨ ᠲᠠᠮᠢᠷ᠎ᠤᠨ ᠵᠢᠭᠤᠯᠴᠢᠯᠠᠯ᠎ᠤᠨ ᠠᠵᠢᠯᠯᠠᠭ᠎ᠠ᠎ᠳᠤ ᠴᠢᠬᠤᠯᠠ ᠪᠦᠬᠦᠢ ᠳᠡᠮᠵᠢᠯᠭᠡ ᠬᠠᠩᠭ᠋ᠠᠵᠤ᠂ ᠮᠥᠰᠥ ᠴᠠᠰᠤᠨ᠎ᠤ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠶᠠᠩ ᠵᠢᠶᠠ ᠢᠦᠢ᠄ ᠪᠠᠢ᠌ᠳᠠᠯ ᠵᠶ᠋ᠠᠨ ᠲᠣᠬᠢᠷᠠᠭᠤᠯᠵᠤ ᠫᠠᠷᠢᠰ᠎ᠤᠨ ᠤᠯᠢᠮᠫᠢᠺ᠎ᠳᠤ ᠪᠡᠯᠡᠳᠬᠡᠨ᠎ᠡ
ᠲᠠᠯ᠎ᠠ ᠨᠤᠳᠤᠭ ᠲᠡᠭᠡᠷᠡᠬᠢ 《ᠠᠯᠠᠭ᠋ᠠᠳᠠᠬᠤ ᠪᠦᠮᠪᠦᠭᠡ ᠵᠢᠨ ᠬᠠᠯᠠᠮᠰᠢᠯ》
ᠮᠤᠩᠭᠤᠯ ᠪᠦᠬᠡ ᠵᠢᠨ 《ᠪᠤᠯᠪᠠᠰᠤᠨ ᠲᠠᠮᠢᠷᠴᠢᠨ》 ᠮᠦᠩᠬᠡᠳᠦ᠋ᠭᠦᠷᠡᠩ ᠮᠠᠭᠳᠠᠭ᠋ᠠᠯ᠎ᠲᠠᠢ
ᠲᠠᠯ᠎ᠠ ᠨᠤᠲᠤᠭ᠎ᠤᠨ ᠴᠠᠨᠠᠴᠢᠨ
ᠲᠤᠤ ᠯᠦ᠍ ᠨᠠ ᠭᠡᠰᠢᠭᠦᠨ᠄ ᠰᠢᠨᠵᠢᠯᠡᠬᠦ ᠤᠬᠠᠭ᠋ᠠᠨ ᠮᠡᠷᠭᠡᠵᠢᠯ᠎ᠳᠤ ᠲᠦᠰᠢᠭᠯᠡᠨ ᠫᠤᠤᠳᠠᠯᠭ᠎ᠠ ᠵᠢᠨ ᠬᠦᠳᠡᠯᠭᠡᠭᠡᠨ᠎ᠢ ᠰᠤᠷᠭ᠋ᠠᠭᠤᠯᠢ ᠵᠢᠨ ᠬᠦᠷᠢᠶᠡᠨ᠎ᠳᠤ ᠲᠦᠭᠡᠮᠡᠯᠵᠢᠭᠦᠯᠦᠨ᠎ᠡ
 
            