ᠡᠮᠡᠭᠲᠡᠢ ᠵᠢᠨ 20 ᠺᠢᠯᠣᠮᠧᠲᠷ᠎ᠤᠨ ᠠᠯᠬᠤᠬᠤ ᠤᠷᠤᠯᠳᠤᠭ᠋ᠠᠨ᠎ᠤ ᠳᠡᠯᠡᠬᠡᠢ ᠵᠢᠨ ᠲᠡᠮᠳᠡᠭᠯᠡᠯ᠎ᠢ ᠬᠠᠮᠠᠭ᠋ᠠᠯᠠᠭᠴᠢ᠂ ᠳᠡᠯᠡᠬᠡᠢ ᠵᠢᠨ ᠮᠠᠩᠯᠠᠢ ᠶᠠᠩ ᠵᠢᠶᠠ ᠢᠦᠢ 5᠎ᠤ ᠡᠳᠦᠷ ᠰᠣᠷᠪᠤᠯᠵᠢᠯᠠᠭ᠎ᠠ ᠬᠦᠯᠢᠶᠡᠬᠦ᠎ᠳᠡᠭᠡᠨ᠂ ᠡᠨᠡ ᠵᠢᠯ᠎ᠤᠨ ᠬᠠᠷᠠᠯᠲᠠ ᠪᠣᠯ ᠪᠠᠢ᠌ᠳᠠᠯ ᠵᠶ᠋ᠠᠨ ᠲᠣᠬᠢᠷᠠᠭᠤᠯᠵᠤ᠂ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠪᠡᠯᠡᠳᠬᠡᠬᠦ ᠶᠠᠪᠤᠳᠠᠯ ᠪᠣᠯᠣᠨ᠎ᠠ ᠭᠡᠵᠡᠢ᠃
ᠨᠢᠳᠤᠨᠤᠨ᠎ᠤ 3 ᠰᠠᠷ᠎ᠠ᠎ᠳᠤ᠂ 25 ᠨᠠᠰᠤᠲᠠᠢ ᠶᠠᠩ ᠵᠢᠶᠠ ᠢᠦᠢ ᠪᠦᠬᠦ ᠤᠯᠤᠰ᠎ᠤᠨ ᠠᠯᠬᠤᠭ᠎ᠠ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠵᠢᠴᠢ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠰᠢᠯᠭ᠋ᠠᠷᠠᠭᠤᠯᠬᠤ ᠤᠷᠤᠯᠳᠤᠭ᠋ᠠᠨ᠎ᠳᠤ 1 ᠴᠠᠭ 23 ᠮᠢᠨᠦ᠋ᠲ 49 ᠰᠧᠺᠦ᠋ᠨ᠋ᠳ᠋᠎ᠤᠨ ᠬᠢᠷᠢ ᠪᠦᠲᠦᠮᠵᠢ᠎ᠪᠠᠷ ᠡᠮᠡᠭᠲᠡᠢ ᠵᠢᠨ 20 ᠺᠢᠯᠣᠮᠧᠲᠷ᠎ᠤᠨ ᠳᠡᠯᠡᠬᠡᠢ ᠵᠢᠨ ᠲᠡᠮᠳᠡᠭᠯᠡᠯ᠎ᠢ ᠡᠭᠦᠳᠪᠡ᠃ ᠲᠤᠤᠺᠢᠤ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ ᠳᠡᠭᠡᠷ᠎ᠡ᠂ ᠶᠠᠩ ᠵᠢᠶᠠ ᠢᠦᠢ ᠡᠮᠡᠭᠲᠡᠢ ᠵᠢᠨ 20 ᠺᠢᠯᠣᠮᠧᠲᠷ᠎ᠤᠨ ᠠᠯᠬᠤᠬᠤ ᠤᠷᠤᠯᠳᠤᠭ᠋ᠠᠨ᠎ᠳᠤ ᠭᠤᠷᠪᠠᠨ ᠤᠯᠠᠭ᠋ᠠᠨ ᠺᠠᠷᠲ ᠵᠶ᠋ᠠᠷ ᠬᠣᠶᠠᠷ ᠮᠢᠨᠦ᠋ᠲ ᠲᠣᠷᠭ᠋ᠠᠭᠳᠠᠵᠤ᠂ ᠮᠠᠩᠯᠠᠢ ᠵᠢ ᠪᠤᠯᠢᠶᠠᠯᠳᠤᠬᠤ ᠵᠠᠪᠰᠢᠶᠠᠨ ᠵᠶ᠋ᠠᠨ ᠠᠯᠳᠠᠵᠤ᠂ ᠡᠴᠦᠰ᠎ᠲᠡᠭᠡᠨ 12 ᠳ᠋ᠤᠭ᠋ᠠᠷ᠎ᠲᠤ ᠵᠢᠭᠰᠠᠭ᠋ᠠᠭᠳᠠᠵᠠᠢ᠃ ᠰᠠᠷ᠎ᠠ ᠭᠠᠷᠤᠢ ᠵᠢᠨ ᠳᠠᠷᠠᠭ᠎ᠠ᠂ ᠲᠡᠷᠡ ᠱᠠᠨᠰᠢ ᠵᠢᠨ ᠪᠦᠬᠦ ᠤᠯᠤᠰ᠎ᠤᠨ ᠲᠠᠮᠢᠷ᠎ᠤᠨ ᠴᠤᠭᠯᠠᠭ᠋ᠠᠨ ᠳᠡᠭᠡᠷ᠎ᠡ ᠮᠠᠩᠯᠠᠢ᠌ᠯᠠᠪᠠ᠃
5᠎ᠤ ᠡᠳᠦᠷ᠂ ᠶᠠᠩ ᠵᠢᠶᠠ ᠢᠦᠢ ᠪᠡᠭᠡᠵᠢᠩ᠎ᠳᠤ ᠲᠧ ᠪᠦ᠋ ᠨᠠᠷᠠᠲᠤ ᠲᠥᠷᠥᠯ ᠲᠡᠮᠳᠡᠭᠲᠦ ᠵᠢᠨ ᠪᠠᠢ᠌ᠯᠳᠤᠬᠤ ᠪᠣᠳᠣᠯᠭ᠎ᠠ ᠵᠢᠨ ᠲᠠᠰ ᠳᠡᠪᠰᠢᠭᠦᠯᠬᠦ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠤᠯᠴᠠᠬᠤ᠎ᠠᠴᠠ ᠡᠮᠦᠨ᠎ᠡ ᠰᠤᠷᠪᠤᠯᠵᠢᠯᠠᠭᠴᠢ ᠵᠢᠨ ᠰᠣᠷᠪᠤᠯᠵᠢᠯᠠᠭ᠎ᠠ ᠵᠢ ᠬᠦᠯᠢᠶᠡᠵᠦ᠂ 《ᠲᠤᠤᠺᠢᠤ᠋ ᠵᠢᠨ ᠤᠯᠢᠮᠫᠢᠺ᠎ᠤᠨ ᠳᠠᠷᠠᠭ᠎ᠠ ᠠᠯᠤᠰ ᠬᠣᠯᠠ ᠵᠢ ᠪᠣᠳᠣᠯᠬᠢᠯᠠᠨ᠂ ᠥᠪᠡᠷ᠎ᠤᠨ ᠪᠡᠶ᠎ᠡ ᠵᠢᠨ ᠪᠠᠢ᠌ᠳᠠᠯ ᠵᠶ᠋ᠠᠨ ᠲᠣᠬᠢᠷᠠᠭᠤᠯᠵᠤ᠂ ᠡᠨᠡ ᠵᠢᠯ᠎ᠤᠨ ᠡᠪᠦᠯ᠎ᠤᠨ ᠪᠣᠯᠪᠠᠰᠤᠷᠠᠯ᠎ᠠᠴᠠ ᠡᠬᠢᠯᠡᠨ ᠰᠤᠷᠭ᠋ᠠᠭᠤᠯᠢᠯᠠᠯ ᠵᠶ᠋ᠠᠨ ᠰᠡᠷᠭᠦᠭᠡᠵᠦ᠂ ᠫᠠᠷᠢᠰ᠎ᠤᠨ ᠣᠯᠢᠮᠫᠢᠺ᠎ᠤᠨ ᠴᠤᠭᠯᠠᠭ᠋ᠠᠨ᠎ᠳᠤ ᠪᠡᠯᠡᠳᠬᠡᠬᠦ᠎ᠪᠠᠷ ᠲᠥᠯᠥᠪᠯᠡᠵᠦ ᠪᠠᠢ᠌ᠨ᠎ᠠ》 ᠭᠡᠪᠡ᠃
ᠡᠨᠡ ᠵᠢᠯ ᠶᠠᠩ ᠵᠢᠶᠠ ᠢᠦᠢ ᠤᠷᠤᠯᠳᠤᠭ᠋ᠠᠨ᠎ᠳᠤ ᠤᠯᠠᠨ ᠣᠷᠣᠯᠴᠠᠭᠰᠠᠨ ᠦᠭᠡᠢ᠂ ᠤᠷᠸᠭ᠋ᠠᠨᠤ ᠳᠡᠯᠡᠬᠡᠢ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠳᠤ ᠴᠦ᠍ ᠣᠷᠣᠯᠴᠠᠭᠰᠠᠨ ᠦᠭᠡᠢ᠃ 3 ᠰᠠᠷ᠎ᠠ᠎ᠳᠤ ᠤᠮᠠᠨ᠎ᠳᠤ ᠶᠠᠪᠤᠭᠳᠠᠭᠰᠠᠨ ᠳᠡᠯᠡᠬᠡᠢ ᠵᠢᠨ ᠠᠯᠬᠤᠭ᠎ᠠ ᠤᠷᠤᠯᠳᠤᠭ᠋ᠠᠨ᠎ᠤ ᠪᠠᠭ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠳᠤ ᠶᠠᠩ ᠵᠢᠶᠠ ᠢᠦᠢ ᠡᠮᠡᠭᠲᠡᠢ ᠵᠢᠨ 20 ᠺᠢᠯᠣᠮᠧᠲᠷ᠎ᠤᠨ ᠮᠥᠩᠭᠥᠨ ᠮᠧᠳᠠᠯ ᠭᠠᠷᠳᠠᠪᠠ᠃ 《ᠡᠨᠡ ᠵᠢᠯ᠎ᠤᠨ ᠬᠠᠮᠤᠭ᠎ᠤᠨ ᠭᠣᠣᠯ ᠬᠠᠷᠠᠯᠲᠠ ᠪᠣᠯ ᠳᠠᠷᠤᠢ ᠪᠡᠶ᠎ᠡ ᠵᠶ᠋ᠠᠨ ᠲᠣᠬᠢᠷᠠᠭᠤᠯᠬᠤ ᠶᠠᠪᠤᠳᠠᠯ ᠪᠣᠯᠣᠨ᠎ᠠ᠂ ᠪᠣᠯᠪᠠᠰᠤᠷᠠᠯ᠎ᠨᠢ ᠥᠩᠭᠡᠷᠡᠭᠰᠡᠨ᠎ᠤ᠎ᠬᠢ ᠰᠢᠭ ᠲᠡᠶ᠋ᠢᠮᠦ ᠰᠢᠰᠲ᠋ᠧᠮ᠎ᠲᠠᠢ ᠪᠢᠰᠢ ᠪᠠᠢ᠌ᠵᠤ ᠮᠡᠳᠡᠨ᠎ᠡ᠂ ᠪᠢ ᠪᠡᠶ᠎ᠡ ᠮᠠᠬᠠᠪᠤᠳ ᠪᠠ ᠰᠡᠳᠬᠢᠯ ᠰᠠᠨᠠᠭ᠋ᠠᠨ᠎ᠤ ᠲᠠᠯ᠎ᠠ᠎ᠪᠠᠷ ᠠᠭᠤᠵᠢᠭᠤ ᠲᠠᠯᠪᠢᠭᠤ ᠪᠠᠢ᠌ᠵᠤ᠂ ᠬᠦᠴᠦᠨ ᠴᠢᠳᠠᠯ ᠵᠶ᠋ᠠᠨ ᠰᠠᠢ᠌ᠲᠤᠷ ᠨᠥᠭᠡᠴᠡᠯᠡᠵᠦ᠂ ᠵᠠᠯᠭ᠋ᠠᠭ᠋ᠠᠳ ᠡᠪᠦᠯ᠎ᠤᠨ ᠪᠣᠯᠪᠠᠰᠤᠷᠠᠯ ᠪᠠ ᠪᠡᠯᠡᠳᠬᠡᠯ᠎ᠢ ᠰᠠᠢ᠌ᠲᠤᠷ ᠬᠢᠨ᠎ᠡ》 ᠭᠡᠵᠦ ᠪᠠᠢ᠌ᠯ᠎ᠠ᠃