
ᠪᠡᠭᠡᠵᠢᠩ᠎ᠳᠤ ᠪᠥᠬᠥ ᠤᠯᠤᠰ᠎ᠤᠨ ᠬᠣᠶᠠᠷ ᠬᠤᠷᠠᠯ᠎ᠳᠤ ᠣᠷᠣᠯᠴᠠᠵᠤ ᠪᠠᠢ᠌ᠭ᠎ᠠ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠲᠦᠷᠭᠡᠨ ᠲᠠᠰᠢᠯᠳᠠ ᠵᠢᠨ ᠮᠠᠩᠯᠠᠢ ᠵᠠᠩ ᠬᠣᠩ᠎ᠠᠴᠠ ᠳᠡᠭᠡᠳᠦ ᠰᠤᠷᠭ᠋ᠠᠭᠤᠯᠢ᠎ᠳᠤ ᠪᠡᠶ᠎ᠡ ᠵᠢᠨ ᠲᠠᠮᠢᠷ᠎ᠤᠨ ᠰᠣᠶᠣᠯ᠎ᠤᠨ ᠲᠥᠷᠥᠯ᠎ᠤᠨ ᠬᠢᠴᠢᠶᠡᠯ᠎ᠢ ᠨᠡᠮᠡᠵᠦ᠂ ᠣᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ᠎ᠳᠤ ᠴᠢᠳᠠᠪᠤᠷᠢᠲᠠᠨ ᠬᠦᠷᠭᠡᠬᠦ ᠡᠷᠴᠢᠮ ᠵᠶ᠋ᠡᠨ ᠴᠢᠩᠭ᠋ᠠᠷᠠᠭᠤᠯᠬᠤ ᠵᠢᠨ ᠬᠠᠮᠲᠤ ᠣᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠢᠳᠡᠪᠬᠢᠲᠡᠢ ᠡᠷᠭᠢᠯᠡᠬᠦ ᠬᠡᠷᠡᠭᠲᠡᠢ ᠭᠡᠰᠡᠨ ᠰᠠᠨᠠᠭᠤᠯᠭ᠎ᠠ ᠲᠤᠷᠠᠳᠪᠠ᠃
ᠵᠠᠩ ᠬᠤᠩ ᠥᠪᠡᠷ᠎ᠤᠨ ᠣᠯᠠᠨ ᠤᠯᠤᠰ᠎ᠤᠨ ᠣᠯᠢᠮᠫᠢᠺ᠎ᠤᠨ ᠵᠥᠪᠯᠡᠯ᠎ᠤᠨ ᠭᠡᠰᠢᠭᠦᠨ᠂ ᠬᠠᠷᠪᠢᠨ᠎ᠤ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠰᠤᠳᠤᠯᠤᠭᠴᠢ ᠪᠣᠯᠤᠭᠰᠠᠨ ᠥᠩᠭᠡᠷᠡᠯᠲᠡ᠎ᠲᠠᠢ᠎ᠪᠠᠨ ᠤᠶᠠᠯᠳᠤᠭᠤᠯᠤᠨ᠂ ᠰᠠᠨᠠᠯ ᠳᠤᠷᠠᠳᠤᠯᠭ᠎ᠠ᠎ᠳᠤ᠂ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠤᠯᠠᠮ ᠨᠢᠭᠡ ᠠᠯᠬᠤᠮ ᠠᠬᠢᠭᠤᠯᠵᠦ᠂ ᠢᠯᠠᠩᠭᠤᠶ᠎ᠠ ᠶᠡᠬᠡ ᠳᠡᠭᠡᠳᠦ ᠰᠤᠷᠭ᠋ᠠᠭᠤᠯᠢ ᠵᠢᠨ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠴᠢᠨᠠᠭᠰᠢᠳᠠ ᠠᠬᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠥᠷᠨᠢᠭᠦᠯᠵᠦ᠂ ᠶᠡᠬᠡ ᠳᠡᠭᠡᠳᠦ ᠰᠤᠷᠭ᠋ᠠᠭᠤᠯᠢ᠎ᠳᠤ ᠣᠯᠢᠮᠫᠢᠺ᠎ᠤᠨ ᠰᠣᠶᠣᠯ᠂ ᠪᠡᠶ᠎ᠡ ᠵᠢᠨ ᠲᠠᠮᠢᠷ᠎ᠤᠨ ᠬᠠᠮᠢᠶᠠᠷᠤᠯᠲᠠ᠂ ᠪᠡᠶ᠎ᠡ ᠵᠢᠨ ᠲᠠᠮᠢᠷ᠎ᠤᠨ ᠠᠵᠤ ᠠᠬᠤᠢ᠂ ᠪᠡᠶ᠎ᠡ ᠵᠢᠨ ᠲᠠᠮᠢᠷ᠎ᠤᠨ ᠬᠠᠤᠯᠢ ᠵᠡᠷᠭᠡ ᠪᠡᠶ᠎ᠡ ᠵᠢᠨ ᠲᠠᠮᠢᠷ᠎ᠤᠨ ᠰᠣᠶᠣᠯ᠎ᠤᠨ ᠲᠦᠷᠦᠯ᠎ᠤᠨ ᠬᠢᠴᠢᠶᠡᠯ᠎ᠢ ᠨᠡᠮᠡᠨ ᠲᠣᠬᠢᠷᠠᠭᠤᠯᠵᠤ᠂ ᠵᠠᠯᠠᠭᠤᠴᠤᠳ᠎ᠲᠤ ᠪᠡᠶ᠎ᠡ ᠵᠢᠨ ᠲᠠᠮᠢᠷ᠎ᠤᠨ ᠮᠡᠳᠡᠯᠭᠡ ᠵᠢ ᠤᠯᠠᠮᠵᠢᠯᠠᠵᠤ᠂ ᠣᠯᠢᠮᠫᠢᠺ᠎ᠤᠨ ᠰᠣᠶᠣᠯ᠎ᠢ ᠤᠯᠠᠮᠵᠢᠯᠠᠵᠤ᠂ ᠪᠡᠶ᠎ᠡ ᠵᠢᠨ ᠲᠠᠮᠢᠷ᠎ᠤᠨ ᠴᠢᠳᠠᠪᠤᠷᠢᠲᠠᠨ᠎ᠢ ᠬᠥᠮᠥᠵᠢᠭᠦᠯᠵᠦ᠂ ᠪᠡᠶ᠎ᠡ ᠵᠢᠨ ᠲᠠᠮᠢᠷ᠎ᠤᠨ ᠠᠵᠢᠯ᠎ᠤᠨ ᠪᠠᠢ᠌ᠷᠢ ᠵᠢ ᠨᠡᠮᠡᠭᠳᠡᠭᠦᠯᠦᠨ᠎ᠡ ᠭᠡᠵᠦ ᠲᠤᠷᠠᠳᠪᠠ᠃
《ᠣᠢ᠌ᠷ᠎ᠠ ᠵᠢᠨ ᠬᠡᠳᠦᠨ ᠵᠢᠯ᠎ᠠᠴᠠ ᠦᠵᠡᠪᠡᠯ᠂ ᠪᠡᠶ᠎ᠡ ᠵᠢᠨ ᠲᠠᠮᠢᠷ ᠪᠣᠯ ᠨᠢᠭᠡᠨ ᠰᠢᠨ᠎ᠡ ᠲᠣᠬᠢᠶᠠᠯ᠂ ᠨᠢᠭᠡᠨ ᠰᠢᠨ᠎ᠡ ᠰᠤᠷᠭ᠋ᠠᠨ ᠬᠥᠮᠦᠵᠢᠯ᠎ᠤᠨ ᠴᠢᠭᠯᠡᠯ ᠮᠥᠨ》᠃ ᠵᠠᠩ ᠬᠣᠩ᠄ 《ᠲᠠᠮᠢᠷᠴᠢᠨ᠎ᠢ ᠬᠥᠮᠥᠵᠢᠭᠦᠯᠬᠦ ᠲᠠᠯ᠎ᠠ᠎ᠠᠴᠠ ᠠᠪᠴᠤ ᠬᠡᠯᠡᠭᠰᠡᠨ ᠴᠦ᠍᠂ ᠵᠠᠯᠠᠭᠤ ᠪᠠᠭ᠋ᠠᠴᠤᠳ᠎ᠢ ᠬᠥᠮᠥᠵᠢᠭᠦᠯᠬᠦ ᠲᠠᠯ᠎ᠠ᠎ᠠᠴᠠ ᠠᠪᠴᠤ ᠬᠡᠯᠡᠭᠰᠡᠨ ᠴᠦ᠍᠂ ᠬᠡᠷᠪᠡ ᠪᠢᠳᠡ ᠰᠤᠷᠭ᠋ᠠᠭᠤᠯᠢ᠎ᠳᠤ ᠡᠢ᠌ᠮᠦ ᠬᠢᠴᠢᠶᠡᠯ᠎ᠢ ᠨᠠᠩ ᠣᠯᠠᠨ ᠥᠷᠨᠢᠭᠦᠯᠪᠡᠯ᠂ ᠰᠤᠷᠤᠭᠴᠢᠳ᠎ᠢ ᠳᠠᠭ᠋ᠠᠭᠤᠯᠤᠨ ᠬᠦᠳᠦᠯᠵᠦ᠂ ᠲᠡᠳᠡᠨ᠎ᠢ ᠢᠷᠡᠭᠡᠳᠦᠢ ᠵᠢᠨ ᠪᠡᠶ᠎ᠡ ᠵᠢᠨ ᠲᠠᠮᠢᠷ᠎ᠤᠨ ᠬᠥᠮᠥᠨ ᠪᠣᠯᠭ᠋ᠠᠬᠤ ᠪᠣᠯᠣᠨ᠎ᠠ》 ᠭᠡᠵᠡᠢ᠃
ᠡᠭᠦᠨ᠎ᠤ ᠬᠠᠮᠲᠤ ᠲᠡᠷᠡ ᠪᠠᠰᠠ ᠵᠣᠬᠢᠶᠠᠨ ᠪᠠᠢ᠌ᠭᠤᠯᠤᠯᠲᠠ᠎ᠲᠠᠢ᠂ ᠲᠥᠯᠥᠪᠯᠡᠭᠡ᠎ᠲᠠᠢ᠂ ᠬᠠᠷᠠᠯᠲᠠ᠎ᠲᠠᠢ᠎ᠪᠠᠷ ᠤᠯᠠᠨ ᠤᠯᠤᠰ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠵᠥᠪᠯᠡᠯ᠂ ᠤᠯᠠᠨ ᠤᠯᠤᠰ᠎ᠤᠨ ᠳ᠋ᠠᠩ ᠲᠦᠷᠦᠯ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠡᠷᠭᠡ ᠪᠠᠢ᠌ᠭᠤᠯᠤᠮᠵᠢ᠎ᠳᠤ ᠭᠡᠰᠢᠭᠦᠨ ᠪᠠ ᠠᠵᠢᠯᠲᠠᠨ᠎ᠢ ᠰᠣᠩᠭᠣᠨ ᠲᠣᠮᠢᠯᠠᠵᠤ᠂ ᠲᠠᠨᠢᠯᠴᠠᠭᠤᠯᠬᠤ ᠰᠠᠨᠠᠭᠤᠯᠭ᠎ᠠ ᠭᠠᠷᠭ᠋ᠠᠪᠠ᠃ ᠥᠨᠳᠥᠷ ᠬᠢᠷᠢ ᠲᠦᠪᠰᠢᠨ ᠪᠦᠬᠦᠢ ᠰᠤᠷᠭ᠋ᠠᠭᠴᠢ᠂ ᠬᠢᠨᠠᠭᠴᠢ ᠵᠢᠴᠢ ᠵᠠᠭᠤᠴᠢᠯᠠᠭᠤᠷ᠂ ᠪᠡᠶ᠎ᠡ ᠵᠢᠨ ᠲᠠᠮᠢᠷ᠎ᠤᠨ ᠵᠠᠭᠤᠴᠢᠯᠠᠭᠴᠢ᠂ ᠲᠧᠯᠸᠢᠰ ᠵᠶ᠋ᠡᠷ ᠳᠠᠮᠵᠢᠭᠤᠯᠤᠨ ᠨᠡᠪᠲᠡᠷᠡᠭᠦᠯᠬᠦ᠂ ᠣᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ ᠵᠡᠷᠭᠡ ᠬᠦᠷᠢᠶᠡᠨ᠎ᠳᠠᠬᠢ ᠬᠥᠮᠥᠰ᠎ᠢ ᠬᠥᠮᠥᠵᠢᠭᠦᠯᠵᠦ ᠰᠣᠩᠭᠣᠨ ᠬᠦᠷᠭᠡᠬᠦ ᠰᠢᠰᠲᠸᠮ᠎ᠢ ᠪᠠᠢ᠌ᠭᠤᠯᠤᠨ ᠪᠦᠷᠢᠨᠰᠢᠭᠦᠯᠵᠦ᠂ ᠪᠡᠶ᠎ᠡ ᠵᠢᠨ ᠲᠠᠮᠢᠷ᠎ᠤᠨ ᠭᠠᠳᠠᠭ᠋ᠠᠳᠤ ᠬᠠᠷᠢᠯᠴᠠᠭ᠎ᠠ ᠵᠢ ᠢᠳᠡᠪᠬᠢᠲᠡᠢ ᠲᠦᠯᠬᠢᠨ ᠠᠬᠢᠭᠤᠯᠬᠤ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠴᠢᠳᠠᠪᠤᠷᠢᠲᠠᠨ᠎ᠤ ᠳᠡᠮᠵᠢᠯᠭᠡ ᠬᠠᠩᠭ᠋ᠠᠨ᠎ᠠ᠃
ᠡᠭᠦᠨ᠎ᠠᠴᠠ ᠭᠠᠳᠠᠨ᠎ᠠ᠂ ᠵᠠᠩ ᠬᠣᠩ ᠢᠯᠡᠷᠬᠡᠢ᠌ᠯᠡᠬᠦ᠎ᠳᠡᠭᠡᠨ᠂ ᠣᠢ᠌ᠷ᠎ᠠ ᠵᠢᠨ ᠵᠢᠯ᠎ᠤᠳ᠎ᠲᠤ ᠮᠠᠨ᠎ᠤ ᠤᠯᠤᠰ ᠤᠷᠢᠳ ᠬᠣᠵᠢᠳ ᠨᠠᠨᠵᠢᠩ᠎ᠤᠨ ᠵᠠᠯᠠᠭᠤᠴᠤᠳ᠎ᠤᠨ ᠣᠯᠢᠮᠫᠢᠺ᠎ᠤᠨ ᠴᠤᠭᠯᠠᠭ᠋ᠠᠨ᠂ ᠦᠬᠠᠨ᠎ᠤ ᠴᠡᠷᠢᠭ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠴᠤᠭᠯᠠᠭ᠋ᠠᠨ ᠵᠡᠷᠭᠡ ᠣᠯᠠᠨ ᠤᠯᠤᠰ᠎ᠤᠨ ᠤᠷᠤᠯᠳᠤᠭ᠋ᠠᠨ᠎ᠢ ᠡᠷᠭᠢᠯᠡᠵᠦ᠂ ᠪᠠᠰᠠ ᠮᠠᠰᠢ ᠣᠯᠠᠨ ᠬᠣᠲᠠ ᠣᠯᠠᠨ ᠤᠯᠤᠰ᠎ᠤᠨ ᠳ᠋ᠠᠩ ᠲᠦᠷᠦᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠠᠮᠵᠢᠯᠲᠠ᠎ᠲᠠᠢ᠎ᠪᠠᠷ ᠳᠠᠭ᠋ᠠᠭ᠋ᠠᠴᠢᠯᠠᠨ ᠡᠷᠭᠢᠯᠡᠵᠦ᠂ ᠭᠠᠵᠠᠷ ᠣᠷᠣᠨ᠎ᠤ ᠠᠵᠤ ᠠᠬᠤᠢ ᠵᠢᠨ ᠦᠷᠭᠦᠯᠵᠢᠯᠡᠨ ᠨᠡᠮᠡᠭᠳᠡᠬᠦ ᠵᠢ ᠳᠠᠶ᠋ᠢᠴᠢᠯᠠᠨ᠂ ᠵᠢᠭᠤᠯᠴᠢᠯᠠᠯ ᠵᠡᠷᠭᠡ ᠠᠵᠤ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠰ᠎ᠤᠨ ᠬᠥᠭᠵᠢᠯᠲᠡ᠎ᠳᠤ ᠬᠦᠴᠦᠨ ᠨᠡᠮᠡᠷᠢᠯᠡᠵᠦ᠂ ᠠᠵᠢᠯ ᠣᠯᠬᠤ ᠲᠣᠬᠢᠶᠠᠯ᠎ᠢ ᠨᠡᠮᠡᠭᠳᠡᠭᠦᠯᠦᠨ᠂ ᠬᠣᠲᠠ ᠵᠢᠨ ᠨᠡᠢ᠌ᠭᠡᠮ ᠰᠣᠶᠣᠯ᠎ᠤᠨ ᠣᠷᠴᠢᠨ ᠨᠥᠬᠥᠴᠡᠯ᠎ᠢ ᠰᠠᠢ᠌ᠵᠢᠷᠠᠭᠤᠯᠵᠤ ᠪᠠᠢ᠌ᠨ᠎ᠠ ᠭᠡᠵᠡᠢ᠃ ᠲᠡᠷᠡ ᠤᠯᠠᠨ ᠤᠯᠤᠰ᠎ᠤᠨ ᠤᠷᠤᠯᠳᠤᠭ᠋ᠠᠨ᠎ᠤ ᠨᠥᠯᠥᠭᠡᠯᠡᠬᠦ ᠬᠦᠴᠦᠨ᠎ᠢ ᠴᠢᠬᠤᠯᠠᠴᠢᠯᠠᠵᠤ᠂ ᠤᠯᠠᠨ ᠤᠯᠤᠰ᠎ᠤᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠠᠵᠤ ᠠᠬᠤᠢ ᠵᠢᠨ ᠦᠷᠭᠦᠯᠵᠢᠯᠡᠬᠦ ᠬᠥᠭᠵᠢᠯᠲᠡ ᠵᠢ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠪᠠᠯ ᠵᠣᠬᠢᠨ᠎ᠠ ᠭᠡᠵᠦ ᠦᠵᠡᠪᠡ᠃
ᠣᠳᠣᠬᠠᠨ᠎ᠳᠤ ᠳᠤᠮᠳᠠᠳᠤ ᠤᠯᠤᠰ᠎ᠤᠨ ᠣᠯᠠᠨ ᠬᠣᠲᠠ ᠣᠯᠠᠨ ᠤᠯᠤᠰ᠎ᠤᠨ ᠤᠷᠤᠯᠳᠤᠭ᠋ᠠᠨ ᠡᠷᠭᠢᠯᠡᠬᠦ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠳᠠᠯ᠎ᠢ ᠦᠨᠳᠦᠰᠦᠯᠡᠨ᠂ ᠲᠡᠷᠡ ᠰᠠᠨᠠᠭᠤᠯᠭ᠎ᠠ ᠲᠤᠷᠠᠳᠬᠤ᠎ᠳᠠᠭᠠᠨ᠂ ᠤᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠡᠷᠬᠢᠯᠡᠬᠦ᠎ᠪᠠᠷ ᠭᠤᠶᠤᠴᠢᠯᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠡᠷᠬᠢᠯᠡᠬᠦ᠎ᠪᠠᠷ ᠭᠤᠶᠤᠴᠢᠯᠠᠬᠤ ᠶᠠᠪᠤᠴᠠ ᠵᠢ ᠲᠡᠭᠦᠯᠳᠡᠷᠵᠢᠭᠦᠯᠵᠦ᠂ ᠤᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠡᠷᠬᠢᠯᠡᠬᠦ᠎ᠪᠠᠷ ᠳᠠᠮᠵᠢᠭᠤᠯᠵᠤ᠂ ᠲᠤᠬᠠᠢ ᠵᠢᠨ ᠭᠠᠵᠠᠷ᠎ᠤᠨ ᠪᠡᠶ᠎ᠡ ᠵᠢᠨ ᠲᠠᠮᠢᠷ᠎ᠤᠨ ᠰᠣᠶᠣᠯ᠎ᠤᠨ ᠬᠥᠭᠵᠢᠯᠲᠡ ᠵᠢ ᠠᠬᠢᠭᠤᠯᠵᠤ᠂ ᠪᠦᠬᠦ ᠳᠡᠯᠡᠬᠡᠢ᠎ᠳᠤ ᠳᠤᠮᠳᠠᠳᠤ ᠤᠯᠤᠰ᠎ᠤᠨ ᠦᠯᠢᠭᠡᠷ᠎ᠢ ᠰᠠᠢ᠌ᠲᠤᠷ ᠶᠠᠷᠢᠵᠤ᠂ ᠳᠤᠮᠳᠠᠳᠤ ᠤᠯᠤᠰ᠎ᠤᠨ ᠳᠠᠭᠤᠨ᠎ᠢ ᠰᠠᠢ᠌ᠲᠤᠷ ᠤᠯᠠᠮᠵᠢᠯᠠᠵᠤ᠂ ᠢᠲᠡᠭᠡᠭᠦᠰᠢᠲᠡᠢ᠂ ᠬᠠᠢ᠌ᠷᠠᠯᠠᠯᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ᠎ᠤᠨ ᠳᠦᠷᠢ ᠲᠥᠷᠬᠦ ᠵᠢ ᠢᠯᠡᠷᠡᠭᠦᠯᠵᠦ᠂ ᠳᠤᠮᠳᠠᠳᠤ ᠵᠢᠨ ᠰᠣᠶᠣᠯ᠎ᠤᠨ ᠨᠡᠩ ᠰᠠᠢ᠌ᠨ ᠵᠶ᠋ᠠᠷ ᠳᠡᠯᠡᠬᠡᠢ᠎ᠳᠤ ᠭᠠᠷᠬᠤ ᠵᠢ ᠠᠬᠢᠭᠤᠯᠬᠤ ᠬᠡᠷᠡᠭᠲᠡᠢ ᠭᠡᠵᠦ ᠰᠠᠨᠠᠭᠤᠯᠵᠠᠢ᠃