ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠰᠤᠷᠪᠤᠯᠵᠢᠯᠠᠭ᠎ᠠ
ᠠᠷᠠᠳ ᠲᠦᠮᠡᠨ᠎ᠤ ᠡᠷᠡᠭᠦᠯ ᠮᠡᠨᠳᠤ᠎ᠪᠠᠷ ᠭᠣᠣᠯ ᠪᠣᠯᠭ᠋ᠠᠵᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ᠎ᠤᠨ ᠡᠷᠡᠭᠦᠯ ᠮᠡᠨᠳᠤ ᠵᠢᠨ ᠭᠦᠨᠵᠡᠭᠡᠢ ᠠᠭᠤᠰᠤᠯᠴᠠᠯ᠎ᠤᠨ ᠰᠢᠨ᠎ᠡ ᠠᠷᠭ᠎ᠠ ᠵᠠᠮ᠎ᠢ ᠰᠦᠪᠡᠭᠴᠢᠯᠡᠨ᠎ᠡ —— ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠳᠡᠳ᠋ ᠳᠠᠷᠤᠭ᠎ᠠ ᠯᠢᠦ ᠭᠦᠸᠧ ᠶᠦᠩ᠎ᠤᠨ ᠰᠤᠷᠪᠤᠯᠵᠢᠯᠠᠭ᠎ᠠ
ᠨᠡᠶ᠋ᠢᠲᠡᠯᠡᠭᠰᠡᠨ ᠴᠠᠭ᠄ 2023-03-13

    ᠠᠷᠠᠳ ᠲᠦᠮᠡᠨ᠎ᠤ ᠡᠷᠡᠭᠦᠯ ᠮᠡᠨᠳᠤ ᠪᠣᠯ ᠨᠡᠢ᠌ᠭᠡᠮ᠎ᠤᠨ ᠪᠣᠯᠪᠠᠰᠤᠨ ᠲᠠᠪᠰᠢᠯᠳᠠ ᠵᠢᠨ ᠰᠠᠭᠤᠷᠢ ᠮᠥᠨ᠂ ᠦᠨᠳᠦᠰᠦᠲᠡᠨ᠎ᠤ ᠬᠥᠭᠵᠢᠨ ᠮᠠᠨᠳᠤᠬᠤ ᠪᠠ ᠤᠯᠤᠰ ᠣᠷᠣᠨ᠎ᠤ ᠪᠠᠶᠠᠵᠢᠨ ᠬᠦᠴᠦᠷᠬᠡᠭᠵᠢᠬᠦ ᠵᠢᠨ ᠴᠢᠬᠤᠯᠠ ᠪᠡᠯᠭᠡ ᠲᠡᠮᠳᠡᠭ ᠮᠥᠨ᠂ ᠪᠠᠰᠠ ᠴᠤ᠌ ᠥᠷᠭᠡᠨ ᠤᠯᠠᠨ ᠠᠷᠠᠳ ᠲᠦᠮᠡᠨ᠎ᠤ ᠬᠠᠮᠲᠤ ᠵᠢᠨ ᠬᠥᠭᠡᠭᠡᠴᠡᠯᠳᠦᠯ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠪᠠ ᠠᠬᠢᠴᠠ᠎ᠲᠠᠢ ᠪᠣᠯᠵᠠᠢ᠃ ᠰᠢᠨ᠎ᠡ ᠴᠠᠭ ᠦᠶ᠎ᠡ ᠵᠢᠨ ᠠᠬᠤᠢ ᠪᠠᠢ᠌ᠳᠠᠯ ᠳᠣᠣᠷ᠎ᠠ᠂ ᠪᠦᠬᠦ ᠠᠷᠠᠳ᠎ᠤᠨ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠬᠤ ᠪᠠ ᠪᠦᠬᠦ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠢ ᠠᠭᠤᠰᠤᠯᠴᠠᠯ᠎ᠢ ᠬᠡᠷᠬᠢᠨ ᠠᠬᠢᠭᠤᠯᠵᠤ ᠨᠡᠩ ᠥᠨᠳᠥᠷ ᠲᠡᠰ ᠳᠠᠪᠬᠤᠷᠭ᠎ᠠ ᠵᠢᠨ ᠬᠥᠭᠵᠢᠯᠲᠡ ᠵᠢᠨ ᠰᠢᠨ᠎ᠡ ᠱᠠᠲᠤᠨ᠎ᠳᠤ ᠣᠷᠣᠭᠤᠯᠬᠤ ᠪᠤᠢ? ᠲᠤᠰ ᠰᠣᠨᠢᠨ᠎ᠤ ᠰᠤᠷᠪᠤᠯᠵᠢᠯᠠᠭᠴᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶᠠᠨ᠎ᠤ ᠳᠡᠳ᠋ ᠳᠠᠷᠤᠭ᠎ᠠ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ ᠯᠢᠦ ᠬᠦᠸᠸ ᠶᠦᠩ᠎ᠢ ᠰᠤᠷᠪᠤᠯᠵᠢᠯᠠᠯ᠎ᠠ᠃
    ᠯᠢᠦ ᠭᠦᠸᠧ ᠶᠦᠩ ᠲᠠᠨᠢᠯᠴᠠᠭᠤᠯᠬᠤ᠎ᠳᠠᠭᠠᠨ᠂ 2016 ᠣᠨ᠎ᠠᠴᠠ ᠨᠠᠰᠢ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠂ ᠪᠦᠬᠦ ᠤᠯᠤᠰ᠎ᠤᠨ 18 ᠮᠤᠵᠢ ᠣᠷᠣᠨ ᠬᠣᠲᠠ ᠵᠠᠯᠭ᠋ᠠᠭ᠎ᠠ᠎ᠪᠠᠷ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠢ ᠠᠭᠤᠰᠤᠯᠴᠠᠯ᠎ᠤᠨ ᠠᠯᠢ ᠣᠯᠠᠨ ᠬᠠᠢ᠌ᠨ ᠰᠦᠪᠡᠭᠴᠢᠯᠡᠯᠲᠡ ᠵᠢᠨ ᠦᠢ᠍ᠯᠡᠳᠦᠯᠭᠡ ᠵᠢ ᠦᠷᠨᠢᠭᠦᠯᠵᠦ᠂ ᠢᠳᠡᠪᠬᠢᠲᠡᠢ ᠠᠬᠢᠴᠠ ᠪᠠ ᠲᠤᠷᠰᠢᠯᠭ᠎ᠠ ᠣᠯᠣᠭᠰᠠᠨ ᠪᠣᠯᠪᠠᠴᠤ ᠪᠠᠰᠠ ᠡᠳᠦᠢ ᠲᠡᠳᠦᠢ ᠠᠰᠠᠭᠤᠳᠠᠯ ᠣᠷᠣᠰᠢᠵᠤ ᠪᠠᠢ᠌ᠨ᠎ᠠ᠃
    ᠯᠢᠦ ᠭᠦᠸᠧ ᠶᠦᠩ᠎ᠠᠴᠠ᠂ ᠪᠥᠬᠥ ᠠᠷᠠᠳ᠎ᠤᠨ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ ᠵᠢ ᠭᠦᠨᠵᠡᠭᠡᠢ ᠠᠭᠤᠰᠤᠯᠴᠠᠭᠤᠯᠬᠤ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ ᠵᠢ ᠪᠠᠷᠢᠮᠲᠠᠯᠠᠬᠤ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ ᠵᠢᠨ ᠡᠷᠡᠭᠦᠯ ᠡᠩᠬᠡ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠲᠤᠬᠠᠢ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠵᠤ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠨᠢ ᠡᠷᠡᠭᠦᠯ ᠮᠡᠨᠳᠦ ᠵᠢ ᠠᠬᠢᠭᠤᠯᠬᠤ ᠥᠪᠡᠷᠮᠢᠴᠡ ᠳᠠᠪᠠᠭᠤᠯᠢᠭ᠎ᠢ ᠪᠠᠳᠠᠷᠠᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ᠎ᠪᠠᠷ ᠡᠷᠡᠭᠦᠯ ᠮᠡᠨᠳᠦ ᠵᠢ ᠠᠬᠢᠭᠤᠯᠬᠤ ᠵᠠᠩᠭᠢᠯᠠᠭ᠎ᠠ ᠵᠢᠨ ᠭᠣᠭᠴᠣᠭ᠎ᠠ ᠵᠢᠨ ᠨᠢᠭᠡ ᠪᠣᠯᠭ᠋ᠠᠵᠤ᠂ ᠰᠢᠨ᠎ᠡ ᠴᠠᠭ ᠦᠶ᠎ᠡ ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠪᠠᠢ᠌ᠷᠢ ᠰᠠᠭᠤᠷᠢ ᠪᠠ ᠦᠢ᠍ᠯᠡᠳᠦᠯ᠎ᠢ ᠲᠣᠪᠤᠢ᠌ᠯᠭ᠋ᠠᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠰᠤᠷᠭ᠋ᠠᠨ ᠬᠥᠮᠦᠵᠢᠯ᠂ ᠰᠣᠶᠣᠯ ᠵᠢᠭᠤᠯᠴᠢᠯᠠᠯ᠂ ᠠᠷᠠᠳ᠎ᠤᠨ ᠶᠠᠪᠤᠳᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠵᠢᠯᠴᠢᠨ᠂ ᠵᠠᠯᠠᠭᠤᠴᠤᠳ᠂ ᠡᠮᠡᠭᠲᠡᠢ᠌ᠴᠦᠳ ᠵᠡᠷᠭᠡ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠠᠵᠢᠯ ᠪᠠ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠢ ᠪᠦᠲᠦᠮᠵᠢᠲᠡᠶ᠎ᠪᠠᠷ ᠡᠮᠬᠢᠯᠡᠨ ᠨᠡᠢ᠌ᠯᠡᠬᠦᠯᠬᠦ ᠬᠡᠷᠡᠭᠳᠡᠢ ᠭᠡᠵᠦ ᠰᠠᠨᠠᠭᠤᠯᠪᠠ᠃
    ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ᠎ᠤᠨ ᠡᠷᠡᠭᠦᠯ ᠮᠡᠨᠳᠦ ᠵᠢ ᠭᠦᠨᠵᠡᠭᠡᠢ ᠠᠭᠤᠰᠤᠯᠴᠠᠭᠤᠯᠬᠤ ᠠᠵᠢᠯ᠎ᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠬᠤ ᠬᠡᠷᠡᠭᠲᠡᠢ᠃ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠶᠠᠮᠤᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠡᠶ᠎ᠡ ᠵᠢᠨ ᠲᠠᠮᠢᠷ᠂ ᠡᠷᠡᠭᠦᠯ ᠬᠠᠮᠠᠭ᠋ᠠᠯᠠᠯ᠂ ᠰᠤᠷᠭ᠋ᠠᠨ ᠬᠥᠮᠦᠵᠢᠯ᠂ ᠠᠷᠠᠳ᠎ᠤᠨ ᠶᠠᠪᠤᠳᠠᠯ᠂ ᠰᠣᠶᠣᠯ ᠵᠢᠭᠤᠯᠴᠢᠯᠠᠯ᠂ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠰᠠᠯᠠᠭ᠎ᠠ ᠮᠥᠴᠢᠷ᠎ᠢ ᠤᠯᠠᠮ ᠨᠢᠭᠡ ᠠᠯᠬᠤᠮ ᠨᠢᠭᠡᠳᠦᠯᠲᠡᠢ ᠲᠥᠯᠥᠪᠯᠡᠨ᠂ ᠡᠯ᠎ᠡ ᠱᠠᠲᠤ᠂ ᠡᠯ᠎ᠡ ᠡᠲᠡᠭᠡᠳ᠎ᠤᠨ ᠰᠠᠨᠠᠭ᠋ᠠᠴᠢᠯᠠᠭ᠎ᠠ᠎ᠠᠴᠠ᠎ᠪᠠᠨ ᠡᠷᠡᠭᠦᠯ ᠮᠡᠨᠳᠦ ᠵᠢ ᠡᠷᠢᠯᠬᠢᠯᠡᠬᠦ ᠵᠢ ᠬᠥᠲᠥᠯᠥᠨ ᠵᠢᠯᠤᠭᠣᠳᠬᠤ᠂ ᠡᠷᠡᠭᠦᠯ ᠮᠡᠨᠳᠦ ᠵᠢ ᠠᠬᠢᠭᠤᠯᠬᠤ ᠬᠦᠴᠦᠷᠬᠡᠭ ᠶᠡᠬᠡ ᠨᠡᠢ᠌ᠯᠡᠮᠡᠯ ᠬᠦᠴᠦᠨ᠎ᠢ ᠪᠣᠶ ᠪᠣᠯᠭ᠋ᠠᠵᠤ᠂ ᠡᠬᠢ ᠪᠠᠶᠠᠯᠢᠭ᠎ᠢ ᠪᠦᠲᠦᠮᠵᠢᠲᠡᠶ ᠲᠣᠬᠢᠷᠠᠭᠤᠯᠬᠤ ᠵᠢ ᠪᠡᠶᠡᠯᠡᠭᠦᠯᠦᠨ᠎ᠡ᠃ ᠡᠭᠦᠨ᠎ᠤ ᠬᠠᠮᠲᠤ ᠪᠦᠬᠦ ᠣᠯᠠᠨ ᠲᠦᠮᠡᠨ ᠪᠠ ᠡᠷᠡᠭᠦᠯ ᠮᠡᠨᠳᠦ ᠵᠢᠨ ᠪᠦᠬᠦ ᠶᠠᠪᠤᠴᠠ᠎ᠳᠤ ᠬᠠᠨᠳᠤᠭᠤᠯᠤᠨ᠂ ᠨᠡᠢ᠌ᠭᠡᠮ ᠲᠣᠭᠣᠷᠢᠭ ᠪᠠ ᠬᠥᠳᠡᠭᠡ ᠲᠣᠰᠬᠣᠨ᠎ᠤ ᠪᠡᠶ᠎ᠡ ᠴᠢᠭᠢᠷᠠᠭᠵᠢᠭᠤᠯᠬᠤ ᠲᠥᠪ᠂ ᠰᠣᠶᠣᠯ᠎ᠤᠨ ᠥᠷᠲᠡᠭᠡ᠂ ᠡᠷᠡᠭᠦᠯ ᠬᠠᠮᠠᠭ᠋ᠠᠯᠠᠯ᠎ᠤᠨ ᠭᠠᠵᠠᠷ ᠵᠡᠷᠭᠡ ᠦᠢ᠍ᠯᠡᠴᠢᠯᠡᠭᠡᠨ᠎ᠤ ᠨᠢᠭᠡᠴᠢ᠎ᠳᠤ ᠰᠠᠭᠤᠷᠢᠯᠠᠨ᠂ ᠪᠡᠶ᠎ᠡ ᠵᠢᠨ ᠲᠠᠮᠢᠷ᠂ ᠰᠣᠶᠣᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ ᠵᠡᠷᠭᠡ ᠡᠯ᠎ᠡ ᠬᠦᠷᠢᠶᠡᠨ᠎ᠳᠠᠬᠢ ᠠᠷᠠᠳ ᠣᠯᠠᠨ᠎ᠤ ᠰᠠᠨᠠᠭ᠋ᠠᠴᠢᠯᠠᠭ᠎ᠠ᠎ᠠᠴᠠ᠎ᠪᠠᠨ ᠡᠷᠡᠭᠦᠯ ᠮᠡᠨᠳᠦ ᠪᠠᠢ᠌ᠬᠤ᠎ᠯᠤᠭ᠎ᠠ ᠬᠣᠯᠪᠣᠭᠳᠠᠬᠤ ᠠᠵᠢᠯ᠎ᠢ ᠣᠷᠭ᠋ᠠᠨᠢᠭ ᠵᠶ᠋ᠠᠷ ᠡᠮᠬᠢᠯᠡᠨ ᠨᠡᠢ᠌ᠯᠡᠭᠦᠯᠵᠦ᠂ ᠨᠡᠢ᠌ᠭᠡᠮ ᠲᠣᠭᠣᠷᠢᠭ᠎ᠤᠨ ᠡᠷᠡᠭᠦᠯ ᠮᠡᠨᠳᠦ ᠵᠢᠨ ᠲᠥᠪ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠢ ᠠᠭᠤᠰᠤᠯᠴᠠᠯ᠎ᠢ ᠭᠦᠢ᠍ᠴᠡᠳ ᠢᠯᠡᠷᠡᠭᠦᠯᠦᠭᠰᠡᠨ ᠰᠠᠨᠠᠭ᠋ᠠᠴᠢᠯᠠᠭ᠎ᠠ᠎ᠠᠴᠠ᠎ᠪᠠᠨ ᠡᠷᠡᠭᠦᠯ ᠮᠡᠨᠳᠦ ᠵᠢ ᠠᠬᠢᠭᠤᠯᠬᠤ ᠰᠢᠰᠲᠸᠮ᠎ᠢ ᠪᠠᠢ᠌ᠭᠤᠯᠤᠨ᠎ᠠ᠃
    ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠢ ᠠᠭᠤᠰᠤᠯᠴᠠᠯ᠎ᠤᠨ ᠳ᠋ᠦᠩᠨᠡᠯᠲᠡ ᠪᠠ ᠰᠤᠳᠤᠯᠭ᠋ᠠᠨ᠎ᠢ ᠴᠢᠩᠭ᠋ᠠᠳᠬᠠᠬᠤ ᠬᠡᠷᠡᠭᠲᠡᠢ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠶᠠᠮᠤᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠲᠣᠭᠲᠠᠴᠠ᠎ᠪᠠᠷ ᠲᠦᠷᠦᠭᠦᠯᠡᠭᠦᠯᠦᠨ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠢ ᠠᠭᠤᠰᠤᠯᠴᠠᠯ᠎ᠤᠨ ᠠᠵᠢᠯ᠎ᠳᠤ ᠪᠥᠬᠥ ᠲᠠᠯ᠎ᠠ ᠵᠢᠨ ᠪᠠᠢ᠌ᠴᠠᠭ᠋ᠠᠨ ᠰᠤᠳᠤᠯᠤᠯᠲᠠ ᠬᠢᠵᠦ᠂ ᠲᠤᠷᠰᠢᠯᠭ᠎ᠠ ᠦᠷ᠎ᠡ ᠪᠦᠲᠦᠭᠡᠯ ᠵᠶ᠋ᠡᠨ ᠳ᠋ᠦᠩᠨᠡᠨ᠂ ᠠᠰᠠᠭᠤᠳᠠᠯ᠎ᠢ ᠲᠣᠳᠣᠷᠬᠠᠢ᠌ᠯᠠᠵᠤ᠂ ᠠᠭᠤᠰᠤᠯᠴᠠᠯ᠎ᠤᠨ ᠠᠵᠢᠯ᠎ᠤᠨ ᠰᠢᠨ᠎ᠡ ᠰᠡᠳᠬᠢᠴᠡ ᠪᠠ ᠰᠢᠨ᠎ᠡ ᠠᠷᠭ᠎ᠠ ᠵᠠᠮ᠎ᠢ ᠰᠦᠪᠡᠭᠴᠢᠯᠡᠵᠦ᠂ ᠰᠢᠰᠲ᠋ᠧᠮᠲᠦ ᠴᠢᠨᠠᠷᠲᠠᠢ ᠲᠥᠰᠥᠯ᠎ᠢ ᠪᠦᠷᠢᠯᠳᠦᠭᠦᠯᠬᠦ ᠵᠢ ᠰᠠᠨᠠᠭᠤᠯᠵᠤ ᠪᠠᠢ᠌ᠨ᠎ᠠ᠃ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠢ ᠠᠭᠤᠰᠤᠯᠴᠠᠯ᠎ᠢ ᠪᠥᠬᠥ ᠲᠠᠯ᠎ᠠ᠎ᠪᠠᠷ ᠲᠦᠯᠬᠢᠨ ᠠᠬᠢᠭᠤᠯᠬᠤ ᠵᠢᠯᠤᠭᠣᠳᠬᠤ ᠰᠠᠨᠠᠯ᠎ᠢ ᠰᠤᠳᠤᠯᠤᠨ ᠲᠤᠭᠳᠠᠭ᠋ᠠᠵᠦ᠂ ᠡᠯ᠎ᠡ ᠱᠠᠲᠤᠨ᠎ᠤ ᠵᠠᠰᠠᠭ᠎ᠤᠨ ᠣᠷᠳᠣᠨ᠂ ᠡᠯ᠎ᠡ ᠰᠠᠯᠠᠭ᠎ᠠ ᠮᠥᠴᠢᠷ᠎ᠤᠳ ᠵᠣᠬᠢᠴᠠᠩᠭᠤᠢ ᠢᠵᠢ ᠪᠦᠷᠢᠳᠦᠭᠦᠯᠬᠦ ᠲᠥᠷᠥ ᠵᠢᠨ ᠪᠣᠳᠣᠯᠭ᠎ᠠ ᠪᠠ ᠲᠤᠰᠬᠠᠢ ᠲᠥᠰᠥᠯ᠎ᠢ ᠲᠣᠬᠢᠷᠠᠭᠤᠯᠤᠨ᠂ ᠬᠠᠷᠢᠯᠴᠠᠨ ᠵᠣᠯᠭ᠋ᠠᠯᠳᠤᠭᠤᠯᠬᠤ᠂ ᠬᠠᠷᠢᠯᠴᠠᠨ ᠨᠥᠬᠥᠪᠦᠷᠢᠯᠡᠬᠦ ᠲᠥᠷᠥ ᠵᠢᠨ ᠪᠣᠳᠣᠯᠭ᠎ᠠ ᠵᠢᠨ ᠬᠠᠮ ᠫᠠᠢ᠌ᠰᠠ ᠵᠢ ᠪᠣᠶ ᠪᠣᠯᠭ᠋ᠠᠬᠤ ᠵᠢᠨ ᠬᠠᠮᠲᠤ ᠠᠵᠢᠯ᠎ᠢ ᠠᠬᠢᠭᠤᠯᠤᠨ ᠨᠠᠢ᠌ᠳᠠᠪᠤᠷᠢᠵᠢᠭᠤᠯᠬᠤ ᠳᠤᠮᠳᠠ ᠪᠠᠢ᠌ᠩᠭᠤ ᠵᠢᠨ ᠦᠨᠡᠯᠡᠨ ᠵᠢᠱ᠌ᠢᠯᠲᠡ ᠪᠠ ᠰᠤᠳᠤᠯᠭ᠋ᠠᠨ᠎ᠢ ᠴᠢᠩᠭ᠋ᠠᠳᠬᠠᠨ᠎ᠠ᠃
    ᠡᠯ᠎ᠡ ᠱᠠᠲᠤᠨ᠎ᠤ ᠵᠠᠰᠠᠭ᠎ᠤᠨ ᠣᠷᠳᠣᠨ ᠰᠠᠯᠠᠭ᠎ᠠ ᠮᠥᠴᠢᠷ᠎ᠤᠨ᠎ᠬᠢᠨ ᠴᠢᠬᠤᠯᠠᠴᠢᠯᠠᠬᠤ ᠬᠡᠮᠵᠢᠶ᠎ᠡ ᠪᠠ ᠣᠷᠣᠭᠤᠯᠤᠯᠲᠠ ᠵᠢᠨ ᠡᠷᠴᠢᠮ᠎ᠢ ᠴᠢᠩᠭ᠋ᠠᠳᠬᠠᠬᠤ ᠬᠡᠷᠡᠭᠲᠡᠢ᠃ ᠲᠥᠪ᠎ᠤᠨ ᠤᠬᠠᠭᠤᠯᠬᠤ ᠬᠡᠯᠲᠡᠰ᠂ ᠷᠠᠳᠢᠣ᠋ ᠺᠢᠨᠣ᠋ ᠲᠧᠯᠸᠢᠰ᠎ᠤᠨ ᠶᠡᠷᠦᠩᠬᠡᠢ ᠲᠣᠪᠴᠢᠶ᠎ᠠ᠂ ᠰᠣᠶᠣᠯ ᠵᠢᠭᠤᠯᠴᠢᠯᠠᠯ᠎ᠤᠨ ᠶᠠᠮᠤᠨ ᠵᠡᠷᠭᠡ᠎ᠨᠢ ᠰᠠᠨᠠᠭ᠋ᠠᠴᠢᠯᠠᠭ᠎ᠠ᠎ᠠᠴᠠ᠎ᠪᠠᠨ ᠡᠷᠡᠭᠦᠯ ᠮᠡᠨᠳᠦ ᠵᠢᠨ ᠬᠠᠮᠢᠶ᠎ᠠ ᠪᠦᠬᠦᠢ ᠤᠬᠠᠭᠤᠯᠭ᠎ᠠ ᠵᠢ ᠴᠢᠩᠭ᠋ᠠᠳᠬᠠᠵᠤ᠂ ᠦᠵᠡᠯ ᠤᠬᠠᠮᠰᠠᠷ᠎ᠢ ᠢᠳᠡᠪᠬᠢᠲᠡᠢ ᠬᠥᠲᠥᠯᠥᠨ ᠵᠢᠯᠤᠭᠣᠳᠴᠤ᠂ ᠰᠠᠢ᠌ᠨ ᠰᠠᠢ᠌ᠬᠠᠨ ᠰᠣᠶᠣᠯ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠵᠢ ᠰᠠᠨᠠᠭᠤᠯᠵᠤ ᠪᠠᠢ᠌ᠨ᠎ᠠ᠃ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠂ ᠡᠳ᠋᠎ᠤᠨ ᠵᠠᠰᠠᠭ᠎ᠤᠨ ᠶᠠᠮᠤᠨ ᠵᠡᠷᠭᠡ᠎ᠨᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ ᠵᠢᠨ ᠠᠭᠤᠰᠤᠯᠴᠠᠯ᠎ᠤᠨ ᠠᠵᠢᠯ᠎ᠢ ᠨᠠᠩ ᠥᠨᠳᠥᠷ ᠬᠢᠷᠢ ᠲᠦᠪᠰᠢᠨ ᠪᠦᠬᠦᠢ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠳᠤ ᠣᠷᠣᠭᠤᠯᠵᠤ᠂ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠬᠤ ᠵᠢᠨ ᠬᠠᠮᠲᠤ ᠵᠠᠬ᠎ᠠ ᠳᠡᠯᠭᠡᠭᠦᠷ ᠪᠠ ᠨᠡᠢ᠌ᠭᠡᠮ᠎ᠤᠨ ᠬᠦᠴᠦᠨ᠎ᠤ ᠣᠷᠤᠯᠴᠠᠬᠤ ᠵᠢ ᠲᠠᠢ᠌ᠴᠢᠯᠠᠬᠤ ᠵᠢ ᠰᠠᠨᠠᠭᠤᠯᠵᠦ ᠪᠠᠢ᠌ᠨ᠎ᠡ᠃
    ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ᠎ᠤᠨ ᠡᠷᠡᠭᠦᠯ ᠮᠡᠨᠳᠦ ᠵᠢ ᠠᠭᠤᠰᠤᠯᠴᠠᠭᠤᠯᠬᠤ ᠠᠵᠢᠯ᠎ᠢ ᠡᠷᠡᠭᠦᠯ ᠡᠩᠬᠡ ᠳᠤᠮᠳᠠᠳᠤ ᠤᠯᠤᠰ᠎ᠤᠨ ᠠᠵᠢᠯᠯᠠᠭ᠎ᠠ ᠵᠢᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠨ ᠠᠬᠢᠭᠤᠯᠬᠤ ᠪᠠ ᠨᠠᠢ᠌ᠳᠠᠪᠤᠷᠢᠵᠢᠭᠤᠯᠬᠤ ᠵᠢ ᠰᠠᠨᠠᠭᠤᠯᠵᠦ ᠪᠠᠢ᠌ᠨ᠎ᠡ᠃ ᠰᠤᠷᠭ᠋ᠠᠨ ᠬᠥᠮᠦᠵᠢᠯ᠎ᠤᠨ ᠶᠠᠮᠤᠨ᠎ᠠᠴᠠ ᠬᠠᠮ ᠴᠢᠳᠠᠪᠤᠷᠢᠲᠠᠨ ᠬᠥᠮᠥᠵᠢᠭᠦᠯᠬᠦ ᠵᠢ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠰᠢᠨ᠎ᠡ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ ᠪᠠ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ᠎ᠳᠤ ᠣᠷᠣᠭᠤᠯᠬᠤ ᠵᠢ ᠰᠠᠨᠠᠭᠤᠯᠵᠦ ᠪᠠᠢ᠌ᠨ᠎ᠡ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠬᠠᠮ ᠬᠡᠯᠪᠡᠷᠢ ᠵᠢᠨ ᠴᠢᠳᠠᠪᠤᠷᠢᠲᠠᠨ᠎ᠢ ᠬᠥᠮᠥᠵᠢᠭᠦᠯᠬᠦ ᠪᠠ ᠬᠢᠷᠢ ᠬᠡᠮ᠎ᠢ ᠭᠡᠷᠡᠴᠢᠯᠡᠬᠦ ᠰᠢᠰᠲ᠋ᠧᠮ᠎ᠤᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠬᠤ ᠵᠢ ᠰᠠᠨᠠᠭᠤᠯᠵᠦ ᠪᠠᠢ᠌ᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠠᠴᠠ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠪᠠ ᠪᠦᠬᠦ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠢ ᠠᠭᠤᠰᠤᠯᠴᠠᠯ᠎ᠤᠨ ᠬᠠᠮᠢᠶ᠎ᠠ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠣᠭᠣᠮᠲᠠ ᠰᠢᠪᠲᠤᠯᠬᠤ᠂ ᠣᠶᠤᠨᠴᠢᠯᠠᠭᠰᠠᠨ ᠲᠠᠪᠴᠠᠩ᠎ᠤᠨ ᠪᠠᠢ᠌ᠭᠤᠯᠤᠯᠲᠠ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠬᠦ ᠵᠢ ᠰᠠᠨᠠᠭᠤᠯᠵᠦ ᠪᠠᠢ᠌ᠨ᠎ᠡ᠃ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠂ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠡᠷᠭᠡ᠎ᠠᠴᠠ ᠬᠣᠯᠪᠣᠭᠳᠠᠯ ᠪᠦᠬᠦᠢ ᠠᠵᠤ ᠠᠬᠤᠢ᠌ᠯᠠᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠭᠠᠢ᠌ᠯᠢ ᠲᠠᠲᠠᠪᠤᠷᠢ ᠵᠢ ᠬᠠᠰᠤᠵᠤ ᠬᠡᠯᠲᠦᠷᠢᠭᠦᠯᠬᠦ ᠵᠡᠷᠭᠡ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ ᠵᠢ ᠰᠠᠨᠠᠭᠤᠯᠵᠦ ᠪᠠᠢ᠌ᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠳᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ ᠵᠢ ᠭᠦᠨᠵᠡᠭᠡᠢ ᠠᠭᠤᠰᠤᠯᠴᠠᠭᠤᠯᠬᠤ ᠠᠵᠢᠯ᠎ᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠶᠡᠷᠦᠩᠬᠡᠢ ᠲᠥᠯᠦᠪᠵᠢᠭᠦᠯᠭᠡ᠂ ᠡᠳᠦᠷ ᠲᠤᠲᠤᠮ᠎ᠤᠨ ᠵᠥᠪᠯᠡᠬᠦ ᠵᠦᠢ᠍ᠯ᠂ ᠡᠳ᠋᠎ᠤᠨ ᠵᠠᠰᠠᠭ᠎ᠤᠨ ᠲᠥᠰᠥᠪ᠂ ᠬᠢᠨᠠᠨ ᠰᠢᠯᠭ᠋ᠠᠵᠤ ᠦᠨᠡᠯᠡᠬᠦ ᠵᠡᠷᠭᠡ᠎ᠳᠤ ᠣᠷᠣᠭᠤᠯᠬᠤ ᠵᠢ ᠰᠠᠨᠠᠭᠤᠯᠵᠦ ᠪᠠᠢ᠌ᠨ᠎ᠡ᠃
    ᠪᠦᠬᠦ ᠨᠡᠢ᠌ᠭᠡᠮ ᠰᠠᠨᠠᠭ᠋ᠠᠴᠢᠯᠠᠭ᠋ᠠᠲᠤ ᠡᠷᠡᠭᠦᠯ ᠮᠡᠨᠳᠦ ᠵᠢᠨ ᠠᠭᠤᠷ ᠠᠮᠢᠰᠬᠤᠯ᠎ᠢ ᠪᠤᠢ ᠪᠤᠯᠭ᠋ᠠᠬᠤ ᠬᠡᠷᠡᠭᠳᠡᠢ᠃ ᠰᠠᠨᠠᠭ᠋ᠠᠴᠢᠯᠠᠭ᠋ᠠᠲᠤ ᠡᠷᠡᠭᠦᠯ ᠴᠢᠭᠢᠷᠠᠭ ᠪᠠᠢ᠌ᠬᠤ ᠤᠬᠠᠭᠤᠯᠭ᠎ᠠ ᠵᠢᠨ ᠪᠣᠷᠣ ᠮᠠᠲ᠋ᠧᠷᠢᠶᠠᠯ᠎ᠤᠨ ᠬᠥᠮᠥᠷᠭᠡ ᠵᠢ ᠪᠠᠢ᠌ᠭᠤᠯᠵᠤ᠂ ᠠᠳᠠᠯᠢ ᠪᠤᠰᠤ ᠬᠥᠮᠥᠰ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠨᠣᠮ ᠪᠢᠴᠢᠭ᠂ ᠡᠷᠡᠭᠦᠯ ᠮᠡᠨᠳᠦ ᠵᠢᠨ ᠵᠦᠭᠯᠡᠭᠦᠷ᠂ ᠪᠢᠴᠢᠯ ᠸᠢᠳᠢᠤ᠋ ᠵᠡᠷᠭᠡ ᠰᠢᠷᠢᠰ ᠰᠣᠶᠣᠯ᠎ᠤᠨ ᠠᠭᠤᠯᠭ᠎ᠠ ᠵᠢᠨ ᠦᠢ᠍ᠯᠡᠳᠬᠦᠨ᠎ᠢ ᠨᠡᠭᠡᠭᠡᠨ ᠬᠥᠭᠵᠢᠭᠦᠯᠦᠨ᠎ᠡ᠃ ᠰᠠᠨᠠᠭ᠋ᠠᠴᠢᠯᠠᠭ᠋ᠠᠲᠤ ᠡᠷᠡᠭᠦᠯ ᠮᠡᠨᠳᠦ ᠵᠢᠨ ᠰᠣᠶᠣᠯ᠎ᠢ ᠦᠢ᠍ᠯᠡᠳᠪᠦᠷᠢ ᠠᠭᠤᠷᠬᠠᠢ ᠵᠢᠨ ᠪᠠᠢ᠌ᠭᠤᠯᠭ᠎ᠠ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ᠂ ᠨᠡᠢ᠌ᠭᠡᠮ ᠲᠣᠭᠣᠷᠢᠭ᠂ ᠰᠤᠷᠭ᠋ᠠᠭᠤᠯᠢ ᠵᠢᠨ ᠬᠦᠷᠢᠶ᠎ᠡ᠂ ᠭᠡᠷ ᠪᠦᠯᠢ ᠵᠡᠷᠭᠡ ᠤᠯᠠᠨ ᠲᠦᠮᠡᠨ᠎ᠤ ᠳᠡᠷᠭᠡᠳᠡᠬᠢ ᠠᠮᠢᠳᠤᠷᠠᠯ᠎ᠤᠨ ᠪᠠᠢ᠌ᠳᠠᠯ᠎ᠳᠤ ᠣᠷᠭ᠋ᠠᠨᠢᠭ ᠵᠶ᠋ᠠᠷ ᠠᠭᠤᠰᠤᠯᠴᠠᠭᠤᠯᠤᠨ᠎ᠠ᠃ ᠡᠷᠬᠡ ᠰᠦᠷᠲᠦ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠵᠡᠷᠭᠡ᠎ᠪᠠᠷ ᠪᠦᠷᠢᠯᠳᠦᠭᠰᠡᠨ ᠤᠬᠠᠭᠤᠯᠭ᠎ᠠ ᠵᠢᠨ ᠵᠠᠭᠤᠴᠢᠯᠠᠭᠤᠷ᠎ᠤᠨ ᠵᠢᠭᠰᠠᠭ᠋ᠠᠯ᠎ᠢ ᠪᠠᠢ᠌ᠭᠤᠯᠵᠤ᠂ ᠰᠠᠨᠠᠭ᠋ᠠᠴᠢᠯᠠᠭ᠋ᠠᠲᠤ ᠡᠷᠡᠭᠦᠯ ᠮᠡᠨᠳᠦ ᠵᠢᠨ ᠤᠬᠠᠭᠤᠯᠭ᠎ᠠ ᠵᠢ ᠲᠥᠯᠥᠪᠯᠡᠭᠡ᠎ᠲᠠᠢ᠂ ᠠᠯᠬᠤᠮ ᠳᠠᠷᠠᠭ᠎ᠠ᠎ᠲᠠᠢ᠂ ᠪᠠᠢ᠌ᠩᠭᠤᠵᠢᠭᠤᠯᠤᠨ ᠥᠷᠨᠢᠭᠦᠯᠦᠨ᠎ᠡ᠃ ᠠᠷᠠᠳ ᠤᠯᠠᠨ᠎ᠢ ᠵᠣᠷᠢᠭᠵᠢᠭᠤᠯᠤᠨ ᠰᠠᠨᠠᠭ᠋ᠠᠴᠢᠯᠠᠭ᠎ᠠ᠎ᠲᠠᠢ ᠡᠷᠡᠭᠦᠯ ᠮᠡᠨᠳᠤ ᠵᠢ ᠬᠥᠭᠡᠭᠡᠴᠡᠯᠳᠦᠬᠦ ᠬᠥᠮᠥᠰ᠂ ᠦᠯᠢᠭᠡᠷ᠂ ᠰᠢᠯᠭ᠋ᠠᠷᠠᠭᠤᠯᠤᠯᠲᠠ ᠵᠡᠷᠭᠡ ᠵᠢ ᠭᠠᠷᠭ᠋ᠠᠵᠤ᠂ ᠪᠦᠬᠦ ᠨᠡᠢ᠌ᠭᠡᠮ᠎ᠳᠤ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠤ ᠵᠢ ᠬᠥᠭᠡᠭᠡᠴᠡᠯᠳᠦᠬᠦ ᠰᠢᠨ᠎ᠡ ᠬᠡᠪ ᠰᠤᠷᠲᠠᠯ᠎ᠢ ᠪᠤᠢ ᠪᠣᠯᠭ᠋ᠠᠨ᠎ᠠ᠃ ᠰᠠᠨᠠᠭ᠋ᠠᠴᠢᠯᠠᠭ᠋ᠠᠲᠤ ᠡᠷᠡᠭᠦᠯ ᠮᠡᠨᠳᠦ ᠵᠢᠨ ᠬᠥᠮᠦᠵᠢᠯ᠎ᠤᠨ ᠰᠢᠰᠲ᠋ᠧᠮ᠎ᠢ ᠪᠠᠢ᠌ᠭᠤᠯᠤᠨ᠎ᠡ᠃ ᠬᠡᠦᠬᠡᠳ᠎ᠤᠨ ᠴᠡᠴᠡᠷᠯᠢᠭ᠎ᠠᠴᠠ ᠶᠡᠬᠡ ᠰᠤᠷᠭ᠋ᠠᠭᠤᠯᠢ ᠬᠦᠷᠲᠡᠯ᠎ᠡ᠂ ᠡᠯ᠎ᠡ ᠱᠠᠲᠤ ᠦᠶ᠎ᠡ ᠵᠢᠨ ᠵᠠᠯᠠᠭᠤᠴᠤᠳ ᠪᠠᠭ᠋ᠠᠴᠤᠳ ᠪᠣᠯᠣᠨ ᠪᠠᠭᠰᠢ ᠠᠵᠢᠯᠲᠠᠨ᠎ᠤ ᠰᠠᠨᠠᠭ᠋ᠠᠴᠢᠯᠠᠭ᠋ᠠᠲᠤ ᠡᠷᠡᠭᠦᠯ ᠮᠡᠨᠳᠦ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠤᠭᠤᠷᠢᠨ᠎ᠳᠤ᠂ ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠬᠢᠴᠢᠶᠡᠯ᠂ ᠰᠤᠷᠭ᠋ᠠᠭᠤᠯᠢ ᠵᠢᠨ ᠬᠠᠮᠢᠶᠠᠷᠤᠯᠲᠠ ᠪᠠ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ᠂ ᠰᠤᠷᠭ᠋ᠠᠭᠤᠯᠢ ᠵᠢᠨ ᠰᠣᠶᠣᠯ᠎ᠤᠨ ᠪᠠᠢ᠌ᠭᠤᠯᠤᠯᠲᠠ᠂ ᠠᠯᠪᠠᠨ᠎ᠤ ᠲᠠᠯ᠎ᠠ ᠵᠢᠨ ᠤᠬᠠᠭᠤᠯᠭ᠎ᠠ ᠵᠢᠨ ᠲᠠᠪᠴᠠᠩ ᠵᠡᠷᠭᠡ ᠵᠥᠭᠡᠯᠡᠨ ᠬᠠᠲᠠᠭᠤ ᠲᠤᠨᠤᠭ᠎ᠤᠨ ᠳᠤᠮᠳᠠ ᠰᠠᠨᠠᠭ᠋ᠠᠴᠢᠯᠠᠭ᠋ᠠᠲᠤ ᠡᠷᠡᠭᠦᠯ ᠮᠡᠨᠳᠦ ᠵᠢᠨ ᠬᠠᠮᠢᠶ᠎ᠠ ᠪᠦᠬᠦᠢ ᠠᠭᠤᠯᠭ᠎ᠠ ᠵᠢ ᠨᠢᠭᠡ ᠴᠣᠭᠴᠠᠵᠢᠭᠤᠯᠤᠨ ᠠᠭᠤᠰᠬᠠᠵᠤ᠂ ᠰᠠᠨᠠᠭ᠋ᠠᠴᠢᠯᠠᠭ᠋ᠠᠲᠤ ᠡᠷᠡᠭᠦᠯ ᠮᠡᠨᠳᠦ ᠵᠢᠨ ᠬᠥᠮᠦᠵᠢᠯ᠎ᠤᠨ ᠰᠢᠰᠲᠸᠮ᠎ᠢ ᠪᠠᠢ᠌ᠭᠤᠯᠤᠨ᠂ ᠵᠠᠯᠠᠭᠤᠴᠤᠳ ᠪᠠᠭ᠋ᠠᠴᠤᠳ᠎ᠤᠨ ᠰᠠᠨᠠᠭ᠋ᠠᠴᠢᠯᠠᠭ᠋ᠠᠲᠤ ᠡᠷᠡᠭᠦᠯ ᠮᠡᠨᠳᠦ ᠵᠢᠨ ᠳᠤᠷ᠎ᠠ ᠰᠣᠨᠢᠷᠬᠠᠯ᠎ᠤᠨ ᠬᠥᠮᠦᠵᠢᠯ᠂ ᠴᠢᠳᠠᠪᠤᠷᠢ ᠵᠢᠨ ᠪᠦᠷᠢᠯᠳᠦᠯ ᠪᠠ ᠳᠠᠳᠬᠠᠯ᠎ᠤᠨ ᠬᠥᠮᠦᠵᠢᠯ᠎ᠢ   ᠠᠬᠢᠭᠤᠯᠬᠤ ᠵᠢ ᠰᠠᠨᠠᠭᠤᠯᠵᠦ ᠪᠠᠢ᠌ᠨ᠎ᠡ᠃ ᠤᠯᠠᠨ ᠵᠦᠢ᠍ᠯ᠎ᠤᠨ ᠬᠡᠯᠪᠡᠷᠢ ᠵᠢᠨ ᠰᠢᠨ᠎ᠡ ᠰᠦᠪᠡᠭᠴᠢᠯᠡᠯᠲᠡ ᠵᠢ ᠵᠣᠷᠢᠭᠵᠢᠭᠤᠯᠬᠤ ᠬᠡᠷᠡᠭᠲᠡᠢ᠃ ᠤᠯᠤᠰ᠎ᠤᠨ ᠳᠡᠰ ᠳᠠᠪᠬᠤᠷᠭ᠎ᠠ᠎ᠠᠴᠠ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠪᠠ ᠪᠦᠬᠦ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠢ ᠠᠭᠤᠰᠤᠯᠴᠠᠯ᠎ᠤᠨ ᠲᠡᠭᠡᠳᠦ ᠲᠠᠪᠬᠤᠷᠭ᠎ᠠ ᠵᠢᠨ ᠲᠥᠯᠥᠪᠯᠡᠭᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠵᠢᠨ ᠬᠠᠮᠲᠤ᠂ ᠪᠦᠬᠦ ᠤᠯᠤᠰ᠎ᠠᠴᠠ ᠨᠢᠭᠡ ᠪᠦᠯᠦᠭ ᠨᠥᠬᠥᠴᠡᠯ᠎ᠲᠠᠢ ᠭᠠᠵᠠᠷ ᠣᠷᠣᠨ ᠪᠠ ᠬᠤᠳᠠ ᠵᠢ ᠰᠣᠩᠭᠣᠨ ᠠᠪᠴᠤ᠂ ᠵᠠᠩᠭᠢᠯᠠᠭ᠎ᠠ ᠵᠢᠨ ᠭᠣᠭᠴᠣᠭ᠎ᠠ ᠪᠠ ᠭᠣᠣᠯᠳᠠᠯᠭ᠎ᠠ᠎ᠲᠠᠢ ᠠᠵᠢᠯ᠎ᠤᠨ ᠲᠠᠯ᠎ᠠ᠎ᠪᠠᠷ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠬᠠᠢ᠌ᠨ ᠰᠦᠪᠡᠭᠴᠢᠯᠡᠵᠦ ᠰᠢᠪᠲᠤᠯᠤᠯᠲᠠ ᠭᠠᠷᠭ᠋ᠠᠨ᠎ᠠ᠃ ᠪᠥᠬᠥ ᠤᠯᠤᠰ᠎ᠲᠤ ᠨᠢᠭᠡ ᠪᠦᠯᠦᠭ ᠰᠠᠢ᠌ᠨ ᠰᠠᠭᠤᠷᠢ᠎ᠲᠠᠢ ᠪᠠ ᠠᠮᠵᠢᠯᠲᠠ᠎ᠲᠠᠢ ᠬᠠᠢ᠌ᠨ ᠰᠦᠪᠡᠭᠴᠢᠯᠡᠭᠰᠡᠨ ᠲᠤᠷᠰᠢᠯᠭ᠎ᠠ᠎ᠲᠠᠢ ᠠᠵᠤ ᠠᠬᠤᠢ᠌ᠯᠠᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠰᠤᠷᠭ᠋ᠠᠭᠤᠯᠢ᠂ ᠨᠡᠢ᠌ᠭᠡᠮ ᠲᠣᠭᠣᠷᠢᠭ᠂ ᠡᠮᠨᠡᠯᠭᠡ ᠵᠢᠨ ᠬᠣᠷᠢᠶ᠎ᠠ ᠪᠠ ᠲᠥᠷᠥᠯ ᠵᠦᠢ᠍ᠯ᠎ᠢ ᠰᠢᠯᠢᠨ ᠰᠣᠩᠭᠣᠵᠤ ᠰᠢᠨ᠎ᠡ ᠵᠢ ᠡᠭᠦᠳᠬᠦ ᠡᠷᠴᠢᠮ ᠵᠶ᠋ᠡᠨ ᠴᠢᠩᠭ᠋ᠠᠷᠠᠭᠤᠯᠵᠤ᠂ ᠬᠥᠲᠥᠯᠥᠨ ᠳᠠᠭ᠋ᠠᠭᠤᠯᠬᠤ ᠪᠠ ᠵᠢᠱ᠌ᠢᠶ᠎ᠡ ᠦᠵᠡᠭᠦᠯᠬᠦ ᠵᠢ ᠪᠣᠶ ᠪᠣᠯᠭ᠋ᠠᠨ᠎ᠠ᠃

ᠢᠷᠡᠯᠲᠡ᠄ ᠲᠤᠮᠳᠠᠳᠦ ᠤᠯᠤᠰ᠎ᠤᠨ ᠪᠡᠶ᠎ᠡ ᠵᠢᠨ ᠲᠠᠮᠢᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠯᠢᠦ ᠱ᠌ᠢ ᠶᠢᠩ᠄ ᠤᠷᠤᠯᠳᠤᠭ᠋ᠠᠨ᠎ᠤ ᠴᠢᠳᠠᠪᠤᠷᠢᠲᠠᠨ᠎ᠤ ᠨᠥᠭᠡᠴᠡ ᠵᠢ ᠴᠢᠩᠭ᠋ᠠᠳᠬᠠᠬᠤ᠎ᠳᠤ ᠪᠡᠶ᠎ᠡ ᠵᠢᠨ ᠲᠠᠮᠢᠷ᠎ᠤᠨ ᠬᠢᠴᠢᠶᠡᠯ᠎ᠠᠴᠠ ᠡᠬᠢᠯᠡᠬᠦ ᠬᠡᠷᠡᠭᠳᠡᠢ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠳ᠋ᠢᠩ ᠶᠠ ᠯᠢᠨ᠄ ᠬᠥᠳᠡᠭᠡ ᠲᠣᠰᠬᠣᠨ᠎ᠤ ᠲᠠᠯᠠᠪᠤᠷ ᠲᠥᠬᠦᠭᠡᠷᠦᠮᠵᠢ ᠵᠢ ᠵᠦᠢ ᠵᠣᠬᠢᠰᠲᠠᠢ ᠪᠠᠢ᠌ᠷᠢᠯᠠᠭᠤᠯᠵᠤ᠂ ᠣᠯᠠᠨ ᠲᠦᠮᠡᠨ᠎ᠳᠤ ᠨᠠᠩ ᠢᠯᠡᠭᠦᠦ ᠠᠰᠢᠭ ᠭᠥᠷᠳᠡᠭᠰᠡᠨ ᠲᠥᠷᠥᠭᠳᠡᠯ ᠣᠯᠭᠣᠨ᠎ᠠ
ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠸᠸᠨ ᠰᠢᠶᠣᠣ ᠶᠠᠨ᠄ ᠪᠡᠶ᠎ᠡ ᠵᠢᠨ ᠲᠠᠮᠢᠷ᠎ᠤᠨ ᠡᠷᠴᠢ ᠬᠦᠴᠦᠨ᠎ᠢ ᠮᠡᠳᠡᠷᠡᠵᠦ᠂ ᠰᠠᠢ᠌ᠨ ᠰᠠᠢ᠌ᠬᠠᠨ ᠠᠮᠢᠳᠤᠷᠠᠯ ᠵᠦᠭ ᠬᠠᠯᠠᠭᠤᠨ ᠭᠠᠷ ᠵᠶ᠋ᠠᠨ ᠰᠤᠩᠭ᠋ᠠᠨ᠎ᠠ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠰᠢᠦᠢ ᠢᠦᠢ ᠬᠤᠸᠠ᠄ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠤ ᠰᠢᠯᠵᠢᠯᠲᠡ ᠵᠢᠨ ᠲᠣᠭᠲᠠᠴᠠ ᠵᠢ ᠤᠯᠠᠮ ᠨᠢᠭᠡ ᠲᠡᠭᠦᠯᠳᠡᠷᠵᠢᠭᠦᠯᠬᠦ ᠵᠢ ᠬᠦᠰᠡᠵᠦ ᠪᠠᠢ᠌ᠨ᠎ᠡ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠸᠠᠩ ᠶᠦᠩ ᠹᠧᠩ᠄ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠵᠦ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠢᠨ᠎ᠡ᠎ᠪᠠᠷ ᠪᠤᠢ ᠪᠤᠯᠤᠭᠰᠠᠨ ᠲᠦᠷᠦᠯ ᠵᠦᠢ᠍ᠯ᠎ᠤᠨ ᠬᠦᠭᠵᠢᠯᠳᠡ ᠵᠢ ᠠᠬᠢᠭᠤᠯᠤᠨ᠎ᠡ
 
            