ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠰᠤᠷᠪᠤᠯᠵᠢᠯᠠᠭ᠎ᠠ
ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠸᠸᠨ ᠰᠢᠶᠣᠣ ᠶᠠᠨ᠄ ᠪᠡᠶ᠎ᠡ ᠵᠢᠨ ᠲᠠᠮᠢᠷ᠎ᠤᠨ ᠡᠷᠴᠢ ᠬᠦᠴᠦᠨ᠎ᠢ ᠮᠡᠳᠡᠷᠡᠵᠦ᠂ ᠰᠠᠢ᠌ᠨ ᠰᠠᠢ᠌ᠬᠠᠨ ᠠᠮᠢᠳᠤᠷᠠᠯ ᠵᠦᠭ ᠬᠠᠯᠠᠭᠤᠨ ᠭᠠᠷ ᠵᠶ᠋ᠠᠨ ᠰᠤᠩᠭ᠋ᠠᠨ᠎ᠠ
ᠨᠡᠶ᠋ᠢᠲᠡᠯᠡᠭᠰᠡᠨ ᠴᠠᠭ᠄ 2023-03-14

    ᠵᠡᠮᠳᠡᠭᠴᠦᠳ᠎ᠤᠨ ᠬᠦᠨᠳᠦ ᠬᠥᠩᠭᠡᠨ ᠲᠠᠮᠢᠷ᠎ᠤᠨ ᠲᠠᠮᠢᠷᠴᠢᠨ ᠸᠸᠨ ᠰᠢᠶᠣᠣ ᠶᠠᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠬᠤᠪᠢ᠎ᠪᠠᠷ ᠪᠡᠭᠡᠵᠢᠩ᠎ᠳᠤ ᠢᠷᠡᠵᠤ ᠬᠤᠷᠠᠯ᠎ᠳᠤ ᠣᠷᠤᠯᠴᠠᠬᠤ᠎ᠠᠴᠠ ᠡᠮᠦᠨ᠎ᠡ᠂ ᠳ᠋ᠦᠪᠠᠢ᠎ᠳᠤ ᠶᠠᠪᠤᠭᠳᠠᠭᠰᠠᠨ ᠳᠡᠯᠡᠬᠡᠢ ᠵᠢᠨ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠬᠦᠨᠳᠦ ᠬᠥᠩᠭᠡᠨ ᠲᠠᠮᠢᠷ᠎ᠤᠨ ᠲᠣᠮᠣ ᠱᠠᠩᠨᠠᠯᠲᠤ ᠤᠷᠤᠯᠳᠤᠭ᠋ᠠᠨ᠎ᠳᠤ ᠤᠷᠤᠯᠴᠠᠭ᠋ᠠᠳ ᠳᠠᠬᠢᠨᠲᠠ ᠠᠯᠲᠠᠨ ᠮᠧᠳᠠᠯ ᠤᠯᠤᠭᠰᠠᠨ ᠶᠤᠮ᠃ ᠸᠸᠨ ᠰᠢᠶᠤᠤ ᠶᠠᠨ᠎ᠠᠴᠠ 《ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠎ᠪᠠᠷ ᠰᠣᠩᠭᠣᠭᠳᠠᠭᠰᠠᠨ᠎ᠨᠢ ᠲᠤᠢ᠌ᠯ᠎ᠤᠨ ᠠᠵᠠ ᠵᠠᠪᠰᠢᠶᠠᠨ᠎ᠲᠠᠢ ᠰᠠᠨᠠᠭᠳᠠᠵᠤ ᠪᠠᠢ᠌ᠨ᠎ᠠ᠂ ᠬᠠᠷᠢᠭᠤᠴᠠᠯᠭ᠎ᠠ ᠮᠠᠰᠢ ᠬᠦᠨᠳᠦ᠃ ᠦᠨᠳᠦᠰᠦᠨ ᠱᠠᠲᠤᠨ᠎ᠤ ᠲᠠᠭᠤᠨ᠎ᠢ ᠲᠡᠭᠡᠭᠰᠢ ᠬᠦᠷᠭᠡᠵᠦ᠂ ᠬᠤᠷᠠᠯ᠎ᠤᠨ ᠱᠠᠭ᠋ᠠᠷᠳᠠᠯᠭ᠎ᠠ ᠵᠢ ᠠᠪᠴᠤ ᠬᠠᠷᠢᠬᠤ ᠪᠣᠯ ᠮᠢᠨᠤ ᠡᠭᠦᠷᠭᠡ ᠮᠥᠨ᠃ ᠪᠢ ᠪᠠᠰᠠ ᠡᠩ᠎ᠤᠨ ᠦᠶ᠎ᠡ ᠵᠢᠨ ᠠᠵᠢᠯ ᠰᠤᠷᠤᠯᠴᠠᠯᠭ᠎ᠠ ᠵᠢᠨ ᠳᠤᠮᠳᠠ᠎ᠪᠠᠨ ᠨᠡᠩ ᠤᠯᠠᠨ ᠵᠡᠮᠳᠡᠭ ᠨᠠᠢ᠌ᠵᠠ ᠨᠠᠷ᠎ᠤᠨ ᠲᠠᠮᠢᠷ᠎ᠤᠨ ᠲᠠᠯᠠᠪᠠᠢ᠎ᠳᠤ ᠭᠠᠷᠴᠦ᠂ ᠨᠡᠢ᠌ᠭᠡᠮ᠎ᠤᠨ ᠬᠠᠷᠢᠯᠴᠠᠭ᠋ᠠᠨ᠎ᠤ ᠬᠦᠷᠢᠶ᠎ᠡ᠎ᠪᠠᠨ ᠦᠷᠭᠡᠳᠬᠡᠨ᠂ ᠰᠢᠨᠵᠢᠯᠡᠬᠦ ᠤᠬᠠᠭ᠋ᠠᠨᠴᠢ ᠪᠦᠲᠦᠮᠵᠢᠲᠡᠢ ᠪᠡᠶ᠎ᠡ ᠵᠢᠨ ᠲᠠᠮᠢᠷ᠎ᠤᠨ ᠪᠣᠯᠪᠠᠰᠤᠷᠠᠯ ᠵᠶ᠋ᠠᠷ ᠳᠠᠮᠵᠢᠨ ᠪᠡᠶ᠎ᠡ ᠮᠠᠬᠠᠪᠤᠳ ᠵᠶ᠋ᠠᠨ ᠰᠠᠢ᠌ᠵᠢᠷᠠᠭᠤᠯᠵᠤ᠂ ᠪᠡᠶ᠎ᠡ ᠵᠢᠨ ᠲᠠᠮᠢᠷ᠎ᠤᠨ ᠬᠦᠴᠦᠨ᠎ᠢ ᠮᠡᠳᠡᠷᠡᠵᠦ᠂ ᠰᠠᠢ᠌ᠨ ᠰᠠᠢ᠌ᠬᠠᠨ ᠠᠮᠢᠳᠤᠷᠠᠯ᠎ᠳᠤ ᠬᠠᠯᠠᠭᠤᠨ ᠭᠠᠷ ᠵᠶ᠋ᠠᠨ ᠰᠤᠩᠭ᠋ᠠᠬᠤ ᠵᠢ ᠵᠤᠷᠢᠭᠵᠢᠭᠤᠯᠳᠠᠭ》 ᠭᠡᠵᠦ ᠬᠡᠯᠡᠵᠦ ᠪᠠᠢ᠌ᠪᠡ᠃
    ᠸᠸᠨ ᠰᠢᠶᠣᠣ ᠶᠠᠨ 1997 ᠣᠨ᠎ᠳᠤ ᠬᠤᠨᠠᠨ᠎ᠤ ᠢᠶᠠᠩ᠎ᠳᠤ ᠳᠦᠷᠦᠵᠦ᠂ 2015 ᠣᠨ᠎ᠠᠴᠠ ᠡᠬᠢᠯᠡᠨ ᠰᠢᠰᠲ᠋ᠧᠮ᠎ᠲᠠᠢ᠎ᠪᠠᠷ ᠬᠦᠨᠳᠦ ᠬᠥᠩᠭᠡᠨ ᠲᠠᠮᠢᠷ᠎ᠤᠨ ᠪᠣᠯᠪᠠᠰᠤᠷᠠᠯ ᠬᠦᠷᠲᠡᠵᠦ᠂ 2016 ᠣᠨ᠎ᠳᠤ ᠷᠢᠦ᠋ ᠳ᠋ᠢ ᠿᠸᠨ᠋ᠸᠢᠢ᠍ᠷᠦ᠋ ᠵᠢᠨ ᠵᠡᠮᠳᠡᠭᠴᠦᠳ᠎ᠤᠨ ᠤᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠤᠷᠤᠯᠴᠠᠪᠠ᠃ ᠷᠢᠦ᠋ ᠳ᠋ᠢ ᠿᠸᠨ᠋ᠸᠢᠢ᠍ᠷᠦ᠋ ᠵᠢᠨ ᠵᠡᠮᠳᠡᠭᠴᠦᠳ᠎ᠤᠨ ᠤᠯᠢᠮᠫᠢᠺ᠎ᠤᠨ ᠴᠤᠭᠯᠠᠭ᠋ᠠᠨ ᠪᠣᠯᠣᠨ ᠲᠣᠣᠺᠢᠤ᠋ ᠵᠢᠨ ᠵᠡᠮᠳᠡᠭᠴᠦᠳ᠎ᠤᠨ ᠤᠯᠢᠮᠫᠢᠺ᠎ᠤᠨ ᠴᠤᠭᠯᠠᠭ᠋ᠠᠨ᠎ᠤ ᠤᠷᠤᠯᠳᠤᠭ᠋ᠠᠨ᠎ᠳᠤ᠂ ᠸᠸᠨ ᠰᠢᠶᠣᠣ ᠶᠠᠨ ᠬᠦᠨᠳᠦ ᠬᠥᠩᠭᠡᠨ ᠲᠠᠮᠢᠷ᠎ᠤᠨ ᠤᠷᠤᠯᠳᠤᠭ᠋ᠠᠨ᠎ᠤ ᠵᠦᠢ᠍ᠯ᠎ᠳᠤ 5 ᠠᠯᠲᠠᠨ ᠮᠧᠳᠠᠯ ᠣᠯᠵᠤ᠂ ᠳᠡᠯᠡᠬᠡᠢ ᠵᠢᠨ ᠲᠡᠮᠳᠡᠭᠯᠡᠯ᠎ᠢ ᠣᠯᠠᠨ ᠤᠳᠠᠭ᠎ᠠ ᠰᠢᠨᠡᠳᠬᠡᠪᠡ᠃ ᠪᠡᠭᠡᠵᠢᠩ᠎ᠤᠨ 2022 ᠣᠨ᠎ᠤ ᠡᠪᠦᠯ᠎ᠤᠨ ᠵᠡᠮᠳᠡᠭᠴᠦᠳ᠎ᠤᠨ ᠤᠯᠢᠮᠫᠢᠺ᠎ᠤᠨ ᠴᠤᠭᠯᠠᠭ᠋ᠠᠨ᠎ᠳᠤ᠂ ᠸᠸᠨ ᠰᠢᠶᠣᠣ ᠶᠠᠨ ᠡᠬᠢᠯᠡᠯᠲᠡ ᠵᠢᠨ ᠶᠣᠰᠣᠯᠠᠯ᠎ᠤᠨ ᠭᠠᠯ ᠪᠠᠮᠪᠠᠷᠴᠢᠨ ᠪᠣᠯᠪᠠ᠃ ᠡᠨᠡ ᠲᠤᠬᠠᠢ ᠡᠷᠬᠢᠴᠡᠭᠦᠯᠬᠦ᠎ᠳᠤ᠂ ᠲᠡᠷᠡ ᠮᠥᠨ ᠯᠡ ᠲᠤᠢ᠌ᠯ ᠵᠶ᠋ᠠᠷ ᠰᠡᠳᠬᠢᠯ ᠬᠥᠳᠡᠯᠦᠨ᠄ 《2022 ᠣᠨ᠎ᠤ 3 ᠰᠠᠷ᠎ᠠ ᠵᠢᠨ 4᠎ᠤ   ᠣᠷᠣᠢ᠂ ᠪᠢ ᠭᠠᠯ ᠪᠠᠮᠪᠠᠷ ᠵᠶ᠋ᠠᠨ ᠡᠷᠭᠦᠭᠡᠳ ᠭᠦᠶᠦᠬᠦ᠎ᠳᠤ᠂ ᠲᠡᠷᠡ ᠬᠦ᠌ ᠪᠠᠶᠠᠷ ᠪᠠᠬᠠᠳᠤᠯ᠂ ᠣᠮᠣᠭᠰᠢᠯ᠎ᠢ ᠬᠡᠯᠡᠬᠦ ᠵᠢᠨ ᠠᠷᠭ᠎ᠠ ᠦᠭᠡᠢ᠂ ᠨᠢᠯᠪᠤᠰᠦ᠎ᠪᠠᠨ ᠬᠤᠷᠢᠵᠦ ᠲᠡᠢ᠌ᠯᠬᠦ ᠦᠭᠡᠢ ᠪᠠᠢ᠌ᠭᠰᠠᠨ᠃ ᠡᠬᠡ ᠤᠯᠤᠰ ᠪᠣᠯᠣᠨ ᠠᠭᠤᠤ ᠶᠡᠬᠡ ᠴᠠᠭ ᠦᠶ᠎ᠡ᠎ᠳᠤ ᠲᠠᠯᠠᠷᠬᠠᠵᠤ ᠪᠠᠢ᠌ᠨ᠎ᠠ᠂ ᠪᠢ ᠵᠡᠮᠳᠡᠭ ᠠᠬ᠎ᠠ ᠳᠡᠭᠦᠦ ᠡᠭᠡᠴᠢ ᠳᠡᠭᠦᠦ ᠨᠠᠷ᠎ᠲᠠᠢ ᠬᠠᠮᠲᠤ᠎ᠪᠠᠷ ᠬᠥᠮᠥᠨ᠎ᠤ ᠠᠮᠢᠳᠤᠷᠠᠯ᠎ᠤᠨ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠠᠵᠠ ᠲᠣᠬᠢᠶᠠᠯ᠂ ᠬᠦᠰᠡᠯ ᠵᠡᠭᠦᠳᠦ᠎ᠪᠠᠨ ᠪᠡᠶᠡᠯᠡᠭᠦᠯᠬᠦ ᠠᠵᠠ ᠲᠣᠬᠢᠶᠠᠯ᠂ ᠵᠢᠴᠢ ᠡᠬᠡ ᠤᠯᠤᠰ ᠪᠣᠯᠣᠨ ᠴᠠᠭ ᠦᠶ᠎ᠡ᠎ᠲᠠᠢ᠎ᠪᠠᠨ ᠬᠠᠮᠲᠤ᠎ᠪᠠᠷ ᠦᠰᠦᠨ ᠪᠣᠢ᠌ᠵᠢᠵᠤ ᠲᠠᠪᠰᠢᠬᠤ ᠠᠵᠠ ᠲᠣᠬᠢᠶᠠᠯ᠎ᠢ ᠡᠳ᠋ᠯᠡᠯ᠎ᠡ》 ᠭᠡᠵᠦ ᠪᠠᠢ᠌ᠪᠡ᠃
    ᠪᠡᠭᠡᠵᠢᠩ᠎ᠤᠨ ᠡᠪᠦᠯ᠎ᠤᠨ ᠤᠯᠢᠮᠫᠢᠺ᠎ᠤᠨ ᠴᠤᠭᠯᠠᠭ᠋ᠠᠨ᠂ ᠡᠪᠦᠯ᠎ᠤᠨ ᠵᠡᠮᠳᠡᠭᠴᠦᠳ᠎ᠤᠨ ᠤᠯᠢᠮᠫᠢᠺ᠎ᠤᠨ ᠴᠤᠭᠯᠠᠭ᠋ᠠᠨ᠎ᠢ ᠪᠡᠯᠡᠳᠬᠡᠨ ᠡᠷᠭᠢᠯᠡᠭᠰᠡᠨ ᠶᠠᠪᠤᠳᠠᠯ᠎ᠨᠢ ᠮᠠᠨ᠎ᠤ ᠤᠯᠤᠰ᠎ᠤᠨ ᠵᠡᠮᠳᠡᠭᠴᠦᠳ᠎ᠤᠨ ᠮᠥᠰᠥ ᠴᠠᠰᠤᠨ᠎ᠤ ᠦᠢ᠍ᠯᠡᠰ᠎ᠤᠨ ᠬᠥᠭᠵᠢᠯᠲᠡ ᠵᠢ ᠲᠤᠢ᠌ᠯ᠎ᠤᠨ ᠶᠡᠬᠡ᠎ᠪᠠᠷ ᠳᠠᠢ᠌ᠴᠢᠯᠠᠭᠰᠠᠨ ᠪᠠᠢ᠌ᠨ᠎ᠠ᠃ 2016 ᠣᠨ᠎ᠠᠴᠠ ᠡᠷᠬᠢᠯᠡᠭᠰᠡᠨ ᠳᠤᠮᠳᠠᠳᠤ ᠤᠯᠤᠰ᠎ᠤᠨ ᠵᠡᠮᠳᠡᠭᠴᠦᠳ᠎ᠤᠨ ᠮᠥᠰᠥ ᠴᠠᠰᠤᠨ᠎ᠤ ᠲᠠᠮᠢᠷ᠎ᠤᠨ ᠤᠯᠠᠷᠢᠯ᠎ᠤᠨ ᠠᠵᠢᠯᠯᠠᠭ᠎ᠠ ᠡᠨᠡ ᠵᠢᠯ ᠳᠣᠯᠣᠳᠤᠭ᠋ᠠᠷ ᠬᠤᠭᠤᠴᠠᠭ᠎ᠠ᠎ᠪᠠᠨ ᠤᠭᠲᠤᠨ ᠠᠪᠤᠯ᠎ᠠ᠃ 7 ᠵᠢᠯ᠎ᠤᠨ ᠲᠤᠷᠰᠢ᠂ ᠵᠡᠮᠳᠡᠭᠴᠦᠳ᠎ᠤᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠤᠯᠠᠷᠢᠯ᠎ᠤᠨ ᠠᠵᠢᠯᠯᠠᠭ᠎ᠠ ᠥᠷᠨᠢᠭᠦᠯᠦᠭᠰᠡᠨ ᠮᠤᠵᠢ ᠣᠷᠣᠨ ᠬᠤᠳᠠ ᠵᠢᠨ᠎ᠬᠢᠨ ᠬᠠᠮᠤᠭ ᠠᠩᠬᠠᠨ᠎ᠤ 14 ᠪᠠᠢ᠌ᠭᠰᠠᠨ᠎ᠠᠴᠠ᠎ᠪᠠᠨ 31 ᠪᠣᠯᠵᠤ ᠬᠥᠭᠵᠢᠪᠡ᠃ ᠤᠷᠤᠯᠳᠤᠭ᠋ᠠᠨ᠎ᠤ ᠠᠵᠢᠯᠯᠠᠭ᠎ᠠ ᠵᠢᠨ ᠲᠠᠪᠴᠠᠩ᠎ᠢ ᠤᠯᠠᠮ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ ᠤᠯᠠᠮ᠎ᠠᠴᠠ ᠤᠯᠠᠮ ᠣᠯᠠᠨ ᠵᠡᠮᠳᠡᠭᠴᠦᠳ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠡᠩᠨᠡᠭᠡᠨ᠎ᠳᠤ ᠣᠷᠣᠵᠤ ᠪᠠᠢ᠌ᠨ᠎ᠠ᠃ ᠰᠢᠨ᠎ᠡ᠎ᠪᠠᠷ ᠰᠣᠩᠭᠣᠭᠳᠠᠭᠰᠠᠨ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠸᠸᠨ ᠰᠢᠶᠣᠣ ᠶᠠᠨ ᠭᠣᠣᠯᠳᠠᠯᠭ᠎ᠠ᠎ᠪᠠᠨ ᠵᠡᠮᠳᠡᠭᠴᠦᠳ᠎ᠲᠤ ᠬᠠᠨᠳᠤᠭᠤᠯᠤᠭᠰᠠᠨ ᠪᠠᠢ᠌ᠨ᠎ᠠ᠃ ᠲᠡᠷᠡ᠄ 《ᠪᠢ ᠵᠡᠮᠳᠡᠭ ᠲᠠᠮᠢᠷᠴᠢᠳ᠎ᠤᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠲᠤ ᠣᠷᠤᠯᠴᠠᠬᠤ ᠬᠠᠮᠢᠶ᠎ᠠ ᠪᠦᠬᠦᠢ ᠠᠭᠤᠯᠭ᠎ᠠ ᠵᠢ ᠠᠩᠬᠠᠷᠬᠤ ᠪᠥᠭᠡᠳ ᠵᠡᠮᠳᠡᠭᠴᠦᠳ᠎ᠤᠨ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠣᠷᠤᠯᠴᠠᠬᠤ ᠪᠠᠢ᠌ᠳᠠᠯ᠎ᠢ ᠴᠤ᠌ ᠠᠩᠬᠠᠷᠬᠤ ᠪᠣᠯᠣᠨ᠎ᠠ᠃  2022 ᠣᠨ᠎ᠤ ᠬᠤᠨᠠᠨ᠎ᠤ ᠦᠨᠡᠮᠯᠡᠯ᠎ᠲᠠᠢ ᠵᠡᠮᠳᠡᠭᠴᠦᠳ᠎ᠤᠨ ᠦᠨᠳᠦᠰᠦᠨ ᠪᠠᠢ᠌ᠳᠠᠯ᠎ᠤᠨ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠵᠢ ᠦᠨᠳᠦᠰᠦᠯᠡᠪᠡᠯ᠂ ᠵᠡᠮᠳᠡᠭᠴᠦᠳ᠎ᠤᠨ ᠰᠣᠶᠣᠯ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠭᠰᠠᠨ ᠨᠤᠷᠮ᠎ᠡ ᠵᠥᠪᠬᠡᠨ 25.8% ᠪᠠᠢ᠌ᠵᠤ᠂ ᠪᠠᠷᠤᠭ ᠳᠥᠷᠪᠡᠨ᠎ᠤ ᠭᠤᠷᠪᠠᠨ ᠬᠤᠪᠢ ᠵᠢᠨ ᠵᠡᠮᠳᠡᠭᠴᠦᠳ ᠰᠣᠶᠣᠯ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠭᠰᠠᠨ ᠦᠭᠡᠢ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠨᠠᠩ ᠣᠯᠠᠨ ᠵᠡᠮᠳᠡᠭ ᠨᠠᠢ᠌ᠵᠠ ᠨᠠᠷ᠎ᠢ ᠲᠠᠮᠢᠷ᠎ᠤᠨ ᠲᠠᠯᠠᠪᠤᠷ᠎ᠲᠤ ᠤᠴᠢᠭᠤᠯᠬᠤ ᠵᠢ ᠬᠦᠰᠡᠵᠦ ᠪᠠᠢ᠌ᠨ᠎ᠠ᠃ ᠪᠢ ᠪᠠᠰᠠ ᠤᠢ ᠪᠢᠯᠢᠭ᠂ ᠮᠡᠳᠡᠷᠡᠯ ᠵᠢᠴᠢ ᠬᠦᠨᠳᠦ ᠵᠡᠮᠳᠡᠭ ᠬᠥᠮᠥᠨ᠎ᠳᠤ ᠵᠣᠷᠢᠭᠤᠯᠤᠭᠰᠠᠨ ᠡᠷᠡᠭᠦᠯᠵᠢᠯ᠎ᠤᠨ ᠦᠢ᠍ᠯᠡᠴᠢᠯᠡᠭᠡ᠂ ᠨᠠᠢ᠌ᠳᠠᠨ ᠠᠰᠠᠷᠠᠭᠤᠯᠬᠤ ᠦᠢ᠍ᠯᠡᠴᠢᠯᠡᠭᠡ ᠵᠡᠷᠭᠡ ᠠᠭᠤᠯᠭ᠎ᠠ ᠵᠢ ᠭᠣᠣᠯᠳᠠᠯᠭ᠎ᠠ᠎ᠲᠠᠢ ᠠᠩᠬᠠᠷᠤᠨ᠎ᠠ》 ᠭᠡᠵᠡᠢ᠃ ᠸᠸᠨ ᠰᠢᠶᠣᠣ ᠶᠠᠨ᠎ᠠᠴᠠ᠂ ᠵᠡᠮᠳᠡᠭᠴᠦᠳ᠎ᠤᠨ ᠣᠯᠠᠨ ᠲᠦᠮᠡᠨᠴᠢ ᠴᠢᠨᠠᠷᠲᠠᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ᠎ᠳᠤ ᠪᠥᠬᠥ ᠲᠠᠯ᠎ᠠ᠎ᠪᠠᠷ ᠠᠭᠤᠰᠬᠠᠨ ᠣᠷᠣᠭᠤᠯᠵᠤ᠂ ᠤᠯᠤᠰ᠎ᠤᠨ ᠪᠠ ᠠᠷᠠᠳ᠎ᠤᠨ ᠡᠵᠡᠩᠨᠡᠭᠰᠡᠨ ᠪᠡᠶ᠎ᠡ ᠵᠢᠨ ᠲᠠᠮᠢᠷ᠎ᠤᠨ ᠲᠠᠯᠠᠪᠠᠶ ᠵᠢ ᠵᠡᠮᠳᠡᠭᠴᠦᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠨᠡᠭᠡᠭᠡᠬᠦ ᠵᠢ ᠵᠣᠷᠢᠭᠵᠢᠭᠤᠯᠬᠤ ᠵᠢᠨ ᠬᠠᠮᠲᠤ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠤᠯᠴᠠᠬᠤ᠎ᠳᠤ ᠬᠠᠷᠰᠢ ᠰᠠᠭ᠋ᠠᠳ ᠦᠭᠡᠢ ᠣᠷᠴᠢᠨ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠪᠠᠭᠲᠠᠭ᠋ᠠᠭᠰᠠᠨ ᠲᠥᠬᠥᠮ ᠦᠵᠡᠭᠦᠯᠬᠦ ᠵᠢ ᠰᠠᠨᠠᠭᠤᠯᠵᠦ ᠪᠠᠢ᠌ᠨ᠎ᠡ ᠭᠡᠵᠡᠢ᠃
    ᠣᠳᠣᠬᠠᠨ᠎ᠳᠤ᠂ ᠸᠧᠨ ᠰᠢᠶᠣᠣ ᠶᠠᠨ ᠶᠠᠭ ᠫᠠᠷᠢᠰ᠎ᠤᠨ ᠵᠡᠮᠳᠡᠭᠴᠦᠳ᠎ᠤᠨ ᠤᠯᠢᠮᠫᠢᠺ᠎ᠤᠨ ᠴᠤᠭᠯᠠᠭ᠋ᠠᠨ᠎ᠳᠤ ᠢᠳᠡᠪᠬᠢᠲᠡᠢ ᠪᠡᠯᠡᠳᠬᠡᠯ ᠬᠢᠵᠦ᠂   ᠡᠷᠳᠡᠬᠡᠨ ᠤᠷᠤᠯᠴᠠᠬᠤ ᠬᠢᠷᠢ ᠬᠡᠮ ᠣᠯᠬᠤ᠎ᠪᠠᠷ ᠮᠡᠷᠡᠢ᠌ᠵᠦ ᠪᠠᠢ᠌ᠨ᠎ᠡ᠃ ᠲᠡᠷᠡ ᠢᠯᠡᠷᠬᠡᠢ᠌ᠯᠡᠬᠦ᠎ᠳᠡᠭᠡᠨ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠲᠠᠯᠠᠪᠤᠷ᠎ᠲᠤ ᠴᠤ᠌ ᠭᠡᠰᠡᠨ᠂ ᠬᠥᠮᠥᠨ᠎ᠤ ᠠᠮᠢᠳᠤᠷᠠᠯ᠎ᠤᠨ ᠵᠠᠮ᠎ᠳᠤ ᠴᠦ᠍ ᠭᠡᠰᠡᠨ ᠲᠠᠰᠤᠷᠠᠯᠲᠠ ᠦᠭᠡᠢ ᠴᠢᠷᠮᠠᠢ᠌ᠵᠤ᠂ ᠥᠪᠡᠷ᠎ᠢ᠎ᠪᠠᠨ ᠳᠠᠪᠠᠵᠤ᠂ ᠨᠠᠩ ᠣᠯᠠᠨ ᠶᠣᠰᠣ ᠮᠣᠷᠠᠯ᠎ᠤᠨ 《ᠱᠠᠩᠨᠠᠯ》᠂ ᠬᠡᠪ ᠨᠠᠮᠪᠠ ᠵᠢᠨ 《ᠱᠠᠩᠨᠠᠯ》᠂ ᠠᠷᠢᠭᠤᠨ ᠴᠡᠪᠡᠷ 《ᠱᠠᠩᠨᠠᠯ》᠎ᠢ ᠠᠪᠴᠤ᠂ ᠨᠡᠢ᠌ᠭᠡᠮ᠂ ᠤᠯᠤᠰ ᠣᠷᠣᠨ᠎ᠤ ᠠᠴᠢ ᠵᠢ ᠬᠠᠷᠢᠭᠤᠯᠤᠨ᠎ᠠ ᠭᠡᠵᠡᠢ᠃

ᠢᠷᠡᠯᠲᠡ᠄ ᠲᠤᠮᠳᠠᠳᠦ ᠤᠯᠤᠰ᠎ᠤᠨ ᠪᠡᠶ᠎ᠡ ᠵᠢᠨ ᠲᠠᠮᠢᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠰᠢᠦᠢ ᠢᠦᠢ ᠬᠤᠸᠠ᠄ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠤ ᠰᠢᠯᠵᠢᠯᠲᠡ ᠵᠢᠨ ᠲᠣᠭᠲᠠᠴᠠ ᠵᠢ ᠤᠯᠠᠮ ᠨᠢᠭᠡ ᠲᠡᠭᠦᠯᠳᠡᠷᠵᠢᠭᠦᠯᠬᠦ ᠵᠢ ᠬᠦᠰᠡᠵᠦ ᠪᠠᠢ᠌ᠨ᠎ᠡ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠸᠠᠩ ᠶᠦᠩ ᠹᠧᠩ᠄ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠵᠦ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠢᠨ᠎ᠡ᠎ᠪᠠᠷ ᠪᠤᠢ ᠪᠤᠯᠤᠭᠰᠠᠨ ᠲᠦᠷᠦᠯ ᠵᠦᠢ᠍ᠯ᠎ᠤᠨ ᠬᠦᠭᠵᠢᠯᠳᠡ ᠵᠢ ᠠᠬᠢᠭᠤᠯᠤᠨ᠎ᠡ
ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠳᠠᠷᠤᠭ᠎ᠠ ᠭᠣᠸ᠋ ᡁᠢ ᠳ᠋ᠠᠨ᠄ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠥᠭᠵᠢᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ 《ᠭᠤᠷᠪᠠᠨ ᠲᠣᠮᠣ ᠪᠥᠮᠪᠥᠭᠡ》 ᠵᠢ ᠬᠥᠭᠵᠢᠭᠦᠯᠦᠨ ᠮᠠᠨᠳᠤᠭᠤᠯᠬᠤ᠎ᠪᠠᠷ ᠡᠷᠡᠰ ᠵᠣᠷᠢᠭ ᠰᠢᠭᠤᠳᠴᠤ᠂ ᠪᠥᠬᠥ ᠠᠷᠠᠳ᠎ᠤᠨ ᠪᠡᠶ᠎ᠡ ᠴᠢᠬᠢᠷᠠᠭᠵᠢᠭᠤᠯᠬᠤ ᠪᠠ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠢ ᠴᠢᠩᠭ᠋ᠠᠳᠬᠠᠨ᠎ᠠ
ᠲᠠᠯ᠎ᠠ ᠵᠢᠨ ᠭᠦᠨ᠎ᠳᠠᠬᠢ ᠬᠥᠯ ᠪᠥᠮᠪᠥᠭᠡ ᠵᠢᠨ ᠤᠷᠤᠯᠳᠤᠭ᠋ᠠᠨ
《ᠡᠵᠢ ᠡ᠂ ᠪᠦᠬᠡ ᠪᠠᠷᠢᠯᠳᠤᠶ᠎ᠡ!》
 
            