ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠰᠤᠷᠪᠤᠯᠵᠢᠯᠠᠭ᠎ᠠ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠳ᠋ᠢᠩ ᠶᠠ ᠯᠢᠨ᠄ ᠬᠥᠳᠡᠭᠡ ᠲᠣᠰᠬᠣᠨ᠎ᠤ ᠲᠠᠯᠠᠪᠤᠷ ᠲᠥᠬᠦᠭᠡᠷᠦᠮᠵᠢ ᠵᠢ ᠵᠦᠢ ᠵᠣᠬᠢᠰᠲᠠᠢ ᠪᠠᠢ᠌ᠷᠢᠯᠠᠭᠤᠯᠵᠤ᠂ ᠣᠯᠠᠨ ᠲᠦᠮᠡᠨ᠎ᠳᠤ ᠨᠠᠩ ᠢᠯᠡᠭᠦᠦ ᠠᠰᠢᠭ ᠭᠥᠷᠳᠡᠭᠰᠡᠨ ᠲᠥᠷᠥᠭᠳᠡᠯ ᠣᠯᠭᠣᠨ᠎ᠠ
ᠨᠡᠶ᠋ᠢᠲᠡᠯᠡᠭᠰᠡᠨ ᠴᠠᠭ᠄ 2023-03-14

    《ᠨᠠᠩ ᠥᠨᠳᠥᠷ ᠬᠢᠷᠢ ᠲᠦᠪᠰᠢᠨ ᠪᠦᠬᠦᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠬᠤ᠎ᠳᠤ ᠬᠥᠳᠡᠭᠡ ᠲᠣᠰᠬᠣᠨ᠎ᠢ ᠨᠠᠩ ᠠᠩᠬᠠᠷᠬᠤ ᠬᠡᠷᠡᠭᠲᠡᠢ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠶᠡᠬᠡᠪᠡᠷ ᠠᠬᠢᠭᠤᠯᠵᠤ ᠪᠠᠢ᠌ᠭ᠎ᠠ ᠠᠬᠤᠢ ᠪᠠᠢ᠌ᠳᠠᠯ ᠳᠣᠣᠷ᠎ᠠ᠂ ᠪᠡᠶ᠎ᠡ ᠵᠢᠨ ᠲᠠᠮᠢᠷ᠎ᠨᠢ ᠬᠥᠮᠥᠨ᠎ᠤ ᠪᠡᠶ᠎ᠡ ᠮᠠᠬᠠᠪᠤᠳ᠎ᠤᠨ ᠡᠷᠡᠭᠦᠯ ᠴᠢᠭᠢᠷᠠᠭ᠎ᠢ   ᠠᠬᠢᠭᠤᠯᠬᠤ᠎ᠪᠠᠷ ᠪᠠᠷᠠᠬᠤ ᠦᠭᠡᠢ᠂ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠤᠨ ᠰᠢᠨ᠎ᠡ ᠪᠠᠢ᠌ᠳᠠᠯ᠎ᠢ ᠪᠤᠢ ᠪᠤᠯᠭ᠋ᠠᠵᠦ ᠦᠭᠳᠡᠭ᠃ ᠪᠡᠶ᠎ᠡ ᠵᠢᠨ ᠲᠠᠮᠢᠷ᠎ᠤᠨ ᠦᠢ᠍ᠯᠡᠳᠦᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠤᠮᠳᠠ ᠪᠠᠳᠠᠷᠠᠭᠤᠯᠬᠤ᠎ᠳᠤ᠂ ᠡᠩ ᠲᠡᠷᠢᠭᠦᠨ᠎ᠳᠤ ᠲᠣᠰᠬᠣᠨ᠎ᠤ ᠠᠷᠠᠳ᠎ᠤᠨ ᠳᠡᠷᠭᠡᠳᠡᠬᠢ ᠪᠡᠶ᠎ᠡ ᠵᠢᠨ ᠲᠠᠮᠢᠷ᠎ᠤᠨ ᠲᠠᠯᠠᠪᠤᠷ ᠲᠥᠬᠦᠭᠡᠷᠦᠮᠵᠢ ᠵᠢ ᠪᠠᠲᠤᠯᠠᠵᠤ᠂ ᠤᠯᠠᠨ ᠲᠦᠮᠡᠨ᠎ᠤ ᠡᠳᠦᠷ ᠲᠤᠳᠤᠮ᠎ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠵᠢ ᠬᠠᠩᠭ᠋ᠠᠬᠤ ᠬᠡᠷᠡᠭᠲᠡᠢ》᠃ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠬᠤᠪᠧᠢ ᠮᠤᠵᠢ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠳ᠋ᠢᠩ ᠶᠠ ᠯᠢᠨ ᠡᠨᠡ ᠤᠳᠠᠭ᠎ᠠ ᠵᠢᠨ ᠪᠦᠬᠦ ᠤᠯᠤᠰ᠎ᠤᠨ ᠬᠣᠶᠠᠷ ᠬᠤᠷᠠᠯ᠎ᠳᠤ ᠬᠥᠳᠡᠭᠡ ᠲᠣᠰᠬᠣᠨ᠎ᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠯᠠᠪᠠᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠰᠠᠨᠠᠯ ᠲᠤᠷᠠᠳᠤᠯᠭ᠎ᠠ ᠲᠤᠷᠠᠳᠪᠠ᠃
    2023 ᠣᠨ᠎ᠤ 1 ᠰᠠᠷ᠎ᠠ᠎ᠠᠴᠠ 2 ᠰᠠᠷ᠎ᠠ ᠪᠣᠯᠲᠠᠯ᠎ᠠ᠂ ᠬᠤᠸᠠᠵᠦ᠋ᠩ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠪᠦᠬᠦ ᠤᠯᠤᠰ᠎ᠤᠨ ᠡᠯ᠎ᠡ ᠭᠠᠵᠠᠷ᠎ᠤᠨ 98 ᠲᠣᠰᠬᠣᠨ᠎ᠳᠤ ᠬᠦᠷᠴᠦ᠂ ᠬᠥᠳᠡᠭᠡ ᠲᠣᠰᠬᠣᠨ᠎ᠤ ᠪᠡᠶ᠎ᠡ ᠵᠢᠨ ᠲᠠᠮᠢᠷ᠎ᠤᠨ ᠲᠥᠬᠦᠭᠡᠷᠦᠮᠵᠢ ᠵᠢᠨ ᠣᠳᠣᠬᠢ ᠪᠠᠢ᠌ᠳᠠᠯ᠎ᠤᠨ ᠲᠣᠭᠣᠷᠢᠨ᠎ᠳᠤ ᠠᠰᠠᠭᠤᠯᠲᠠ ᠵᠢᠨ ᠬᠠᠭᠤᠳᠠᠰᠤ᠎ᠪᠠᠷ ᠪᠠᠢ᠌ᠴᠠᠭ᠋ᠠᠯᠳᠠ ᠬᠢᠪᠡ᠃ ᠪᠠᠢ᠌ᠴᠠᠭ᠋ᠠᠯᠲᠠ ᠵᠶ᠋ᠠᠷ ᠲᠠᠮᠵᠢᠨ᠂ 《ᠪᠠᠢ᠌ᠬᠤ ᠡᠰᠡᠬᠦ》᠎ᠲᠠᠢ ᠬᠠᠷᠢᠴᠠᠭᠤᠯᠪᠠᠯ᠂ 《ᠰᠢᠯᠢᠳᠡᠭ ᠡᠰᠡᠬᠦ》 ᠵᠢᠨ ᠠᠰᠠᠭᠤᠳᠠᠯ᠎ᠨᠢ ᠠᠳᠠᠯᠢᠬᠠᠨ ᠵᠠᠩᠭᠢᠯᠠᠭ᠎ᠠ ᠪᠤᠯᠬᠤ ᠵᠢ ᠤᠯᠵᠦ ᠮᠡᠳᠡᠪᠡ᠃ ᠳ᠋ᠢᠩ ᠶᠠ ᠯᠢᠨ᠎ᠠᠴᠠ᠄ 《ᠪᠡᠶ᠎ᠡ ᠵᠢᠨ ᠲᠠᠮᠢᠷ᠎ᠤᠨ ᠲᠠᠯᠠᠪᠠᠢ ᠲᠥᠬᠦᠭᠡᠷᠦᠮᠵᠢ ᠪᠣᠯ ᠦᠨᠳᠦᠰᠦᠨ ᠪᠠᠲᠤᠯᠠᠭ᠎ᠠ ᠮᠥᠨ᠂ ᠲᠠᠯᠠᠪᠠᠢ ᠵᠢ ᠭᠡᠷ᠎ᠤᠨ ᠡᠭᠦᠳᠡᠨ᠎ᠳᠤ ᠪᠠᠢ᠌ᠭᠤᠯᠵᠤ᠂ ᠲᠣᠰᠬᠣᠨ᠎ᠤ ᠠᠷᠠᠳ᠎ᠤᠨ ᠡᠳᠦᠷ ᠲᠤᠳᠤᠮ᠎ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠵᠢ ᠬᠠᠩᠭ᠋ᠠᠵᠤ᠂ ᠤᠷᠳᠤ ᠬᠤᠭᠤᠴᠠᠭ᠎ᠠ᠎ᠪᠠᠷ ᠪᠡᠶ᠎ᠡ ᠵᠢᠨ ᠲᠠᠮᠢᠷ᠎ᠤᠨ ᠪᠣᠯᠪᠠᠰᠤᠷᠠᠯ ᠬᠢᠪᠡᠯ ᠰᠠᠶᠢ ᠡᠷᠡᠭᠦᠯ ᠴᠢᠭᠢᠷᠠᠭ᠎ᠢ ᠨᠡᠩ ᠰᠠᠢ᠌ᠨ ᠠᠬᠢᠭᠤᠯᠵᠤ ᠴᠢᠳᠠᠨ᠎ᠠ᠃ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠭᠦᠨᠵᠡᠭᠡᠢ᠌ᠷᠡᠨ ᠬᠡᠷᠡᠭᠵᠢᠭᠦᠯᠦᠭᠳᠡᠬᠦ ᠵᠢ ᠳᠠᠭ᠋ᠠᠯᠳᠤᠨ᠂ ᠬᠥᠮᠥᠨ ᠪᠦᠷᠢ᠎ᠳᠤ ᠳᠤᠮᠳᠠᠴᠢ᠎ᠪᠠᠷ ᠨᠣᠭᠳᠠᠬᠤ ᠪᠡᠶ᠎ᠡ ᠵᠢᠨ ᠲᠠᠮᠢᠷ᠎ᠤᠨ ᠲᠠᠯᠠᠪᠠᠶ᠎ᠨᠢ ᠢᠮᠠᠭᠲᠠ ᠳᠡᠭᠡᠭᠰᠢᠯᠡᠵᠦ ᠪᠠᠢ᠌ᠬᠤ᠎ᠳᠤ᠂ ᠠᠷᠠᠳ ᠢᠷᠭᠡᠳ ᠶᠠᠭᠤᠨ᠎ᠤ ᠤᠴᠢᠷ᠎ᠠᠴᠠ ᠪᠠᠰᠠ ᠲᠠᠯᠠᠪᠤᠷ ᠪᠠᠢ᠌ᠬᠤ ᠦᠭᠡᠢ ᠭᠡᠵᠡᠭᠡᠳᠡᠭ ᠪᠣᠶ᠂ ᠨᠢᠭᠡ ᠲᠠᠯ᠎ᠠ᠎ᠪᠠᠷ ᠲᠣᠭ᠎ᠠ ᠬᠡᠮᠵᠢᠶᠡᠨ᠎ᠤ ᠬᠠᠩᠭ᠋ᠠᠯᠭ᠎ᠠ ᠵᠢ ᠪᠠᠰᠠ ᠨᠡᠮᠡᠭᠳᠡᠭᠦᠯᠬᠦ ᠴᠢᠬᠤᠯᠠᠲᠠᠢ ᠪᠠᠢ᠌ᠨ᠎ᠠ᠂ ᠨᠥᠭᠥᠭᠡ ᠲᠠᠯ᠎ᠠ᠎ᠪᠠᠷ᠂ ᠬᠥᠳᠡᠭᠡ ᠲᠣᠰᠬᠣᠨ᠎ᠤ ᠬᠥᠮᠥᠨ ᠠᠮᠠ ᠨᠡᠯᠢᠶᠡᠳ ᠲᠠᠷᠠᠬᠠᠢ ᠪᠤᠲᠠᠷᠬᠠᠢ ᠪᠠᠢ᠌ᠵᠤ᠂ ᠬᠥᠮᠥᠨ ᠠᠮᠠ ᠵᠢᠨ ᠬᠡᠪᠴᠢᠶ᠎ᠡ ᠵᠢ ᠵᠦᠢ ᠵᠣᠬᠢᠰᠲᠠᠢ ᠪᠠᠢ᠌ᠷᠢᠰᠢᠭᠤᠯᠵᠤ᠂ ᠰᠣᠶᠣᠯ ᠪᠡᠶ᠎ᠡ ᠵᠢᠨ ᠲᠠᠮᠢᠷ᠎ᠤᠨ ᠲᠥᠬᠦᠭᠡᠷᠦᠮᠵᠢ ᠵᠢ ᠬᠣᠯᠪᠣᠯᠳᠤᠭᠤᠯᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠬᠦ᠎ᠳᠤ ᠲᠠᠯᠠᠪᠤᠷ ᠭᠠᠵᠠᠷ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠲᠡᠭᠡᠭᠰᠢᠯᠡᠬᠦᠯᠬᠦ᠎ᠨᠢ ᠵᠠᠩᠭᠢᠯᠠᠭ᠎ᠠ ᠪᠤᠯᠤᠨ᠎ᠡ᠃ ᠡᠭᠦᠨ᠎ᠠᠴᠠ ᠭᠠᠳᠠᠨ᠎ᠠ᠂ ᠬᠥᠳᠡᠭᠡ ᠲᠣᠰᠬᠣᠨ᠎ᠤ ᠮᠠᠰᠢ ᠣᠯᠠᠨ ᠪᠠᠢ᠌ᠩᠭᠤ ᠰᠠᠭᠤᠭ᠎ᠠ ᠬᠥᠮᠥᠨ ᠠᠮᠠ ᠵᠢᠨ ᠤᠯᠠᠩᠭᠢ᠎ᠨᠢ ᠨᠠᠰᠤᠲᠠᠢ᠌ᠴᠤᠳ ᠪᠠ ᠬᠡᠦᠬᠡᠳ ᠪᠠᠢ᠌ᠵᠦ᠂ ᠨᠠᠰᠤᠵᠢᠯᠲᠠ᠎ᠳᠤ ᠲᠣᠬᠢᠷᠠᠬᠤ ᠪᠡᠶ᠎ᠡ ᠵᠢᠨ ᠲᠠᠮᠢᠷ᠎ᠤᠨ ᠲᠥᠬᠦᠭᠡᠷᠦᠮᠵᠢ ᠪᠤᠶᠤ ᠬᠡᠦᠬᠡᠳ᠎ᠤᠨ ᠵᠤᠭ᠎ᠠ ᠴᠡᠩᠭᠡᠯ᠎ᠤᠨ ᠲᠥᠬᠦᠭᠡᠷᠦᠮᠵᠢ ᠲᠤᠲᠠᠭᠳᠠᠵᠤ᠂ ᠪᠠᠰᠠ ᠬᠠᠩᠭ᠋ᠠᠯᠭ᠎ᠠ ᠬᠡᠷᠡᠭᠴᠡᠭᠡ ᠵᠢ ᠪᠤᠷᠤᠭᠤ ᠲᠣᠬᠢᠷᠠᠭᠤᠯᠬᠤ ᠠᠰᠠᠭᠤᠳᠠᠯ ᠣᠷᠣᠰᠢᠵᠤ ᠪᠠᠢ᠌ᠨ᠎ᠠ》 ᠭᠡᠵᠡᠢ᠃
    ᠳ᠋ᠢᠩ ᠶᠠ ᠯᠢᠨ ᠰᠠᠨᠠᠭᠤᠯᠬᠤ᠎ᠳᠠᠭᠠᠨ᠂ ᠬᠥᠳᠡᠭᠡ ᠲᠣᠰᠬᠣᠨ᠎ᠤ ᠪᠡᠶ᠎ᠡ ᠵᠢᠨ ᠲᠠᠮᠢᠷ᠎ᠤᠨ ᠲᠠᠯᠠᠪᠠᠶ ᠲᠥᠬᠦᠭᠡᠷᠦᠮᠵᠢ ᠵᠢ ᠬᠥᠮᠥᠨ ᠪᠠ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠬᠠᠩᠭ᠋ᠠᠬᠤ ᠬᠡᠷᠡᠭᠲᠡᠢ᠃ ᠨᠠᠰᠤᠲᠠᠢ᠌ᠴᠤᠳ᠎ᠤᠨ ᠪᠡᠶ᠎ᠡ ᠴᠢᠭᠢᠷᠠᠭᠵᠢᠭᠤᠯᠬᠤ᠎ᠳᠤ ᠲᠣᠬᠢᠷᠠᠮᠵᠢᠲᠠᠢ ᠪᠠᠭ᠋ᠠᠵᠢ ᠬᠡᠷᠡᠭᠰᠡᠯ᠎ᠤᠨ ᠲᠥᠬᠦᠭᠡᠷᠦᠮᠵᠢ ᠵᠢ ᠨᠡᠮᠡᠨ ᠪᠠᠢ᠌ᠭᠤᠯᠵᠤ᠂ ᠬᠥᠳᠡᠭᠡ ᠲᠣᠰᠬᠣᠨ᠎ᠤ ᠪᠡᠶ᠎ᠡ ᠵᠢᠨ ᠲᠠᠮᠢᠷ᠎ᠤᠨ ᠲᠠᠯᠠᠪᠤᠷ ᠲᠥᠬᠦᠭᠡᠷᠦᠮᠵᠢ ᠵᠢᠨ ᠬᠠᠭᠤᠴᠢᠨ᠎ᠢ ᠵᠠᠰᠠᠵᠦ ᠦᠭᠡᠷᠡᠴᠢᠯᠡᠬᠦ ᠬᠡᠷᠡᠭᠳᠡᠢ᠃ ᠲᠣᠰᠬᠣᠨ᠎ᠤ ᠠᠷᠠᠳ᠎ᠤᠨ ᠬᠡᠷᠡᠭᠴᠡᠭᠡ ᠱᠠᠭ᠋ᠠᠷᠳᠠᠯᠭ᠎ᠠ᠎ᠪᠠᠨ ᠢᠯᠡᠳᠬᠡᠬᠦ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ 《ᠲᠠᠷᠢᠶᠠᠴᠢᠳ᠎ᠤᠨ ᠵᠠᠬᠢᠶᠠᠯᠠᠭ᠎ᠠ ᠵᠢᠨ ᠬᠠᠭᠤᠳᠠᠰᠤ》 ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠵᠠᠭᠪᠤᠷ᠎ᠢ ᠰᠦᠪᠡᠭᠴᠢᠯᠡᠨ᠎ᠡ᠃ ᠬᠥᠳᠡᠭᠡ ᠲᠣᠰᠬᠣᠨ᠎ᠤ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠬᠢᠭᠡᠳ ᠬᠥᠳᠡᠭᠡ ᠲᠣᠰᠬᠣᠨ᠎ᠤ ᠲᠣᠮᠣ ᠲᠠᠪᠴᠠᠩ᠂ ᠲᠠᠷᠢᠶᠠᠴᠢᠨ ᠠᠢ᠌ᠯ᠎ᠤᠨ ᠨᠣᠮ᠎ᠤᠨ ᠥᠷᠥᠭᠡ ᠵᠡᠷᠭᠡ ᠬᠥᠳᠡᠭᠡ ᠲᠣᠰᠬᠣᠨ᠎ᠤ ᠣᠯᠠᠨ ᠨᠡᠶ᠋ᠢᠲᠡ ᠵᠢᠨ ᠰᠣᠶᠣᠯ᠎ᠤᠨ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠨ ᠡᠮᠬᠢᠯᠡᠨ ᠨᠡᠶ᠋ᠢᠯᠡᠭᠦᠯᠬᠦ ᠵᠢ ᠴᠢᠩᠭ᠋ᠠᠳᠬᠠᠵᠤ᠂ ᠰᠣᠶᠣᠯ ᠲᠠᠮᠢᠷ᠎ᠤᠨ ᠠᠭᠤᠰᠤᠯᠴᠠᠭᠰᠠᠨ᠂ ᠠᠷᠠᠳ᠎ᠲᠤ ᠲᠥᠬᠥᠮ ᠠᠷᠠᠳ᠎ᠲᠤ ᠠᠰᠢᠭᠲᠠᠢ ᠣᠯᠠᠨ ᠨᠡᠶ᠋ᠢᠲᠡ ᠵᠢᠨ ᠰᠣᠶᠣᠯ ᠲᠠᠮᠢᠷ᠎ᠤᠨ ᠣᠷᠣᠨ ᠵᠠᠢ ᠵᠢ ᠪᠣᠶ ᠪᠣᠯᠭ᠋ᠠᠨ᠎ᠠ᠃ ᠡᠭᠦᠨ᠎ᠤ ᠬᠠᠮᠲᠤ᠂ ᠲᠥᠯᠦᠪᠵᠢᠭᠦᠯᠭᠡ ᠪᠠᠢ᠌ᠷᠢᠰᠢᠭᠤᠯᠤᠯᠲᠠ ᠵᠢᠨ ᠲᠠᠯ᠎ᠠ᠎ᠪᠠᠷ᠂ ᠪᠡᠶ᠎ᠡ ᠵᠢᠨ ᠲᠠᠮᠢᠷ᠎ᠤᠨ ᠲᠥᠬᠦᠭᠡᠷᠦᠮᠵᠢ ᠪᠣᠯᠣᠨ ᠬᠥᠳᠡᠭᠡ ᠲᠣᠰᠬᠣᠨ᠎ᠤ ᠪᠠᠢ᠌ᠭ᠋ᠠᠯᠢ ᠵᠢᠨ ᠦᠵᠡᠮᠵᠢ ᠪᠠᠢ᠌ᠳᠠᠯ᠎ᠢ ᠤᠶᠠᠯᠳᠤᠭᠤᠯᠬᠤ ᠵᠢ ᠴᠢᠬᠤᠯᠠᠴᠢᠯᠠᠵᠤ᠂ ᠬᠤᠯᠪᠤᠵᠦ ᠪᠠᠢ᠌ᠭ᠋ᠠᠳ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠠᠢ᠌ᠭ᠋ᠠᠯᠢ ᠵᠢᠨ ᠠᠮᠢᠳᠤᠷᠠᠯ᠎ᠤᠨ ᠵᠢᠷᠤᠭ ᠲᠥᠰᠥᠪ᠎ᠢ ᠪᠣᠯᠭ᠋ᠠᠵᠤ᠂ ᠲᠣᠰᠬᠣᠨ᠎ᠤ ᠠᠷᠠᠳ᠎ᠤᠨ ᠪᠡᠶ᠎ᠡ ᠴᠢᠭᠢᠷᠠᠭᠵᠢᠭᠤᠯᠬᠤ ᠬᠦᠰᠡᠯ᠎ᠢ ᠬᠥᠭᠵᠢᠭᠡᠵᠦ᠂ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠵᠢ ᠬᠠᠩᠭ᠋ᠠᠬᠤ ᠬᠡᠷᠡᠭᠲᠡᠢ; ᠥᠨᠴᠥᠭ ᠪᠤᠯᠤᠩ ᠭᠠᠵᠠᠷ᠂ ᠰᠤᠯᠠ ᠪᠠᠢ᠌ᠬᠤ ᠭᠡᠷ ᠪᠠᠢ᠌ᠰᠢᠩ᠂ ᠲᠦᠷᠭᠡᠨ ᠵᠠᠮ᠎ᠤᠨ ᠬᠥᠭᠥᠷᠭᠡᠨ ᠳᠣᠣᠷᠠᠬᠢ ᠣᠷᠣᠨ ᠵᠠᠢ ᠵᠡᠷᠭᠡ ᠵᠢ ᠠᠰᠢᠭᠯᠠᠨ᠂ ᠬᠥᠳᠡᠭᠡ ᠲᠣᠰᠬᠣᠨ᠎ᠤ ᠭᠡᠷ ᠳᠣᠲᠣᠷᠠᠬᠢ ᠵᠢᠵᠢᠭ ᠬᠡᠯᠪᠡᠷᠢ ᠵᠢᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠲᠣᠰᠬᠣᠨ᠎ᠤ ᠠᠷᠠᠳ᠎ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃

ᠢᠷᠡᠯᠲᠡ᠄ ᠲᠤᠮᠳᠠᠳᠦ ᠤᠯᠤᠰ᠎ᠤᠨ ᠪᠡᠶ᠎ᠡ ᠵᠢᠨ ᠲᠠᠮᠢᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠸᠸᠨ ᠰᠢᠶᠣᠣ ᠶᠠᠨ᠄ ᠪᠡᠶ᠎ᠡ ᠵᠢᠨ ᠲᠠᠮᠢᠷ᠎ᠤᠨ ᠡᠷᠴᠢ ᠬᠦᠴᠦᠨ᠎ᠢ ᠮᠡᠳᠡᠷᠡᠵᠦ᠂ ᠰᠠᠢ᠌ᠨ ᠰᠠᠢ᠌ᠬᠠᠨ ᠠᠮᠢᠳᠤᠷᠠᠯ ᠵᠦᠭ ᠬᠠᠯᠠᠭᠤᠨ ᠭᠠᠷ ᠵᠶ᠋ᠠᠨ ᠰᠤᠩᠭ᠋ᠠᠨ᠎ᠠ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠰᠢᠦᠢ ᠢᠦᠢ ᠬᠤᠸᠠ᠄ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠤ ᠰᠢᠯᠵᠢᠯᠲᠡ ᠵᠢᠨ ᠲᠣᠭᠲᠠᠴᠠ ᠵᠢ ᠤᠯᠠᠮ ᠨᠢᠭᠡ ᠲᠡᠭᠦᠯᠳᠡᠷᠵᠢᠭᠦᠯᠬᠦ ᠵᠢ ᠬᠦᠰᠡᠵᠦ ᠪᠠᠢ᠌ᠨ᠎ᠡ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠸᠠᠩ ᠶᠦᠩ ᠹᠧᠩ᠄ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠵᠦ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠢᠨ᠎ᠡ᠎ᠪᠠᠷ ᠪᠤᠢ ᠪᠤᠯᠤᠭᠰᠠᠨ ᠲᠦᠷᠦᠯ ᠵᠦᠢ᠍ᠯ᠎ᠤᠨ ᠬᠦᠭᠵᠢᠯᠳᠡ ᠵᠢ ᠠᠬᠢᠭᠤᠯᠤᠨ᠎ᠡ
ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠳᠠᠷᠤᠭ᠎ᠠ ᠭᠣᠸ᠋ ᡁᠢ ᠳ᠋ᠠᠨ᠄ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠥᠭᠵᠢᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ 《ᠭᠤᠷᠪᠠᠨ ᠲᠣᠮᠣ ᠪᠥᠮᠪᠥᠭᠡ》 ᠵᠢ ᠬᠥᠭᠵᠢᠭᠦᠯᠦᠨ ᠮᠠᠨᠳᠤᠭᠤᠯᠬᠤ᠎ᠪᠠᠷ ᠡᠷᠡᠰ ᠵᠣᠷᠢᠭ ᠰᠢᠭᠤᠳᠴᠤ᠂ ᠪᠥᠬᠥ ᠠᠷᠠᠳ᠎ᠤᠨ ᠪᠡᠶ᠎ᠡ ᠴᠢᠬᠢᠷᠠᠭᠵᠢᠭᠤᠯᠬᠤ ᠪᠠ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠢ ᠴᠢᠩᠭ᠋ᠠᠳᠬᠠᠨ᠎ᠠ
ᠲᠠᠯ᠎ᠠ ᠵᠢᠨ ᠭᠦᠨ᠎ᠳᠠᠬᠢ ᠬᠥᠯ ᠪᠥᠮᠪᠥᠭᠡ ᠵᠢᠨ ᠤᠷᠤᠯᠳᠤᠭ᠋ᠠᠨ
 
            