ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠰᠤᠷᠪᠤᠯᠵᠢᠯᠠᠭ᠎ᠠ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠸᠠᠩ ᠶᠦᠩ ᠹᠧᠩ᠄ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠵᠦ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠢᠨ᠎ᠡ᠎ᠪᠠᠷ ᠪᠤᠢ ᠪᠤᠯᠤᠭᠰᠠᠨ ᠲᠦᠷᠦᠯ ᠵᠦᠢ᠍ᠯ᠎ᠤᠨ ᠬᠦᠭᠵᠢᠯᠳᠡ ᠵᠢ ᠠᠬᠢᠭᠤᠯᠤᠨ᠎ᠡ
ᠨᠡᠶ᠋ᠢᠲᠡᠯᠡᠭᠰᠡᠨ ᠴᠠᠭ᠄ 2023-03-15

    ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠠᠭᠤᠯᠠ ᠠᠪᠠᠷᠢᠬᠤ ᠲᠥᠪ᠎ᠤᠨ ᠳᠡᠳ᠋ ᠡᠷᠬᠢᠯᠡᠭᠴᠢ᠂ ᠳᠤᠮᠳᠠᠳᠤ ᠤᠯᠤᠰ᠎ᠤᠨ ᠠᠭᠤᠯᠠ ᠠᠪᠠᠷᠢᠬᠤ ᠨᠡᠢ᠌ᠭᠡᠮᠯᠢᠭ᠎ᠤᠨ ᠳᠡᠳ᠋ ᠲᠡᠷᠢᠭᠦᠯᠡᠭᠴᠢ ᠸᠠᠩ ᠶᠦᠩ ᠹᠧᠩ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠪᠠ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠢ ᠠᠭᠤᠰᠤᠯᠴᠠᠭᠤᠯᠬᠤ ᠬᠣᠯᠪᠣᠭᠳᠠᠯ ᠪᠦᠬᠦᠢ ᠠᠰᠠᠭᠤᠳᠠᠯ᠎ᠢ ᠲᠤᠢ᠌ᠯ ᠵᠶ᠋ᠠᠷ ᠠᠩᠬᠠᠷᠴᠤ ᠪᠤᠢ᠃ ᠡᠨᠡ ᠵᠢᠯ ᠲᠡᠷᠡ ᠬᠣᠶᠠᠷ ᠬᠤᠪᠢ ᠰᠠᠨᠠᠯ ᠳᠤᠷᠠᠳᠤᠯᠭ᠎ᠠ ᠠᠪᠴᠢᠷᠠᠪᠠ᠂ ᠨᠢᠭᠡ᠎ᠨᠢ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ ᠪᠣᠯᠣᠨ ᠶᠡᠬᠡ ᠳᠡᠭᠡᠳᠦ ᠰᠤᠷᠭ᠋ᠠᠭᠤᠯᠢ ᠬᠠᠮᠲᠤ᠎ᠪᠠᠷ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠢᠨ᠎ᠡ᠎ᠪᠠᠷ ᠪᠤᠢ ᠪᠤᠯᠤᠭᠰᠠᠨ ᠲᠥᠷᠥᠯ ᠵᠦᠢ᠍ᠯ᠎ᠤᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠰᠢᠰᠲ᠋ᠧᠮ᠎ᠢ ᠪᠠᠶ᠋ᠢᠭᠤᠯᠬᠤ ᠲᠤᠬᠠᠢ ᠪᠠᠢ᠌ᠵᠦ᠂   ᠨᠦᠬᠦᠭᠡ᠎ᠨᠢ ᠪᠡᠶ᠎ᠡ ᠵᠢᠨ ᠲᠠᠮᠢᠷ᠎ᠤᠨ ᠤᠯᠠᠮᠵᠢᠯᠠᠯᠲᠤ ᠣᠨᠴᠠᠯᠢᠭᠲᠤ ᠰᠤᠷᠭ᠋ᠠᠭᠤᠯᠢ ᠵᠢᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠬᠦ ᠲᠤᠬᠠᠢ ᠪᠤᠯᠤᠨ᠎ᠡ᠃

    《ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠦᠷᠭᠦᠯᠵᠢᠯᠡᠨ ᠪᠠᠢ᠌ᠴᠠᠭ᠋ᠠᠨ ᠰᠤᠳᠤᠯᠤᠯᠲᠠ ᠬᠢᠵᠦ᠂ ᠦᠷᠭᠦᠯᠵᠢᠯᠡᠨ ᠲᠠᠭᠤ ᠶᠠᠷᠢᠶ᠎ᠠ ᠭᠠᠷᠭ᠋ᠠᠨ᠂ ᠨᠢᠭᠡᠨ ᠤᠴᠢᠷ ᠶᠠᠪᠤᠳᠠᠯ᠎ᠢ ᠦᠷᠭᠦᠯᠵᠢᠯᠡᠨ ᠬᠢᠬᠦ᠎ᠨᠢ ᠮᠠᠰᠢ ᠰᠠᠢ᠌ᠨ ᠶᠤᠮ》᠃ ᠡᠭᠦᠨ᠎ᠠᠴᠠ ᠡᠮᠦᠨ᠎ᠡ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠪᠣᠯᠤᠭᠰᠠᠨ᠎ᠤ ᠬᠤᠪᠢ᠎ᠳᠤ᠂ ᠸᠠᠩ ᠶᠦᠩ ᠹᠧᠩ ᠡᠨᠡ ᠲᠠᠯ᠎ᠠ ᠵᠢᠨ ᠠᠰᠠᠭᠤᠳᠠᠯ᠎ᠢ ᠮᠠᠰᠢ ᠠᠩᠬᠠᠷᠴᠤ ᠪᠠᠢ᠌ᠪᠠ᠃ ᠲᠡᠷᠡ ᠬᠡᠯᠡᠬᠦ᠎ᠳᠡᠭᠡᠨ᠄ 《ᠡᠨᠡ ᠤᠳᠠᠭ᠎ᠠ ᠪᠢ ᠪᠤᠰᠤᠳ ᠭᠡᠰᠢᠭᠦᠳ᠎ᠲᠠᠢ ᠴᠦ᠍ ᠰᠠᠨᠠᠯ ᠵᠶ᠋ᠠᠨ ᠰᠤᠯᠢᠯᠴᠠᠪᠠ᠂ ᠳᠡᠳᠡᠨ᠎ᠤ ᠳᠣᠲᠣᠷ᠎ᠠ ᠦᠢ᠍ᠯᠡᠳᠦᠯᠭᠡ ᠵᠢᠨ ᠲᠠᠯ᠎ᠠ ᠵᠢᠨ ᠲᠤᠰᠬᠠᠢ ᠮᠡᠷᠭᠡᠵᠢᠯᠲᠡᠨ ᠪᠠᠢ᠌ᠬᠤ ᠪᠥᠭᠡᠳ ᠤᠨᠤᠯ᠎ᠤᠨ ᠲᠠᠯ᠎ᠠ ᠵᠢᠨ ᠲᠤᠰᠬᠠᠢ ᠮᠡᠷᠭᠡᠵᠢᠯᠲᠡᠨ ᠴᠦ᠍ ᠪᠠᠢ᠌ᠨ᠎ᠠ᠂ ᠤᠯᠠᠨ ᠵᠶ᠋ᠠᠷ ᠵᠶ᠋ᠠᠨ ᠬᠠᠮᠲᠤ᠎ᠪᠠᠷ ᠴᠢᠷᠮᠠᠢ᠌ᠵᠤ᠂ ᠬᠠᠮᠲᠤ᠎ᠪᠠᠷ ᠪᠠᠢ᠌ᠴᠠᠭ᠋ᠠᠨ ᠰᠤᠳᠤᠯᠤᠯᠲᠠ ᠬᠢᠵᠦ᠂ ᠰᠠᠨᠠᠯ ᠵᠥᠪᠯᠡᠯᠭᠡ ᠵᠢ ᠨᠡᠩ ᠯᠠᠪᠳᠠᠭᠤᠨ᠂ ᠨᠡᠩ ᠰᠠᠢ᠌ᠨ ᠬᠢᠬᠦ᠎ᠪᠠᠷ ᠴᠢᠷᠮᠠᠢ᠌ᠨ᠎ᠠ》 ᠭᠡᠵᠡᠢ᠃
    ᠸᠠᠩ ᠶᠦᠩ ᠹᠧᠩ ᠢᠯᠡᠷᠬᠡᠢ᠌ᠯᠡᠬᠦ᠎ᠳᠡᠭᠡᠨ᠂ ᠨᠠᠮ ᠎ᠤᠨ   ᠬᠣᠷᠢᠳᠤᠭ᠋ᠠᠷ   ᠶᠡᠬᠡ   ᠬᠤᠷᠠᠯ ᠎ᠤᠨ   ᠢᠯᠡᠳᠬᠡᠯ᠎ᠳᠤ᠂ 《ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠢ ᠲᠦᠷᠭᠡᠪᠴᠢᠯᠡᠨ ᠪᠦᠲᠦᠭᠡᠨ ᠪᠠᠶ᠋ᠢᠭᠤᠯᠬᠤ ᠬᠡᠷᠡᠭᠲᠡᠢ》 ᠭᠡᠵᠦ ᠳᠤᠷᠠᠳᠤᠨ ᠭᠠᠷᠭ᠋ᠠᠵᠠᠢ᠂ ᠡᠢ᠌ᠮᠦ᠎ᠠᠴᠠ ᠫᠢᠩᠫᠠᠩ ᠪᠥᠮᠪᠥᠭᠡ᠂ ᠤᠰᠤᠨ᠎ᠳᠤ ᠬᠠᠷᠠᠢ᠌ᠬᠤ ᠵᠡᠷᠭᠡ ᠤᠯᠠᠮᠵᠢᠯᠠᠯᠲᠤ ᠳᠠᠪᠠᠭᠤᠯᠢᠭ ᠵᠦᠢ᠍ᠯᠡᠰ᠎ᠢ ᠪᠠᠲᠤᠯᠠᠬᠤ ᠵᠢᠨ ᠬᠠᠮᠲᠤ ᠪᠠᠰᠠ ᠠᠰᠬ᠎ᠠ ᠠᠪᠠᠷᠢᠬᠤ᠂ ᠴᠠᠰᠤᠨ᠎ᠳᠤ ᠭᠤᠯᠭᠤᠬᠤ᠂ ᠭᠤᠯᠭᠤᠭᠤᠷ ᠬᠠᠪᠲᠠᠰᠤ ᠵᠡᠷᠭᠡ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠢᠨ᠎ᠡ᠎ᠪᠠᠷ ᠪᠣᠶ ᠪᠣᠯᠤᠭᠰᠠᠨ ᠵᠦᠢ᠍ᠯᠡᠰ᠎ᠢ ᠳᠡᠮᠵᠢᠬᠦ ᠪᠠ ᠪᠠᠲᠤᠯᠠᠬᠤ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠢᠨ᠎ᠡ᠎ᠪᠠᠷ ᠪᠣᠶ ᠪᠣᠯᠤᠭᠰᠠᠨ ᠵᠦᠢ᠍ᠯᠡᠰ᠎ᠤᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ ᠭᠡᠵᠡᠢ᠃
    ᠸᠠᠩ ᠶᠦᠩ ᠹᠸᠩ᠎ᠤᠨ ᠦᠵᠡᠬᠦ᠎ᠪᠠᠷ᠂ ᠪᠡᠯᠡᠳᠬᠡᠯ ᠴᠢᠳᠠᠪᠤᠷᠢᠲᠠᠨ᠂ ᠮᠡᠷᠭᠡᠵᠢᠯ᠎ᠤᠨ ᠴᠢᠳᠠᠪᠤᠷᠢᠲᠠᠨ ᠲᠤᠲᠠᠭᠳᠠᠵᠤ ᠪᠠᠢ᠌ᠬᠤ ᠵᠢᠴᠢ ᠰᠠᠭᠤᠷᠢ ᠲᠥᠬᠦᠭᠡᠷᠦᠮᠵᠢ ᠬᠦᠷᠦᠯᠴᠡᠬᠦ ᠦᠭᠡᠢ ᠪᠠᠢ᠌ᠬᠤ ᠵᠡᠷᠭᠡ ᠪᠣᠯ ᠣᠳᠣᠬᠠᠨ᠎ᠤ ᠮᠠᠨ᠎ᠤ ᠤᠯᠤᠰ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠰᠢᠨ᠎ᠡ᠎ᠪᠠᠷ ᠪᠤᠢ ᠪᠤᠯᠤᠭᠰᠠᠨ ᠲᠦᠷᠦᠯ ᠵᠦᠢ᠍ᠯ᠎ᠤᠨ ᠬᠥᠭᠵᠢᠯᠲᠡ ᠵᠢᠨ ᠳᠤᠮᠳᠠ ᠣᠷᠣᠰᠢᠵᠤ ᠪᠠᠢ᠌ᠭ᠎ᠠ ᠭᠣᠣᠯ ᠠᠰᠠᠭᠤᠳᠠᠯ ᠪᠣᠯᠣᠨ᠎ᠠ᠃ ᠰᠤᠷᠭ᠋ᠠᠭᠤᠯᠢ ᠵᠢᠨ ᠪᠡᠶ᠎ᠡ ᠵᠢᠨ ᠲᠠᠮᠢᠷ ᠪᠣᠯ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠵᠢᠨ ᠰᠠᠭᠤᠷᠢ ᠮᠥᠨ᠂ ᠲᠡᠷᠡ ᠰᠠᠨᠠᠭᠤᠯᠬᠤ᠎ᠳᠠᠭᠠᠨ᠂ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠤᠳ ᠳᠡᠭᠡᠳᠦ ᠰᠤᠷᠭ᠋ᠠᠭᠤᠯᠢ᠎ᠲᠠᠢ ᠬᠠᠮᠲᠤᠷᠠᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠢᠨ᠎ᠡ᠎ᠪᠠᠷ ᠪᠣᠶ ᠪᠣᠯᠤᠭᠰᠠᠨ ᠲᠦᠷᠦᠯ ᠵᠦᠢ᠍ᠯ ᠲᠦᠷᠦᠯ ᠵᠦᠢ᠍ᠯ᠎ᠤᠨ ᠪᠡᠯᠡᠳᠬᠡᠯ ᠴᠢᠳᠠᠪᠤᠷᠢᠳᠠᠨ᠎ᠢ ᠬᠦᠮᠦᠵᠢᠭᠦᠯᠬᠦ ᠰᠢᠰᠲᠸᠮ᠎ᠢ ᠪᠠᠢ᠌ᠭᠤᠯᠬᠤ ᠬᠡᠷᠡᠭᠳᠡᠢ᠃ ᠡᠭᠦᠨ᠎ᠤ ᠬᠠᠮᠲᠤ ᠪᠠᠰᠠ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ ᠬᠢᠭᠡᠳ ᠳᠡᠭᠡᠳᠦ ᠰᠤᠷᠭ᠋ᠠᠭᠤᠯᠢ ᠵᠢᠨ ᠬᠠᠮᠲᠤᠷᠠᠨ ᠠᠵᠢᠯᠯᠠᠬᠤ ᠲᠣᠭᠲᠠᠴᠠ ᠵᠢ ᠪᠠᠢ᠌ᠭᠤᠯᠵᠤ᠂ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠢᠨ᠎ᠡ᠎ᠪᠠᠷ ᠪᠤᠢ ᠪᠣᠯᠤᠭᠰᠠᠨ ᠵᠦᠢ᠍ᠯᠡᠰ᠎ᠤᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠲᠤᠷᠰᠢᠯᠲᠠ ᠵᠢᠨ ᠶᠡᠬᠡ ᠳᠡᠭᠡᠳᠦ ᠰᠤᠷᠭ᠋ᠠᠭᠤᠯᠢ ᠵᠢ ᠪᠠᠢ᠌ᠭᠤᠯᠵᠤ᠂ ᠳᠠᠰᠬᠠᠯᠵᠢᠭᠤᠯᠤᠭᠴᠢ ᠵᠢᠨ ᠪᠦᠯᠬᠦᠮ᠎ᠤᠨ ᠪᠠᠢ᠌ᠭᠤᠯᠤᠯᠲᠠ ᠪᠠ ᠬᠥᠮᠥᠵᠢᠭᠦᠯᠦᠯ᠎ᠢ ᠴᠢᠩᠭ᠋ᠠᠳᠬᠠᠵᠤ᠂ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠤᠨ ᠰᠢᠨ᠎ᠡ ᠵᠢ ᠡᠭᠦᠳᠬᠦ ᠬᠡᠷᠡᠭᠳᠡᠢ ᠭᠡᠵᠡᠢ᠃
    ᠪᠡᠶ᠎ᠡ ᠵᠢᠨ ᠲᠠᠮᠢᠷ᠎ᠤᠨ ᠤᠯᠠᠮᠵᠢᠯᠠᠯᠲᠤ ᠣᠨᠴᠠᠯᠢᠭᠲᠤ ᠰᠤᠷᠭ᠋ᠠᠭᠤᠯᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠬᠦ ᠰᠠᠨᠠᠯ ᠳᠤᠷᠠᠳᠤᠯᠭ᠎ᠠ᠎ᠳᠤ᠂ ᠸᠠᠩ ᠶᠦᠩ ᠹᠧᠩ 《ᠮᠠ ᠱᠠᠨ᠎ᠤ ᠵᠠᠭᠪᠤᠷ》᠎ᠢ ᠳᠤᠷᠠᠳᠪᠠ᠃ 2017 ᠣᠨ᠎ᠤ 8 ᠰᠠᠷ᠎ᠠ᠎ᠳᠤ ᠪᠥᠬᠥ ᠤᠯᠤᠰ᠎ᠤᠨ ᠠᠩᠬᠠᠳᠠᠭᠴᠢ ᠠᠰᠬ᠎ᠠ ᠠᠪᠠᠷᠢᠬᠤ ᠣᠨᠴᠠᠯᠢᠭᠲᠤ ᠪᠡᠶ᠎ᠡ ᠵᠢᠨ ᠲᠠᠮᠢᠷ᠎ᠤᠨ ᠵᠢᠵᠢᠭ ᠪᠠᠯᠭ᠋ᠠᠰᠤ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠮᠠ ᠱᠠᠨ ᠰᠢᠶᠠᠨ᠎ᠳᠤ ᠪᠤᠢ ᠪᠤᠯᠤᠭᠰᠠᠨ᠎ᠠᠴᠠ ᠨᠠᠰᠢ᠂ ᠲᠤᠬᠠᠢ ᠵᠢᠨ ᠭᠠᠵᠠᠷ᠎ᠤᠨ᠎ᠬᠢᠨ ᠠᠰᠬ᠎ᠠ ᠠᠪᠠᠷᠢᠬᠤ ᠣᠨᠴᠠᠯᠢᠭᠲᠤ ᠨᠠᠷᠠᠲᠤ ᠲᠡᠮᠳᠡᠭ᠎ᠢ ᠡᠭᠦᠳᠴᠦ᠂ ᠠᠰᠬ᠎ᠠ ᠠᠪᠠᠷᠢᠬᠤ ᠬᠥᠳᠡᠯᠭᠡᠭᠡᠨ᠎ᠢ ᠢᠳᠡᠪᠬᠢᠲᠡᠢ ᠬᠥᠭᠵᠢᠭᠦᠯᠵᠦ᠂ 《ᠠᠰᠬ᠎ᠠ ᠠᠪᠠᠷᠢᠬᠤ ᠵᠢ ᠰᠤᠷᠭ᠋ᠠᠭᠤᠯᠢ ᠵᠢᠨ ᠬᠦᠷᠢᠶᠡᠨ᠎ᠳᠤ ᠤᠷᠤᠭᠤᠯᠬᠤ》 ᠲᠥᠯᠥᠪᠯᠡᠭᠡ ᠵᠢ ᠬᠡᠷᠡᠭᠵᠢᠭᠦᠯᠦᠭᠰᠡᠨ ᠪᠠᠢ᠌ᠨ᠎ᠠ᠃ ᠬᠡᠳᠦᠨ ᠵᠢᠯ᠎ᠤᠨ ᠲᠤᠷᠰᠢ᠂ ᠮᠠ ᠱᠠᠨ ᠰᠢᠶᠠᠨ ᠨᠡᠶ᠋ᠢᠲᠡ 23 《ᠠᠰᠬ᠎ᠠ ᠠᠪᠠᠷᠢᠬᠤ ᠵᠢ ᠰᠤᠷᠭ᠋ᠠᠭᠤᠯᠢ ᠵᠢᠨ ᠬᠦᠷᠢᠶᠡᠨ᠎ᠳᠤ ᠤᠷᠤᠭᠤᠯᠬᠤ》 ᠲᠠᠯᠠᠪᠠᠶ ᠪᠠᠢ᠌ᠭᠤᠯᠵᠤ᠂   ᠠᠰᠬ᠎ᠠ ᠠᠪᠷᠢᠬᠤ ᠲᠠᠯᠠᠪᠠᠶ᠎ᠨᠢ 2665 ᠲᠡᠭᠰᠢ ᠳᠥᠷᠪᠡᠯᠵᠢᠨ ᠮᠧᠲᠷ᠎ᠲᠤ ᠬᠦᠷᠴᠦ᠂ ᠠᠰᠬ᠎ᠠ ᠠᠪᠠᠷᠢᠬᠤ ᠣᠯᠠᠨ ᠣᠨᠴᠠᠯᠢᠭᠲᠤ ᠰᠤᠷᠭ᠋ᠠᠭᠤᠯᠢ ᠵᠢ ᠪᠠᠢ᠌ᠭᠤᠯᠵᠤ᠂ ᠠᠰᠬ᠎ᠠ ᠠᠪᠷᠢᠬᠤ᠎ᠪᠠᠷ ᠣᠨᠴᠠᠯᠢᠭ ᠪᠣᠯᠭ᠋ᠠᠭᠰᠠᠨ ᠪᠡᠶ᠎ᠡ ᠵᠢᠨ ᠲᠠᠮᠢᠷ᠎ᠤᠨ ᠬᠥᠮᠦᠵᠢᠯ᠎ᠤᠨ ᠠᠭᠤᠰᠤᠯᠴᠠᠯ᠎ᠤᠨ ᠵᠠᠭᠪᠤᠷ᠎ᠢ ᠠᠩᠬ᠎ᠠ ᠠᠯᠬᠤᠮ ᠪᠣᠶ ᠪᠣᠯᠭ᠋ᠠᠵᠠᠢ᠃ ᠮᠠ ᠱᠠᠨ ᠰᠢᠶᠠᠨ᠎ᠤ 《ᠠᠰᠬ᠎ᠠ ᠠᠪᠠᠷᠢᠬᠤ ᠵᠢ ᠰᠤᠷᠭ᠋ᠠᠭᠤᠯᠢ ᠵᠢᠨ ᠬᠦᠷᠢᠶᠡᠨ᠎ᠳᠤ ᠤᠷᠤᠭᠤᠯᠬᠤ》 ᠲᠥᠯᠥᠪᠯᠡᠭᠡ᠎ᠨᠢ ᠴᠦ᠍ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠢ ᠤᠶᠠᠯᠳᠤᠭᠤᠯᠤᠭᠰᠠᠨ ᠨᠡᠢ᠌ᠲᠡᠯᠢᠭ ᠵᠢᠱ᠌ᠢᠶ᠎ᠡ ᠪᠣᠯᠵᠠᠢ᠃
    ᠡᠭᠦᠨ᠎ᠳᠤ ᠰᠠᠭᠤᠷᠢᠯᠠᠨ᠂ ᠸᠠᠩ ᠶᠦᠩ ᠹᠸᠩ ᠰᠠᠨᠠᠯ ᠳᠤᠷᠠᠳᠤᠯᠭ᠎ᠠ᠎ᠳᠠᠭᠠᠨ ᠲᠠᠪᠤᠨ ᠲᠠᠯ᠎ᠠ ᠵᠢᠨ ᠰᠠᠨᠠᠭᠤᠯᠭ᠎ᠠ ᠳᠤᠷᠠᠳᠴᠠᠢ᠃ ᠨᠢᠭᠡ᠎ᠳᠤ᠂ ᠲᠦᠷᠦ ᠵᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ ᠵᠢ ᠴᠢᠩᠭ᠋ᠠᠳᠬᠠᠵᠤ᠂ ᠲᠡᠭᠡᠳᠦ ᠲᠠᠪᠬᠤᠷᠭ᠎ᠠ ᠵᠢᠨ ᠲᠥᠯᠥᠪᠯᠡᠭᠡ ᠵᠢ ᠲᠡᠭᠦᠯᠳᠡᠷᠵᠢᠭᠦᠯᠦᠨ᠎ᠡ; ᠬᠣᠶᠠᠷ᠎ᠲᠤ᠂ ᠰᠠᠯᠠᠭ᠎ᠠ ᠮᠥᠴᠢᠷ᠎ᠤᠨ ᠠᠭᠤᠰᠤᠯᠴᠠᠯ᠎ᠢ ᠠᠬᠢᠭᠤᠯᠵᠤ᠂ ᠡᠬᠢ ᠪᠠᠶᠠᠯᠢᠭ᠎ᠢ ᠬᠠᠮᠲᠤᠪᠠᠷ ᠡᠳ᠋ᠯᠡᠬᠦ ᠵᠢ ᠪᠡᠶᠡᠯᠡᠭᠦᠯᠦᠨ᠎ᠡ; ᠭᠤᠷᠪᠠ᠎ᠳᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠵᠦ᠂ ᠲᠤᠯᠭ᠋ᠠᠭᠤᠷᠢᠯᠠᠯ ᠪᠠᠲᠤᠯᠠᠭ᠎ᠠ ᠵᠢ ᠥᠷᠭᠡᠳᠬᠡᠨ᠎ᠡ; ᠳᠥᠷᠪᠡ᠎ᠳᠤ ᠤᠷᠤᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ; ᠲᠠᠪᠤ᠎ᠳᠤ᠂ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠵᠢ ᠪᠠᠳᠠᠷᠠᠭᠤᠯᠵᠤ᠂ 《ᠮᠠ ᠱᠠᠨ᠎ᠤ ᠵᠠᠭᠪᠤᠷ》 ᠎ᠢ ᠳᠡᠯᠭᠡᠷᠡᠭᠦᠯᠦᠨ᠎ᠡ᠃

ᠢᠷᠡᠯᠲᠡ᠄ ᠲᠤᠮᠳᠠᠳᠦ ᠤᠯᠤᠰ᠎ᠤᠨ ᠪᠡᠶ᠎ᠡ ᠵᠢᠨ ᠲᠠᠮᠢᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠳᠠᠷᠤᠭ᠎ᠠ ᠭᠣᠸ᠋ ᡁᠢ ᠳ᠋ᠠᠨ᠄ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠥᠭᠵᠢᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ 《ᠭᠤᠷᠪᠠᠨ ᠲᠣᠮᠣ ᠪᠥᠮᠪᠥᠭᠡ》 ᠵᠢ ᠬᠥᠭᠵᠢᠭᠦᠯᠦᠨ ᠮᠠᠨᠳᠤᠭᠤᠯᠬᠤ᠎ᠪᠠᠷ ᠡᠷᠡᠰ ᠵᠣᠷᠢᠭ ᠰᠢᠭᠤᠳᠴᠤ᠂ ᠪᠥᠬᠥ ᠠᠷᠠᠳ᠎ᠤᠨ ᠪᠡᠶ᠎ᠡ ᠴᠢᠬᠢᠷᠠᠭᠵᠢᠭᠤᠯᠬᠤ ᠪᠠ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠢ ᠴᠢᠩᠭ᠋ᠠᠳᠬᠠᠨ᠎ᠠ
ᠲᠠᠯ᠎ᠠ ᠵᠢᠨ ᠭᠦᠨ᠎ᠳᠠᠬᠢ ᠬᠥᠯ ᠪᠥᠮᠪᠥᠭᠡ ᠵᠢᠨ ᠤᠷᠤᠯᠳᠤᠭ᠋ᠠᠨ
《ᠡᠵᠢ ᠡ᠂ ᠪᠦᠬᠡ ᠪᠠᠷᠢᠯᠳᠤᠶ᠎ᠡ!》
《ᠤᠷᠤᠯᠳᠤᠭ᠋ᠠᠨ᠎ᠳᠤ ᠤᠷᠤᠯᠴᠠᠭ᠋ᠠᠳ ᠤᠯᠠᠮ ᠢᠳᠡᠭᠡᠯ᠎ᠲᠠᠢ ᠪᠤᠯᠤᠯ᠎ᠠ!》
ᠲᠠᠪᠬᠢᠯᠠᠭᠤᠯᠤᠭ᠋ᠠᠷᠠᠢ᠂ ᠤᠨᠤᠭ᠋ᠠᠴᠢ ᠬᠦᠦ!
 
            