
ᠡᠨᠡ ᠵᠢᠯ᠎ᠤᠨ ᠬᠣᠶᠠᠷ ᠬᠤᠷᠠᠯ ᠳᠡᠭᠡᠷ᠎ᠡ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠮᠦᠭᠳᠡᠨ᠎ᠤ ᠪᠡᠶ᠎ᠡ ᠵᠢᠨ ᠲᠠᠮᠢᠷ᠎ᠤᠨ ᠳᠡᠭᠡᠳᠦ ᠰᠤᠷᠭ᠋ᠠᠭᠤᠯᠢ ᠵᠢᠨ ᠵᠠᠬᠢᠷᠤᠯ ᠯᠢᠦ ᠵᠧᠩ ᠮᠠᠨ᠎ᠤ ᠤᠯᠤᠰ᠎ᠤᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠰᠠᠨᠠᠯ ᠳᠤᠷᠠᠳᠤᠯᠭ᠎ᠠ ᠲᠤᠷᠠᠳᠴᠦ᠂ ᠮᠠᠨ᠎ᠤ ᠤᠯᠤᠰ᠎ᠤᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ ᠵᠢᠴᠢ ᠠᠵᠤ ᠦᠢ᠍ᠯᠡᠰ᠎ᠤᠨ ᠬᠥᠭᠵᠢᠯᠲᠡ ᠵᠢᠨ ᠳᠠᠯᠳᠠ ᠬᠦᠴᠦᠨ᠎ᠢ ᠴᠢᠨᠠᠭᠰᠢᠳᠠ ᠬᠥᠭᠵᠢᠭᠡᠬᠦ᠎ᠳᠤ ᠠᠷᠭ᠎ᠠ ᠤᠬᠠᠭ᠋ᠠᠨ ᠭᠠᠷᠭ᠋ᠠᠪᠠ᠃
ᠯᠢᠦ ᠵᠧᠩ᠎ᠤᠨ ᠦᠵᠡᠬᠦ᠎ᠪᠠᠷ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭᠯᠠᠭ᠋ᠠᠨ ᠠᠮᠵᠢᠯᠲᠠ᠎ᠲᠠᠢ ᠶᠠᠪᠤᠭᠳᠠᠭᠰᠠᠨ᠎ᠨᠢ ᠮᠠᠨ᠎ᠤ ᠤᠯᠤᠰ᠎ᠤᠨ ᠠᠷᠠᠳ ᠢᠷᠭᠡᠳ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠣᠷᠤᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠵᠡᠢ᠃ ᠪᠡᠭᠡᠵᠢᠩ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠳᠠᠷᠠᠭ᠎ᠠ᠂ ᠮᠠᠨ᠎ᠤ ᠤᠯᠤᠰ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ ᠵᠢᠴᠢ ᠠᠵᠤ ᠦᠢ᠍ᠯᠡᠰ᠎ᠤᠨ ᠬᠥᠭᠵᠢᠯᠲᠡ ᠵᠢᠨ ᠳᠠᠯᠳᠠ ᠬᠦᠴᠦᠨ ᠭᠦᠢ᠍ᠴᠡᠳ᠂ ᠭᠡᠪᠡᠴᠦ ᠡᠭᠦᠨ᠎ᠤ ᠬᠠᠮᠲᠤ ᠪᠡᠭᠡᠵᠢᠩ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠦᠷᠢᠰᠦᠯᠳᠦᠭᠡᠨ᠎ᠤ ᠳᠠᠪᠠᠭᠤᠯᠢᠭ᠎ᠢ ᠮᠠᠨ᠎ᠤ ᠤᠯᠤᠰ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢᠨ ᠬᠦᠴᠦᠷᠬᠡᠭ ᠶᠡᠬᠡ ᠬᠥᠳᠡᠯᠭᠡᠭᠦ ᠬᠦᠴᠦᠨ ᠪᠣᠯᠭ᠋ᠠᠨ ᠬᠤᠪᠢᠷᠠᠭᠤᠯᠵᠤ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ ᠵᠶ᠋ᠡᠷ ᠮᠥᠰᠥ ᠴᠠᠰᠤᠨ᠎ᠤ ᠠᠵᠤ ᠦᠢ᠍ᠯᠡᠰ᠎ᠤᠨ ᠬᠥᠭᠵᠢᠯᠲᠡ ᠵᠢ ᠨᠥᠯᠥᠭᠡᠯᠡᠨ ᠳᠠᠢ᠌ᠴᠢᠯᠠᠬᠤ᠎ᠳᠤ ᠮᠥᠨ ᠬᠦ᠌ ᠰᠢᠢ᠍ᠳᠪᠦᠷᠢᠯᠡᠬᠦ ᠴᠢᠬᠤᠯᠠᠲᠠᠢ ᠵᠠᠩᠭᠢᠯᠠᠭ᠎ᠠ ᠵᠢᠨ ᠠᠰᠠᠭᠤᠳᠠᠯ᠎ᠳᠤ ᠲᠤᠯᠭ᠋ᠠᠷᠠᠵᠤ ᠪᠠᠢ᠌ᠨ᠎ᠠ ᠭᠡᠳᠡᠭ᠎ᠢ ᠤᠯᠵᠦ ᠬᠠᠷᠠᠬᠤ ᠬᠡᠷᠡᠭᠳᠡᠢ᠂ ᠡᠨᠡ᠎ᠨᠢ ᠭᠣᠣᠯᠳᠠᠭᠤ ᠠᠷᠠᠳ ᠢᠷᠭᠡᠳ᠎ᠤᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠤᠯᠴᠠᠬᠤ ᠭᠦᠨᠴᠡ ᠬᠦᠷᠦᠯᠴᠡᠬᠦ ᠦᠭᠡᠢ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ᠎ᠤᠨ ᠪᠥᠬᠥ ᠲᠠᠯ᠎ᠠ ᠵᠢᠨ ᠥᠷᠢᠰᠦᠯᠳᠦᠬᠦ ᠬᠦᠴᠦᠨ ᠴᠢᠩᠭ᠎ᠠ ᠪᠢᠰᠢ᠂ ᠮᠥᠰᠥ ᠴᠠᠰᠤᠨ᠎ᠤ ᠲᠠᠯᠠᠪᠤᠷ᠎ᠤᠨ ᠲᠥᠬᠦᠭᠡᠷᠦᠮᠵᠢ ᠵᠢᠨ ᠳᠤᠲᠠᠭᠤᠳᠠᠯ ᠮᠥᠨ ᠬᠦ᠌ ᠨᠡᠢ᠌ᠳᠡᠮ ᠣᠷᠣᠰᠢᠵᠤ ᠪᠠᠢ᠌ᠬᠤ᠂ ᠶᠡᠬᠡ ᠳᠡᠭᠡᠳᠦ ᠰᠤᠷᠭ᠋ᠠᠭᠤᠯᠢ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ ᠳᠡᠢ᠌ᠯᠦᠭᠡᠳᠦᠢ ᠪᠠᠢ᠌ᠬᠤ ᠵᠡᠷᠭᠡ᠎ᠳᠤ ᠢᠯᠡᠷᠡᠵᠦ ᠪᠠᠢ᠌ᠨ᠎ᠠ᠃
ᠯᠢᠦ ᠵᠧᠩ ᠪᠠᠢ᠌ᠴᠠᠭ᠋ᠠᠨ ᠰᠤᠳᠤᠯᠤᠯᠲᠠ ᠬᠢᠬᠦ᠎ᠪᠠᠷ ᠳᠠᠮᠵᠢᠭ᠋ᠠᠳ᠂ ᠠᠷᠠᠳ ᠢᠷᠭᠡᠳ ᠭᠠᠭᠴᠠ ᠤᠳᠠᠭ᠎ᠠ ᠣᠷᠤᠯᠴᠠᠬᠤ ᠪᠤᠶᠤ ᠴᠦᠬᠡᠨ ᠣᠷᠣᠯᠴᠠᠵᠤ᠂ ᠪᠡᠶ᠎ᠡ᠎ᠪᠠᠷ ᠵᠶ᠋ᠡᠨ ᠣᠢ᠌ᠯᠠᠭ᠋ᠠᠬᠤ ᠮᠠᠶᠢᠭ᠎ᠤᠨ ᠴᠠᠰᠤᠨ᠎ᠳᠤ ᠭᠤᠯᠭᠤᠬᠤ ᠶᠠᠪᠤᠳᠠᠯ ᠨᠡᠯᠢᠶᠡᠳ ᠲᠣᠪᠣᠢ᠌ᠮ᠎ᠠ᠂ ᠠᠮᠠᠷᠠᠵᠦ ᠰᠡᠯᠡᠭᠦᠴᠡᠨ ᠴᠠᠰᠤᠨ᠎ᠳᠤ ᠭᠤᠯᠭᠤᠬᠤ ᠬᠥᠮᠥᠨ ᠠᠮᠠ ᠵᠢᠨ ᠡᠵᠡᠯᠡᠬᠦ ᠬᠠᠷᠢᠴᠠᠯ ᠬᠠᠷᠢᠴᠠᠩᠭᠤᠢ᠎ᠪᠠᠷ ᠨᠡᠯᠢᠶᠡᠳ ᠴᠥᠭᠡᠨ᠂ ᠮᠥᠰᠥ ᠴᠠᠰᠤᠨ᠎ᠤ ᠬᠦᠳᠡᠯᠭᠡᠭᠡᠨ᠎ᠤ ᠥᠷᠨᠢᠯᠲᠡ᠎ᠨᠢ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠠᠮᠢᠳᠤᠷᠠᠯ᠎ᠤᠨ ᠠᠷᠭ᠎ᠠ ᠮᠠᠶᠢᠭ ᠪᠣᠯᠵᠤ ᠬᠤᠪᠢᠷᠠᠭ᠋ᠠᠳᠤᠢ᠃ ᠣᠯᠠᠨ ᠤᠯᠤᠰ᠎ᠤᠨ ᠴᠠᠰᠤᠨ᠎ᠳᠤ ᠭᠤᠯᠭᠤᠬᠤ ᠤᠷᠤᠯᠳᠤᠭ᠋ᠠᠨ᠎ᠢ ᠳᠠᠭ᠋ᠠᠭ᠋ᠠᠴᠢᠯᠠᠨ ᠡᠷᠭᠢᠯᠡᠬᠦ ᠪᠠᠷᠢᠮᠵᠢᠶᠠᠲᠤ ᠲᠠᠯᠠᠪᠤᠷ ᠲᠤᠲᠠᠭᠳᠠᠵᠤ᠂ ᠳᠤᠮᠳᠠ ᠪᠠᠭ᠎ᠠ ᠬᠡᠪᠴᠢᠶᠡᠨ᠎ᠤ ᠴᠠᠰᠤᠨ᠎ᠳᠤ ᠭᠤᠯᠭᠤᠬᠤ ᠲᠠᠯᠠᠪᠤᠷ᠎ᠤᠨ ᠲᠣᠭ᠎ᠠ᠎ᠨᠢ ᠣᠯᠠᠨ᠂ ᠡᠵᠡᠯᠡᠬᠦ ᠬᠠᠷᠢᠴᠠᠯ᠎ᠨᠢ ᠶᠡᠬᠡ᠂ ᠰᠠᠭᠤᠷᠢ ᠲᠥᠬᠦᠭᠡᠷᠦᠮᠵᠢ ᠵᠢᠨ ᠲᠣᠨᠣᠭ ᠲᠥᠬᠦᠭᠡᠷᠦᠮᠵᠢ᠎ᠨᠢ ᠬᠠᠷᠢᠴᠠᠩᠭᠤᠢ ᠬᠣᠴᠤᠷᠤᠩᠭᠤᠢ᠂ ᠴᠠᠰᠤᠨ᠎ᠳᠤ ᠭᠤᠯᠭᠤᠬᠤ ᠲᠠᠯᠠᠪᠤᠷ᠎ᠤᠨ ᠡᠷᠬᠢᠨ ᠲᠣᠭᠣᠷᠢᠨ᠎ᠤ ᠵᠠᠮ ᠬᠠᠷᠢᠯᠴᠠᠭ᠎ᠠ᠂ ᠬᠡᠷᠡᠭᠯᠡᠭᠡ ᠵᠡᠷᠭᠡ ᠣᠯᠠᠨ ᠨᠡᠶ᠋ᠢᠲᠡ ᠵᠢᠨ ᠢᠵᠢ ᠪᠦᠷᠢᠳᠦᠭᠦᠯᠬᠦ ᠲᠥᠬᠦᠭᠡᠷᠦᠮᠵᠢ ᠬᠦᠷᠦᠯᠴᠡᠬᠦ ᠦᠭᠡᠢ ᠪᠠᠢ᠌ᠬᠤ ᠵᠢ ᠤᠯᠵᠦ ᠮᠡᠳᠡᠪᠡ᠃
ᠯᠢᠦ ᠵᠧᠩ ᠤᠷᠤᠯᠳᠤᠭ᠋ᠠᠨ᠎ᠤ ᠲᠠᠯ᠎ᠠ᠎ᠪᠠᠷ ᠢᠯᠡᠷᠬᠡᠢ᠌ᠯᠡᠬᠦ᠎ᠳᠡᠭᠡᠨ᠂ ᠬᠡᠳᠦᠢ᠌ᠪᠡᠷ ᠪᠡᠭᠡᠵᠢᠩ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭᠯᠠᠭ᠋ᠠᠨ᠎ᠨᠢ ᠮᠠᠨ᠎ᠤ ᠤᠯᠤᠰ᠎ᠤᠨ 7 ᠶᠡᠬᠡ ᠲᠥᠷᠥᠯ ᠵᠦᠢ᠍ᠯ᠂ 15 ᠬᠤᠪᠢᠶᠠᠷᠢ ᠲᠥᠷᠥᠯ ᠵᠦᠢ᠍ᠯ᠎ᠤᠨ 《ᠪᠥᠬᠥ ᠲᠥᠷᠥᠯ ᠵᠦᠢ᠍ᠯ》᠎ᠢ ᠪᠡᠶᠡᠯᠡᠭᠦᠯᠦᠭᠰᠡᠨ ᠪᠣᠯᠪᠠᠴᠤ ᠵᠠᠷᠢᠮ ᠤᠯᠠᠮᠵᠢᠯᠠᠯᠲᠤ ᠮᠥᠰᠥ ᠴᠠᠰᠤᠨ᠎ᠤ ᠲᠠᠮᠢᠷ ᠤᠨ ᠤᠷᠤᠯᠳᠤᠭ᠋ᠠᠨ᠎ᠤ ᠲᠥᠷᠥᠯ ᠵᠦᠢ᠍ᠯ ᠨᠢ ᠮᠥᠨ ᠬᠦ᠌ ᠬᠣᠴᠤᠷᠤᠩᠭᠤᠢ ᠪᠠᠢ᠌ᠭᠰᠠᠭ᠋ᠠᠷ ᠭᠡᠪᠡ᠃
ᠯᠢᠦ ᠵᠧᠩ ᠡᠭᠦᠨ᠎ᠢ ᠦᠨᠳᠦᠰᠦᠯᠡᠨ ᠲᠠᠪᠤᠨ ᠰᠠᠨᠠᠭᠤᠯᠭ᠎ᠠ ᠳᠤᠷᠠᠳᠪᠠ᠄ ᠳᠡᠯᠡᠬᠡᠢ ᠵᠢᠨ ᠲᠡᠰ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠰᠤᠳᠤᠯᠤᠨ ᠨᠡᠭᠡᠭᠡᠬᠦ ᠲᠥᠪ᠎ᠢ ᠪᠠᠢ᠌ᠭᠤᠯᠤᠨ᠎ᠠ; ᠵᠡᠭᠦᠨ ᠬᠣᠢ᠌ᠲᠤ ᠣᠷᠣᠨ᠎ᠤ ᠳᠡᠭᠡᠳᠦ ᠲᠡᠰ᠎ᠤᠨ ᠮᠥᠰᠥ ᠴᠠᠰᠤᠨ᠎ᠤ ᠴᠢᠳᠠᠪᠤᠷᠢᠲᠠᠨ᠎ᠢ ᠬᠥᠮᠥᠵᠢᠭᠦᠯᠬᠦ ᠰᠢᠰᠲᠸᠮ᠎ᠢ ᠰᠢᠯᠢᠳᠡᠭᠵᠢᠭᠦᠯᠦᠨ᠎ᠡ; ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠨᠦᠯᠦᠭᠡᠯᠡᠯ᠎ᠢ ᠶᠡᠬᠡᠪᠡᠷ ᠪᠠᠳᠠᠷᠠᠭᠤᠯᠤᠨ᠎ᠡ; ᠮᠥᠰᠥ ᠴᠠᠰᠤᠨ᠎ᠤ ᠠᠵᠤ ᠦᠢ᠍ᠯᠡᠰ᠎ᠤᠨ ᠲᠦᠷᠭᠡᠨ ᠬᠥᠭᠵᠢᠯᠲᠡ ᠵᠢ ᠬᠦᠴᠦᠲᠡᠢ ᠠᠬᠢᠭᠤᠯᠤᠨ᠎ᠠ; ᠳᠡᠯᠡᠬᠡᠢ ᠵᠢᠨ ᠲᠡᠷᠢᠭᠦᠨ᠎ᠤ ᠮᠥᠰᠥ ᠴᠠᠰᠤᠨ᠎ᠤ ᠤᠷᠤᠯᠳᠤᠭ᠋ᠠᠨ᠎ᠤ ᠴᠢᠳᠠᠪᠤᠷᠢᠲᠠᠨ᠎ᠢ ᠬᠥᠮᠥᠵᠢᠭᠦᠯᠬᠦ ᠰᠢᠨ᠎ᠡ ᠰᠢᠰᠲ᠋ᠧᠮ᠎ᠢ ᠪᠠᠢ᠌ᠭᠤᠯᠤᠨ᠎ᠠ᠃
ᠯᠢᠦ ᠵᠧᠩ ᠰᠠᠨᠠᠭᠤᠯᠬᠤ᠎ᠳᠠᠭᠠᠨ᠂ ᠪᠡᠭᠡᠵᠢᠩ᠎ᠤᠨ ᠮᠥᠰᠥᠨ ᠳᠡᠭᠡᠷᠡᠬᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠥᠭᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠠᠭᠤᠯᠢᠭ᠎ᠢ ᠪᠠᠳᠠᠷᠠᠭᠤᠯᠵᠤ᠂ ᠪᠡᠭᠡᠵᠢᠩ᠎ᠤᠨ ᠤᠯᠤᠰ᠎ᠤᠨ ᠮᠥᠰᠥᠨ ᠳᠡᠭᠡᠷᠡᠬᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠤᠳᠤᠯᠤᠨ ᠨᠡᠭᠡᠭᠡᠬᠦ ᠲᠥᠪ᠎ᠢ ᠪᠠᠶ᠋ᠢᠭᠤᠯᠬᠤ ᠬᠡᠷᠡᠭᠲᠡᠢ; ᠮᠦᠭᠳᠡᠨ᠎ᠤ ᠪᠡᠶ᠎ᠡ ᠵᠢᠨ ᠲᠠᠮᠢᠷ᠎ᠤᠨ ᠳᠡᠭᠡᠳᠦ ᠰᠤᠷᠭ᠋ᠠᠭᠤᠯᠢ ᠵᠢᠨ ᠴᠠᠰᠤᠨ ᠳᠡᠭᠡᠷᠡᠬᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ᠎ᠳᠤ ᠬᠤᠷᠠᠮᠳᠤᠭᠤᠯᠤᠭᠰᠠᠨ 40 ᠭᠠᠷᠤᠢ ᠵᠢᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ ᠨᠡᠮᠡᠷᠢᠯᠡᠬᠦ ᠳᠠᠪᠠᠭᠤᠯᠢᠭ᠎ᠢ ᠭᠦᠢ᠍ᠴᠡᠳ ᠠᠰᠢᠭᠯᠠᠨ᠂ ᠮᠦᠭᠳᠡᠨ᠎ᠤ ᠤᠯᠤᠰ᠎ᠤᠨ ᠴᠠᠰᠤᠨ ᠳᠡᠭᠡᠷᠡᠬᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠤᠳᠤᠯᠤᠨ ᠨᠡᠭᠡᠭᠡᠬᠦ ᠲᠦᠪ᠎ᠢ ᠪᠠᠢ᠌ᠭᠤᠯᠤᠨᠡ᠃ ᠤᠯᠤᠰ᠎ᠤᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠤᠳᠤᠯᠤᠨ ᠨᠡᠭᠡᠭᠡᠬᠦ ᠲᠥᠪ᠎ᠲᠤ ᠲᠦᠰᠢᠭᠯᠡᠨ᠂ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠠᠵᠤ ᠠᠬᠤᠢ᠌ᠯᠠᠯ᠂ ᠨᠡᠢ᠌ᠭᠡᠮ᠎ᠤᠨ ᠪᠠᠢ᠌ᠭᠤᠯᠤᠮᠵᠢ᠎ᠲᠠᠢ ᠬᠠᠮᠵᠢᠯᠴᠠᠨ᠂ ᠰᠢᠨ᠎ᠡ ᠨᠡᠢ᠌ᠭᠡᠮ᠎ᠤᠨ ᠰᠢᠨᠵᠢᠯᠡᠬᠦ ᠤᠬᠠᠭ᠋ᠠᠨ᠂ ᠰᠢᠨ᠎ᠡ ᠲᠧᠭᠨᠢᠭ᠎ᠤᠨ ᠤᠬᠠᠭ᠋ᠠᠨ᠂ ᠰᠢᠨ᠎ᠡ ᠡᠮᠨᠡᠯᠭᠡ ᠵᠢᠨ ᠤᠬᠠᠭ᠋ᠠᠨ ᠵᠡᠷᠭᠡ ᠰᠢᠨᠵᠢᠯᠡᠭᠡᠨ᠎ᠤ ᠰᠠᠯᠠᠭ᠎ᠠ ᠵᠢᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃ ᠪᠡᠶ᠎ᠡ ᠵᠢᠨ ᠲᠠᠮᠢᠷ᠎ᠤᠨ ᠪᠣᠯᠪᠠᠰᠤᠷᠠᠯ ᠪᠠ ᠤᠷᠤᠯᠳᠤᠭ᠋ᠠᠨ᠎ᠠᠴᠠ ᠪᠣᠶ ᠪᠣᠯᠤᠭᠰᠠᠨ ᠪᠡᠶ᠎ᠡ ᠵᠢᠨ ᠲᠠᠮᠢᠷ᠎ᠤᠨ ᠢᠯᠡᠷᠡᠯ᠎ᠤᠨ ᠵᠠᠳᠠᠯᠤᠯᠲᠠ᠂ ᠪᠡᠶ᠎ᠡ ᠵᠢᠨ ᠲᠠᠮᠢᠷ᠎ᠤᠨ ᠪᠠᠢ᠌ᠳᠠᠯ᠎ᠤᠨ ᠣᠨᠣᠰᠢᠯᠠᠯᠲᠠ᠂ ᠤᠷᠤᠯᠳᠤᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠲᠣᠨᠣᠭ ᠲᠥᠬᠦᠭᠡᠷᠦᠮᠵᠢ ᠵᠢ ᠰᠢᠯᠢᠳᠡᠭᠵᠢᠭᠦᠯᠬᠦ ᠵᠡᠷᠭᠡ ᠪᠣᠳᠠᠲᠤ ᠬᠡᠷᠡᠭᠴᠡᠭᠡ᠎ᠳᠤ ᠴᠢᠭᠯᠡᠭᠦᠯᠦᠨ᠂ ᠮᠠᠨ᠎ᠤ ᠤᠯᠤᠰ᠎ᠤᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢ ᠪᠥᠬᠥ ᠬᠦᠴᠦᠨ ᠵᠶ᠋ᠠᠷ ᠠᠬᠢᠭᠤᠯᠤᠨ᠎ᠡ᠃
ᠯᠢᠦ ᠵᠧᠩ᠎ᠤᠨ ᠦᠵᠡᠬᠦ᠎ᠪᠠᠷ᠂ ᠵᠡᠭᠦᠨ ᠬᠣᠢ᠌ᠲᠤ ᠵᠢᠨ ᠭᠤᠷᠪᠠᠨ ᠮᠤᠵᠢ ᠡᠪᠦᠯ᠎ᠤᠨ ᠤᠯᠠᠷᠢᠯ᠎ᠨᠢ ᠬᠠᠬᠢᠷ ᠬᠦᠢ᠍ᠲᠡᠨ ᠪᠥᠭᠡᠳ ᠣᠷᠳᠣ ᠪᠠᠢ᠌ᠵᠤ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠬᠥᠭᠵᠢᠭᠦᠯᠬᠦ ᠭᠠᠵᠠᠷ ᠣᠷᠣᠨ᠎ᠤ ᠳᠠᠪᠠᠭᠤᠯᠢᠭ ᠪᠠ ᠣᠯᠠᠨ ᠲᠦᠮᠡᠨᠴᠢ ᠰᠠᠭᠤᠷᠢ᠎ᠲᠠᠢ᠃ ᠯᠢᠶᠣᠤᠨᠢᠩ ᠮᠤᠵᠢ ᠵᠢᠨ᠎ᠬᠢᠨ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠡᠷᠬᠢᠯᠡᠬᠦ᠎ᠪᠠᠷ ᠭᠤᠶᠤᠴᠢᠯᠠᠬᠤ ᠵᠢ ᠠᠵᠠ ᠲᠣᠬᠢᠶᠠᠯ ᠪᠣᠯᠭ᠋ᠠᠵᠤ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠂ ᠮᠥᠰᠥ ᠴᠠᠰᠤᠨ᠎ᠤ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠴᠦᠬᠡᠨ ᠬᠦᠮᠦᠰ᠎ᠤᠨ ᠲᠤᠮᠳᠠ᠎ᠠᠴᠠ ᠤᠯᠠᠨ ᠲᠦᠮᠡᠨ᠎ᠳᠤ ᠰᠢᠯᠵᠢᠭᠦᠯᠬᠦ᠂ ᠣᠷᠣᠨ ᠪᠦᠰᠡ᠎ᠠᠴᠠ ᠪᠦᠬᠦ ᠤᠯᠤᠰ᠎ᠲᠤ ᠰᠢᠯᠵᠢᠭᠦᠯᠬᠦ᠂ ᠡᠪᠦᠯ᠎ᠤᠨ ᠤᠯᠠᠷᠢᠯ᠎ᠠᠴᠠ ᠪᠦᠬᠦ ᠵᠢᠯ᠎ᠳᠤ ᠰᠢᠯᠵᠢᠭᠦᠯᠬᠦ ᠬᠤᠪᠢᠷᠠᠯᠲᠠ ᠵᠢ ᠴᠢᠨᠠᠭᠰᠢᠳᠠ ᠠᠬᠢᠭᠤᠯᠤᠨ᠎ᠠ᠃ ᠤᠯᠤᠰ᠎ᠠᠴᠠ ᠤᠷᠮᠠᠰᠢᠭᠤᠯᠬᠤ ᠲᠥᠷᠥ ᠵᠢᠨ ᠪᠣᠳᠣᠯᠭ᠎ᠠ ᠨᠡᠢ᠌ᠲᠡᠯᠡᠵᠦ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠥᠷᠭᠡᠨ ᠵᠶ᠋ᠡᠷ ᠥᠷᠨᠢᠭᠦᠯᠬᠦ᠎ᠪᠠᠷ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠭᠵᠢᠯᠲᠡ ᠵᠢ ᠲᠦᠯᠬᠢᠨ ᠠᠬᠢᠭᠤᠯᠵᠤ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠨ᠎ᠡ᠃
ᠯᠢᠦ ᠵᠧᠩ᠎ᠠᠴᠠ ᠵᠡᠭᠦᠨ ᠬᠣᠢ᠌ᠲᠤ ᠣᠷᠣᠨ᠎ᠤ ᠮᠥᠰᠥ ᠴᠠᠰᠤᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠵᠤ᠂ ᠣᠯᠠᠨ ᠲᠦᠮᠡᠨ᠎ᠤ ᠮᠥᠰᠥ ᠴᠠᠰᠤ᠂ ᠤᠷᠤᠯᠳᠤᠭ᠋ᠠᠨ᠎ᠤ ᠮᠥᠰᠥ ᠴᠠᠰᠤ᠂ ᠮᠥᠰᠥ ᠴᠠᠰᠤᠨ᠎ᠤ ᠠᠵᠤ ᠦᠢ᠍ᠯᠡᠰ᠎ᠤᠨ ᠠᠵᠢᠯ᠎ᠢ ᠨᠢᠭᠡ ᠴᠣᠭᠴᠠᠵᠢᠭᠤᠯᠤᠨ ᠠᠬᠢᠭᠤᠯᠵᠤ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠣᠯᠠᠨ ᠶᠠᠩᠵᠤ ᠵᠢᠨ ᠬᠡᠯᠪᠡᠷᠢ ᠪᠠᠢ᠌ᠳᠠᠯ᠎ᠲᠠᠢ ᠮᠥᠰᠥ ᠴᠠᠰᠤᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠰᠢᠰᠲ᠋ᠧᠮ᠎ᠢ ᠪᠠᠶ᠋ᠢᠭᠤᠯᠬᠤ ᠬᠡᠷᠡᠭᠲᠡᠢ ᠭᠡᠵᠦ ᠰᠠᠨᠠᠭᠤᠯᠪᠠ᠃
ᠯᠢᠦ ᠵᠧᠩ᠎ᠠᠴᠠ ᠴᠢᠳᠠᠪᠤᠷᠢᠲᠠᠨ ᠬᠥᠮᠥᠵᠢᠭᠦᠯᠬᠦ ᠵᠠᠭᠪᠤᠷ᠎ᠤᠨ ᠲᠠᠯ᠎ᠠ᠎ᠪᠠᠷ᠂ 《ᠤᠯᠤᠰ᠎ᠠᠴᠠ ᠬᠥᠮᠥᠵᠢᠭᠦᠯᠬᠦ + ᠳᠡᠭᠡᠳᠦ ᠰᠤᠷᠭ᠋ᠠᠭᠤᠯᠢ᠎ᠠᠴᠠ ᠬᠥᠮᠥᠵᠢᠭᠦᠯᠬᠦ + ᠨᠡᠢ᠌ᠭᠡᠮ᠎ᠠᠴᠠ ᠬᠥᠮᠥᠵᠢᠭᠦᠯᠬᠦ》 ᠦᠨᠳᠦᠰᠦᠨ ᠵᠠᠭᠪᠤᠷ᠎ᠢ ᠪᠦᠷᠢᠯᠳᠦᠭᠦᠯᠵᠦ᠂ ᠣᠯᠠᠨ ᠡᠰᠢᠲᠦ ᠪᠡᠶᠡᠴᠢ ᠴᠣᠭᠴᠠ ᠵᠢᠨ ᠬᠠᠮᠵᠢᠯᠴᠠᠭᠰᠠᠨ ᠠᠩᠭᠢ ᠡᠷᠭᠢᠯᠡᠬᠦ ᠰᠢᠰᠲ᠋ᠧᠮ᠎ᠢ ᠪᠦᠷᠢᠯᠳᠦᠭᠦᠯᠪᠡᠯ ᠵᠣᠬᠢᠨ᠎ᠠ ᠭᠡᠵᠦ ᠪᠠᠢ᠌ᠪᠡ᠃