ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠨᠳᠦᠰᠦᠲᠡᠨ᠎ᠤ ᠪᠡᠶ᠎ᠡ ᠲᠠᠮᠢᠷ   -   ᠦᠨᠳᠦᠰᠦᠲᠡᠨ᠎ᠤ ᠪᠡᠶ᠎ᠡ ᠲᠠᠮᠢᠷ᠎ᠤᠨ ᠪᠠᠶ᠋ᠢᠳᠠᠯ
ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ ᠬᠥᠭᠵᠢᠯᠳᠠ ᠵᠢᠨ ᠰᠢᠨ᠎ᠠ ᠠᠵᠠ ᠲᠤᠬᠢᠶᠠᠯ ᠵᠶ᠋ᠠᠨ ᠤᠬᠳᠤᠯ᠎ᠠ
ᠨᠡᠶ᠋ᠢᠲᠡᠯᠡᠭᠰᠡᠨ ᠴᠠᠭ᠄ 2019-11-06

            ᠮᠤᠩᠭᠤᠯ ᠰᠢᠳᠠᠷ᠎ᠠ ᠤᠷᠤᠯᠳᠤᠨ᠎ᠠ  

    ᠤᠯᠤᠰ᠎ᠤᠨ ᠥᠨᠳᠤᠰᠤᠳᠠᠨ᠎ᠤ ᠭᠡᠷᠡᠭ ᠡᠷᠬᠢᠯᠡᠬᠦ ᠵᠥᠪᠯᠡᠯ᠎ᠤᠨ 《ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠠᠵᠢᠯ᠎ᠢ ᠤᠯᠠᠮ ᠨᠢᠬᠡ ᠠᠯᠬᠤᠮ ᠴᠢᠩᠭ᠋ᠠᠳᠬᠠᠬᠤ ᠲᠤᠬᠠᠢ ᠵᠢᠯᠥᠭᠤᠳᠬᠤ ᠰᠠᠨᠠᠯ》᠎ᠢ ᠬᠥᠨᠵᠡᠬᠡᠢ ᠲᠤᠭᠤᠰᠢᠯᠠᠭᠤᠯᠬᠤ ᠵᠢᠨ ᠲᠥᠯᠥᠭᠡ᠂ ᠲᠥᠷᠥᠬᠦᠬᠡᠨ ᠥᠪᠡᠷᠳᠡᠭᠡᠨ ᠵᠠᠰᠠᠬᠤ ᠤᠷᠤᠨ᠎ᠤ ᠪᠡᠶ᠎ᠠ ᠵᠢᠨ ᠲᠠᠮᠢᠷ᠎ᠤᠨ ᠲᠤᠪᠴᠢᠶ᠎ᠠ ᠪᠠ ᠥᠪᠡᠷᠳᠡᠭᠡᠨ ᠵᠠᠰᠠᠬᠤ ᠤᠷᠤᠨ᠎ᠤ ᠥᠨᠳᠤᠰᠤᠳᠠᠨ᠎ᠤ ᠭᠡᠷᠡᠭ ᠡᠷᠬᠢᠯᠡᠬᠦ ᠵᠥᠪᠯᠡᠯ ᠬᠠᠮᠳᠤᠷᠠᠨ 《ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠠᠵᠢᠯ᠎ᠢ ᠤᠯᠠᠮ ᠨᠢᠬᠡ ᠠᠯᠬᠤᠮ ᠴᠢᠩᠭ᠋ᠠᠳᠬᠠᠬᠤ ᠲᠤᠬᠠᠢ ᠭᠡᠷᠡᠭᠵᠢᠬᠦᠯᠬᠦ ᠰᠠᠨᠠᠯ》᠎ᠢ ᠨᠡᠶ᠋ᠢᠳᠠᠯᠠᠪᠠ᠃ ᠡᠨᠡ᠎ᠨᠢ᠂ ᠮᠠᠨ᠎ᠤ ᠤᠷᠤᠨ᠎ᠤ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ ᠬᠥᠭᠵᠢᠯᠳᠠ ᠵᠢᠨ ᠰᠢᠨ᠎ᠠ ᠠᠵᠠ ᠲᠤᠬᠢᠶᠠᠯ ᠵᠶ᠋ᠠᠨ ᠤᠬᠳᠤᠬᠰᠠᠨ᠎ᠢ ᠬᠠᠷᠠᠭᠤᠯᠵᠥ ᠪᠤᠢ᠃
    ᠭᠡᠷᠡᠭᠵᠢᠬᠦᠯᠬᠦ ᠰᠠᠨᠠᠯ᠎ᠳᠤ᠂ 2025 ᠤᠨ ᠪᠤᠯᠳᠠᠯ᠎ᠠ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠪᠥᠬᠦ ᠤᠷᠤᠨ᠎ᠳᠠᠬᠢ ᠲᠥᠭᠡᠮᠡᠯᠵᠢᠬᠦᠯᠥᠯᠳᠠ ᠵᠢᠨ ᠬᠡᠮᠵᠢᠶ᠎ᠠ ᠵᠢ ᠤᠯᠠᠮ ᠨᠢᠬᠡ ᠠᠯᠬᠤᠮ ᠲᠡᠰ ᠲᠡᠪᠰᠢᠬᠦᠯᠵᠥ᠂ ᠨᠢᠬᠡ ᠪᠥᠯᠥᠭ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠭᠤᠤᠯᠯᠠᠬ᠍ᠴᠢ ᠡᠩᠨᠡᠭᠡ ᠵᠢ ᠬᠥᠮᠥᠵᠢᠬᠦᠯᠵᠥ᠂ ᠨᠢᠭᠡ ᠪᠥᠯᠥᠭ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠵᠢᠱ᠌ᠢᠶ᠎ᠠ ᠥᠵᠡᠬᠦᠯᠬᠦ ᠰᠠᠭᠤᠷᠢᠨ᠎ᠢ ᠪᠠᠶ᠋ᠢᠭᠤᠯᠤᠨ᠂ ᠨᠢᠭᠡ ᠪᠥᠯᠥᠭ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠲᠥᠷᠥᠯ ᠲᠡᠮᠳᠡᠭᠳᠤ ᠤᠷᠤᠯᠳᠤᠭ᠋ᠠᠨ᠎ᠤ ᠠᠵᠢᠯᠯᠠᠭ᠎ᠠ ᠵᠢ ᠪᠤᠢ ᠪᠤᠯᠭ᠋ᠠᠵᠥ᠂ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠤᠶᠤᠯ᠎ᠤᠨ ᠠᠭᠤᠷ ᠠᠮᠢᠰᠬᠤᠯ᠎ᠢ ᠡᠳᠤᠷ ᠢᠷᠡᠬᠦᠶ᠎ᠠ ᠥᠳᠭᠡᠷᠡᠬᠦᠯᠵᠥ᠂ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠥᠷᠢᠰᠥᠯᠳᠥᠭᠡᠨᠳᠤ ᠤᠷᠤᠯᠳᠤᠭ᠋ᠠᠨ᠎ᠤ ᠲᠥᠪᠰᠢᠨ᠎ᠢ ᠴᠢᠨᠠᠬᠰᠢᠳᠠ ᠲᠡᠰ ᠲᠡᠪᠰᠢᠬᠦᠯᠵᠥ᠂ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠠᠵᠤ ᠥᠢ᠍ᠯᠡᠰ᠎ᠢ ᠲᠤᠬᠳᠠᠭᠤᠨ ᠬᠥᠭᠵᠢᠬᠦᠯᠵᠥ᠂ ᠥᠨᠳᠤᠰᠤᠳᠠᠨ᠎ᠤ ᠪᠥᠯᠬᠦᠮᠳᠠᠯ᠎ᠢ ᠠᠬᠢᠭᠤᠯᠬᠤ᠂ ᠥᠵᠡᠰᠬᠦᠯᠡᠩᠳᠤ ᠰᠠᠶ᠋ᠢᠬᠠᠨ ᠥᠪᠥᠷ ᠮᠤᠩᠭᠤᠯ᠎ᠢ ᠪᠥᠳᠥᠭᠡᠨ ᠪᠠᠶ᠋ᠢᠭᠤᠯᠬᠤ᠎ᠳᠤ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠢ ᠥᠪᠥᠷ ᠮᠤᠩᠭᠤᠯ᠎ᠤᠨ ᠴᠢᠬᠤᠯᠠ ᠰᠤᠶᠤᠯ᠎ᠤᠨ ᠨᠡᠷᠡᠳᠤ ᠲᠡᠮᠳᠡᠭ ᠪᠤᠯᠭ᠋ᠠᠬᠤ ᠭᠡᠷᠡᠭᠳᠠᠢ ᠬᠡᠵᠡᠢ᠃


          ᠠᠪᠤᠷᠭᠤ ᠵᠢᠨ ᠦᠵᠡᠯᠴᠡᠬᠡᠨ

    ᠥᠢ᠍ᠯᠠᠭ᠋ᠠᠬᠰᠠᠨ ᠵᠶ᠋ᠠᠷ᠂ ᠲᠤᠰ ᠭᠡᠷᠡᠭᠵᠢᠬᠦᠯᠬᠦ ᠰᠠᠨᠠᠯ᠎ᠤᠨ ᠲᠤᠬᠳᠠᠬᠰᠠᠨ ᠭᠤᠤᠯ ᠡᠬᠦᠷᠭᠡ᠎ᠳᠤ ᠮᠠᠨ᠎ᠤ ᠤᠷᠤᠨ᠎ᠤ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠬᠥᠭᠵᠢᠯᠳᠠ᠎ᠳᠤ ᠲᠤᠩ ᠤᠯᠠᠨ ᠪᠤᠳᠠᠳᠠᠢ ᠪᠠᠶ᠋ᠢᠷᠢᠯᠠᠭᠤᠯᠤᠯᠳᠠ ᠬᠢᠭᠰᠡᠨ ᠪᠠᠶ᠋ᠢᠨ᠎ᠠ᠃ ᠨᠠᠷᠢᠨ ᠪᠠᠶ᠋ᠢᠷᠢᠯᠠᠭᠤᠯᠤᠯᠳᠠ ᠵᠢ ᠲᠤᠤᠷ᠎ᠠ ᠬᠤᠷᠢᠶᠠᠩᠭᠤᠢ᠍ᠢ᠍ᠯᠠᠨ ᠲᠡᠯᠭᠡᠪᠡᠯ᠄
    — ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠢ ᠨᠢᠬᠡᠳᠤᠯᠳᠠᠢ ᠲᠥᠯᠥᠪᠵᠢᠬᠦᠯᠬᠦ ᠵᠢ ᠴᠢᠩᠭ᠋ᠠᠳᠬᠠᠨ᠎ᠠ᠃ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠠᠭᠤᠷᠢ ᠡᠬᠦᠷᠭᠡ ᠴᠢᠳᠠᠪᠬᠢ ᠪᠠ ᠬᠠᠷᠠᠯᠳᠠᠳᠤ ᠬᠥᠭᠵᠢᠯᠳᠠ ᠵᠢᠨ ᠲᠤᠭᠤᠷᠢᠨ᠎ᠳᠤ᠂ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ   ᠪᠡᠶ᠎ᠠ ᠵᠢᠨ   ᠲᠠᠮᠢᠷ ᠎ᠤᠨ   ᠠᠵᠢᠯ ᠥᠢ᠍ᠯᠡᠰ ᠎ᠤᠨ   ᠬᠥᠭᠵᠢᠯᠳᠠ ᠵᠢ ᠠᠶ᠋ᠢᠮᠠᠬ   ᠬᠤᠳᠠ᠂ ᠬᠤᠰᠢᠭᠤ   ᠰᠢᠶᠠᠨ (ᠬᠤᠳᠠ᠂ ᠲᠤᠭᠤᠷᠢᠬ)᠎ᠤ ᠤᠯᠤᠰ   ᠠᠷᠠᠳ᠎ᠤᠨ   ᠠᠵᠤ   ᠠᠬᠤᠢ   ᠪᠠ   ᠨᠡᠶ᠋ᠢᠭᠡᠮ ᠎ᠤᠨ ᠬᠥᠭᠵᠢᠯᠳᠠ ᠵᠢᠨ ᠶᠠᠷᠥᠩᠭᠡᠢ   ᠲᠥᠯᠥᠪᠵᠢᠬᠦᠯᠭᠡ ᠎ᠳᠤ   ᠤᠷᠤᠭᠤᠯᠤᠨ᠎ᠠ; ᠠᠶ᠋ᠢᠮᠠᠬ   ᠬᠤᠳᠠ᠂ ᠬᠤᠰᠢᠭᠤ   ᠰᠢᠶᠠᠨ (ᠬᠤᠳᠠ᠂ ᠲᠤᠭᠤᠷᠢᠬ)᠎ᠤ ᠪᠡᠶ᠎ᠠ ᠵᠢᠨ ᠲᠠᠮᠢᠷ᠂ ᠥᠨᠳᠤᠰᠤᠳᠠᠨ᠎ᠤ ᠠᠵᠢᠯ᠎ᠤᠨ ᠰᠠᠯᠠᠭ᠎ᠠ ᠮᠥᠴᠢᠷ ᠡᠬᠦᠷᠭᠡ ᠬᠠᠷᠢᠭᠤᠴᠠᠯᠭ᠎ᠠ᠎ᠪᠠᠨ ᠥᠨᠡᠨ ᠬᠦ᠌ ᠰᠠᠶ᠋ᠢᠳᠤᠷ ᠬᠥᠢ᠍ᠴᠡᠳᠭᠡᠵᠥ᠂ ᠨᠢᠬᠡᠳᠤᠯᠳᠠᠢ ᠲᠤᠬᠢᠷᠠᠭᠤᠯᠤᠯᠳᠠ ᠬᠢᠵᠥ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠬᠦᠯᠵᠥ᠂ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ   ᠪᠡᠶ᠎ᠠ ᠵᠢᠨ   ᠲᠠᠮᠢᠷ᠎ᠤᠨ ᠠᠵᠢᠯ   ᠥᠢ᠍ᠯᠠᠰ  ᠎ᠤᠨ   ᠬᠥᠭᠵᠢᠯᠳᠠ ᠵᠢᠨ   ᠤᠷᠳᠤ   ᠬᠤᠭᠤᠴᠠᠭ᠋ᠠᠨ᠎ᠤ   ᠲᠥᠯᠥᠪᠵᠢᠬᠦᠯᠬᠡ ᠵᠢ   ᠲᠤᠬᠳᠠᠭ᠋ᠠᠨ   ᠭᠡᠷᠡᠭᠵᠢᠬᠦᠯᠤᠨ᠎ᠠ᠃
    — ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠠᠭᠤᠷᠢ ᠴᠢᠨᠠᠷᠳᠠᠢ ᠰᠤᠳᠤᠯᠭ᠋ᠠᠨ ᠪᠠ ᠭᠡᠷᠡᠭᠯᠠᠯᠳᠠ ᠵᠢᠨ ᠴᠢᠨᠠᠷᠳᠠᠢ ᠰᠤᠳᠤᠯᠭ᠋ᠠᠨ᠎ᠢ ᠴᠢᠩᠭ᠋ᠠᠳᠬᠠᠨ᠎ᠠ᠃ ᠡᠯ᠎ᠠ ᠱᠠᠳᠤᠨ᠎ᠤ ᠪᠡᠶ᠎ᠠ ᠵᠢᠨ ᠲᠠᠮᠢᠷ᠂ ᠥᠨᠳᠤᠰᠤᠳᠠᠨ᠎ᠤ ᠠᠵᠢᠯ᠎ᠤᠨ ᠰᠠᠯᠠᠭ᠎ᠠ ᠮᠥᠴᠢᠷ ᠲᠤᠰᠬᠠᠢ ᠲᠥᠷᠥᠯ᠎ᠤᠨ ᠵᠠᠷᠤᠳᠠᠯ ᠮᠥᠡᠭᠭᠦ ᠵᠢ ᠲᠤᠬᠢᠷᠠᠭᠤᠯᠤᠨ᠂ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠲᠥᠷᠤᠯ ᠵᠦᠢ᠍ᠯ᠎ᠢ ᠠᠭᠤᠳᠠᠯᠬᠤ᠂ ᠡᠮᠬᠢᠳᠭᠡᠬᠦ᠂ ᠤᠷᠴᠢᠭᠤᠯᠬᠤ᠂ ᠬᠡᠪᠯᠡᠬᠦ ᠪᠠ ᠰᠤᠳᠤᠯᠬᠤ ᠵᠢ ᠲᠡᠮᠵᠢᠵᠥ᠂ ᠤᠰᠠᠳᠤᠮᠠᠷ ᠪᠤᠯᠤᠬᠰᠠᠨ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠲᠥᠷᠥᠯ ᠵᠦᠢ᠍ᠯ᠎ᠳᠤ ᠠᠪᠤᠷᠠᠯᠳᠠ ᠬᠢᠵᠥ᠂ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠤᠨᠤᠯ᠎ᠤᠨ ᠰᠤᠳᠤᠯᠤᠯ᠎ᠢ ᠪᠡᠶ᠎ᠠ ᠵᠢᠨ ᠲᠠᠮᠢᠷ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠳᠤ ᠲᠤᠭ᠋ᠠᠴᠠᠨ ᠤᠷᠤᠭᠤᠯᠵᠥ᠂ ᠪᠥᠬᠦ ᠠᠷᠠᠳ᠎ᠤᠨ ᠪᠡᠶ᠎ᠠ᠎ᠪᠠᠨ ᠴᠢᠬᠢᠷᠠᠬ᠍ᠵᠢᠭᠤᠯᠬᠤ ᠤᠶᠤᠨᠴᠢ ᠬᠥᠮᠥᠷᠭᠡ ᠵᠢ ᠪᠠᠶ᠋ᠢᠭᠤᠯᠬᠤ ᠵᠢ ᠲᠠᠮᠵᠢᠬᠦ ᠬᠥᠷᠢᠶ᠎ᠠ ᠬᠡᠪᠴᠢᠶᠠᠨ᠎ᠳᠤ ᠤᠷᠤᠭᠤᠯᠵᠥ᠂ ᠴᠥᠬᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠢᠨᠵᠢᠯᠡᠬᠦ ᠤᠬᠠᠭ᠋ᠠᠨᠴᠢ ᠬᠥᠭᠵᠢᠯᠳᠠ ᠵᠢ ᠬᠥᠳᠥᠯᠥᠡ ᠵᠢᠯᠥᠭᠤᠳᠤᠨ᠎ᠠ᠃
    — ᠴᠥᠭᠡᠨ ᠲᠤᠭ᠋ᠠᠳᠤ ᠥᠨᠳᠤᠰᠤᠳᠠᠨ᠎ᠤ ᠪᠥᠬᠦ ᠠᠷᠠᠳ᠎ᠤᠨ ᠪᠡᠶ᠎ᠠ᠎ᠪᠠᠨ ᠴᠢᠬᠢᠷᠠᠬ᠍ᠵᠢᠭᠤᠯᠬᠤ 《ᠵᠢᠷᠭᠤᠭ᠋ᠠᠨ ᠢᠨᠵᠧᠨᠧᠷᠢᠩ》᠎ᠢ ᠭᠡᠷᠡᠭᠵᠢᠬᠦᠯᠥᠨ᠎ᠠ᠃ ᠴᠥᠭᠡᠨ ᠲᠤᠭ᠋ᠠᠳᠤ ᠥᠨᠳᠤᠰᠤᠳᠠᠨ᠎ᠤ ᠪᠥᠬᠦ ᠠᠷᠠᠳ᠎ᠤᠨ ᠪᠡᠶ᠎ᠠ᠎ᠪᠠᠨ ᠴᠢᠬᠢᠷᠠᠬ᠍ᠵᠢᠭᠤᠯᠬᠤ ᠥᠨᠳᠤᠰᠤᠨ ᠤᠯᠠᠨ ᠨᠠᠶ᠋ᠢᠳᠠ ᠵᠢᠨ ᠥᠢ᠍ᠯᠡᠴᠢᠯᠡᠬᠡᠨ᠎ᠤ ᠲᠥᠪᠰᠢᠨ᠎ᠢ ᠲᠡᠭᠡᠭᠰᠢᠯᠡᠬᠦᠯᠵᠥ᠂ ᠪᠥᠬᠦ ᠤᠷᠤᠨ᠎ᠤ ᠥᠨᠳᠤᠰᠤᠳᠠᠨ᠎ᠨᠦᠭᠦᠳ᠎ᠤᠨ ᠠᠷᠠᠳ ᠲᠥᠮᠡᠨ᠎ᠤ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ ᠵᠶ᠋ᠠᠷ ᠪᠡᠶ᠎ᠠ᠎ᠪᠠᠨ ᠴᠢᠬᠢᠷᠠᠬ᠍ᠵᠢᠭᠤᠯᠬᠤ ᠭᠡᠷᠡᠭᠴᠡᠭᠡ ᠱᠠᠭ᠋ᠠᠷᠳᠠᠯᠭ᠎ᠠ ᠵᠢ ᠬᠠᠨᠭ᠌ᠭ᠋ᠠᠨ᠎ᠠ᠃ ᠤᠯᠠᠨ ᠲᠥᠮᠡᠨ᠎ᠤ ᠪᠡᠶᠡᠷ ᠪᠠᠶᠠᠰᠬᠤᠯᠠᠩᠳᠠᠢ᠎ᠪᠠᠷ ᠤᠷᠤᠯᠴᠠᠬᠤ᠎ᠳᠤ ᠲᠥᠬᠦᠮ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠲᠥᠷᠥᠯ ᠵᠦᠢ᠍ᠯ᠎ᠤᠨ ᠤᠷᠤᠯᠳᠤᠭ᠋ᠠᠨ᠎ᠢ ᠥᠷᠭᠡᠨ ᠵᠶ᠋ᠠᠷ ᠥᠷᠨᠢᠬᠦᠯᠤᠨ᠎ᠠ᠃ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠨᠡᠶ᠋ᠢᠭᠡᠮ᠎ᠤᠨ ᠪᠡᠶ᠎ᠠ ᠵᠢᠨ ᠲᠠᠮᠢᠷ᠎ᠤᠨ ᠵᠢᠭ᠋ᠠᠨ ᠵᠢᠯᠥᠭᠤᠳᠤᠬ᠍ᠴᠢ ᠵᠢᠨ ᠡᠩᠨᠡᠭᠡ ᠵᠢᠨ ᠪᠠᠶ᠋ᠢᠭᠤᠯᠤᠯᠳᠠ ᠵᠢᠨ ᠡᠷᠴᠢᠮ᠎ᠢ ᠴᠢᠩᠭ᠋ᠠᠳᠬᠠᠨ᠎ᠠ᠃
    — ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠤᠷᠤᠯᠳᠤᠭ᠋ᠠᠨ᠎ᠢ ᠰᠠᠶ᠋ᠢᠳᠤᠷ ᠦᠷᠨᠢᠭᠦᠯᠦᠨ᠎ᠡ᠃ ᠪᠥᠬᠦ ᠤᠷᠤᠨ᠎ᠤ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠬᠥᠳᠡᠯᠭᠡᠭᠡᠨ᠎ᠤ ᠵᠤᠬᠢᠶᠠᠨ ᠪᠠᠶ᠋ᠢᠭᠤᠯᠤᠯᠳᠠ ᠵᠢᠨ ᠬᠠᠮᠢᠶᠠᠷᠤᠯᠳᠠ ᠵᠢᠨ ᠥᠬᠡᠷᠡᠴᠢᠯᠠᠯᠳᠠ ᠵᠢ ᠲᠡᠬᠦᠯᠳᠡᠷᠵᠢᠬᠦᠯᠵᠥ᠂ ᠪᠥᠬᠦ ᠤᠷᠤᠨ᠎ᠤ ᠴᠢᠨᠠᠷᠳᠠᠢ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠤᠷᠤᠯᠳᠤᠭ᠋ᠠᠨ᠎ᠤ ᠵᠢᠱ᠌ᠢᠶ᠎ᠠ ᠥᠵᠡᠬᠦᠯᠬᠦ ᠥᠢ᠍ᠯᠡᠳᠥᠯ᠎ᠢ ᠪᠠᠳᠠᠷᠠᠭᠤᠯᠤᠨ᠎ᠠ᠃
    — ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠤᠷᠤᠯᠳᠤᠭ᠋ᠠᠨ᠎ᠢ ᠪᠠᠬᠢᠵᠢᠭᠦᠯᠥᠭᠰᠡᠨ ᠰᠠᠭᠤᠷᠢᠨ ᠲᠡᠭᠡᠷ᠎ᠠ᠂ ᠪᠥᠬᠦ ᠤᠷᠤᠨ᠎ᠤ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠤᠷᠤᠯᠳᠤᠭ᠋ᠠᠨ᠎ᠢ ᠤᠯᠠᠮ ᠨᠢᠬᠡ ᠠᠯᠬᠤᠮ ᠨᠡᠭᠡᠭᠡᠨ ᠬᠥᠭᠵᠢᠬᠦᠯᠥᠨ᠎ᠠ᠃ 《ᠥᠪᠥᠷ ᠮᠤᠩᠭᠤᠯ᠎ᠤᠨ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠴᠤᠬᠯᠠᠭ᠋ᠠᠨ》 ᠵᠡᠷᠭᠡ ᠲᠥᠷᠥᠯ ᠲᠡᠮᠳᠡᠭᠳᠤ ᠤᠷᠤᠯᠳᠤᠭ᠋ᠠᠨ ᠵᠶ᠋ᠠᠷ ᠭᠤᠤᠯᠳᠠᠯᠭ᠎ᠠ ᠪᠤᠯᠭ᠋ᠠᠨ᠂ ᠨᠠᠭ᠋ᠠᠳᠤᠮ᠎ᠤᠨ ᠬᠤᠷᠠᠯ᠂ ᠮᠤᠩᠭᠤᠯ ᠥᠨᠳᠤᠰᠤᠳᠠᠨ᠎ᠤ 《ᠡᠷ᠎ᠡ ᠵᠢᠨ ᠭᠤᠷᠪᠠᠨ ᠨᠠᠭ᠋ᠠᠳᠤᠮ》 ᠵᠡᠷᠭᠡ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠲᠥᠷᠥᠯ ᠲᠡᠮᠳᠡᠭ᠎ᠤᠨ ᠲᠥᠷᠥᠯ ᠵᠦᠢ᠍ᠯ᠎ᠤᠨ ᠬᠥᠭᠵᠢᠯᠳᠠ ᠵᠢ ᠠᠬᠢᠭᠤᠯᠵᠥ᠂ ᠨᠡᠶ᠋ᠢᠭᠡᠮ᠎ᠤᠨ ᠬᠥᠴᠥᠨ᠎ᠤ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠤᠷᠤᠯᠳᠤᠭ᠋ᠠᠨ᠎ᠳᠤ ᠤᠷᠤᠯᠴᠠᠬᠤ ᠢᠳᠡᠪᠬᠢᠵᠢᠯ᠎ᠢ ᠬᠥᠢ᠍ᠴᠡᠳ ᠪᠠᠳᠠᠷᠠᠭᠤᠯᠵᠥ᠂ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠠᠵᠢᠯ ᠮᠡᠷᠭᠡᠵᠢᠯᠳᠠ᠂ ᠥᠷᠢᠰᠥᠯᠳᠥᠭᠡᠨᠵᠢᠯᠳᠠ᠂ ᠵᠠᠬ᠎ᠠ ᠲᠡᠯᠬᠡᠬᠦᠷᠵᠢᠯᠳᠠ ᠵᠢᠨ ᠲᠦᠪᠰᠢᠨ᠎ᠢ ᠠᠬᠢᠭᠤᠯᠤᠨ᠎ᠠ᠃
    — ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠠᠵᠤ ᠥᠢ᠍ᠯᠡᠰ᠎ᠢ ᠶᠡᠬᠡᠪᠡᠷ ᠬᠥᠭᠵᠢᠬᠦᠯᠥᠨ᠎ᠠ᠃ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠢ ᠪᠥᠬᠦ ᠤᠷᠤᠨ᠎ᠤ ᠪᠡᠶ᠎ᠠ ᠵᠢᠨ ᠲᠠᠮᠢᠷ᠎ᠤᠨ ᠠᠵᠤ ᠥᠢ᠍ᠯᠡᠰ᠎ᠢ ᠪᠤᠶ᠋ᠢᠵᠢᠭᠤᠯᠬᠤ ᠪᠠ ᠬᠥᠭᠵᠢᠬᠦᠯᠬᠦ ᠴᠢᠬᠤᠯᠠ ᠠᠭᠤᠯᠭ᠎ᠠ ᠪᠤᠯᠭ᠋ᠠᠨ ᠵᠢᠬᠰᠠᠭ᠋ᠠᠵᠥ᠂ ᠬᠥᠳᠡᠭᠡ ᠲᠤᠰᠬᠤᠨ᠎ᠢ ᠬᠥᠭᠵᠢᠬᠦᠯᠥᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ᠎ᠳᠤ ᠬᠥᠴᠥᠨ ᠨᠠᠮᠠᠷᠢᠯᠠᠵᠥ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶ᠋ᠢᠯᠠᠯᠳᠤᠭ᠋ᠠᠨ᠎ᠳᠤ ᠬᠠᠮᠵᠢᠯᠴᠠᠨ᠂ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠵᠢᠭᠤᠯᠴᠢᠯᠠᠯ᠂ ᠰᠤᠶᠤᠯ ᠵᠡᠷᠭᠡ᠎ᠲᠠᠢ ᠠᠭᠤᠰᠤᠯᠴᠠᠨ ᠭᠥᠭᠵᠢᠬᠦ ᠵᠢ ᠠᠬᠢᠭᠤᠯᠤᠨ᠎ᠠ᠃ ᠪᠥᠬᠡ ᠪᠠᠷᠢᠯᠳᠤᠬᠤ ᠵᠡᠷᠭᠡ ᠵᠤᠬᠢᠬᠤ ᠬᠡᠮᠵᠢᠶᠠᠨ᠎ᠤ ᠤᠯᠠᠨ ᠲᠥᠮᠡᠨ ᠪᠠ ᠵᠠᠬ᠎ᠠ ᠲᠡᠯᠬᠡᠬᠦᠷ᠎ᠤᠨ ᠰᠠᠭᠤᠷᠢ᠎ᠲᠠᠢ ᠪᠡᠶ᠎ᠠ ᠵᠢᠨ ᠲᠠᠮᠢᠷ᠎ᠤᠨ ᠲᠥᠷᠥᠯ ᠵᠦᠢ᠍ᠯ᠎ᠢ ᠠᠵᠢᠯ ᠮᠡᠷᠭᠡᠵᠢᠯ᠎ᠤᠨ ᠬᠤᠯᠪᠤᠭ᠋ᠠᠳᠤ ᠤᠷᠤᠯᠳᠤᠭ᠋ᠠᠨ ᠲᠡᠰᠢ ᠠᠯᠬᠤᠮ ᠠᠯᠬᠤᠮ ᠵᠶ᠋ᠠᠷ ᠬᠥᠭᠵᠢᠬᠦᠯᠵᠥ᠂ ᠤᠨᠴᠠᠯᠢᠬᠳᠤ ᠪᠡᠶ᠎ᠠ ᠵᠢᠨ ᠲᠠᠮᠢᠷ᠎ᠤᠨ ᠵᠢᠭᠤᠯᠴᠢᠯᠠᠯ᠎ᠤᠨ ᠥᠢ᠍ᠯᠡᠰ᠎ᠢ ᠲᠡᠯᠬᠡᠷᠡᠬᠦᠯᠬᠦ ᠪᠠ ᠬᠥᠭᠵᠢᠬᠦᠯᠵᠥ᠂ ᠪᠡᠶ᠎ᠠ ᠵᠢᠨ ᠲᠠᠮᠢᠷ᠎ᠤᠨ ᠬᠤᠯᠪᠤᠬᠳᠠᠯ ᠪᠥᠬᠦᠢ ᠥᠢ᠍ᠯᠡᠳᠬᠦ ᠥᠢ᠍ᠯᠡᠰ᠎ᠢ ᠲᠠᠶ᠋ᠢᠴᠢᠯᠠᠵᠥ᠂ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠶᠡᠷᠥᠩᠭᠡᠶ᠋ᠢᠵᠢᠯᠳᠠ᠂ ᠤᠯᠠᠨ ᠲᠥᠮᠡᠨᠴᠢᠯᠠᠯᠳᠠ ᠵᠢᠨ ᠠᠵᠤ ᠥᠢ᠍ᠯᠡᠰ᠎ᠤᠨ ᠬᠡᠯᠬᠢᠶᠠᠵᠢᠯ᠎ᠢ ᠴᠢᠷᠮᠠᠶ᠋ᠢᠨ ᠪᠤᠢ ᠪᠤᠯᠭ᠋ᠠᠨ᠎ᠠ᠃
    — ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠤᠯᠠᠮᠵᠢᠯᠠᠯ᠎ᠤᠨ ᠰᠢᠨ᠎ᠠ ᠵᠢ ᠡᠬᠦᠳᠬᠦ ᠵᠢ ᠴᠢᠩᠭ᠋ᠠᠳᠬᠠᠨ᠎ᠠ᠃ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠲᠥᠷᠥᠯ ᠵᠦᠢ᠍ᠯ᠎ᠢ ᠤᠯᠠᠮ ᠨᠢᠬᠡ ᠠᠯᠬᠤᠮ ᠪᠥᠬᠦ ᠤᠷᠤᠨ᠎ᠳᠤ ᠲᠥᠬᠡᠮᠡᠯᠵᠢᠬᠦᠯᠤᠨ ᠲᠡᠯᠭᠡᠷᠡᠬᠦᠯᠤᠨ᠎ᠠ᠃ ᠤᠨᠴᠠᠭ᠋ᠠᠢ᠍ᠢ᠍ᠯᠠᠨ ᠲᠤᠬᠠᠢ ᠵᠢᠨ ᠭᠠᠵᠠᠷ ᠤᠷᠤᠨ᠎ᠤ ᠪᠤᠳᠠᠳᠤ ᠪᠠᠶ᠋ᠢᠳᠠᠯ᠎ᠳᠤ ᠲᠤᠬᠢᠷᠬᠠᠰᠠᠨ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠢ ᠰᠤᠷᠭ᠋ᠠᠭᠤᠯᠢ ᠵᠢᠨ ᠬᠥᠷᠢᠶᠠᠨ᠎ᠳᠤ ᠤᠷᠤᠭᠤᠯᠬᠤ ᠵᠢ ᠠᠬᠢᠭᠤᠯᠤᠨ᠎ᠠ᠃ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠤᠶᠤᠯ᠎ᠢ ᠶᠡᠬᠡᠪᠡᠷ ᠬᠥᠭᠵᠢᠬᠦᠯᠵᠥ᠂ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠤᠶᠤᠯ᠎ᠤᠨ ᠠᠭᠤᠷ ᠠᠮᠢᠰᠬᠤᠯ᠎ᠢ ᠥᠳᠭᠡᠷᠡᠬᠦᠯᠥᠨ᠎ᠠ᠃ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠪᠡᠷᠢᠮᠵᠢᠶᠠᠳᠤ ᠰᠢᠰᠲ᠋ᠧᠮ᠎ᠤᠨ ᠪᠠᠶ᠋ᠢᠭᠤᠯᠤᠯᠳᠠ ᠵᠢ ᠲᠡᠮᠵᠢᠵᠥ᠂ ᠪᠡᠷᠢᠮᠵᠢᠶᠠᠵᠢᠬᠰᠠᠨ ᠪᠠᠶ᠋ᠢᠭᠤᠯᠤᠯᠳᠠ᠎ᠪᠠᠷ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠬᠥᠭᠵᠢᠯᠳᠠ ᠵᠢ ᠠᠬᠢᠭᠤᠯᠤᠨ᠎ᠠ᠃ ᠡᠯ᠎ᠠ ᠭᠠᠵᠠᠷ ᠤᠷᠤᠨ᠎ᠤ ᠮᠥᠽᠸᠢ ᠥᠪᠥᠷ ᠮᠤᠩᠭᠤᠯ᠎ᠤᠨ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠲᠡᠯᠬᠡᠨ ᠥᠵᠡᠬᠦᠯᠭᠡ ᠵᠢᠨ ᠲᠤᠰᠬᠠᠢ ᠪᠤᠯᠤᠩ ᠭᠠᠷᠭ᠋ᠠᠬᠤ ᠵᠢ ᠵᠤᠷᠢᠬ᠍ᠵᠢᠭᠤᠯᠤᠨ᠎ᠠ᠃ ᠥᠪᠥᠷ ᠮᠤᠩᠭᠤᠯ᠎ᠤᠨ ᠪᠡᠶ᠎ᠠ ᠵᠢᠨ ᠲᠡᠮᠢᠷ᠎ᠤᠨ ᠤᠷᠳᠤᠨ᠎ᠢ ᠰᠠᠶ᠋ᠢᠳᠤᠷ ᠡᠷᠬᠢᠯᠡᠵᠥ᠂ ᠮᠤᠷᠢᠨ ᠮᠡᠷᠭᠡᠵᠢᠯ᠂ ᠪᠥᠭᠡ ᠪᠠᠷᠢᠯᠳᠤᠬᠤ᠂ ᠰᠤᠷ ᠬᠠᠷᠪᠤᠬᠤ᠂ ᠪᠢᠯᠠᠭᠤ ᠰᠢᠳᠡᠬᠦ ᠵᠡᠷᠭᠡ ᠲᠤᠰᠬᠠᠢ ᠰᠡᠳᠤᠪᠳᠤ ᠤᠷᠳᠤᠨ᠎ᠢ ᠨᠡᠭᠡᠭᠡᠨ᠎ᠠ᠃


            ᠤᠯᠠᠮᠵᠢᠯᠠᠯᠳᠦ ᠡᠪᠡᠷ ᠨᠤᠮᠤ ᠬᠠᠷᠪᠤᠨ᠎ᠡ

    — ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠤᠯᠢᠯᠴᠠᠭ᠎ᠠ ᠵᠢ ᠴᠢᠩᠭ᠋ᠠᠳᠬᠠᠨ᠎ᠠ᠃ ᠥᠪᠥᠷ ᠮᠤᠩᠭᠤᠯ ᠬᠢᠬᠡᠳ ᠪᠤᠰᠤᠳ ᠮᠤᠵᠢ ᠬᠤᠳᠠ ᠤᠷᠤᠨ᠎ᠤ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠤᠯᠢᠯᠴᠠᠭ᠎ᠠ ᠵᠢ ᠴᠢᠩᠭ᠋ᠠᠳᠬᠠᠵᠥ᠂ ᠥᠨᠳᠤᠰᠤᠳᠠᠨ᠎ᠤ ᠤᠯᠠᠮᠵᠢᠯᠠᠯᠳᠤ ᠰᠤᠶᠤᠯ᠎ᠢ ᠬᠥᠭᠵᠢᠬᠦᠯᠥᠨ ᠮᠠᠨᠳᠤᠭᠤᠯᠵᠥ᠂ ᠰᠤᠶᠤᠯ᠎ᠤᠨ ᠢᠳᠡᠭᠡᠯ ᠵᠶ᠋ᠠᠨ ᠪᠠᠳᠤᠳᠬᠠᠨ᠎ᠠ᠃ 《ᠨᠢᠬᠡ ᠪᠥᠰᠡ ᠨᠢᠬᠡ ᠵᠠᠮ》 ᠲᠠᠭ᠋ᠠᠤ ᠵᠢᠨ ᠤᠯᠤᠰ᠎ᠤᠨ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠤᠶᠤᠯ᠎ᠤᠨ ᠰᠤᠯᠢᠯᠴᠠᠭ᠎ᠠ ᠵᠢ ᠢᠳᠡᠪᠬᠢᠳᠠᠢ ᠥᠷᠨᠢᠬᠦᠯᠵᠥ᠂ ᠬᠢᠯᠢ ᠵᠢᠨ ᠭᠠᠵᠠᠷ ᠤᠷᠤᠨ᠎ᠤ ᠬᠢᠯᠢ ᠠᠯᠤᠰᠯᠠᠬᠰᠠᠨ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠤᠶᠤᠯ᠎ᠤᠨ ᠰᠤᠯᠢᠯᠴᠠᠭ᠎ᠠ ᠵᠢ ᠲᠠᠮᠵᠢᠵᠥ᠂ ᠤᠷᠤᠰ᠂ ᠮᠤᠩᠭᠤᠯ᠎ᠯᠤᠭ᠎ᠠ ᠵᠢᠨ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠤᠯᠢᠯᠴᠠᠭ᠎ᠠ ᠵᠢ ᠭᠤᠤᠯᠳᠠᠯᠭ᠎ᠠ᠎ᠲᠠᠢ ᠠᠳᠬᠤᠨ᠎ᠠ᠃ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠤᠯᠠᠨ ᠤᠯᠤᠰ᠎ᠤᠨ ᠤᠷᠤᠯᠳᠤᠭ᠋ᠠᠨ᠎ᠤ ᠠᠵᠢᠯᠯᠠᠭ᠎ᠠ᠂ ᠰᠤᠳᠤᠯᠤᠯ ᠰᠤᠯᠢᠯᠴᠠᠭ᠎ᠠ᠂ ᠪᠡᠶ᠎ᠠ ᠵᠢᠨ ᠲᠠᠮᠢᠷ᠎ᠤᠨ ᠨᠡᠷᠡᠳᠤ ᠬᠥᠮᠥᠰ ᠵᠡᠷᠭᠡ᠎ᠳᠤ ᠲᠥᠰᠢᠭᠯᠡᠨ᠂ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠤᠶᠤᠯ᠎ᠤᠨ ᠤᠯᠠᠨ ᠤᠯᠤᠰ᠎ᠲᠠᠬᠢ ᠲᠠᠮᠵᠢᠭᠤᠯᠭ᠎ᠠ ᠵᠢ ᠰᠠᠶ᠋ᠢᠳᠤᠷ ᠬᠢᠨ᠎ᠠ᠃ ᠲᠤᠮᠳᠠᠳᠤ ᠮᠤᠩᠭᠤᠯ ᠤᠷᠤᠰ᠎ᠤᠨ ᠤᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠡᠶ᠎ᠠ ᠵᠢᠨ ᠲᠠᠮᠢᠷ᠎ᠤᠨ ᠬᠥᠳᠡᠯᠭᠡᠭᠡᠨ ᠪᠠ ᠲᠤᠮᠳᠠᠳᠤ ᠮᠤᠩᠭᠤᠯ ᠤᠷᠤᠰ᠎ᠤᠨ ᠤᠯᠠᠨ ᠤᠯᠤᠰ᠎ᠤᠨ ᠨᠠᠰᠤᠳᠠᠶ᠋ᠢᠴᠤᠳ᠎ᠤᠨ ᠪᠡᠶ᠎ᠠ ᠵᠢᠨ ᠲᠠᠮᠢᠷ᠎ᠤᠨ ᠬᠥᠳᠡᠯᠭᠡᠭᠡᠨ ᠵᠢᠴᠢ ᠲᠤᠮᠳᠠᠳᠤ ᠮᠤᠩᠭᠤᠯ ᠤᠷᠤᠰ᠎ᠤᠨ ᠤᠷᠤᠯᠳᠤᠭ᠋ᠠᠨ᠎ᠤ ᠪᠤᠰᠤᠳ ᠠᠵᠢᠯᠯᠠᠭ᠎ᠠ ᠵᠢ ᠰᠠᠶ᠋ᠢᠳᠤᠷ ᠬᠢᠨ᠎ᠠ᠃
    — ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠠᠭᠤᠷᠢᠨ᠎ᠤ ᠪᠥᠳᠥᠭᠡᠨ ᠪᠠᠶ᠋ᠢᠭᠤᠯᠤᠯᠳᠠ᠎ᠪᠠᠨ ᠴᠢᠩᠭ᠋ᠠᠳᠬᠠᠨ᠎ᠠ᠃ ᠪᠥᠬᠦ ᠤᠷᠤᠨ᠎ᠤ ᠡᠯ᠎ᠠ ᠱᠠᠳᠤᠨ᠎ᠤ ᠪᠡᠶ᠎ᠠ ᠵᠢᠨ ᠲᠠᠮᠢᠷ᠎ᠤᠨ ᠰᠠᠯᠠᠭ᠎ᠠ ᠮᠥᠴᠢᠷ ᠪᠠ ᠥᠨᠳᠤᠰᠤᠳᠠᠨ᠎ᠤ ᠠᠵᠢᠯ᠎ᠤᠨ ᠰᠠᠯᠠᠭ᠎ᠠ ᠮᠥᠴᠢᠷ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠠᠭᠤᠷᠢᠨ᠎ᠤ ᠬᠠᠮᠢᠶᠠᠷᠤᠯᠳᠠ ᠵᠢᠨ ᠠᠷᠭ᠎ᠠ ᠵᠢ ᠰᠤᠳᠤᠯᠤᠨ ᠲᠤᠬᠳᠠᠭ᠋ᠠᠵᠥ᠂ ᠪᠥᠬᠦ ᠤᠷᠤᠨ᠎ᠤ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠰᠠᠭᠤᠷᠢᠨ᠎ᠢ ᠨᠠᠷᠠᠶ᠋ᠢᠳᠬᠦ ᠪᠠ ᠰᠢᠯᠭ᠋ᠠᠨ ᠥᠨᠡᠯᠡᠬᠦ ᠬᠠᠮᠢᠶᠠᠷᠤᠯᠳᠠ ᠵᠢ ᠴᠢᠩᠭ᠋ᠠᠳᠬᠠᠨ᠎ᠠ᠃
    — ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠴᠢᠳᠠᠪᠤᠷᠢᠳᠠᠨ᠎ᠢ ᠬᠥᠮᠥᠵᠢᠬᠦᠯᠥᠨ᠎ᠠ᠃ ᠥᠪᠡᠷᠳᠡᠭᠡᠨ ᠵᠠᠰᠠᠬᠤ ᠤᠷᠤᠨ᠎ᠤ ᠪᠡᠶ᠎ᠠ ᠵᠢᠨ ᠲᠠᠮᠢᠷ᠎ᠤᠨ ᠰᠠᠯᠠᠭ᠎ᠠ ᠮᠥᠴᠢᠷ ᠲᠥᠯᠥᠪᠯᠡᠭᠡ᠎ᠲᠠᠢ᠎ᠪᠠᠷ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠴᠢᠳᠠᠪᠤᠷᠢᠳᠠᠨ᠎ᠢ ᠡᠯ᠎ᠠ ᠱᠠᠳᠤ ᠡᠯ᠎ᠠ ᠲᠥᠷᠥᠯ᠎ᠤᠨ ᠨᠡᠶ᠋ᠢᠭᠡᠮ᠎ᠤᠨ ᠪᠡᠶ᠎ᠠ ᠵᠢᠨ ᠲᠠᠮᠢᠷ᠎ᠤᠨ ᠵᠢᠭ᠋ᠠᠨ ᠵᠢᠯᠥᠭᠤᠳᠤᠬ᠍ᠴᠢ᠂ ᠲᠠᠰᠬᠠᠯᠵᠢᠭᠤᠯᠤᠬ᠍ᠴᠢ᠂ ᠬᠢᠨᠠᠬ᠍ᠴᠢ ᠵᠢᠨ ᠬᠥᠮᠥᠵᠢᠯ ᠪᠤᠯᠪᠠᠰᠤᠷᠠᠯ᠎ᠤᠨ ᠰᠢᠰᠲ᠋ᠧᠮ᠎ᠳᠤ ᠤᠷᠤᠭᠤᠯᠤᠨ᠎ᠠ᠃ ᠥᠨᠳᠤᠰᠤᠳᠠᠨ᠎ᠤ ᠭᠡᠷᠡᠭ ᠡᠷᠬᠢᠯᠡᠬᠦ ᠰᠠᠯᠠᠭ᠎ᠠ ᠮᠥᠴᠢᠷ ᠥᠨᠳᠤᠰᠤᠳᠠᠨ᠎ᠤ ᠲᠤᠮᠳᠠᠳᠤ ᠪᠠᠭ᠎ᠠ ᠰᠤᠷᠭ᠋ᠠᠭᠤᠯᠢ ᠪᠠ ᠪᠤᠰᠤᠳ ᠰᠤᠷᠭ᠋ᠠᠭᠤᠯᠢ ᠵᠢᠨ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠠᠵᠢᠯᠯᠠᠭ᠎ᠠ ᠥᠷᠨᠢᠬᠦᠯᠬᠦ ᠵᠢ ᠲᠠᠮᠵᠢᠵᠥ᠂ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠢ ᠵᠢᠩᠬᠢᠨᠢ᠎ᠪᠠᠷ ᠪᠡᠶ᠎ᠠ ᠵᠢᠨ ᠲᠠᠮᠢᠷ᠎ᠤᠨ ᠬᠢᠴᠢᠶᠡᠯ ᠲᠥᠷᠥᠯ᠎ᠤᠨ ᠵᠢᠭ᠋ᠠᠨ ᠰᠤᠷᠭ᠋ᠠᠯᠳᠠ ᠵᠢᠨ ᠠᠭᠤᠯᠭ᠎ᠠ᠎ᠳᠤ ᠤᠷᠤᠭᠤᠯᠬᠤ ᠨᠥᠬᠦᠴᠡᠯ᠎ᠢ ᠡᠬᠦᠳᠤᠨ ᠪᠥᠳᠥᠭᠡᠵᠥ᠂ ᠥᠨᠳᠤᠰᠤᠳᠠᠨ᠎ᠤ ᠲᠡᠭᠡᠳᠤ ᠰᠤᠷᠭ᠋ᠠᠭᠤᠯᠢ ᠵᠢᠨ ᠪᠡᠶ᠎ᠠ ᠵᠢᠨ ᠲᠠᠮᠢᠷ᠎ᠤᠨ ᠰᠠᠯᠪᠤᠷᠢ ᠪᠠ ᠪᠤᠰᠤᠳ ᠪᠡᠶ᠎ᠠ ᠵᠢᠨ ᠲᠠᠮᠢᠷ᠎ᠤᠨ ᠲᠡᠭᠡᠳᠤ ᠰᠤᠷᠭ᠋ᠠᠭᠤᠯᠢ᠎ᠳᠤ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠲᠤᠰᠬᠠᠢ ᠮᠡᠷᠭᠡᠵᠢᠯ᠎ᠢ ᠨᠡᠭᠡᠭᠡᠵᠥ᠂ ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠵᠢᠭ᠋ᠠᠨ ᠰᠤᠷᠭ᠋ᠠᠯᠳᠠ ᠪᠠ ᠰᠤᠳᠤᠯᠤᠯ᠎ᠢ ᠦᠷᠨᠢᠭᠦᠯᠦᠨ᠎ᠡ᠃
    ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠬᠥᠭᠵᠢᠯᠳᠠ᠎ᠳᠤ ᠬᠢᠭᠰᠡᠨ ᠨᠠᠷᠢᠯᠢᠬ ᠪᠠᠶ᠋ᠢᠷᠢᠯᠠᠭᠤᠯᠤᠯᠳᠠ᠎ᠨᠢ ᠮᠠᠨ᠎ᠤ ᠤᠷᠤᠨ᠎ᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ᠎ᠤᠨ ᠬᠥᠭᠵᠢᠯᠳᠠ᠎ᠳᠤ ᠨᠠᠩ ᠰᠠᠷᠠᠭᠤᠯ ᠲᠠᠷᠳᠠᠩ ᠢᠷᠡᠭᠡᠳᠤᠢ ᠵᠢ ᠴᠤᠬ᠍ᠴᠠᠯᠠᠨ᠂ ᠲᠥᠷᠭᠡᠨ ᠬᠥᠭᠵᠢᠯᠳᠠ᠎ᠳᠤ ᠵᠢᠬᠦᠷ ᠤᠷᠭᠤᠭᠤᠯᠬᠤ᠎ᠨᠢ ᠲᠠᠮᠵᠢᠬ ᠥᠬᠡᠢ᠃

              ᠮᠤᠷᠢᠨ ᠤᠷᠤᠯᠳᠤᠭ᠋ᠠᠨ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠪᠦᠯᠭᠦᠮᠳᠠᠯ ᠨᠦᠭᠦᠷᠯᠠᠯ ᠤᠷᠤᠭᠰᠢᠯᠠᠯᠳᠠ ᠳᠠᠪᠰᠢᠯᠳᠠ ᠵᠶ᠋ᠠᠷ ᠠᠶ᠋ᠢᠵᠢᠮᠯᠠᠭᠰᠠᠨ ᠳᠠᠯ᠎ᠠ ᠨᠤᠳᠤᠭ᠎ᠤᠨ ᠦᠨᠳᠦᠰᠦᠳᠠᠨ᠎ᠤ ᠶᠡᠭᠡ ᠨᠠᠶ᠋ᠢᠷ
 ᠠᠷᠭ᠋ᠠᠢ ᠨᠠᠭ᠋ᠠᠳᠤᠮ᠎ᠤᠨ ᠤᠯᠠᠮᠵᠢᠯᠠᠯ ᠪᠠ ᠬᠦᠭᠵᠢᠬᠦᠯᠦᠯ
ᠪᠦᠬᠡ ᠪᠠᠷᠢᠯᠳᠤᠬᠤ ᠶᠤᠰᠤᠨ (ᠨᠢᠭᠡ)
ᠪᠦᠬᠡ ᠪᠠᠷᠢᠯᠳᠤᠬᠤ ᠶᠤᠰᠤᠨ (ᠬᠤᠶᠠᠷ)
ᠣᠯᠠᠮᠵᠢᠯᠠᠯ ᠰᠢᠨᠡᠴᠢᠯᠡᠯ᠎ᠤᠨ ᠵᠠᠢ᠎ᠳᠠᠬᠢ ᠮᠣᠩᠭᠤᠯ ᠪᠥᠬᠡ
 
            