ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠨᠳᠦᠰᠦᠲᠡᠨ᠎ᠤ ᠪᠡᠶ᠎ᠡ ᠲᠠᠮᠢᠷ   -   ᠦᠨᠳᠦᠰᠦᠲᠡᠨ᠎ᠤ ᠪᠡᠶ᠎ᠡ ᠲᠠᠮᠢᠷ᠎ᠤᠨ ᠪᠠᠶ᠋ᠢᠳᠠᠯ
 ᠠᠷᠭ᠋ᠠᠢ ᠨᠠᠭ᠋ᠠᠳᠤᠮ᠎ᠤᠨ ᠤᠯᠠᠮᠵᠢᠯᠠᠯ ᠪᠠ ᠬᠦᠭᠵᠢᠬᠦᠯᠦᠯ
ᠨᠡᠶ᠋ᠢᠲᠡᠯᠡᠭᠰᠡᠨ ᠴᠠᠭ᠄ 2020-05-14

      《ᠠᠷᠭ᠋ᠠᠢ》 ᠬᠡᠵᠦ ᠠᠷᠢᠯᠭ᠋ᠠᠵᠦ ᠵᠠᠰᠠᠬᠰᠠᠨ ᠦᠬᠡᠷ᠎ᠤᠨ ᠱᠠᠭ᠎ᠠ ᠵᠢ ᠬᠡᠯᠡᠳᠡᠭ᠃ ᠤᠯᠠᠭ᠋ᠠᠨᠬᠠᠳᠠ ᠬᠤᠳᠠ ᠵᠢᠨ ᠠᠷᠤ ᠬᠤᠷᠴᠢᠨ ᠬᠤᠰᠢᠭᠤ᠎ᠨᠢ ᠠᠷᠪᠠᠨ ᠰᠤᠮᠤᠨ᠎ᠤ ᠬᠤᠷᠢᠮ᠎ᠤᠨ ᠶᠤᠰᠤᠯᠠᠯ᠂ ᠮᠤᠩᠭᠤᠯ ᠥᠨᠳᠤᠰᠤᠳᠠᠨ᠎ᠤ ᠬᠠᠭ᠋ᠠᠨ ᠤᠷᠳᠤᠨ᠎ᠤ ᠬᠥᠭᠵᠢᠮ᠂ ᠬᠠᠰᠠᠬ ᠲᠡᠷᠭᠡ ᠥᠢ᠍ᠯᠡᠳᠭᠦ ᠭᠠᠷ ᠤᠷᠠᠯᠠᠯ ᠁ ᠵᠡᠷᠭᠡ ᠥᠪᠡᠷᠮᠢᠴᠡ ᠲᠡᠤᠭᠡ ᠰᠤᠶᠤᠯ᠎ᠠᠴᠠ ᠭᠠᠲᠠᠨ᠎ᠠ᠂ ᠠᠷᠭ᠋ᠠᠢ ᠨᠠᠭ᠋ᠠᠲᠤᠮ᠎ᠤᠨ ᠰᠤᠶᠤᠯ ᠵᠶ᠋ᠠᠷ ᠵᠶ᠋ᠠᠨ ᠬᠤᠯᠠ ᠥᠢ᠍ᠷ᠎ᠠ᠎ᠳᠠᠭᠠᠨ ᠠᠯᠲᠠᠷᠰᠢᠬᠰᠠᠨ ᠪᠠᠶ᠋ᠢᠳᠠᠬ᠃ ᠤᠢ᠍ᠢ᠍ᠷ᠎ᠠ ᠵᠢᠨ ᠵᠢᠯ᠎ᠳᠤ᠂ ᠠᠷᠤ ᠬᠤᠷᠴᠢᠨᠴᠤᠳ ᠠᠷᠭ᠋ᠠᠢ ᠨᠠᠭ᠋ᠠᠲᠤᠮ᠎ᠤᠨ ᠲᠡᠦᠭᠡ ᠰᠤᠶᠤᠯ ᠵᠶ᠋ᠠᠨ ᠤᠯᠠᠮ ᠴᠠᠭ᠋ᠠᠰᠢᠲᠠ ᠠᠭᠤᠲᠠᠯᠵᠦ᠂ ᠪᠦᠲᠦᠮᠵᠢᠳᠡᠢ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠠᠪᠴᠦ᠂ ᠥᠪ ᠰᠤᠶᠤᠯ᠎ᠤᠨ ᠦᠨᠡᠲᠦ ᠡᠷᠳᠡᠨᠢ ᠪᠤᠯᠤᠬᠰᠠᠨ ᠠᠷᠭ᠋ᠠᠢ ᠨᠠᠭ᠋ᠠᠳᠤᠮ ᠵᠶ᠋ᠠᠨ ᠠᠪᠤᠷᠠᠨ ᠬᠠᠮᠠᠭ᠋ᠠᠯᠠᠵᠦ᠂ ᠤᠯᠠᠮᠵᠢᠯᠠᠨ ᠬᠦᠭᠵᠢᠬᠦᠯᠬᠦ ᠵᠢᠨ ᠲᠦᠯᠦᠬᠡ ᠬᠦᠴᠦ ᠨᠢᠬᠡᠲᠦᠨ ᠴᠢᠷᠮᠠᠶ᠋ᠢᠵᠠᠭ᠋ᠠᠵᠦ ᠪᠤᠢ᠃

    ᠰᠤᠶᠤᠯ ᠲᠡᠤᠭᠡ ᠵᠢᠨ ᠬᠤᠪᠤᠷ ᠥᠯᠡᠳᠡᠭᠳᠠᠯ

    ᠬᠤᠯᠪᠤᠬᠳᠠᠯ ᠪᠥᠬᠦᠢ ᠲᠡᠤᠭᠡ ᠵᠢᠨ ᠪᠢᠴᠢᠭ ᠮᠠᠲ᠋ᠧᠷᠢᠶᠠᠯ᠎ᠳᠤ ᠲᠡᠮᠳᠡᠭᠯᠡᠭᠰᠡᠨ᠎ᠢ ᠦᠨᠳᠦᠰᠦᠯᠡᠪᠡᠯ᠂ ᠪᠠᠭ᠎ᠠ ᠨᠠᠰᠤᠨ᠎ᠤ ᠲᠡᠮᠦᠵᠢᠨ ᠪᠣᠯᠤᠨ ᠵᠠᠮᠤᠬ᠎ᠠ ᠬᠤᠶᠠᠭᠤᠯᠠ ᠮᠥᠰᠥᠨ ᠳᠡᠭᠡᠷ᠎ᠡ ᠱᠠᠭ᠎ᠠ ᠵᠢᠨ ᠲᠣᠭᠯᠠᠭ᠋ᠠᠮ᠎ᠢ ᠨᠠᠭ᠋ᠠᠳᠴᠤ ᠪᠠᠶ᠋ᠢᠬᠰᠠᠨ᠂ ᠮᠠᠨᠳᠤᠬᠠᠢ ᠰᠡᠴᠡᠨ ᠥᠨᠡᠨᠪᠤᠯᠤᠳ ᠬᠤᠶᠠᠭᠤᠯᠠ ᠠᠷᠭ᠋ᠠᠢ ᠨᠠᠭ᠋ᠠᠳᠤᠮ᠎ᠤᠨ ᠲᠠᠯᠠᠪᠠᠢ᠎ᠳᠤ ᠲᠠᠨᠢᠯᠴᠠᠭᠰᠠᠨ ᠬᠡᠯᠴᠡᠳᠡᠭ᠃ ᠲᠡᠦᠬᠡᠨ ᠮᠠᠲᠧᠷᠢᠶᠠᠯ᠂ ᠪᠢᠴᠢᠭ ᠰᠤᠲᠤᠷ᠎ᠲᠤ ᠮᠥᠰᠥᠨ ᠳᠡᠭᠡᠷᠡᠬᠢ ᠠᠷᠭ᠋ᠠᠢ ᠨᠠᠭ᠋ᠠᠳᠤᠮ ᠪᠣᠯ ᠮᠣᠩᠭᠤᠯᠴᠤᠳ᠎ᠤᠨ ᠦᠨᠢ ᠤᠳᠠᠭ᠋ᠠᠨ ᠲᠡᠤᠭᠡ᠎ᠲᠠᠢ ᠪᠡᠶ᠎ᠠ ᠵᠢᠨ ᠲᠠᠮᠢᠷ᠎ᠤᠨ ᠬᠥᠳᠡᠯᠭᠡᠭᠡᠨ᠎ᠤ ᠲᠦᠷᠦᠯ ᠵᠦᠢ᠍ᠯ᠎ᠤᠨ ᠨᠢᠭᠡ᠎ᠨᠢ ᠪᠣᠯᠤᠨ᠎ᠠ ᠬᠡᠵᠥ ᠲᠡᠮᠳᠡᠭᠯᠡᠵᠥ ᠪᠠᠶ᠋ᠢᠳᠠᠬ᠃
《ᠠᠷᠭ᠋ᠠᠢ ᠨᠠᠭ᠋ᠠᠳᠤᠮ ᠤᠳᠤᠬᠠᠨ᠎ᠳᠤ ᠠᠷᠤ ᠬᠤᠷᠴᠢᠨ ᠬᠤᠰᠢᠭᠤᠨ᠎ᠤ ᠬᠠᠨᠰᠦ᠋ᠮ᠎ᠠ ᠰᠤᠮᠤᠨ᠎ᠤ ᠠᠮᠠᠰᠠᠷ ᠪᠣᠯᠤᠨ ᠪᠣᠷᠣᠬᠤᠲᠠ ᠬᠤᠶᠠᠷ ᠭᠠᠴᠠᠭ᠋ᠠᠨ᠎ᠤ ᠮᠠᠯᠴᠢᠳ᠎ᠤᠨ ᠳᠤᠮᠳᠠ ᠤᠯᠠᠮᠵᠢᠯᠠᠬᠳᠠᠵᠥ ᠪᠤᠢ》 ᠭᠡᠵᠦ ᠠᠷᠤ ᠬᠤᠷᠴᠢᠨ ᠬᠤᠰᠢᠭᠤ ᠵᠢᠨ ᠰᠤᠶᠤᠯ ᠪᠡᠶ᠎ᠠ ᠵᠢᠨ ᠲᠠᠮᠢᠷ ᠷᠠᠳᠢᠣ᠋ ᠲᠧᠯᠸᠢᠰ ᠲᠤᠪᠴᠢᠶ᠎ᠠ ᠵᠢᠨ ᠬᠠᠷᠢᠭᠤᠴᠠᠯᠭ᠋ᠠᠳᠠᠨ ᠪᠥᠬᠡᠪᠠᠭ᠋ᠠᠳᠤᠷ ᠲᠠᠨᠢᠯᠴᠠᠭᠤᠯᠤᠬᠰᠠᠨ ᠪᠠᠶ᠋ᠢᠨ᠎ᠠ᠃ ᠲᠡᠬᠦᠨ᠎ᠤ ᠬᠠᠨᠭ᠌ᠭ᠋ᠠᠬᠰᠠᠨ ᠮᠡᠲ᠋ᠧᠷᠢᠶᠠᠯ᠎ᠢ ᠥᠨᠳᠤᠰᠤᠯᠠᠪᠠᠯ᠂ ᠲᠡᠦᠬᠡᠨ ᠳᠡᠭᠡᠷᠡᠬᠢ ᠠᠷᠤ ᠬᠤᠷᠴᠢᠨᠴᠤᠳ ᠪᠣᠯ ᠴᠢᠩᠭᠢᠰ ᠬᠠᠭ᠋ᠠᠨ᠎ᠤ ᠲᠥᠷᠥᠭᠰᠡᠨ ᠳᠡᠭᠦᠦ ᠬᠠᠪᠤᠲᠦ ᠬᠠᠰᠠᠷ᠎ᠤᠨ ᠥᠷ᠎ᠠ ᠬᠤᠶ᠋ᠢᠴᠢᠰ ᠪᠣᠯᠤᠨ᠎ᠠ᠃ 1546 ᠣᠨ᠎ᠳᠤ᠂ ᠬᠠᠰᠠᠷ᠎ᠤᠨ ᠥᠷ᠎ᠠ ᠬᠤᠶ᠋ᠢᠴᠢᠰ ᠬᠥᠯᠥᠨ ᠪᠤᠶ᠋ᠢᠷ᠎ᠤᠨ ᠴᠢᠭᠤᠯᠭ᠋ᠠᠨ᠎ᠤ ᠬᠠᠶ᠋ᠢᠯᠠᠷ ᠭᠤᠣᠯ ᠣᠷᠴᠢᠮ᠎ᠤᠨ ᠠᠷᠤ ᠬᠤᠷᠴᠢᠨ ᠠᠶ᠋ᠢᠮᠠᠭ᠎ᠲᠤ ᠰᠠᠭᠤᠷᠢᠰᠢᠵᠤ᠂ ᠠᠬᠠᠯᠠᠬ᠍ᠴᠢ ᠬᠥᠨᠳᠡᠯᠡᠨ ᠲᠠᠶ᠋ᠢᠴᠢᠩ᠎ᠤᠨ ᠳᠠᠭ᠋ᠠᠭᠤᠯᠭ᠎ᠠ ᠳᠣᠣᠷ᠎ᠠ ᠡᠮᠦᠨᠡᠰᠢ ᠨᠡᠬᠦᠳᠡᠯᠯᠡᠵᠥ ᠣᠳᠣ ᠵᠢᠨ ᠡᠨᠡ ᠨᠤᠲᠤᠭ᠎ᠲᠤ ᠢᠷᠡᠵᠦ ᠨᠤᠲᠤᠭᠯᠠᠵᠠᠢ᠃ 《ᠴᠢᠩ ᠤᠯᠤᠰ᠎ᠤᠨ ᠦᠶ᠎ᠡ᠎ᠳᠤ ᠠᠷᠤ ᠬᠤᠷᠴᠢᠨ ᠬᠤᠰᠢᠭᠤ ᠵᠢ ᠪᠠᠶ᠋ᠢᠭᠤᠯᠵᠤ᠂ ᠵᠣᠣ ᠤᠳᠠ ᠠᠶ᠋ᠢᠮᠠᠭ᠎ᠲᠤ ᠬᠠᠷᠢᠶᠠᠯᠠᠭᠳᠠᠭᠤᠯᠪᠠ》 ᠬᠡᠵᠥ ᠲᠤᠳᠤᠷᠬᠠᠢ᠍ᠢ᠍ᠯᠠᠵᠥ ᠪᠠᠶ᠋ᠢᠯ᠎ᠠ᠃

    ᠠᠷᠤ ᠬᠤᠷᠴᠢᠨ ᠬᠤᠰᠢᠭᠤ᠎ᠨᠢ ᠮᠠᠨ᠎ᠤ ᠣᠷᠣᠨ᠎ᠤ ᠳᠤᠮᠳᠠ ᠬᠡᠰᠡᠭ᠂ ᠤᠯᠠᠭ᠋ᠠᠨᠬᠠᠳᠠ ᠬᠤᠲᠠ ᠵᠢᠨ ᠵᠡᠭᠦᠨ ᠬᠤᠶ᠋ᠢᠲᠤ ᠬᠡᠰᠡᠭ᠎ᠲᠤ ᠪᠠᠶ᠋ᠢᠷᠢᠯᠠᠵᠤ ᠪᠠᠶ᠋ᠢᠳᠠᠬ᠃ ᠵᠡᠬᠦᠨᠰᠢ᠎ᠪᠠᠨ ᠲᠦᠩᠯᠢᠶᠣᠤ ᠬᠤᠲᠠ ᠵᠢᠨ ᠵᠠᠷᠤᠳ ᠬᠤᠰᠢᠭᠤ᠎ᠲᠠᠢ ᠬᠥᠷᠰᠢᠯᠡᠨ᠎ᠡ; ᠡᠮᠦᠨᠡᠰᠢ᠎ᠪᠠᠨ ᠤᠯᠠᠭ᠋ᠠᠨᠬᠠᠳᠠ ᠬᠤᠲᠠ ᠵᠢᠨ ᠣᠩᠨᠢᠭᠤᠳ ᠬᠤᠰᠢᠭᠤ ᠪᠣᠯᠤᠨ ᠲᠦᠩᠯᠢᠶᠣᠤ ᠬᠤᠲᠠ ᠵᠢᠨ ᠺᠠᠶ᠋ᠢᠯᠦ ᠰᠢᠶᠠᠨ᠎ᠤ ᠬᠠᠷᠢᠶᠠᠨ᠎ᠳᠠᠬᠢ ᠰᠢᠷᠠᠮᠦ᠋ᠷᠡᠨ ᠭᠤᠤᠯ ᠪᠣᠯᠤᠨ᠎ᠲᠠᠢ ᠾᠧ ᠭᠤᠤᠯ᠎ᠤᠨ ᠬᠠᠭᠤᠴᠢᠨ ᠤᠷᠤᠰᠬᠠᠯ᠎ᠤᠨ ᠵᠠᠭ᠋ᠠᠭ᠎ᠲᠠᠢ ᠨᠢᠭᠤᠷᠯᠠᠵᠥ᠂ ᠪᠠᠷᠠᠭᠤᠨᠰᠢ᠎ᠪᠠᠨ ᠤᠯᠠᠭ᠋ᠠᠨᠬᠠᠳᠠ ᠬᠤᠲᠠ ᠵᠢᠨ ᠪᠠᠭ᠋ᠠᠷᠢᠨ ᠵᠡᠭᠦᠨ ᠬᠤᠰᠢᠭᠤ᠂ ᠪᠠᠭ᠋ᠠᠷᠢᠨ ᠪᠠᠷᠠᠭᠤᠨ ᠬᠤᠰᠢᠭᠤ᠎ᠲᠠᠢ ᠵᠠᠬ᠎ᠠ ᠨᠡᠶ᠋ᠢᠯᠡᠵᠦ ᠪᠠᠶ᠋ᠢᠨ᠎ᠠ; ᠤᠮᠠᠷᠠᠰᠢ᠎ᠪᠠᠨ ᠰᠢᠯᠢ ᠵᠢᠨ ᠭᠤᠣᠯ ᠠᠶ᠋ᠢᠮᠠᠭ᠎ᠤᠨ ᠪᠠᠷᠠᠭᠤᠨ ᠦᠵᠦᠮᠦᠴᠢᠨ ᠬᠤᠰᠢᠭᠤ᠂ ᠵᠡᠭᠦᠨ ᠦᠵᠦᠮᠦᠴᠢᠨ ᠬᠤᠰᠢᠭᠤ᠎ᠲᠠᠢ ᠵᠠᠬ᠎ᠠ ᠨᠡᠶ᠋ᠢᠯᠡᠵᠦ ᠤᠯᠠᠨ ᠨᠤᠲᠤᠭ᠎ᠤᠨ ᠰᠤᠶᠤᠯ᠎ᠤᠨ ᠨᠥᠯᠥᠭᠡ ᠵᠢ ᠬᠥᠷᠳᠡᠭᠰᠡᠨ ᠥᠡᠭᠭᠡ ᠢᠯᠭ᠋ᠠᠷᠠᠮ᠎ᠠ ᠰᠤᠶᠤᠯ ᠤᠷᠠᠯᠢᠬ᠎ᠢ ᠪᠥᠷᠢᠯᠳᠥᠭᠦᠯᠥᠭᠰᠡᠨ ᠪᠠᠶ᠋ᠢᠳᠠᠬ᠃
    ᠮᠥᠰᠥᠨ ᠳᠡᠭᠡᠷᠡᠬᠢ ᠠᠷᠭ᠋ᠠᠢ ᠨᠠᠭ᠋ᠠᠳᠤᠮ ᠪᠣᠯ ᠮᠣᠩᠭᠤᠯ ᠦᠨᠳᠦᠰᠦᠲᠡᠨ᠎ᠤ ᠡᠷᠲᠡᠨ᠎ᠤ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ ᠪᠣᠯᠤᠨ᠎ᠠ᠃ ᠠᠷᠤ ᠬᠤᠷᠴᠢᠨ ᠬᠤᠰᠢᠭᠤᠨ᠎ᠳᠤ ᠳᠡᠯᠭᠡᠷᠡᠭᠰᠡᠨ ᠮᠥᠰᠥᠨ ᠳᠡᠭᠡᠷᠡᠬᠢ ᠠᠷᠭ᠋ᠠᠢ ᠨᠠᠭ᠋ᠠᠳᠤᠮ᠎ᠨᠢ ᠪᠦᠬᠦ᠋ᠢ᠍ᠯᠡ ᠦᠨᠳᠦᠰᠦᠲᠡᠨ᠎ᠤ ᠨᠠᠶ᠋ᠢᠳᠡᠯᠢᠭ ᠰᠢᠨᠵᠢ᠎ᠲᠠᠢ ᠮᠥᠷᠲᠡᠭᠡᠨ ᠢᠯᠡ ᠲᠣᠳᠣ ᠣᠷᠣᠨ ᠨᠤᠲᠤᠭ᠎ᠤᠨ ᠥᠩᠭᠡ ᠪᠤᠳᠤᠭ᠎ᠲᠠᠢ ᠪᠠᠶ᠋ᠢᠳᠠᠭ᠃ ᠠᠷᠭ᠋ᠠᠢ ᠬᠢᠬᠦ᠎ᠳᠤ ᠦᠬᠡᠷ᠎ᠤᠨ ᠱᠠᠭ᠎ᠠ ᠵᠢᠨ ᠮᠢᠬ᠎ᠠ ᠠᠷᠠᠰᠤ ᠪᠠ ᠳᠤᠰᠤᠨ ᠬᠠᠭ᠎ᠢ᠎ᠨᠢ ᠠᠪᠴᠤ ᠬᠠᠶᠠᠭ᠋ᠠᠳ ᠭᠦᠳᠦᠭᠦᠷ ᠲᠠᠯ᠎ᠠ ᠪᠠ ᠬᠤᠲᠣᠭᠤᠷ ᠲᠠᠯ᠎ᠠ ᠵᠢ᠎ᠨᠢ ᠬᠤᠰᠤᠵᠤ ᠲᠡᠭᠰᠢᠯᠡᠭᠡᠳ ᠪᠦᠲᠦᠭᠡᠭᠰᠡᠨ ᠪᠠᠶ᠋ᠢᠲᠠᠭ; ᠬᠤᠲᠣᠭᠤᠷ ᠭᠠᠳᠠᠷᠭᠤ᠎ᠳᠤᠨᠢ ᠨᠦᠬᠡ ᠴᠣᠭᠤᠯᠵᠤ᠂ ᠲᠤᠭᠤᠯᠭ᠋ᠠᠨ ᠤᠰᠤ ᠣᠷᠣᠭᠤᠯᠵᠤ ᠬᠦᠨᠳᠦ ᠵᠢᠨ ᠬᠡᠮᠵᠢᠶ᠎ᠡ ᠵᠢ᠎ᠨᠢ ᠨᠡᠮᠡᠭᠳᠡᠭᠦᠯᠳᠡᠭ᠃ ᠠᠷᠭ᠋ᠠᠢ ᠨᠠᠭ᠋ᠠᠳᠤᠮ᠎ᠢ ᠮᠥᠰᠥᠨ ᠳᠡᠭᠡᠷ᠎ᠡ ᠲᠣᠭᠯᠠᠬᠤ᠎ᠳᠠᠭᠠᠨ ᠭᠦᠳᠦᠭᠦᠷ ᠲᠠᠯ᠎ᠠ ᠵᠢ᠎ᠨᠢ ᠳᠡᠭᠡᠭᠰᠢ ᠬᠠᠨᠳᠤᠭᠤᠯᠤᠨ ᠪᠠᠷᠢᠵᠤ᠂ ᠡᠷᠡᠬᠡᠢ ᠬᠤᠷᠤᠭᠤ ᠪᠠ ᠳᠣᠯᠢᠶᠠᠪᠤᠷ ᠬᠤᠷᠤᠭᠤ᠎ᠪᠠᠷ ᠵᠶ᠋ᠠᠨ ᠬᠤᠯᠠ ᠵᠢ ᠵᠣᠷᠢᠵᠤ᠂ ᠬᠠᠷᠠᠯᠲᠠ ᠪᠣᠯᠭ᠋ᠠᠨ ᠠᠷᠭ᠋ᠠᠢ ᠪᠤᠯᠭ᠋ᠠᠨ ᠰᠢᠳᠡᠳᠡᠭ᠃ ᠨᠥᠭᠦᠭᠡ ᠨᠢᠭᠡ ᠠᠷᠭ᠋ᠠᠢ᠎ᠨᠢ ᠬᠠᠷᠠᠯᠲᠠ᠎ᠲᠠᠢ᠎ᠪᠠᠷ ᠰᠤᠮᠤ᠎ᠪᠠᠨ ᠣᠨᠢᠯᠠᠵᠤ ᠰᠢᠳᠠᠵᠥ ᠶᠠᠪᠤᠭᠤᠯᠤᠬᠰᠠᠨ ᠠᠷᠭ᠋ᠠᠢ ᠵᠢ ᠣᠨᠣᠭ᠋ᠠᠭᠰᠠᠨ ᠪᠤᠯ ᠢᠯᠠᠭᠰᠠᠨ᠎ᠳᠤ ᠲᠣᠭ᠋ᠠᠴᠢᠭᠳᠠᠨ᠎ᠠ᠃ ᠡᠶ᠋ᠢᠮᠦ᠎ᠠᠴᠠ ᠲᠡᠬᠦᠨ᠎ᠢ ᠪᠠᠰᠠ 《ᠠᠷᠭ᠋ᠠᠢ ᠬᠠᠷᠪᠤᠬᠤ》 ᠭᠡᠳᠡᠭ᠃ ᠬᠤᠶᠠᠷ ᠬᠥᠮᠦᠨ ᠪᠠᠶ᠋ᠢᠳᠠᠭ ᠯᠠ ᠶᠤᠮ ᠪᠣᠯ ᠡᠨᠡ ᠲᠣᠭᠯᠠᠭ᠋ᠠᠮ ᠵᠠᠪᠤᠭᠲᠠᠵᠦ ᠲᠡᠶ᠋ᠢᠯᠦᠨ᠎ᠡ; ᠬᠥᠮᠦᠨ ᠣᠯᠠᠨ ᠦᠶ᠎ᠠ᠎ᠳᠤ ᠨᠠᠩ ᠬᠥᠷ ᠬᠥᠭᠵᠢᠶᠡᠨ᠎ᠲᠠᠢ ᠪᠣᠯᠳᠠᠬ᠃ ᠤᠷᠤᠯᠳᠤᠭ᠋ᠠᠨ᠎ᠤ ᠳ᠋ᠦᠩ᠎ᠳᠤ᠂ ᠢᠯᠠᠭᠳᠠᠭᠰᠠᠳ ᠬᠤᠨᠢ᠂ ᠢᠮᠠᠭ᠋ᠠᠨ᠎ᠤ ᠱᠠᠭ᠎ᠠ᠎ᠪᠠᠨ ᠱᠦᠭᠦᠭᠳᠡᠳᠡᠭ ᠪᠠᠶ᠋ᠢᠨ᠎ᠠ᠃
ᠮᠣᠩᠭᠤᠯᠴᠤᠳ ᠦᠬᠡᠷ ᠬᠤᠨᠢ ᠨᠢᠲᠤᠯᠬᠤ ᠪᠤᠶᠤ ᠠᠩ ᠭᠥᠷᠥᠭᠡᠰᠦ ᠠᠩᠨᠠᠬᠤ᠎ᠳᠠᠭᠠᠨ ᠱᠠᠭ᠎ᠠ ᠵᠢ᠎ᠨᠢ ᠬᠢᠮᠠᠭ᠋ᠠᠲᠠᠨ ᠬᠠᠳᠠᠭ᠋ᠠᠯᠠᠵᠤ᠂ ᠳᠡᠭᠡᠷᠡᠬᠢ ᠰᠢᠷᠪᠥᠰᠥ ᠪᠣᠯᠤᠨ ᠮᠢᠬ᠎ᠠ ᠵᠢ᠎ᠨᠢ ᠬᠤᠰᠤᠵᠤ᠂ ᠲᠤᠰᠤᠨ᠎ᠤ ᠭ᠋ᠬᠢᠷ ᠪᠤᠷᠲᠠᠭ᠎ᠢ ᠠᠷᠢᠯᠭ᠋ᠠᠨ᠂ ᠨᠢᠭᠡ ᠵᠦᠢ᠍ᠯ᠎ᠤᠨ ᠲᠣᠭᠯᠠᠭ᠋ᠠᠮ ᠪᠣᠯᠭ᠋ᠠᠳᠠᠭ᠃ ᠠᠷᠭ᠋ᠠᠢ ᠤᠷᠤᠯᠳᠤᠬᠤ ᠦᠶ᠎ᠡ᠎ᠳᠤ ᠦᠬᠡᠷ ᠪᠤᠶᠤ ᠪᠤᠭᠤ ᠵᠢᠨ ᠱᠠᠭ᠎ᠠ ᠵᠢ ᠰᠤᠩᠭᠤᠲᠠᠭ᠃ ᠪᠣᠳᠠᠲᠠᠢ᠎ᠪᠠᠷ ᠬᠡᠯᠡᠪᠡᠯ᠂ ᠱᠠᠭ᠎ᠠ ᠶᠠᠰᠤᠨ᠎ᠤ ᠳᠡᠭᠡᠷ᠎ᠡ ᠳᠣᠣᠷ᠎ᠠ ᠲᠠᠯ᠎ᠠ ᠵᠢ ᠵᠣᠷᠭᠤᠵᠤ᠂ ᠬᠡᠩᠭᠡᠷᠭᠡᠨ ᠳᠡᠭᠡᠷ᠎ᠡ᠎ᠨᠢ ᠵᠢᠵᠢᠭ ᠨᠦᠬᠡ ᠭᠠᠷᠭ᠋ᠠᠵᠤ᠂ ᠲᠤᠭᠤᠯᠭ᠋ᠠᠨ ᠤᠰᠤ ᠴᠢᠳᠬᠤᠵᠤ᠂ ᠬᠦᠨᠳᠦ ᠵᠢ᠎ᠨᠢ ᠳᠡᠭᠡᠭᠰᠢᠯᠡᠭᠦᠯᠦᠨ᠎ᠡ᠃ ᠢᠡᠭᠬᠢᠪᠠᠯ ᠮᠥᠰᠥᠨ ᠭᠠᠳᠠᠷᠭᠤ ᠳᠡᠭᠡᠷ᠎ᠡ ᠡᠷᠭᠢᠯᠳᠦᠨ ᠭᠤᠯᠭᠤᠬᠤ ᠦᠶᠡᠰ ᠨᠡᠯᠢᠶᠡᠳ ᠬᠤᠷᠳᠤᠨ ᠪᠠᠶ᠋ᠢᠲᠠᠭ ᠪᠦᠭᠡᠳ ᠬᠠᠷᠪᠤᠬᠤ᠎ᠳᠤ ᠣᠨᠣᠪᠴᠢᠲᠠᠶ ᠪᠤᠯᠭ᠋ᠠᠲᠠᠭ᠃ ᠭᠡᠲᠡᠯ᠎ᠡ ᠲᠡᠳᠡᠭᠡᠷ ᠵᠢᠵᠢᠭ ᠱᠠᠭ᠎ᠠ᠎ᠨᠢ ᠬᠠᠷᠢᠨ ᠤᠤᠯ᠎ᠤᠨ ᠶᠠᠩᠵᠤ᠎ᠪᠠᠨ ᠬᠠᠳᠠᠭ᠋ᠠᠯᠠᠳᠠᠭ ᠪᠠᠶ᠋ᠢᠨ᠎ᠠ᠃

    ᠥᠪᠡᠷᠮᠢᠴᠠ ᠤᠨᠴᠠᠯᠢᠬ᠎ᠲᠠᠢ ᠪᠡᠶ᠎ᠡ ᠵᠢᠨ ᠲᠠᠮᠢᠷ

    《ᠮᠥᠰᠥᠨ ᠳᠡᠭᠡᠷᠡᠬᠢ ᠠᠷᠭ᠋ᠠᠢ ᠨᠠᠭ᠋ᠠᠳᠤᠮ ᠪᠣᠯ ᠮᠣᠩᠭᠤᠯ ᠦᠨᠳᠦᠰᠦᠲᠡᠨ᠎ᠤ ᠡᠷᠲᠡᠨ᠎ᠤ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠤ ᠲᠦᠷᠦᠯ ᠵᠦᠢ᠍ᠯ ᠪᠣᠯᠤᠨ᠎ᠠ᠃ ᠲᠡᠭᠦᠨ᠎ᠤ ᠪᠤᠢ ᠪᠤᠯᠤᠬᠰᠠᠨ ᠣᠨ ᠵᠢᠯ ᠪᠠ ᠤᠯᠠᠮᠵᠢᠯᠠᠨ ᠵᠠᠯᠭ᠋ᠠᠮᠵᠢᠯᠠᠭᠲᠠᠭᠰᠠᠨ ᠪᠠᠶ᠋ᠢᠳᠠᠯ᠎ᠢ ᠤᠳᠤ ᠪᠠᠰᠠ ᠨᠠᠷᠢᠨ ᠨᠢᠮᠪᠠᠶ ᠰᠢᠯᠭ᠋ᠠᠨ ᠭᠡᠷᠡᠴᠢᠯᠡᠬᠦ ᠵᠢᠨ ᠠᠷᠭ᠎ᠠ ᠦᠭᠡᠢ ᠪᠠᠶ᠋ᠢᠨ᠎ᠠ》 ᠬᠡᠵᠥ ᠪᠥᠭᠡᠪᠠᠭ᠋ᠠᠳᠤᠷ ᠲᠠᠶ᠋ᠢᠯᠪᠤᠷᠢᠯᠠᠵᠥ ᠪᠢᠯᠠ᠃ ᠬᠤᠯᠪᠤᠭᠳᠠᠯ ᠪᠦᠬᠦᠢ ᠲᠡᠦᠬᠡᠨ ᠪᠢᠴᠢᠭ᠎ᠲᠤ ᠲᠡᠮᠳᠡᠭᠯᠡᠭᠰᠡᠨ ᠵᠶ᠋ᠠᠷ᠂ ᠴᠢᠩᠭᠢᠰ ᠬᠠᠭ᠋ᠠᠨ ᠪᠠᠭ᠎ᠠ ᠵᠢᠨ ᠦᠶ᠎ᠡ᠎ᠳᠡᠭᠡᠨ ᠵᠠᠮᠤᠬ᠎ᠠ᠎ᠲᠠᠢ ᠬᠠᠷᠢᠯᠴᠠᠨ ᠵᠢᠵᠢᠭ ᠱᠠᠭ᠎ᠠ ᠪᠡᠯᠡᠭᠯᠡᠵᠦ ᠪᠠᠶ᠋ᠢᠭᠰᠠᠨ ᠪᠥᠭᠡᠳ ᠣᠨᠣᠨ ᠭᠤᠣᠯ᠎ᠤᠨ ᠮᠥᠰᠥᠨ ᠳᠡᠭᠡᠷ᠎ᠡ ᠨᠠᠭ᠋ᠠᠳᠴᠤ᠂ ᠱᠠᠭ᠎ᠠ ᠬᠠᠷᠪᠤᠬᠤ ᠤᠷᠤᠯᠳᠤᠭ᠋ᠠᠨ ᠶᠠᠪᠤᠭᠤᠯᠳᠠᠬ ᠪᠠᠶ᠋ᠢᠵᠠᠢ; ᠠᠷᠪᠠᠨ ᠲᠠᠪᠤᠳᠤᠭ᠋ᠠᠷ ᠵᠠᠭᠤᠨ᠎ᠤ ᠳᠤᠮᠳᠠᠴᠢ ᠦᠶ᠎ᠡ᠎ᠳᠤ ᠮᠣᠩᠭᠤᠯ ᠦᠨᠳᠦᠰᠦᠲᠡᠨ᠎ᠤ ᠠᠯᠳᠠᠷᠲᠤ ᠤᠯᠤᠰ ᠲᠥᠷᠥᠴᠢᠨ ᠮᠠᠨᠳᠤᠬᠠᠢ ᠰᠡᠴᠡᠨ ᠬᠠᠳᠤᠨ᠂ ᠤᠷᠤᠭ ᠭᠤᠶᠤᠭᠴᠢ — ᠬᠤᠷᠴᠢᠨ ᠠᠶ᠋ᠢᠮᠠᠭ᠎ᠤᠨ ᠦᠨᠡᠨᠪᠤᠯᠤᠳ᠎ᠲᠠᠢ ᠮᠥᠰᠥᠨ ᠳᠡᠭᠡᠷ᠎ᠡ ᠱᠠᠭ᠎ᠠ ᠬᠠᠷᠪᠤᠬᠤ᠎ᠳᠠᠭᠠᠨ ᠲᠠᠨᠢᠯᠴᠠᠭᠰᠠᠨ ᠶᠤᠮ; ᠴᠢᠩᠭᠢᠰ ᠬᠠᠭ᠋ᠠᠨ᠎ᠤ ᠳᠡᠭᠦᠦ ᠬᠠᠪᠤᠲᠤ ᠬᠠᠰᠠᠷ 《ᠮᠡᠷᠭᠡᠨ ᠬᠠᠷᠪᠤᠭ᠋ᠠᠴᠢᠨ》 ᠬᠡᠮᠡᠨ ᠠᠯᠳᠠᠷᠰᠢᠵᠤ᠂ ᠶᠡᠭᠡ ᠮᠣᠩᠭᠤᠯ ᠬᠠᠭ᠋ᠠᠨᠲᠤ ᠤᠯᠤᠰ᠎ᠢ ᠪᠠᠶ᠋ᠢᠭᠤᠯᠬᠤ᠎ᠳᠤ ᠭᠠᠷᠮᠠᠭ᠋ᠠᠢ ᠭᠠᠪᠢᠶ᠎ᠠ ᠵᠢᠳᠬᠦᠯ ᠦᠵᠡᠭᠦᠯᠵᠥ ᠪᠠᠶ᠋ᠢᠬᠰᠠᠨ ᠬᠡᠵᠥ ᠲᠤᠳᠤᠷᠬᠠᠢ ᠲᠡᠮᠳᠡᠭᠯᠡᠵᠥ ᠪᠠᠶ᠋ᠢᠯ᠎ᠠ᠃
    ᠠᠷᠭ᠋ᠠᠢ ᠵᠢ ᠬᠠᠷᠪᠤᠬᠤ᠎ᠳᠤ ᠡᠷᠡᠬᠡᠢ ᠬᠤᠷᠤᠭᠤᠨ᠎ᠤ ᠬᠥᠳᠡᠯᠥᠯ ᠪᠠᠷᠢᠯ᠎ᠨᠢ ᠨᠤᠮᠤ ᠬᠠᠷᠪᠤᠬᠤ᠎ᠲᠠᠢ ᠠᠳᠠᠯᠢᠪᠲᠤᠷ ᠪᠠᠶ᠋ᠢᠳᠠᠭ᠂ ᠡᠶ᠋ᠢᠮᠦ᠎ᠠᠴᠠ ᠮᠥᠰᠥᠨ ᠳᠡᠭᠡᠷᠡᠬᠢ ᠠᠷᠭ᠋ᠠᠢ᠎ᠨᠢ ᠰᠤᠷ ᠬᠠᠷᠪᠤᠬᠤ ᠨᠢᠭᠡ ᠵᠦᠢ᠍ᠯ᠎ᠤᠨ ᠦᠨᠳᠦᠰᠦᠨ ᠪᠣᠯᠪᠠᠰᠤᠷᠠᠯ ᠪᠠᠶ᠋ᠢᠵᠤ ᠮᠡᠳᠡᠨ᠎ᠡ᠃ ᠬᠠᠪᠤᠲᠤ ᠬᠠᠰᠠᠷ᠎ᠤᠨ ᠬᠤᠶ᠋ᠢᠴᠢᠰ ᠪᠣᠯᠤᠭᠰᠠᠨ᠎ᠤ ᠬᠤᠪᠢ᠎ᠳᠤ᠂ ᠠᠷᠤ ᠬᠤᠷᠴᠢᠨ ᠬᠤᠰᠢᠭᠤᠨ᠎ᠤ ᠮᠣᠩᠭᠤᠯᠴᠤᠳ ᠮᠡᠷᠭᠡᠨ ᠬᠠᠷᠪᠤᠭ᠋ᠠᠴᠢ ᠵᠢᠨ ᠭᠧᠨ᠎ᠢ ᠤᠯᠠᠮᠵᠢᠯᠠᠬᠰᠠᠨ ᠪᠥᠭᠡᠳ ᠮᠥᠰᠥᠨ ᠳᠡᠭᠡᠷᠡᠬᠢ ᠠᠷᠭ᠋ᠠᠢ ᠨᠠᠭ᠋ᠠᠲᠤᠮ᠎ᠢ ᠲᠡᠷᠡ ᠬᠡᠪ ᠵᠶ᠋ᠠᠷ᠎ᠨᠢ ᠦᠪᠯᠡᠨ ᠦᠯᠡᠳᠡᠭᠡᠭᠰᠡᠨ ᠶᠤᠮ᠃ ᠠᠷᠤ ᠬᠤᠷᠴᠢᠨ ᠬᠤᠰᠢᠭᠤᠨ᠎ᠤ ᠠᠩᠬᠠᠳᠠᠭᠴᠢ ᠵᠠᠰᠠᠭ ᠨᠤᠶᠠᠨ ᠪᠣᠯ ᠲᠤᠬᠠᠶ ᠵᠢᠨ ᠦᠶ᠎ᠡ ᠵᠢᠨ ᠠᠯᠳᠠᠷᠲᠤ ᠰᠤᠷ ᠬᠠᠷᠪᠤᠭᠴᠢ ᠪᠠᠶ᠋ᠢᠬᠰᠠᠨ ᠭᠡᠳᠡᠭ᠃ ᠪᠥᠬᠡᠪᠠᠭ᠋ᠠᠳᠤᠷ᠎ᠤᠨ ᠬᠠᠨᠭ᠌ᠭ᠋ᠠᠭᠰᠠᠨ ᠮᠠᠲ᠋ᠧᠷᠢᠶᠠᠯ᠎ᠳᠤ᠂ ᠤᠳᠤᠬᠠᠨ᠎ᠳᠤ ᠬᠠᠨᠰᠦ᠋ᠮ᠎ᠠ ᠰᠤᠮᠤ ᠵᠢᠨ ᠴᠠᠭ᠋ᠠᠬᠤᠪᠣᠭ᠎ᠠ ᠭᠠᠴᠠᠭ᠎ᠠ ᠵᠢᠨ ᠨᠠᠰᠤᠳᠠᠨ ᠴᠤᠬᠯᠠ᠂ ᠪᠣᠷᠣᠬᠤᠲᠠ ᠭᠠᠴᠠᠭ᠎ᠠ ᠵᠢᠨ ᠰᠤᠩᠳᠤᠢ ᠪᠣᠯᠤᠨ ᠠᠮᠠᠰᠠᠷ ᠭᠠᠴᠠᠭ᠎ᠠ ᠵᠢᠨ ᠠᠯᠲᠠᠨ᠋ᠧᠴᠢᠷ ᠵᠡᠷᠭᠡ ᠨᠠᠰᠤᠲᠠᠳ ᠪᠣᠯ ᠪᠦᠷ ᠮᠥᠰᠥᠨ ᠳᠡᠭᠡᠷᠡᠬᠢ ᠠᠷᠭ᠋ᠠᠢ ᠨᠠᠭ᠋ᠠᠳᠤᠮ᠎ᠤᠨ ᠤᠯᠠᠮᠵᠢᠯᠠᠭᠴᠢ ᠪᠤᠯᠬᠤ ᠶᠤᠮ᠃ ᠲᠡᠲᠡᠨᠤᠰ᠎ᠠᠴᠠ ᠲᠡᠭᠡᠷ᠎ᠠ ᠨᠢᠬᠡ ᠥᠶ᠎ᠠ ᠵᠢᠨ᠎ᠬᠢ ᠵᠢ ᠲᠤᠷᠠᠳᠪᠠᠯ᠂ ᠪᠠᠲᠤᠸᠴᠢᠷ᠂ ᠫᠣᠩᠰᠤᠭ᠂ ᠨᠠᠶᠠᠨᠲᠠᠢ᠂ ᠪᠢᠴᠢᠬᠠᠨ᠂ ᠪᠥᠬᠡ ᠪᠤᠯᠤᠨ ᠬᠠᠶ᠋ᠢᠷᠥᠪ ᠵᠡᠷᠭᠡ ᠨᠠᠰᠤ ᠪᠠᠷᠠᠭᠰᠠᠨ ᠨᠠᠰᠤᠲᠠᠶ᠋ᠢᠴᠤᠳ ᠴᠦ᠍ ᠠᠷᠭ᠋ᠠᠢ ᠨᠠᠭ᠋ᠠᠲᠤᠮ᠎ᠤᠨ ᠶᠤᠰᠤ ᠲᠦᠷᠢᠮ᠎ᠢ ᠪᠦᠷᠢᠨ ᠤᠢ᠍ᠢ᠍ᠯᠠᠭ᠋ᠠᠵᠦ᠂ ᠠᠷᠭ᠋ᠠᠢ ᠬᠠᠷᠪᠤᠬᠤ ᠤᠬᠠᠭ᠋ᠠᠨ᠎ᠢ ᠲᠤᠭᠤᠷᠲᠠᠯ᠎ᠠ ᠮᠡᠳᠡᠳᠡᠭ ᠪᠠᠶ᠋ᠢᠵᠠᠢ ᠬᠡᠵᠥ ᠲᠡᠮᠳᠡᠭᠯᠡᠵᠥ ᠪᠠᠶ᠋ᠢᠯ᠎ᠠ᠃

    ᠪᠥᠬᠡᠪᠠᠭ᠋ᠠᠳᠤᠷ᠎ᠤᠨ ᠬᠠᠷᠢᠭᠤᠴᠠᠨ ᠬᠥᠢ᠍ᠴᠡᠳᠭᠡᠭᠰᠡᠨ ᠮᠦᠰᠦᠨ ᠲᠡᠭᠡᠷᠡᠬᠢ ᠠᠷᠭ᠋ᠠᠢ ᠨᠠᠭ᠋ᠠᠲᠤᠮ᠎ᠢ ᠥᠪᠡᠷᠳᠡᠭᠡᠨ ᠵᠠᠰᠠᠬᠤ ᠤᠷᠤᠨ᠎ᠤ ᠲᠡᠰ᠎ᠤᠨ ᠪᠤᠳᠠᠰ᠎ᠤᠨ ᠪᠤᠰᠤ ᠰᠤᠶᠤᠯ᠎ᠤᠨ ᠥᠪ᠎ᠤᠨ ᠲᠦᠯᠦᠬᠡᠯᠡᠬᠦ ᠴᠢᠨᠠᠷᠲᠠᠢ ᠨᠡᠷᠡᠰ᠎ᠲᠤ ᠪᠦᠷᠢᠳᠭᠡᠬᠦᠯᠬᠦ᠎ᠪᠠᠷ ᠡᠷᠡᠮᠡᠯᠵᠡᠯᠡᠭᠰᠡᠨ ᠪᠢᠴᠢᠭ᠎ᠲᠤ ᠮᠥᠰᠥᠨ ᠳᠡᠭᠡᠷᠡᠬᠢ ᠠᠷᠭ᠋ᠠᠢ ᠨᠠᠭ᠋ᠠᠳᠤᠮ᠎ᠤᠨ ᠡᠩ᠎ᠤᠨ ᠣᠨᠴᠠᠯᠢᠭ᠎ᠢ ᠢᠡᠭᠬᠢᠵᠦ ᠲᠡᠮᠳᠡᠭᠯᠡᠭᠰᠡᠨ ᠪᠠᠶ᠋ᠢᠲᠠᠭ᠄ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ ᠪᠣᠯᠤᠭᠰᠠᠨ᠎ᠤ ᠬᠤᠪᠢ᠎ᠳᠤ᠂ ᠲᠤᠰ ᠨᠠᠭ᠋ᠠᠲᠤᠮ᠎ᠤᠨ ᠣᠷᠣᠯᠴᠠᠭᠰᠠᠳ ᠪᠠ ᠦᠵᠡᠭᠴᠢᠳ ᠮᠠᠰᠢ ᠣᠯᠠᠨ ᠪᠠᠶ᠋ᠢᠵᠤ᠂ ᠪᠡᠶ᠎ᠡ ᠮᠠᠬᠠᠪᠤᠳ ᠵᠶ᠋ᠠᠨ ᠳᠠᠪᠲᠠᠨ ᠪᠣᠯᠪᠠᠰᠤᠷᠠᠭᠤᠯᠬᠤ ᠦᠢ᠍ᠯᠡᠲᠦᠯ᠎ᠲᠠᠢ ᠮᠦᠷᠳᠡᠭᠡᠨ ᠵᠤᠭ᠎ᠠ ᠴᠡᠩᠭᠡᠯ᠎ᠤᠨ ᠴᠢᠨᠠᠷ᠎ᠲᠠᠢ ᠥᠷᠭᠡᠨ ᠳᠡᠯᠭᠡᠷ ᠣᠯᠠᠨ ᠲᠦᠮᠡᠨᠴᠢ ᠴᠢᠨᠠᠷ᠎ᠲᠠᠢ; ᠨᠡᠭᠦᠳᠡᠯ ᠮᠠᠯᠵᠢᠯ᠎ᠤᠨ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠲᠤ ᠵᠤᠬᠢᠴᠠᠭᠰᠠᠨ ᠤᠯᠠᠨ ᠲᠦᠮᠡᠨᠴᠢ ᠬᠥᠳᠡᠯᠭᠡᠭᠡᠨ ᠪᠤᠯᠤᠬᠰᠠᠨ᠎ᠤ ᠬᠤᠪᠢ᠎ᠳᠤ᠂ ᠮᠥᠰᠥᠨ ᠳᠡᠭᠡᠷᠡᠬᠢ ᠠᠷᠭ᠋ᠠᠢ ᠨᠠᠭ᠋ᠠᠳᠤᠮ᠎ᠨᠢ ᠮᠣᠩᠭᠤᠯ ᠦᠨᠳᠦᠰᠦᠲᠡᠨ᠎ᠤ ᠵᠠᠩ ᠦᠢ᠍ᠯᠡ᠎ᠲᠠᠢ ᠨᠢᠬᠲᠠ ᠬᠤᠯᠪᠤᠬᠳᠠᠲᠠᠭ᠃ ᠮᠥᠰᠥᠨ ᠳᠡᠭᠡᠷᠡᠬᠢ ᠠᠷᠭ᠋ᠠᠢ ᠨᠠᠭ᠋ᠠᠳᠤᠮ᠎ᠨᠢ ᠥᠪᠡᠷᠮᠢᠴᠡ ᠪᠠᠭ᠋ᠠᠵᠢ ᠬᠡᠷᠡᠭᠰᠡᠯ ᠪᠠ ᠲᠦᠷᠢᠮ ᠭᠤᠷᠢᠮ᠎ᠲᠠᠢ ᠪᠠᠶ᠋ᠢᠵᠤ᠂ ᠢᠯᠡ ᠲᠣᠳᠣ ᠦᠨᠳᠦᠰᠦᠲᠡᠨ᠎ᠤ ᠣᠨᠴᠠᠯᠢᠭ᠎ᠲᠠᠢ ᠮᠥᠷᠳᠡᠭᠡᠨ ᠣᠷᠣᠨ ᠨᠤᠲᠤᠭ᠎ᠤᠨ ᠣᠨᠴᠠᠯᠢᠭ᠎ᠲᠠᠢ; ᠣᠷᠣᠯᠴᠠᠬᠰᠠᠳ ᠮᠥᠰᠥᠨ ᠳᠡᠭᠡᠷ᠎ᠡ ᠭᠦᠶᠦᠬᠦ᠎ᠳᠡᠭᠡᠨ ᠪᠡᠶ᠎ᠡ ᠵᠢᠨ ᠲᠡᠩᠴᠡᠭᠦᠷᠢ᠎ᠪᠠᠨ ᠪᠠᠲᠤᠯᠠᠵᠤ᠂ ᠡᠮᠦᠨᠡᠬᠢ ᠬᠠᠷᠠᠯᠲᠠ᠎ᠪᠠᠨ ᠨᠠᠷᠢᠯᠢᠬ ᠠᠵᠢᠬᠯᠠᠵᠥ᠂ ᠬᠤᠭᠤᠷᠤᠨᠳᠤᠬᠢ ᠵᠠᠢ ᠵᠢ ᠣᠨᠣᠪᠴᠢᠲᠠᠢ ᠮᠠᠭ᠋ᠠᠳᠯᠠᠵᠤ᠂ ᠵᠣᠬᠢᠰᠲᠠᠢ ᠡᠷᠴᠢᠮᠯᠡᠬᠦ ᠬᠦᠴᠦ᠎ᠪᠠᠷ ᠠᠷᠭ᠋ᠠᠢ ᠵᠢ ᠬᠠᠷᠪᠤᠵᠤ ᠭᠠᠷᠭ᠋ᠠᠪᠠᠯ ᠰᠠᠶᠢ ᠬᠠᠷᠠᠯᠲᠠ ᠵᠢ ᠣᠨᠣᠭ᠋ᠠᠵᠤ ᠴᠢᠳᠠᠳᠠᠬ᠃ ᠡᠳᠡᠭᠡᠷ ᠡᠷᠳᠡᠮ᠎ᠢ ᠪᠦᠷᠢᠯᠳᠦᠭᠦᠯᠪᠡᠯ ᠰᠠᠶ᠋ᠢ ᠬᠠᠷᠠᠯᠲᠠ ᠵᠢ ᠵᠦᠪ ᠣᠨᠣᠭ᠋ᠠᠵᠤ ᠪᠤᠳᠤᠬᠰᠠᠨ ᠰᠠᠨᠠᠬᠰᠠᠨ ᠵᠶ᠋ᠠᠨ ᠪᠡᠶᠡᠯᠡᠬᠦᠯᠵᠥ ᠴᠢᠳᠠᠳᠠᠬ ᠭᠡᠵᠦ ᠦᠵᠡᠵᠡᠭᠡᠳᠡᠭ ᠪᠠᠶ᠋ᠢᠨ᠎ᠠ᠃ ᠮᠣᠩᠭᠤᠯᠴᠤᠳ ᠡᠷᠲᠡᠨ᠎ᠠᠴᠠ᠎ᠪᠠᠨ ᠠᠪᠤᠭ᠋ᠠᠳ ᠬᠠᠷᠪᠤᠵᠤ ᠨᠠᠮᠨᠠᠬᠤ᠎ᠳᠠᠭᠠᠨ ᠴᠢᠳᠠᠮᠠᠭ᠋ᠠᠢ ᠪᠠᠶ᠋ᠢᠳᠠᠭ᠎ᠨᠢ ᠮᠥᠰᠥᠨ ᠳᠡᠭᠡᠷᠡᠬᠢ ᠠᠷᠭ᠋ᠠᠢ ᠵᠢᠨ ᠦᠨᠳᠦᠰᠦᠨ ᠪᠣᠯᠪᠠᠰᠤᠷᠠᠯ᠎ᠲᠠᠢ ᠰᠢᠭᠤᠳ ᠬᠤᠯᠪᠣᠭ᠎ᠠ᠎ᠲᠠᠢ ᠶᠤᠮ᠃

    ᠬᠠᠮᠠᠭ᠋ᠠᠯᠠᠨ ᠬᠥᠭᠵᠢᠬᠦᠯᠦᠰᠢᠳᠡᠢ ᠡᠬᠢ ᠪᠠᠶᠠᠯᠢᠬ

    ᠮᠥᠰᠥᠨ ᠳᠡᠭᠡᠷᠡᠬᠢ ᠠᠷᠭ᠋ᠠᠢ ᠨᠠᠭ᠋ᠠᠳᠤᠮ ᠪᠣᠯ ᠨᠡᠭᠦᠳᠡᠯ ᠮᠠᠯᠵᠢᠯ᠎ᠤᠨ ᠦᠢ᠍ᠯᠡᠳᠪᠦᠷᠢᠯᠡᠯ ᠠᠮᠢᠳᠤᠷᠠᠯ᠎ᠤᠨ ᠰᠠᠭᠤᠷᠢᠨ ᠳᠡᠭᠡᠷ᠎ᠡ ᠪᠤᠢ ᠪᠤᠯᠤᠬᠰᠠᠨ ᠶᠤᠮ᠃ ᠲᠤᠰ ᠨᠠᠭ᠋ᠠᠳᠤᠮ᠎ᠨᠢ ᠦᠨᠳᠦᠰᠦᠲᠡᠨ᠎ᠤ ᠤᠨᠴᠠᠯᠢᠬ᠂ ᠮᠠᠯᠵᠢᠬᠤ ᠰᠤᠶᠤᠯ᠎ᠤᠨ ᠤᠨᠴᠠᠯᠢᠬ᠂ ᠭᠠᠵᠠᠷ ᠤᠷᠤᠨ᠎ᠤ ᠤᠨᠴᠠᠯᠢᠬ᠎ᠢ ᠬᠠᠲᠠᠭ᠋ᠠᠯᠠᠬᠰᠠᠨ ᠪᠤᠯᠬᠤᠷ ᠴᠢᠬᠤᠯᠠ ᠶᠡᠭᠡ ᠰᠤᠶᠤᠯ ᠰᠤᠳᠤᠯᠤᠯ᠎ᠤᠨ ᠦᠨ᠎ᠡ ᠦᠷᠳᠡᠭ᠎ᠲᠠᠢ ᠪᠠᠶ᠋ᠢᠲᠠᠭ ᠠᠵᠢ᠃ ᠮᠦᠰᠦᠨ ᠲᠡᠭᠡᠷᠡᠬᠢ ᠠᠷᠭ᠋ᠠᠢ ᠨᠠᠭ᠋ᠠᠲᠤᠮ᠎ᠢ ᠠᠭᠤᠳᠠᠯᠬᠤ ᠰᠤᠳᠤᠯᠬᠤ᠎ᠨᠢ ᠡᠷᠲᠡᠨ᠎ᠤ ᠮᠣᠩᠭᠤᠯᠴᠤᠳ᠎ᠤᠨ ᠬᠦᠨ ᠤᠬᠠᠭ᠋ᠠᠨ᠂ ᠪᠡᠶ᠎ᠡ ᠵᠢᠨ ᠲᠠᠮᠢᠷ ᠰᠤᠶᠤᠯ ᠵᠢᠴᠢ ᠨᠡᠶ᠋ᠢᠬᠡᠮ᠎ᠤᠨ ᠬᠠᠮᠢᠶ᠎ᠠ ᠪᠦᠬᠦᠢ ᠠᠰᠠᠭᠤᠳᠠᠯ᠎ᠢ ᠯᠠᠪᠰᠢᠷᠠᠭᠤᠯᠤᠨ ᠰᠤᠲᠤᠯᠬᠤ᠎ᠳᠤ ᠮᠠᠰᠢ ᠴᠢᠬᠤᠯᠠ ᠦᠢ᠍ᠯᠡᠲᠦᠯ᠎ᠲᠠᠢ ᠪᠠᠶ᠋ᠢᠲᠠᠭ᠃
    ᠨᠡᠶ᠋ᠢᠭᠡᠮ᠎ᠤᠨ ᠬᠤᠪᠢᠷᠠᠯᠲᠠ᠎ᠠᠴᠠ ᠪᠤᠯᠵᠦ ᠰᠤᠶᠤᠯ ᠪᠡᠶ᠎ᠠ ᠵᠢᠨ ᠲᠠᠮᠢᠷ᠎ᠤᠨ ᠬᠥᠳᠡᠯᠭᠡᠭᠡᠨ᠎ᠤ ᠬᠡᠯᠪᠡᠷᠢ᠎ᠨᠢ ᠴᠤ᠌ ᠲᠠᠰᠤᠷᠠᠯᠳᠠ ᠥᠬᠡᠢ ᠬᠤᠪᠢᠷᠠᠨ ᠰᠢᠨᠠᠳᠴᠤ ᠪᠠᠶ᠋ᠢᠳᠠᠬ᠃ ᠠᠷᠤ ᠬᠤᠷᠴᠢᠨ ᠬᠤᠰᠢᠭᠤᠨ᠎ᠤ ᠰᠤᠶᠤᠯ ᠪᠡᠶ᠎ᠠ ᠵᠢᠨ ᠲᠠᠮᠢᠷ ᠷᠠᠳᠢᠣ᠋ ᠲᠧᠯᠸᠢᠰ᠎ᠤᠨ ᠲᠤᠪᠴᠢᠶ᠎ᠠ ᠵᠢᠨ ᠬᠠᠷᠢᠭᠤᠴᠠᠯᠭ᠋ᠠᠳᠠᠳ ᠠᠷᠭ᠋ᠠᠢ ᠨᠠᠭ᠋ᠠᠳᠤᠮ᠎ᠤᠨ ᠬᠤᠪᠢᠷᠠᠯᠳᠠ ᠬᠥᠭᠵᠢᠯᠳᠠ ᠵᠢᠨ ᠲᠤᠬᠠᠢ ᠢᠡᠭᠬᠢᠵᠦ ᠬᠤᠷᠢᠶᠠᠩᠭᠤᠢ᠍ᠢ᠍ᠯᠠᠬᠰᠠᠨ ᠪᠠᠶ᠋ᠢᠨ᠎ᠠ᠄ ᠨᠢᠬᠡ᠎ᠳᠤ᠂ ᠦᠡᠭᠭᠡᠷᠡᠭᠰᠡᠨ᠎ᠤ ᠨᠡᠬᠦᠳᠡᠯ ᠮᠠᠯᠵᠢᠯ᠎ᠤᠨ ᠦᠢ᠍ᠯᠡᠳᠪᠦᠷᠢᠯᠡᠯ ᠠᠮᠢᠲᠤᠷᠠᠯ᠎ᠤᠨ ᠤᠨᠴᠠᠯᠢᠬ᠎ᠠᠴᠠ ᠪᠤᠯᠵᠦ᠂ ᠮᠤᠩᠭᠤᠯᠴᠤᠳ᠎ᠤᠨ ᠰᠣᠶᠣᠯ ᠲᠠᠮᠢᠷ᠎ᠨᠢ ᠴᠦ᠍ ᠲᠠᠯ᠎ᠠ ᠨᠤᠲᠤᠭ᠎ᠤᠨ ᠨᠡᠭᠦᠳᠡᠯ ᠮᠠᠯᠵᠢᠯ᠎ᠤᠨ ᠣᠨᠴᠠᠯᠢᠭ ᠵᠶ᠋ᠠᠨ ᠬᠠᠳᠠᠭ᠋ᠠᠯᠠᠵᠥ᠂ ᠬᠠᠬᠢᠷ ᠬᠦᠢ᠍ᠲᠡᠨ ᠡᠪᠦᠯ᠎ᠤᠨ ᠤᠯᠠᠷᠢᠯ᠎ᠳᠤ ᠠᠩ ᠬᠦᠷᠦᠬᠡ ᠠᠩᠨᠠᠬᠤ᠎ᠠᠴᠠ ᠭᠠᠳᠠᠨ᠎ᠠ᠂ ᠮᠥᠰᠥᠨ ᠳᠡᠭᠡᠷᠡᠬᠢ ᠠᠷᠭ᠋ᠠᠢ ᠨᠠᠭ᠋ᠠᠳᠤᠮ ᠪᠣᠯ ᠪᠡᠶ᠎ᠡ᠎ᠪᠠᠨ ᠴᠢᠬᠢᠷᠠᠭᠵᠢᠭᠤᠯᠬᠤ ᠬᠠᠮᠤᠭ᠎ᠤᠨ ᠰᠠᠶ᠋ᠢᠨ ᠲᠠᠮᠢᠷ᠎ᠤᠨ ᠬᠥᠳᠡᠯᠭᠡᠭᠡᠨ ᠪᠤᠯᠵᠥ ᠪᠠᠶ᠋ᠢᠪᠠ᠃ ᠬᠡᠪᠡᠴᠦ ᠣᠳᠣ ᠦᠶ᠎ᠡ ᠵᠢᠨ ᠰᠠᠭᠤᠷᠢᠰᠢᠯ ᠠᠮᠢᠲᠤᠷᠠᠯ᠎ᠤᠨ ᠤᠨᠴᠠᠯᠢᠬ᠎ᠨᠢ ᠤᠰᠤᠨ᠎ᠤ ᠲᠤᠩᠭ᠋ᠠᠯᠠᠭ ᠡᠪᠡᠰᠦᠨ᠎ᠤ ᠰᠤᠷᠭᠤᠭ᠎ᠢ ᠳᠠᠭ᠋ᠠᠵᠦ ᠮᠠᠯᠵᠢᠲᠠᠭ ᠨᠡᠭᠦᠳᠡᠯ ᠠᠮᠢᠳᠤᠷᠠᠯ᠎ᠲᠠᠢ ᠬᠠᠷᠢᠴᠠᠭᠤᠯᠪᠠᠯ᠂ ᠨᠠᠭᠤᠷ ᠲᠣᠭᠤᠷᠢᠮ ᠪᠠ ᠭᠤᠣᠯ ᠮᠥᠷᠡᠨ᠎ᠠᠴᠠ ᠬᠠᠷᠢᠴᠠᠩᠭᠤᠢ ᠬᠤᠯᠠᠳᠠᠭᠰᠠᠨ ᠰᠢᠭ᠋ ᠪᠤᠯᠵᠠᠢ᠃ ᠡᠳᠡᠭᠡᠷ᠎ᠨᠢ ᠪᠤᠰᠤᠳᠴᠢ ᠲᠠᠯ᠎ᠠ᠎ᠠᠴᠠ ᠮᠥᠰᠥᠨ ᠳᠡᠭᠡᠷᠡᠬᠢ ᠠᠷᠭ᠋ᠠᠢ ᠨᠠᠭ᠋ᠠᠲᠤᠮ᠎ᠤᠨ ᠪᠠᠶ᠋ᠢᠡᠭᠭᠤ ᠵᠢᠨ ᠴᠢᠨᠠᠷᠲᠠᠢ ᠵᠤᠬᠢᠶᠠᠨ ᠪᠠᠶ᠋ᠢᠭᠤᠯᠤᠬᠲᠠᠬᠤ ᠵᠢ ᠬᠠᠷᠰᠢᠯᠠᠬᠤ ᠬᠦᠴᠦᠨ ᠵᠦᠢ᠍ᠯ ᠪᠤᠯᠤᠬᠰᠨᠨ ᠪᠠᠶ᠋ᠢᠨ᠎ᠠ᠃ ᠰᠠᠭᠤᠷᠢᠰᠢᠯ ᠠᠮᠢᠲᠤᠷᠠᠯ᠎ᠤᠨ ᠤᠨᠴᠠᠯᠢᠭ᠎ᠲᠤ ᠲᠤᠬᠢᠷᠠᠬᠰᠠᠨ ᠡᠯ᠎ᠡ ᠵᠦᠢ᠍ᠯ᠎ᠤᠨ ᠪᠥᠮᠪᠦᠭᠡ ᠵᠢᠨ ᠲᠥᠷᠥᠯ ᠪᠠ ᠰᠢᠲᠠᠷ᠎ᠠ ᠵᠢᠨ ᠲᠥᠷᠥᠯ ᠵᠦᠢ᠍ᠯ᠎ᠨᠢ ᠤᠲᠠᠭ᠋ᠠᠨ᠎ᠳᠠᠭᠠᠨ ᠨᠡᠩ ᠤᠯᠠᠨ ᠬᠦᠮᠦᠰ᠎ᠢ ᠲᠠᠲᠠᠬᠤ ᠪᠤᠯᠪᠠ᠃ ᠬᠤᠶᠠᠷ᠎ᠲᠤ᠂ ᠬᠤᠳᠠ ᠪᠠᠯᠭ᠋ᠠᠰᠤᠵᠢᠯᠳᠡ ᠵᠢᠨ ᠨᠥᠯᠥᠭᠡ᠎ᠠᠴᠠ ᠪᠤᠯᠤᠬᠰᠠᠨ ᠪᠠᠶ᠋ᠢᠨ᠎ᠠ᠃ ᠤᠲᠤ ᠬᠤᠲᠠ ᠤᠷᠤᠭᠰᠠᠨ ᠮᠤᠩᠭᠤᠯᠴᠤᠳ᠎ᠤᠨ ᠲᠤᠭ᠎ᠠ ᠬᠡᠮᠵᠢᠶ᠎ᠡ ᠵᠢᠨ ᠨᠡᠮᠡᠭᠳᠡᠯ ᠪᠠ ᠤᠷᠴᠢᠨ ᠲᠣᠭᠤᠷᠢᠨ᠎ᠤ ᠨᠦᠯᠦᠬᠡᠯᠡᠯ᠎ᠠᠴᠠ ᠪᠤᠯᠵᠦ᠂ ᠨᠡᠩ ᠤᠯᠠᠨ ᠬᠦᠮᠦᠰ᠎ᠤᠨ ᠮᠥᠰᠥᠨ ᠳᠡᠭᠡᠷᠡᠬᠢ ᠠᠷᠭ᠋ᠠᠢ ᠨᠠᠭ᠋ᠠᠳᠤᠮ᠎ᠤᠨ ᠬᠥᠳᠡᠯᠭᠡᠭᠡᠨ᠎ᠳᠤ ᠣᠷᠣᠯᠴᠠᠬᠤ ᠪᠤᠯᠤᠮᠵᠢ ᠵᠢ ᠪᠠᠭ᠎ᠠ ᠪᠤᠯᠭ᠋ᠠᠵᠠᠢ᠃ ᠬᠤᠲᠠ ᠪᠠᠯᠭ᠋ᠠᠰᠦᠵᠢᠯᠲᠠ᠂ ᠨᠡᠶ᠋ᠢᠬᠡᠮ ᠠᠵᠦ ᠠᠬᠤᠢ ᠵᠢᠨ ᠬᠦᠭᠵᠢᠯᠳᠡ ᠵᠡᠷᠭᠡ ᠶᠡᠭᠡ ᠲᠠᠯ᠎ᠠ ᠵᠢᠨ ᠰᠢᠯᠲᠠᠭ᠋ᠠᠨ᠂ ᠠᠷᠭ᠋ᠠᠢ ᠨᠠᠭ᠋ᠠᠲᠤᠮ᠎ᠢ ᠤᠢ᠍ᠢ᠍ᠯᠠᠭ᠋ᠠᠬᠤ᠂ ᠠᠷᠭ᠋ᠠᠢ ᠨᠠᠭ᠋ᠠᠲᠤᠮ᠎ᠤᠨ ᠲᠦᠷᠢᠮ ᠭᠤᠷᠢᠮ᠎ᠢ ᠮᠡᠳᠡᠬᠦ ᠬᠦᠮᠦᠰ ᠴᠦᠭᠡᠷᠡᠭᠰᠡᠨ ᠵᠡᠷᠭᠡ ᠪᠤᠰᠤᠳᠴᠢ ᠰᠢᠯᠲᠠᠭ᠋ᠠᠨ᠎ᠠᠴᠠ ᠪᠤᠯᠵᠦ᠂ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠰᠣᠶᠣᠯ᠎ᠤᠨ ᠥᠪ ᠪᠤᠯᠤᠬᠰᠠᠨ ᠮᠥᠰᠥᠨ ᠳᠡᠭᠡᠷᠡᠬᠢ ᠠᠷᠭ᠋ᠠᠢ ᠨᠠᠭ᠋ᠠᠳᠤᠮ᠎ᠨᠢ ᠤᠰᠠᠳᠬᠤ ᠠᠶᠤᠯ᠎ᠳᠤ ᠲᠤᠯᠭ᠋ᠠᠷᠠᠪᠠ᠃

    ᠡᠨᠡ ᠬᠦ᠌ ᠬᠤᠪᠤᠷ ᠴᠤᠬᠠᠭ ᠦᠨᠲᠦᠰᠦᠳᠡᠨ᠎ᠤ ᠮᠦᠰᠦᠨ ᠲᠡᠭᠡᠷᠡᠬᠢ ᠲᠠᠮᠢᠷ᠎ᠤᠨ ᠬᠦᠳᠡᠯᠭᠡᠭᠡᠨ᠎ᠤ ᠦᠪ ᠰᠤᠶᠤᠯ ᠵᠶ᠋ᠠᠨ ᠤᠯᠠᠮ ᠰᠠᠶ᠋ᠢᠲᠦᠷ ᠤᠯᠠᠮᠵᠢᠯᠠᠨ ᠬᠦᠭᠵᠢᠬᠦᠯᠬᠦ ᠵᠢᠨ ᠲᠦᠯᠦᠬᠡ᠂ ᠠᠷᠤ ᠬᠤᠷᠴᠢᠨ ᠬᠤᠰᠢᠭᠤ᠎ᠨᠢ 2007 ᠤᠨ᠎ᠳᠤ᠂ ᠮᠦᠰᠦᠨ ᠲᠡᠭᠡᠷᠡᠬᠢ ᠠᠷᠭ᠋ᠠᠢ ᠨᠠᠭ᠋ᠠᠲᠤᠮ ᠵᠶ᠋ᠠᠨ ᠦᠪᠡᠷᠳᠡᠭᠡᠨ ᠵᠠᠰᠠᠬᠤ ᠤᠷᠤᠨ᠎ᠤ ᠲᠡᠰ᠎ᠤᠨ ᠪᠤᠲᠠᠰ᠎ᠤᠨ ᠪᠤᠰᠤ ᠰᠤᠶᠤᠯ᠎ᠤᠨ ᠦᠪ᠎ᠤᠨ ᠨᠡᠷᠡᠰ ᠵᠶ᠋ᠠᠷ ᠪᠦᠷᠢᠳᠭᠡᠬᠦᠯᠵᠦ᠂ ᠬᠠᠨᠰᠦ᠋ᠮ᠎ᠠ ᠰᠤᠮᠤ ᠵᠢᠨ ᠠᠮᠠᠰᠠᠷ ᠭᠠᠴᠠᠭ᠎ᠠ᠎ᠳᠤ ᠪᠠᠰᠠ 《ᠦᠪᠡᠷᠳᠡᠭᠡᠨ ᠵᠠᠰᠠᠬᠤ ᠤᠷᠤᠨ᠎ᠤ ᠲᠡᠰ᠎ᠤᠨ ᠪᠤᠳᠠᠰ᠎ᠤᠨ ᠪᠤᠰᠤ ᠰᠤᠶᠤᠯ᠎ᠤᠨ ᠦᠪ — ᠠᠷᠭ᠋ᠠᠢ ᠨᠠᠭ᠋ᠠᠲᠤᠮ᠎ᠢ ᠤᠯᠠᠮᠵᠢᠯᠠᠨ ᠬᠠᠮᠠᠭ᠋ᠠᠯᠠᠬᠤ ᠰᠠᠭᠤᠷᠢᠨ ᠭᠠᠵᠠᠷ》᠎ᠤᠨ ᠫᠠᠶ᠋ᠢᠰᠠ ᠡᠯᠬᠦᠵᠦ᠂ ᠵᠢᠯ ᠪᠦᠷᠢ ᠠᠷᠭ᠋ᠠᠢ ᠨᠠᠭ᠋ᠠᠲᠤᠮ᠎ᠢ ᠵᠤᠬᠢᠶᠠᠨ ᠪᠠᠶ᠋ᠢᠭᠤᠯᠵᠦ᠂ ᠬᠡᠦᠬᠡᠳ ᠪᠠᠭ᠋ᠠᠴᠤᠳ᠎ᠢ ᠢᠯᠡᠬᠦᠬᠡᠨ ᠤᠷᠤᠯᠴᠠᠭᠤᠯᠵᠦ᠂ ᠠᠷᠭ᠋ᠠᠢ ᠨᠠᠭ᠋ᠠᠲᠤᠮ᠎ᠤᠨ ᠶᠤᠰᠤ ᠭᠤᠷᠢᠮ᠎ᠢ ᠤᠯᠠᠮᠵᠢᠯᠠᠨ᠂ ᠨᠡᠩ ᠤᠯᠠᠨ ᠬᠦᠮᠦᠰ᠎ᠲᠤ ᠠᠷᠭ᠋ᠠᠢ ᠨᠠᠭ᠋ᠠᠲᠤᠮ᠎ᠢ ᠲᠠᠨᠢᠭᠤᠯᠤᠨ᠂ ᠲᠡᠲᠡᠨᠤᠰ᠎ᠢ ᠠᠷᠭ᠋ᠠᠢ ᠨᠠᠭ᠋ᠠᠲᠤᠮ᠎ᠳᠤ ᠢᠯᠡᠬᠦᠬᠡᠨ ᠤᠷᠤᠯᠴᠠᠬᠤ ᠵᠢ᠎ᠨᠢ ᠵᠤᠷᠢᠬ᠍ᠵᠢᠭᠤᠯᠵᠦ᠂ ᠠᠷᠭ᠋ᠠᠢ ᠨᠠᠭ᠋ᠠᠲᠤᠮ ᠵᠶ᠋ᠠᠨ ᠤᠯᠠᠮ ᠴᠠᠭ᠋ᠠᠰᠢᠲᠠ ᠬᠦᠭᠵᠢᠬᠦᠯᠵᠦ ᠪᠤᠢ᠃ ᠤᠢ᠍ᠢ᠍ᠯᠠᠭ᠋ᠠᠭᠰᠠᠨ ᠵᠶ᠋ᠠᠷ᠂ ᠤᠲᠤ ᠠᠷᠤ ᠬᠤᠷᠴᠢᠨ ᠬᠤᠰᠢᠭᠤ᠎ᠨᠢ ᠠᠷᠭ᠋ᠠᠢ ᠨᠠᠭ᠋ᠠᠲᠤᠮ ᠵᠶ᠋ᠠᠨ ᠶᠠᠭ ᠰᠠᠶ᠋ᠢᠬᠠᠨ ᠤᠯᠤᠰ᠎ᠤᠨ ᠲᠡᠰ᠎ᠤᠨ ᠪᠤᠲᠠᠰ᠎ᠤᠨ ᠪᠤᠰᠤ ᠰᠤᠶᠤᠯ᠎ᠤᠨ ᠦᠪ᠎ᠤᠨ ᠲᠦᠷᠦᠯ ᠵᠦᠢ᠍ᠯ ᠵᠶ᠋ᠠᠷ ᠪᠦᠷᠢᠳᠭᠡᠬᠦᠯᠬᠦ᠎ᠪᠠᠷ ᠮᠡᠳᠡᠬᠦᠯᠦᠬᠡᠳ ᠪᠠᠶ᠋ᠢᠨ᠎ᠠ᠃
    《ᠲᠤᠰᠬᠠᠶ ᠮᠡᠷᠭᠡᠵᠢᠯᠲᠡᠨ ᠵᠶ᠋ᠠᠷ ᠵᠢᠯᠣᠭᠤᠳᠣᠭᠤᠯᠤᠭᠰᠠᠨ᠂ ᠠᠷᠤ ᠬᠤᠷᠴᠢᠨ ᠬᠤᠰᠢᠭᠤᠨ᠎ᠤ ᠭᠤᠤᠯ ᠤᠳᠤᠷᠢᠳᠤᠯᠭ᠎ᠠ᠎ᠪᠠᠷ ᠳᠤᠭᠤᠶ᠋ᠢᠯᠠᠩ᠎ᠤᠨ ᠳᠠᠷᠤᠭ᠎ᠠ ᠪᠣᠯᠭ᠋ᠠᠭᠰᠠᠨ᠂ ᠠᠷᠤ ᠬᠤᠷᠴᠢᠨ ᠬᠤᠰᠢᠭᠤᠨ᠎ᠤ ᠮᠥᠰᠥᠨ ᠳᠡᠭᠡᠷᠡᠬᠢ ᠠᠷᠭ᠋ᠠᠢ ᠨᠠᠭ᠋ᠠᠳᠤᠮ᠎ᠤᠨ ᠪᠡᠶ᠎ᠠ ᠵᠢᠨ ᠲᠠᠮᠢᠷ᠎ᠤᠨ ᠬᠥᠳᠡᠯᠭᠡᠭᠡᠨ᠎ᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠰᠤᠶᠤᠯ᠎ᠤᠨ ᠥᠪ᠎ᠢ ᠬᠠᠮᠠᠭ᠋ᠠᠯᠠᠬᠤ ᠤᠳᠤᠷᠢᠳᠬᠤ ᠳᠤᠭᠤᠶ᠋ᠢᠯᠠᠩ ᠪᠠ ᠠᠷᠤ ᠬᠤᠷᠴᠢᠨ ᠬᠤᠰᠢᠭᠤ ᠵᠢᠨ ᠰᠣᠶᠣᠯ ᠪᠡᠶ᠎ᠡ ᠵᠢᠨ ᠲᠠᠮᠢᠷ ᠷᠠᠳᠢᠣ᠋ ᠲᠧᠯᠸᠢᠰ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠎ᠪᠠᠷ ᠬᠠᠷᠢᠭᠤᠴᠠᠯᠭ᠋ᠠᠲᠠᠨ ᠪᠣᠯᠭ᠋ᠠᠭᠰᠠᠨ ᠠᠷᠤ ᠬᠤᠷᠴᠢᠨ ᠬᠤᠰᠢᠭᠤᠨ᠎ᠤ ᠮᠥᠰᠥᠨ ᠳᠡᠭᠡᠷᠡᠬᠢ ᠠᠷᠭ᠋ᠠᠢ ᠨᠠᠭ᠋ᠠᠳᠤᠮ᠎ᠤᠨ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠰᠤᠶᠤᠯ᠎ᠤᠨ ᠥᠪ᠎ᠢ ᠬᠠᠮᠠᠭ᠋ᠠᠯᠠᠬᠤ ᠠᠵᠢᠯ᠎ᠤᠨ ᠠᠯᠪᠠᠨ ᠭᠡᠷ᠎ᠢ ᠪᠠᠶ᠋ᠢᠭᠤᠯᠵᠤ᠂ ᠰᠤᠶᠤᠯ᠎ᠤᠨ ᠥᠪ᠎ᠢ ᠠᠭᠤᠳᠠᠯᠬᠤ᠂ ᠠᠪᠤᠷᠠᠨ ᠬᠠᠮᠠᠭ᠋ᠠᠯᠠᠬᠤ᠂ ᠬᠦᠭᠵᠢᠬᠦᠯᠬᠦ ᠠᠵᠢᠯ᠎ᠢ ᠰᠢᠰᠲ᠋ᠧᠮᠵᠢᠬᠦᠯᠦᠨ ᠵᠤᠬᠢᠶᠠᠨ ᠪᠠᠶ᠋ᠢᠭᠤᠯᠪᠠᠯ ᠵᠤᠬᠢᠨ᠎ᠠ》 ᠬᠡᠵᠥ ᠪᠦᠬᠡᠪᠠᠭ᠋ᠠᠲᠦᠷ ᠠᠷᠭ᠋ᠠᠢ ᠨᠠᠭ᠋ᠠᠲᠤᠮ᠎ᠢ ᠭᠡᠷᠬᠢᠨ ᠤᠯᠠᠮᠵᠢᠯᠠᠵᠦ ᠬᠦᠭᠵᠢᠬᠦᠯᠬᠦ ᠲᠤᠬᠠᠢ ᠦᠪᠡᠷ᠎ᠤᠨ ᠰᠠᠨᠠᠯ ᠪᠤᠲᠤᠯ ᠪᠠ ᠬᠤᠵᠢᠮ᠎ᠤᠨ ᠠᠵᠢᠯ᠎ᠤᠨ ᠲᠦᠯᠦᠪᠯᠡᠭᠡ᠎ᠪᠠᠨ ᠰᠤᠷᠪᠤᠯᠵᠢᠯᠠᠬ᠍ᠴᠢ᠎ᠳᠤ ᠶᠠᠷᠢᠵᠦ ᠪᠢᠯᠡ᠃ ᠠᠷᠭ᠋ᠠᠢ ᠬᠠᠷᠪᠤᠭ᠋ᠠᠴᠢ ᠵᠢ ᠬᠦᠮᠦᠵᠢᠬᠦᠯᠬᠦ᠂ ᠠᠷᠭ᠋ᠠᠢ ᠬᠢᠬᠦ ᠠᠷᠭ᠎ᠠ ᠮᠠᠶᠢᠭ᠎ᠢ ᠦᠪᠯᠡᠨ ᠤᠯᠠᠮᠵᠢᠯᠠᠬᠤ᠂ ᠮᠥᠰᠥᠨ ᠳᠡᠭᠡᠷᠡᠬᠢ ᠠᠷᠭ᠋ᠠᠢ ᠨᠠᠭ᠋ᠠᠲᠤᠮ᠎ᠤᠨ ᠪᠡᠶ᠎ᠠ ᠵᠢᠨ ᠲᠠᠮᠢᠷ᠎ᠤᠨ ᠬᠥᠳᠡᠯᠭᠡᠭᠡᠨ᠎ᠤ ᠡᠯ᠎ᠡ ᠵᠦᠶᠯ᠎ᠤᠨ ᠳᠦᠷᠢᠮ ᠵᠡᠷᠭᠡ ᠵᠢ ᠤᠯᠠᠮ ᠴᠠᠭ᠋ᠠᠰᠢᠲᠠ ᠲᠦᠷᠢᠮᠵᠢᠬᠦᠯᠬᠦ ᠵᠡᠷᠭᠡ ᠪᠤᠯ ᠬᠤᠵᠢᠮ ᠬᠤᠶ᠋ᠢᠰᠢᠲᠠ ᠠᠯᠬᠤᠮ ᠬᠤᠪᠢᠶᠠᠵᠦ᠂ ᠲᠦᠷᠦᠯᠵᠢᠬᠦᠯᠦᠨ ᠬᠦᠢ᠍ᠴᠡᠳᠭᠡᠬᠦ ᠴᠢᠬᠤᠯᠠᠲᠠᠢ ᠠᠵᠢᠯ᠎ᠤᠳ ᠪᠤᠯᠤᠨ᠎ᠠ᠃
    (ᠲᠤᠰ ᠵᠤᠬᠢᠶᠠᠯ᠎ᠤᠨ ᠭᠡᠷᠡᠯ ᠵᠢᠷᠤᠬ᠎ᠢ ᠠᠷᠤ ᠬᠤᠷᠴᠢᠨ ᠬᠤᠰᠢᠭᠤ ᠵᠢᠨ ᠰᠤᠶᠤᠯ ᠪᠡᠶ᠎ᠠ ᠵᠢᠨ ᠲᠠᠮᠢᠷ ᠷᠠᠳᠢᠣ᠋ ᠲᠧᠯᠸᠢᠰ ᠲᠤᠪᠴᠢᠶ᠎ᠠ ᠵᠢᠨ ᠪᠥᠬᠡᠪᠠᠭ᠋ᠠᠳᠤᠷ ᠬᠠᠨᠭ᠌ᠭ᠋ᠠᠪᠠ)

ᠢᠷᠡᠯᠲᠡ᠄ ᠦᠪᠦᠷ ᠮᠤᠩᠭᠤᠯ ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠪᠦᠬᠡ ᠪᠠᠷᠢᠯᠳᠤᠬᠤ ᠶᠤᠰᠤᠨ (ᠨᠢᠭᠡ)
ᠪᠦᠬᠡ ᠪᠠᠷᠢᠯᠳᠤᠬᠤ ᠶᠤᠰᠤᠨ (ᠬᠤᠶᠠᠷ)
ᠣᠯᠠᠮᠵᠢᠯᠠᠯ ᠰᠢᠨᠡᠴᠢᠯᠡᠯ᠎ᠤᠨ ᠵᠠᠢ᠎ᠳᠠᠬᠢ ᠮᠣᠩᠭᠤᠯ ᠪᠥᠬᠡ
ᠮᠤᠨᠭ᠌ᠭᠤᠯ ᠪᠦᠭᠡ ᠵᠢᠨ ᠪᠠᠷᠢᠴᠠ ᠵᠢᠨ ᠳᠤᠬᠠᠢ ᠦᠭᠦᠯᠡᠭᠦᠢ
ᠬᠦᠯᠦᠨ ᠪᠤᠶ᠋ᠢᠷ᠎ᠤᠨ ᠪᠦᠭᠡ ᠵᠢᠨ ᠤᠨᠴᠠᠯᠢᠭ ᠪᠤᠶᠦ ᠲᠤᠯᠢᠶᠠᠳᠦ ᠪᠦᠭᠡ ᠵᠢᠨ ᠡᠮᠦᠰᠭᠡᠯ
 
            