ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠨᠳᠦᠰᠦᠲᠡᠨ᠎ᠤ ᠪᠡᠶ᠎ᠡ ᠲᠠᠮᠢᠷ   -   ᠦᠨᠳᠦᠰᠦᠲᠡᠨ᠎ᠤ ᠪᠡᠶ᠎ᠡ ᠲᠠᠮᠢᠷ᠎ᠤᠨ ᠪᠠᠶ᠋ᠢᠳᠠᠯ
ᠠᠷᠪᠠᠳᠤᠭ᠋ᠠᠷ ᠬᠤᠭᠤᠴᠠᠭ᠋ᠠᠨ᠎ᠤ ᠪᠦᠬᠦ ᠣᠷᠣᠨ᠎ᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠠᠵᠢᠯ᠎ᠢ ᠲᠠᠭ᠋ᠠᠭ᠋ᠠᠴᠢᠯᠠᠨ ᠡᠷᠭᠢᠯᠡᠬᠦ ᠲᠣᠬᠢᠷᠠᠭᠤᠯᠤᠯᠲᠠ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2023-05-09

   5 ᠰᠠᠷ᠎ᠠ ᠵᠢᠨ 6᠎ᠤ ᠡᠳᠦᠷ᠂ ᠠᠷᠪᠠᠳᠤᠭ᠋ᠠᠷ ᠬᠤᠭᠤᠴᠠᠭ᠋ᠠᠨ᠎ᠤ ᠴᠦᠬᠡᠨ ᠲᠤᠭ᠋ᠠᠳᠦ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠠᠵᠢᠯ᠎ᠢ ᠲᠠᠭ᠋ᠠᠭ᠋ᠠᠴᠢᠯᠠᠨ ᠡᠷᠭᠢᠯᠡᠬᠦ ᠲᠣᠬᠢᠷᠠᠭᠤᠯᠤᠯᠲᠠ ᠵᠢᠨ ᠬᠤᠷᠠᠯ ᠤᠯᠠᠭ᠋ᠠᠨᠴᠠᠪ᠎ᠤᠨ ᠪᠡᠶ᠎ᠡ ᠵᠢᠨ ᠲᠠᠯᠠᠪᠠᠢ ᠵᠢᠨ   ᠬᠤᠷᠠᠯ᠎ᠤᠨ ᠭᠡᠷ᠎ᠲᠤ ᠶᠠᠪᠤᠠᠠᠳᠠᠪᠠ᠃ ᠬᠤᠷᠠᠯ ᠳᠡᠭᠡᠷ᠎ᠡ᠂ ᠲᠠᠭ᠋ᠠᠭ᠋ᠠᠴᠢᠯᠠᠨ ᠡᠷᠬᠢᠯᠡᠬᠦ ᠤᠳᠤᠷᠢᠳᠬᠤ ᠳᠤᠭᠤᠢ᠌ᠯᠠᠩ᠎ᠤᠨ ᠡᠯ᠎ᠡ ᠲᠤᠰᠬᠠᠢ ᠠᠵᠢᠯ᠎ᠤᠨ ᠬᠡᠯᠲᠡᠰ ᠠᠵᠢᠯ᠎ᠤᠨ ᠬᠠᠷᠢᠭᠤ ᠮᠡᠳᠡᠭᠦᠯᠦᠯᠲᠡ ᠬᠢᠵᠦ᠂ ᠣᠳᠣᠬᠠᠨ᠎ᠳᠤ ᠣᠷᠣᠰᠢᠵᠤ ᠪᠠᠢ᠌ᠭ᠎ᠠ ᠭᠣᠣᠯ ᠠᠰᠠᠭᠤᠳᠠᠯ᠎ᠢ ᠡᠮᠬᠢᠯᠡᠨ ᠳᠢᠭᠯᠡᠭᠰᠡᠨ ᠪᠥᠭᠡᠳ ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠠᠢ᠃


    ᠬᠤᠷᠠᠯ᠎ᠠᠴᠠ᠂ ᠲᠠᠨᠢᠯᠲᠠ᠎ᠪᠠᠨ ᠳᠡᠭᠡᠭᠰᠢᠯᠡᠭᠦᠯᠬᠦ ᠬᠡᠷᠡᠭᠲᠡᠢ᠃ ᠴᠦᠬᠡᠨ ᠲᠤᠭ᠋ᠠᠳᠦ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠦᠪᠡᠳᠡᠭᠰᠢ ᠴᠤᠭᠯᠠᠭ᠋ᠠᠨ ᠪᠣᠯᠣᠨ᠎ᠠ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠠᠷᠪᠠᠳᠤᠭ᠋ᠠᠷ ᠬᠤᠭᠤᠴᠠᠭ᠋ᠠᠨ᠎ᠤ ᠪᠦᠬᠦ ᠣᠷᠣᠨ᠎ᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠣᠨ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠤᠯᠠᠭ᠋ᠠᠨᠴᠠᠪ ᠬᠤᠲᠠ ᠵᠢᠨ ᠬᠥᠭᠵᠢᠯᠲᠡ ᠵᠢᠨ ᠳᠦᠷᠢ ᠲᠥᠷᠬᠦ ᠵᠢ ᠪᠤᠢ ᠪᠣᠯᠭ᠋ᠠᠬᠤ ᠠᠵᠠ ᠲᠣᠬᠢᠶᠠᠯ᠎ᠢ ᠠᠳᠬᠤᠬᠤ ᠬᠡᠷᠡᠭᠳᠡᠢ᠃ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠡᠯ᠎ᠡ ᠲᠤᠰᠬᠠᠢ ᠠᠵᠢᠯ᠎ᠤᠨ ᠬᠡᠯᠲᠡᠰ ᠤᠤᠯ᠎ᠤᠨ ᠵᠣᠬᠢᠶᠠᠨ ᠪᠠᠢ᠌ᠭᠤᠯᠤᠯᠲᠠ ᠵᠢᠨ ᠲᠥᠯᠥᠪᠰᠢᠷᠡᠯ᠎ᠤᠨ ᠰᠠᠭᠤᠷᠢᠨ ᠳᠡᠭᠡᠷ᠎ᠡ ᠨᠢᠭᠡ ᠭᠦᠢ᠍ᠴᠡᠳᠬᠡᠬᠦ ᠡᠷᠬᠢᠯᠡᠭᠴᠢ ᠵᠢ ᠰᠣᠩᠭᠣᠨ ᠲᠣᠮᠢᠯᠠᠵᠤ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠭᠣᠣᠯᠴᠢᠯᠠᠨ ᠠᠳᠬᠤᠵᠤ᠂ ᠡᠯ᠎ᠡ ᠲᠤᠰᠬᠠᠢ ᠠᠵᠢᠯ᠎ᠤᠨ ᠬᠡᠯᠲᠡᠰ ᠠᠵᠢᠯᠲᠠᠨ ᠰᠣᠩᠭᠣᠨ ᠲᠣᠮᠢᠯᠠᠵᠤ᠂ ᠪᠡᠶ᠎ᠡ ᠵᠢᠨ ᠲᠠᠮᠢᠷ᠎ᠤᠨ ᠲᠠᠯᠠᠪᠤᠷ᠎ᠲᠤ ᠲᠥᠪᠯᠡᠷᠡᠭᠦᠯᠦᠨ ᠠᠵᠢᠯᠯᠠᠭᠤᠯᠵᠤ᠂ ᠴᠠᠭ ᠲᠤᠬᠠᠢ᠎ᠳᠤᠨᠢ ᠠᠵᠢᠯ ᠵᠶ᠋ᠠᠨ ᠲᠣᠬᠢᠷᠠᠭᠤᠯᠬᠤ᠎ᠳᠤ ᠲᠥᠬᠥᠮ ᠦᠵᠡᠭᠦᠯᠦᠨ᠂ ᠬᠠᠷᠢᠭᠤᠴᠠᠯᠭ᠎ᠠ ᠵᠢᠨ   ᠲᠠᠩᠰᠠ ᠪᠠᠢ᠌ᠭᠤᠯᠵᠤ᠂ ᠬᠠᠷᠢᠭᠤᠴᠠᠯᠭ᠎ᠠ ᠵᠢ ᠬᠥᠮᠥᠨ᠎ᠳᠤᠨᠢ ᠨᠠᠢ᠌ᠳᠠᠪᠤᠷᠢᠵᠢᠭᠤᠯᠤᠨ᠂ ᠠᠵᠢᠯ᠎ᠤᠨ ᠬᠤᠭᠤᠴᠠᠭ᠎ᠠ ᠵᠢ ᠲᠣᠩᠭᠣᠷᠤᠭᠤᠯᠤᠨ ᠵᠢᠭᠰᠠᠭ᠋ᠠᠵᠤ᠂ ᠡᠯ᠎ᠡ ᠵᠦᠢ᠍ᠯ᠎ᠤᠨ ᠠᠵᠢᠯ᠎ᠢ ᠲᠣᠭᠲᠠᠭᠰᠠᠨ ᠬᠤᠭᠤᠴᠠᠭ᠋ᠠᠨ᠎ᠳᠤ ᠥᠨᠳᠥᠷ ᠪᠠᠷᠢᠮᠵᠢᠶ᠎ᠠ᠎ᠪᠠᠷ᠂ ᠴᠢᠨᠠᠷ ᠰᠠᠢ᠌ᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠤᠷᠲᠤ ᠬᠤᠭᠤᠴᠠᠭ᠋ᠠᠨ᠎ᠤ ᠪᠦᠲᠦᠮᠵᠢᠲᠡᠢ ᠠᠵᠢᠯ᠎ᠤᠨ ᠲᠣᠭᠲᠠᠴᠠ ᠵᠢ ᠪᠠᠢ᠌ᠭᠤᠯᠵᠤ᠂ ᠡᠳᠦᠷ᠎ᠤᠨ ᠮᠡᠳᠡᠭᠦᠯᠦᠯᠲᠡ ᠵᠢᠨ ᠳᠦᠷᠢᠮ ᠪᠠ ᠭᠠᠷᠠᠭ᠎ᠤᠨ ᠬᠤᠷᠠᠯ᠎ᠤᠨ ᠳᠦᠷᠢᠮ᠎ᠢ ᠬᠡᠷᠡᠭᠵᠢᠭᠦᠯᠦᠨ᠎ᠡ᠃ ᠡᠯ᠎ᠡ ᠲᠤᠰᠬᠠᠢ ᠠᠵᠢᠯ᠎ᠤᠨ ᠬᠡᠯᠲᠡᠰ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠪᠠ ᠡᠭᠦᠷᠭᠡ᠎ᠪᠠᠨ ᠦᠨᠳᠦᠰᠦᠯᠡᠨ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠠᠷᠪᠠᠳᠤᠭ᠋ᠠᠷ ᠬᠤᠭᠤᠴᠠᠭ᠋ᠠᠨ᠎ᠤ ᠴᠦᠬᠡᠨ ᠲᠤᠭ᠋ᠠᠳᠦ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠦᠪᠡᠳᠡᠭᠰᠢ ᠶᠡᠬᠡ ᠪᠥᠭᠡᠳ ᠬᠥᠷ ᠬᠥᠭᠵᠢᠶᠡᠨ᠎ᠲᠠᠢ᠂ ᠪᠣᠯᠪᠠᠰᠤᠨ ᠳᠠᠪᠰᠢᠯᠲᠠ᠎ᠲᠠᠢ᠂ ᠠᠷᠪᠢᠲᠠᠢ ᠪᠥᠭᠡᠳ ᠥᠨᠳᠥᠷ ᠪᠦᠲᠦᠮᠵᠢᠲᠡᠢ ᠦᠨᠳᠦᠰᠦᠲᠡᠨ᠎ᠤ ᠪᠦᠯᠬᠦᠮᠳᠡᠯ᠎ᠤᠨ ᠪᠡᠶ᠎ᠡ ᠵᠢᠨ ᠲᠠᠮᠢᠷ᠎ᠤᠨ ᠦᠪᠡᠳᠡᠭᠰᠢ ᠴᠤᠭᠯᠠᠭ᠋ᠠᠨ ᠪᠣᠯᠭ᠋ᠠᠨ ᠡᠷᠭᠢᠯᠡᠬᠦ ᠵᠢ ᠦᠨᠡᠨ ᠬᠦ᠌   ᠪᠠᠳᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠤᠷᠠᠳ᠎ᠤᠨ ᠲᠤᠮᠳᠠᠳᠦ ᠬᠤᠰᠢᠭᠤᠨ᠎ᠤ 《ᠭᠠᠯᠠᠭᠤᠳᠦ ᠨᠤᠳᠤᠭ᠎ᠤᠨ ᠵᠢᠭᠤᠯᠴᠢᠯᠠᠯ》 ᠭᠤᠤᠯ ᠰᠡᠳᠦᠪᠳᠦ ᠵᠢᠭᠤᠯᠴᠢᠯᠠᠯ᠎ᠤᠨ ᠨᠠᠢ᠌ᠷ ᠶᠠᠪᠤᠠᠠᠳᠠᠪᠠ
ᠦᠨᠳᠦᠰᠦᠳᠡᠨ᠎ᠤ ᠤᠯᠠᠮᠵᠢᠯᠠᠯᠳᠦ ᠵᠢᠷᠤᠭ᠎ᠠ ᠮᠤᠷᠢᠨ᠎ᠤ ᠤᠷᠤᠯᠳᠤᠭ᠋ᠠᠨ ᠶᠠᠪᠤᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭ᠋ᠠᠷ ᠬᠤᠭᠤᠴᠠᠭ᠋ᠠᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠦᠤᠰᠢᠨ ᠬᠤᠰᠢᠭᠤᠨ᠎ᠤ ᠮᠠᠯᠴᠢᠨ ᠲᠠᠷᠢᠶᠠᠴᠢᠨ᠎ᠤ ᠮᠤᠩᠭᠤᠯ ᠰᠢᠳᠠᠷ᠎ᠠ ᠵᠢᠨ ᠤᠷᠤᠯᠳᠤᠭ᠋ᠠᠨ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠳᠤᠭ᠋ᠠᠷ ᠬᠤᠭᠤᠴᠠᠭ᠋ᠠᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠤᠷᠤᠯᠳᠤᠭ᠋ᠠᠨ᠎ᠤ ᠪᠡᠯᠡᠳᠬᠡᠯ ᠠᠵᠢᠯ᠎ᠢ ᠬᠢᠨᠠᠨ ᠵᠢᠯᠤᠭᠣᠳᠴᠤ ᠪᠠᠢ᠌ᠴᠠᠭ᠋ᠠᠪᠠ
 
            