
6 ᠳ᠋ᠤᠭ᠋ᠠᠷ ᠰᠠᠷ᠎ᠠ ᠵᠢᠨ 1᠎ᠤ ᠡᠳᠦᠷ᠎ᠤᠨ ᠦᠳᠡ ᠵᠢᠨ ᠬᠣᠢ᠌ᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭ᠋ᠠᠷ ᠬᠤᠭᠤᠴᠠᠭ᠋ᠠᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠣᠨᠢᠨ ᠮᠡᠳᠡᠭᠡ ᠨᠡᠢ᠌ᠲᠡᠯᠡᠬᠦ ᠬᠤᠷᠠᠯ ᠤᠯᠠᠭ᠋ᠠᠨᠴᠠᠪ ᠬᠤᠳᠠ᠎ᠳᠤ ᠶᠠᠪᠤᠠᠠᠳᠠᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠳᠡᠳ᠋ ᠡᠷᠬᠢᠯᠡᠭᠴᠢ ᠶᠦᠨ ᠭᠦᠸᠧ ᠱᠧᠩ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠵᠠᠩ ᡁᠢ᠂ ᠤᠯᠠᠭ᠋ᠠᠨᠴᠠᠪ ᠬᠣᠲᠠ ᠵᠢᠨ ᠳᠡᠳ᠋ ᠳᠠᠷᠤᠭ᠎ᠠ ᠹᠠᠩ ᠽᠧ ᠲᠣᠰ ᠬᠤᠭᠤᠴᠠᠭ᠋ᠠᠨ᠎ᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠡᠷᠭᠢᠯᠡᠭᠰᠡᠨ ᠠᠬᠤᠢ ᠪᠠᠢ᠌ᠳᠠᠯ᠂ ᠤᠷᠤᠯᠳᠤᠭ᠋ᠠᠨ᠎ᠤ ᠪᠠᠢ᠌ᠷᠢᠯᠠᠭᠤᠯᠤᠯᠲᠠ ᠵᠢᠴᠢ ᠵᠣᠬᠢᠶᠠᠨ ᠪᠠᠢ᠌ᠭᠤᠯᠵᠤ ᠪᠡᠯᠡᠳᠬᠡᠭᠰᠡᠨ ᠵᠡᠷᠭᠡ ᠪᠠᠢ᠌ᠳᠠᠯ᠎ᠤᠨ ᠲᠤᠬᠠᠢ ᠲᠣᠰ ᠲᠣᠰ ᠮᠡᠳᠡᠭᠡ ᠨᠡᠢ᠌ᠲᠡᠯᠡᠵᠦ᠂ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠶᠤᠸᠠᠢ ᠶᠠᠨ ᠮᠧᠶ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠡᠷᠭᠢᠯᠡᠪᠡ᠃
ᠠᠷᠪᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ 《ᠥᠩᠭᠡ ᠢᠯᠭ᠋ᠠᠷᠠᠭᠰᠠᠨ ᠤᠯᠠᠭ᠋ᠠᠨᠴᠠᠪ · ᠡᠶ᠎ᠡ ᠵᠣᠬᠢᠴᠠᠯ᠎ᠲᠠᠢ ᠦᠨᠳᠦᠰᠦᠲᠡᠨ᠎ᠤ ᠦᠪᠡᠳᠡᠭᠰᠢ ᠴᠤᠭᠯᠠᠭ᠋ᠠᠨ》 ᠵᠶ᠋ᠠᠷ ᠭᠣᠣᠯ ᠰᠡᠳᠦᠪ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠡᠷᠡᠭᠦᠯ ᠮᠡᠨᠳᠦ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠣᠶ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠶ᠋ᠢᠭᠤᠯᠬᠤ ᠵᠢᠨ ᠲᠥᠯᠥᠭᠡ ᠶᠤᠮ᠃ ᠲᠣᠰ ᠬᠤᠭᠤᠴᠠᠭ᠋ᠠᠨ᠎ᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠡᠨᠡ ᠵᠢᠯ᠎ᠤᠨ 7 ᠰᠠᠷ᠎ᠠ ᠵᠢᠨ 8᠎ᠤ ᠡᠳᠦᠷ᠎ᠠᠴᠠ 13᠎ᠤ ᠡᠳᠦᠷ ᠪᠣᠯᠲᠠᠯ᠎ᠠ ᠤᠯᠠᠭ᠋ᠠᠨᠴᠠᠪ ᠬᠣᠲᠠ᠎ᠳᠤ ᠶᠠᠪᠤᠭᠳᠠᠭᠤᠯᠤᠨ᠎ᠠ᠃
ᠣᠢ᠌ᠯᠠᠭ᠋ᠠᠭᠰᠠᠨ ᠵᠶ᠋ᠠᠷ᠂ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ 4 ᠵᠢᠯ᠎ᠳᠤ ᠨᠢᠭᠡ ᠤᠳᠠᠭ᠎ᠠ ᠡᠷᠭᠢᠯᠡᠵᠦ᠂ 1985 ᠣᠨ᠎ᠠᠴᠠ ᠡᠬᠢᠯᠡᠨ ᠨᠢᠭᠡᠨᠲᠡ ᠶᠢᠰᠦᠨ ᠬᠤᠭᠤᠴᠠᠭ᠎ᠠ ᠵᠢ ᠠᠮᠵᠢᠯᠲᠠ᠎ᠲᠠᠢ ᠡᠷᠭᠢᠯᠡᠵᠦ ᠥᠩᠭᠡᠷᠡᠵᠡᠢ᠂ ᠡᠨᠡ ᠪᠣᠯ ᠪᠥᠬᠥ ᠣᠷᠣᠨ᠎ᠤ ᠴᠢᠨᠠᠷᠲᠠᠢ᠂ ᠶᠡᠷᠦᠩᠬᠡᠢ᠌ᠯᠡᠭᠰᠡᠨ ᠴᠢᠨᠠᠷᠲᠠᠢ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠮᠥᠨ᠂ ᠦᠨᠳᠦᠰᠦᠲᠡᠨ᠎ᠤ ᠪᠦᠯᠬᠦᠮᠳᠡᠯ᠎ᠢ ᠳᠡᠯᠭᠡᠨ ᠦᠵᠡᠭᠦᠯᠵᠦ᠂ ᠴᠠᠭ ᠦᠶ᠎ᠡ ᠵᠢᠨ ᠳᠦᠷᠰᠦ ᠪᠠᠢ᠌ᠳᠠᠯ᠎ᠢ ᠬᠥᠲᠥᠯᠥᠨ ᠳᠠᠭ᠋ᠠᠭᠤᠯᠬᠤ ᠦᠪᠡᠳᠡᠭᠰᠢ ᠴᠤᠭᠯᠠᠭ᠋ᠠᠨ ᠮᠥᠨ᠂ ᠪᠠᠰᠠ ᠴᠤ᠌ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠨᠡᠮᠡᠭᠳᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠦᠲᠦᠮᠵᠢᠲᠡᠶ ᠲᠠᠪᠴᠠᠩ ᠮᠥᠨ᠃