
6 ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠤᠯᠠᠭ᠋ᠠᠨᠴᠠᠪ ᠬᠣᠲᠠ ᠵᠢᠨ ᠳᠥᠷᠪᠡᠳ ᠬᠣᠰᠢᠭᠤᠨ᠎ᠳᠤ ᠬᠦᠷᠴᠦ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠳᠤᠭ᠋ᠠᠷ ᠬᠤᠭᠤᠴᠠᠭ᠋ᠠᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠤᠷᠤᠯᠳᠤᠭ᠋ᠠᠨ᠎ᠤ ᠪᠡᠯᠡᠳᠬᠡᠯ ᠠᠵᠢᠯ᠎ᠢ ᠬᠢᠨᠠᠨ ᠵᠢᠯᠤᠭᠣᠳᠴᠤ ᠪᠠᠢ᠌ᠴᠠᠭ᠋ᠠᠪᠠ᠃
ᠵᠠᠩ ᡁᠢ ᠤᠷᠢᠳ ᠬᠣᠵᠢᠳ ᠡᠷ᠎ᠡ ᠵᠢᠨ ᠭᠤᠷᠪᠠᠨ ᠨᠠᠭ᠋ᠠᠳᠤᠮ᠂ ᠲᠡᠮᠡᠭᠡ ᠤᠷᠤᠯᠳᠤᠬᠤ᠂ ᠲᠡᠮᠡᠭᠡᠨ ᠪᠥᠮᠪᠥᠭᠡ ᠵᠢᠨ ᠤᠷᠤᠯᠳᠤᠭ᠋ᠠᠨ᠎ᠤ ᠲᠠᠯᠠᠪᠤᠷ᠂ ᠲᠠᠮᠢᠷᠴᠢᠨ᠂ ᠬᠢᠨᠠᠭᠴᠢ ᠵᠢᠨ ᠰᠠᠭᠤᠭ᠎ᠠ ᠭᠠᠵᠠᠷ ᠵᠡᠷᠭᠡ᠎ᠳᠤ ᠬᠦᠷᠴᠦ᠂ ᠠᠶᠤᠯᠭᠦᠢ ᠦᠢ᠍ᠯᠡᠳᠪᠦᠷᠢᠯᠡᠯ᠂ ᠭᠠᠯ ᠤᠨᠲᠠᠷᠠᠭ᠋ᠠᠬᠤ ᠬᠡᠷᠡᠭᠰᠡᠯ᠎ᠤᠨ ᠲᠣᠬᠢᠷᠠᠭᠤᠯᠤᠯᠲᠠ ᠪᠣᠯᠣᠨ ᠤᠰᠤ ᠴᠠᠬᠢᠯᠭ᠋ᠠᠨ᠎ᠤ ᠪᠠᠲᠤᠯᠠᠭ᠎ᠠ ᠵᠡᠷᠭᠡ ᠠᠵᠢᠯ᠎ᠢ ᠭᠣᠣᠯᠳᠠᠯᠭ᠎ᠠ᠎ᠲᠠᠢ ᠪᠠᠢ᠌ᠴᠠᠭ᠋ᠠᠨ ᠪᠠᠢ᠌ᠷᠢᠯᠠᠭᠤᠯᠬᠤ ᠵᠢᠨ ᠬᠠᠮᠲᠤ ᠤᠷᠤᠯᠳᠤᠭ᠋ᠠᠨ᠎ᠤ ᠪᠡᠯᠡᠳᠬᠡᠯ ᠠᠵᠢᠯ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠠᠢ᠃
ᠬᠤᠷᠠᠯ᠎ᠠᠴᠠ ᠨᠢᠭᠡ᠎ᠳᠤ ᠲᠠᠨᠢᠯᠲᠠ᠎ᠪᠠᠨ ᠳᠡᠭᠡᠭᠰᠢᠯᠡᠭᠦᠯᠵᠦ᠂ ᠠᠵᠢᠯ᠎ᠤᠨ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠦᠨᠡᠨᠬᠦ ᠴᠢᠩᠭ᠋ᠠᠳᠬᠠᠬᠤ ᠬᠡᠷᠡᠭᠳᠡᠢ᠃ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠬᠢᠯᠡᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠭᠡᠳᠡᠭ᠎ᠢ ᠭᠦᠨᠵᠡᠭᠡᠢ ᠲᠠᠨᠢᠵᠤ᠂ ᠪᠡᠯᠡᠳᠬᠡᠯ ᠠᠵᠢᠯ᠎ᠢ ᠡᠷᠬᠡᠪᠰᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠨᠢᠮᠪᠠᠢ ᠪᠡᠯᠡᠳᠬᠡᠬᠦ ᠬᠡᠷᠡᠭᠲᠡᠢ; ᠬᠣᠶᠠᠷ᠎ᠲᠤ᠂ ᠤᠷᠤᠯᠳᠤᠭ᠋ᠠᠨ᠎ᠤ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠨᠠᠷᠢᠨ ᠬᠢᠨᠠᠮᠠᠭ᠋ᠠᠢ ᠵᠣᠬᠢᠶᠠᠨ ᠪᠠᠢ᠌ᠭᠤᠯᠵᠤ᠂ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠬᠡᠷᠡᠭᠲᠡᠢ᠃ ᠪᠡᠯᠡᠳᠬᠡᠯ ᠠᠵᠢᠯ᠎ᠤᠨ ᠡᠭᠦᠷᠭᠡ ᠬᠦᠨᠳᠦ᠂ ᠬᠠᠷᠢᠭᠤᠴᠠᠯᠭ᠎ᠠ ᠬᠦᠨᠳᠦ᠂ ᠲᠠᠭ᠋ᠠᠭ᠋ᠠᠴᠢᠯᠠᠨ ᠡᠷᠬᠢᠯᠡᠬᠦ ᠭᠠᠵᠠᠷ᠎ᠤᠨ᠎ᠬᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠠᠵᠢᠯ᠎ᠢ ᠴᠢᠬᠤᠯᠠ ᠪᠠᠢ᠌ᠷᠢᠨ᠎ᠳᠤ ᠲᠠᠯᠪᠢᠵᠤ᠂ ᠭᠣᠣᠯ ᠣᠶᠤᠨ ᠴᠢᠳᠠᠯ ᠵᠶ᠋ᠠᠨ ᠡᠯ᠎ᠡ ᠵᠦᠢ᠍ᠯ᠎ᠤᠨ ᠤᠷᠤᠯᠳᠤᠭ᠋ᠠᠨ᠎ᠤ ᠪᠡᠯᠡᠳᠬᠡᠯ ᠠᠵᠢᠯ ᠳᠡᠭᠡᠷ᠎ᠡ ᠦᠳᠲᠡᠷ ᠲᠦᠷᠭᠡᠨ ᠲᠥᠪᠯᠡᠷᠡᠭᠦᠯᠬᠦ ᠬᠡᠷᠡᠭᠲᠡᠢ ; ᠭᠤᠷᠪᠠ᠎ᠳᠤ᠂ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠠᠮᠤᠷ ᠲᠦᠪᠰᠢᠨ᠎ᠢ ᠳᠡᠭᠡᠳᠦᠯᠡᠬᠦ ᠤᠷᠤᠯᠳᠤᠭ᠋ᠠᠨ ᠡᠷᠬᠢᠯᠡᠬᠦ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠬᠤ ᠬᠡᠷᠡᠭᠲᠡᠢ᠃ ᠤᠷᠤᠯᠳᠤᠭ᠋ᠠᠨ᠎ᠤ ᠠᠮᠤᠷ ᠲᠦᠪᠰᠢᠨ᠎ᠤ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠤᠷᠤᠯᠳᠤᠭ᠋ᠠᠨ᠎ᠤ ᠬᠠᠮᠢᠶ᠎ᠠ ᠪᠦᠬᠦᠢ ᠠᠵᠢᠯ᠎ᠤᠨ ᠲᠥᠰᠥᠯ ᠪᠠ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠬᠡᠯ ᠲᠥᠰᠥᠯ᠎ᠢ ᠲᠣᠭᠲᠠᠭ᠋ᠠᠵᠤ᠂ ᠲᠦᠭᠰᠢᠭᠦᠷᠢ ᠵᠢᠨ ᠴᠢᠭ᠋᠎ᠲᠤ ᠴᠢᠭᠯᠡᠭᠦᠯᠦᠨ ᠤᠷᠤᠯᠳᠤᠭ᠋ᠠᠨ᠎ᠠᠴᠠ ᠡᠮᠦᠨᠡᠬᠢ ᠰᠤᠳᠤᠯᠤᠨ ᠮᠠᠭ᠋ᠠᠳᠯᠠᠬᠤ᠂ ᠤᠷᠤᠯᠳᠤᠭ᠋ᠠᠨ᠎ᠤ ᠳᠤᠮᠳᠠᠬᠢ ᠵᠢᠯᠣᠭᠣᠳᠤᠯᠭ᠎ᠠ᠂ ᠤᠷᠤᠯᠳᠤᠭ᠋ᠠᠨ᠎ᠤ ᠳᠠᠷᠠᠭ᠋ᠠᠬᠢ ᠦᠨᠡᠯᠡᠨ ᠵᠢᠱ᠌ᠢᠯᠲᠡ ᠵᠢ ᠴᠢᠩᠭ᠋ᠠᠳᠬᠠᠵᠤ᠂ ᠭᠡᠨᠡᠳᠲᠡ ᠵᠢᠨ ᠴᠢᠨᠠᠷᠲᠠᠢ ᠬᠡᠷᠡᠭ᠎ᠢ ᠤᠷᠢᠳᠴᠢᠯᠠᠨ ᠰᠡᠷᠡᠮᠵᠢᠯᠡᠭᠦᠯᠬᠦ᠂ ᠡᠵᠡᠮᠳᠡᠬᠦ ᠪᠠ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠂ ᠲᠦᠭᠰᠢᠭᠦᠷᠢ ᠵᠢᠨ ᠠᠯᠳᠠᠰᠢ ᠭᠠᠷᠬᠤ ᠵᠢ ᠬᠣᠷᠢᠭᠯᠠᠵᠤ᠂ ᠡᠯ᠎ᠡ ᠵᠦᠢ᠍ᠯ᠎ᠤᠨ ᠤᠷᠤᠯᠳᠤᠭ᠋ᠠᠨ᠎ᠤ ᠠᠮᠤᠷ ᠲᠦᠪᠰᠢᠨ ᠵᠶ᠋ᠡᠷ ᠤᠷᠤᠭᠰᠢᠲᠠᠢ ᠶᠠᠪᠤᠭᠳᠠᠬᠤ ᠵᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃