ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠨᠳᠦᠰᠦᠲᠡᠨ᠎ᠤ ᠪᠡᠶ᠎ᠡ ᠲᠠᠮᠢᠷ   -   ᠦᠨᠳᠦᠰᠦᠲᠡᠨ᠎ᠤ ᠪᠡᠶ᠎ᠡ ᠲᠠᠮᠢᠷ᠎ᠤᠨ ᠪᠠᠶ᠋ᠢᠳᠠᠯ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠳᠤᠭ᠋ᠠᠷ ᠬᠤᠭᠤᠴᠠᠭ᠋ᠠᠨ᠎ᠤ ᠴᠦᠭᠡᠨ ᠲᠤᠭ᠋ᠠᠳᠤ ᠦᠨᠳᠦᠰᠦᠳᠡᠨ᠎ᠤ ᠤᠯᠠᠮᠵᠢᠯᠠᠯᠳᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠠᠮᠵᠢᠯᠳᠠ᠎ᠲᠠᠢ ᠲᠡᠭᠦᠰᠪᠡ
ᠨᠡᠶ᠋ᠢᠲᠡᠯᠡᠭᠰᠡᠨ ᠴᠠᠭ᠄ 2023-07-19

    7 ᠳ᠋ᠤᠭ᠋ᠠᠷ ᠰᠠᠷ᠎ᠠ ᠵᠢᠨ 13᠎ᠤ ᠡᠳᠦᠷ᠂ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠷᠤᠨ᠎ᠤ ᠴᠦᠭᠡᠨ ᠲᠤᠭ᠋ᠠᠳᠤ ᠦᠨᠳᠦᠰᠦᠳᠡᠨ᠎ᠤ ᠤᠯᠠᠮᠵᠢᠯᠠᠯᠳᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ ᠡᠯ᠎ᠡ ᠲᠦᠷᠦᠯ᠎ᠤᠨ ᠤᠷᠤᠯᠳᠤᠭ᠋ᠠᠨ ᠵᠶ᠋ᠡᠨ ᠲᠠᠭᠤᠰᠬᠠᠵᠤ᠂ ᠠᠮᠵᠢᠯᠳᠠ᠎ᠲᠠᠢ ᠲᠡᠭᠦᠰᠪᠡ᠃


    ᠦᠪᠡᠷᠳᠡᠭᠡᠨ ᠵᠠᠰᠠᠬᠤ ᠤᠷᠤᠨ᠎ᠤ ᠲᠡᠳ᠋ ᠲᠡᠷᠢᠭᠦᠯᠡᠭᠴᠢ ᠴᠢ᠊ ᠪᠠᠳᠤ ᠲᠡᠬᠦᠰᠬᠦ ᠶᠤᠰᠤᠯᠠᠯ᠎ᠳᠤ ᠤᠷᠤᠯᠴᠠᠵᠦ᠂ ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠲᠡᠭᠦᠰᠦᠭᠰᠡᠨ᠎ᠢ ᠵᠠᠷᠯᠠᠭᠰᠠᠨ᠎ᠤ ᠬᠠᠮᠳᠤ ᠴᠤᠭᠯᠠᠭ᠋ᠠᠨ᠎ᠤ ᠲᠤᠭ᠎ᠢ ᠲᠤᠰᠢᠶᠠᠬᠤ ᠪᠠ ᠬᠦᠯᠢᠶᠡᠨ ᠠᠪᠬᠤ ᠶᠤᠰᠤᠯᠠᠯ᠎ᠳᠤ ᠣᠷᠣᠯᠴᠠᠵᠠᠢ᠃


    ᠲᠡᠭᠦᠰᠬᠦ ᠶᠤᠰᠤᠯᠠᠯ ᠲᠡᠭᠡᠷ᠎ᠡ᠂ ᠤᠯᠠᠭ᠋ᠠᠨᠬᠠᠳᠠ ᠬᠤᠳᠠ ᠪᠦᠬᠦ ᠤᠷᠤᠨ᠎ᠤ ᠴᠦᠭᠡᠨ ᠲᠤᠭ᠋ᠠᠳᠤ ᠦᠨᠳᠦᠰᠦᠳᠡᠨ᠎ᠤ ᠤᠯᠠᠮᠵᠢᠯᠠᠯᠳᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠤᠭ᠎ᠢ ᠲᠤᠰᠴᠦ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠷᠤᠨ᠎ᠤ ᠴᠦᠭᠡᠨ ᠲᠤᠭ᠋ᠠᠳᠤ ᠦᠨᠳᠦᠰᠦᠳᠡᠨ᠎ᠤ ᠤᠯᠠᠮᠵᠢᠯᠠᠯᠳᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ 2025 ᠤᠨ᠎ᠳᠤ ᠤᠯᠠᠭ᠋ᠠᠨᠬᠠᠳᠠ ᠬᠤᠳᠠ᠎ᠳᠤ   ᠶᠠᠪᠤᠭᠳᠠᠬᠤ᠎ᠪᠠᠷ ᠪᠤᠯᠪᠠ᠃


    ᠴᠤᠭᠯᠠᠭ᠋ᠠᠨ᠎ᠤ ᠲᠤᠭ᠎ᠢ ᠲᠤᠰᠢᠶᠠᠬᠤ ᠪᠠ ᠬᠦᠯᠢᠶᠡᠨ ᠠᠪᠬᠤ ᠶᠤᠰᠤᠯᠠᠯ ᠲᠠᠭᠤᠰᠤᠭᠰᠠᠨ᠎ᠤ ᠲᠠᠷᠠᠭ᠎ᠠ᠂ ᠤᠯᠠᠨ ᠵᠶ᠋ᠠᠷ ᠵᠶ᠋ᠠᠨ ᠭᠤᠢ᠌ᠳᠠ ᠰᠠᠢ᠌ᠬᠠᠨ ᠤᠷᠠᠨ ᠰᠠᠢ᠌ᠬᠠᠨ᠎ᠤ ᠲᠤᠭᠯᠠᠯᠳᠠ ᠵᠢ ᠰᠤᠨᠢᠷᠬᠠᠵᠦ᠂ ᠲᠡᠬᠦᠰᠬᠦ ᠶᠤᠰᠤᠯᠠᠯ᠎ᠨᠢ ᠲᠠᠭᠤᠯᠠᠯᠳᠤ ᠪᠦᠵᠢᠭ 《ᠭᠠᠷ ᠬᠤᠯᠪᠤᠨ ᠬᠠᠮᠲᠤ᠎ᠪᠠᠷ ᠤᠷᠤᠭᠰᠢᠯᠠᠶ᠎ᠠ》 ᠭᠡᠳᠡᠭ ᠲᠤᠭᠯᠠᠯᠳᠠ ᠵᠢᠨ ᠲᠤᠮᠳᠠ ᠦᠨᠳᠦᠷᠯᠡᠵᠠᠢ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠪᠢᠴᠢᠭᠯᠡᠭᠰᠡᠨ ᠦᠪᠡᠳᠡᠭᠰᠢ ᠴᠤᠭᠯᠠᠭ᠋ᠠᠨ
ᠪᠥᠭᠦ ᠤᠯᠣᠰ᠎ᠤᠨ ᠭᠡᠪᠴᠢᠶᠠᠨ᠎ᠤ ᠡᠪᠡᠷ ᠨᠤᠮᠤ ᠵᠢᠨ ᠤᠷᠤᠯᠳᠤᠭ᠋ᠠᠨ ᠠᠮᠵᠢᠯᠳᠠᠳᠠᠢ ᠦᠨᠳᠤᠷᠯᠠᠯ᠎ᠠ
2023 ᠣᠨ᠎ᠤ 《ᠪᠡᠯᠭᠦᠳᠡᠢ》 ᠬᠤᠨᠳᠠᠭ᠋ᠠᠲᠤ ᠮᠤᠩᠭᠤᠯ ᠪᠦᠬᠡ ᠵᠢᠨ ᠪᠠᠭ ᠨᠢᠭᠡᠴᠢ ᠵᠢᠨ ᠪᠠᠷᠢᠯᠳᠤᠭ᠋ᠠᠨ ᠵᠢᠴᠢ ᠮᠤᠩᠭᠤᠯ ᠪᠦᠬᠡ ᠵᠢᠨ ᠠᠪᠠᠭ᠎ᠠ ᠮᠠᠶᠢᠭ᠎ᠤᠨ ᠤᠷᠤᠯᠳᠤᠭ᠋ᠠᠨ ᠶᠠᠪᠤᠭᠳᠠᠪᠠ
2023 ᠣᠨ᠎ᠤ ᠪᠥᠬᠥ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ U25 ᠵᠠᠯᠠᠭᠤᠴᠤᠳ᠎ᠤᠨ ᠪᠥᠬᠡ ᠵᠢᠨ ᠤᠷᠤᠯᠳᠤᠭ᠋ᠠᠨ ᠶᠠᠪᠤᠭᠳᠠᠪᠠ
ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠥᠷᠥᠯ ᠵᠦᠢ᠍ᠯ᠎ᠢ ᠬᠦᠭᠵᠢᠭᠦᠯᠬᠦ ᠵᠢᠨ ᠤᠴᠢᠷ
 
            