ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠨᠳᠦᠰᠦᠲᠡᠨ᠎ᠤ ᠪᠡᠶ᠎ᠡ ᠲᠠᠮᠢᠷ   -   ᠦᠨᠳᠦᠰᠦᠲᠡᠨ᠎ᠤ ᠪᠡᠶ᠎ᠡ ᠲᠠᠮᠢᠷ᠎ᠤᠨ ᠪᠠᠶ᠋ᠢᠳᠠᠯ
ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠭᠦᠮ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠭᠢᠯᠡᠯᠲᠡ ᠵᠢᠨ ᠶᠣᠰᠣᠯᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2024-11-24

    ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ 11 ᠰᠠᠷ᠎ᠠ ᠵᠢᠨ 22᠎ᠤᠨ ᠣᠷᠣᠢ ᠬᠠᠢ᠌ᠨᠠᠨ ᠮᠤᠵᠢ ᠵᠢᠨ ᠰᠠᠨᠶᠠ ᠬᠣᠲᠠ᠎ᠳᠤ ᠦᠪᠡᠳᠡᠭᠰᠢ ᠶᠡᠬᠡ᠎ᠪᠠᠷ ᠡᠬᠢᠯᠡᠪᠡ᠃
    ᠡᠭᠢᠯᠡᠯᠲᠡ ᠵᠢᠨ ᠶᠣᠰᠣᠯᠠᠯ ᠳᠡᠭᠡᠷ᠎ᠡ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠭᠦᠮ ᠵᠢᠪᠬᠤᠭ᠎ᠠ ᠲᠡᠭᠦᠯᠳᠡᠷ ᠵᠶ᠋ᠡᠷ ᠴᠤᠭᠯᠠᠭ᠋ᠠᠨ᠎ᠤ ᠲᠠᠯᠠᠪᠠᠢ᠎ᠳᠤ ᠠᠯᠬᠤᠨ ᠣᠷᠣᠵᠤ᠂ ᠳᠠᠯᠠᠪᠠᠢ᠎ᠳᠤ ᠣᠷᠣᠬᠤ ᠭᠣᠴᠣ ᠰᠠᠢ᠌ᠬᠠᠨ ᠲᠣᠬᠯᠠᠯᠲᠠ᠎ᠨᠢ ᠣᠨᠴᠠᠯᠢᠭ ᠲᠡᠭᠦᠰ᠂ ᠣᠮᠣᠭ ᠲᠡᠭᠦᠯᠳᠡᠷ ᠪᠠᠢ᠌ᠵᠤ᠂ ᠥᠪᠥᠷ ᠮᠣᠩᠭᠣᠯ᠎ᠤᠨ ᠲᠠᠮᠢᠷᠴᠢᠳ᠎ᠤᠨ ᠢᠳᠡᠪᠬᠢᠲᠡᠢ ᠤᠷᠤᠭᠰᠢᠯᠠᠨ᠂ ᠡᠷᠡᠮᠡᠬᠡᠢ᠌ᠯᠡᠨ ᠲᠠᠪᠰᠢᠬᠤ ᠰᠠᠢ᠌ᠨ ᠰᠠᠢ᠌ᠬᠠᠨ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠭᠦᠢ᠍ᠴᠡᠳ ᠢᠯᠡᠷᠡᠭᠦᠯᠪᠡ᠃
    ᠲᠣᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠭᠦᠮ ᠨᠡᠢ᠌ᠲᠡ 181 ᠲᠠᠮᠢᠷᠴᠢᠨ ᠲᠣᠮᠢᠯᠠᠵᠤ᠂ ᠲᠡᠪᠡᠭ᠂ ᠳᠡᠭᠦᠵᠢᠩ᠂ ᠬᠣᠯᠬᠣᠪᠴᠢ ᠨᠤᠮᠤ ᠬᠠᠷᠪᠤᠬᠤ᠂ ᠲᠥᠪᠡᠳ ᠮᠠᠶᠢᠭ᠎ᠤᠨ ᠳᠡᠭᠡᠰᠦ ᠲᠠᠲᠠᠬᠤ᠂ ᠦᠨᠳᠦᠰᠦᠲᠡᠨ᠎ᠤ ᠵᠡᠪᠰᠡᠭ᠎ᠤᠨ ᠡᠷᠳᠡᠮ᠂ ᠦᠨᠳᠦᠰᠦᠲᠡᠨ᠎ᠤ ᠪᠦᠭᠡ ᠵᠢᠨ ᠪᠠᠷᠢᠯᠳᠤᠭ᠋ᠠᠨ᠂ ᠦᠨᠳᠦᠰᠦᠲᠡᠨ᠎ᠤ ᠮᠣᠷᠢᠨ ᠮᠡᠷᠭᠡᠵᠢᠯ᠂ ᠦᠨᠳᠦᠰᠦᠲᠡᠨ᠎ᠤ ᠪᠡᠶ᠎ᠡ ᠴᠢᠭᠢᠷᠠᠭᠵᠢᠭᠤᠯᠬᠤ ᠲᠠᠮᠢᠷ ᠵᠡᠷᠭᠡ 8 ᠤᠷᠤᠯᠳᠤᠭ᠋ᠠᠨ᠎ᠤ ᠲᠥᠷᠥᠯ ᠵᠦᠢ᠍ᠯ ᠵᠢᠴᠢ ᠤᠭᠯᠠᠭᠤᠷᠭ᠎ᠠ ᠪᠤᠯᠢᠶᠠᠬᠤ᠂ ᠪᠤᠢ᠌ᠺᠤ ᠪᠥᠮᠪᠥᠭᠡ᠂ ᠲᠡᠮᠡᠭᠡᠨ ᠪᠥᠮᠪᠥᠭᠡ᠂ ᠮᠣᠷᠢᠨ ᠮᠡᠷᠭᠡᠵᠢᠯ ᠵᠡᠷᠭᠡ 4 ᠲᠣᠬᠯᠠᠯᠲᠠ ᠵᠢᠨ ᠲᠥᠷᠥᠯ ᠵᠦᠢ᠍ᠯ᠎ᠳᠤ ᠣᠷᠣᠯᠴᠠᠪᠠ᠃ ᠡᠭᠦᠨ᠎ᠳᠤ ᠦᠨᠳᠦᠰᠦᠲᠡᠨ᠎ᠤ ᠮᠣᠷᠢᠨ ᠮᠡᠷᠭᠡᠵᠢᠯ᠂ ᠲᠡᠮᠡᠭᠡᠨ ᠪᠥᠮᠪᠥᠭᠡ᠂ ᠮᠣᠷᠢᠨ ᠮᠡᠷᠭᠡᠵᠢᠯ ᠵᠡᠷᠭᠡ 3 ᠲᠥᠷᠥᠯ ᠵᠦᠢ᠍ᠯ᠎ᠢ ᠡᠨᠡ ᠵᠢᠯ᠎ᠤᠨ 7 ᠰᠠᠷ᠎ᠠ᠎ᠳᠤ ᠰᠢᠨᠵᠢᠶᠠᠩ᠎ᠤᠨ ᠢᠯᠢ ᠵᠢᠨ ᠮᠤᠩᠭᠤᠯᠭᠦ᠋ᠷᠢᠶ᠎ᠡ ᠰᠢᠶᠠᠨ᠎ᠳᠤ ᠤᠷᠤᠯᠳᠤᠵᠤ ᠳᠠᠭᠤᠰᠬᠠᠪᠠ᠃
    ᠤᠷᠤᠯᠳᠤᠭ᠋ᠠᠨ᠎ᠤ ᠲᠠᠯᠠᠪᠠᠢ᠎ᠳᠤ ᠬᠠᠮᠤᠭ᠎ᠤᠨ ᠰᠠᠢ᠌ᠨ ᠬᠢᠷᠢ ᠪᠦᠳᠦᠮᠵᠢ᠎ᠪᠠᠨ ᠪᠠᠳᠠᠷᠠᠭᠤᠯᠵᠤ᠂ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠭᠦᠮ᠎ᠳᠤ ᠢᠷᠠᠭᠤ ᠠᠯᠳᠠᠷ ᠣᠯᠭᠣᠬᠤ᠎ᠪᠠᠷ ᠴᠢᠷᠮᠠᠢ᠌ᠨ᠎ᠠ᠃ ᠡᠭᠦᠨ᠎ᠤ ᠬᠠᠮᠲᠤ ᠪᠤᠰᠤᠳ ᠮᠤᠵᠢ ᠣᠷᠣᠨ ᠬᠣᠲᠠ ᠵᠢᠨ ᠡᠯ᠎ᠡ ᠦᠨᠳᠦᠰᠦᠲᠡᠨ᠎ᠤ ᠲᠠᠮᠢᠷᠴᠢᠳ᠎ᠠᠴᠠ ᠰᠤᠷᠤᠯᠴᠠᠵᠤ᠂ ᠬᠠᠮᠲᠤ᠎ᠪᠠᠷ ᠳᠠᠪᠰᠢᠨ᠎ᠠ ᠭᠡᠵᠦ ᠲᠠᠮᠢᠷᠴᠢᠳ ᠢᠯᠡᠳᠬᠡᠵᠡᠭᠡᠨ᠎ᠡ᠃
    ᠡᠮᠦᠨᠡᠬᠢ ᠬᠤᠭᠤᠴᠠᠭ᠋ᠠᠨ᠎ᠤ ᠭᠦᠢ᠍ᠴᠡᠳ ᠪᠡᠯᠡᠳᠬᠡᠯ ᠪᠠ ᠬᠠᠲᠠᠭᠤᠵᠢᠯᠲᠠᠢ ᠪᠣᠯᠪᠠᠰᠤᠷᠠᠯ ᠵᠶ᠋ᠠᠷ ᠣᠯᠠᠨ ᠵᠶ᠋ᠠᠷ ᠵᠶ᠋ᠠᠨ ᠢᠲᠡᠭᠡᠯ ᠲᠡᠭᠦᠯᠳᠡᠷ ᠪᠣᠯᠵᠤ᠂ ᠴᠥᠮ ᠲᠣᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠣᠷᠤᠯᠴᠠᠬᠤ᠎ᠪᠠᠷ ᠳᠡᠮᠵᠢᠨ ᠳᠣᠷᠪᠢᠯᠢᠭ ᠮᠡᠷᠭᠡᠵᠢᠯ ᠪᠠ ᠰᠠᠢ᠌ᠨ ᠰᠠᠢ᠌ᠬᠠᠨ ᠣᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠭᠦᠢ᠍ᠴᠡᠳ ᠢᠯᠡᠷᠡᠭᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠢᠨ᠎ᠡ ᠳᠦᠷᠰᠦ ᠪᠠᠢ᠌ᠳᠠᠯ᠎ᠢ ᠭᠦᠢ᠍ᠴᠡᠳ ᠢᠯᠡᠷᠡᠭᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠤᠯᠠᠮ ᠨᠢᠭᠡ ᠠᠯᠬᠤᠮ ᠠᠬᠢᠭᠤᠯᠬᠤ ᠵᠢ ᠬᠦᠰᠡᠵᠦ ᠪᠠᠢ᠌ᠨ᠎ᠠ ᠭᠡᠵᠦ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠭᠦᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠢᠯᠡᠳᠬᠡᠪᠡ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠠᠩᠭᠢ ᠪᠦᠬᠡ ᠵᠢᠨ ᠨᠢᠭᠡᠴᠢ ᠵᠢᠨ ᠤᠷᠤᠯᠳᠤᠭ᠋ᠠᠨ᠎ᠳᠤ ᠲᠡᠳ᠋ᠯᠡᠪᠡ
ᠪᠡᠶ᠎ᠡ ᠵᠢᠨ ᠲᠠᠮᠢᠷ᠎ᠤᠨ ᠦᠪᠡᠳᠡᠭᠰᠢ ᠴᠤᠭᠯᠠᠭ᠋ᠠᠨ ᠪᠦᠯᠬᠦᠮᠳᠡᠯ ᠲᠠᠪᠰᠢᠯᠳᠠ ᠵᠢᠨ ᠢᠷᠠᠭᠤ ᠲᠤᠤᠯᠢᠰ
ᠴᠥᠭᠡᠨ ᠲᠤᠭ᠋ᠠᠳᠤ ᠥᠨᠳᠤᠰᠤᠳᠠᠨ᠎ᠤ ᠤᠯᠠᠮᠵᠢᠯᠠᠯᠳᠤ ᠪᠡᠶ᠎ᠠ ᠵᠢᠨ ᠲᠠᠮᠢᠷ ᠬᠥᠭᠵᠢᠯᠳᠠ ᠵᠢᠨ ᠰᠢᠨ᠎ᠠ ᠠᠵᠠ ᠲᠤᠬᠢᠶᠠᠯ ᠵᠶ᠋ᠠᠨ ᠤᠬᠳᠤᠯ᠎ᠠ
ᠪᠦᠯᠭᠦᠮᠳᠠᠯ ᠨᠦᠭᠦᠷᠯᠠᠯ ᠤᠷᠤᠭᠰᠢᠯᠠᠯᠳᠠ ᠳᠠᠪᠰᠢᠯᠳᠠ ᠵᠶ᠋ᠠᠷ ᠠᠶ᠋ᠢᠵᠢᠮᠯᠠᠭᠰᠠᠨ ᠳᠠᠯ᠎ᠠ ᠨᠤᠳᠤᠭ᠎ᠤᠨ ᠦᠨᠳᠦᠰᠦᠳᠠᠨ᠎ᠤ ᠶᠡᠭᠡ ᠨᠠᠶ᠋ᠢᠷ
 ᠠᠷᠭ᠋ᠠᠢ ᠨᠠᠭ᠋ᠠᠳᠤᠮ᠎ᠤᠨ ᠤᠯᠠᠮᠵᠢᠯᠠᠯ ᠪᠠ ᠬᠦᠭᠵᠢᠬᠦᠯᠦᠯ
 
            