
ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠪᠣᠯᠤᠨ ᠬᠠᠢ᠍ᠨᠠᠨ ᠮᠣᠵᠢ᠂ ᠰᠠᠨᠶᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠡᠭᠡᠵᠢᠩ᠎ᠳᠤ ᠪᠣᠯᠤᠭᠰᠠᠨ ᠰᠣᠨᠢᠨ ᠮᠡᠳᠡᠭᠡ ᠨᠡᠢ᠍ᠲᠡᠯᠡᠬᠦ ᠬᠤᠷᠠᠯ᠎ᠠᠴᠠ ᠤᠢ᠌ᠯᠠᠭ᠋ᠠᠭᠰᠠᠨ ᠵᠶ᠋ᠠᠷ᠂ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ 2024 ᠣᠨ᠎ᠤ 11 ᠰᠠᠷ᠎ᠠ ᠵᠢᠨ 22᠎ᠤ ᠡᠳᠦᠷ᠎ᠠᠴᠠ 30᠎ᠤ ᠡᠳᠦᠷ ᠪᠣᠯᠲᠠᠯ᠎ᠠ ᠬᠠᠢ᠍ᠨᠠᠨ ᠮᠣᠵᠢ ᠵᠢᠨ ᠰᠠᠨᠶᠠ ᠬᠣᠲᠠ᠎ᠳᠤ ᠶᠠᠪᠤᠭᠳᠠᠬᠤ ᠪᠣᠯᠤᠨ᠎ᠠ᠂ ᠮᠤᠷᠢᠨ ᠤᠷᠤᠯᠳᠤᠭ᠋ᠠᠨ 2024 ᠣᠨ᠎ᠤ 7 ᠰᠠᠷ᠎ᠠ ᠵᠢᠨ 8᠎ᠤ ᠡᠳᠦᠷ᠎ᠠᠴᠠ 13᠎ᠤ ᠡᠳᠦᠷ ᠪᠣᠯᠲᠠᠯ᠎ᠠ ᠰᠢᠨᠵᠢᠶᠠᠩ᠎ᠤᠨ ᠤᠢ᠍ᠭᠤᠷ ᠦᠨᠳᠦᠰᠦᠳᠡᠨ᠎ᠤ ᠦᠪᠡᠷᠳᠡᠭᠡᠨ ᠵᠠᠰᠠᠬᠤ ᠤᠷᠤᠨ᠎ᠳᠤ ᠶᠠᠪᠤᠭᠳᠠᠨ᠎ᠠ᠃

ᠬᠤᠷᠠᠯ ᠳᠡᠭᠡᠷ᠎ᠡ ᠲᠤᠰ ᠬᠤᠭᠤᠴᠠᠭ᠋ᠠᠨ᠎ᠤ ᠲᠠᠮᠢᠷ᠎ᠤᠨ ᠴᠤᠭᠯᠠᠭ᠋ᠠᠨ᠎ᠤ ᠰᠦᠯᠳᠡ᠂ ᠥᠯᠵᠡᠶ᠋ᠢᠲᠦ ᠠᠮᠢᠳᠠᠨ᠂ ᠤᠬᠠᠭᠤᠯᠭ᠎ᠠ ᠵᠢᠨ ᠵᠢᠷᠤᠭ ᠪᠣᠯᠤᠨ ᠲᠠᠮᠢᠷ᠎ᠤᠨ ᠴᠤᠭᠯᠠᠭ᠋ᠠᠨ᠎ᠤ ᠳᠠᠭᠤᠤ ᠵᠢ ᠨᠡᠶ᠋ᠢᠲᠡᠯᠡᠪᠡ᠃ ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠦᠯᠳᠡ ᠪᠣᠯᠤᠨ ᠥᠯᠵᠡᠢ᠍ᠲᠦ ᠠᠮᠢᠲᠠᠨ᠎ᠢ ᠴᠢᠩᠬᠤᠸᠠ ᠶᠡᠬᠡ ᠰᠤᠷᠭ᠋ᠠᠭᠤᠯᠢ ᠵᠢᠨ ᠤᠷᠠᠨ ᠵᠢᠷᠤᠭ᠎ᠤᠨ ᠳᠡᠭᠡᠳᠦ ᠰᠤᠷᠭ᠋ᠠᠭᠤᠯᠢ ᠵᠢᠨ ᠵᠢᠷᠤᠵᠤ ᠲᠥᠯᠥᠪᠯᠡᠬᠦ ᠪᠦᠯᠬᠦᠮ᠎ᠠᠴᠠ ᠵᠢᠷᠤᠭ ᠲᠥᠯᠥᠪᠯᠡᠭᠡ ᠬᠢᠵᠦ᠂ ᠬᠤᠷᠠᠯ᠎ᠤᠨ ᠰᠦᠯᠳᠡ ᠵᠢ ᠭᠤᠷᠪᠠᠯᠵᠢᠨ ᠲᠠᠷᠢᠭᠦᠯᠡᠭᠴᠢ ᠴᠡᠴᠡᠭ᠂ ᠡᠷᠬᠢᠵᠦ ᠬᠠᠷᠠᠭᠰᠠᠨ ᠪᠤᠭᠤ ᠵᠢᠴᠢ 《12》 ᠭᠡᠬᠦ ᠲᠤᠭ᠎ᠠ᠎ᠪᠠᠷ ᠪᠦᠷᠢᠯᠳᠤᠪᠡ᠃ ᠭᠤᠷᠪᠠᠯᠵᠢᠨ ᠲᠡᠷᠢᠭᠦᠯᠡᠭᠴᠢ ᠴᠡᠴᠡᠭ ᠪᠣᠯ ᠬᠠᠢ᠍ᠨᠠᠨᠤ ᠮᠣᠵᠢ ᠵᠢᠨ ᠴᠡᠴᠡᠭ᠂ ᠬᠠᠯᠠᠭᠤᠨ ᠰᠡᠳᠭᠢᠯᠭᠡ᠂ ᠡᠷᠡᠰ ᠬᠠᠲᠠᠭᠤ ᠡᠷᠡᠯᠭᠡᠭᠯᠡᠨ ᠤᠷᠤᠭᠰᠢᠯᠠᠬᠤ ᠵᠤᠷᠢᠭ ᠰᠠᠨᠠᠭ᠎ᠠ ᠵᠢ ᠲᠦᠯᠦᠭᠡᠯᠡᠳᠡᠭ᠃ ᠡᠷᠬᠢᠵᠦ ᠬᠠᠷᠠᠭᠰᠠᠨ ᠪᠤᠭᠤ ᠪᠤᠯ ᠰᠠᠨᠶᠠ ᠬᠤᠳᠠ ᠵᠢᠨ ᠰᠤᠶᠤᠯ᠎ᠤᠨ ᠲᠦᠯᠦᠭᠡᠯᠡᠯ ᠪᠤᠯᠤᠨ᠎ᠡ᠃ 8 ᠬᠤᠪᠢ ᠤᠬᠠᠭᠤᠯᠭ᠎ᠠ ᠵᠢᠨ ᠵᠢᠷᠤᠭ᠎ᠢ ᠳᠤᠮᠳᠠᠳᠤ ᠤᠯᠤᠰ᠎ᠤᠨ ᠤᠷᠠᠨ ᠵᠢᠷᠤᠭ᠎ᠤᠨ ᠣᠷᠳᠣᠨ᠎ᠠᠴᠠ ᠵᠢᠷᠤᠵᠤ ᠲᠥᠯᠥᠪᠯᠡᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠪᠠᠷ ᠭᠤᠣᠯ ᠤᠢ᠍ᠢ᠍ᠯᠠᠭ᠋ᠠᠭᠳᠠᠬᠤᠨ ᠪᠣᠯᠭ᠋ᠠᠨ ᠵᠣᠬᠢᠶᠠᠨ ᠪᠦᠲᠦᠭᠡᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠡᠯᠧᠮᠧᠨ᠋ᠲ ᠪᠣᠯᠤᠨ ᠬᠠᠶ᠋ᠢᠨᠠᠨ᠎ᠤ ᠬᠥᠮᠦᠨ ᠰᠣᠶᠣᠯ᠎ᠤᠨ ᠭᠠᠵᠠᠷ᠎ᠤᠨ ᠲᠡᠮᠳᠡᠭ᠂ ᠪᠠᠶ᠋ᠢᠭ᠋ᠠᠯᠢ ᠵᠢᠨ ᠦᠵᠡᠮᠵᠢᠳᠤ ᠠᠭᠤᠰᠤᠯᠴᠠᠭᠤᠯᠵᠤ᠂ 《ᠪᠦᠯᠬᠦᠮᠳᠡᠨ ᠲᠡᠮᠡᠴᠡᠵᠦ᠂ ᠳᠠᠷᠪᠠᠭᠤᠯ ᠬᠡᠶ᠋ᠢᠰᠬᠡᠨ ᠠᠶᠠᠨ ᠵᠠᠮ᠎ᠳᠠᠭᠠᠨ ᠤᠷᠤᠭᠰᠢᠯᠠᠬᠤ》 ᠴᠢᠬᠤᠯᠠ ᠠᠭᠤᠯᠤᠭᠳᠠᠬᠤᠨ᠎ᠢ ᠠᠮᠢᠳᠤᠯᠢᠭ ᠵᠶ᠋ᠠᠷ ᠢᠯᠡᠷᠡᠭᠦᠯᠪᠡ᠃ ᠰᠤᠨᠢᠨ ᠮᠡᠳᠡᠭᠡ ᠨᠡᠢ᠌ᠳᠡᠯᠡᠬᠦ ᠬᠤᠷᠠᠯ ᠲᠡᠭᠡᠷ᠎ᠡ ᠪᠠᠰᠠ ᠲᠤᠰ ᠤᠳᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠤᠶᠠᠷ ᠭᠤᠤᠯ ᠲᠠᠭᠤᠤ ᠵᠢ ᠨᠡᠢ᠌ᠳᠡᠯᠡᠪᠡ᠃

ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ 《ᠪᠦᠬᠦ ᠤᠯᠤᠰ᠎ᠤᠨ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ》 ᠭᠡᠵᠦ ᠲᠣᠪᠴᠢᠯᠠᠵᠤ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ᠎ᠠᠴᠠ ᠭᠣᠤᠯᠯᠠᠨ ᠡᠷᠬᠢᠯᠡᠵᠦ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠠᠭ᠋ᠠᠭ᠋ᠠᠴᠢᠯᠠᠨ ᠡᠷᠬᠢᠯᠡᠵᠦ᠂ 4 ᠵᠢᠯ᠎ᠳᠤ ᠨᠢᠭᠡ ᠬᠤᠭᠤᠴᠠᠭ᠎ᠠ ᠶᠠᠪᠤᠭᠳᠠᠨ᠎ᠠ᠃