ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠬᠠᠢ᠌ᠨᠠᠨ᠎ᠤ ᠰᠠᠨᠶᠠ ᠬᠣᠲᠠ᠎ᠳᠤ ᠨᠢᠵᠢᠭᠢᠷ ᠰᠠᠢ᠌ᠬᠠᠨ ᠡᠬᠢᠯᠡᠬᠦ ᠵᠢ ᠳᠠᠭ᠋ᠠᠯᠳᠤᠨ ᠪᠦᠭᠦ ᠤᠯᠤᠰ᠎ᠤᠨ ᠡᠯ᠎ᠡ ᠭᠠᠵᠠᠷ᠎ᠤᠨ ᠦᠨᠳᠦᠰᠦᠲᠡᠨ᠎ᠨᠦᠭᠦᠳ᠎ᠤᠨ ᠲᠠᠮᠢᠷᠴᠢᠳ ᠨᠢᠭᠡ ᠳᠣᠣᠷ᠎ᠠ ᠴᠤᠭᠯᠠᠷᠠᠨ ᠳᠡᠯᠡᠬᠡᠢ ᠶᠢᠷᠲᠢᠨᠴᠦ᠎ᠳᠤ ᠪᠡᠶ᠎ᠡ ᠵᠢᠨ ᠲᠠᠮᠢᠷ ᠪᠣᠯᠣᠨ ᠰᠣᠶᠣᠯ᠎ᠤᠨ ᠦᠪᠡᠳᠡᠭᠰᠢ ᠨᠠᠢ᠌ᠷ᠎ᠢ ᠰᠣᠨᠢᠷᠬᠠᠭᠤᠯᠤᠯᠠ᠃
ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ᠎ᠠᠴᠠ ᠭᠣᠣᠯᠯᠠᠨ ᠡᠷᠭᠢᠯᠡᠵᠦ᠂ ᠬᠠᠢ᠌ᠨᠠᠨ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ᠂ ᠢᠯᠢ ᠵᠢᠨ ᠬᠠᠰᠠᠭ ᠥᠪᠡᠷᠲᠡᠭᠡᠨ ᠵᠠᠰᠠᠬᠤ ᠵᠧᠦ ᠵᠢᠨ ᠠᠷᠠᠳ᠎ᠤᠨ ᠵᠠᠰᠠᠭ᠎ᠤᠨ ᠣᠷᠳᠣᠨ (ᠬᠤᠪᠢᠶᠠᠷᠢ ᠤᠷᠤᠯᠳᠤᠭ᠋ᠠᠨ᠎ᠤ ᠲᠠᠯᠠᠪᠠᠶ᠂ ᠮᠣᠷᠢᠨ ᠳᠡᠭᠡᠷᠡᠬᠢ ᠲᠥᠷᠥᠯ ᠵᠦᠢ᠍ᠯ) ᠳᠠᠭ᠋ᠠᠭ᠋ᠠᠴᠢᠯᠠᠨ ᠡᠷᠭᠢᠯᠡᠵᠦ᠂ 《ᠪᠦᠯᠬᠦᠮᠳᠡᠨ ᠲᠡᠮᠡᠴᠡᠵᠦ᠂ ᠳᠠᠷᠪᠠᠭᠤᠯ ᠬᠡᠢ᠌ᠰᠬᠡᠨ ᠠᠶᠠᠨ᠎ᠳᠠᠭᠠᠨ ᠮᠣᠷᠳᠠᠶ᠎ᠠ》 ᠭᠡᠬᠦ᠎ᠪᠠᠷ ᠭᠣᠣᠯ ᠰᠡᠳᠦᠪ ᠪᠣᠯᠭ᠋ᠠᠵᠠᠢ᠃ ᠣᠢ᠌ᠯᠠᠭ᠋ᠠᠭᠰᠠᠨ ᠵᠢᠡᠷ᠂ ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ ᠤᠷᠤᠯᠳᠤᠭ᠋ᠠᠨ᠎ᠤ ᠲᠥᠷᠥᠯ ᠪᠠ ᠲᠤᠬᠯᠠᠯᠲᠠ ᠵᠢᠨ ᠲᠥᠷᠥᠯ ᠭᠡᠵᠦ ᠬᠤᠪᠢᠶᠠᠨ᠂ ᠤᠷᠤᠯᠳᠤᠭ᠋ᠠᠨ᠎ᠤ ᠲᠦᠷᠦᠯ᠎ᠳᠤ ᠨᠡᠢ᠌ᠲᠡ 18 ᠤᠷᠤᠯᠳᠤᠭ᠋ᠠᠨ᠎ᠤ ᠵᠦᠢ᠍ᠯ ᠲᠣᠬᠢᠷᠠᠭᠤᠯᠵᠤ᠂ ᠲᠡᠪᠡᠭ ᠢᠰᠬᠦᠯᠬᠦ᠂ ᠯᠤᠤᠲᠤ ᠣᠩᠭᠣᠴᠠ᠂ ᠲᠤᠭᠤᠷᠠᠭᠤᠯ᠂ ᠲᠥᠪᠡᠳ ᠮᠠᠶᠢᠭ᠎ᠤᠨ ᠳᠡᠭᠡᠰᠦ ᠲᠠᠲᠠᠬᠤ ᠵᠡᠷᠭᠡ ᠵᠢ ᠪᠠᠬᠲᠠᠭ᠋ᠠᠵᠠᠢ; ᠲᠣᠬᠯᠠᠯᠲᠠ ᠵᠢᠨ ᠲᠥᠷᠥᠯ᠎ᠳᠤ ᠤᠷᠤᠯᠳᠤᠭ᠋ᠠᠨ᠂ ᠤᠷ᠎ᠠ ᠮᠡᠷᠭᠡᠵᠢᠯ ᠪᠠ ᠶᠡᠷᠦᠩᠬᠡᠢ ᠤᠷᠤᠯᠳᠤᠭ᠋ᠠᠨ ᠭᠡᠵᠦ ᠭᠤᠷᠪᠠᠨ ᠠᠩᠭᠢ ᠬᠤᠪᠢᠶᠠᠵᠠᠢ᠃ ᠡᠭᠦᠨ᠎ᠳᠤ᠂ ᠮᠣᠷᠢᠨ ᠳᠡᠭᠡᠷᠡᠬᠢ ᠲᠥᠷᠥᠯ ᠵᠦᠢ᠍ᠯ᠎ᠨᠢ ᠡᠨᠡ ᠵᠢᠯ᠎ᠤᠨ 7 ᠰᠠᠷ᠎ᠠ᠎ᠳᠤ ᠰᠢᠨᠵᠢᠶᠠᠩ᠎ᠤᠨ ᠤᠢ᠌ᠭᠤᠷ᠎ᠤᠨ ᠥᠪᠡᠷᠲᠡᠭᠡᠨ ᠵᠠᠰᠠᠬᠤ ᠣᠷᠣᠨ᠎ᠤ ᠵᠣᠣ ᠰᠦ᠍ ᠰᠢᠶᠠᠨ᠎ᠳᠤ ᠶᠠᠪᠤᠭᠳᠠᠭᠰᠠᠨ ᠪᠠᠢ᠌ᠨ᠎ᠠ᠃
ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ 《ᠡᠷᠬᠡ ᠲᠡᠭᠰᠢ᠂ ᠪᠦᠯᠬᠦᠮᠳᠡᠯ᠎ᠲᠠᠢ᠂ ᠡᠷᠡᠯᠬᠡᠭᠯᠡᠨ ᠲᠡᠮᠡᠴᠡᠬᠦ᠂ ᠡᠷᠡᠮᠡᠬᠡᠢ᠌ᠯᠡᠨ ᠤᠷᠤᠭᠰᠢᠯᠠᠬᠤ》 ᠵᠢ ᠵᠢᠷᠤᠮᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠤᠯᠭ᠋ᠠᠵᠤ᠂ ᠲᠤᠮᠳᠠᠳᠤ ᠵᠢᠨ ᠰᠣᠶᠣᠯ᠎ᠤᠨ ᠢᠲᠡᠭᠡᠯ᠎ᠢ ᠪᠠᠲᠤᠳᠬᠠᠨ᠂ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠶᠡᠬᠡ᠎ᠪᠠᠷ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠤᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠠᠪᠴᠠᠩ᠎ᠢ ᠪᠠᠢ᠌ᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠠᠬᠢᠭᠤᠯᠬᠤ ᠪᠠ ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠᠢ᠌ᠯᠳᠤᠬᠤ ᠪᠣᠳᠣᠯᠭ᠎ᠠ᠎ᠳᠤ ᠦᠢ᠍ᠯᠡᠴᠢᠯᠡᠬᠦ᠎ᠪᠠᠷ ᠴᠢᠬᠤᠯᠠ ᠬᠠᠷᠠᠯᠲᠠ ᠪᠤᠯᠭ᠋ᠠᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠡᠷᠡᠯᠬᠡᠭᠯᠡᠨ ᠲᠡᠮᠡᠴᠡᠬᠦ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠭᠦᠢ᠍ᠴᠡᠳ ᠢᠯᠡᠷᠡᠭᠦᠯᠵᠡᠢ᠃
ᠮᠠᠨ᠎ᠤ ᠣᠷᠣᠨ ᠡᠬᠡ ᠤᠯᠤᠰ᠎ᠤᠨ ᠤᠮᠠᠷᠠᠲᠤ ᠬᠢᠯᠢ᠎ᠳᠤ ᠪᠠᠢ᠌ᠷᠢᠯᠠᠵᠤ᠂ ᠤᠯᠠᠨ ᠦᠨᠳᠦᠰᠦᠲᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠦᠨᠳᠦᠰᠦᠲᠡᠨ ᠪᠦᠯᠬᠦᠮᠳᠡᠨ ᠲᠠᠪᠰᠢᠬᠰᠠᠨ᠂ ᠠᠵᠤ ᠠᠬᠤᠢ ᠰᠣᠶᠣᠯ ᠬᠥᠭᠵᠢᠨ ᠴᠡᠴᠡᠭᠯᠡᠭᠰᠡᠨ ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ ᠵᠢ ᠬᠠᠮᠲᠤ᠎ᠪᠠᠷ ᠴᠣᠭᠴᠠᠯᠠᠨ ᠪᠠᠢ᠌ᠭᠤᠯᠤᠨ᠎ᠠ᠃ ᠤᠷᠳᠤ ᠬᠤᠭᠤᠴᠠᠭ᠋ᠠᠨ᠎ᠤ ᠲᠤᠷᠰᠢ᠂ ᠥᠪᠡᠷᠲᠡᠭᠡᠨ ᠵᠠᠰᠠᠬᠤ ᠣᠷᠣᠨ ᠦᠨᠳᠦᠰᠦᠲᠡᠨ᠎ᠨᠦᠭᠦᠳ᠎ᠤᠨ ᠶᠡᠬᠡ ᠪᠦᠯᠬᠦᠮᠳᠡᠯ ᠶᠡᠬᠡ ᠲᠠᠪᠰᠢᠯᠳᠠ ᠵᠢ ᠠᠬᠢᠭᠤᠯᠬᠤ᠎ᠪᠠᠷ ᠵᠣᠷᠢᠯᠭ᠎ᠠ ᠪᠣᠯᠭ᠋ᠠᠨ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠥᠭᠵᠢᠯᠲᠡ ᠵᠢ ᠬᠦᠴᠦᠯᠡᠨ ᠠᠬᠢᠭᠤᠯᠤᠭᠰᠠᠭ᠋ᠠᠷ ᠢᠷᠡᠵᠡᠢ᠃ ᠲᠣᠰ ᠬᠤᠭᠤᠴᠠᠭ᠋ᠠᠨ᠎ᠤ ᠪᠦᠭᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ᠂ ᠮᠠᠨ᠎ᠤ ᠣᠷᠣᠨ᠎ᠤ ᠲᠥᠯᠥᠭᠡᠯᠡᠭᠴᠢᠳ᠎ᠤᠨ ᠪᠦᠯᠭᠦᠮ ᠨᠠᠩ ᠴᠤ᠌ ᠪᠦᠭᠦ ᠬᠦᠴᠦᠨ ᠵᠶ᠋ᠡᠷ ᠵᠶ᠋ᠡᠨ ᠴᠢᠷᠮᠠᠢ᠌ᠵᠤ᠂ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠢᠨ᠎ᠡ ᠴᠠᠭ ᠦᠶ᠎ᠡ ᠵᠢᠨ ᠠᠮᠢᠵᠢᠷᠠᠯ᠎ᠤᠨ ᠬᠦᠴᠦᠨ᠎ᠢ ᠭᠦᠢ᠍ᠴᠡᠳ ᠢᠯᠡᠷᠡᠭᠦᠯᠪᠡ᠃ ᠲᠡᠪᠡᠭ ᠢᠰᠬᠦᠯᠬᠦ᠂ ᠳᠡᠭᠦᠵᠢᠩ ᠨᠠᠭ᠋ᠠᠳᠬᠤ᠂ ᠬᠣᠯᠬᠣᠪᠴᠢ ᠨᠤᠮᠤ ᠬᠠᠷᠪᠤᠬᠤ᠂ ᠲᠥᠪᠡᠳ ᠮᠠᠶᠢᠭ᠎ᠤᠨ ᠳᠡᠭᠡᠰᠦ ᠲᠠᠲᠠᠬᠤ᠂ ᠦᠨᠳᠦᠰᠦᠲᠡᠨ᠎ᠤ ᠦᠱ᠌ᠦ᠂ ᠦᠨᠳᠦᠰᠦᠲᠡᠨ᠎ᠤ ᠮᠠᠶᠢᠭ᠎ᠤᠨ ᠪᠦᠭᠡ ᠪᠠᠷᠢᠯᠳᠤᠬᠤ᠂ ᠦᠨᠳᠦᠰᠦᠲᠡᠨ᠎ᠤ ᠮᠣᠷᠢᠨ ᠮᠡᠷᠭᠡᠵᠢᠯ᠂ ᠦᠨᠳᠦᠰᠦᠲᠡᠨ᠎ᠤ ᠪᠡᠶ᠎ᠡ ᠴᠢᠭᠢᠷᠠᠭᠵᠢᠭᠤᠯᠬᠤ ᠲᠠᠮᠢᠷ ᠵᠡᠷᠭᠡ 8 ᠤᠷᠤᠯᠳᠤᠭ᠋ᠠᠨ᠎ᠤ ᠲᠥᠷᠥᠯ ᠪᠠ ᠴᠦ᠋ ᠪᠤᠯᠢᠶᠠᠯᠳᠤᠬᠤ᠂ ᠪᠤᠶ᠋ᠢᠺᠤ ᠪᠥᠮᠪᠥᠭᠡ᠂ ᠲᠡᠮᠡᠭᠡᠨ ᠪᠥᠮᠪᠥᠭᠡ᠂ ᠮᠣᠷᠢᠨ ᠮᠡᠷᠭᠡᠵᠢᠯ ᠵᠡᠷᠭᠡ 4 ᠲᠣᠬᠯᠠᠯᠲᠠ ᠵᠢᠨ ᠲᠥᠷᠥᠯ᠎ᠳᠤ ᠣᠷᠣᠯᠴᠠᠪᠠ᠃ ᠲᠤᠰ ᠬᠤᠭᠤᠴᠠᠭ᠋ᠠᠨ᠎ᠤ ᠤᠷᠤᠯᠳᠤᠭ᠋ᠠᠨ ᠡᠬᠢᠯᠡᠭᠰᠡᠨ ᠲᠦᠷᠦᠭᠦᠦ ᠬᠣᠶᠠᠷ ᠡᠳᠦᠷ᠎ᠲᠤ᠂ ᠮᠠᠨ᠎ᠤ ᠣᠷᠣᠨ᠎ᠤ ᠲᠠᠮᠢᠷᠴᠢᠳ ᠤᠯᠠᠨ ᠲᠦᠷᠦᠯ᠎ᠤᠨ ᠤᠷᠤᠯᠳᠤᠭ᠋ᠠᠨ᠎ᠳᠤ ᠡᠷᠡᠯᠬᠡᠭᠯᠡᠨ ᠲᠡᠮᠡᠴᠡᠵᠦ᠂ ᠡᠷᠳᠡᠮ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠵᠤ᠂ ᠳ᠋ᠦ᠋ ᠬᠤᠤ ᠶᠢᠩ ᠦᠨᠳᠦᠰᠦᠲᠡᠨ᠎ᠤ ᠦᠱ᠌ᠦ ᠵᠢᠨ ᠡᠮᠡᠭᠲᠡᠢ ᠵᠢᠨ ᠤᠯᠠᠮᠵᠢᠯᠠᠯᠲᠤ ᠳᠠᠩ ᠵᠡᠪᠰᠡᠭ᠎ᠤᠨ ᠰᠢᠢ᠍ᠳᠪᠦᠷᠢᠲᠦ ᠤᠷᠤᠯᠳᠤᠭ᠋ᠠᠨ᠎ᠳᠤ ᠬᠣᠶᠠᠳᠤᠭ᠋ᠠᠷ ᠳᠡᠰ᠎ᠤᠨ ᠱᠠᠩᠨᠠᠯ ᠭᠥᠷᠳᠡᠭᠰᠡᠨ᠂ ᠾᠥᠸᠧ ᠰᠢᠶᠣᠣ ᠢᠦᠢ ᠦᠨᠳᠦᠰᠦᠲᠡᠨ᠎ᠤ ᠪᠠᠷᠢᠮᠵᠢᠶᠠᠲᠤ ᠬᠣᠯᠬᠣᠪᠴᠢ ᠨᠤᠮᠤ ᠵᠢᠨ ᠡᠮᠡᠭᠲᠡᠢ ᠵᠢᠨ ᠵᠣᠭᠰᠣᠭ᠎ᠠ ᠬᠠᠷᠪᠤᠭ᠎ᠠ ᠵᠢᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠭᠰᠡᠨ᠂ ᠴᠢᠬᠡᠴᠢ ᠦᠨᠳᠦᠰᠦᠲᠡᠨ᠎ᠤ ᠪᠠᠷᠢᠮᠵᠢᠶᠠᠲᠤ ᠬᠣᠯᠬᠣᠪᠴᠢ ᠨᠤᠮᠤ ᠵᠢᠨ ᠡᠷᠡᠭᠲᠡᠢ ᠵᠢᠨ ᠵᠣᠭᠰᠣᠭ᠎ᠠ ᠬᠠᠷᠪᠤᠭ᠎ᠠ ᠵᠢᠨ ᠬᠣᠶᠠᠳᠤᠭ᠋ᠠᠷ ᠳᠡᠰ᠎ᠤᠨ ᠱᠠᠩᠨᠠᠯ᠎ᠢ ᠭᠥᠷᠳᠡᠭᠰᠡᠨ᠂ ᠦᠨᠳᠦᠰᠦᠲᠡᠨ᠎ᠤ ᠦᠱ᠌ᠦ ᠵᠢᠨ ᠤᠷᠤᠯᠳᠤᠭ᠋ᠠᠨ᠎ᠳᠤ᠂ ᠳ᠋ᠦ᠋ ᠬᠤᠤ ᠶᠢᠩ ᠡᠮᠡᠭᠲᠡᠢ ᠵᠢᠨ ᠤᠯᠠᠮᠵᠢᠯᠠᠯᠲᠤ ᠪᠤᠰᠤᠳ ᠲᠦᠷᠦᠯ᠎ᠤᠨ ᠨᠢᠳᠤᠷᠭ᠋ᠠᠨ ᠲᠡᠮᠡᠴᠡᠭᠡᠨ᠎ᠤ ᠨᠢᠭᠡᠳᠦᠭᠡᠷ ᠳᠡᠰ᠎ᠤᠨ ᠱᠠᠩᠨᠠᠯ ᠭᠥᠷᠳᠡᠭᠰᠡᠨ᠂ ᠮᠠ ᠵᠢᠩ ᠶᠢᠩ᠂ ᠮᠠ ᠸᠸᠨ ᠪᠦᠸᠸ ᠡᠮᠡᠭᠲᠡᠢ ᠵᠢᠨ ᠬᠣᠣᠰᠯᠠᠯ ᠲᠡᠮᠡᠴᠡᠯᠳᠦᠭᠡᠨ᠎ᠤ ᠭᠤᠷᠪᠠᠳᠤᠭ᠋ᠠᠷ ᠳᠡᠰ᠎ᠤᠨ ᠱᠠᠩᠨᠠᠯ᠎ᠢ ᠭᠥᠷᠳᠡᠭᠰᠡᠨ ᠵᠡᠷᠭᠡ ᠪᠠᠶᠠᠷ᠎ᠤᠨ ᠴᠢᠮᠡᠭᠡ ᠵᠢ ᠵᠠᠯᠭ᠋ᠠᠭ᠎ᠠ᠎ᠪᠠᠷ ᠰᠣᠨᠣᠷᠳᠠᠭᠤᠯᠵᠤ ᠪᠠᠢ᠌ᠨ᠎ᠠ ᠁
ᠡᠨᠡ ᠵᠢᠯ᠎ᠤᠨ 7 ᠰᠠᠷ᠎ᠠ ᠵᠢᠨ 13᠎ᠤ ᠡᠳᠦᠷ᠂ ᠦᠨᠳᠦᠰᠦᠲᠡᠨ᠎ᠤ ᠮᠣᠷᠢᠨ ᠤᠷᠤᠯᠳᠤᠭ᠋ᠠᠨ᠎ᠤ 8000 ᠮᠧᠲᠷ᠎ᠤᠨ ᠤᠷᠤᠯᠳᠤᠭ᠋ᠠᠨ ᠳᠠᠭᠤᠰᠬᠤ ᠵᠢ ᠳᠠᠭ᠋ᠠᠯᠳᠤᠨ ᠰᠢᠨᠵᠢᠶᠠᠩ᠎ᠤᠨ ᠢᠯᠢ ᠵᠧᠦ ᠵᠢᠨ ᠵᠣᠣ ᠰᠦ᠍ ᠰᠢᠶᠠᠨ᠎ᠳᠤ ᠶᠠᠪᠤᠭᠳᠠᠭᠰᠠᠨ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠮᠣᠷᠢᠨ ᠤᠷᠤᠯᠳᠤᠭ᠋ᠠᠨ ᠲᠡᠭᠦᠰ ᠠᠮᠵᠢᠯᠲᠠ᠎ᠲᠠᠢ ᠥᠨᠳᠥᠷᠯᠡᠪᠡ᠃ 6 ᠡᠳᠦᠷ᠎ᠤᠨ ᠤᠷᠤᠯᠳᠤᠭ᠋ᠠᠨ᠎ᠳᠤ᠂ ᠮᠠᠨ᠎ᠤ ᠣᠷᠣᠨ᠎ᠤ ᠲᠥᠯᠥᠭᠡᠯᠡᠭᠴᠢᠳ᠎ᠤᠨ ᠪᠦᠯᠭᠦᠮ᠎ᠤᠨ 70 ᠲᠠᠮᠢᠷᠴᠢᠨ 63 ᠮᠣᠷᠢ ᠪᠠ 13 ᠲᠡᠮᠡᠭᠡᠲᠠᠢᠪᠠᠨ ᠤᠷᠤᠯᠳᠤᠭ᠋ᠠᠨ᠎ᠤ ᠲᠠᠯᠠᠪᠤᠷ᠎ᠲᠤ ᠡᠷᠡᠮᠡᠬᠡᠢ᠌ᠯᠡᠨ ᠥᠷᠢᠰᠦᠯᠳᠦᠵᠦ᠂ ᠨᠡᠶ᠋ᠢᠲᠡ 24 ᠵᠦᠢ᠍ᠯ᠎ᠤᠨ ᠱᠠᠩᠨᠠᠯ ᠭᠥᠷᠳᠡᠭᠰᠡᠨ ᠰᠢᠯᠢᠳᠡᠭ ᠬᠢᠷᠢ ᠪᠦᠳᠦᠮᠵᠢ ᠵᠢ ᠪᠢᠴᠢᠭᠯᠡᠵᠦ᠂ ᠨᠢᠭᠡᠳᠦᠭᠡᠷ ᠳᠡᠰ᠎ᠤᠨ ᠱᠠᠩᠨᠠᠯ᠎ᠢ 2᠂ ᠬᠣᠶᠠᠳᠤᠭ᠋ᠠᠷ ᠳᠡᠰ᠎ᠤᠨ ᠱᠠᠩᠨᠠᠯ᠎ᠢ 10᠂ ᠭᠤᠷᠪᠠᠳᠤᠭ᠋ᠠᠷ ᠳᠡᠰ᠎ᠤᠨ ᠱᠠᠩᠨᠠᠯ᠎ᠢ 12 ᠬᠦᠷᠲᠡᠵᠡᠢ᠃ ᠡᠭᠦᠨ᠎ᠳᠤ᠂ ᠲᠡᠮᠡᠭᠡᠨ ᠪᠥᠮᠪᠥᠭᠡ ᠵᠢᠨ ᠲᠣᠬᠯᠠᠯᠲᠠ ᠪᠠ ᠮᠣᠷᠢᠨ ᠮᠡᠷᠭᠡᠵᠢᠯ᠎ᠤᠨ ᠲᠣᠬᠯᠠᠯᠲᠠ᠎ᠨᠢ ᠥᠷᠭᠡᠨ ᠤᠯᠠᠨ ᠦᠵᠡᠭᠴᠢᠳ᠎ᠤᠨ ᠠᠩᠬᠠᠷᠤᠯ᠎ᠢ ᠶᠡᠬᠡᠳᠡ ᠲᠠᠲᠠᠵᠤ᠂ ᠦᠵᠡᠭᠴᠢᠳ ᠤᠯᠠᠨ᠎ᠤ ᠤᠤᠬᠠᠢ᠌ᠯᠠᠯ ᠬᠠᠰᠬᠢᠷᠤᠯᠢ ᠣᠯᠵᠤ᠂ ᠨᠠᠩ ᠣᠯᠠᠨ ᠬᠥᠮᠥᠨ᠎ᠳᠤ ᠲᠡᠮᠡᠭᠡᠨ ᠪᠥᠮᠪᠥᠭᠡ ᠵᠢᠨ ᠬᠥᠳᠡᠯᠭᠡᠭᠡᠨ᠎ᠢ ᠣᠢ᠌ᠯᠠᠭ᠋ᠠᠭᠤᠯᠤᠭᠰᠠᠨ ᠪᠥᠭᠡᠳ ᠮᠣᠷᠢᠨ ᠮᠡᠷᠭᠡᠵᠢᠯ᠎ᠤᠨ ᠬᠥᠳᠡᠯᠭᠡᠭᠡᠨ᠎ᠤ ᠬᠠᠴᠢᠨ ᠭᠠᠢ᠌ᠬᠠᠮᠰᠢᠭ᠎ᠢ ᠰᠣᠨᠢᠷᠬᠠᠭᠤᠯᠤᠯᠠ᠃ ᠲᠠᠨᠢᠯᠴᠠᠭᠤᠯᠤᠭᠰᠠᠨ ᠵᠶ᠋ᠠᠷ᠂ ᠲᠣᠰ ᠤᠳᠠᠭ᠋ᠠᠨ᠎ᠤ ᠮᠣᠷᠢᠨ ᠮᠡᠷᠭᠡᠵᠢᠯ᠎ᠤᠨ ᠤᠷᠤᠯᠳᠤᠭ᠋ᠠᠨ ᠪᠠ ᠲᠤᠬᠯᠠᠯᠳᠠ ᠵᠢᠨ ᠵᠦᠢ᠍ᠯ᠎ᠳᠤ ᠪᠦᠭᠦ ᠤᠯᠤᠰ᠎ᠤᠨ 12 ᠲᠥᠯᠥᠭᠡᠯᠡᠭᠴᠢᠳ᠎ᠤᠨ ᠪᠦᠯᠭᠦᠮ᠎ᠤᠨ 229 ᠲᠠᠮᠢᠷᠴᠢᠨ ᠣᠷᠣᠯᠴᠠᠬᠰᠠᠨ ᠪᠠᠢ᠌ᠨ᠎ᠠ᠃
ᠣᠢ᠌ᠷ᠎ᠠ ᠵᠢᠨ ᠵᠢᠯ᠎ᠳᠤ᠂ ᠮᠠᠨ᠎ᠤ ᠣᠷᠣᠨ᠎ᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠬᠥᠳᠡᠯᠭᠡᠭᠡᠨ ᠡᠳᠦᠷ ᠢᠷᠡᠬᠦᠶ᠎ᠡ ᠪᠠᠶᠠᠯᠢᠭᠵᠢᠵᠤ᠂ ᠤᠯᠠᠨ ᠨᠡᠢ᠌ᠳᠡ ᠵᠢᠨ ᠠᠩᠬᠠᠷᠤᠯ᠎ᠢ ᠲᠠᠲᠠᠵᠤ ᠬᠠᠯᠠᠭᠤᠨ ᠬᠦᠷᠢᠶᠡᠯᠡᠯ᠎ᠢ ᠣᠯᠵᠤ ᠪᠠᠢ᠌ᠨ᠎ᠠ᠃ ᠥᠪᠡᠷᠲᠡᠭᠡᠨ ᠵᠠᠰᠠᠬᠤ ᠣᠷᠣᠨ ᠴᠥᠭᠡᠨ ᠲᠣᠭ᠋ᠠᠲᠤ ᠦᠨᠳᠦᠰᠦᠲᠡᠨ᠎ᠤ ᠪᠠᠶᠠᠯᠢᠭ ᠰᠠᠢ᠌ᠬᠠᠨ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠡᠷᠭᠢᠯᠡᠭᠦ᠎ᠪᠠᠷ ᠲᠠᠮᠵᠢᠨ ᠮᠣᠷᠢᠨ ᠮᠡᠷᠭᠡᠵᠢᠯ᠂ ᠪᠦᠭᠡ ᠪᠠᠷᠢᠯᠳᠤᠬᠤ᠂ ᠰᠤᠷ ᠬᠠᠷᠪᠤᠬᠤ᠂ ᠪᠤᠶ᠋ᠢᠺᠤ ᠪᠥᠮᠪᠥᠭᠡ᠂ ᠮᠥᠰᠥ ᠴᠠᠰᠤᠨ᠎ᠤ ᠬᠥᠳᠡᠯᠭᠡᠭᠡᠨ᠂ ᠮᠣᠩᠭᠣᠯ ᠰᠢᠲᠠᠷ᠎ᠠ᠂ ᠲᠡᠮᠡᠭᠡᠨ ᠪᠥᠮᠪᠥᠭᠡ᠂ ᠪᠢᠯᠠᠭᠤ᠂ ᠠᠨᠳᠠᠢ ᠵᠡᠷᠭᠡ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠥᠷᠥᠯ ᠵᠦᠢ᠍ᠯ᠎ᠢ ᠲᠦᠭᠡᠮᠡᠯᠵᠢᠭᠦᠯᠦᠨ ᠳᠡᠯᠭᠡᠷᠡᠭᠦᠯᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠴᠠᠭ ᠦᠶ᠎ᠡ ᠵᠢᠨ ᠭᠦᠭ ᠠᠢ᠌ᠵᠠᠮ᠎ᠢ ᠴᠢᠪᠬᠠᠳᠠᠨ᠎ᠠ᠃ ᠡᠭᠦᠨ᠎ᠤ ᠬᠠᠮᠲᠤ᠂ ᠤᠯᠠᠮᠵᠢᠯᠠᠯᠲᠤ ᠪᠡᠶ᠎ᠡ ᠵᠢᠨ ᠲᠠᠮᠢᠷ᠎ᠢ ᠵᠢᠭᠤᠯᠴᠢᠯᠠᠯ᠂ ᠰᠣᠶᠣᠯ᠂ ᠡᠷᠡᠭᠦᠯᠵᠢᠯ ᠰᠤᠪᠢᠯᠠᠯᠲᠠ ᠵᠡᠷᠭᠡ ᠠᠵᠤ ᠦᠢ᠍ᠯᠡᠰ᠎ᠲᠠᠢ ᠤᠶᠠᠯᠳᠤᠭᠤᠯᠤᠨ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠥᠷᠥᠯ ᠵᠦᠢ᠍ᠯ᠎ᠢ ᠰᠢᠨ᠎ᠡ ᠭᠡᠷᠡᠯ ᠭᠢᠯᠪᠠᠭ᠎ᠠ ᠰᠠᠴᠤᠷᠠᠭᠤᠯᠵᠤ᠂ ᠨᠠᠩ ᠣᠯᠠᠨ ᠬᠥᠮᠥᠰ᠎ᠤᠨ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠤᠯᠴᠠᠬᠤ ᠵᠢ ᠲᠠᠢ᠌ᠴᠢᠯᠠᠵᠤ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠠᠢ᠌ᠭᠤᠯᠤᠯᠲᠠ᠎ᠳᠤ ᠬᠥᠳᠡᠯᠭᠡᠬᠦ ᠬᠦᠴᠦᠨ ᠨᠡᠮᠡᠷᠢᠯᠡᠨ᠎ᠡ᠃
(ᠭᠡᠷᠡᠯ ᠵᠢᠷᠤᠭ᠎ᠤᠳ ᠪᠣᠯ ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠭᠢᠯᠡᠯᠲᠡ ᠵᠢᠨ ᠶᠣᠰᠣᠯᠠᠯ ᠪᠠ ᠤᠷᠤᠯᠳᠤᠭ᠋ᠠᠨ᠎ᠤ ᠬᠡᠰᠡᠭ ᠦᠵᠡᠭᠳᠡᠯ ᠪᠣᠯᠣᠨ᠎ᠠ)
(ᠰᠢᠨᠬᠤᠸᠠ ᠰᠦᠯᠵᠢᠶ᠎ᠡ᠎ᠠᠴᠠ ᠠᠪᠤᠪᠠ)