﹇ᠦᠪᠦᠷ ᠨᠠᠮ ᠲᠠᠷᠬᠠᠭᠠᠬᠤ ﹇2003﹈ 4 ᠨᠤᠮᠧᠷ 2003 ᠣᠨ ᠤ 2 ᠰᠠᠷ᠎ᠠ 21 ᠡᠳᠦᠷ﹈ | ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ ᠪᠠ ︽ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ | ᠬᠤᠷᠢᠶ᠎ᠠ᠂ ᠣᠯᠣᠰ ᠤᠨ ᠶᠠᠪᠣᠳᠠᠯ ᠤᠨ ᠬᠤᠷᠢᠶ᠎ᠠ ᠠᠴᠠ ᠰᠢᠨ᠎ᠡ ᠴᠠᠭ ᠦᠶ᠎ᠡ ᠶᠢᠨ ᠪᠡᠶ᠎ᠡ ᠲᠠᠮᠢᠷ ᠤᠨ ᠠᠵᠢᠯ ᠢ ᠤᠯᠠᠮ | ᠨᠢᠭᠡ ᠠᠯᠬᠤᠮ ᠴᠢᠩᠭᠠᠳᠬᠠᠬᠤ ᠪᠠ ᠦᠬᠡᠷᠡᠴᠢᠯᠡᠨ ᠠᠬᠢᠭᠤᠯᠬᠤ ᠰᠠᠨᠠᠯ︾ ︵ᠳᠣᠮᠳᠠᠳᠣ ᠲᠠᠷᠬᠠᠭᠠᠬᠤ ﹇2002﹈ 8 | ᠲᠤᠭᠠᠲᠤ︶ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠪᠣᠲᠠᠲᠠᠶᠢᠵᠢᠭᠤᠯᠵᠤ᠂ ᠰᠢᠨ᠎ᠡ ᠴᠠᠭ | ᠦᠶ᠎ᠡ ᠶᠢᠨ ᠮᠠᠨ ᠤ ᠤᠷᠤᠨ ᠤ ᠪᠡᠶ᠎ᠡ ᠲᠠᠮᠢᠷ ᠤᠨ ᠬᠦᠭᠵᠢᠯᠲᠡ ᠶᠢᠨ ᠠᠯᠬᠤᠴᠠ ᠶᠢ ᠠᠬᠢᠭᠤᠯᠬᠤ ᠶᠢᠨ ᠲᠦᠯᠦᠭᠡ | ᠳᠣᠣᠷᠠᠬᠢ ᠰᠢᠢᠳᠪᠦᠷᠢ ᠶᠢ ᠣᠨᠴᠠᠯᠠᠨ ᠳᠣᠭᠳᠠᠭᠠᠪᠠ᠃ | ᠨᠢᠭᠡ᠂ ᠪᠡᠶ᠎ᠡ ᠲᠠᠮᠢᠷ ᠤᠨ ᠦᠢᠯᠡᠰ ᠢ ᠭᠦᠭᠵᠢᠭᠦᠯᠬᠦ ᠨᠢ ᠮᠠᠨ ᠤ ᠣᠷᠣᠨ ᠤ ᠪᠦᠬᠦ ᠲᠠᠯ᠎ᠠ ᠪᠠᠷ ᠴᠢᠨᠡᠭᠡᠯᠢᠭ | ᠨᠡᠶᠢᠭᠡᠮ ᠢ ᠪᠦᠳᠦᠭᠡᠨ ᠪᠠᠶᠢᠭᠤᠯᠬᠤ ᠴᠢᠬᠤᠯᠠ ᠠᠭᠤᠯᠭ᠎ᠠ ᠮᠦᠨ᠃ | ︵ᠨᠢᠭᠡ︶ ᠪᠡᠶ᠎ᠡ ᠶᠢᠨ ᠲᠠᠮᠢᠷ ᠪᠣᠯ ᠨᠡᠶᠢᠭᠡᠮ ᠤᠨ ᠬᠥᠭᠵᠢᠯᠲᠡ ᠪᠣᠯᠤᠨ ᠬᠥᠮᠦᠨ ᠲᠥᠷᠥᠯᠬᠢᠲᠡᠨ ᠤ | ᠪᠣᠯᠪᠠᠰᠤᠨ ᠤ ᠳᠠᠪᠰᠢᠯᠲᠠ ᠶᠢᠨ ᠴᠢᠬᠤᠯᠠ ᠪᠡᠯᠭᠡ ᠲᠡᠮᠳᠡᠭ ᠮᠥᠨ᠂ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠬᠢᠷᠢ | ᠬᠡᠮᠵᠢᠶ᠎ᠡ ᠨᠢ ᠨᠢᠭᠡ ᠤᠯᠤᠰ ᠤᠨ ᠶᠡᠷᠦᠩᠬᠡᠶ ᠬᠦᠴᠦᠨ ᠪᠠ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢᠨ ᠴᠢᠬᠤᠯᠠ | ᠢᠯᠡᠷᠡᠯ ᠮᠥᠨ᠃ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠦᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠠ ᠴᠢᠬᠤᠯᠠ ᠠᠭᠤᠯᠭ᠎ᠠ ᠮᠥᠨ᠃ ᠮᠠᠨ ᠤ ᠣᠷᠣᠨ ᠤ | ᠪᠡᠶ᠎ᠡ ᠶᠢᠨ ᠲᠠᠮᠢᠷ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠲᠦᠷᠭᠡᠳᠬᠡᠵᠦ᠂ ᠥᠷᠭᠡᠨ ᠤᠯᠠᠨ ᠠᠷᠠᠳ | ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠶᠢᠨ ᠲᠠᠮᠢᠷ ᠤᠨ ᠰᠣᠶᠣᠯ ᠤᠨ ᠬᠡᠷᠡᠭᠴᠡᠭᠡ ᠶᠢ ᠲᠠᠰᠤᠷᠠᠯᠲᠠ | ᠦᠭᠡᠢ ᠬᠠᠩᠭᠠᠵᠤ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ᠂ ᠡᠷᠡᠭᠦᠯ᠂ | ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠪᠠᠶᠢᠭᠤᠯᠬᠤ ᠳᠤ ᠠᠰᠢᠭᠲᠠᠢ᠃ ᠥᠪᠥᠷ ᠮᠣᠩᠭᠤᠯ ᠤᠨ ᠳᠦᠷᠢ | ᠲᠥᠷᠬᠦ ᠶᠢ ᠪᠣᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠪᠠ | ᠨᠡᠶᠢᠭᠡᠮ ᠤᠨ ᠲᠠᠪᠰᠢᠯᠳᠠ ᠶᠢ ᠠᠬᠢᠭᠤᠯᠬᠤ ᠳᠤ ᠠᠰᠢᠭᠲᠠᠢ᠃ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ | ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠬᠤᠯᠪᠣᠭᠳᠠᠯ ᠪᠦᠬᠦᠢ ᠠᠵᠤ ᠦᠢᠯᠡᠰ ᠢ ᠳᠠᠶᠢᠴᠢᠯᠠᠨ᠂ ᠠᠵᠢᠯ | ᠣᠯᠭᠤᠯᠲᠠ ᠪᠠ ᠠᠵᠤ ᠠᠬᠤᠶ ᠶᠢᠨ ᠨᠡᠮᠡᠭᠳᠡᠯ ᠢ ᠠᠬᠢᠭᠤᠯᠬᠤ ᠳᠤ ᠠᠰᠢᠭᠲᠠᠢ᠃ | ︵ᠬᠤᠶᠠᠷ︶ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ᠂ ᠮᠠᠨ ᠤ ᠣᠷᠣᠨ ᠤ ᠠᠵᠤ ᠠᠬᠤᠶ ᠶᠢᠨ | ᠦᠷᠭᠦᠯᠵᠢᠯᠡᠨ ᠨᠡᠮᠡᠭᠳᠡᠬᠦ ᠪᠠ ᠨᠡᠶᠢᠭᠡᠮ ᠲᠠᠰᠤᠷᠠᠯᠳᠠ ᠦᠭᠡᠢ ᠳᠠᠪᠰᠢᠬᠤ ᠶᠢ ᠳᠠᠭᠠᠯᠳᠤᠨ᠂ ᠮᠠᠨ ᠤ ᠣᠷᠣᠨ ᠤ | ᠪᠡᠶ᠎ᠡ ᠶᠢᠨ ᠲᠠᠮᠢᠷ ᠤᠨ ᠦᠢᠯᠡᠰ ᠶᠡᠬᠡᠬᠡᠨ ᠬᠥᠭᠵᠢᠯᠲᠡ ᠲᠠᠢ ᠪᠤᠯᠵᠤ᠂ ᠤᠯᠠᠨ ᠲᠦᠮᠡᠨ ᠤ ᠪᠡᠶ᠎ᠡ ᠶᠢᠨ ᠲᠠᠮᠢᠷ᠂ | ᠤᠷᠤᠯᠳᠤᠭᠠᠨ ᠤ ᠪᠡᠶ᠎ᠡ ᠶᠢᠨ ᠲᠠᠮᠢᠷ ᠪᠠ ᠪᠡᠶ᠎ᠡ ᠶᠢᠨ ᠲᠠᠮᠢᠷ ᠤᠨ ᠠᠵᠤ ᠦᠢᠯᠡᠰ ᠵᠡᠷᠭᠡ ᠲᠠᠯ᠎ᠠ ᠪᠠᠷ ᠪᠠᠶᠠᠷᠯᠠᠭᠤᠰᠢᠲᠠᠶ | ᠠᠮᠵᠢᠯᠲᠠ ᠣᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠳᠤ ᠢᠷᠠᠭᠤ ᠠᠯᠳᠠᠷ ᠢ ᠠᠪᠴᠢᠷᠠᠬᠰᠡᠨ ᠪᠠᠶᠢᠨ᠎ᠠ᠃ | ᠭᠡᠲᠡᠯ᠎ᠡ ᠳᠠᠪᠰᠢᠭᠰᠠᠨ ᠭᠠᠵᠠᠷ ᠣᠷᠣᠨ ᠲᠠᠢ ᠬᠠᠷᠢᠴᠠᠭᠤᠯᠪᠠᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠱᠠᠭᠠᠷᠳᠠᠯᠭ᠎ᠠ ᠪᠠᠷ ᠬᠡᠮᠵᠢᠪᠡᠯ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠮᠠᠨ ᠤ ᠣᠷᠣᠨ ᠤ | ᠪᠡᠶ᠎ᠡ ᠶᠢᠨ ᠲᠠᠮᠢᠷ ᠤᠨ ᠲᠦᠭᠡᠮᠡᠯᠵᠢᠯ ᠤᠨ ᠬᠡᠮᠵᠢᠶ᠎ᠡ ᠪᠠᠰᠠ ᠲᠡᠶᠢᠮᠦ ᠥᠨᠳᠥᠷ ᠪᠢᠰᠢ ᠪᠠᠶᠢᠵᠤ᠂ ᠪᠡᠶ᠎ᠡ ᠶᠢᠨ ᠲᠠᠮᠢᠷ ᠤᠨ | ᠲᠠᠯᠠᠪᠠᠶ ᠭᠠᠵᠠᠷ ᠤᠨ ᠲᠦᠭᠦᠬᠡᠷᠣᠮᠵᠢ ᠶᠢᠨ ᠪᠥᠲᠥᠭᠡᠨ ᠪᠠᠶᠢᠭᠤᠯᠤᠯᠲᠠ ᠬᠠᠷᠢᠴᠠᠩᠭᠤᠶ ᠬᠤᠴᠣᠷᠠᠵᠤ᠂ ᠬᠥᠮᠦᠨ | ᠪᠦᠷᠢ ᠳᠤ ᠳᠤᠮᠳᠠᠴᠢ ᠪᠠᠷ ᠨᠣᠭᠳᠠᠬᠤ ᠪᠡᠶ᠎ᠡ ᠶᠢᠨ ᠲᠠᠮᠢᠷ ᠤᠨ ᠲᠠᠯᠠᠪᠤᠷ ᠪᠣᠯᠤᠨ ᠬᠥᠮᠦᠨ ᠪᠦᠷᠢ ᠳᠤ ᠳᠤᠮᠳᠠᠴᠢ ᠪᠠᠷ | ᠨᠣᠭᠳᠠᠬᠤ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠬᠢᠷᠢ ᠬᠡᠮᠵᠢᠶ᠎ᠡ ᠨᠡᠯᠢᠶᠡᠳ ᠳᠣᠣᠷ᠎ᠠ ᠪᠠᠶᠢᠬᠤ︔ ᠤᠷᠤᠯᠳᠤᠭᠠᠨ ᠤ | ᠪᠡᠶ᠎ᠡ ᠶᠢᠨ ᠲᠠᠮᠢᠷ ᠤᠨ ᠳᠠᠪᠠᠭᠤᠯᠢᠭ ᠳᠦᠷᠦᠯ ᠵᠦᠢᠯ ᠤᠯᠠᠨ ᠪᠢᠰᠢ᠂ ᠥᠷᠢᠰᠥᠯᠳᠦᠬᠦ ᠬᠦᠴᠦᠨ ᠴᠢᠳᠠᠯ ᠮᠠᠰᠢ | ᠬᠢᠵᠠᠭᠠᠷ ᠲᠠᠢ᠂ ᠪᠡᠯᠡᠳᠬᠡᠯ ᠬᠦᠴᠦᠨ ᠬᠦᠷᠦᠯᠴᠡᠬᠦ ᠦᠭᠡᠢ ᠪᠠᠶᠢᠭ᠎ᠠ︔ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠬᠡᠪᠴᠢᠶ᠎ᠡ ᠨᠢ ᠳᠡᠩᠳᠡᠭᠦᠦ ᠪᠠᠭ᠎ᠠ᠂ ᠬᠥᠭᠵᠢᠯᠲᠡ ᠪᠠᠷ ᠤᠳᠠᠭᠠᠯᠢᠭ ᠪᠠᠶᠢᠭ᠎ᠠ︔ ᠪᠡᠶ᠎ᠡ ᠶᠢᠨ ᠲᠠᠮᠢᠷ ᠤᠨ ᠠᠵᠢᠯ ᠤᠨ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠨᠢ ᠲᠡᠭᠦᠯᠳᠡᠷ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ | ︵ᠭᠤᠷᠪᠠ︶ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ ᠠᠴᠠ ︽ᠭᠤᠷᠪᠠ ᠶᠢ ᠲᠥᠯᠥᠭᠡᠯᠡᠬᠦ︾ ᠴᠢᠬᠤᠯᠠ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠴᠠᠭ ᠦᠶ᠎ᠡ ᠳᠠᠬᠢ ᠪᠡᠶ᠎ᠡ ᠶᠢᠨ ᠲᠠᠮᠢᠷ ᠤᠨ ᠠᠵᠢᠯ ᠳᠤ ᠨᠡᠩ | ᠥᠨᠳᠥᠷ ᠰᠢᠨ᠎ᠡ ᠱᠠᠭᠠᠷᠳᠠᠯᠭ᠎ᠠ ᠳᠣᠷᠠᠳᠣᠨ᠂ ᠪᠠᠰᠠ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠥᠷᠭᠡᠨ | ᠠᠭᠤᠳᠠᠮ ᠣᠷᠣᠨ ᠵᠠᠶ ᠶᠢ ᠬᠠᠩᠭᠠᠭᠰᠠᠨ ᠶᠤᠮ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠪᠡᠶ᠎ᠡ ᠶᠢᠨ ᠲᠠᠮᠢᠷ ᠤᠨ ᠦᠢᠯᠡᠰ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠠᠭᠤᠤ ᠶᠡᠭᠡ ᠲᠡᠦᠬᠡᠨ ᠠᠬᠢᠴᠠ ᠳᠣᠮᠳᠠᠬᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠭᠦᠢᠴᠡᠳ ᠲᠠᠨᠢᠵᠤ᠂ | ᠠᠵᠠ ᠵᠠᠪᠰᠢᠶᠠᠨ ᠢ ᠡᠵᠡᠮᠳᠡᠨ ᠥᠷᠢᠰᠥᠯᠳᠦᠭᠡᠨ ᠢ ᠤᠭᠲᠤᠵᠤ᠂ ᠨᠢᠭᠲᠠᠷᠠᠨ ᠪᠦᠯᠬᠦᠮᠳᠡᠨ ᠬᠦᠴᠢᠷ ᠪᠡᠷᠬᠡᠰᠢᠶᠡᠯ ᠢ | ᠢᠯᠠᠨ ᠪᠡᠶ᠎ᠡ ᠶᠢᠨ ᠲᠠᠮᠢᠷ ᠤᠨ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠶ᠎ᠡ ᠶᠢᠨ | ᠲᠠᠮᠢᠷ ᠤᠨ ᠠᠵᠢᠯ ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠵᠦ᠂ ᠮᠠᠨ ᠤ ᠣᠷᠣᠨ ᠤ ᠪᠡᠶ᠎ᠡ ᠶᠢᠨ ᠲᠠᠮᠢᠷ ᠤᠨ | ᠦᠢᠯᠡᠰ ᠢ ᠬᠥᠭᠵᠢᠭᠦᠯᠬᠦ ᠶᠢ ᠬᠤᠷᠳᠣᠳᠬᠠᠨᠠ᠃ | ᠬᠤᠶᠠᠷ᠂ ᠲᠣᠳᠣᠷᠬᠠᠶ ᠵᠢᠯᠣᠭᠤᠳᠬᠤ ᠦᠵᠡᠯ ᠰᠠᠨᠠᠭ᠎ᠠ ᠪᠠ ᠭᠤᠣᠯ ᠬᠠᠷᠠᠯᠲᠠ | ︵ᠲᠦᠷᠪᠡ︶ ᠰᠢᠨ᠎ᠡ ᠴᠠᠭ ᠦᠶ᠎ᠡ ᠳᠠᠬᠢ ᠮᠠᠨ ᠤ ᠣᠷᠣᠨ ᠤ ᠪᠡᠶ᠎ᠡ ᠶᠢᠨ ᠲᠠᠮᠢᠷ ᠤᠨ ᠠᠵᠢᠯ ᠤᠨ ᠵᠢᠯᠣᠭᠤᠳᠬᠤ | ᠦᠵᠡᠯ ᠰᠠᠨᠠᠭ᠎ᠠ ᠪᠣᠯ᠄ ᠳ᠋ᠧᠩ ᠰᠢᠶᠤᠤ ᠫᠢᠩ ᠤᠨ ᠤᠨᠤᠯ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ | ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂2008 ᠣᠨ ᠤ | ᠪᠡᠭᠡᠵᠢᠩ ᠤᠨ ᠣᠯᠢᠮᠫᠢᠺ ᠤᠨ ᠲᠠᠮᠢᠷ ᠤᠨ ᠴᠤᠭᠯᠠᠭᠠᠨ ᠢᠶᠠᠷ ᠠᠵᠠ ᠲᠣᠬᠢᠶᠠᠯ ᠪᠣᠯᠭᠠᠵᠤ᠂ ᠠᠷᠠᠳ ᠲᠦᠮᠡᠨ ᠤ ᠪᠡᠶ᠎ᠡ | ᠮᠠᠬᠠᠪᠣᠳ ᠢ ᠴᠢᠭᠢᠷᠠᠭᠵᠢᠭᠤᠯᠬᠤ᠂ ᠪᠦᠬᠦ ᠦᠨᠳᠦᠰᠦᠲᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ | ᠶᠠᠪᠤᠳᠠᠯ ᠢᠶᠠᠷ ᠦᠨᠳᠦᠰᠦᠨ ᠬᠠᠷᠠᠯᠲᠠ ᠪᠠᠨ ᠪᠣᠯᠭᠠᠵᠤ᠂ ᠪᠡᠶ᠎ᠡ ᠶᠢᠨ ᠲᠠᠮᠢᠷ ᠤᠨ ᠠᠷᠠᠳ ᠲᠦᠮᠡᠨ ᠳᠤ ᠦᠢᠯᠡᠴᠢᠯᠡᠵᠦ᠂ | ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠣᠯᠠᠨ | ᠲᠦᠮᠡᠨ ᠳᠤ ᠬᠠᠨᠳᠤᠭᠤᠯᠤᠭᠰᠠᠨ ᠤᠯᠠᠨ ᠡᠰᠢᠵᠢᠭ᠍ᠰᠡᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠬᠤ ᠬᠡᠷᠡᠭᠲᠡᠶ︔ ︽ᠣᠯᠧᠮᠫᠢᠺ ᠤᠨ ᠪᠡᠶ᠎ᠡ ᠲᠠᠮᠢᠷ ᠤᠨ ᠴᠤᠭᠯᠠᠭᠠᠨ ᠤ ᠢᠷᠠᠭᠤ ᠠᠯᠳᠠᠷ ᠦᠷᠢᠰᠦᠯᠳᠦᠬᠦ | ᠲᠥᠯᠥᠪᠯᠡᠭᠡ ᠶᠢᠨ ᠬᠥᠲᠥᠯᠪᠦᠷᠢ︾ ᠶᠢ ᠬᠡᠷᠡᠭᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ | ᠲᠦᠷᠭᠡᠳᠬᠡᠬᠦ ᠬᠡᠷᠡᠭᠲᠡᠶ︔ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠳᠠᠯᠠᠵᠦ᠂ ᠬᠠᠤᠯᠢ ᠶᠣᠰᠣᠭᠠᠷ | ᠳᠠᠮᠢᠷ ᠢᠶᠠᠨ ᠵᠠᠰᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠮᠢᠷ ᠢᠶᠠᠨ ᠵᠠᠰᠠᠬᠤ ᠶᠢ ᠪᠠᠷᠢᠮᠳᠠᠯᠠᠨ᠂ ᠤᠯᠠᠨ | ᠲᠦᠮᠡᠨ ᠤ ᠪᠡᠶ᠎ᠡ ᠶᠢᠨ ᠲᠠᠮᠢᠷ ᠢ ᠨᠡᠶᠢᠭᠡᠮᠵᠢᠭᠦᠯᠬᠦ᠂ ᠥᠷᠢᠰᠥᠯᠳᠦᠭᠡᠨ ᠤ ᠪᠡᠶ᠎ᠡ ᠶᠢᠨ ᠲᠠᠮᠢᠷ ᠢ ᠡᠷᠴᠢᠮᠵᠢᠭᠦᠯᠬᠦ᠂ | ᠪᠡᠶ᠎ᠡ ᠶᠢᠨ ᠲᠠᠮᠢᠷ ᠤᠨ ᠠᠵᠤ ᠦᠢᠯᠡᠰ ᠤᠨ ᠤᠯᠠᠨ ᠡᠰᠢᠵᠢᠭ᠍ᠰᠡᠨ᠂ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ | ᠰᠢᠨᠵᠢᠯᠡᠬᠦ ᠤᠬᠠᠭᠠᠨᠴᠢᠯᠠᠬᠤ ᠶᠢ ᠲᠦᠯᠬᠢᠨ ᠠᠬᠢᠭᠤᠯᠵᠦ᠂ ᠪᠡᠶ᠎ᠡ ᠶᠢᠨ ᠲᠠᠮᠢᠷ ᠤᠨ ᠦᠢᠯᠡᠰ ᠤᠨ ᠦᠷᠬᠦᠯᠵᠢᠯᠡᠨ | ᠡᠷᠡᠭᠦᠯ ᠢᠶᠠᠷ ᠬᠥᠭᠵᠢᠬᠦ ᠶᠢ ᠪᠠᠳᠣᠯᠠᠨ᠎ᠠ᠃ | ︵ᠲᠠᠪᠤ︶ 2010 ᠣᠨ ᠪᠣᠯᠲᠠᠯ᠎ᠠ᠂ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠬᠦ | ᠭᠤᠣᠯ ᠬᠠᠷᠠᠯᠲᠠ ᠪᠣᠯ᠄ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠵᠡᠯ ᠤᠬᠠᠮᠰᠠᠷ ᠢ ᠨᠡᠶᠢᠳᠡᠮ | ᠳᠡᠭᠡᠭᠰᠢᠯᠡᠭᠦᠯᠦᠨ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠢᠶᠠᠷ | ᠲᠦᠭᠡᠮᠡᠯᠵᠢᠭᠦᠯᠦᠨ᠎ᠡ᠃ ᠤᠷᠤᠯᠳᠤᠭᠠᠨ ᠤ ᠪᠡᠶ᠎ᠡ ᠶᠢᠨ ᠲᠠᠮᠢᠷ ᠪᠣᠳᠠᠲᠤ ᠬᠦᠴᠦᠨ ᠢ ᠴᠢᠩᠭᠠᠳᠬᠠᠨ᠂ ᠪᠠᠷᠠᠭᠤᠨ | ᠬᠡᠰᠡᠭ ᠤᠨ ᠮᠤᠵᠢ ᠣᠷᠣᠨ ᠬᠤᠲᠠ ᠶᠢᠨ ᠳᠣᠮᠳᠠ ᠲᠡᠷᠢᠭᠦᠨ ᠡᠩᠨᠡᠭᠡᠨ ᠳᠤ ᠣᠷᠣᠵᠤ᠂ ᠪᠡᠶ᠎ᠡ ᠶᠢᠨ ᠲᠠᠮᠢᠷ ᠤᠨ | ᠲᠥᠬᠦᠭᠡᠷᠦᠮᠵᠢ ᠶᠢ ᠢᠯᠡᠳᠲᠡ ᠰᠠᠶᠢᠵᠢᠷᠠᠭᠤᠯᠵᠤ᠂ ᠴᠢᠬᠤᠯᠠ ᠶᠡᠭᠡ ᠤᠷᠤᠯᠳᠤᠭᠠᠨ ᠢ ᠡᠷᠬᠢᠯᠡᠬᠦ ᠪᠠ ᠳᠠᠭᠠᠭᠠᠨ | ᠴᠢᠳᠠᠬᠤ ᠬᠢᠷᠢ ᠬᠡᠮᠵᠢᠶ᠎ᠡ ᠪᠣᠯᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ︔ ᠪᠡᠶ᠎ᠡ ᠶᠢᠨ ᠲᠠᠮᠢᠷ ᠤᠨ | ᠠᠵᠤ ᠦᠢᠯᠡᠰ ᠢ ᠨᠡᠯᠢᠶᠡᠳ ᠲᠦᠷᠭᠡᠨ ᠬᠦᠭᠵᠢᠭᠦᠯᠵᠦ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ᠂ | ᠨᠡᠶᠢᠭᠡᠮ ᠨᠡᠶᠢᠲᠡ ᠶᠢᠨ ᠥᠷᠭᠡᠨ ᠢᠶᠠᠷ ᠣᠷᠣᠯᠴᠠᠬᠤ᠂ ᠬᠠᠮᠢᠶᠠᠷᠤᠯᠲᠠ ᠨᠢ ᠡᠮᠬᠢ ᠵᠢᠷᠤᠮ ᠲᠠᠢ ᠪᠡᠶ᠎ᠡ ᠶᠢᠨ ᠲᠠᠮᠢᠷ ᠤᠨ | ᠬᠠᠮᠢᠶᠠᠷᠤᠯᠲᠠ ᠶᠢᠨ ᠴᠤᠭᠴᠠ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠬᠡᠷᠡᠭᠲᠡᠶ᠃ | ᠤᠯᠠᠨ ᠲᠦᠮᠡᠨ ᠤ ᠪᠡᠶ᠎ᠡ ᠶᠢᠨ ᠲᠠᠮᠢᠷ ᠤᠨ ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠬᠠᠷᠠᠯᠲᠠ | ᠪᠣᠯᠭᠠᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠳᠠᠭ ᠬᠥᠮᠦᠨ ᠠᠮᠠ ᠪᠦᠬᠦ ᠬᠥᠮᠦᠨ ᠠᠮᠠ | 40% ᠣᠷᠴᠢᠮ ᠬᠦᠷᠴᠦ᠂ ᠢᠷᠭᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠵᠢᠭᠠᠯᠲᠠ ᠲᠤᠭ᠎ᠠ ᠪᠦᠬᠦ | ᠤᠯᠤᠰ ᠤᠨ ᠲᠡᠭᠰᠢᠳᠬᠡᠭᠰᠡᠨ ᠲᠦᠪᠰᠢᠨ ᠳᠤ ᠬᠦᠷᠭᠡᠵᠦ᠂ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠪᠡᠶ᠎ᠡ | ᠴᠢᠭᠢᠷᠠᠭᠵᠢᠭᠤᠯᠬᠤ ᠶᠢ ᠵᠢᠭᠠᠨ ᠵᠢᠯᠣᠭᠤᠳᠬᠤ᠂ ᠪᠡᠶ᠎ᠡ ᠴᠢᠭᠢᠷᠠᠭᠵᠢᠭᠤᠯᠬᠤ ᠲᠦᠬᠦᠭᠡᠷᠣᠮᠵᠢ᠂ ᠤᠬᠠᠭᠤᠯᠭ᠎ᠠ | ᠬᠥᠮᠦᠵᠢᠯ᠂ ᠤᠷᠤᠯᠳᠤᠭᠠᠨ ᠪᠠ ᠪᠡᠶ᠎ᠡ ᠲᠠᠮᠢᠷ ᠤᠨ ᠬᠦᠳᠡᠯᠭᠡᠭᠡᠨ ᠪᠠ ᠪᠡᠶ᠎ᠡ ᠮᠠᠬᠠᠪᠣᠳ ᠤᠨ ᠴᠢᠨᠠᠷ ᠴᠢᠨᠰᠠᠭ᠎ᠠ ᠶᠢᠨ | ᠰᠣᠷᠢᠯᠲᠠ ᠵᠡᠷᠭᠡ ᠶᠢ ᠪᠠᠭᠲᠠᠭᠠᠭᠰᠠᠨ ᠤᠯᠠᠨ ᠡᠰᠢᠵᠢᠭ᠍ᠰᠡᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ | ᠠᠩᠬ᠎ᠠ ᠠᠯᠬᠤᠮ ᠪᠦᠷᠢᠯᠳᠦᠭᠦᠯᠦᠨ᠂ ᠬᠠᠮᠢᠶᠠᠷᠤᠯᠲᠠ ᠨᠢ ᠡᠮᠬᠢ ᠵᠢᠷᠤᠮ ᠲᠠᠢ᠂ ᠦᠢᠯᠡᠴᠢᠯᠡᠭᠡ ᠬᠠᠩᠭᠠᠬᠤ ᠨᠢ | ᠡᠷᠴᠢᠮᠲᠠᠢ ᠪᠠ ᠪᠠᠲᠤᠯᠠᠭ᠎ᠠ ᠨᠢ ᠬᠦᠴᠦᠨ ᠲᠠᠢ ᠪᠠᠶᠢᠬᠤ ᠬᠡᠷᠡᠭᠲᠡᠢ᠃ | ᠤᠷᠤᠯᠳᠤᠭᠠᠨ ᠤ ᠪᠡᠶ᠎ᠡ ᠶᠢᠨ ᠲᠠᠮᠢᠷ ᠢ ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ ᠶᠡᠭᠡ | ᠤᠷᠤᠯᠳᠤᠭᠠᠨ ᠤ ᠰᠢᠯᠢᠳᠡᠭ ᠬᠢᠷᠢ ᠪᠦᠲᠦᠮᠵᠢ ᠪᠠᠷ ᠬᠠᠷᠠᠯᠲᠠ ᠪᠣᠯᠭᠠᠵᠤ᠂ ᠡᠬᠢ ᠪᠠᠶᠠᠯᠢᠭ ᠢ ᠨᠢᠭᠡᠳᠭᠡᠨ ᠲᠣᠬᠢᠷᠠᠮᠵᠢᠲᠠᠶ | ᠪᠠᠶᠢᠷᠢᠯᠠᠭᠤᠯᠵᠦ᠂ ᠪᠦᠬᠦᠯᠢ ᠴᠣᠭᠴᠠ ᠶᠢᠨ ᠪᠣᠳᠠᠲᠤ ᠬᠦᠴᠦᠨ ᠢ ᠲᠣᠭᠲᠠᠭᠤᠨ ᠢᠶᠠᠷ ᠳᠡᠭᠡᠭᠰᠢᠯᠡᠭᠦᠯᠦᠨ᠂ ᠥᠨᠳᠥᠷ | ᠲᠦᠪᠰᠢᠨ ᠪᠦᠬᠦᠢ ᠪᠡᠯᠡᠳᠬᠡᠯ ᠴᠢᠳᠠᠪᠤᠷᠢᠲᠠᠨ ᠤ ᠡᠩᠨᠡᠭᠡ ᠶᠢᠨ ᠬᠡᠪᠴᠢᠶ᠎ᠡ ᠶᠢ ᠪᠣᠢ ᠪᠣᠯᠭᠠᠨ᠂ ᠳᠠᠪᠠᠭᠤᠯᠢᠭ ᠲᠠᠯ᠎ᠠ ᠪᠠ | ᠭᠤᠣᠯᠳᠠᠯᠭᠠᠲᠤ ᠵᠦᠢᠯᠡᠰ ᠢ ᠪᠠᠬᠢᠵᠢᠭᠦᠯᠦᠨ ᠬᠥᠭᠵᠢᠭᠦᠯᠵᠦ᠂ ᠪᠦᠬᠦ ᠤᠯᠤᠰ ᠤᠨ ᠲᠡᠷᠢᠭᠦᠨ ᠤ ᠬᠢᠷᠢ ᠲᠦᠪᠰᠢᠨ | ᠪᠦᠬᠦᠢ ᠳᠡᠷᠢᠭᠦᠨ ᠵᠦᠢᠯ ᠢ ᠪᠠᠶᠢᠭᠤᠯᠤᠨ᠂ ᠪᠦᠬᠦ ᠤᠯᠤᠰ ᠤᠨ ᠲᠠᠮᠢᠷ ᠤᠨ ᠴᠤᠭᠯᠠᠭᠠᠨ ᠳᠤ ᠪᠥᠬᠦ ᠤᠯᠤᠰ ᠤᠨ | ᠳᠤᠮᠳᠠ ᠠᠴᠠ ᠳᠡᠭᠡᠭᠦᠷ ᠪᠠᠶᠢᠷᠢ ᠶᠢ ᠪᠠᠲᠤᠯᠠᠵᠤ᠂ ᠣᠯᠧᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ ᠥᠪᠥᠷ | ᠮᠣᠩᠭᠤᠯ ᠤᠨ ᠲᠡᠦᠬᠡ ᠶᠢᠨ ᠱᠠᠩᠨᠠᠯ ᠤᠨ ᠮᠧᠳᠠᠯ ︽ᠲᠡᠭ︾ ᠢ ᠡᠴᠦᠰᠯᠡᠭᠦᠯᠦᠨ᠎ᠡ᠃ | ᠪᠡᠶ᠎ᠡ ᠶᠢᠨ ᠲᠠᠮᠢᠷ ᠤᠨ ᠠᠵᠤ ᠦᠢᠯᠡᠰ ᠤᠨ ᠦᠢᠯᠡᠳᠬᠦᠨ ᠤ ᠦᠷᠳᠡᠭ ᠨᠡᠮᠡᠭᠳᠡᠭᠦᠯᠬᠦ ᠶᠢ ᠬᠠᠷᠠᠯᠲᠠ ᠪᠣᠯᠭᠠᠨ | ᠨᠡᠯᠢᠶᠡᠳ ᠲᠦᠷᠭᠡᠨ ᠬᠦᠭᠵᠢᠬᠦ ᠪᠠᠷ ᠬᠦᠴᠦᠯᠡᠨ ᠴᠢᠷᠮᠠᠶᠢᠨ᠎ᠠ᠃ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ | ᠪᠣᠷᠤᠯᠤᠭᠤᠯᠭᠠ ᠢᠶᠠᠷ ︽ᠳᠠᠭᠠᠭᠤᠯᠤᠭᠴᠢ︾ ᠪᠣᠯᠭᠠᠭᠰᠠᠨ᠂ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠣᠷᠣᠨ ᠵᠠᠶ ᠶᠢ | ᠶᠡᠬᠡᠰᠭᠡᠵᠦ᠂ ᠪᠡᠶ᠎ᠡ ᠶᠢᠨ ᠲᠠᠮᠢᠷ ᠤᠨ ᠵᠤᠭᠠᠴᠠᠯ᠂ ᠤᠷᠤᠯᠳᠤᠭᠠᠨ ᠪᠠ ᠲᠣᠭᠯᠠᠯᠲᠠ᠂ ᠪᠡᠶ᠎ᠡ ᠴᠢᠭᠢᠷᠠᠭᠵᠢᠭᠤᠯᠬᠤ ᠵᠤᠭ᠎ᠠ | ᠴᠡᠩᠭᠡᠯ᠂ ᠪᠡᠶ᠎ᠡ ᠶᠢᠨ ᠲᠠᠮᠢᠷ ᠤᠨ ᠬᠡᠷᠡᠭᠰᠡᠯ ᠪᠠ ᠴᠢᠳᠠᠪᠤᠷᠢᠲᠠᠨ ᠤ ᠮᠡᠷᠭᠡᠵᠢᠯ ᠤᠨ ᠮᠡᠳᠡᠭᠡ ᠵᠠᠩᠭᠢ ᠶᠢᠨ ᠵᠠᠬ᠎ᠠ | ᠳᠡᠯᠭᠡᠭᠦᠷ ᠶᠢ ᠭᠤᠣᠯᠳᠠᠯᠭ᠎ᠠ ᠲᠠᠢ ᠨᠡᠭᠡᠭᠡᠨ ᠬᠦᠭᠵᠢᠭᠦᠯᠵᠦ ᠪᠡᠶ᠎ᠡ ᠶᠢᠨ ᠲᠠᠮᠢᠷ ᠤᠨ ᠨᠠᠷᠠᠲᠤ ᠲᠥᠷᠥᠯ ᠲᠡᠮᠳᠡᠭᠲᠦ ᠶᠢ | ᠢᠳᠡᠪᠬᠢᠲᠡᠶ ᠪᠠᠷ ᠪᠣᠶ ᠪᠣᠯᠭᠠᠵᠤ᠂ ᠪᠡᠶ᠎ᠡ ᠶᠢᠨ ᠲᠠᠮᠢᠷ ᠤᠨ ᠢᠯᠠ ᠪᠤᠰᠤ ᠪᠠᠯᠠ ᠬᠦᠷᠦᠩᠭᠡ ᠶᠢ ᠨᠡᠭᠡᠭᠡᠨ ᠠᠰᠢᠭᠯᠠᠨ | ᠡᠵᠡᠩᠨᠡᠵᠦ᠂ ᠣᠨᠴᠠᠯᠢᠭ ᠢᠶᠠᠷ ᠢᠯᠡ ᠲᠣᠳᠣ᠂ ᠦᠷ᠎ᠡ ᠠᠰᠢᠭ ᠨᠢ ᠢᠯᠡᠳᠲᠡ ᠰᠢᠨ᠎ᠡ ᠬᠡᠯᠪᠡᠷᠢ ᠶᠢᠨ ᠠᠵᠤ ᠦᠢᠯᠡᠰ ᠢ | ᠪᠦᠷᠢᠯᠳᠦᠭᠦᠯᠦᠨ᠎ᠡ᠃ | ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠨ ᠲᠦᠮᠡᠨ ᠤ ᠪᠡᠶ᠎ᠡ | ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠨ᠂ ᠪᠣᠯᠪᠠᠰᠤᠷᠠᠯ ᠪᠠ ᠤᠷᠤᠯᠳᠤᠭᠠᠨ ᠤ ᠨᠥᠬᠦᠴᠡᠯ ᠢ ᠪᠠᠳᠣᠯᠠᠬᠤ ᠢᠶᠠᠷ | ᠬᠠᠷᠠᠯᠲᠠ ᠪᠣᠯᠭᠠᠵᠤ᠂ ᠪᠦᠲᠦᠭᠡᠨ ᠪᠠᠶᠢᠭᠤᠯᠬᠤ ᠬᠤᠷᠳᠤᠴᠠ ᠪᠠᠨ ᠲᠦᠷᠭᠡᠳᠭᠡᠨ᠎ᠡ᠃ ᠥᠪᠡᠷᠲᠡᠭᠡᠨ ᠵᠠᠰᠠᠬᠤ | ᠣᠷᠣᠨ ᠠᠴᠠ ᠡᠭᠦᠷᠭᠡᠯᠡᠵᠦ ᠳᠡᠶᠢᠯᠬᠦ ᠪᠦᠬᠦ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠤᠷᠤᠯᠳᠤᠭᠠᠨ ᠤ ᠪᠡᠶ᠎ᠡ ᠶᠢᠨ | ᠲᠠᠮᠢᠷ ᠤᠨ ᠲᠥᠪ ᠢ ᠪᠡᠯᠡᠳᠭᠡᠨ ᠪᠠᠶᠢᠭᠤᠯᠤᠨ᠎ᠠ︔ ᠠᠶᠢᠮᠠᠭ ᠬᠤᠲᠠ ᠪᠣᠯᠤᠨ ᠨᠡᠯᠢᠶᠡᠳ ᠶᠡᠭᠡ ᠬᠤᠳᠠ ᠶᠢᠨ | ᠡᠭᠦᠷᠭᠡᠯᠡᠵᠦ ᠳᠡᠶᠢᠯᠬᠦ ᠪᠥᠬᠦ ᠣᠷᠣᠨ ᠤ ᠶᠡᠷᠦᠩᠬᠡᠶᠢᠯᠡᠭᠰᠡᠨ ᠴᠢᠨᠠᠷᠲᠠᠶ ᠤᠷᠤᠯᠳᠤᠭᠠᠨ ᠤ ᠪᠡᠶ᠎ᠡ ᠶᠢᠨ ᠲᠠᠮᠢᠷ ᠤᠨ | ᠲᠥᠬᠦᠭᠡᠷᠦᠮᠵᠢ ᠪᠠ ᠬᠤᠳᠠ ᠶᠢᠨ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠪᠠᠶᠢᠭᠤᠯᠤᠨ᠎ᠠ︔ 40% ᠠᠴᠠ | ᠳᠡᠭᠡᠭᠰᠢᠬᠢ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠪᠡᠶ᠎ᠡ ᠶᠢᠨ ᠲᠠᠮᠢᠷ ᠤᠨ ᠲᠠᠯᠠᠪᠠᠶ᠂ | ᠭᠡᠷᠡᠯᠲᠦᠭᠦᠯᠭᠡ ᠲᠠᠢ ᠪᠥᠮᠪᠦᠭᠡ ᠶᠢᠨ ᠲᠡᠯᠡᠪᠡᠢ᠂ ᠤᠮᠪᠠᠯᠲᠠ ᠶᠢᠨ ᠲᠠᠲᠠᠭᠠᠯ ᠪᠣᠯᠤᠨ ᠪᠡᠶ᠎ᠡ ᠴᠢᠬᠢᠷᠠᠭᠵᠢᠭᠤᠯᠬᠤ ᠭᠡᠷ ᠢ | ᠪᠠᠶᠢᠭᠤᠯᠤᠨ᠎ᠠ︔ ᠰᠤᠷᠭᠠᠭᠤᠯᠢ ᠪᠦᠬᠦᠨ ᠲᠣᠬᠢᠷᠠᠭᠤᠯᠬᠤ ᠪᠠᠷᠢᠮᠵᠢᠶ᠎ᠠ ᠶᠣᠰᠣᠭᠠᠷ ᠪᠡᠶ᠎ᠡ ᠶᠢᠨ ᠲᠠᠮᠢᠷ ᠤᠨ ᠪᠠᠭᠠᠵᠢ | ᠬᠡᠷᠡᠭᠰᠡᠯ ᠲᠥᠬᠦᠭᠡᠷᠦᠮᠵᠢ ᠶᠢ ᠪᠦᠷᠢᠨ ᠪᠤᠯᠭᠠᠵᠦ᠂ ᠴᠢᠬᠤᠯᠠ ᠳᠡᠰ ᠤᠨ ᠳᠤᠮᠳᠠᠳᠤ ᠰᠤᠷᠭᠠᠭᠤᠯᠢ᠂ ᠶᠡᠭᠡ ᠳᠡᠭᠡᠳᠦ | ᠰᠤᠷᠭᠠᠭᠤᠯᠢ ᠠᠴᠠ ᠪᠡᠶ᠎ᠡ ᠶᠢᠨ ᠲᠠᠮᠢᠷ ᠤᠨ ᠣᠷᠳᠣᠨ᠂ ᠤᠮᠪᠠᠯᠲᠠ ᠶᠢᠨ ᠲᠠᠲᠠᠭᠠᠯ ᠪᠣᠯᠤᠨ ᠪᠡᠶ᠎ᠡ ᠴᠢᠭᠢᠷᠠᠭᠵᠢᠭᠤᠯᠬᠤ | ᠲᠥᠪ ᠢ ᠪᠠᠶᠢᠭᠤᠯᠤᠨ᠎ᠠ︔ ᠰᠤᠮᠤ ᠰᠢᠶᠠᠩ ᠪᠠᠯᠭᠠᠰᠤ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ | ᠭᠡᠷ ᠤᠨ ᠳᠣᠲᠣᠷ᠎ᠠ ᠭᠠᠳᠠᠷᠠ ᠪᠡᠶ᠎ᠡ ᠶᠢᠨ ᠲᠠᠮᠢᠷ ᠤᠨ ᠠᠵᠢᠯᠯᠠᠭᠠᠨ ᠤ ᠭᠠᠵᠠᠷ ᠪᠠᠶᠢᠭᠤᠯᠤᠨ᠎ᠠ︔ ᠰᠢᠨ᠎ᠡ ᠪᠠᠷ | ᠪᠠᠶᠢᠭᠤᠯᠤᠭᠰᠠᠨ ᠰᠠᠭᠤᠭᠠᠯᠢ ᠠᠷᠠᠳ ᠤᠨ ᠲᠣᠭᠤᠷᠢᠭ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠠᠴᠠ | ᠬᠠᠷᠠᠭᠠᠯᠵᠠᠭᠰᠠᠨ ᠪᠦᠷᠢᠨ ᠲᠥᠬᠦᠷ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠲᠥᠯᠥᠪᠵᠢᠭᠦᠯᠭᠡ ᠬᠢᠬᠦ ᠪᠠ ᠪᠦᠲᠦᠭᠡᠨ | ᠪᠠᠶᠢᠭᠤᠯᠬᠤ ᠬᠡᠷᠡᠭᠲᠡᠶ᠃ | ᠭᠤᠷᠪᠠ᠂ ︽ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠯᠦᠪᠯᠡᠭᠡ ᠶᠢᠨ ᠲᠣᠪᠴᠢ︾ ᠶᠢ | ᠭᠡᠷᠡᠭᠵᠢᠭᠦᠯᠵᠦ᠂ ᠣᠯᠠᠨ ᠡᠰᠢᠵᠢᠭ᠍ᠰᠡᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ ᠪᠦᠲᠦᠭᠡᠨ | ᠪᠠᠶᠢᠭᠤᠯᠤᠨ᠎ᠠ᠃ | ︵ᠵᠢᠷᠭᠤᠭ᠎ᠠ︶ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠷᠠᠳ ᠢᠷᠭᠡᠳ ᠤᠨ | ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠬᠦ ᠪᠠ ᠬᠠᠮᠤᠭ ᠤᠨ ᠥᠷᠭᠡᠨ ᠤᠯᠠᠨ ᠠᠷᠠᠳ ᠲᠦᠮᠡᠨ ᠤ | ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢ ᠶᠡᠭᠡ ᠶᠠᠪᠤᠳᠠᠯ ᠪᠣᠯᠭᠠᠵᠤ᠂ ᠲᠦᠢᠯ ᠤᠨ ᠴᠢᠬᠤᠯᠠ ᠪᠠᠶᠢᠷᠢᠨ ᠳᠤ | ᠲᠠᠯᠪᠢᠨ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠠᠵᠢᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ | ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠶᠣᠰᠣᠭᠠᠷ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠲᠤᠰᠬᠠᠶ ᠵᠦᠢᠯ ᠤᠨ ᠰᠠᠭᠤᠷᠢ ᠮᠥᠩᠭᠦ ᠶᠢ ᠪᠠᠶᠢᠭᠤᠯᠬᠤ ᠪᠠ ᠨᠠᠶᠢᠳᠠᠪᠤᠷᠢᠵᠢᠭᠤᠯᠵᠤ᠂ ᠪᠦᠬᠦ ᠠᠷᠠᠳ ᠶᠢᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠶᠢ ᠥᠷᠨᠢᠭᠦᠯᠵᠦ᠂ ᠥᠷᠭᠡᠨ ᠤᠯᠠᠨ ᠠᠷᠠᠳ ᠲᠦᠮᠡᠨ ᠳᠤ ᠦᠨᠳᠦᠰᠦᠨ ᠪᠡᠶ᠎ᠡ ᠶᠢᠨ | ᠲᠠᠮᠢᠷ ᠤᠨ ᠦᠢᠯᠡᠴᠢᠯᠡᠭᠡ ᠬᠠᠩᠭᠠᠬᠤ ᠬᠡᠷᠡᠭᠲᠡᠶ᠃ | ︵ᠲᠤᠯᠤᠭ᠎ᠠ︶ ᠤᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠵᠤ᠂ ᠳᠣᠲᠣᠨᠣ ᠬᠠᠯᠠᠭᠤᠮᠰᠠᠭ ᠢᠶᠠᠷ ᠠᠷᠠᠳ ᠲᠦᠮᠡᠨ ᠳᠤ ᠲᠦᠬᠦᠮ ᠦᠵᠡᠭᠦᠯᠬᠦ ᠪᠠ ᠠᠷᠠᠳ ᠲᠤ ᠠᠰᠢᠭ | ᠬᠦᠷᠲᠡᠭᠡᠬᠦ ᠵᠠᠷᠴᠢᠮ ᠶᠣᠰᠣᠭᠠᠷ᠂ ᠭᠤᠷᠪᠠᠨ ᠲᠠᠯ᠎ᠠ ᠶᠢ ᠴᠢᠬᠤᠯᠠᠴᠢᠯᠠᠨ ᠰᠠᠶᠢᠲᠤᠷ ᠠᠳᠬᠤᠬᠤ ᠬᠡᠷᠡᠭᠲᠡᠶ᠄ ᠨᠢᠭᠡ ᠳᠤ᠂ | ᠤᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠲᠠᠯᠠᠪᠤᠷ ᠢ ᠰᠠᠶᠢᠲᠤᠷ ᠪᠦᠲᠦᠭᠡᠨ ᠪᠠᠶᠢᠭᠤᠯᠵᠤ᠂ ᠣᠯᠠᠨ ᠲᠦᠮᠡᠨ ᠤ | ᠲᠤᠬᠠᠶ ᠶᠢᠨ ᠭᠠᠵᠠᠷ ᠲᠠᠭᠠᠨ ᠣᠶᠢᠷ᠎ᠠ ᠵᠠᠭᠤᠷ᠎ᠠ ᠪᠠᠨ ᠪᠡᠶ᠎ᠡ ᠲᠠᠮᠢᠷ ᠤᠨ ᠬᠥᠳᠡᠯᠭᠡᠭᠡᠨ ᠳᠤ ᠣᠷᠣᠯᠴᠠᠬᠤ ᠶᠢ ᠲᠦᠭᠦᠮ | ᠪᠣᠯᠭᠠᠨ᠎ᠠ︔ ᠬᠤᠶᠠᠷ ᠲᠤ᠂ ᠤᠯᠠᠨ ᠲᠦᠮᠡᠨ ᠤ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠢ | ᠲᠡᠭᠦᠯᠳᠡᠷᠵᠢᠭᠦᠯᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠡᠩᠨᠡᠭᠡ ᠪᠠ ᠤᠯᠠᠨ | ᠲᠦᠮᠡᠨ ᠤ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠰᠦᠯᠵᠢᠶ᠎ᠡ ᠶᠢ ᠥᠷᠭᠡᠳᠬᠡᠵᠦ᠂ ᠵᠣᠬᠢᠶᠠᠨ | ᠪᠠᠶᠢᠭᠤᠯᠤᠯᠲᠠ ᠲᠠᠢ ᠪᠠᠷ ᠤᠯᠠᠨ ᠲᠦᠮᠡᠨ ᠢ ᠬᠥᠲᠥᠯᠥᠨ ᠵᠢᠯᠤᠭᠤᠳᠤᠨ᠎ᠠ︔ ᠭᠤᠷᠪᠠ ᠳᠤ᠂ ᠪᠠᠶᠢᠩᠭᠤ ᠶᠢᠨ ᠴᠢᠨᠠᠷᠲᠠᠶ | ᠤᠯᠠᠨ ᠲᠦᠮᠡᠨᠴᠢ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠡᠷᠬᠢᠯᠡᠨ᠎ᠡ᠃ ᠡᠯ᠎ᠡ ᠱᠠᠲᠤᠨ ᠤ ᠨᠠᠮ ᠵᠠᠰᠠᠭ ᠤᠨ | ᠪᠠᠶᠢᠭᠤᠯᠭ᠎ᠠ ᠲᠦᠷᠦᠭᠦᠯᠡᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ ᠥᠷᠨᠢᠭᠦᠯᠵᠦ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ᠂ ᠮᠠᠯᠴᠢᠨ | ᠲᠠᠷᠢᠶᠠᠴᠢᠨ ᠤ ᠪᠡᠶ᠎ᠡ ᠶᠢᠨ ᠲᠠᠮᠢᠷ᠂ ᠨᠠᠰᠤᠲᠠᠶᠢᠴᠤᠳ ᠤᠨ ᠪᠡᠶ᠎ᠡ ᠶᠢᠨ ᠲᠠᠮᠢᠷ᠂ ᠵᠡᠮᠳᠡᠭᠴᠤᠤᠯ ᠤᠨ ᠪᠡᠶ᠎ᠡ ᠲᠠᠮᠢᠷ᠂ | ᠦᠨᠳᠦᠰᠦᠲᠡᠨ ᠤ ᠪᠡᠶ᠎ᠡ ᠶᠢᠨ ᠲᠠᠮᠢᠷ ᠵᠡᠷᠭᠡ ᠬᠦᠳᠡᠯᠭᠡᠭᠡᠨ ᠢ ᠶᠡᠬᠡᠪᠡᠷ ᠥᠷᠨᠢᠭᠦᠯᠵᠦ᠂ ᠰᠢᠨᠵᠢᠯᠡᠬᠦ ᠤᠬᠠᠭᠠᠨ ᠢ | ᠡᠷᠬᠢᠮᠯᠡᠵᠦ᠂ ᠪᠣᠯᠪᠠᠰᠤᠨ᠂ ᠡᠷᠡᠭᠦᠯ ᠰᠠᠶᠢᠬᠠᠨ ᠠᠮᠢᠳᠤᠷᠠᠯ ᠤᠨ ᠠᠷᠭ᠎ᠠ ᠬᠡᠯᠪᠡᠷᠢ ᠪᠠᠷ ᠤᠯᠠᠨ ᠲᠦᠮᠡᠨ ᠤ ᠠᠵᠢᠯ ᠤᠨ | ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠣᠨ᠎ᠠ᠃ ᠪᠡᠶ᠎ᠡ ᠶᠢᠨ ᠲᠠᠮᠢᠷ ᠤᠨ ᠠᠵᠢᠯᠯᠠᠭ᠎ᠠ ᠤᠨ ᠪᠠᠶᠢᠳᠠᠯ ᠢ | ᠪᠣᠯᠪᠠᠰᠤᠨ ᠨᠡᠶᠢᠭᠡᠮ ᠤᠨ ᠲᠣᠭᠤᠷᠢᠭ᠂ ᠪᠣᠯᠪᠠᠰᠤᠨ ᠰᠤᠮᠤ ᠰᠢᠶᠠᠩ ᠪᠠᠯᠭᠠᠰᠤ ᠶᠢᠨ ᠰᠢᠯᠭᠠᠷᠠᠭᠤᠯᠬᠤ ᠨᠥᠬᠦᠴᠡᠯ | ᠪᠤᠯᠭᠠᠵᠦ᠂ ᠬᠢᠨᠠᠨ ᠰᠢᠯᠭᠠᠬᠤ ᠪᠠ ᠱᠠᠩᠨᠠᠬᠤ ᠠᠷᠭ᠎ᠠ ᠶᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠷᠭᠡᠨ ᠤ ᠪᠡᠶ᠎ᠡ | ᠮᠠᠬᠠᠪᠣᠳ ᠢ ᠬᠢᠨᠠᠨ ᠬᠡᠮᠵᠢᠬᠦ ᠰᠢᠰᠲ᠋ᠧᠮ ᠪᠠ ᠠᠵᠢᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ | ᠢᠷᠭᠡᠨ ᠤ ᠪᠡᠶ᠎ᠡ ᠮᠠᠬᠠᠪᠣᠳ ᠢ ᠬᠢᠨᠠᠨ ᠬᠡᠮᠵᠢᠭᠰᠡᠨ ᠦᠷ᠎ᠡ ᠳ᠋ᠦᠩ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ | ᠨᠡᠶᠢᠲᠡ ᠳᠤ ᠨᠡᠶᠢᠲᠡᠯᠡᠬᠦ ᠬᠡᠷᠡᠭᠲᠡᠶ᠃ ᠤᠯᠤᠰ ᠤᠨ ᠠᠷᠠᠳ ᠢᠷᠭᠡᠨ ᠤ ᠪᠡᠶ᠎ᠡ ᠮᠠᠬᠠᠪᠣᠳ ᠢ ᠬᠢᠨᠠᠨ ᠰᠢᠯᠭᠠᠬᠤ | ᠭᠦᠢᠴᠡᠳᠬᠡᠬᠦ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠬᠦᠭᠵᠢᠯᠲᠡ ᠤᠨ ᠶᠡᠷᠦᠩᠬᠡᠶᠢᠯᠡᠭᠰᠡᠨ ᠲᠤᠭ᠎ᠠ | ᠪᠦᠷᠢᠳᠬᠡᠯ ᠤᠨ ᠭᠦᠢᠴᠡᠳᠬᠡᠬᠦ ᠲᠤᠭ᠎ᠠ ᠳᠤ ᠪᠠᠭᠲᠠᠭᠠᠨ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦ ᠪᠠᠷᠢᠮᠲᠠ ᠬᠠᠨᠭ᠍ᠭᠠᠨ᠎ᠠ᠃ | ︵ᠨᠠᠢᠮᠠ︶ ᠰᠤᠷᠭᠠᠭᠤᠯᠢ ᠶᠢᠨ ᠪᠡᠶ᠎ᠡ ᠶᠢᠨ ᠲᠠᠮᠢᠷ ᠪᠣᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ | ᠭᠤᠣᠯᠳᠠᠯᠭ᠎ᠠ ᠮᠦᠨ᠃ ᠡᠯ᠎ᠡ ᠱᠠᠲᠤᠨ ᠤ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠨᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠬᠠᠮᠢᠶᠠᠷᠤᠯᠲᠠ᠂ ᠵᠢᠯᠣᠭᠤᠳᠣᠯᠭ᠎ᠠ ᠶᠢ | ᠴᠢᠩᠭᠠᠳᠬᠠᠵᠤ᠂ ᠡᠯ᠎ᠡ ᠳᠡᠰ ᠡᠯ᠎ᠡ ᠲᠦᠷᠦᠯ ᠤᠨ ᠰᠤᠷᠭᠠᠭᠤᠯᠢ ᠶᠢ ᠬᠢᠨᠠᠨ ᠱᠠᠭᠠᠷᠳᠠᠵᠦ᠂ ᠨᠠᠷᠢᠨ ᠬᠢᠨᠠᠮᠠᠭᠠᠢ ᠪᠠᠷ | ᠶᠣᠰᠣ ᠮᠣᠷᠠᠯ᠂ ᠤᠶᠤᠨ ᠤᠬᠠᠭᠠᠨ᠂ ᠪᠡᠶ᠎ᠡ ᠮᠠᠬᠠᠪᠣᠳ ᠤᠨ ᠪᠦᠬᠦ ᠲᠠᠯ᠎ᠠ ᠪᠠᠷ ᠬᠥᠭᠵᠢᠭᠦᠯᠬᠦ ᠴᠢᠭᠯᠡᠯᠲᠡ ᠪᠠ | ︽ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠳᠦᠷᠢᠮ︾ ᠢ ᠲᠤᠤᠱᠯᠠᠭᠤᠯᠵᠤ᠂ ᠪᠡᠶ᠎ᠡ ᠶᠢᠨ ᠲᠠᠮᠢᠷ ᠤᠨ | ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠬᠢᠴᠢᠶᠡᠯ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠴᠠᠭ ᠢ | ᠪᠠᠳᠣᠯᠠᠵᠦ᠂ ᠵᠠᠯᠠᠭᠤᠴᠤᠳ ᠪᠠᠭᠠᠴᠤᠳ ᠲᠤ ᠦᠨᠳᠦᠰᠦᠨ ᠬᠥᠳᠡᠯᠭᠡᠭᠡᠨ ᠤ ᠤᠷ᠎ᠠ ᠮᠡᠷᠭᠡᠰᠢᠯ ᠡᠵᠡᠮᠰᠢᠭᠦᠯᠵᠦ᠂ ᠨᠠᠰᠤᠨ | ᠲᠤᠷᠰᠢᠳᠠ ᠪᠠᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠳᠠᠳᠬᠠᠯ ᠲᠠᠢ ᠪᠣᠯᠭᠠᠨ᠎ᠠ᠃ ᠨᠥᠬᠦᠴᠡᠯ | ᠪᠦᠷᠢᠯᠳᠦᠭᠦᠯᠵᠦ ᠪᠠᠶᠢᠭᠠᠳ ᠣᠯᠠᠨ ᠵᠦᠢᠯ ᠤᠨ ᠬᠡᠯᠪᠡᠷᠢ ᠶᠢᠨ ᠠᠵᠢᠯ ᠤᠨ ᠴᠢᠯᠥᠭᠡᠨ ᠤ ᠪᠣᠯᠪᠠᠰᠤᠷᠠᠯ ᠢ ᠦᠷᠨᠢᠭᠦᠯᠵᠦ᠂ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠳᠡᠭᠡᠳᠦ ᠬᠡᠪ ᠴᠢᠨᠠᠷ ᠪᠦᠬᠦᠢ ᠤᠯᠠᠨ | ᠲᠦᠮᠡᠨ ᠤ ᠪᠡᠶ᠎ᠡ ᠶᠢᠨ ᠲᠠᠮᠢᠷ ᠤᠨ ᠨᠢᠷᠤᠭᠤᠪᠴᠢ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ | ᠴᠢᠳᠠᠪᠤᠷᠢᠲᠠᠨ ᠢ ᠬᠦᠮᠦᠵᠢᠭᠦᠯᠦᠨ᠎ᠡ᠃ | ︵ᠶᠢᠰᠦ︶ ᠦᠨᠳᠦᠰᠦᠲᠡᠨ ᠤ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠬᠤ ᠬᠡᠷᠡᠭᠲᠡᠢ᠃ ᠡᠯ᠎ᠡ | ᠱᠠᠲᠤᠨ ᠤ ᠵᠠᠰᠠᠭ ᠤᠨ ᠣᠷᠳᠣᠨ ᠠᠴᠠ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢ ᠢᠳᠡᠪᠬᠢᠲᠡᠶ ᠪᠠᠷ ᠵᠣᠷᠢᠭᠵᠢᠭᠤᠯᠤᠨ ᠲᠡᠳᠬᠦᠨ ᠲᠡᠮᠵᠢᠵᠦ᠂ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠥᠲᠥᠯᠦᠨ ᠵᠢᠯᠣᠭᠤᠳᠴᠤ ᠦᠷᠨᠢᠭᠦᠯᠦᠨ᠂ ᠤᠯᠠᠮᠵᠢᠯᠠᠯᠲᠤ ᠪᠡᠶ᠎ᠡ ᠲᠠᠮᠢᠷ ᠤᠨ | ᠲᠦᠷᠦᠯ ᠵᠦᠢᠯ ᠢ ᠰᠡᠷᠭᠦᠭᠡᠵᠦ ᠡᠮᠬᠢᠳᠭᠡᠨ᠂ ᠴᠠᠭ ᠲᠤᠨᠢ ᠲᠣᠬᠢᠷᠠᠭᠤᠯᠤᠨ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠴᠤᠭᠯᠠᠭᠠᠨ ᠢ ᠵᠣᠬᠢᠶᠠᠨ ᠪᠠᠶᠢᠭᠤᠯᠣᠨ᠂ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ | ᠲᠠᠮᠢᠷ ᠤᠨ ᠴᠢᠳᠠᠪᠤᠷᠢᠲᠠᠨ ᠢ ᠰᠢᠯᠢᠨ ᠰᠣᠩᠭᠤᠵᠣ ᠬᠦᠮᠦᠵᠢᠭᠦᠯᠬᠦ ᠬᠡᠷᠡᠭᠲᠡᠶ᠃ ᠴᠥᠭᠡᠨ ᠲᠣᠭᠠᠲᠤ ᠦᠨᠳᠦᠰᠦᠲᠡᠨ ᠤ | ᠬᠥᠮᠦᠨ ᠠᠮᠠ ᠲᠥᠪᠯᠡᠷᠡᠨ ᠰᠠᠭᠤᠭᠰᠠᠨ ᠭᠠᠵᠠᠷ ᠣᠷᠣᠨ ᠤ ᠪᠡᠶ᠎ᠡ ᠲᠠᠮᠢᠷ ᠤᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠬᠦᠨᠳᠦᠳᠬᠡᠨ ᠦᠵᠡᠵᠦ᠂ ᠦᠨᠳᠦᠰᠦᠲᠡᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ | ᠬᠡᠷᠡᠭᠴᠡᠭᠡ ᠶᠢ ᠬᠠᠩᠭᠠᠬᠤ ᠬᠡᠷᠡᠭᠲᠡᠶ᠃ | ᠲᠥᠷᠪᠡ᠂ ︽ᠣᠯᠢᠮᠫᠢᠺ ᠤᠨ ᠲᠠᠮᠢᠷ ᠤᠨ ᠴᠤᠭᠯᠠᠭᠠᠨ ᠤ ᠢᠷᠠᠭᠤ ᠠᠯᠳᠠᠷ ᠤᠨ ᠲᠥᠯᠥᠭᠡ ᠲᠡᠮᠡᠴᠡᠬᠦ | ᠲᠥᠯᠥᠪᠯᠡᠭᠡ ᠶᠢᠨ ᠲᠣᠪᠴᠢ︾ ᠶᠢ ᠬᠡᠷᠡᠭᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠢᠷᠢ ᠬᠡᠮᠵᠢᠶ᠎ᠡ ᠶᠢ | ᠲᠦᠷᠭᠡᠨ ᠢᠶᠠᠷ ᠳᠡᠭᠡᠭᠰᠢᠯᠡᠭᠦᠯᠦᠨ᠎ᠡ | ︵ᠠᠷᠪᠠ︶ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠢᠳᠡᠪᠬᠢᠲᠡᠶ ᠪᠠᠷ | ᠤᠷᠤᠯᠳᠤᠭᠠᠨ ᠤ ᠪᠡᠶ᠎ᠡ ᠶᠢᠨ ᠲᠠᠮᠢᠷ ᠢ ᠬᠥᠭᠵᠢᠭᠦᠯᠵᠦ᠂ ᠣᠯᠢᠮᠫᠢᠺ ᠤᠨ ᠲᠠᠮᠢᠷ ᠤᠨ ᠴᠤᠭᠯᠠᠭᠠᠨ ᠤ ᠢᠷᠠᠭᠤ ᠠᠯᠳᠠᠷ ᠢ | ᠲᠡᠮᠡᠴᠡᠨ ᠤᠯᠬᠤ ᠲᠥᠯᠥᠪᠯᠡᠭᠡ ᠶᠢ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ᠃ ᠬᠥᠳᠡᠯᠭᠡᠭᠡᠨ ᠤ ᠵᠦᠢᠯᠡᠰ ᠢ | ᠪᠠᠶᠢᠷᠢᠯᠠᠭᠤᠯᠬᠤ ᠶᠢ ᠵᠣᠬᠢᠰᠲᠠᠶ ᠲᠣᠬᠢᠷᠠᠭᠤᠯᠵᠤ᠂ ᠪᠡᠶ᠎ᠡ ᠶᠢᠨ ᠲᠠᠮᠢᠷ ᠤᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠵᠤ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠣᠯᠢᠮᠫᠢᠺ ᠤᠨ | ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠬᠠᠮᠤᠭ ᠤᠨ ᠳᠡᠭᠡᠳᠦ ᠬᠠᠷᠠᠯᠲᠠ ᠪᠣᠯᠭᠠᠨ᠂ ᠪᠦᠬᠦ ᠤᠯᠤᠰ ᠤᠨ ᠲᠠᠮᠢᠷ ᠤᠨ | ᠴᠤᠭᠯᠠᠭᠠᠨ ᠢᠶᠠᠷ ᠭᠤᠣᠯ ᠡᠭᠦᠷᠭᠡ ᠪᠠᠨ ᠪᠣᠯᠭᠠᠵᠤ᠂ ᠴᠢᠳᠠᠪᠤᠷᠢᠲᠠᠨ ᠢᠶᠠᠷ ᠦᠨᠳᠦᠰᠦ ᠪᠣᠯᠭᠠᠨ᠂ ᠰᠠᠭᠤᠷᠢ ᠶᠢ | ᠴᠢᠩᠭᠠᠷᠠᠭᠤᠯᠵᠤ᠂ ᠳᠠᠪᠠᠭᠤᠯᠢᠭ ᠢᠶᠠᠨ ᠪᠠᠳᠠᠷᠠᠭᠤᠯᠣᠨ᠂ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠵᠣᠬᠢᠮᠵᠢᠲᠠᠢ | ᠬᠡᠪᠴᠢᠶ᠎ᠡ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ | ᠲᠣᠭᠲᠠᠭᠠᠨ᠎ᠠ᠃ | ︵ᠠᠷᠪᠠᠨ ᠨᠢᠭᠡ︶ ᠰᠢᠯᠢᠳᠡᠭ ᠲᠠᠮᠢᠷᠴᠢᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ | ︽ᠬᠦᠴᠢᠷ᠂ ᠴᠢᠩᠭ᠎ᠠ᠂ ᠪᠣᠳᠠᠲᠤ ᠪᠠᠶᠢᠯᠳᠤᠭᠠᠨ ᠤ ᠬᠡᠷᠡᠭᠴᠡᠭᠡ ᠠᠴᠠ ᠡᠭᠦᠰᠴᠦ᠂ ᠰᠢᠨᠵᠢᠯᠡᠬᠦ ᠤᠬᠠᠭᠠᠨ ᠤ ᠶᠡᠭᠡ | ᠬᠥᠳᠡᠯᠭᠡᠭᠡᠨᠲᠦ ᠪᠣᠯᠪᠠᠰᠤᠷᠠᠯ ᠬᠢᠬᠦ︾ ᠵᠠᠷᠴᠢᠮ ᠤᠨ ᠶᠣᠰᠣ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠲᠠᠮᠢᠷᠴᠢᠨ ᠤ | ᠡᠩᠨᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠣᠯᠪᠠᠰᠣᠷᠠᠬᠤ ᠲᠦᠷᠢᠮ ᠢ ᠴᠢᠩᠭᠠᠳᠬᠠᠨ᠂ ᠤᠷᠤᠯᠳᠤᠭᠠᠨ ᠤ | ᠰᠠᠬᠢᠯᠭ᠎ᠠ ᠪᠠᠲᠤ ᠶᠢ ᠴᠢᠩᠭ᠎ᠠ ᠳᠣᠳᠣᠷᠬᠠᠶᠢᠯᠠᠨ᠎ᠠ᠃ ᠲᠠᠮᠢᠷᠴᠢᠨ ᠤ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ | ᠦᠨᠡᠨ ᠬᠦ ᠴᠢᠩᠭᠠᠳᠬᠠᠵᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ | ᠲᠠᠮᠢᠷᠴᠢᠨ ᠤ ᠰᠢᠨᠵᠢᠯᠡᠬᠦ ᠤᠬᠠᠭᠠᠨ ᠰᠣᠶᠣᠯ ᠤᠨ ᠬᠥᠮᠦᠵᠢᠯ ᠢ ᠴᠢᠬᠤᠯᠴᠢᠯᠠᠵᠤ᠂ ᠰᠣᠶᠣᠯ ᠤᠨ ᠬᠡᠪ ᠴᠢᠨᠠᠷ ᠢ | ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠲᠠᠮᠢᠷᠴᠢᠨ ᠢ | ᠰᠢᠯᠢᠨ ᠳᠡᠪᠰᠢᠭᠦᠯᠬᠦ ᠲᠦᠷᠢᠮ᠂ ᠠᠵᠢᠯ ᠣᠯᠭᠤᠬᠤ ᠠᠵᠢᠯ ᠤᠨ ᠪᠠᠶᠢᠷᠢ ᠰᠣᠯᠢᠬᠤ ᠪᠣᠯᠪᠠᠰᠤᠷᠠᠯ ᠤᠨ ᠲᠦᠷᠢᠮ᠂ ᠡᠮ | ᠡᠮᠨᠡᠯᠭᠡ ᠪᠣᠯᠤᠨ ᠵᠡᠮᠳᠡᠭᠴᠦᠳ ᠤᠨ ᠳᠠᠭᠠᠳᠬᠠᠯ ᠤᠨ ᠲᠦᠷᠢᠮ ᠵᠢᠴᠢ ᠠᠵᠢᠯ ᠠᠴᠠ ᠪᠠᠭᠤᠭᠰᠠᠨ ᠲᠠᠮᠢᠷᠴᠢᠳ ᠤᠨ | ᠠᠵᠢᠯ ᠣᠯᠭᠤᠵᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ︵ᠠᠷᠪᠠᠨ ᠬᠤᠶᠠᠷ︶ ᠪᠡᠶ᠎ᠡ ᠶᠢᠨ ᠲᠠᠮᠢᠷ ᠤᠨ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠤ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ | ᠰᠠᠭᠤᠷᠢᠨ ᠳᠡᠭᠡᠷ᠎ᠡ ᠨᠢᠭᠡ ᠪᠦᠯᠦᠭ ᠲᠡᠯᠡᠬᠡᠢ ᠶᠢᠨ ᠬᠡᠪᠴᠢᠶ᠎ᠡ᠂ ᠲᠢᠪ ᠠᠯᠤᠰᠯᠠᠬᠤ ᠴᠢᠬᠤᠯᠠ ᠶᠡᠭᠡ ᠤᠷᠤᠯᠳᠤᠭᠠᠨ ᠤ | ᠳᠤᠮᠳᠠ ᠰᠢᠯᠢᠳᠡᠭ ᠰᠠᠶᠢᠨ ᠬᠢᠷᠢ ᠪᠦᠲᠦᠮᠵᠢ ᠥᠨᠳᠥᠷ ᠬᠢᠷᠢ ᠲᠦᠪᠰᠢᠨ ᠪᠥᠬᠦᠶ ᠲᠠᠮᠢᠷᠴᠢᠨ ᠢ ᠪᠣᠢ ᠪᠣᠯᠭᠠᠨᠨᠠ᠃ | ᠤᠯᠠᠨ ᠲᠡᠰ ᠳᠠᠪᠬᠤᠷᠭ᠎ᠠ ᠶᠢᠨ ᠥᠷᠢᠰᠥᠯᠳᠦᠭᠡᠨ᠂ ᠤᠷᠮᠠᠰᠢᠭᠤᠯᠤᠨ ᠵᠣᠷᠢᠭᠵᠢᠭᠤᠯᠬᠤ ᠪᠠ ᠬᠢᠵᠠᠭᠠᠷᠯᠠᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠭᠴᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯᠲᠡᠨ᠂ | ᠬᠠᠮᠢᠶᠠᠷᠤᠯᠲᠠ ᠶᠢᠨ ᠠᠵᠢᠯᠲᠠᠨ ᠪᠣᠯᠤᠨ ᠬᠢᠨᠠᠭᠴᠢ ᠬᠥᠮᠦᠵᠢᠭᠦᠯᠬᠦ ᠪᠠ ᠬᠡᠷᠡᠭᠯᠡᠬᠦ ᠲᠠᠯ᠎ᠠ ᠪᠠᠷ ᠴᠢᠩᠭᠠᠳᠬᠠᠵᠤ᠂ ᠲᠥᠷᠥᠯ | ᠵᠦᠢᠯ ᠪᠠ ᠰᠢᠨᠵᠢᠯᠡᠭᠡᠨ ᠤ ᠰᠠᠯᠠᠭᠠᠨ ᠤ ᠲᠦᠷᠦᠭᠦᠯᠡᠭᠴᠢᠳ ᠢᠶᠠᠷ ᠭᠤᠣᠯᠯᠠᠭᠴᠢ ᠡᠩᠨᠡᠭᠡ ᠪᠠᠶᠢᠭᠤᠯᠣᠨ᠂ ᠨᠡᠩ ᠤᠯᠠᠨ | ᠬᠥᠮᠦᠨ ᠢ ᠤᠯᠤᠰ ᠤᠨ ᠲᠠᠰ ᠤᠨ ᠴᠢᠳᠠᠪᠤᠷᠢᠲᠠᠨ ᠤ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃ ᠥᠨᠳᠥᠷ | ᠲᠦᠪᠰᠢᠨ ᠲᠠᠢ ᠴᠢᠳᠠᠪᠤᠷᠢᠲᠠᠨ ᠢ ᠣᠷᠣᠭᠤᠯᠤᠨ ᠬᠠᠷᠠᠭᠠᠯᠵᠠᠯ ᠤᠨ ᠣᠯᠭᠤᠮᠵᠢ ᠣᠯᠭᠤᠬᠤ ᠬᠡᠷᠡᠭᠲᠡᠶ᠃ ᠡᠯ᠎ᠡ | ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ᠂ ᠡᠯ᠎ᠡ ᠲᠠᠯ᠎ᠠ ᠶᠢᠨ | ᠬᠦᠴᠦᠨ ᠢ ᠳᠠᠶᠢᠴᠢᠯᠠᠵᠤ᠂ ᠪᠡᠶ᠎ᠡ ᠶᠢᠨ ᠲᠠᠮᠢᠷ ᠤᠨ ᠰᠢᠯᠢᠳᠡᠭ ᠴᠢᠳᠠᠪᠤᠷᠢᠲᠠᠨ ᠴᠣᠯᠭᠤᠷᠠᠨ ᠭᠠᠷᠬᠤ ᠰᠠᠶᠢᠨ ᠰᠠᠶᠢᠬᠠᠨ | ᠣᠷᠴᠢᠨ ᠨᠥᠬᠦᠴᠡᠯ ᠢ ᠪᠤᠢ ᠪᠣᠯᠭᠠᠨ᠎ᠠ᠃ | ︵ᠠᠷᠪᠠᠨ ᠭᠤᠷᠪᠠ︶ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠵᠢᠭᠠᠨ | ᠰᠣᠷᠭᠠᠯᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠬᠤᠯᠴᠢᠯᠠᠵᠤ᠂ ᠪᠣᠯᠪᠠᠰᠤᠷᠠᠭᠤᠯᠬᠤ ᠠᠷᠭ᠎ᠠ ᠶᠢ ᠰᠠᠶᠢᠵᠢᠷᠠᠭᠤᠯᠣᠨ᠂ | ᠪᠣᠯᠪᠠᠰᠤᠷᠠᠯ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠂ ᠵᠢᠭᠠᠨ ᠰᠤᠷᠭᠠᠯᠲᠠ ᠶᠢ ᠨᠢᠭᠲᠠ ᠤᠶᠠᠯᠳᠤᠭᠤᠯᠬᠤ | ᠬᠡᠷᠡᠭᠲᠡᠶ᠃ ᠪᠡᠯᠡ ᠣᠷᠣᠭᠤᠯᠤᠯᠲᠠ ᠪᠠ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠷᠠᠭᠤᠯᠤᠯ ᠤᠨ | ᠨᠥᠬᠦᠴᠡᠯ ᠢ ᠠᠯᠢ ᠴᠢᠳᠠᠬᠤᠶᠢᠴᠠ ᠲᠦᠷᠭᠡᠨ ᠰᠠᠶᠢᠵᠢᠷᠠᠭᠤᠯᠬᠤ᠂ ᠪᠦᠲᠦᠭᠡᠨ ᠪᠠᠶᠢᠭᠤᠯᠤᠯᠲᠠ ᠪᠠ | ᠭᠤᠣᠯᠳᠠᠯᠭ᠎ᠠ ᠲᠠᠢ ᠪᠠᠷ ᠰᠢᠯᠢᠳᠡᠭ ᠢ ᠲᠡᠳᠬᠦᠨ ᠳᠡᠮᠵᠢᠬᠦ᠂ ᠭᠤᠣᠯᠳᠠᠯᠭ᠎ᠠ ᠲᠠᠢ ᠲᠦᠷᠦᠯ ᠵᠦᠢᠯ ᠵᠢᠴᠢ | ᠪᠣᠯᠪᠠᠰᠤᠷᠠᠯ ᠤᠨ ᠰᠠᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠣᠨᠴᠠᠭᠠᠶᠢᠯᠠᠨ ᠴᠢᠩᠭ᠎ᠠ | ᠠᠳᠬᠤᠵᠦ᠂ ᠲᠡᠭᠦᠨ ᠢ ᠤᠯᠤᠰ ᠤᠨ ᠳᠣᠲᠣᠭᠠᠳᠤ ᠶᠢᠨ ᠨᠡᠯᠢᠶᠡᠳ ᠥᠨᠳᠥᠷ ᠬᠡᠮᠵᠢᠶᠡᠨ ᠳᠤ ᠬᠦᠷᠭᠡᠨ᠎ᠡ᠃ | ︵ᠠᠷᠪᠠᠨ ᠳᠥᠷᠪᠡ︶ ᠪᠡᠶ᠎ᠡ ᠶᠢᠨ ᠲᠠᠮᠢᠷ ᠪᠠ ᠬᠢᠴᠢᠶᠡᠯ ᠬᠥᠮᠦᠵᠢᠯ ᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ | ᠠᠵᠢᠯ ᠤᠨ ᠴᠢᠯᠥᠭᠡᠨ ᠤ ᠪᠣᠯᠪᠠᠰᠤᠷᠠᠯ ᠤᠨ ᠡᠳ᠋ ᠤᠨ ᠵᠠᠰᠠᠭ ᠤᠨ ᠣᠷᠣᠭᠤᠯᠤᠯᠲᠠ ᠪᠠᠨ ᠨᠡᠮᠡᠭᠳᠡᠭᠦᠯᠬᠦ ᠬᠡᠷᠡᠭᠲᠡᠶ᠃ | ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠲᠤᠰᠠᠭᠠᠷ ᠢᠶᠠᠨ ᠪᠤᠶᠤ ᠬᠠᠮᠳᠣᠷᠠᠬᠤ ᠵᠡᠷᠭᠡ | ᠬᠡᠯᠪᠡᠷᠢ ᠶᠢ ᠠᠪᠴᠤ᠂ ᠵᠠᠯᠠᠭᠤᠴᠤᠳ ᠪᠠᠭᠠᠴᠤᠳ ᠤᠨ ᠲᠠᠮᠢᠷ ᠤᠨ ᠰᠤᠷᠭᠠᠭᠤᠯᠢ ᠶᠢ ᠰᠠᠶᠢᠲᠤᠷ ᠡᠷᠬᠢᠯᠡᠵᠦ᠂ | ᠵᠠᠯᠠᠭᠤᠴᠤᠳ ᠪᠠᠭᠠᠴᠤᠳ ᠤᠨ ᠠᠵᠢᠯ ᠤᠨ ᠴᠢᠯᠥᠭᠡᠨ ᠤ ᠪᠣᠯᠪᠠᠰᠤᠷᠠᠯ ᠤᠨ ᠲᠣᠣᠷ ᠰᠦᠯᠵᠢᠶ᠎ᠡ ᠶᠢ | ᠲᠡᠭᠦᠯᠳᠡᠷᠵᠢᠭᠦᠯᠦᠨ᠎ᠡ᠃ ᠠᠶᠢᠮᠠᠭ ᠬᠤᠳᠠ᠂ ᠠᠶᠢᠮᠠᠭ ᠬᠤᠳᠠ ᠶᠢᠨ ᠪᠠᠶᠢᠭ᠎ᠠ ᠭᠠᠵᠠᠷ ᠤᠨ ᠳᠡᠰ ᠤᠨ ᠬᠤᠲᠠ᠂ | ᠲᠤᠭᠤᠷᠢᠭ ᠪᠠ ᠬᠥᠮᠦᠨ ᠠᠮᠠ ᠨᠢ 30 ᠲᠦᠮᠡ ᠠᠴᠠ ᠳᠡᠭᠡᠭᠰᠢ ᠬᠤᠰᠢᠭᠤ ᠰᠢᠶᠠᠨ ᠤ ᠬᠢᠨ ᠲᠤᠰ ᠲᠤᠰ ᠨᠢᠭᠡ | ᠪᠤᠶᠤ ᠣᠯᠠᠨ ᠠᠵᠢᠯ ᠤᠨ ᠴᠢᠯᠥᠭᠡᠨ ᠤ ᠪᠣᠯᠪᠠᠰᠤᠷᠠᠯ ᠢᠶᠠᠷ ᠭᠤᠣᠯ ᠪᠣᠯᠭᠠᠭᠰᠠᠨ ᠵᠠᠯᠠᠭᠤᠴᠤᠳ ᠪᠠᠭᠠᠴᠤᠳ ᠤᠨ | ᠲᠠᠮᠢᠷ ᠤᠨ ᠰᠤᠷᠭᠠᠭᠤᠯᠢ ᠶᠢ ᠪᠠᠶᠢᠭᠤᠯᠬᠤ ᠭᠡᠷᠡᠭᠲᠡᠢ︔ ᠬᠥᠮᠦᠨ ᠠᠮᠠ ᠨᠢ 30 ᠲᠦᠮᠡ ᠠᠴᠠ ᠳᠣᠷᠣᠭᠰᠢᠬᠢ | ᠬᠤᠰᠢᠭᠤ ᠰᠢᠶᠠᠨ ᠨᠢ ᠤᠯᠠᠮᠵᠢᠯᠠᠯᠲᠤ ᠲᠦᠷᠦᠯ ᠵᠦᠢᠯ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ | ᠬᠦᠴᠦᠯᠡᠨ ᠠᠳᠬᠤᠬᠤ ᠬᠡᠷᠡᠭᠲᠡᠶ︔ ᠵᠠᠯᠠᠭᠤᠴᠤᠳ ᠪᠠᠭᠠᠴᠤᠳ ᠤᠨ ᠲᠠᠮᠢᠷ ᠤᠨ ᠰᠤᠷᠭᠠᠭᠤᠯᠢ ᠶᠢ ᠶᠢᠰᠦᠨ ᠵᠢᠯ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠵᠠᠯᠠᠭᠤᠴᠤᠳ | ᠪᠠᠭᠠᠴᠤᠳ ᠤᠨ ᠲᠠᠮᠢᠷ ᠤᠨ ᠰᠤᠷᠭᠠᠭᠤᠯᠢ ᠠᠴᠠ ᠪᠣᠳᠠᠲᠤ ᠴᠣᠭᠴᠠᠵᠢᠬᠤ ᠰᠤᠷᠭᠠᠭᠤᠯᠢ ᠡᠷᠬᠢᠯᠡᠬᠦ ᠠᠬᠢᠴᠠ ᠶᠢ | ᠲᠦᠯᠬᠢᠨ ᠠᠬᠢᠭᠤᠯᠨᠠ︔ ᠵᠠᠯᠠᠭᠤᠴᠤᠳ ᠪᠠᠭᠠᠴᠤᠳ ᠤᠨ ᠠᠵᠢᠯ ᠤᠨ ᠴᠢᠯᠥᠭᠡᠨ ᠤ ᠪᠣᠯᠪᠠᠰᠤᠷᠠᠯ ᠤᠨ ᠠᠵᠢᠯ ᠢ | ᠢᠳᠡᠪᠬᠢᠲᠡᠶ ᠳᠡᠮᠵᠢᠵᠦ᠂ ᠥᠨᠳᠥᠷ ᠬᠢᠷᠢ ᠲᠦᠪᠰᠢᠨ ᠪᠥᠬᠦᠶ ᠪᠡᠯᠡᠳᠬᠡᠯ ᠴᠢᠳᠠᠪᠤᠷᠢᠲᠠᠨ ᠢ ᠪᠣᠯᠪᠠᠰᠤᠷᠠᠭᠤᠯᠬᠤ | ᠰᠠᠭᠤᠷᠢᠨ ᠭᠠᠵᠠᠷ ᠢ ᠭᠤᠣᠯᠳᠠᠯᠭ᠎ᠠ ᠲᠠᠢ ᠲᠡᠳᠬᠦᠨ ᠳᠡᠮᠵᠢᠬᠦ ᠬᠡᠷᠡᠭᠲᠡᠶ᠂ ᠠᠵᠢᠯ ᠤᠨ ᠴᠢᠯᠥᠭᠡᠨ ᠤ ᠪᠣᠯᠪᠠᠰᠤᠷᠠᠯ ᠳᠤ | ᠣᠷᠣᠯᠴᠠᠬᠤ ᠪᠥᠭᠡᠳ ᠳᠡᠭᠡᠷ᠎ᠡ ᠨᠢᠭᠡ ᠳᠡᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠣᠯᠴᠠᠵᠦ ᠳ᠋ᠤᠭᠠᠷ ᠲᠤ | ᠣᠷᠣᠬᠰᠡᠨ ᠳᠠᠩᠰᠠᠯᠠᠭᠤᠯᠤᠭᠰᠠᠨ ᠲᠠᠮᠢᠷᠴᠢᠨ ᠲᠤ ᠬᠠᠤᠯᠢ ᠶᠣᠰᠣᠭᠠᠷ ᠪᠣᠯᠪᠠᠰᠤᠷᠠᠯ ᠤᠨ ᠨᠥᠬᠦᠪᠥᠷᠢ ᠣᠯᠭᠤᠬᠤ | ᠬᠡᠷᠡᠭᠲᠡᠶ᠃ ᠡᠭᠦᠨ ᠤ ᠬᠠᠮᠲᠤ ᠨᠡᠶᠢᠭᠡᠮ ᠤᠨ ᠬᠦᠴᠦᠨ ᠤ ᠵᠠᠯᠠᠭᠤᠴᠤᠳ ᠪᠠᠭᠠᠴᠤᠳ ᠤᠨ ᠠᠵᠢᠯ ᠤᠨ ᠴᠢᠯᠥᠭᠡᠨ ᠤ | ᠪᠣᠯᠪᠠᠰᠤᠷᠠᠯ ᠤᠨ ᠰᠤᠷᠭᠠᠭᠤᠯᠢ ᠡᠷᠬᠢᠯᠡᠨ ᠪᠠᠢᠭᠤᠯᠬᠤ ᠶᠢ ᠵᠤᠷᠢᠭᠵᠢᠭᠤᠯᠤᠨ᠎ᠠ᠃ ᠬᠠᠤᠯᠢ ᠶᠣᠰᠣᠭᠠᠷ ᠲᠠᠮᠢᠷᠴᠢᠳ ᠢ | ᠱᠠᠩᠨᠠᠬᠤ ᠰᠠᠭᠤᠷᠢ ᠮᠥᠩᠭᠦ ᠪᠠ ᠱᠠᠩᠨᠠᠯ ᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠪᠡᠶ᠎ᠡ ᠶᠢᠨ ᠲᠠᠮᠢᠷ ᠤᠨ | ᠰᠢᠯᠢᠳᠡᠭ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠦᠨ ᠬᠦᠷᠭᠡᠬᠦ ᠳᠤ ᠬᠤᠪᠢ ᠨᠡᠮᠡᠷᠢ ᠦᠵᠡᠭᠦᠯᠦᠭᠰᠡᠨ ᠰᠤᠷᠭᠠᠭᠤᠯᠢ | ᠪᠠ ᠵᠢᠭᠠᠨ ᠰᠤᠷᠭᠠᠭᠴᠢ ᠶᠢ ᠬᠥᠬᠢᠭᠦᠯᠦᠨ ᠱᠠᠩᠨᠠᠨ᠎ᠠ᠃ | ᠲᠠᠪᠤ᠂ ᠪᠡᠶ᠎ᠡ ᠶᠢᠨ ᠲᠠᠮᠢᠷ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠡᠶ᠎ᠡ ᠶᠢᠨ ᠲᠠᠮᠢᠷ ᠤᠨ ᠠᠵᠤ | ᠠᠬᠤᠶ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ | ︵ᠠᠷᠪᠠᠨ ᠲᠠᠪᠤ︶ ᠡᠯ᠎ᠡ ᠱᠠᠲᠤᠨ ᠤ ᠵᠠᠰᠠᠭ ᠤᠨ ᠣᠷᠳᠣᠨ ᠠᠴᠠ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠬᠥᠭᠵᠢᠯᠲᠡ ᠶᠢ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠪᠠᠭᠳᠠᠭᠠᠨ᠂ | ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠳᠤ ᠠᠭᠤᠵᠢᠭᠤ ᠲᠠᠯᠪᠢᠭᠤ ᠣᠷᠴᠢᠨ ᠢ ᠪᠤᠢ ᠪᠣᠯᠭᠠᠨ᠎ᠠ᠃ | ᠡᠯ᠎ᠡ ᠱᠠᠲᠤᠨ ᠤ ᠵᠠᠰᠠᠭ ᠤᠨ ᠣᠷᠳᠣᠨ ᠭᠤᠣᠯᠳᠠᠭᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠡᠶ᠎ᠡ ᠶᠢᠨ ᠲᠠᠮᠢᠷ ᠪᠠ | ᠣᠯᠢᠮᠫᠢᠺ ᠤᠨ ᠤᠷᠤᠯᠳᠤᠭᠠᠨ ᠤ ᠵᠦᠢᠯ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠡᠭᠦᠷᠭᠡ ᠶᠢ | ᠬᠠᠷᠢᠭᠤᠴᠠᠵᠦ᠂ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠤᠯᠠᠨ ᠨᠡᠶᠢᠲᠡ ᠶᠢᠨ ᠦᠢᠯᠡᠴᠢᠯᠡᠭᠡ ᠠᠴᠠ ᠭᠠᠳᠠᠨᠠᠬᠢ | ᠠᠭᠤᠯᠭ᠎ᠠ ᠶᠢ ᠠᠯᠬᠤᠮ ᠠᠯᠬᠤᠮ ᠢᠶᠠᠷ ᠵᠠᠬ᠎ᠠ ᠳᠡᠯᠭᠡᠭᠦᠷᠴᠢᠯᠡᠨ ᠠᠵᠢᠯᠯᠠᠬᠤ ᠶᠢ ᠬᠡᠷᠡᠭᠵᠢᠭᠦᠯᠵᠦ ᠪᠣᠯᠤᠨ᠎ᠠ᠃ ᠪᠡᠶ᠎ᠡ ᠶᠢᠨ | ᠲᠠᠮᠢᠷ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠪᠣᠯᠤᠨ ᠤᠷᠤᠯᠳᠤᠭᠠᠨ ᠤ ᠦᠵᠡᠭᠦᠯᠦᠯᠭᠡ ᠶᠢ ᠭᠤᠣᠯᠳᠠᠯᠭ᠎ᠠ ᠲᠠᠢ ᠪᠠᠷ | ᠪᠣᠶᠢᠵᠢᠭᠤᠯᠬᠤ ᠪᠠ ᠤᠷᠢᠳᠠᠪᠠᠷ ᠬᠥᠭᠵᠢᠭᠦᠯᠦᠨ᠎ᠡ᠃ ᠣᠷᠣᠨ ᠨᠤᠲᠤᠭ ᠤᠨ ᠣᠨᠴᠠᠯᠢᠭ ᠲᠠᠢ ᠪᠠ ᠦᠨᠳᠦᠰᠦᠲᠡᠨ ᠤ | ᠣᠨᠴᠠᠯᠢᠭ ᠶᠢᠨ ᠪᠡᠶ᠎ᠡ ᠶᠢᠨ ᠲᠠᠮᠢᠷ ᠤᠨ ᠵᠤᠭᠠᠴᠠᠯ ᠤᠨ ᠦᠢᠯᠡᠰ ᠢ ᠢᠳᠡᠪᠬᠢᠲᠡᠶ ᠨᠡᠭᠡᠭᠡᠨ ᠬᠦᠭᠵᠢᠬᠦᠯᠦᠨ᠎ᠡ︔ | ᠪᠡᠶ᠎ᠡ ᠶᠢᠨ ᠲᠠᠮᠢᠷ ᠤᠨ ᠬᠡᠷᠡᠭᠰᠡᠯ ᠪᠠ ᠴᠢᠳᠠᠪᠤᠷᠢᠲᠠᠨ ᠤ ᠮᠡᠷᠭᠡᠵᠢᠯ ᠤᠨ ᠮᠡᠳᠡᠭᠡ ᠵᠠᠩᠭᠢ ᠶᠢᠨ ᠵᠠᠬ᠎ᠠ ᠳᠡᠯᠭᠡᠭᠦᠷ ᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠨᠢ ᠠᠵᠢᠯ ᠲᠥᠷᠥᠯ ᠤᠨ ᠬᠠᠮᠢᠶᠠᠷᠤᠯᠲᠠ ᠶᠢᠨ ᠭᠤᠣᠯ ᠴᠣᠭᠴᠠ ᠪᠤᠯᠵᠦ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ | ᠭᠦᠢᠴᠡᠳᠬᠡᠨ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠣᠯᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠶᠣᠰᠣᠭᠠᠷ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠥᠷᠥᠯ ᠵᠦᠢᠯ | ᠪᠠ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠢ ᠵᠢᠷᠤᠮᠵᠢᠭᠤᠯᠤᠨ ᠬᠠᠮᠢᠶᠠᠷᠬᠤ ᠬᠡᠷᠡᠭᠲᠡᠶ᠃ ᠡᠯ᠎ᠡ ᠱᠠᠲᠤᠨ ᠤ ᠠᠵᠤ | ᠦᠢᠯᠡᠳᠪᠦᠷᠢ ᠬᠤᠳᠠᠯᠳᠤᠭ᠎ᠠ᠂ ᠳᠣᠲᠣᠭᠠᠳᠤ ᠶᠢ ᠬᠠᠮᠠᠭᠠᠯᠠᠬᠤ᠂ ᠭᠠᠶᠢᠯᠢ᠂ ᠬᠤᠲᠠ ᠶᠢᠨ ᠪᠦᠲᠦᠭᠡᠨ ᠪᠠᠶᠢᠭᠤᠯᠤᠯᠲᠠ᠂ | ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠬᠦᠢᠴᠡᠳ | ᠪᠠᠳᠠᠷᠠᠭᠤᠯᠵᠤ᠂ ᠬᠠᠮᠢᠶᠠᠷᠤᠯᠲᠠ ᠶᠢᠨ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ | ︵ᠠᠷᠪᠠᠨ ᠲᠤᠯᠤᠭ᠎ᠠ︶ ᠪᠡᠶ᠎ᠡ ᠶᠢᠨ ᠲᠠᠮᠢᠷ ᠤᠨ ᠠᠵᠤ ᠦᠢᠯᠡᠰ ᠢ ᠬᠦᠭᠵᠢᠭᠦᠯᠬᠦ ᠬᠡᠷᠡᠭᠴᠡᠭᠡ ᠶᠢ ᠦᠨᠳᠦᠰᠦᠯᠡᠨ᠂ | ᠪᠡᠶ᠎ᠡ ᠶᠢᠨ ᠲᠠᠮᠢᠷ ᠤᠨ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠨ ᠬᠡᠷᠡᠭᠵᠢᠭᠦᠯᠦᠨ᠎ᠡ᠃ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ︵ᠣᠷᠣᠨ | ᠰᠠᠭᠤᠴᠠ ᠶᠢᠨ ᠲᠣᠭᠤᠷᠢᠭ᠂ ᠠᠵᠤ ᠠᠬᠤᠶᠢᠯᠠᠯ ᠤᠨ ᠪᠠᠶᠢᠭᠤᠯᠭ᠎ᠠ ᠶᠢᠨ ᠢᠵᠢ ᠪᠦᠷᠢᠳᠦᠭᠦᠯᠬᠦ ᠪᠠᠭᠲᠠᠬᠤ ᠦᠭᠡᠢ︶ ᠪᠠ | ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠳᠦᠭᠡᠠ | ᠪᠠᠶᠢᠭᠤᠯᠤᠯᠲᠠ ᠶᠢᠨ ᠵᠦᠢᠯᠡᠰ ᠲᠤ ᠭᠠᠵᠠᠷ ᠰᠣᠩᠭᠤᠬᠤ᠂ ᠰᠡᠳᠦᠪ ᠲᠣᠭᠲᠠᠭᠠᠬᠤ᠂ ᠭᠠᠵᠠᠷ ᠲᠠᠲᠠᠪᠤᠷᠢᠯᠠᠬᠤ᠂ ᠪᠡᠯᠡ | ᠣᠷᠣᠭᠤᠯᠤᠯᠲᠠ ᠶᠢᠨ ᠲᠠᠯ᠎ᠠ ᠪᠠᠷ ᠬᠠᠷᠠᠭᠠᠯᠵᠠᠯ ᠦᠵᠡᠭᠦᠯᠵᠦ᠂ ᠭᠠᠵᠠᠷ ᠬᠡᠷᠡᠭᠯᠡᠬᠦ ᠳᠤ ᠵᠠᠰᠠᠭ ᠵᠠᠬᠢᠷᠭᠠᠨ ᠤ | ᠬᠤᠪᠢᠶᠠᠷᠯᠠᠯ ᠢ ᠬᠡᠷᠡᠭᠵᠢᠭᠦᠯᠵᠦ᠂ ᠭᠦᠢᠴᠡᠳᠬᠡᠬᠦ ᠲᠤᠭ᠎ᠠ ᠶᠢ ᠡᠩ ᠲᠡᠷᠢᠭᠦᠨ ᠳᠤ ᠲᠣᠬᠢᠷᠠᠭᠤᠯᠬᠤ᠂ ᠲᠠᠯᠠᠪᠠᠢ | ᠣᠷᠳᠣᠨ ᠤ ᠪᠦᠳᠤᠬᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠬᠤᠲᠠ ᠶᠢᠨ ᠪᠥᠳᠤᠭᠡᠨ | ᠪᠠᠶᠢᠭᠤᠯᠤᠯᠲᠠ ᠶᠢᠨ ᠵᠠᠷᠤᠳᠠᠯ ᠢ ᠬᠥᠩᠭᠡᠯᠡᠬᠦ ᠬᠡᠷᠡᠭᠲᠡᠶ᠃ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ | ᠲᠦᠷᠦᠯ ᠨᠢ ᠠᠰᠢᠭ ᠬᠤᠨᠵᠢᠪᠣᠷᠢ ᠶᠢᠨ ᠪᠤᠰᠤ ᠠᠵᠢᠯ ᠦᠢᠯᠡᠰ ᠮᠦᠨ᠂ ᠡᠯ᠎ᠡ ᠱᠠᠲᠤᠨ ᠤ ᠵᠠᠰᠠᠭ ᠤᠨ ᠣᠷᠳᠣᠨ | ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠨᠴᠣᠭᠤᠶᠢᠯᠠᠨ ᠬᠠᠷᠠᠭᠠᠯᠵᠠᠬᠤ ᠲᠦᠷᠦ ᠶᠢᠨ | ᠪᠤᠳᠤᠯᠭ᠎ᠠ ᠶᠢ ᠠᠪᠴᠤ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠠᠷᠬᠠᠭᠠᠬᠤ ᠶᠠᠪᠤᠳᠠᠯ ᠢ | ᠵᠣᠷᠢᠭᠵᠢᠭᠤᠯᠵᠤ ᠲᠡᠳᠬᠦᠨ ᠲᠡᠮᠵᠢᠨ᠎ᠡ᠃ | ︵ᠠᠷᠪᠠᠨ ᠨᠠᠢᠮᠠ︶ ᠨᠡᠶᠢᠭᠡᠮ ᠤᠨ ᠬᠦᠴᠦᠨ ᠠᠴᠠ ᠪᠡᠶ᠎ᠡ ᠶᠢᠨ ᠲᠠᠮᠢᠷ ᠤᠨ ᠦᠢᠯᠡᠰ ᠲᠤ ᠬᠠᠨᠳᠢᠪᠯᠠᠨ | ᠬᠦᠷᠭᠡᠬᠦ ᠶᠢ ᠵᠣᠷᠢᠭᠵᠢᠭᠤᠯᠣᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ | ᠠᠰᠢᠭ ᠣᠷᠣᠯᠭ᠎ᠠ ᠶᠢᠨ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ ᠢ ᠬᠡᠷᠡᠭᠵᠢᠭᠦᠯᠬᠦ ᠨᠠᠷᠢᠨ ᠲᠦᠷᠢᠮ︾ ᠳᠤ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠠᠴᠠ | ᠳᠤᠮᠳᠠᠳᠤ ᠤᠯᠤᠰ ᠤᠨ ᠬᠢᠯᠢ ᠳᠠᠬᠢ ᠠᠰᠢᠭ ᠬᠤᠨᠵᠢᠪᠣᠷᠢ ᠶᠢᠨ ᠪᠣᠰᠤ ᠨᠡᠶᠢᠭᠡᠮ ᠪᠦᠯᠬᠦᠮ᠂ ᠲᠦᠷᠦ ᠶᠢᠨ | ᠪᠠᠶᠢᠭᠤᠯᠭ᠎ᠠ ᠪᠠᠷ ᠳᠠᠮᠵᠢᠨ ᠪᠡᠶ᠎ᠡ ᠶᠢᠨ ᠲᠠᠮᠢᠷ ᠤᠨ ᠤᠷᠤᠯᠳᠤᠭᠠᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ | ᠳᠠᠬᠢ ᠲᠤᠰᠠᠯᠠᠮᠵᠢ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠠᠨᠳᠢᠪᠯᠠᠨ ᠬᠦᠷᠭᠡᠬᠦ ᠬᠦᠷᠢᠶ᠎ᠡ ᠬᠡᠪᠴᠢᠶ᠎ᠡ ᠳᠤ | ᠪᠠᠭᠳᠠᠭᠠᠵᠦ᠂ ᠲᠤᠰᠠᠯᠠᠮᠵᠢ ᠬᠦᠯᠢᠶᠡᠵᠦ ᠠᠪᠤᠭᠰᠠᠨ ᠰᠠᠯᠠᠭ᠎ᠠ ᠮᠥᠴᠢᠷ ᠪᠤᠶᠤ ᠲᠤᠬᠠᠶ ᠶᠢᠨ ᠭᠠᠵᠠᠷ ᠤᠨ ᠵᠠᠰᠠᠭ ᠤᠨ | ᠣᠷᠳᠣᠨ ᠠᠴᠠ ᠵᠣᠬᠢᠬᠤ ᠬᠡᠮᠵᠢᠶᠡᠨ ᠳᠤ ᠲᠡᠳᠬᠦᠮᠵᠢ ᠦᠵᠡᠭᠦᠯᠦᠭᠰᠡᠳ ᠲᠤ ᠨᠡᠶᠢᠭᠡᠮ ᠤᠨ ᠢᠷᠠᠭᠤ ᠠᠯᠳᠠᠷ ᠪᠠ | ᠱᠠᠩᠨᠠᠯ ᠣᠯᠭᠤᠨ᠎ᠠ᠃ ᠪᠡᠶ᠎ᠡ ᠶᠢᠨ ᠲᠠᠮᠢᠷ ᠤᠨ ᠦᠢᠯᠡᠰ ᠤᠨ ᠦᠯᠡᠭᠦᠦ ᠬᠥᠮᠦᠰ ᠢ ᠲᠣᠬᠢᠷᠠᠭᠤᠯᠬᠤ ᠪᠠᠷ ᠰᠢᠨ᠎ᠡ ᠪᠠᠷ | ᠪᠠᠶᠢᠭᠤᠯᠤᠭᠰᠠᠨ ᠬᠥᠳᠡᠯᠮᠦᠷᠢ ᠦᠢᠯᠡᠴᠢᠯᠡᠭᠡᠨ ᠤ ᠠᠵᠤ ᠠᠬᠤᠶᠢᠯᠠᠯ ᠨᠢ ︽ᠨᠠᠮ ᠤᠨ ᠲᠥᠪ ᠬᠤᠷᠢᠶ᠎ᠠ᠂ ᠣᠯᠣᠰ ᠤᠨ | ᠶᠠᠪᠣᠳᠠᠯ ᠤᠨ ᠬᠤᠷᠢᠶ᠎ᠠ ᠠᠴᠠ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠬᠥᠮᠦᠰ ᠲᠤ ᠲᠠᠬᠢᠨ | ᠠᠵᠢᠯ ᠣᠯᠭᠤᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠲᠥᠪ ᠲᠠᠷᠬᠠᠭᠠᠭᠰᠠᠨ | ﹇2002﹈ 12 ᠳ᠋ᠤᠭᠠᠷ ᠲᠣᠭᠠᠲᠤ︶ ᠤᠨ ᠳᠣᠲᠣᠷᠠᠬᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ | ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠬᠦᠷᠲᠡᠨ᠎ᠡ᠃ | ᠵᠢᠷᠭᠤᠭ᠎ᠠ᠂ ᠬᠠᠮᠢᠶᠠᠷᠤᠯᠲᠠ ᠶᠢᠨ ᠪᠠᠶᠢᠭᠤᠯᠤᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠪᠡᠶ᠎ᠡ ᠶᠢᠨ ᠲᠠᠮᠢᠷ ᠤᠨ | ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠠᠮᠢᠳᠤᠯᠢᠭ ᠪᠦᠲᠦᠮᠵᠢᠲᠡᠢ ᠪᠠᠶᠢᠬᠤ | ︵ᠠᠷᠪᠠ ᠶᠢᠰᠦ︶ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠠᠶᠢᠭᠤᠯᠬᠤ | ᠱᠠᠭᠠᠷᠳᠠᠯᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠤᠨ ᠵᠢᠮ᠎ᠡ | ᠶᠣᠰᠣᠨ ᠳᠤ ᠨᠡᠶᠢᠴᠡᠭᠰᠡᠨ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠬᠤ | ᠬᠡᠷᠡᠭᠲᠡᠶ᠃ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠠᠵᠢᠯ ᠤᠨ ᠭᠤᠣᠯᠳᠠᠯᠭ᠎ᠠ ᠪᠠᠨᠨᠠᠮ ᠪᠠ | ᠤᠯᠤᠰ ᠤᠨ ᠪᠡᠶ᠎ᠡ ᠶᠢᠨ ᠲᠠᠮᠢᠷ ᠤᠨ ᠴᠢᠭᠯᠡᠯᠲᠡ᠂ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠦᠢᠯᠡᠳᠴᠦ᠂ | ᠠᠵᠢᠯ ᠲᠦᠷᠤᠯ ᠤᠨ ᠲᠦᠷᠤ ᠶᠢᠨ ᠪᠤᠳᠤᠯᠭ᠎ᠠ ᠶᠢ ᠲᠣᠭᠲᠠᠭᠠᠬᠤ ᠪᠠ ᠪᠡᠶ᠎ᠡ ᠶᠢᠨ ᠲᠠᠮᠢᠷ ᠤᠨ ᠬᠢᠨᠠᠨ ᠬᠠᠮᠢᠶᠠᠷᠬᠤ ᠪᠠ | ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠠᠴᠠ ᠬᠠᠮᠢᠶᠠᠷᠬᠤ ᠪᠣᠯᠤᠨ | ᠨᠡᠶᠢᠭᠡᠮ ᠤᠨ ᠬᠦᠴᠦᠨ ᠤ ᠵᠣᠬᠢᠶᠠᠨ ᠪᠠᠶᠢᠭᠤᠯᠬᠤ ᠲᠠᠢ ᠣᠶᠠᠯᠳᠣᠬᠤ᠂ ᠠᠵᠢᠯ ᠤᠨ ᠴᠢᠯᠥᠭᠡᠨ ᠤ ᠪᠠ ᠲᠤᠰᠬᠠᠶ ᠶᠢ | ᠵᠣᠯᠭᠠᠭᠤᠯᠵᠤ᠂ ᠭᠤᠣᠯᠳᠠᠯᠭ᠎ᠠ ᠲᠠᠢ ᠪᠤᠶᠢᠵᠢᠭᠤᠯᠬᠤ ᠪᠠ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠬᠠᠷᠢᠯᠴᠠᠨ | ᠵᠣᠬᠢᠴᠠᠭᠰᠠᠨ ᠪᠡᠶ᠎ᠡ ᠶᠢᠨ ᠲᠠᠮᠢᠷ ᠤᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ᠎ᠠ᠃ | ︵ᠬᠤᠷᠢ︶ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠡᠶ᠎ᠡ ᠶᠢᠨ ᠲᠠᠮᠢᠷ ᠤᠨ ᠨᠡᠶᠢᠭᠡᠮᠯᠢᠭ ᠢ | ᠬᠠᠮᠢᠶᠠᠷᠬᠤ ᠪᠠ ᠵᠢᠯᠣᠭᠤᠳᠬᠤ ᠠᠵᠢᠯ ᠢ ᠴᠢᠩᠭᠠᠳᠬᠠᠬᠤ ᠬᠡᠷᠡᠭᠲᠡᠢ᠃ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ | ᠵᠣᠬᠢᠶᠠᠨ ᠪᠠᠶᠢᠭᠤᠯᠤᠯᠲᠠ ᠶᠢᠨ ᠬᠥᠭᠦᠷᠭᠡ ᠪᠠ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ | ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠨᠢ ᠬᠠᠤᠯᠢ ᠴᠠᠭᠠᠵᠠ᠂ ᠬᠠᠣᠯᠢ ᠳᠦᠷᠢᠮ ᠶᠣᠰᠤ ᠪᠠᠷ᠂ ᠲᠦᠷᠢᠮ | ᠲᠣᠭᠲᠠᠭᠠᠯ ᠤᠨ ᠳᠠᠭᠠᠤ ᠳᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠣᠨ ᠦᠷᠨᠢᠭᠦᠯᠬᠦ ᠪᠠᠷ | ᠳᠡᠮᠵᠢᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ᠂ ᠠᠷᠠᠳ ᠤᠨ ᠵᠣᠬᠢᠶᠠᠨ | ᠪᠠᠶᠢᠭᠤᠯᠤᠯᠲᠠ ᠪᠠ ᠠᠷᠠᠳ ᠢᠷᠭᠡᠨ ᠬᠤᠪᠢ ᠬᠥᠮᠦᠨ ᠤ ᠬᠠᠤᠯᠢ ᠶᠣᠰᠣᠭᠠᠷ ᠡᠷᠬᠢᠯᠡᠭᠰᠡᠨ ᠪᠠ ᠪᠡᠶ᠎ᠡ ᠲᠠᠮᠢᠷ ᠤᠨ | ᠶᠠᠪᠤᠳᠠᠯ ᠳᠤ ᠣᠷᠣᠯᠴᠠᠬᠤ ᠶᠢ ᠵᠣᠷᠢᠬᠵᠢᠭᠤᠯᠣᠨ᠎ᠠ᠃ | ︵ᠬᠤᠷᠢᠨ ᠨᠢᠭᠡ︶ ᠪᠡᠶ᠎ᠡ ᠶᠢᠨ ᠲᠠᠮᠢᠷ ᠤᠨ ᠬᠠᠤᠯᠢ ᠲᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠨ᠎ᠠ᠃ ︽ᠪᠡᠶ᠎ᠡ ᠶᠢᠨ ᠲᠠᠮᠢᠷ ᠤᠨ ᠬᠠᠤᠯᠢ︾ ᠪᠣᠯᠤᠨ ᠥᠪᠡᠷᠲᠡᠭᠡᠨ ᠵᠠᠰᠠᠬᠤ ᠣᠷᠣᠨ ᠤ ᠢᠵᠢ | ᠪᠦᠷᠢᠳᠦᠭᠦᠯᠬᠦ ᠣᠷᠣᠨ ᠨᠤᠲᠤᠭ ᠤᠨ ᠬᠠᠤᠯᠢ ᠲᠣᠭᠲᠠᠭᠠᠯ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠪᠣᠯᠪᠠᠰᠤᠷᠠᠭᠤᠯᠬᠤ ᠶᠢ ᠰᠠᠶᠢᠲᠤᠷ ᠠᠳᠬᠤᠵᠤ᠂ ᠬᠠᠤᠯᠢ | ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠠ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠳᠦᠷᠢᠮ ᠢ ᠪᠠᠶᠢᠭᠤᠯᠣᠨ᠎ᠠ᠃ | ᠡᠭᠦᠨ ᠤ ᠬᠠᠮᠲᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠦᠬᠡᠷᠡᠴᠢᠯᠡᠯᠲᠡ᠂ ᠲᠠᠮᠢᠷᠴᠢᠨ ᠤ ᠬᠦᠢᠯᠭᠡᠭᠡ ᠪᠠ | ᠣᠷᠤᠭᠤᠯᠵᠤ ᠠᠪᠴᠢᠷᠠᠬᠤ᠂ ᠰᠢᠯᠢᠳᠡᠭ ᠲᠠᠮᠢᠷᠴᠢᠨ ᠤ ᠠᠵᠢᠯ ᠠᠴᠠ ᠪᠠᠭᠤᠬᠤ ᠶᠢ ᠲᠥᠪᠬᠢᠨᠡᠭᠦᠯᠬᠦ ᠵᠡᠷᠭᠡ ᠵᠠᠰᠠᠭ | ᠵᠠᠬᠢᠷᠭᠠᠨ ᠤ ᠲᠦᠷᠢᠮ ᠲᠣᠭᠲᠠᠭᠠᠯ ᠤᠨ ᠢᠵᠢ ᠪᠦᠷᠢᠳᠦᠭᠦᠯᠬᠦ ᠬᠠᠤᠯᠢ ᠲᠣᠭᠲᠠᠭᠠᠬᠤ ᠠᠵᠢᠯ ᠢ ᠢᠳᠡᠪᠬᠢᠲᠡᠶ ᠰᠠᠶᠢᠲᠤᠷ | ᠬᠢᠬᠦ ᠬᠡᠷᠡᠭᠲᠡᠢ᠃ | ︵ᠬᠤᠷᠢᠨ ᠬᠤᠶᠠᠷ︶ ᠬᠠᠤᠯᠢ ᠶᠣᠰᠣᠭᠠᠷ ᠪᠡᠶ᠎ᠡ ᠶᠢᠨ ᠲᠠᠮᠢᠷ ᠤᠨ ᠠᠵᠢᠯ ᠤᠨ ᠵᠢᠯᠣᠭᠤᠳᠣᠯᠭ᠎ᠠ᠂ ᠬᠢᠨᠠᠯᠲᠠ ᠶᠢ | ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ | ᠤᠳ ᠬᠠᠤᠯᠢ ᠶᠣᠰᠣᠭᠠᠷ ᠡᠯ᠎ᠡ ᠠᠵᠢᠯ ᠲᠦᠷᠦᠯ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠤᠨ ᠠᠵᠢᠯ ᠦᠢᠯᠡᠰ ᠤᠨ | ᠨᠢᠭᠡᠴᠢ᠂ ᠨᠡᠶᠢᠭᠡᠮ ᠤᠨ ᠪᠦᠯᠬᠦᠮ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠪᠡᠶ᠎ᠡ ᠶᠢᠨ ᠲᠠᠮᠢᠷ ᠬᠠᠤᠯᠢ | ᠴᠠᠭᠠᠵᠠ ᠶᠢ ᠨᠠᠶᠢᠳᠠᠪᠤᠷᠢᠵᠢᠭᠤᠯᠬᠤ᠂ ᠬᠠᠤᠯᠢ ᠲᠣᠭᠲᠠᠭᠠᠯ ᠤᠨ ᠪᠠᠶᠢᠳᠠᠯ ᠳᠤ ᠬᠢᠨᠠᠯᠲᠠ᠂ ᠪᠠᠶᠢᠴᠠᠭᠠᠯᠲᠠ ᠪᠠ | ᠦᠨᠡᠯᠡᠨ ᠵᠢᠱᠢᠯᠲᠡ᠂ ᠵᠢᠯᠣᠭᠤᠳᠣᠯᠭ᠎ᠠ ᠬᠢᠨ᠎ᠡ᠂ ᠨᠡᠶᠢᠭᠡᠮ ᠤᠨ ᠪᠡᠶ᠎ᠡ ᠶᠢᠨ ᠲᠠᠮᠢᠷ ᠤᠨ ᠠᠵᠢᠯ ᠢ ᠬᠢᠨᠠᠨ ᠵᠢᠯᠣᠭᠤᠳᠬᠤ | ᠲᠦᠷᠢᠮ ᠢ ᠪᠠᠶᠢᠭᠤᠯᠤᠨ᠎ᠠ︔ ᠪᠡᠶ᠎ᠡ ᠶᠢᠨ ᠲᠠᠮᠢᠷ ᠤᠨ ᠠᠵᠢᠯ ᠢ ᠪᠠᠶᠢᠴᠠᠭᠠᠵᠤ᠂ ᠵᠢᠯᠣᠭᠤᠳᠬᠤ ᠪᠠ ᠶᠡᠷᠦᠩᠬᠡᠶᠢᠯᠡᠨ | ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ︵ᠬᠤᠷᠢᠨ ᠭᠤᠷᠪᠠ︶ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠡᠶ᠎ᠡ ᠶᠢᠨ ᠲᠠᠮᠢᠷ ᠤᠨ | ᠠᠵᠢᠯ ᠤᠨ ᠲᠤᠬᠠᠶ ᠤᠳᠤᠷᠢᠳᠤᠯᠭ᠎ᠠ ᠪᠠᠨ ᠴᠢᠩᠭᠠᠳᠬᠠᠵᠤ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠪᠡᠶ᠎ᠡ ᠶᠢᠨ ᠲᠠᠮᠢᠷ ᠤᠨ | ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠪᠡᠶ᠎ᠡ ᠶᠢᠨ ᠲᠠᠮᠢᠷ ᠤᠨ | ᠦᠢᠯᠡᠰ ᠤᠨ ᠬᠥᠭᠵᠢᠯᠲᠡ ᠳᠤ ᠠᠰᠢᠭᠲᠠᠶ ᠴᠢᠭᠯᠡᠯᠲᠡ᠂ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠰᠤᠳᠤᠯᠤᠨ | ᠲᠣᠭᠲᠠᠭᠠᠵᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠵᠠᠷᠤᠳᠠᠯ ᠰᠦᠢᠳᠬᠡᠯ ᠶᠢᠨ ᠣᠷᠣᠭᠤᠯᠣᠯᠲᠠ᠂ | ᠲᠥᠬᠦᠭᠡᠷᠦᠮᠵᠢ ᠶᠢᠨ ᠪᠠᠶᠢᠭᠤᠯᠤᠯᠲᠠ ᠪᠠ ᠪᠡᠶ᠎ᠡ ᠶᠢᠨ ᠲᠠᠮᠢᠷ ᠤᠨ ᠠᠵᠤ ᠦᠢᠯᠡᠰ ᠢ ᠭᠦᠭᠵᠢᠭᠦᠯᠭᠦ ᠵᠡᠷᠭᠡ ᠲᠠᠯ᠎ᠠ ᠶᠢ | ᠦᠨᠡᠨ ᠬᠦ ᠪᠠᠲᠤᠯᠠᠬᠤ ᠪᠠ ᠳᠡᠮᠵᠢᠬᠦ ᠬᠡᠷᠡᠭᠲᠡᠶ᠃ | ︵ᠬᠤᠷᠢᠨ ᠲᠥᠷᠪᠡ︶ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠪᠡᠶ᠎ᠡ ᠶᠢᠨ ᠲᠠᠮᠢᠷ ᠤᠨ | ᠦᠢᠯᠡᠰ ᠤᠨ ᠡᠷᠡᠭᠦᠯ ᠬᠥᠭᠵᠢᠯᠲᠡ ᠶᠢ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠠᠴᠠ | ᠪᠡᠶ᠎ᠡ ᠶᠢᠨ ᠲᠠᠮᠢᠷ ᠤᠨ ᠦᠢᠯᠡᠰ ᠤᠨ ᠵᠠᠷᠤᠳᠠᠯ᠂ ᠦᠨᠳᠦᠰᠦᠨ ᠪᠦᠳᠦᠭᠡᠠ ᠪᠠᠶᠢᠭᠤᠯᠤᠯᠲᠠ ᠶᠢᠨ ᠪᠡᠯᠠ ᠮᠥᠩᠭᠦ ᠶᠢ | ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠪᠠ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢᠨ ᠲᠦᠰᠣᠪ ᠲᠤ ᠪᠠᠭᠳᠠᠭᠠᠵᠦ᠂ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢ | ᠳᠠᠭᠠᠯᠳᠤᠨ ᠠᠯᠬᠤᠮ ᠠᠯᠬᠤᠮ ᠢᠶᠠᠷ ᠨᠡᠮᠡᠭᠳᠡᠭᠦᠯᠵᠦ᠂ ᠪᠡᠶ᠎ᠡ ᠶᠢᠨ ᠲᠠᠮᠢᠷ ᠤᠨ ᠦᠢᠯᠡᠰ ᠤᠨ ᠵᠠᠷᠤᠳᠠᠯ ᠢ ᠡᠳ᠋ ᠤᠨ | ᠵᠠᠰᠠᠭ ᠤᠨ ᠣᠷᠣᠯᠭ᠎ᠠ ᠶᠢᠨ ᠨᠡᠮᠡᠭᠳᠡᠬᠦ ᠶᠢ ᠳᠠᠭᠠᠯᠳᠤᠨ ᠨᠡᠮᠡᠭᠳᠡᠵᠦ ᠶᠢ ᠪᠠᠲᠤᠯᠠᠬᠤ ᠬᠡᠷᠡᠭᠲᠡᠶ︔ ᠪᠡᠶ᠎ᠡ ᠶᠢᠨ ᠲᠠᠮᠢᠷ ᠤᠨ | ᠦᠨᠳᠦᠰᠦᠨ ᠪᠦᠳᠦᠭᠡᠠ ᠪᠠᠶᠢᠭᠤᠯᠤᠯᠲᠠ ᠶᠢᠨ ᠪᠡᠯᠠ ᠮᠥᠩᠭᠦ ᠶᠢᠨ ᠵᠠᠷᠤᠯᠭ᠎ᠠ ᠶᠢᠨ ᠬᠠᠷᠢᠴᠠᠯ ᠨᠢ ᠬᠤᠳᠠ | ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢ ᠳᠠᠭᠠᠯᠳᠣᠨ᠂ ᠪᠡᠶ᠎ᠡ ᠶᠢᠨ | ᠲᠠᠮᠢᠷ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠪᠣᠳᠠᠲᠤ ᠬᠡᠷᠡᠭᠴᠡᠭᠡ ᠲᠠᠢ | ᠤᠶᠠᠯᠳᠤᠭᠤᠯᠵᠤ ᠬᠠᠤᠯᠢ ᠶᠣᠰᠣᠭᠠᠷ ᠲᠣᠭᠲᠠᠭᠠᠬᠤ ᠬᠡᠷᠡᠭᠲᠡᠶ︔ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠪᠣᠯᠤᠨ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ︔ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠵᠢᠯ ᠪᠦᠷᠢ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠲᠥᠬᠦᠭᠡᠷᠦᠮᠵᠢ ᠶᠢ ᠬᠠᠮᠠᠭᠠᠯᠠᠬᠤ ᠴᠢᠬᠤᠯᠠ ᠪᠥᠬᠦᠢ ᠵᠠᠷᠤᠳᠠᠯ ᠡᠷᠬᠡᠪᠰᠢ ᠲᠣᠬᠢᠷᠠᠭᠤᠯᠵᠤ ᠬᠡᠷᠡᠭᠯᠡᠬᠦ ᠬᠡᠷᠡᠭᠲᠡᠶ︔ | ᠰᠤᠷᠭᠠᠭᠤᠯᠢ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠪᠡᠶ᠎ᠡ ᠶᠢᠨ ᠲᠠᠮᠢᠷ ᠤᠨ | ᠲᠥᠬᠦᠭᠡᠷᠦᠮᠵᠢ ᠶᠢ ᠴᠦ ᠨᠡᠶᠢᠭᠡᠮ ᠨᠡᠶᠢᠲᠡ ᠪᠠᠷ ᠢᠶᠠᠨ ᠬᠠᠮᠲᠤᠪᠠᠷ ᠡᠳ᠋ᠯᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ | ︵ᠬᠤᠷᠢᠨ ᠲᠠᠪᠤ︶ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠪᠡᠶ᠎ᠡ ᠶᠢᠨ ᠲᠠᠮᠢᠷ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ | ᠪᠠᠶᠢᠷᠢᠯᠠᠭᠤᠯᠤᠯᠲᠠ ᠨᠢ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠬᠦ ᠲᠠᠢ ᠵᠣᠬᠢᠴᠠᠬᠤ ᠬᠡᠷᠡᠭᠲᠡᠶ᠃ ᠠᠶᠢᠮᠠᠭ | ᠬᠤᠳᠠ᠂ ᠬᠤᠰᠢᠭᠤ ᠰᠢᠶᠠᠨ ᠠᠴᠠ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ | ᠪᠠᠶᠢᠭᠤᠯᠤᠯᠲᠠ ᠶᠢ ᠴᠢᠩᠭᠠᠳᠬᠠᠵᠦ᠂ ᠪᠡᠶ᠎ᠡ ᠶᠢᠨ ᠲᠠᠮᠢᠷ ᠤᠨ ᠠᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠨ᠂ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠣᠷᠣᠨ | ᠲᠤᠭ᠎ᠠ ᠪᠠ ᠠᠵᠢᠯᠲᠠᠨ ᠲᠣᠬᠢᠷᠠᠭᠤᠯᠬᠤ ᠶᠢ ᠪᠠᠳᠣᠯᠠᠬᠤ ᠬᠡᠷᠡᠭᠲᠡᠶ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ | ᠶᠢᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠤᠰᠬᠠᠶ ︵ᠲᠤᠰᠢᠶᠠᠯ ᠬᠠᠪᠰᠤᠷᠭᠠᠭᠰᠠᠨ︶ ᠪᠡᠶ᠎ᠡ ᠶᠢᠨ | ᠲᠠᠮᠢᠷ ᠤᠨ ᠠᠵᠢᠯᠲᠠᠨ ᠢ ᠳᠣᠬᠢᠷᠠᠭᠤᠯᠣᠨ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠦᠨᠳᠦᠰᠦᠨ | ᠬᠡᠷᠡᠭᠴᠡᠭᠡ ᠶᠢ ᠬᠠᠩᠭᠠᠬᠤ ᠬᠡᠷᠡᠭᠲᠡᠶ᠃ | ︵ᠬᠤᠷᠢᠨ ᠵᠢᠷᠭᠤᠭ᠎ᠠ︶ ᠪᠡᠶ᠎ᠡ ᠶᠢᠨ ᠲᠠᠮᠢᠷ ᠤᠨ ᠠᠵᠢᠯ ᠤᠨ ᠵᠣᠬᠢᠴᠠᠭᠤᠯᠬᠤ ᠲᠣᠭᠲᠠᠴᠠ ᠶᠢ ᠴᠢᠩᠭᠠᠳᠬᠠᠨ | ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠷᠢᠨ ᠬᠢᠨᠠᠮᠠᠭᠠᠢ ᠪᠠᠷ | ᠨᠠᠮ ᠪᠣᠯᠤᠨ ᠤᠯᠤᠰ ᠤᠨ ᠬᠠᠮᠢᠶ᠎ᠠ ᠪᠦᠬᠦᠢ ᠰᠢᠨ᠎ᠡ ᠴᠠᠭ ᠦᠶ᠎ᠡ ᠳᠠᠬᠢ ᠪᠡᠶ᠎ᠡ ᠶᠢᠨ ᠲᠠᠮᠢᠷ ᠤᠨ ᠠᠵᠢᠯ ᠤᠨ ᠲᠤᠬᠠᠶ | ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠵᠤ᠂ ᠠᠵᠢᠯ ᠤᠨ ᠡᠭᠦᠷᠭᠡ ᠪᠣᠯᠤᠨ ᠪᠣᠳᠠᠲᠠᠢ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠬᠡᠷᠡᠭᠲᠡᠶ︔ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠨᠢ ᠵᠢᠯᠣᠭᠤᠳᠣᠯᠭ᠎ᠠ ᠪᠠᠨ ᠴᠢᠩᠭᠠᠳᠬᠠᠨ᠂ ᠨᠢᠭᠡᠳᠦᠯᠲᠡᠶ ᠲᠦᠯᠦᠪᠵᠢᠭᠦᠯᠵᠦ᠂ ᠡᠯ᠎ᠡ ᠵᠦᠢᠯ ᠤᠨ | ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ︔ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠲᠤᠰ ᠲᠤᠰ ᠤᠨ ᠳᠠᠪᠠᠭᠤᠯᠢᠭ ᠢᠶᠠᠨ | ᠪᠠᠳᠠᠷᠠᠭᠤᠯᠵᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠢᠳᠡᠪᠬᠢᠲᠡᠶ ᠦᠷᠨᠢᠭᠦᠯᠬᠦ ᠬᠡᠷᠡᠭᠲᠡᠢ︔ ᠰᠤᠷᠲᠠᠯ | ᠤᠬᠠᠭᠤᠯᠭ᠎ᠠ ᠶᠢᠨ ᠰᠠᠯᠠᠭ᠎ᠠ ᠮᠥᠴᠢᠷ ᠪᠣᠯᠤᠨ ᠰᠣᠨᠢᠨ ᠮᠡᠳᠡᠭᠡᠯᠡᠯ ᠤᠨ ᠨᠢᠭᠡᠴᠢ ᠨᠦᠭᠦᠳ ᠪᠡᠶ᠎ᠡ ᠶᠢᠨ ᠲᠠᠮᠢᠷ ᠤᠨ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠢ ᠬᠥᠲᠥᠯᠥᠨ ᠵᠢᠯᠣᠭᠤᠳᠴᠤ ᠪᠡᠶ᠎ᠡ ᠶᠢᠨ ᠲᠠᠮᠢᠷ ᠤᠨ | ᠦᠢᠯᠡᠰ ᠢ ᠨᠡᠩ ᠠᠩᠬᠠᠷᠴᠤ ᠳᠡᠮᠵᠢᠬᠦ ᠬᠡᠷᠡᠭᠲᠡᠶ︔ ᠡᠯ᠎ᠡ ᠠᠵᠢᠯ ᠲᠦᠷᠦᠯ᠂ ᠡᠯ᠎ᠡ ᠨᠢᠭᠡᠴᠡ᠂ ᠡᠯ᠎ᠡ ᠰᠠᠯᠠᠭ᠎ᠠ | ᠮᠥᠴᠢᠷ ᠤᠨ ᠬᠢᠨ ᠴᠥᠮ ︽ᠪᠡᠶ᠎ᠡ ᠶᠢᠨ ᠲᠠᠮᠢᠷ ᠤᠨ ᠬᠠᠤᠯᠢ︾ ᠠᠴᠠ ᠣᠯᠭᠤᠭᠰᠠᠨ ᠡᠭᠦᠷᠭᠡ ᠪᠠ ᠲᠤᠰᠢᠶᠠᠯ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠵᠤ᠂ ᠮᠠᠨ ᠤ | ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠬᠤ ᠶᠢᠨ ᠲᠥᠯᠥᠭᠡ | ᠬᠠᠮᠲᠤ ᠪᠠᠷ ᠴᠢᠷᠮᠠᠶᠢᠬᠤ ᠬᠡᠷᠡᠭᠲᠡᠶ᠃ | |