︵1985ᠣᠨ ᠤ 1 ᠰᠠᠷ᠎ᠠ ᠶᠢᠨ 21 ᠤ ᠡᠳᠦᠷ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠶᠢᠰᠦᠳᠦᠭᠡᠷ ᠬᠤᠷᠠᠯ ᠠᠴᠠ | ᠪᠠᠲᠤᠯᠠᠪᠠ 1993 ᠣᠨ ᠤ 12 ᠰᠠᠷ᠎ᠠ ᠶᠢᠨ 29 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠤᠳᠠᠭᠠᠨ ᠤ | ᠬᠤᠷᠠᠯ ᠤᠨ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠬᠤ ᠠᠵᠢᠯ ᠤᠨ ᠬᠠᠤᠯᠢ﹀ | ᠳᠤ ᠵᠠᠰᠠᠪᠤᠷᠢ ᠣᠷᠣᠭᠤᠯᠬᠤ ᠰᠢᠢᠳᠪᠦᠷᠢ︾ ᠶᠢ ᠦᠨᠳᠦᠰᠦᠯᠡᠨ ᠵᠠᠰᠠᠪᠠ᠃ 1999 ᠣᠨ ᠤ 10 ᠰᠠᠷ᠎ᠠ ᠶᠢᠨ | 31 ᠤ ᠡᠳᠦᠷ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠠᠴᠠ ᠵᠠᠰᠠᠪᠤᠷᠢ ᠣᠷᠣᠭᠤᠯᠪᠠ︶ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ᠂ ᠨᠢᠭᠲᠠᠯᠠᠨ ᠪᠤᠳᠦᠬᠤ ᠠᠵᠢᠯᠯᠠᠭ᠎ᠠ ᠶᠢ ᠵᠢᠷᠤᠮᠵᠢᠭᠤᠯᠤᠨ᠂ ᠨᠢᠭᠲᠠᠯᠠᠨ ᠪᠤᠳᠦᠬᠤ | ᠮᠠᠲ᠋ᠧᠷᠢᠶᠠᠯ ᠤᠨ ᠦᠨᠡᠨ ᠪᠣᠳᠠᠲᠠᠶ᠂ ᠪᠦᠷᠢᠨ ᠲᠡᠭᠦᠯᠳᠡᠷ ᠢ ᠪᠠᠲᠣᠯᠠᠨ᠂ ᠠᠵᠤ ᠠᠬᠤᠶ ᠶᠢᠨ ᠬᠠᠮᠢᠶᠠᠷᠤᠯᠲᠠ ᠪᠠ | ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠦᠨ᠂ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠲᠢᠭᠯᠢᠮ ᠢ ᠬᠠᠮᠭᠠᠯᠠᠬᠤ ᠶᠢᠨ ᠲᠦᠯᠦᠭᠡ ᠲᠤᠰ | ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ᠂ ᠲᠦᠷᠦ ᠶᠢᠨ ᠪᠠᠶᠢᠭᠤᠯᠤᠯᠭ᠎ᠠ᠂ ᠨᠡᠶᠢᠭᠡᠮ ᠤᠨ ᠪᠦᠯᠬᠦᠮ᠂ ᠺᠣᠮᠫᠠᠨᠢ᠂ ᠠᠵᠤ ᠠᠬᠤᠶᠢᠯᠠᠯ᠂ | ᠠᠵᠢᠯ ᠦᠢᠯᠡᠰ ᠤᠨ ᠨᠢᠭᠡᠴᠢ ᠪᠠ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ᠨᠢᠭᠡᠴᠡ ᠭᠡᠵᠦ ᠶᠡᠷᠦᠩᠬᠡᠶᠢᠯᠡᠨ | ᠨᠡᠷᠡᠯᠡᠨ᠎ᠡ︶ ᠨᠢ ᠨᠢᠭᠲᠠᠯᠠᠨ ᠪᠤᠳᠦᠬᠤ ᠠᠵᠢᠯ ᠶᠠᠪᠤᠳᠠᠯ ᠢ ᠭᠦᠢᠴᠡᠳᠬᠡᠬᠦ ᠳᠡᠭᠡᠨ ᠡᠷᠬᠡᠪᠰᠢ ᠲᠤᠰ ᠬᠠᠤᠯᠢ ᠶᠢ | ᠵᠢᠷᠤᠮᠯᠠᠬᠤ ᠬᠡᠷᠡᠭᠲᠡᠶ᠃ | ᠭᠤᠷᠪᠠᠳᠤᠭᠠᠷ ᠵᠦᠢᠯ᠂ ᠡᠯ᠎ᠡ ᠨᠢᠭᠡᠴᠢ ᠡᠷᠬᠡᠪᠰᠢ ᠬᠠᠤᠯᠢ ᠶᠣᠰᠣᠭᠠᠷ ᠨᠢᠭᠲᠠᠯᠠᠨ ᠪᠤᠳᠤᠬᠤ ᠲᠠᠩᠰᠠ ᠬᠠᠷ᠎ᠠ ᠶᠢ | ᠪᠠᠶᠢᠷᠢᠯᠠᠭᠤᠯᠬᠤ ᠪᠥᠭᠡᠳ ᠲᠡᠭᠦᠨ ᠤ ᠦᠨᠡᠨ ᠪᠣᠳᠠᠲᠠᠶ᠂ ᠪᠦᠷᠢᠨ ᠲᠡᠭᠦᠰ ᠢ ᠪᠠᠳᠣᠯᠠᠨ᠎ᠠ᠃ | ᠳᠥᠷᠪᠡᠳᠦᠭᠡᠷ ᠵᠦᠢᠯ᠂ ᠨᠢᠭᠡᠴᠡ ᠶᠢᠨ ᠬᠠᠷᠢᠭᠤᠴᠠᠯᠭᠠᠲᠠᠨ ᠲᠤᠰ ᠨᠢᠭᠡᠴᠡ ᠶᠢᠨ ᠢᠶᠠᠨ ᠨᠢᠭᠲᠠᠯᠠᠨ ᠪᠤᠳᠦᠬᠤ | ᠠᠵᠢᠯ ᠪᠠ ᠨᠢᠭᠲᠠᠯᠠᠨ ᠪᠤᠳᠦᠬᠤ ᠮᠠᠲ᠋ᠧᠷᠢᠶᠠᠯ ᠤᠨ ᠦᠨᠡᠨ ᠪᠣᠳᠠᠲᠠᠶ ᠴᠢᠨᠠᠷ ᠪᠣᠯᠤᠨ ᠪᠦᠷᠢᠨ ᠪᠦᠲᠦᠨ ᠴᠢᠨᠠᠷ ᠲᠠᠢ | ᠪᠠᠶᠢᠬᠤ ᠶᠠᠪᠤᠳᠠᠯ ᠳᠤ ᠬᠠᠷᠢᠭᠤᠴᠠᠬᠤ ᠬᠡᠷᠡᠭᠲᠡᠶ᠃ | ᠲᠠᠪᠤᠳᠤᠭᠠᠷ ᠵᠦᠢᠯ᠂ ᠨᠢᠭᠲᠠᠯᠠᠨ ᠪᠤᠳᠦᠬᠤ ᠪᠠᠶᠢᠭᠤᠯᠤᠮᠵᠢ᠂ ᠨᠢᠭᠲᠠᠯᠠᠨ ᠪᠤᠳᠦᠬᠤ ᠠᠵᠢᠯᠲᠠᠳ ᠲᠤᠰ | ᠬᠠᠤᠯᠢ ᠶᠢᠨ ᠲᠣᠭᠲᠠᠭᠠᠯ ᠶᠣᠰᠣᠭᠠᠷ ᠨᠢᠭᠲᠠᠯᠠᠨ ᠪᠤᠳᠦᠬᠤ ᠲᠣᠭᠠᠴᠠᠭᠠᠯᠠᠯᠲᠠ ᠬᠢᠵᠦ᠂ ᠨᠢᠭᠲᠠᠯᠠᠨ ᠪᠤᠳᠦᠬᠤ ᠳᠤ | ᠬᠢᠨᠠᠯᠲᠠ ᠲᠠᠯᠪᠢᠬᠤ ᠲᠦᠷᠢᠮ ᠢ ᠬᠡᠷᠡᠭᠵᠢᠭᠦᠯᠦᠨ᠎ᠡ᠃ | ᠶᠠᠮᠠᠷᠪᠠ ᠨᠢᠭᠡᠴᠢ ᠪᠤᠶᠤ ᠬᠤᠪᠢ ᠬᠥᠮᠦᠨ ᠠᠴᠠ ᠶᠠᠮᠠᠷᠪᠠ ᠠᠷᠭ᠎ᠠ ᠮᠠᠶ᠋ᠢᠭ ᠢᠶᠠᠷ ᠰᠠᠨᠠᠭ᠎ᠠ ᠳᠠᠮᠵᠢᠭᠤᠯᠣᠨ᠂ ᠥᠳᠥᠭᠡᠬᠦ᠂ | ᠠᠯᠪᠡᠳᠡᠠ ᠵᠠᠷᠯᠢᠭᠳᠠᠵᠤ ᠪᠠᠶᠢᠭᠠᠳ ᠨᠢᠭᠲᠠᠯᠠᠨ ᠪᠤᠳᠤᠬᠤ ᠪᠠᠶᠢᠭᠤᠯᠤᠮᠵᠢ᠂ ᠨᠢᠭᠲᠠᠯᠠᠨ ᠪᠤᠳᠦᠬᠤ ᠠᠵᠢᠯᠳᠡᠠ ᠢ | ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠤᠯᠳᠠ ᠶᠢᠨ ᠳᠠᠩᠰᠠ ᠬᠠᠷ᠎ᠠ ᠪᠠ ᠨᠢᠭᠲᠠᠯᠠᠨ ᠪᠤᠳᠦᠬᠤ | ᠪᠤᠰᠤᠳ ᠮᠠᠲ᠋ᠧᠷᠢᠶᠠᠯ ᠤᠳ ᠲᠤ ᠬᠠᠭᠤᠷᠮᠠᠭᠯᠠᠨ᠂ ᠬᠤᠪᠢᠷᠠᠭᠤᠯᠤᠨ ᠵᠣᠬᠢᠶᠠᠯᠭᠠᠵᠦ᠂ ᠬᠤᠳᠠᠯ ᠬᠠᠭᠤᠷᠮᠠᠭ ᠡᠳ᠋ ᠤᠨ | ᠶᠠᠪᠤᠳᠠᠯ ᠤᠨ ᠨᠢᠭᠲᠠᠯᠠᠨ ᠪᠤᠳᠦᠬᠰᠡᠠ ᠮᠡᠳᠡᠭᠦᠯᠦᠯᠲᠡ ᠬᠠᠨᠭ᠍ᠭᠠᠵᠤ ᠪᠣᠯᠬᠤ ᠦᠭᠡᠢ᠃ | ᠶᠠᠮᠠᠷᠪᠠ ᠨᠢᠭᠡᠴᠢ ᠪᠤᠶᠤ ᠬᠤᠪᠢ ᠬᠥᠮᠦᠨ ᠭᠡᠳ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠡᠰᠡᠷᠭᠦᠴᠡᠨ ᠬᠤᠷᠢᠭᠯᠠᠭᠰᠠᠨ | ᠨᠢᠭᠲᠠᠯᠠᠨ ᠪᠤᠳᠦᠬᠤ ᠠᠵᠢᠯᠲᠠᠳ ᠲᠤ ᠴᠣᠬᠢᠯᠲᠠ ᠥᠭᠭᠦᠨ ᠬᠠᠷᠢᠭᠤ ᠠᠪᠴᠤ ᠪᠣᠯᠬᠤ ᠤᠢᠭᠡᠢ᠃ | ᠵᠢᠷᠭᠤᠳᠤᠭᠠᠷ ᠵᠦᠢᠯ᠂ ᠲᠤᠰ ᠬᠠᠤᠯᠢ ᠶᠢ ᠨᠠᠷᠢᠨ ᠬᠢᠨᠠᠮᠠᠭᠠᠶ ᠪᠠᠷ ᠬᠡᠷᠡᠭᠵᠢᠭᠦᠯᠵᠦ᠂ ᠡᠭᠦᠷᠭᠡ ᠲᠤᠰᠢᠶᠠᠯ ᠳᠠᠭᠠᠨ | ᠦᠨᠡᠨᠴᠢ ᠰᠢᠳᠤᠷᠭᠤ ᠪᠠᠶᠢᠵᠤ᠂ ᠵᠠᠷᠴᠢᠮ ᠢ ᠪᠠᠷᠢᠮᠲᠠᠯᠠᠵᠤ᠂ ᠢᠯᠡᠳᠲᠡ ᠠᠮᠵᠢᠯᠲᠠ ᠭᠠᠷᠭᠠᠭᠰᠠᠨ ᠨᠢᠭᠲᠠᠯᠠᠨ ᠪᠤᠳᠦᠬᠤ | ᠠᠵᠢᠯᠲᠠᠳ ᠲᠤ ᠤᠶᠦᠠ ᠰᠠᠨᠠᠭᠠᠨ ᠤ ᠪᠤᠶᠤ ᠡᠳ᠋ ᠪᠣᠳᠠᠰ ᠤᠨ ᠱᠠᠩᠨᠠᠯ ᠬᠥᠬᠢᠭᠦᠯᠦᠯ ᠣᠯᠭᠤᠬᠤ ᠬᠡᠷᠡᠭᠲᠡᠶ᠃ | ᠳᠣᠯᠣᠳᠤᠭᠠᠷ ᠵᠦᠢᠯ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ | ᠪᠦᠬᠦ ᠤᠯᠤᠰ ᠤᠨ ᠨᠢᠭᠲᠠᠯᠠᠨ ᠪᠤᠳᠦᠬᠤ ᠠᠵᠢᠯ ᠢ ᠡᠷᠬᠢᠯᠡᠠ ᠬᠠᠮᠢᠶᠠᠷᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠳᠠᠬᠢ ᠨᠢᠭᠲᠠᠯᠠᠨ ᠪᠤᠳᠦᠬᠤ | ᠠᠵᠢᠯ ᠢ ᠬᠠᠮᠢᠶᠠᠷᠤᠨ᠎ᠠ᠃ | ᠨᠠᠢᠮᠠᠳᠤᠭᠠᠷ ᠵᠦᠢᠯ᠂ ᠤᠯᠤᠰ ᠠᠴᠠ ᠨᠢᠭᠲᠠᠯᠠᠨ ᠪᠤᠳᠦᠬᠤ ᠨᠢᠭᠡᠳᠦᠯᠲᠡᠶ ᠲᠦᠷᠢᠮ ᠢ ᠬᠡᠷᠡᠭᠵᠢᠭᠦᠯᠦᠨ᠎ᠡ᠃ | ᠤᠯᠤᠰ ᠤᠨ ᠨᠢᠭᠲᠠᠯᠠᠨ ᠪᠤᠳᠦᠬᠤ ᠨᠢᠭᠡᠳᠦᠯᠲᠡᠶ ᠲᠦᠷᠢᠮ ᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠠᠴᠠ ᠲᠤᠰ ᠬᠠᠤᠯᠢ ᠶᠢ ᠦᠨᠳᠦᠰᠦᠯᠡᠨ ᠲᠣᠭᠲᠠᠭᠠᠭᠠᠳ ᠨᠡᠶᠢᠲᠡᠯᠡᠨ᠎ᠡ᠃ | ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠬᠠᠤᠯᠢ ᠪᠠ | ᠤᠯᠤᠰ ᠤᠨ ᠨᠢᠭᠲᠠᠯᠠᠨ ᠪᠤᠳᠦᠬᠤ ᠨᠢᠭᠡᠳᠦᠯᠲᠡᠶ ᠲᠦᠷᠢᠮ ᠤᠨ ᠳᠣᠬᠳᠠᠭᠠᠯ ᠢᠶᠠᠷ ᠨᠢᠭᠲᠠᠯᠠᠨ ᠪᠤᠳᠦᠬᠤ | ᠲᠣᠭᠠᠴᠠᠭᠠᠯᠠᠯᠲᠠ ᠪᠠ ᠨᠢᠭᠲᠠᠯᠠᠨ ᠪᠤᠳᠦᠬᠤ ᠳᠤ ᠬᠢᠨᠠᠯᠲᠠ ᠲᠠᠯᠪᠢᠬᠤ ᠲᠠᠯ᠎ᠠ ᠪᠠᠷ ᠣᠨᠴᠠᠭᠠᠢ ᠱᠠᠭᠠᠷᠳᠠᠯᠭ᠎ᠠ ᠲᠠᠢ ᠠᠵᠢᠯ | ᠲᠦᠷᠦᠯ ᠳᠤ ᠤᠯᠤᠰ ᠤᠨ ᠨᠢᠭᠡᠳᠦᠯᠲᠡᠶ ᠨᠢᠭᠲᠠᠯᠠᠨ ᠪᠤᠳᠤᠬᠤ ᠳᠦᠷᠢᠮ ᠤᠨ ᠪᠣᠳᠠᠲᠠᠶ ᠠᠷᠭ᠎ᠠ ᠪᠤᠶᠤ ᠨᠥᠬᠦᠪᠥᠷᠢ | ᠲᠣᠭᠲᠠᠭᠠᠯ ᠢ ᠲᠣᠭᠲᠠᠭᠠᠵᠤ᠂ ᠲᠦᠷᠤ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃ | ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠠᠷᠤ ᠲᠠᠯ᠎ᠠ ᠶᠢᠨ ᠠᠵᠢᠯ ᠤᠨ ᠶᠡᠷᠦᠩᠬᠡᠶ | ᠬᠡᠯᠲᠡᠰ ᠲᠤᠰ ᠬᠠᠤᠯᠢ ᠪᠣᠯᠤᠨ ᠤᠯᠤᠰ ᠤᠨ ᠨᠢᠭᠲᠠᠯᠠᠨ ᠪᠤᠳᠦᠬᠤ ᠨᠢᠭᠡᠳᠦᠯᠲᠡᠶ ᠲᠦᠷᠢᠮ ᠤᠨ ᠶᠣᠰᠣᠭᠠᠷ ᠴᠡᠷᠢᠭ | ᠠᠩᠭᠢ ᠳᠤ ᠤᠯᠤᠰ ᠤᠨ ᠨᠢᠭᠲᠠᠯᠠᠨ ᠪᠤᠳᠤᠬᠤ ᠨᠢᠭᠡᠳᠦᠯᠲᠡᠶ ᠲᠦᠷᠢᠮ ᠤᠨ ᠪᠣᠳᠠᠲᠠᠶ ᠠᠷᠭ᠎ᠠ ᠶᠢ ᠲᠣᠭᠲᠠᠭᠠᠵᠤ᠂ | ᠲᠦᠷᠤ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ | ᠬᠡᠷᠡᠭᠲᠡᠶ᠃ | ᠬᠤᠶᠠᠳᠤᠭᠠᠷ ᠪᠦᠯᠦᠭ ᠨᠢᠭᠲᠠᠯᠠᠨ ᠪᠤᠳᠤᠬᠤ ᠲᠣᠭᠠᠴᠠᠭ᠎ᠠ | ᠶᠢᠰᠦᠳᠦᠭᠡᠷ ᠵᠦᠢᠯ᠂ ᠡᠯ᠎ᠡ ᠨᠢᠭᠡᠴᠢ ᠡᠷᠬᠡᠪᠰᠢ ᠪᠣᠳᠠᠲᠠᠶ ᠡᠭᠦᠰᠦᠭᠰᠡᠨ ᠠᠵᠤ ᠠᠬᠤᠶ ᠶᠢᠨ ᠲᠤᠬᠠᠶᠢᠯᠠᠭᠰᠠᠨ | ᠠᠵᠢᠯ ᠤᠨ ᠵᠦᠢᠯ ᠤᠳ ᠢ ᠦᠨᠳᠦᠰᠦᠯᠡᠨ ᠨᠢᠭᠲᠠᠯᠠᠨ ᠪᠤᠳᠤᠬᠤ ᠲᠣᠭᠠᠴᠠᠭ᠎ᠠ ᠬᠢᠵᠦ᠂ ᠨᠢᠭᠲᠠᠯᠠᠨ ᠪᠤᠳᠦᠬᠤ ᠭᠡᠷᠡᠴᠢ | ᠪᠠᠷᠢᠮᠲᠠ ᠶᠢ ᠵᠣᠬᠢᠶᠠᠨ᠂ ᠨᠢᠭᠲᠠᠯᠠᠨ ᠪᠤᠳᠤᠬᠰᠠᠨ ᠲᠠᠩᠰᠠ ᠬᠠᠷ᠎ᠠ ᠶᠢ ᠳᠠᠩᠰᠠᠯᠠᠨ᠂ ᠡᠳ᠋ ᠤᠨ ᠶᠠᠪᠤᠳᠠᠯ ᠤᠨ ᠨᠢᠭᠲᠠᠯᠠᠨ | ᠪᠤᠳᠦᠯᠳᠠ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ᠃ | ᠶᠠᠮᠠᠷᠪᠠ ᠨᠢᠭᠡᠴᠢ ᠭᠡᠳ ᠬᠤᠳᠠᠯ ᠬᠠᠭᠤᠷᠮᠠᠭ ᠠᠵᠤ ᠠᠬᠤᠶ ᠶᠢᠨ ᠲᠤᠬᠠᠶᠢᠯᠠᠭᠰᠠᠨ ᠠᠵᠢᠯ ᠤᠨ ᠵᠦᠢᠯ ᠤᠳ ᠪᠤᠶᠤ | ᠮᠠᠲ᠋ᠧᠷᠢᠶᠠᠯ ᠤᠳ ᠲᠤ ᠨᠢᠭᠲᠠᠯᠠᠨ ᠪᠤᠳᠦᠬᠤ ᠲᠣᠭᠠᠴᠠᠭᠠᠯᠠᠯᠲᠠ ᠬᠢᠵᠦ ᠪᠣᠯᠬᠤ ᠤᠢᠭᠡᠢ᠃ | ᠠᠷᠪᠠᠳᠤᠭᠠᠷ ᠵᠦᠢᠯ᠂ ᠳᠣᠣᠷ᠎ᠠ ᠵᠢᠭᠰᠠᠭᠠᠭᠰᠠᠨ ᠠᠵᠤ ᠠᠬᠤᠶ ᠶᠢᠨ ᠲᠤᠬᠠᠶᠢᠯᠠᠭᠰᠠᠨ ᠠᠵᠢᠯ ᠤᠨ | ᠵᠦᠢᠯ ᠤᠳ ᠲᠤ ᠨᠢᠭᠲᠠᠯᠠᠨ ᠪᠤᠳᠦᠬᠤ ᠭᠠᠷ ᠭᠦᠢᠴᠡᠳᠬᠡᠯ ᠬᠢᠵᠦ᠂ ᠨᠢᠭᠲᠠᠯᠠᠨ ᠪᠤᠳᠦᠬᠤ ᠲᠣᠭᠠᠴᠠᠭᠠᠯᠠᠯᠲᠠ ᠬᠢᠬᠦ | ᠬᠡᠷᠡᠭᠲᠡᠶ᠄ | ︵ᠨᠢᠭᠡ︶ ᠵᠣᠭᠤᠰ ᠪᠣᠯᠤᠨ ᠦᠨᠡᠲᠦ ᠲᠡᠮᠳᠡᠭᠲᠦ ᠶᠢ ᠣᠷᠣᠭᠤᠯᠬᠤ ᠪᠠ ᠭᠠᠷᠭᠠᠬᠤ︔ | ︵ᠬᠤᠶᠠᠷ︶ ᠡᠳ᠋ ᠮᠥᠩᠭᠦᠨ ᠤ ᠣᠷᠣᠭᠤᠯᠤᠯᠲᠠ ᠭᠠᠷᠭᠠᠯᠲᠠ᠂ ᠨᠡᠮᠡᠭᠳᠡᠯ ᠬᠠᠰᠤᠭᠳᠠᠯ ᠪᠠ ᠬᠡᠷᠡᠭᠯᠡᠯᠲᠡ︔ | ︵ᠭᠤᠷᠪᠠ︶ ᠠᠪᠤᠴᠠᠭ᠎ᠠ ᠥᠭᠴᠡᠭᠡ ᠶᠢᠨ ᠪᠤᠢ ᠪᠣᠯᠬᠤ ᠪᠠ ᠲᠡᠭᠦᠨ ᠢ ᠲᠠᠰᠤᠯᠤᠨ ᠪᠤᠳᠤᠬᠤ︔ | ︵ᠲᠦᠷᠪᠡ︶ ᠬᠦᠷᠦᠩᠭᠡ᠂ ᠰᠠᠭᠤᠷᠢ ᠮᠥᠩᠭᠦ ᠶᠢᠨ ᠨᠡᠮᠡᠭᠳᠡᠯ ᠬᠠᠰᠤᠭᠳᠠᠯ︔ | ︵ᠲᠠᠪᠤ︶ ᠣᠷᠣᠯᠭ᠎ᠠ᠂ ᠵᠠᠷᠤᠯᠭ᠎ᠠ᠂ ᠵᠠᠷᠤᠳᠠᠯ᠂ ᠥᠪᠡᠷ ᠤᠨ ᠤᠢᠷᠳᠡᠭ ᠢ ᠪᠤᠳᠦᠬᠤ︔ | ︵ᠵᠢᠷᠭᠤᠭ᠎ᠠ︶ ᠡᠳ᠋ ᠤᠨ ᠶᠠᠪᠤᠳᠠᠯ ᠤᠨ ᠦᠷ᠎ᠡ ᠪᠦᠲᠦᠭᠡᠯ ᠢ ᠪᠤᠳᠤᠬᠤ ᠪᠠ ᠰᠢᠢᠳᠪᠦᠷᠢᠯᠡᠬᠦ︔ | ︵ᠲᠤᠯᠤᠭ᠎ᠠ︶ ᠨᠢᠭᠲᠠᠯᠠᠨ ᠪᠤᠳᠦᠬᠤ ᠭᠠᠷ ᠭᠦᠢᠴᠡᠳᠬᠡᠯ ᠬᠢᠬᠦ ᠪᠠ ᠨᠢᠭᠲᠠᠯᠠᠨ ᠪᠤᠳᠦᠬᠤ ᠲᠣᠭᠠᠴᠠᠭᠠᠯᠠᠯᠲᠠ | ᠬᠢᠬᠦ ᠴᠢᠬᠤᠯᠠ ᠲᠠᠢ ᠪᠤᠰᠤᠳ ᠵᠦᠢᠯ ᠤᠳ᠃ | ᠠᠷᠪᠠᠨ ᠨᠢᠭᠡᠳᠦᠭᠡᠷ ᠵᠦᠢᠯ᠂ ᠨᠢᠭᠲᠠᠯᠠᠨ ᠪᠤᠳᠦᠬᠤ ᠣᠨ ᠤ ᠬᠤᠭᠤᠴᠠᠭ᠎ᠠ ᠶᠢ ᠠᠷᠭ᠎ᠠ ᠶᠢᠨ ᠤᠯᠠᠷᠢᠯ ᠤᠨ 1 | ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭ᠎ᠠ ᠪᠠᠷ ᠬᠢᠵᠠᠭᠠᠷᠯᠠᠨ᠎ᠠ᠃ | ᠠᠷᠪᠠᠨ ᠬᠤᠶᠠᠳᠤᠭᠠᠷ ᠵᠦᠢᠯ᠂ ᠨᠢᠭᠲᠠᠯᠠᠨ ᠪᠤᠳᠤᠬᠤ ᠲᠣᠭᠠᠴᠠᠭ᠎ᠠ ᠬᠢᠬᠦ ᠳᠤ ᠠᠷᠠᠳ ᠤᠨ ᠵᠣᠭᠤᠰ ᠢᠶᠠᠷ | ᠳᠠᠩᠰᠠ ᠲᠡᠮᠳᠡᠭᠯᠡᠬᠦ ᠳᠡᠪᠢᠰᠭᠡᠷ ᠵᠣᠭᠤᠰ ᠪᠣᠯᠭᠠᠨ᠎ᠠ᠃ | ᠲᠤᠬᠠᠶᠢᠯᠠᠭᠰᠠᠨ ᠠᠵᠢᠯ ᠤᠨ ᠣᠷᠣᠯᠭ᠎ᠠ ᠵᠠᠷᠤᠯᠭ᠎ᠠ ᠶᠢ ᠠᠷᠠᠳ ᠤᠨ ᠵᠣᠭᠤᠰ ᠠᠴᠠ ᠪᠤᠰᠤᠳ ᠵᠣᠭᠤᠰ ᠢᠶᠠᠷ | ᠭᠤᠣᠯ ᠪᠣᠯᠭᠠᠨ ᠪᠤᠳᠤᠳᠠᠭ ᠨᠢᠭᠡᠴᠢ ᠨᠢ ᠲᠡᠭᠦᠨ ᠤ ᠳᠣᠲᠣᠷᠠᠬᠢ ᠨᠢᠭᠡ ᠵᠦᠢᠯ ᠤᠨ ᠵᠣᠭᠤᠰ ᠢ ᠰᠣᠩᠭᠤᠵᠤ ᠳᠠᠩᠰᠠ | ᠲᠡᠮᠳᠡᠭᠯᠡᠬᠦ ᠳᠡᠪᠢᠰᠭᠡᠷ ᠵᠣᠭᠤᠰ ᠪᠣᠯᠭᠠᠨ᠎ᠠ᠂ ᠭᠡᠪᠡᠴᠦ ᠨᠠᠶᠢᠷᠠᠭᠤᠯᠤᠨ ᠵᠣᠬᠢᠶᠠᠵᠤ ᠮᠡᠳᠡᠭᠦᠯᠬᠦ ᠡᠳ᠋ ᠤᠨ ᠶᠠᠪᠤᠳᠠᠯ ᠤᠨ | ᠨᠢᠭᠲᠠᠯᠠᠨ ᠪᠤᠳᠦᠯᠲᠠ ᠶᠢᠨ ᠮᠡᠳᠡᠭᠦᠯᠦᠯᠲᠡ ᠳᠤ ᠡᠷᠬᠡᠪᠰᠢ ᠠᠷᠠᠳ ᠤᠨ ᠵᠣᠭᠤᠰ ᠢᠶᠠᠷ ᠨᠣᠭᠤᠯᠣᠨ | ᠪᠣᠳᠣᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ᠂ ᠨᠢᠭᠲᠠᠯᠠᠨ ᠪᠤᠳᠤᠬᠤ ᠬᠡᠷᠡᠴᠢ ᠪᠠᠷᠢᠮᠲᠠ᠂ ᠨᠢᠭᠲᠠᠯᠠᠨ ᠪᠤᠳᠦᠬᠤ ᠶᠢᠨ ᠲᠡᠩᠰᠠ | ᠳᠡᠪᠲᠡᠷ᠂ ᠡᠳ᠋ ᠤᠨ ᠶᠠᠪᠤᠳᠠᠯ ᠤᠨ ᠨᠢᠭᠲᠠᠯᠠᠨ ᠪᠤᠳᠦᠬᠰᠡᠠ ᠮᠡᠳᠡᠭᠦᠯᠦᠯᠲᠡ ᠪᠠ ᠨᠢᠭᠲᠠᠯᠠᠨ ᠪᠤᠳᠦᠬᠤ ᠪᠤᠰᠤᠳ | ᠮᠠᠲ᠋ᠧᠷᠢᠶᠠᠯ ᠨᠢ ᠡᠷᠬᠡᠪᠰᠢ ᠤᠯᠤᠰ ᠤᠨ ᠨᠢᠭᠲᠠᠯᠠᠨ ᠪᠤᠳᠤᠬᠤ ᠨᠢᠭᠡᠳᠦᠯᠲᠡᠶ ᠲᠦᠷᠢᠮ ᠤᠨ ᠲᠣᠭᠲᠠᠭᠠᠯ ᠳᠤ ᠨᠡᠶᠢᠴᠡᠬᠦ | ᠬᠡᠷᠡᠭᠲᠡᠢ᠃ | ᠡᠯᠧᠺᠲᠷᠣᠨ ᠺᠣᠮᠫᠢᠦ᠋ᠲ᠋ᠧᠷ ᠢᠶᠠᠷ ᠨᠢᠭᠲᠠᠯᠠᠨ ᠪᠤᠳᠦᠬᠤ ᠲᠣᠭᠠᠴᠠᠭᠠᠯᠠᠯᠲᠠ ᠬᠢᠭᠰᠡᠨ ᠪᠠᠶᠢᠪᠠᠯ᠂ ᠲᠡᠭᠦᠨ ᠤ | ᠵᠥᠭᠡᠯᠡᠨ ᠲᠤᠨᠤᠬ ᠬᠢᠭᠡᠳ ᠲᠡᠭᠦᠨ ᠤ ᠬᠢᠵᠦ ᠭᠠᠷᠭᠠᠭᠰᠠᠨ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ | ᠪᠤᠳᠦᠬᠤ ᠶᠢᠨ ᠲᠡᠩᠰᠠ ᠳᠡᠪᠲᠡᠷ᠂ ᠡᠳ᠋ ᠤᠨ ᠶᠠᠪᠤᠳᠠᠯ ᠤᠨ ᠨᠢᠭᠲᠠᠯᠠᠨ ᠪᠤᠳᠦᠬᠰᠡᠠ ᠮᠡᠳᠡᠭᠦᠯᠦᠯᠲᠡ ᠪᠠ ᠨᠢᠭᠲᠠᠯᠠᠨ | ᠪᠤᠳᠦᠬᠤ ᠪᠤᠰᠤᠳ ᠮᠠᠲ᠋ᠧᠷᠢᠶᠠᠯ ᠨᠢ ᠪᠠᠰᠠ ᠡᠷᠬᠡᠪᠰᠢ ᠤᠯᠤᠰ ᠤᠨ ᠨᠢᠭᠲᠠᠯᠠᠨ ᠪᠤᠳᠤᠬᠤ ᠨᠢᠭᠡᠳᠦᠯᠲᠡᠶ ᠲᠦᠷᠢᠮ ᠤᠨ | ᠲᠣᠭᠲᠠᠭᠠᠯ ᠳᠤ ᠨᠡᠶᠢᠴᠡᠬᠦ ᠬᠡᠷᠡᠭᠲᠡᠢ᠃ | ᠶᠠᠮᠠᠷᠪᠠ ᠨᠢᠭᠡᠴᠢ ᠪᠠ ᠬᠤᠪᠢ ᠬᠥᠮᠦᠨ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠤᠬᠤ | ᠲᠠᠩᠰᠠ ᠬᠠᠷ᠎ᠠ ᠵᠢᠴᠢ ᠨᠢᠭᠲᠠᠯᠠᠨ ᠪᠤᠳᠤᠯᠳᠠ ᠶᠢᠨ ᠪᠤᠰᠤᠳ ᠮᠠᠲ᠋ᠧᠷᠢᠶᠠᠯ ᠤᠳ ᠢ ᠬᠠᠭᠤᠷᠮᠠᠭᠯᠠᠨ ᠵᠣᠬᠢᠶᠠᠬᠤ᠂ | ᠥᠭᠡᠷᠡᠲᠦᠭᠦᠯᠦᠨ ᠵᠣᠬᠢᠶᠠᠵᠦ ᠪᠣᠯᠬᠤ ᠦᠭᠡᠢ᠂ ᠬᠤᠳᠠᠯ ᠬᠠᠭᠤᠷᠮᠠᠭ ᠡᠳ᠋ ᠤᠨ ᠶᠠᠪᠤᠳᠠᠯ ᠤᠨ ᠨᠢᠭᠲᠠᠯᠠᠨ ᠪᠣᠳᠣᠭᠰᠠᠨ | ᠮᠡᠳᠡᠭᠦᠯᠦᠯᠲᠡ ᠬᠠᠩᠭᠠᠵᠤ ᠪᠣᠯᠬᠤ ᠦᠭᠡᠢ᠃ | ᠠᠷᠪᠠᠨ ᠳᠥᠷᠪᠡᠳᠦᠭᠡᠷ ᠵᠦᠢᠯ᠂ ᠨᠢᠭᠲᠠᠯᠠᠨ ᠪᠤᠳᠦᠬᠤ ᠭᠡᠷᠡᠴᠢ ᠪᠠᠷᠢᠮᠲᠠ ᠳᠤ ᠤᠬ ᠭᠡᠷᠡᠴᠢ ᠪᠠᠷᠢᠮᠲᠠ ᠪᠣᠯᠤᠨ | ᠳᠠᠩᠰᠠᠯᠠᠭᠰᠠᠨ ᠭᠡᠷᠡᠴᠢ ᠪᠠᠷᠢᠮᠲᠠ ᠪᠠᠭᠲᠠᠨ᠎ᠠ᠃ | ᠲᠤᠰ ᠬᠠᠤᠯᠢ ᠶᠢᠨ ᠠᠷᠪᠠᠳᠤᠭᠠᠷ ᠵᠦᠢᠯ ᠳᠤ ᠵᠢᠭᠰᠠᠭᠠᠭᠰᠠᠨ ᠠᠵᠤ ᠠᠬᠤᠶ ᠶᠢᠨ ᠲᠤᠬᠠᠶᠢᠯᠠᠭᠰᠠᠨ ᠠᠵᠢᠯ ᠤᠨ | ᠵᠦᠢᠯ ᠤᠳ ᠢ ᠰᠢᠢᠳᠪᠦᠷᠢᠯᠡᠬᠦ ᠳᠤ ᠡᠷᠬᠡᠪᠰᠢ ᠤᠬ ᠭᠡᠷᠡᠴᠢ ᠪᠠᠷᠢᠮᠲᠠ ᠶᠢ ᠲᠠᠭᠯᠠᠨ ᠪᠢᠴᠢᠬᠦ ᠪᠤᠶᠤ ᠤᠬ ᠭᠡᠷᠡᠴᠢ | ᠪᠠᠷᠢᠮᠲᠠ ᠶᠢ ᠤᠯᠬᠤ ᠶᠢᠨ ᠬᠠᠮᠲᠤ ᠨᠢᠭᠲᠠᠯᠠᠨ ᠪᠤᠳᠦᠬᠤ ᠪᠠᠶᠢᠭᠤᠯᠤᠮᠵᠢ ᠳᠤ ᠴᠠᠭ ᠲᠤᠬᠠᠶ ᠳᠤᠨᠢ ᠬᠦᠷᠭᠡᠬᠦ ᠬᠡᠷᠡᠭᠲᠡᠶ᠃ | ᠨᠢᠭᠲᠠᠯᠠᠨ ᠪᠤᠳᠤᠯᠲᠠ ᠶᠢᠨ ᠪᠠᠶᠢᠭᠤᠯᠤᠮᠵᠢ᠂ ᠨᠢᠭᠲᠠᠯᠠᠨ ᠪᠤᠳᠦᠬᠤ ᠠᠵᠢᠯᠲᠠᠳ ᠡᠷᠬᠡᠪᠰᠢ ᠤᠯᠤᠰ ᠤᠨ | ᠨᠢᠭᠲᠠᠯᠠᠨ ᠪᠤᠳᠦᠬᠤ ᠨᠢᠭᠡᠳᠦᠯᠲᠡᠶ ᠲᠦᠷᠢᠮ ᠤᠨ ᠲᠣᠭᠲᠠᠭᠠᠯ ᠶᠣᠰᠣᠭᠠᠷ ᠤᠬ ᠭᠡᠷᠡᠴᠢ ᠪᠠᠷᠢᠮᠲᠠ ᠶᠢ ᠬᠢᠨᠠᠨ | ᠬᠠᠷᠭᠤᠭᠤᠯᠵᠤ᠂ ᠦᠨᠡᠨ ᠪᠣᠳᠠᠲᠠᠶ ᠪᠢᠰᠢ᠂ ᠬᠠᠤᠯᠢ ᠳᠤ ᠦᠯᠦ ᠨᠡᠶᠢᠴᠡᠬᠦ ᠤᠬ ᠭᠡᠷᠡᠴᠢ ᠪᠠᠷᠢᠮᠲᠠ ᠶᠢ ᠤᠢᠯᠦ | ᠬᠦᠯᠢᠶᠡᠠ ᠠᠪᠬᠤ ᠡᠷᠬᠡ ᠲᠠᠢ ᠪᠥᠭᠡᠳ ᠨᠢᠭᠡᠴᠢ ᠶᠢᠨ ᠬᠠᠷᠢᠭᠤᠴᠠᠯᠭᠠᠲᠠᠨ ᠳᠠᠭᠠᠨ ᠮᠡᠳᠡᠭᠦᠯᠬᠦ ᠬᠡᠷᠡᠭᠲᠡᠶ︔ | ᠲᠡᠮᠳᠡᠭᠯᠡᠭᠰᠡᠨ ᠨᠢ ᠵᠥᠪ ᠣᠨᠣᠪᠴᠢᠲᠠᠶ ᠪᠢᠰᠢ᠂ ᠪᠦᠷᠢᠨ ᠪᠦᠲᠦᠨ ᠪᠤᠰᠤ ᠤᠬ ᠭᠡᠷᠡᠴᠢ ᠪᠠᠷᠢᠮᠲᠠ ᠶᠢ ᠪᠤᠴᠠᠭᠠᠬᠤ | ᠪᠥᠭᠡᠳ ᠤᠯᠤᠰ ᠤᠨ ᠨᠢᠭᠲᠠᠯᠠᠨ ᠪᠤᠳᠦᠬᠤ ᠨᠢᠭᠡᠳᠦᠯᠲᠡᠶ ᠲᠦᠷᠢᠮ ᠤᠨ ᠲᠣᠭᠲᠠᠭᠠᠯ ᠶᠣᠰᠣᠭᠠᠷ ᠵᠠᠯᠠᠷᠠᠭᠤᠯᠵᠤ᠂ | ᠨᠥᠬᠦᠪᠥᠷᠢᠯᠡᠬᠦ ᠪᠠᠷ ᠱᠠᠭᠠᠷᠳᠠᠬᠤ ᠬᠡᠷᠡᠭᠲᠡᠶ᠃ | ᠤᠬ ᠭᠡᠷᠡᠴᠢ ᠪᠠᠷᠢᠮᠲᠠ ᠳᠤ ᠲᠡᠮᠳᠡᠭᠯᠡᠭᠰᠡᠨ ᠡᠯ᠎ᠡ ᠵᠦᠢᠯ ᠤᠨ ᠠᠭᠤᠯᠭ᠎ᠠ ᠶᠢ ᠪᠠᠯᠠᠯᠤᠨ ᠵᠠᠰᠠᠵᠤ | ᠪᠣᠯᠬᠤ ᠤᠢᠭᠡᠢ︔ ᠤᠬ ᠭᠡᠷᠡᠴᠢ ᠪᠠᠷᠢᠮᠲᠠ ᠨᠢ ᠪᠤᠷᠤᠭᠤᠳᠠᠭᠰᠠᠨ ᠪᠠᠶᠢᠪᠠᠯ᠂ ᠤᠬ ᠭᠡᠷᠡᠴᠢ ᠪᠠᠷᠢᠮᠲᠠ ᠬᠢᠭᠰᠡᠨ ᠨᠢᠭᠡᠴᠢ | ᠠᠴᠠ ᠲᠡᠬᠢᠵᠦ ᠭᠡᠷᠡᠴᠢ ᠪᠠᠷᠢᠮᠲᠠ ᠬᠢᠬᠦ ᠪᠤᠶᠤ ᠵᠠᠯᠠᠷᠠᠭᠤᠯᠵᠤ᠂ ᠵᠠᠯᠠᠷᠠᠭᠤᠯᠤᠭᠰᠠᠨ ᠭᠠᠵᠠᠷ ᠲᠤᠨᠢ ᠭᠡᠷᠡᠴᠢ ᠪᠠᠷᠢᠮᠲᠠ | ᠬᠢᠭᠰᠡᠨ ᠨᠢᠭᠡᠴᠢ ᠶᠢᠨ ᠲᠠᠮᠠᠭ᠎ᠠ ᠶᠢ ᠳᠠᠷᠤᠬᠤ ᠬᠡᠷᠡᠭᠲᠡᠶ᠃ ᠤᠬ ᠭᠡᠷᠡᠴᠢ ᠪᠠᠷᠢᠮᠲᠠ ᠶᠢᠨ ᠵᠣᠭᠤᠰ ᠤᠨ ᠲᠤᠭ᠎ᠠ ᠨᠢ | ᠪᠤᠷᠤᠭᠤᠳᠠᠭᠰᠠᠨ ᠪᠠᠶᠢᠪᠠᠯ᠂ ᠤᠬ ᠭᠡᠷᠡᠴᠢ ᠪᠠᠷᠢᠮᠲᠠ ᠬᠢᠭᠰᠡᠨ ᠨᠢᠭᠡᠴᠢ ᠠᠴᠠ ᠲᠡᠬᠢᠵᠦ ᠭᠡᠷᠡᠴᠢ ᠪᠠᠷᠢᠮᠲᠠ ᠬᠢᠬᠦ | ᠬᠡᠷᠡᠭᠲᠡᠶ᠂ ᠤᠬ ᠭᠡᠷᠡᠴᠢ ᠪᠠᠷᠢᠮᠲᠠ ᠳᠡᠭᠡᠷ᠎ᠡ ᠵᠠᠯᠠᠷᠠᠭᠤᠯᠵᠤ ᠪᠣᠯᠬᠤ ᠤᠢᠭᠡᠢ᠃ | ᠳᠠᠩᠰᠠᠯᠠᠭᠰᠠᠨ ᠭᠡᠷᠡᠴᠢ ᠪᠠᠷᠢᠮᠲᠠ ᠶᠢ ᠬᠢᠨᠠᠨ ᠬᠠᠷᠭᠤᠭᠤᠯᠤᠭᠰᠠᠨ ᠤᠬ ᠭᠡᠷᠡᠴᠢ ᠪᠠᠷᠢᠮᠲᠠ ᠪᠣᠯᠤᠨ ᠬᠤᠯᠪᠣᠭᠳᠠᠯ | ᠪᠦᠬᠦᠢ ᠮᠠᠲ᠋ᠧᠷᠢᠶᠠᠯ ᠢ ᠦᠨᠳᠦᠰᠦᠯᠡᠵᠦ ᠨᠠᠶᠢᠷᠠᠭᠤᠯᠤᠨ ᠵᠣᠬᠢᠶᠠᠨ᠎ᠠ᠃ | ᠠᠷᠪᠠᠨ ᠲᠠᠪᠤᠳᠤᠭᠠᠷ ᠵᠦᠢᠯ᠂ ᠨᠢᠭᠲᠠᠯᠠᠨ ᠪᠤᠳᠤᠯᠳᠠ ᠶᠢᠨ ᠲᠠᠩᠰᠠ ᠬᠠᠷ᠎ᠠ ᠶᠢ ᠳᠠᠩᠰᠠᠯᠠᠬᠤ ᠳᠤ ᠡᠷᠬᠡᠪᠰᠢ | ᠬᠢᠨᠠᠨ ᠬᠠᠷᠭᠤᠭᠤᠯᠤᠭᠰᠠᠨ ᠨᠢᠭᠲᠠᠯᠠᠨ ᠪᠤᠳᠦᠬᠤ ᠭᠡᠷᠡᠴᠢ ᠪᠠᠷᠢᠮᠲᠠ ᠪᠠᠷ ᠦᠨᠳᠦᠰᠦ ᠪᠠᠷᠢᠮᠲᠠ ᠪᠣᠯᠭᠠᠬᠤ ᠬᠡᠷᠡᠭᠲᠡᠶ | ᠪᠥᠭᠡᠳ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠤᠨ | ᠨᠢᠭᠡᠳᠦᠯᠲᠡᠶ ᠨᠢᠭᠲᠠᠯᠠᠨ ᠪᠤᠳᠤᠬᠤ ᠲᠦᠷᠢᠮ ᠤᠨ ᠲᠤᠬᠠᠶ ᠲᠣᠭᠲᠠᠭᠠᠯ ᠳᠤ ᠨᠡᠶᠢᠴᠡᠬᠦ ᠬᠡᠷᠡᠭᠲᠡᠢ᠃ ᠨᠢᠭᠲᠠᠯᠠᠨ | ᠪᠤᠳᠦᠬᠤ ᠲᠡᠩᠰᠠ ᠬᠠᠷ᠎ᠠ ᠳᠤ ᠶᠡᠷᠦᠩᠬᠡᠶ ᠲᠠᠩᠰᠠ᠂ ᠨᠠᠷᠢᠨ ᠲᠡᠩᠰᠠ᠂ ᠡᠳᠦᠷ ᠤᠨ ᠳᠠᠩᠰᠠ ᠪᠠ ᠲᠤᠰᠠᠯᠠᠮᠵᠢ ᠶᠢᠨ | ᠴᠢᠨᠠᠷᠲᠠᠶ ᠪᠤᠰᠤᠳ ᠲᠠᠩᠰᠠ ᠲᠡᠮᠳᠡᠭᠯᠡᠯ ᠢ ᠪᠠᠭᠳᠠᠭᠠᠨ᠎ᠠ᠃ | ᠨᠢᠭᠲᠠᠯᠠᠨ ᠪᠤᠳᠤᠬᠤ ᠳᠠᠩᠰᠠ ᠬᠠᠷ᠎ᠠ ᠶᠢ ᠦᠷᠭᠦᠯᠵᠢᠯᠡᠭᠰᠡᠨ ᠳ᠋ᠤᠭᠠᠷᠯᠠᠯ ᠤᠨ ᠨᠢᠭᠤᠷ ᠤᠨ ᠲᠤᠭ᠎ᠠ ᠶᠢᠨ ᠲᠡᠰ | ᠳᠠᠷᠠᠭᠠᠯᠠᠯ ᠢᠶᠠᠷ ᠳᠠᠩᠰᠠᠯᠠᠬᠤ ᠬᠡᠷᠡᠭᠲᠡᠶ᠃ ᠨᠢᠭᠲᠠᠯᠠᠨ ᠪᠤᠳᠦᠯᠲᠠ ᠶᠢᠨ ᠲᠡᠩᠰᠠ ᠬᠠᠷ᠎ᠠ ᠠᠴᠠ ᠲᠡᠮᠳᠡᠭᠯᠡᠯ ᠳᠤ ᠪᠤᠷᠤᠭᠤ | ᠭᠠᠷᠤᠭᠰᠠᠨ ᠪᠤᠶᠤ ᠨᠢᠭᠤᠷ ᠠᠯᠤᠰᠯᠠᠭᠰᠠᠨ᠂ ᠳ᠋ᠤᠭᠠᠷ ᠳᠤᠲᠠᠬᠤ᠂ ᠤᠯᠠᠭᠠᠨ ᠮᠥᠷ ᠠᠴᠠ ᠬᠤᠪᠢᠷᠠᠨ ᠪᠢᠴᠢᠬᠦ ᠳᠤ᠂ | ᠤᠯᠤᠰ ᠤᠨ ᠨᠢᠭᠡᠳᠦᠯᠲᠡᠶ ᠨᠢᠭᠲᠠᠯᠠᠨ ᠪᠤᠳᠤᠬᠤ ᠲᠦᠷᠢᠮ ᠲᠣᠭᠲᠠᠭᠠᠯ ᠤᠨ ᠳᠣᠬᠳᠠᠭᠠᠬᠰᠡᠨ ᠠᠷᠭ᠎ᠠ ᠪᠠᠷ | ᠵᠠᠯᠠᠷᠠᠭᠤᠯᠬᠤ ᠶᠢᠨ ᠬᠠᠮᠲᠤ ᠨᠢᠭᠲᠠᠯᠠᠨ ᠪᠤᠳᠦᠬᠤ ᠠᠵᠢᠯᠳᠡᠠ ᠪᠠ ᠨᠢᠭᠲᠠᠯᠠᠨ ᠪᠤᠳᠦᠬᠤ ᠪᠠᠶᠢᠭᠤᠯᠤᠮᠵᠢ ᠶᠢᠨ | ᠬᠠᠷᠢᠭᠤᠴᠠᠯᠭᠠᠲᠠᠨ ︵ᠨᠢᠭᠲᠠᠯᠠᠨ ᠪᠤᠳᠦᠬᠤ ᠠᠵᠢᠯ ᠤᠨ ᠡᠷᠬᠢᠯᠡᠠ ᠬᠠᠮᠢᠶᠠᠷᠤᠭᠴᠢ︶ ᠠᠴᠠ ᠵᠠᠯᠠᠷᠠᠭᠤᠯᠤᠭᠰᠠᠨ | ᠭᠠᠵᠠᠷ ᠲᠤᠨᠢ ᠲᠠᠮᠠᠭ᠎ᠠ ᠪᠠᠨ ᠳᠠᠷᠤᠬᠤ ᠬᠡᠷᠡᠭᠲᠡᠶ᠃ | ᠡᠯᠧᠺᠲᠷᠣᠨ ᠺᠣᠮᠫᠢᠦ᠋ᠲ᠋ᠧᠷ ᠢᠶᠠᠷ ᠨᠢᠭᠲᠠᠯᠠᠨ ᠪᠤᠳᠦᠬᠤ ᠲᠣᠭᠠᠴᠠᠭᠠᠯᠠᠯᠲᠠ ᠬᠢᠭᠰᠡᠨ ᠪᠠᠶᠢᠳᠠᠯ ᠳᠤ᠂ ᠲᠡᠭᠦᠨ ᠤ | ᠨᠢᠭᠲᠠᠯᠠᠨ ᠪᠤᠳᠤᠬᠤ ᠳᠠᠩᠰᠠ ᠬᠠᠷ᠎ᠠ ᠶᠢ ᠳᠠᠩᠰᠠᠯᠠᠬᠤ᠂ ᠵᠠᠯᠠᠷᠠᠭᠤᠯᠭ᠎ᠠ ᠨᠢ ᠤᠯᠤᠰ ᠤᠨ ᠨᠢᠭᠲᠠᠯᠠᠨ ᠪᠤᠳᠤᠬᠤ | ᠨᠢᠭᠡᠳᠦᠯᠲᠡᠶ ᠲᠦᠷᠢᠮ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ᠂ ᠡᠯ᠎ᠡ ᠨᠢᠭᠡᠴᠢ ᠳᠤ ᠭᠠᠷᠤᠭᠰᠠᠨ ᠠᠵᠤ ᠠᠬᠤᠶ ᠶᠢᠨ ᠲᠤᠬᠠᠶᠢᠯᠠᠭᠰᠠᠨ ᠠᠵᠢᠯ ᠤᠨ | ᠵᠦᠢᠯ ᠤᠳ ᠢ ᠬᠠᠤᠯᠢ ᠶᠣᠰᠣᠭᠠᠷ ᠪᠠᠶᠢᠭᠤᠯᠤᠭᠰᠠᠨ ᠨᠢᠭᠲᠠᠯᠠᠨ ᠪᠤᠳᠦᠯᠲᠠ ᠶᠢᠨ ᠲᠡᠩᠰᠠ ᠬᠠᠷ᠎ᠠ ᠲᠡᠭᠡᠷ᠎ᠡ ᠨᠢᠭᠡᠳᠦᠯᠲᠡᠶ | ᠲᠡᠩᠰᠡᠯᠡᠯᠳᠠ᠂ ᠲᠣᠭᠠᠴᠠᠯᠲᠠ ᠬᠢᠵᠦ᠂ ᠲᠤᠰ ᠬᠠᠤᠯᠢ ᠪᠣᠯᠤᠨ ᠤᠯᠤᠰ ᠤᠨ ᠨᠢᠭᠡᠳᠦᠯᠲᠡᠶ ᠨᠢᠭᠲᠠᠯᠠᠨ ᠪᠣᠳᠣᠯᠲᠠ ᠶᠢᠨ | ᠲᠦᠷᠢᠮ ᠤᠨ ᠲᠣᠭᠲᠠᠭᠠᠯ ᠢ ᠵᠦᠷᠢᠴᠡᠨ᠂ ᠬᠤᠪᠢ ᠪᠠᠷ ᠢᠶᠠᠨ ᠨᠢᠭᠲᠠᠯᠠᠨ ᠪᠤᠳᠦᠬᠤ ᠲᠡᠩᠰᠠ ᠲᠡᠮᠳᠡᠭᠯᠡᠬᠦ᠂ | ᠲᠣᠭᠠᠴᠠᠯᠲᠠ ᠬᠢᠵᠦ ᠪᠣᠯᠬᠤ ᠦᠭᠡᠢ᠃ | ᠠᠷᠪᠠᠨ ᠳᠣᠯᠣᠳᠤᠭᠠᠷ ᠵᠦᠢᠯ᠂ ᠡᠯ᠎ᠡ ᠨᠢᠭᠡᠴᠢ ᠶᠢᠨ ᠲᠣᠭᠲᠠᠮᠠᠯ ᠬᠤᠭᠤᠴᠠᠭ᠎ᠠ ᠲᠠᠢ ᠪᠠᠷ ᠨᠢᠭᠲᠠᠯᠠᠨ ᠪᠤᠳᠦᠬᠤ | ᠲᠡᠩᠰᠠ ᠲᠡᠮᠳᠡᠭᠯᠡᠯ ᠪᠣᠯᠣᠨ ᠪᠣᠳᠠᠲᠤ ᠡᠳ᠋᠂ ᠵᠣᠭᠤᠰ ᠮᠥᠩᠭᠦ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠲᠠᠢ | ᠬᠠᠷᠢᠯᠴᠠᠨ ᠬᠠᠷᠭᠤᠭᠤᠯᠵᠤ᠂ ᠨᠢᠭᠲᠠᠯᠠᠨ ᠪᠣᠳᠣᠬᠤ ᠲᠠᠩᠰᠠ ᠬᠠᠷ᠎ᠠ ᠶᠢᠨ ᠲᠡᠮᠳᠡᠭᠯᠡᠯ ᠨᠢ ᠪᠣᠳᠠᠲᠤ ᠡᠳ᠋ ᠪᠣᠳᠠᠰ ᠵᠢᠴᠢ | ᠵᠣᠭᠤᠰ ᠮᠥᠩᠭᠦ ᠶᠢᠨ ᠪᠣᠳᠠᠲᠠᠶ ᠪᠠᠶᠢᠭ᠎ᠠ ᠲᠤᠭ᠎ᠠ ᠬᠡᠮᠵᠢᠶ᠎ᠡ ᠲᠠᠢ ᠲᠠᠭᠠᠷᠠᠬᠤ᠂ ᠨᠢᠭᠲᠠᠯᠠᠨ ᠪᠤᠳᠦᠬᠤ ᠲᠡᠩᠰᠠ | ᠲᠡᠮᠳᠡᠭᠯᠡᠯ ᠪᠣᠯᠣᠨ ᠨᠢᠭᠲᠠᠯᠠᠨ ᠪᠤᠳᠦᠬᠤ ᠭᠡᠷᠡᠴᠢ ᠪᠠᠷᠢᠮᠲᠠ ᠶᠢᠨ ᠬᠤᠯᠪᠣᠭᠳᠠᠯ ᠪᠦᠬᠦᠢ ᠠᠭᠤᠯᠭ᠎ᠠ ᠲᠠᠢ ᠪᠠᠨ | ᠨᠡᠶᠢᠴᠡᠭᠰᠡᠨ ᠪᠠᠶᠢᠬᠤ᠂ ᠨᠢᠭᠲᠠᠯᠠᠨ ᠪᠤᠳᠦᠯᠲᠠ ᠶᠢᠨ ᠲᠡᠩᠰᠠ ᠬᠠᠷ᠎ᠠ ᠶᠢᠨ ᠬᠤᠭᠤᠷᠣᠨᠳᠣ ᠪᠠᠨ ᠵᠣᠬᠢᠴᠠᠯᠳᠤᠭᠰᠠᠨ | ᠲᠡᠮᠳᠡᠭᠯᠡᠯ ᠨᠢ ᠨᠡᠶᠢᠴᠡᠭᠰᠡᠨ ᠪᠠᠶᠢᠬᠤ᠂ ᠨᠢᠭᠲᠠᠯᠠᠨ ᠪᠤᠳᠦᠬᠤ ᠲᠡᠩᠰᠠ ᠶᠢᠨ ᠲᠡᠮᠳᠡᠭᠯᠡᠯ ᠨᠢ ᠨᠢᠭᠲᠠᠯᠠᠨ ᠪᠤᠳᠦᠬᠰᠡᠠ | ᠮᠡᠳᠡᠭᠦᠯᠦᠯᠲᠡ ᠶᠢᠨ ᠬᠦᠰᠦᠨᠦᠭᠲᠦ ᠶᠢᠨ ᠬᠤᠯᠪᠣᠭᠳᠠᠯ ᠪᠦᠬᠦᠢ ᠠᠭᠤᠯᠭ᠎ᠠ ᠲᠠᠢ ᠪᠠᠨ ᠨᠡᠶᠢᠴᠡᠭᠰᠡᠨ ᠪᠠᠶᠢᠬᠤ ᠶᠢ | ᠪᠠᠳᠣᠯᠠᠨ᠎ᠠ᠃ | ᠠᠷᠪᠠᠨ ᠨᠠᠢᠮᠠᠳᠤᠭᠠᠷ ᠵᠦᠢᠯ᠂ ᠡᠯ᠎ᠡ ᠨᠢᠭᠡᠴᠢ ᠶᠢᠨ ᠬᠡᠷᠡᠭᠵᠢᠭᠦᠯᠬᠦ ᠨᠢᠭᠲᠠᠯᠠᠨ ᠪᠤᠳᠦᠯᠳᠠ ᠶᠢᠨ ᠰᠢᠢᠳᠪᠦᠷᠢᠯᠡᠬᠦ | ᠠᠷᠭ᠎ᠠ ᠨᠢ ᠡᠮᠦᠨ᠎ᠡ ᠬᠤᠶᠢᠨᠠᠬᠢ ᠡᠯ᠎ᠡ ᠬᠤᠭᠤᠴᠠᠭᠠᠨ ᠳᠤ ᠨᠢᠭᠡᠳᠦᠯᠲᠡᠶ ᠪᠠᠶᠢᠬᠤ ᠬᠡᠷᠡᠭᠲᠡᠶ᠂ ᠳᠤᠷ᠎ᠠ ᠪᠠᠷ ᠢᠶᠠᠨ | ᠬᠤᠪᠢᠷᠠᠭᠤᠯᠵᠤ ᠪᠣᠯᠬᠤ ᠤᠢᠭᠡᠢ︔ ᠦᠨᠡᠨᠬᠦ ᠬᠤᠪᠢᠷᠠᠭᠤᠯᠬᠤ ᠴᠢᠬᠤᠯᠠᠲᠠᠶ ᠪᠠᠶᠢᠪᠠᠯ᠂ ᠤᠯᠤᠰ ᠤᠨ ᠨᠢᠭᠡᠳᠦᠯᠲᠡᠶ | ᠨᠢᠭᠲᠠᠯᠠᠨ ᠪᠤᠳᠤᠬᠤ ᠲᠦᠷᠢᠮ ᠲᠣᠭᠲᠠᠭᠠᠯ ᠢᠶᠠᠷ ᠬᠤᠪᠢᠷᠠᠭᠤᠯᠬᠤ ᠪᠥᠭᠡᠳ ᠬᠤᠪᠢᠷᠠᠭᠤᠯᠤᠭᠰᠠᠨ ᠰᠢᠯᠲᠠᠭᠠᠨ᠂ | ᠪᠠᠶᠢᠳᠠᠯ ᠵᠢᠴᠢ ᠨᠥᠯᠥᠭᠡ ᠶᠢ ᠡᠳ᠋ ᠤᠨ ᠶᠠᠪᠤᠳᠠᠯ ᠤᠨ ᠨᠢᠭᠲᠠᠯᠠᠨ ᠪᠤᠳᠦᠬᠰᠡᠠ ᠮᠡᠳᠡᠭᠦᠯᠦᠯᠲᠡ ᠳᠡᠭᠡᠨ ᠲᠣᠳᠣᠷᠬᠠᠶᠢᠯᠠᠬᠤ | ᠬᠡᠷᠡᠭᠲᠡᠶ᠃ | ᠠᠷᠪᠠ ᠶᠢᠰᠦᠳᠦᠭᠡᠷ ᠵᠦᠢᠯ᠂ ᠨᠢᠭᠡᠴᠢ ᠶᠢᠨ ᠬᠠᠨᠭ᠍ᠭᠠᠭᠰᠠᠨ ᠳᠠᠭᠠᠭᠠᠯᠲᠠ᠂ ᠲᠠᠰᠤᠯᠤᠭᠠᠳᠤᠶ ᠵᠠᠭᠠᠯᠳᠤᠯᠭ᠎ᠠ | ᠵᠡᠷᠭᠡ ᠵᠦᠢᠯ ᠤᠳ ᠢ ᠤᠯᠤᠰ ᠤᠨ ᠨᠢᠭᠲᠠᠯᠠᠨ ᠪᠤᠳᠦᠬᠤ ᠨᠢᠭᠡᠳᠦᠯᠲᠡᠶ ᠲᠦᠷᠢᠮ ᠤᠨ ᠲᠣᠭᠲᠠᠭᠠᠯ ᠶᠣᠰᠣᠭᠠᠷ ᠡᠳ᠋ ᠤᠨ | ᠶᠠᠪᠤᠳᠠᠯ ᠤᠨ ᠨᠢᠭᠲᠠᠯᠠᠨ ᠪᠤᠳᠦᠬᠰᠡᠠ ᠮᠡᠳᠡᠭᠦᠯᠦᠯᠲᠡ ᠳᠡᠭᠡᠨ ᠲᠣᠳᠣᠷᠬᠠᠶᠢᠯᠠᠬᠤ ᠬᠡᠷᠡᠭᠲᠡᠶ᠃ | ᠬᠤᠷᠢᠳᠤᠭᠠᠷ ᠵᠦᠢᠯ᠂ ᠡᠳ᠋ ᠤᠨ ᠶᠠᠪᠤᠳᠠᠯ ᠤᠨ ᠨᠢᠭᠲᠠᠯᠠᠨ ᠪᠤᠳᠦᠯᠲᠠ ᠶᠢᠨ ᠮᠡᠳᠡᠭᠦᠯᠦᠯᠲᠡ ᠨᠢ ᠬᠢᠨᠠᠨ | ᠬᠠᠷᠭᠤᠭᠤᠯᠤᠭᠰᠠᠨ ᠨᠢᠭᠲᠠᠯᠠᠨ ᠪᠤᠳᠦᠬᠤ ᠲᠡᠩᠰᠠ ᠶᠢᠨ ᠲᠡᠮᠳᠡᠭᠯᠡᠯ ᠪᠣᠯᠤᠨ ᠬᠤᠯᠪᠣᠭᠳᠠᠯ ᠪᠦᠬᠦᠢ ᠮᠠᠲ᠋ᠧᠷᠢᠶᠠᠯ ᠢ | ᠦᠨᠳᠦᠰᠦᠯᠡᠨ ᠨᠠᠶᠢᠷᠠᠭᠤᠯᠤᠨ ᠵᠣᠬᠢᠶᠠᠵᠦ᠂ ᠲᠤᠰ ᠬᠠᠤᠯᠢ ᠪᠠ ᠤᠯᠤᠰ ᠤᠨ ᠨᠢᠭᠲᠠᠯᠠᠨ ᠪᠤᠳᠦᠬᠤ ᠨᠢᠭᠡᠳᠦᠯᠲᠡᠶ | ᠲᠦᠷᠢᠮ ᠤᠨ ᠡᠳ᠋ ᠤᠨ ᠶᠠᠪᠤᠳᠠᠯ ᠤᠨ ᠨᠢᠬᠲᠠᠯᠠᠨ ᠪᠣᠳᠣᠯᠲᠠ ᠶᠢᠨ ᠮᠡᠳᠡᠭᠦᠯᠦᠯᠲᠡ ᠶᠢᠨ ᠨᠠᠶᠢᠷᠠᠭᠤᠯᠣᠨ ᠵᠣᠬᠢᠶᠠᠬᠤ | ᠱᠠᠭᠠᠷᠳᠠᠯᠭ᠎ᠠ᠂ ᠡᠳᠡᠭᠡᠳ ᠪᠣᠯᠤᠨ ᠬᠤᠭᠤᠴᠠᠭ᠎ᠠ ᠬᠠᠩᠭᠠᠬᠤ ᠶᠢᠨ ᠲᠤᠬᠠᠶ ᠲᠣᠭᠲᠠᠭᠠᠯ ᠳᠤ ᠨᠡᠶᠢᠴᠡᠬᠦ ᠬᠡᠷᠡᠭᠲᠡᠢ︔ | ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ | ᠲᠣᠭᠲᠠᠭᠠᠯ ᠢᠶᠠᠷ ᠶᠠᠪᠤᠭᠤᠯᠤᠨ᠎ᠠ᠃ | ᠡᠳ᠋ ᠤᠨ ᠶᠠᠪᠤᠳᠠᠯ ᠤᠨ ᠨᠢᠭᠲᠠᠯᠠᠨ ᠪᠤᠳᠦᠬᠰᠡᠠ ᠮᠡᠳᠡᠭᠦᠯᠦᠯᠲᠡ ᠨᠢ ᠨᠢᠭᠲᠠᠯᠠᠨ ᠪᠤᠳᠦᠬᠰᠡᠠ | ᠮᠡᠳᠡᠭᠦᠯᠦᠯᠲᠡ ᠶᠢᠨ ᠬᠦᠰᠦᠨᠦᠭᠲᠦ᠂ ᠨᠢᠭᠲᠠᠯᠠᠨ ᠪᠤᠳᠦᠬᠰᠡᠠ ᠮᠡᠳᠡᠭᠦᠯᠦᠯᠲᠡ ᠶᠢᠨ ᠬᠦᠰᠦᠨᠦᠭᠲᠦ ᠶᠢᠨ ᠲᠠᠶᠢᠯᠪᠤᠷᠢ ᠪᠠ | ᠡᠳ᠋ ᠤᠨ ᠶᠠᠪᠤᠳᠠᠯ ᠤᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠶᠢᠨ ᠪᠢᠴᠢᠭ ᠵᠡᠷᠭᠡ ᠪᠠᠷ ᠪᠦᠷᠢᠯᠳᠦᠨ᠎ᠡ᠃ ᠠᠳᠠᠯᠢ | ᠪᠤᠰᠤ ᠶᠢᠨ ᠨᠢᠭᠲᠠᠯᠠᠨ ᠪᠤᠳᠦᠬᠤ ᠮᠠᠲ᠋ᠧᠷᠢᠶᠠᠯ ᠬᠡᠷᠡᠭᠯᠡᠭᠴᠢᠳ ᠲᠤ ᠬᠠᠩᠭᠠᠭᠰᠠᠨ ᠡᠳ᠋ ᠤᠨ ᠶᠠᠪᠤᠳᠠᠯ ᠤᠨ ᠨᠢᠭᠲᠠᠯᠠᠨ | ᠪᠤᠳᠤᠯᠳᠠ ᠶᠢᠨ ᠮᠡᠳᠡᠭᠦᠯᠦᠯᠲᠡ ᠶᠢᠨ ᠨᠠᠶᠢᠷᠠᠭᠤᠯᠤᠨ ᠵᠣᠬᠢᠶᠠᠭᠰᠠᠨ ᠦᠨᠳᠦᠰᠦ ᠪᠠᠷᠢᠮᠲᠠ ᠨᠢ ᠠᠳᠠᠯᠢ ᠪᠠᠶᠢᠬᠤ ᠬᠡᠷᠡᠭᠲᠡᠶ᠃ | ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠨᠢᠭᠲᠠᠯᠠᠨ | ᠪᠤᠳᠤᠬᠤ ᠮᠡᠳᠡᠭᠦᠯᠦᠯᠲᠡ ᠶᠢᠨ ᠬᠦᠰᠦᠨᠦᠭᠲᠦ᠂ ᠨᠢᠭᠲᠠᠯᠠᠨ ᠪᠤᠳᠦᠬᠰᠡᠠ ᠮᠡᠳᠡᠭᠦᠯᠦᠯᠲᠡ ᠶᠢᠨ ᠬᠦᠰᠦᠨᠦᠭᠲᠦ ᠶᠢᠨ | ᠲᠠᠶᠢᠯᠪᠤᠷᠢ ᠪᠠ ᠡᠳ᠋ ᠤᠨ ᠶᠠᠪᠤᠳᠠᠯ ᠤᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠶᠢᠨ ᠪᠢᠴᠢᠭ ᠨᠢ ᠡᠷᠬᠡᠪᠰᠢ | ᠳᠠᠩᠰᠠᠯᠠᠭᠤᠯᠤᠭᠰᠠᠨ ᠨᠢᠭᠲᠠᠯᠠᠨ ᠪᠤᠳᠦᠬᠴᠢ ᠪᠠᠷ ᠨᠢᠭᠲᠠᠯᠠᠨ ᠪᠠᠶᠢᠴᠠᠭᠠᠯᠭᠠᠬᠤ ᠬᠡᠷᠡᠭᠲᠡᠶ ᠪᠠᠶᠢᠪᠠᠯ᠂ | ᠳᠠᠩᠰᠠᠯᠠᠭᠤᠯᠤᠭᠰᠠᠨ ᠨᠢᠭᠲᠠᠯᠠᠨ ᠪᠤᠳᠦᠬᠴᠢ ᠬᠢᠭᠡᠳ ᠲᠡᠭᠦᠨ ᠤ ᠪᠠᠶᠢᠭ᠎ᠠ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ | ᠭᠠᠵᠠᠷ ᠤᠨ ᠭᠠᠷᠭᠠᠭᠰᠠᠨ ᠨᠢᠭᠲᠠᠯᠠᠨ ᠪᠠᠶᠢᠴᠠᠭᠠᠭᠰᠠᠨ ᠮᠡᠳᠡᠭᠦᠯᠦᠯᠲᠡ ᠨᠢ ᠡᠳ᠋ ᠤᠨ ᠶᠠᠪᠤᠳᠠᠯ ᠤᠨ ᠨᠢᠭᠲᠠᠯᠠᠨ | ᠪᠤᠳᠦᠬᠰᠡᠠ ᠮᠡᠳᠡᠭᠦᠯᠦᠯᠲᠡ ᠲᠠᠢ ᠴᠤᠬ ᠲᠤᠨᠢ ᠬᠠᠩᠭᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ᠂ ᠡᠳ᠋ ᠤᠨ ᠶᠠᠪᠤᠳᠠᠯ ᠤᠨ ᠨᠢᠭᠲᠠᠯᠠᠨ ᠪᠤᠳᠦᠬᠰᠡᠠ ᠮᠡᠳᠡᠭᠦᠯᠦᠯᠲᠡ ᠳᠤ | ᠨᠢᠭᠡᠴᠢ ᠶᠢᠨ ᠬᠠᠷᠢᠭᠤᠴᠠᠯᠭᠠᠲᠠᠨ ᠪᠠ ᠨᠢᠭᠲᠠᠯᠠᠨ ᠪᠤᠳᠦᠬᠤ ᠠᠵᠢᠯ ᠢ ᠡᠷᠬᠢᠯᠡᠠ ᠬᠠᠮᠢᠶᠠᠷᠴᠤ ᠪᠠᠶᠢᠭ᠎ᠠ | ᠬᠠᠷᠢᠭᠤᠴᠠᠯᠭᠠᠲᠠᠨ᠂ ᠨᠢᠭᠲᠠᠯᠠᠨ ᠪᠤᠳᠦᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ︵ᠨᠢᠭᠲᠠᠯᠠᠨ ᠪᠤᠳᠦᠬᠤ | ᠠᠵᠢᠯ ᠤᠨ ᠡᠷᠬᠢᠯᠡᠠ ᠬᠠᠮᠢᠶᠠᠷᠤᠭᠴᠢ︶ ᠭᠠᠷ ᠤᠨ ᠤᠢᠰᠦᠭ ᠵᠢᠷᠤᠵᠤ ᠲᠠᠮᠠᠭ᠎ᠠ ᠪᠠᠨ ᠳᠠᠷᠤᠬᠤ ᠬᠡᠷᠡᠭᠲᠡᠶ︔ ᠶᠡᠷᠦᠩᠬᠡᠶ | ᠨᠢᠭᠲᠠᠯᠠᠨ ᠪᠤᠳᠤᠬᠴᠢ ᠳᠣᠬᠢᠷᠠᠭᠤᠯᠣᠬᠰᠡᠨ ᠨᠢᠭᠡᠴᠢ ᠨᠢ ᠡᠷᠬᠡᠪᠰᠢ ᠶᠡᠷᠦᠩᠬᠡᠶ ᠨᠢᠭᠲᠠᠯᠠᠨ ᠪᠤᠳᠤᠬᠴᠢ ᠪᠠᠷ ᠭᠠᠷ ᠤᠨ | ᠤᠢᠰᠦᠭ ᠵᠢᠷᠤᠵᠤ ᠲᠠᠮᠠᠭ᠎ᠠ ᠳᠠᠷᠤᠬᠤ ᠬᠡᠷᠡᠭᠲᠡᠶ᠃ | ᠨᠢᠭᠡᠴᠢ ᠶᠢᠨ ᠬᠠᠷᠢᠭᠤᠴᠠᠯᠭᠠᠲᠠᠨ ᠨᠢ ᠡᠳ᠋ ᠤᠨ ᠶᠠᠪᠤᠳᠠᠯ ᠤᠨ ᠨᠢᠭᠲᠠᠯᠠᠨ ᠪᠤᠳᠦᠬᠰᠡᠠ ᠮᠡᠳᠡᠭᠦᠯᠦᠯᠲᠡ ᠶᠢᠨ | ᠦᠨᠡᠨ ᠪᠣᠳᠠᠲᠠᠶ᠂ ᠪᠦᠷᠢᠨ ᠪᠦᠲᠦᠨ ᠪᠠᠶᠢᠬᠤ ᠶᠢ ᠪᠠᠲᠤᠯᠠᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ᠂ ᠨᠢᠭᠲᠠᠯᠠᠨ ᠪᠤᠳᠦᠬᠤ ᠲᠡᠮᠳᠡᠭᠯᠡᠯ ᠬᠢᠬᠦ ᠳᠡᠭᠡᠨ ᠬᠢᠲᠠᠳ ᠤᠢᠰᠦᠭ ᠪᠢᠴᠢᠭ ᠢ ᠬᠡᠷᠡᠭᠯᠡᠬᠦ | ᠬᠡᠷᠡᠭᠲᠡᠶ᠃ ᠦᠨᠳᠦᠰᠦᠲᠡᠨ ᠤ ᠥᠪᠡᠷᠲᠡᠭᠡᠨ ᠵᠠᠰᠠᠬᠤ ᠭᠠᠵᠠᠷ ᠣᠷᠣᠨ ᠳᠤ ᠨᠢᠭᠲᠠᠯᠠᠨ ᠪᠤᠳᠦᠬᠤ ᠲᠡᠮᠳᠡᠭᠯᠡᠯ | ᠬᠢᠬᠦ ᠳᠡᠭᠡᠨ ᠲᠤᠰ ᠭᠠᠵᠠᠷ ᠣᠷᠣᠨ ᠳᠤ ᠨᠡᠶᠢᠳᠡᠮ ᠬᠡᠷᠡᠭᠯᠡᠭᠳᠡᠬᠦ ᠨᠢᠭᠡ ᠵᠦᠢᠯ ᠤᠨ ᠦᠨᠳᠦᠰᠦᠲᠡᠨ ᠤ ᠤᠢᠰᠦᠭ | ᠪᠢᠴᠢᠭ ᠢ ᠬᠠᠮᠲᠤ ᠳᠤᠨᠢ ᠬᠡᠷᠡᠭᠯᠡᠵᠦ ᠪᠣᠯᠤᠨ᠎ᠠ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ | ᠳᠣᠲᠣᠷ᠎ᠠ ᠪᠠᠶᠢᠭ᠎ᠠ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ᠂ | ᠭᠠᠳᠠᠭᠠᠳᠤ ᠶᠢᠨ ᠠᠵᠤ ᠠᠬᠤᠶᠢᠯᠠᠯ ᠪᠠ ᠭᠠᠳᠠᠭᠠᠳᠤ ᠶᠢᠨ ᠪᠤᠰᠤᠳ ᠵᠣᠬᠢᠶᠠᠨ ᠪᠠᠶᠢᠭᠤᠯᠤᠯᠲᠠ ᠨᠢ ᠨᠢᠭᠲᠠᠯᠠᠨ ᠪᠤᠳᠦᠬᠤ | ᠲᠡᠮᠳᠡᠭᠯᠡᠯ ᠬᠢᠬᠦ ᠳᠡᠭᠡᠨ ᠨᠢᠭᠡ ᠵᠦᠢᠯ ᠤᠨ ᠭᠠᠳᠠᠭᠠᠳᠤ ᠤᠯᠤᠰ ᠤᠨ ᠤᠢᠰᠦᠭ ᠪᠢᠴᠢᠭ ᠢ ᠵᠡᠷᠭᠡᠪᠡᠷ | ᠬᠡᠷᠡᠭᠯᠡᠵᠦ ᠪᠣᠯᠤᠨ᠎ᠠ᠃ | ᠬᠤᠷᠢᠨ ᠭᠤᠷᠪᠠᠳᠤᠭᠠᠷ ᠵᠦᠢᠯ᠂ ᠡᠯ᠎ᠡ ᠨᠢᠭᠡᠴᠢ ᠶᠢᠨ ᠬᠢᠨ ᠨᠢᠭᠲᠠᠯᠠᠨ ᠪᠤᠳᠦᠬᠤ ᠭᠡᠷᠡᠴᠢ ᠪᠠᠷᠢᠮᠲᠠ᠂ | ᠨᠢᠭᠲᠠᠯᠠᠨ ᠪᠤᠳᠦᠬᠤ ᠶᠢᠨ ᠲᠡᠩᠰᠠ ᠳᠡᠪᠲᠡᠷ᠂ ᠡᠳ᠋ ᠤᠨ ᠶᠠᠪᠤᠳᠠᠯ ᠤᠨ ᠨᠢᠭᠲᠠᠯᠠᠨ ᠪᠤᠳᠦᠬᠰᠡᠠ ᠮᠡᠳᠡᠭᠦᠯᠦᠯᠲᠡ ᠪᠠ | ᠨᠢᠭᠲᠠᠯᠠᠨ ᠪᠤᠳᠦᠬᠤ ᠪᠤᠰᠤᠳ ᠮᠠᠲ᠋ᠧᠷᠢᠶᠠᠯ ᠳᠤ ᠲᠡᠩᠰᠠ ᠡᠪᠬᠡᠮᠡᠯ ᠪᠠᠶᠢᠭᠤᠯᠤᠨ᠂ ᠰᠠᠶᠢᠲᠤᠷ ᠬᠠᠳᠠᠭᠠᠯᠠᠬᠤ ᠬᠡᠷᠡᠭᠲᠡᠢ᠃ | ᠨᠢᠭᠲᠠᠯᠠᠨ ᠪᠤᠳᠦᠬᠤ ᠲᠡᠩᠰᠠ ᠡᠪᠬᠡᠮᠡᠯ ᠢ ᠬᠠᠳᠠᠭᠠᠯᠠᠬᠤ ᠬᠤᠭᠤᠴᠠᠭ᠎ᠠ ᠪᠣᠯᠤᠨ ᠤᠰᠠᠳᠬᠠᠬᠤ ᠠᠷᠭ᠎ᠠ ᠶᠢ ᠲᠦᠷᠦ ᠶᠢᠨ | ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠲᠣᠭᠲᠠᠭᠠᠨ᠎ᠠ᠃ | ᠭᠤᠷᠪᠠᠳᠤᠭᠠᠷ ᠪᠦᠯᠦᠭ ᠺᠣᠮᠫᠠᠨᠢ᠂ ᠠᠵᠤ ᠠᠬᠤᠶᠢᠯᠠᠯ ᠤᠨ ᠨᠢᠭᠲᠠᠯᠠᠨ ᠪᠤᠳᠦᠬᠤ ᠲᠣᠭᠠᠴᠠᠭᠠᠯᠠᠯᠲᠠ ᠶᠢᠨ | ᠤᠨᠴᠠᠭᠠᠢ ᠲᠣᠭᠲᠠᠭᠠᠯ | ᠬᠤᠷᠢᠨ ᠳᠥᠷᠪᠡᠳᠦᠭᠡᠷ ᠵᠦᠢᠯ᠂ ᠺᠣᠮᠫᠠᠨᠢ᠂ ᠠᠵᠤ ᠠᠬᠤᠶᠢᠯᠠᠯ ᠨᠢ ᠨᠢᠭᠲᠠᠯᠠᠨ ᠪᠤᠳᠦᠬᠤ ᠲᠣᠭᠠᠴᠠᠭᠠᠯᠠᠯᠲᠠ | ᠬᠢᠬᠦ ᠳᠡᠭᠡᠨ ᠲᠤᠰ ᠬᠠᠤᠯᠢ ᠶᠢᠨ ᠬᠤᠶᠠᠳᠤᠭᠠᠷ ᠪᠦᠯᠦᠭ ᠤᠨ ᠲᠣᠭᠲᠠᠭᠠᠯ ᠢ ᠵᠢᠷᠤᠮᠯᠠᠬᠤ ᠠᠴᠠ ᠭᠠᠳᠠᠨ᠎ᠠ ᠪᠠᠰᠠ ᠲᠤᠰ | ᠪᠦᠯᠦᠭ ᠤᠨ ᠲᠣᠭᠲᠠᠭᠠᠯ ᠤᠳ ᠢ ᠵᠢᠷᠤᠮᠯᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ᠂ ᠺᠣᠮᠫᠠᠨᠢ᠂ ᠠᠵᠤ ᠠᠬᠤᠶᠢᠯᠠᠯ ᠨᠢ ᠡᠷᠬᠡᠪᠰᠢ ᠪᠣᠳᠠᠲᠠᠶ ᠡᠭᠦᠰᠦᠭᠰᠡᠨ ᠠᠵᠤ | ᠠᠬᠤᠶ ᠶᠢᠨ ᠲᠤᠬᠠᠶᠢᠯᠠᠭᠰᠠᠨ ᠠᠵᠢᠯ ᠤᠨ ᠵᠦᠢᠯ ᠤᠳ ᠢ ᠦᠨᠳᠦᠰᠦᠯᠡᠵᠦ᠂ ᠤᠯᠤᠰ ᠤᠨ ᠨᠢᠭᠲᠠᠯᠠᠨ ᠪᠤᠳᠦᠬᠤ | ᠨᠢᠭᠡᠳᠦᠯᠲᠡᠶ ᠲᠦᠷᠢᠮ ᠤᠨ ᠲᠣᠭᠲᠠᠭᠠᠯ ᠶᠣᠰᠣᠭᠠᠷ ᠨᠤᠲᠠᠯᠠᠬᠤ᠂ ᠡᠳ᠋ ᠬᠦᠷᠦᠩᠭᠡ ᠲᠡᠮᠳᠡᠭᠯᠡᠬᠦ ᠪᠠ ᠬᠡᠮᠵᠢᠨ ᠪᠣᠳᠣᠬᠤ᠂ | ᠥᠷᠢᠲᠦᠬᠦ᠂ ᠥᠮᠴᠢᠯᠡᠭᠴᠢ ᠶᠢᠨ ᠡᠷᠬᠡ ᠠᠰᠢᠭ᠂ ᠣᠷᠣᠯᠠᠭᠠ᠂ ᠵᠠᠷᠤᠳᠠᠯ᠂ ᠥᠪᠡᠷ ᠤᠨ ᠦᠷᠳᠡᠭ ᠪᠠ ᠠᠰᠢᠭ | ᠬᠤᠨᠵᠢᠪᠣᠷᠢ ᠣᠯᠬᠤ᠃ | ᠬᠤᠷᠢᠨ ᠵᠢᠷᠭᠤᠳᠤᠭᠠᠷ ᠵᠦᠢᠯ᠂ ᠺᠣᠮᠫᠠᠨᠢ᠂ ᠠᠵᠤ ᠠᠬᠤᠶᠢᠯᠠᠯ ᠨᠢᠭᠲᠠᠯᠠᠨ ᠪᠤᠳᠦᠬᠤ ᠲᠣᠭᠠᠴᠠᠭᠠᠯᠠᠯᠲᠠ | ᠬᠢᠬᠦ ᠳᠡᠭᠡᠨ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ ᠬᠢᠵᠦ ᠪᠣᠯᠬᠤ ᠤᠢᠭᠡᠢ᠄ | ︵ᠨᠢᠭᠡ︶ ᠪᠡᠯᠠ ᠬᠦᠷᠦᠩᠭᠡ᠂ ᠥᠷᠢ ᠰᠢᠷᠢ᠂ ᠥᠮᠴᠢᠯᠡᠭᠴᠢ ᠶᠢᠨ ᠡᠷᠬᠡ ᠠᠰᠢᠭ ᠢ ᠮᠠᠭᠠᠳᠯᠠᠬᠤ ᠪᠠᠷᠢᠮᠵᠢᠶ᠎ᠠ | ᠪᠤᠶᠤ ᠪᠤᠳᠦᠬᠤ ᠠᠷᠭ᠎ᠠ ᠶᠢ ᠳᠤᠷ᠎ᠠ ᠪᠠᠷ ᠢᠶᠠᠨ ᠬᠤᠪᠢᠷᠠᠭᠤᠯᠵᠤ᠂ ᠪᠡᠯᠠ ᠬᠦᠷᠦᠩᠭᠡ᠂ ᠥᠷᠢ ᠰᠢᠷᠢ᠂ | ᠥᠮᠴᠢᠯᠡᠭᠴᠢ ᠶᠢᠨ ᠡᠷᠬᠡ ᠠᠰᠢᠭ ᠢ ᠬᠤᠳᠠᠯ ᠢᠶᠠᠷ ᠪᠢᠴᠢᠬᠦ᠂ ᠢᠯᠡᠭᠦᠦ ᠪᠢᠴᠢᠬᠦ᠂ ᠪᠢᠴᠢᠬᠦ ᠤᠢᠭᠡᠢ ᠪᠤᠶᠤ ᠳᠤᠲᠠᠭᠤ | ᠪᠢᠴᠢᠬᠦ︔ | ︵ᠬᠤᠶᠠᠷ︶ ᠣᠷᠣᠯᠭ᠎ᠠ ᠪᠠᠨ ᠬᠤᠳᠠᠯ ᠢᠶᠠᠷ ᠪᠢᠴᠢᠬᠦ ᠪᠤᠶᠤ ᠨᠢᠭᠤᠨ ᠳᠠᠯᠳᠠᠯᠠᠵᠤ᠂ ᠣᠷᠣᠯᠭ᠎ᠠ ᠪᠠᠨ | ᠬᠤᠶᠢᠰᠢᠯᠠᠭᠤᠯᠤᠨ ᠮᠠᠭᠠᠳᠯᠠᠬᠤ ᠪᠤᠶᠤ ᠤᠷᠢᠳᠴᠢᠯᠠᠨ ᠮᠠᠭᠠᠳᠯᠠᠬᠤ︔ | ︵ᠭᠤᠷᠪᠠ︶ ᠵᠠᠷᠤᠳᠠᠯ᠂ ᠥᠪᠡᠷ ᠤᠨ ᠤᠢᠷᠳᠡᠭ ᠢ ᠮᠠᠭᠠᠳᠯᠠᠬᠤ ᠪᠠᠷᠢᠮᠵᠢᠶ᠎ᠠ ᠪᠤᠶᠤ ᠪᠤᠳᠦᠬᠤ ᠠᠷᠭ᠎ᠠ ᠶᠢ | ᠳᠤᠷ᠎ᠠ ᠪᠠᠷ ᠢᠶᠠᠨ ᠬᠤᠪᠢᠷᠠᠭᠤᠯᠵᠤ᠂ ᠵᠠᠷᠤᠳᠠᠯ᠂ ᠥᠪᠡᠷ ᠤᠨ ᠤᠢᠷᠳᠡᠭ ᠢ ᠬᠤᠳᠠᠯ ᠢᠶᠠᠷ ᠪᠢᠴᠢᠬᠦ᠂ ᠢᠯᠡᠭᠦᠦ ᠪᠢᠴᠢᠬᠦ᠂ | ᠪᠢᠴᠢᠬᠦ ᠤᠢᠭᠡᠢ ᠪᠤᠶᠤ ᠳᠤᠲᠠᠭᠤ ᠪᠢᠴᠢᠬᠦ︔ | ︵ᠲᠦᠷᠪᠡ︶ ᠠᠰᠢᠭ ᠬᠤᠨᠵᠢᠪᠣᠷᠢ ᠶᠢ ᠪᠤᠳᠦᠬᠤ ᠪᠠ ᠬᠤᠪᠢᠶᠠᠷᠢᠯᠠᠬᠤ ᠠᠷᠭ᠎ᠠ ᠶᠢ ᠳᠤᠷ᠎ᠠ ᠪᠠᠷ ᠢᠶᠠᠨ | ᠲᠣᠬᠢᠷᠠᠭᠤᠯᠵᠤ᠂ ᠬᠤᠳᠠᠯ ᠠᠰᠢᠭ ᠬᠤᠨᠵᠢᠪᠣᠷᠢ ᠵᠣᠬᠢᠶᠠᠬᠤ ᠪᠤᠶᠤ ᠠᠰᠢᠭ ᠬᠤᠨᠵᠢᠪᠣᠷᠢ ᠪᠠᠨ ᠨᠢᠭᠤᠵᠤ ᠳᠠᠯᠳᠠᠯᠠᠬᠤ︔ | ︵ᠲᠠᠪᠤ︶ ᠤᠯᠤᠰ ᠤᠨ ᠨᠢᠭᠲᠠᠯᠠᠨ ᠪᠤᠳᠦᠬᠤ ᠨᠢᠭᠡᠳᠦᠯᠲᠡᠶ ᠲᠦᠷᠢᠮ ᠤᠨ ᠲᠣᠭᠲᠠᠭᠠᠯ ᠢ ᠵᠥᠷᠢᠴᠡᠭᠰᠡᠨ | ᠪᠤᠰᠤᠳ ᠠᠵᠢᠯᠯᠠᠭ᠎ᠠ ᠨᠤᠭᠤᠳ᠃ | ᠳᠥᠷᠪᠡᠳᠦᠭᠡᠷ ᠪᠦᠯᠦᠭ ᠨᠢᠭᠲᠠᠯᠠᠨ ᠪᠤᠳᠦᠬᠤ ᠬᠢᠨᠠᠯᠲᠠ | ᠬᠤᠷᠢᠨ ᠳᠣᠯᠣᠳᠤᠭᠠᠷ ᠵᠦᠢᠯ᠂ ᠡᠯ᠎ᠡ ᠨᠢᠭᠡᠴᠢ ᠨᠦᠭᠦᠳ ᠨᠢᠭᠡᠴᠢ ᠶᠢᠨ ᠳᠣᠲᠣᠭᠠᠳᠤ ᠶᠢᠨ ᠨᠢᠭᠲᠠᠯᠠᠨ ᠪᠤᠳᠦᠬᠤ | ᠬᠢᠨᠠᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠨᠢᠭᠡᠴᠢ ᠶᠢᠨ ᠳᠣᠲᠣᠭᠠᠳᠤ ᠶᠢᠨ ᠨᠢᠭᠲᠠᠯᠠᠨ | ᠪᠤᠳᠦᠬᠤ ᠬᠢᠨᠠᠯᠲᠠ ᠶᠢᠨ ᠲᠦᠷᠢᠮ ᠨᠢ ᠳᠣᠣᠷ᠎ᠠ ᠵᠢᠭᠰᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠳᠠᠩᠰᠠᠯᠠᠬᠤ ᠠᠵᠢᠯᠳᠠᠨ ᠬᠢᠭᠡᠳ ᠠᠵᠤ ᠠᠬᠤᠶ ᠶᠢᠨ ᠲᠤᠬᠠᠶᠢᠯᠠᠭᠰᠠᠨ ᠠᠵᠢᠯ ᠤᠨ ᠵᠦᠢᠯ ᠤᠳ | ᠪᠣᠯᠤᠨ ᠨᠢᠭᠲᠠᠯᠠᠨ ᠪᠤᠳᠦᠬᠤ ᠠᠵᠢᠯ ᠤᠨ ᠵᠦᠢᠯ ᠤᠳ ᠢ ᠬᠢᠨᠠᠨ ᠵᠥᠪᠰᠢᠶᠡᠷᠡᠭᠴᠢ᠂ ᠭᠠᠷᠳᠠᠨ ᠬᠢᠭᠴᠢ᠂ ᠡᠳ᠋ | ᠮᠥᠩᠭᠦᠨ ᠤ ᠬᠠᠮᠢᠶᠠᠷᠤᠭᠴᠢ ᠶᠢᠨ ᠲᠤᠰᠢᠶᠠᠯ ᠬᠠᠷᠢᠭᠤᠴᠠᠯᠭ᠎ᠠ ᠡᠷᠬᠡ ᠶᠢᠨ ᠬᠡᠪᠴᠢᠶ᠎ᠡ ᠶᠢ ᠲᠣᠳᠣᠷᠬᠠᠶ ᠪᠣᠯᠭᠠᠬᠤ | ᠬᠡᠷᠡᠭᠲᠡᠶ ᠪᠥᠭᠡᠳ ᠬᠤᠭᠤᠷᠣᠨᠳᠣ ᠨᠢ ᠰᠠᠯᠭᠠᠵᠤ᠂ ᠬᠠᠷᠢᠯᠴᠠᠨ ᠬᠢᠵᠠᠭᠠᠷᠯᠠᠬᠤ ᠬᠡᠷᠡᠭᠲᠡᠢ︔ | ︵ᠬᠤᠶᠠᠷ︶ ᠭᠠᠳᠠᠭᠠᠳᠤ ᠳᠤ ᠭᠠᠷᠭᠠᠬᠤ ᠴᠢᠬᠤᠯᠠ ᠶᠡᠭᠡ ᠪᠡᠯᠠ ᠣᠷᠣᠭᠤᠯᠤᠯᠲᠠ᠂ ᠪᠡᠯᠠ ᠬᠦᠷᠦᠩᠭᠡ ᠶᠢᠨ | ᠰᠢᠢᠳᠪᠦᠷᠢᠯᠡᠯᠲᠡ᠂ ᠵᠣᠭᠤᠰ ᠮᠥᠩᠭᠦ ᠶᠢᠨ ᠲᠤᠬᠢᠷᠡᠭᠤᠯᠦᠯᠳᠠ ᠪᠠ ᠠᠵᠤ ᠠᠬᠤᠶ ᠶᠢᠨ ᠪᠤᠰᠤᠳ ᠴᠢᠬᠤᠯᠠ ᠶᠡᠭᠡ | ᠲᠤᠬᠠᠶᠢᠯᠠᠭᠰᠠᠨ ᠠᠵᠢᠯ ᠤᠨ ᠵᠦᠢᠯ ᠤᠳ ᠤᠨ ᠲᠤᠬᠠᠶ ᠰᠢᠢᠳᠪᠦᠷᠢᠲᠦ ᠪᠤᠳᠦᠯᠭ᠎ᠠ ᠪᠠ ᠲᠡᠭᠦᠨ ᠢ ᠬᠡᠷᠡᠭᠵᠢᠭᠦᠯᠬᠦ ᠶᠢᠨ | ᠬᠠᠷᠢᠯᠴᠠᠨ ᠬᠢᠨᠠᠯᠲᠠ ᠲᠠᠯᠪᠢᠵᠤ᠂ ᠬᠠᠷᠢᠯᠴᠠᠨ ᠬᠢᠵᠠᠭᠠᠷᠯᠠᠬᠤ ᠶᠠᠪᠣᠴᠠ ᠶᠢ ᠲᠣᠳᠣᠷᠬᠠᠶ ᠪᠣᠯᠭᠠᠬᠤ ᠬᠡᠷᠡᠭᠲᠡᠶ︔ | ︵ᠭᠤᠷᠪᠠ︶ ᠡᠳ᠋ ᠮᠥᠩᠭᠦ ᠶᠢ ᠲᠣᠳᠣᠷᠬᠠᠶᠢᠯᠠᠨ ᠪᠠᠶᠢᠴᠠᠭᠠᠬᠤ ᠬᠡᠪᠴᠢᠶ᠎ᠡ᠂ ᠬᠤᠭᠤᠴᠠᠭ᠎ᠠ ᠪᠠ ᠵᠣᠬᠢᠶᠠᠨ | ᠪᠠᠶᠢᠭᠤᠯᠬᠤ ᠶᠠᠪᠣᠴᠠ ᠶᠢ ᠲᠣᠳᠣᠷᠬᠠᠶ ᠪᠣᠯᠭᠠᠬᠤ ᠬᠡᠷᠡᠭᠲᠡᠶ︔ | ︵ᠲᠦᠷᠪᠡ︶ ᠨᠢᠭᠲᠠᠯᠠᠨ ᠪᠤᠳᠦᠬᠤ ᠮᠠᠲ᠋ᠧᠷᠢᠶᠠᠯ ᠢ ᠳᠠᠭᠠᠨ ᠲᠣᠭᠲᠠᠮᠠᠯ ᠬᠤᠭᠤᠴᠠᠭ᠎ᠠ ᠲᠠᠢ ᠪᠠᠷ | ᠳᠣᠲᠣᠭᠠᠳᠤ ᠶᠢᠨ ᠨᠢᠭᠲᠠᠯᠠᠨ ᠪᠠᠶᠢᠴᠠᠭᠠᠬᠤ ᠠᠷᠭ᠎ᠠ ᠪᠠ ᠶᠠᠪᠣᠴᠠ ᠶᠢ ᠲᠣᠳᠣᠷᠬᠠᠶ ᠪᠣᠯᠭᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ᠂ ᠨᠢᠭᠡᠴᠢ ᠶᠢᠨ ᠬᠠᠷᠢᠭᠤᠴᠠᠯᠭᠠᠲᠠᠨ ᠨᠢ ᠨᠢᠭᠲᠠᠯᠠᠨ ᠪᠤᠳᠦᠬᠤ ᠪᠠᠶᠢᠭᠤᠯᠤᠮᠵᠢ᠂ | ᠨᠢᠭᠲᠠᠯᠠᠨ ᠪᠤᠳᠤᠬᠤ ᠠᠵᠢᠯᠲᠠᠳ ᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠲᠤᠯᠠᠬᠤ | ᠬᠡᠷᠡᠭᠲᠡᠶ᠂ ᠰᠠᠨᠠᠭ᠎ᠠ ᠳᠣᠬᠢᠨ᠂ ᠥᠳᠥᠭᠡᠬᠦ᠂ ᠠᠯᠪᠡᠳᠡᠠ ᠵᠠᠷᠯᠢᠭᠳᠠᠵᠤ ᠪᠠᠶᠢᠭᠠᠳ ᠨᠢᠭᠲᠠᠯᠠᠨ ᠪᠤᠳᠤᠬᠤ ᠪᠠᠶᠢᠭᠤᠯᠤᠮᠵᠢ᠂ | ᠨᠢᠭᠲᠠᠯᠠᠨ ᠪᠤᠳᠤᠬᠤ ᠠᠵᠢᠯᠳᠠᠨ ᠢ ᠬᠠᠤᠯᠢ ᠵᠥᠷᠢᠴᠡᠨ ᠨᠢᠬᠲᠠᠯᠠᠨ ᠪᠣᠳᠣᠬᠤ ᠵᠦᠢᠯᠡᠰ ᠢ ᠰᠢᠢᠳᠪᠦᠷᠢᠯᠡᠭᠦᠯᠵᠦ ᠪᠣᠯᠬᠤ | ᠦᠭᠡᠢ᠃ | ᠨᠢᠭᠲᠠᠯᠠᠨ ᠪᠤᠳᠦᠬᠤ ᠪᠠᠶᠢᠭᠤᠯᠤᠮᠵᠢ ᠪᠠ ᠨᠢᠭᠲᠠᠯᠠᠨ ᠪᠤᠳᠦᠬᠤ ᠠᠵᠢᠯᠲᠠᠳ ᠠᠴᠠ ᠲᠤᠰ ᠬᠠᠤᠯᠢ ᠪᠠ | ᠤᠯᠤᠰ ᠤᠨ ᠨᠢᠭᠲᠠᠯᠠᠨ ᠪᠤᠳᠦᠬᠤ ᠨᠢᠭᠡᠳᠦᠯᠲᠡᠶ ᠲᠦᠷᠢᠮ ᠤᠨ ᠲᠣᠭᠲᠠᠭᠠᠯ ᠢ ᠵᠦᠷᠢᠴᠡᠭᠰᠡᠨ ᠨᠢᠭᠲᠠᠯᠠᠨ ᠪᠤᠳᠦᠬᠤ | ᠵᠦᠢᠯ ᠤᠳ ᠢ ᠬᠢᠬᠦ ᠶᠢ ᠲᠡᠪᠴᠢᠬᠦ ᠪᠤᠶᠤ ᠡᠷᠬᠡ ᠲᠤᠰᠢᠶᠠᠯ ᠤᠨ ᠢᠶᠠᠨ ᠶᠣᠰᠣᠭᠠᠷ ᠵᠠᠯᠠᠷᠠᠭᠤᠯᠵᠦ ᠪᠣᠯᠣᠨ᠎ᠠ᠃ | ᠬᠤᠷᠢ ᠶᠢᠰᠦᠳᠦᠭᠡᠷ ᠵᠦᠢᠯ᠂ ᠨᠢᠭᠲᠠᠯᠠᠨ ᠪᠤᠳᠤᠬᠤ ᠪᠠᠶᠢᠭᠤᠯᠤᠮᠵᠢ᠂ ᠨᠢᠭᠲᠠᠯᠠᠨ ᠪᠤᠳᠤᠬᠤ ᠠᠵᠢᠯᠲᠠᠳ ᠠᠴᠠ | ᠨᠢᠭᠲᠠᠯᠠᠨ ᠪᠤᠳᠦᠬᠤ ᠲᠡᠩᠰᠠ ᠲᠡᠮᠳᠡᠭᠯᠡᠯ ᠨᠢ ᠪᠣᠳᠠᠲᠤ ᠡᠳ᠋᠂ ᠵᠣᠭᠤᠰ ᠵᠢᠴᠢ ᠬᠤᠯᠪᠣᠭᠳᠠᠯ ᠪᠦᠬᠦᠢ | ᠮᠠᠲ᠋ᠧᠷᠢᠶᠠᠯ ᠲᠠᠢ ᠪᠠᠨ ᠨᠡᠶᠢᠴᠡᠬᠦ ᠤᠢᠭᠡᠢ ᠪᠠᠶᠢᠬᠤ ᠶᠢ ᠣᠯᠵᠤ ᠮᠡᠳᠡᠪᠡᠯ᠂ ᠤᠯᠤᠰ ᠤᠨ ᠨᠢᠭᠲᠠᠯᠠᠨ ᠪᠤᠳᠦᠬᠤ | ᠨᠢᠭᠡᠳᠦᠯᠲᠡᠶ ᠲᠦᠷᠢᠮ ᠤᠨ ᠲᠣᠭᠲᠠᠭᠠᠯ ᠶᠣᠰᠣᠭᠠᠷ ᠥᠪᠡᠰᠦᠪᠡᠨ ᠰᠢᠢᠳᠪᠦᠷᠢᠯᠡᠬᠦ ᠡᠷᠬᠡ ᠲᠠᠢ ᠪᠣᠯ ᠴᠠᠭ ᠲᠤᠬᠠᠶ ᠳᠤᠨᠢ | ᠰᠢᠢᠳᠪᠦᠷᠢᠯᠡᠬᠦ ᠬᠡᠷᠡᠭᠲᠡᠶ︔ ᠰᠢᠢᠳᠪᠦᠷᠢᠯᠡᠬᠦ ᠡᠷᠬᠡ ᠤᠢᠭᠡᠢ ᠪᠣᠯ ᠲᠡᠷᠡ ᠳᠠᠷᠤᠶ ᠳᠤᠨᠢ ᠨᠢᠭᠡᠴᠢ ᠶᠢᠨ ᠢᠶᠠᠨ | ᠬᠠᠷᠢᠭᠤᠴᠠᠯᠭᠠᠲᠠᠨ ᠳᠤ ᠮᠡᠳᠡᠭᠦᠯᠵᠦ᠂ ᠰᠢᠯᠲᠠᠭᠠᠨ ᠢ ᠨᠢ ᠪᠠᠶᠢᠴᠠᠭᠠᠨ ᠲᠤᠳᠦᠯᠡᠵᠦ᠂ ᠰᠢᠢᠳᠪᠦᠷᠢᠯᠡᠬᠦᠯᠬᠦ ᠪᠠᠷ | ᠭᠤᠶᠤᠴᠢᠯᠠᠬᠤ ᠬᠡᠷᠡᠭᠲᠡᠶ᠃ | ᠭᠤᠴᠢᠳᠤᠭᠠᠷ ᠵᠦᠢᠯ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠲᠤᠰ ᠬᠠᠤᠯᠢ ᠪᠠ ᠤᠯᠤᠰ ᠤᠨ | ᠨᠢᠭᠲᠠᠯᠠᠨ ᠪᠤᠳᠦᠬᠤ ᠨᠢᠭᠡᠳᠦᠯᠲᠡᠶ ᠲᠦᠷᠢᠮ ᠤᠨ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠬᠦ ᠡᠷᠬᠡ ᠲᠠᠢ᠃ | ᠢᠯᠡᠴᠢᠯᠡᠯ ᠢ ᠬᠦᠯᠢᠶᠡᠠ ᠠᠪᠤᠭᠰᠠᠨ ᠰᠠᠯᠠᠭ᠎ᠠ ᠮᠥᠴᠢᠷ ᠨᠢ ᠰᠢᠢᠳᠪᠦᠷᠢᠯᠡᠬᠦ ᠡᠷᠬᠡ ᠲᠠᠢ ᠪᠠᠶᠢᠪᠠᠯ᠂ ᠬᠠᠤᠯᠢ ᠶᠢᠨ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ︔ | ᠰᠢᠢᠳᠪᠦᠷᠢᠯᠡᠬᠦ ᠡᠷᠬᠡ ᠤᠢᠭᠡᠢ ᠪᠣᠯ᠂ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠲᠤ ᠴᠠᠭ ᠲᠤᠬᠠᠶ ᠳᠤᠨᠢ | ᠰᠢᠯᠵᠢᠭᠦᠯᠦᠨ ᠬᠦᠷᠭᠡᠵᠦ ᠰᠢᠢᠳᠪᠦᠷᠢᠯᠡᠬᠦᠯᠬᠦ ᠬᠡᠷᠡᠭᠲᠡᠶ᠃ ᠢᠯᠡᠴᠢᠯᠡᠯ ᠢ ᠬᠦᠯᠢᠶᠡᠠ ᠠᠪᠤᠭᠰᠠᠨ ᠰᠠᠯᠠᠭ᠎ᠠ ᠮᠥᠴᠢᠷ᠂ | ᠬᠠᠷᠢᠭᠤᠴᠠᠨ ᠰᠢᠢᠳᠪᠦᠷᠢᠯᠡᠬᠦ ᠰᠠᠯᠠᠭ᠎ᠠ ᠮᠥᠴᠢᠷ ᠨᠢ ᠢᠯᠡᠴᠢᠯᠡᠭᠴᠢ ᠶᠢᠨ ᠬᠠᠮᠭᠠᠯᠠᠵᠦ᠂ ᠢᠯᠡᠴᠢᠯᠡᠭᠴᠢ ᠶᠢᠨ ᠤᠪᠦᠬ | ᠨᠡᠷ᠎ᠡ ᠪᠠ ᠢᠯᠡᠴᠢᠯᠡᠭᠰᠡᠨ ᠮᠠᠲ᠋ᠧᠷᠢᠶᠠᠯ ᠢ ᠢᠯᠡᠴᠢᠯᠡᠭᠳᠡᠭᠰᠡᠨ ᠨᠢᠭᠡᠴᠢ ᠪᠠ ᠢᠯᠡᠴᠢᠯᠡᠭᠳᠡᠭᠰᠡᠨ ᠬᠤᠪᠢ ᠬᠥᠮᠦᠨ ᠳᠤ | ᠰᠢᠯᠵᠢᠭᠦᠯᠦᠨ ᠥᠭᠴᠦ ᠪᠣᠯᠬᠤ ᠦᠭᠡᠢ᠃ | ᠭᠤᠴᠢᠨ ᠨᠢᠭᠡᠳᠦᠭᠡᠷ ᠵᠦᠢᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠳᠤ ᠳᠣᠬᠳᠠᠭᠠᠬᠰᠡᠨ ᠢᠶᠠᠷ ᠡᠷᠬᠡᠪᠰᠢ ᠳᠠᠩᠰᠠᠯᠠᠭᠤᠯᠤᠭᠰᠠᠨ ᠨᠢᠭᠲᠠᠯᠠᠨ ᠪᠤᠳᠦᠬᠴᠢ ᠪᠠᠷ ᠨᠢᠭᠲᠠᠯᠠᠨ | ᠪᠠᠶᠢᠴᠠᠭᠠᠯᠭᠠᠬᠤ ᠨᠢᠭᠡᠴᠢ ᠪᠠᠶᠢᠪᠠᠯ᠂ ᠨᠠᠶᠢᠳᠠᠯᠭ᠎ᠠ ᠬᠦᠯᠢᠶᠡᠭᠰᠡᠨ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ | ᠭᠠᠵᠠᠷ ᠲᠤ ᠨᠢᠭᠲᠠᠯᠠᠨ ᠪᠣᠳᠣᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠶᠢᠨ ᠲᠡᠩᠰᠠ ᠳᠡᠪᠲᠡᠷ᠂ ᠡᠳ᠋ ᠤᠨ | ᠶᠠᠪᠤᠳᠠᠯ ᠤᠨ ᠨᠢᠭᠲᠠᠯᠠᠨ ᠪᠤᠳᠦᠬᠰᠡᠠ ᠮᠡᠳᠡᠭᠦᠯᠦᠯᠲᠡ ᠪᠠ ᠨᠢᠭᠲᠠᠯᠠᠨ ᠪᠤᠳᠦᠬᠤ ᠪᠤᠰᠤᠳ ᠮᠠᠲ᠋ᠧᠷᠢᠶᠠᠯ ᠵᠢᠴᠢ | ᠬᠤᠯᠪᠣᠭᠳᠠᠯ ᠪᠦᠬᠦᠢ ᠪᠠᠶᠢᠳᠠᠯ ᠢ ᠪᠣᠳᠠᠲᠠᠢ ᠪᠠᠷ ᠳᠣᠰᠢᠶᠠᠬᠤ ᠬᠡᠷᠡᠭᠲᠡᠢ᠃ | ᠶᠠᠮᠠᠷᠪᠠ ᠨᠢᠭᠡᠴᠢ ᠪᠤᠶᠤ ᠬᠤᠪᠢ ᠬᠥᠮᠦᠨ ᠳᠠᠩᠰᠠᠯᠠᠭᠤᠯᠤᠭᠰᠠᠨ ᠨᠢᠭᠲᠠᠯᠠᠨ ᠪᠤᠳᠦᠬᠴᠢ ᠬᠢᠭᠡᠳ ᠲᠡᠭᠦᠨ ᠤ | ᠪᠠᠶᠢᠭ᠎ᠠ ᠨᠢᠭᠲᠠᠯᠠᠨ ᠪᠤᠳᠦᠬᠴᠢ ᠶᠢᠨ ᠬᠡᠷᠡᠭ ᠡᠷᠬᠢᠯᠡᠬᠦ ᠭᠠᠵᠠᠷ ᠢᠶᠠᠷ ᠦᠨᠡᠨ ᠪᠣᠳᠠᠲᠠᠶ ᠪᠤᠰᠤ ᠪᠤᠶᠤ ᠵᠦᠢ ᠵᠤᠬᠢᠰ | ᠤᠢᠭᠡᠢ ᠨᠢᠭᠲᠠᠯᠠᠨ ᠪᠠᠶᠢᠴᠠᠭᠠᠭᠰᠠᠨ ᠮᠡᠳᠡᠭᠦᠯᠦᠯᠲᠡ ᠭᠠᠷᠭᠠᠭᠤᠯᠬᠤ ᠭᠡᠵᠦ ᠶᠠᠮᠠᠷᠪᠠ ᠠᠷᠭ᠎ᠠ ᠬᠡᠯᠪᠡᠷᠢ ᠪᠠᠷ ᠱᠠᠭᠠᠷᠳᠠᠬᠤ | ᠪᠤᠶᠤ ᠬᠡᠯᠡᠵᠦ ᠲᠤᠬᠢᠵᠦ ᠪᠣᠯᠬᠤ ᠤᠢᠭᠡᠢ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠢᠭᠲᠠᠯᠠᠨ ᠪᠤᠳᠦᠬᠴᠢ ᠶᠢᠨ ᠬᠡᠷᠡᠭ ᠡᠷᠬᠢᠯᠡᠬᠦ ᠭᠠᠵᠠᠷ ᠤᠨ | ᠭᠠᠷᠭᠠᠬᠰᠡᠨ ᠨᠢᠭᠲᠠᠯᠠᠨ ᠪᠠᠶᠢᠴᠠᠭᠠᠭᠰᠠᠨ ᠮᠡᠳᠡᠭᠦᠯᠦᠯᠲᠡ ᠶᠢᠨ ᠶᠠᠪᠣᠴᠠ ᠪᠠ ᠠᠭᠤᠯᠭ᠎ᠠ ᠳᠤ ᠬᠢᠨᠠᠯᠲᠠ ᠲᠠᠯᠪᠢᠬᠤ | ᠡᠷᠬᠡ ᠲᠠᠢ᠃ | ᠭᠤᠴᠢᠨ ᠬᠤᠶᠠᠳᠤᠭᠠᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠡᠯ᠎ᠡ ᠨᠢᠭᠡᠴᠢ ᠶᠢᠨ ᠳᠣᠣᠷ᠎ᠠ | ᠵᠢᠭᠰᠠᠭᠠᠭᠰᠠᠨ ᠪᠠᠶᠢᠳᠠᠯ ᠤᠳ ᠲᠤ ᠬᠢᠨᠠᠯᠲᠠ ᠲᠠᠯᠪᠢᠨ᠎ᠠ᠄ | ︵ᠨᠢᠭᠡ︶ ᠬᠠᠤᠯᠢ ᠶᠣᠰᠣᠭᠠᠷ ᠨᠢᠭᠲᠠᠯᠠᠨ ᠪᠤᠳᠤᠬᠤ ᠲᠠᠩᠰᠠ ᠪᠠᠶᠢᠷᠢᠯᠠᠭᠤᠯᠣᠬᠰᠡᠨ ᠡᠰᠡᠬᠦ︔ | ︵ᠬᠤᠶᠠᠷ︶ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠶᠢᠨ ᠲᠡᠩᠰᠠ ᠳᠡᠪᠲᠡᠷ᠂ | ᠡᠳ᠋ ᠤᠨ ᠶᠠᠪᠤᠳᠠᠯ ᠤᠨ ᠨᠢᠭᠲᠠᠯᠠᠨ ᠪᠤᠳᠦᠬᠰᠡᠠ ᠮᠡᠳᠡᠭᠦᠯᠦᠯᠲᠡ ᠪᠠ ᠨᠢᠭᠲᠠᠯᠠᠨ ᠪᠤᠳᠦᠬᠤ ᠪᠤᠰᠤᠳ ᠮᠠᠲ᠋ᠧᠷᠢᠶᠠᠯ ᠨᠢ | ᠦᠨᠡᠨ ᠪᠣᠳᠠᠲᠠᠶ᠂ ᠪᠦᠷᠢᠨ ᠪᠦᠲᠦᠨ ᠪᠠᠶᠢᠬᠤ ᠡᠰᠡᠬᠦ︔ | ︵ᠭᠤᠷᠪᠠ︶ ᠨᠢᠭᠲᠠᠯᠠᠨ ᠪᠤᠳᠦᠬᠤ ᠲᠣᠭᠠᠴᠠᠭᠠᠯᠠᠯᠲᠠ ᠨᠢ ᠲᠤᠰ ᠬᠠᠤᠯᠢ ᠪᠠ ᠤᠯᠤᠰ ᠤᠨ ᠨᠢᠭᠲᠠᠯᠠᠨ | ᠪᠤᠳᠦᠬᠤ ᠨᠢᠭᠡᠳᠦᠯᠲᠡᠶ ᠲᠦᠷᠢᠮ ᠤᠨ ᠲᠣᠭᠲᠠᠭᠠᠯ ᠳᠤ ᠨᠡᠶᠢᠴᠡᠬᠦ ᠡᠰᠡᠬᠦ︔ | ︵ᠲᠦᠷᠪᠡ︶ ᠨᠢᠭᠲᠠᠯᠠᠨ ᠪᠤᠳᠦᠬᠤ ᠠᠵᠢᠯ ᠬᠢᠵᠦ ᠪᠠᠶᠢᠭ᠎ᠠ ᠠᠵᠢᠯᠲᠠᠳ ᠨᠢ ᠠᠵᠢᠯ ᠡᠷᠬᠢᠯᠡᠬᠦ ᠬᠢᠷᠢ ᠬᠡᠮ ᠢ | ᠪᠦᠷᠢᠯᠳᠦᠭᠦᠯᠦᠭᠰᠡᠨ ᠡᠰᠡᠬᠦ᠃ | ᠡᠨᠡ ᠡᠮᠦᠨᠡᠬᠢ ᠪᠠᠳᠠᠭ ᠤᠨ ︵ᠬᠤᠶᠠᠷ︶ ᠳ᠋ᠤᠭᠠᠷ ᠵᠤᠷᠪᠤᠰ ᠲᠤ ᠵᠢᠭᠰᠠᠭᠠᠭᠰᠠᠨ ᠵᠦᠢᠯ ᠳᠤ ᠬᠢᠨᠠᠯᠲᠠ | ᠲᠠᠯᠪᠢᠬᠤ ᠳᠠᠭᠠᠨ ᠬᠠᠤᠯᠢ ᠶᠢ ᠵᠥᠷᠢᠴᠡᠭᠰᠡᠨ ᠬᠦᠨᠳᠦ ᠶᠡᠭᠡ ᠰᠡᠵᠢᠭᠯᠡᠯᠲᠡᠶ ᠪᠠᠶᠢᠳᠠᠯ ᠢ ᠣᠯᠵᠤ ᠮᠡᠳᠡᠭᠰᠡᠨ ᠪᠠᠶᠢᠪᠠᠯ᠂ | ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠬᠢᠭᠡᠳ ᠲᠡᠭᠦᠨ ᠤ ᠲᠣᠮᠢᠯᠠᠭᠰᠠᠨ | ᠪᠠᠶᠢᠭᠤᠯᠤᠮᠵᠢ ᠨᠢ ᠬᠢᠨᠠᠭᠳᠠᠵᠤ ᠪᠠᠶᠢᠭ᠎ᠠ ᠨᠢᠭᠡᠴᠢ ᠯᠦᠭᠡ ᠠᠵᠤ ᠠᠬᠤᠶ ᠶᠢᠨ ᠦᠢᠯᠡᠰ ᠶᠠᠪᠤᠳᠠᠯ ᠤᠨ ᠶᠠᠪᠤᠯᠴᠠᠭ᠎ᠠ | ᠨᠢᠭᠡᠴᠢ ᠪᠠ ᠬᠢᠨᠠᠯᠲᠠ ᠲᠠᠯᠪᠢᠭᠳᠠᠵᠤ ᠪᠠᠶᠢᠭ᠎ᠠ ᠨᠢᠭᠡᠴᠢ ᠶᠢᠨ ᠲᠡᠩᠰᠠ ᠪᠠᠶᠢᠭᠤᠯᠤᠭᠰᠠᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠠᠴᠠ ᠬᠤᠯᠪᠣᠭᠳᠠᠯ ᠪᠦᠬᠦᠢ ᠪᠠᠶᠢᠳᠠᠯ ᠢ ᠪᠠᠶᠢᠴᠠᠭᠠᠨ ᠠᠰᠠᠭᠤᠵᠤ᠂ ᠬᠤᠯᠪᠣᠭᠳᠠᠯ ᠪᠦᠬᠦᠢ ᠨᠢᠭᠡᠴᠢ ᠪᠠ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠠᠴᠠ ᠳᠡᠮᠵᠢᠯᠭᠡ ᠦᠵᠡᠭᠦᠯᠬᠦ ᠬᠡᠷᠡᠭᠲᠡᠶ᠃ | ᠭᠤᠴᠢᠨ ᠭᠤᠷᠪᠠᠳᠤᠭᠠᠷ ᠵᠦᠢᠯ᠂ ᠡᠳ᠋ ᠤᠨ ᠵᠠᠰᠠᠭ᠂ ᠬᠢᠨᠠᠨ ᠪᠤᠳᠤᠯᠳᠠ᠂ ᠭᠠᠶᠢᠯᠢ᠂ ᠠᠷᠠᠳ ᠤᠨ ᠪᠠᠩᠬᠢ᠂ | ᠦᠨᠡᠲᠦ ᠲᠡᠮᠳᠡᠭᠲᠦ ᠶᠢᠨ ᠬᠢᠨᠠᠨ ᠬᠠᠮᠢᠶᠠᠷᠤᠯᠲᠠ᠂ ᠳᠠᠭᠠᠳᠬᠠᠯ ᠤᠨ ᠬᠢᠨᠠᠨ ᠬᠠᠮᠢᠶᠠᠷᠤᠯᠲᠠ ᠵᠡᠷᠭᠡ ᠰᠠᠯᠠᠭ᠎ᠠ | ᠮᠥᠴᠢᠷ ᠤᠳ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ | ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠶᠣᠰᠣᠪᠡᠷ ᠬᠤᠯᠪᠣᠭᠳᠠᠯ ᠪᠦᠬᠦᠢ ᠨᠢᠭᠡᠴᠢ ᠶᠢᠨ ᠨᠢᠭᠲᠠᠯᠠᠨ ᠪᠤᠳᠦᠬᠤ | ᠮᠠᠲ᠋ᠧᠷᠢᠶᠠᠯ ᠢ ᠬᠢᠨᠠᠨ ᠪᠠᠶᠢᠴᠠᠭᠠᠬᠤ ᠬᠡᠷᠡᠭᠲᠡᠶ᠃ | ᠡᠮᠦᠨᠡᠬᠢ ᠪᠠᠳᠠᠭ ᠲᠤ ᠵᠢᠭᠰᠠᠭᠠᠭᠰᠠᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ | ᠨᠢᠭᠡᠴᠢ ᠶᠢᠨ ᠨᠢᠭᠲᠠᠯᠠᠨ ᠪᠤᠳᠦᠬᠤ ᠮᠠᠲ᠋ᠧᠷᠢᠶᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠭᠰᠠᠨ ᠤ ᠲᠡᠷᠠᠭ᠎ᠠ᠂ ᠡᠷᠬᠡᠪᠰᠢ | ᠪᠠᠶᠢᠴᠠᠭᠠᠭᠰᠠᠨ ᠳ᠋ᠦᠩᠨᠡᠯᠲᠡ ᠭᠠᠷᠭᠠᠬᠤ ᠬᠡᠷᠡᠭᠲᠡᠶ᠃ ᠬᠤᠯᠪᠣᠭᠳᠠᠯ ᠪᠦᠬᠦᠢ ᠬᠢᠨᠠᠨ ᠪᠠᠶᠢᠴᠠᠭᠠᠬᠤ ᠰᠠᠯᠠᠭ᠎ᠠ | ᠮᠥᠴᠢᠷ ᠤᠨ ᠨᠢᠭᠡᠨᠲᠡ ᠭᠠᠷᠭᠠᠭᠰᠠᠨ ᠪᠠᠶᠢᠴᠠᠭᠠᠯᠲᠠ ᠶᠢᠨ ᠳ᠋ᠦᠩᠨᠡᠯᠲᠡ ᠨᠢ ᠪᠤᠰᠤᠳ ᠬᠢᠨᠠᠨ ᠪᠠᠶᠢᠴᠠᠭᠠᠬᠤ ᠰᠠᠯᠠᠭ᠎ᠠ | ᠮᠥᠴᠢᠷ ᠤᠨ ᠲᠤᠰ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠱᠠᠭᠠᠷᠳᠠᠯᠭ᠎ᠠ ᠶᠢ ᠬᠠᠩᠭᠠᠵᠦ | ᠴᠢᠳᠠᠪᠠᠯ ᠪᠤᠰᠤᠳ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠳ ᠲᠡᠭᠦᠨ ᠢ ᠠᠰᠢᠭᠯᠠᠬᠤ ᠬᠡᠷᠡᠭᠲᠡᠶ᠂ ᠲᠠᠩᠰᠡ | ᠪᠠᠶᠢᠴᠠᠭᠠᠵᠤ ᠶᠢ ᠳᠠᠪᠬᠤᠷᠳᠠᠭᠤᠯᠬᠤ ᠠᠴᠠ ᠵᠠᠶᠢᠯᠠᠰᠬᠢᠬᠦ ᠬᠡᠷᠡᠭᠲᠡᠶ᠃ | ᠭᠤᠴᠢᠨ ᠳᠥᠷᠪᠡᠳᠦᠭᠡᠷ ᠵᠦᠢᠯ᠂ ᠬᠠᠤᠯᠢ ᠶᠣᠰᠣᠭᠠᠷ ᠬᠤᠯᠪᠣᠭᠳᠠᠯ ᠪᠦᠬᠦᠢ ᠨᠢᠭᠡᠴᠢ ᠶᠢᠨ ᠨᠢᠭᠲᠠᠯᠠᠨ | ᠪᠤᠳᠦᠬᠤ ᠮᠠᠲ᠋ᠧᠷᠢᠶᠠᠯ ᠢ ᠬᠢᠨᠠᠨ ᠪᠠᠶᠢᠴᠠᠭᠠᠬᠤ ᠰᠠᠯᠠᠭ᠎ᠠ ᠮᠥᠴᠢᠷ ᠪᠠ ᠲᠡᠭᠦᠨ ᠤ ᠠᠵᠢᠯᠲᠠᠳ ᠬᠢᠨᠠᠨ ᠪᠠᠶᠢᠴᠠᠭᠠᠬᠤ | ᠶᠠᠪᠤᠴᠠ ᠳᠤ ᠣᠯᠵᠤ ᠮᠡᠳᠡᠭᠰᠡᠨ ᠤᠯᠤᠰ ᠤᠨ ᠨᠢᠭᠤᠴᠠ ᠪᠠ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ | ᠡᠭᠦᠷᠭᠡ ᠲᠠᠢ᠃ | ᠭᠤᠴᠢᠨ ᠲᠠᠪᠤᠳᠤᠭᠠᠷ ᠵᠦᠢᠯ᠂ ᠡᠯ᠎ᠡ ᠨᠢᠭᠡᠴᠢ ᠡᠷᠬᠡᠪᠰᠢ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠢᠨᠠᠨ ᠪᠠᠶᠢᠴᠠᠭᠠᠬᠤ ᠰᠠᠯᠠᠭ᠎ᠠ | ᠮᠥᠴᠢᠷ ᠤᠨ ᠬᠠᠤᠯᠢ ᠶᠣᠰᠣᠭᠠᠷ ᠶᠠᠪᠤᠭᠤᠯᠬᠤ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠮᠦᠷᠲᠡᠭᠡᠨ ᠦᠨᠡᠨ | ᠪᠣᠳᠠᠲᠠᠶ ᠪᠠᠷ ᠨᠢᠭᠲᠠᠯᠠᠨ ᠪᠤᠳᠦᠬᠤ ᠶᠢᠨ ᠲᠡᠩᠰᠠ ᠳᠡᠪᠲᠡᠷ᠂ ᠡᠳ᠋ ᠤᠨ ᠶᠠᠪᠤᠳᠠᠯ ᠤᠨ ᠨᠢᠭᠲᠠᠯᠠᠨ ᠪᠤᠳᠦᠬᠰᠡᠠ | ᠮᠡᠳᠡᠭᠦᠯᠦᠯᠲᠡ ᠪᠠ ᠨᠢᠭᠲᠠᠯᠠᠨ ᠪᠤᠳᠦᠬᠤ ᠪᠤᠰᠤᠳ ᠮᠠᠲ᠋ᠧᠷᠢᠶᠠᠯ ᠵᠢᠴᠢ ᠬᠤᠯᠪᠣᠭᠳᠠᠯ ᠪᠦᠬᠦᠢ ᠪᠠᠶᠢᠳᠠᠯ ᠢ ᠭᠠᠨᠭ᠍ᠭᠠᠵᠤ | ᠥᠭᠬᠦ ᠬᠡᠷᠡᠭᠲᠡᠢ᠂ ᠲᠡᠪᠴᠢᠵᠦ᠂ ᠨᠢᠭᠤᠬᠤ᠂ ᠬᠤᠳᠠᠯ ᠢᠶᠠᠷ ᠮᠡᠳᠡᠭᠦᠯᠬᠦ ᠪᠣᠯᠬᠤ ᠤᠢᠭᠡᠢ᠃ | ᠲᠠᠪᠤᠳᠤᠭᠠᠷ ᠪᠦᠯᠦᠭ ᠨᠢᠭᠲᠠᠯᠠᠨ ᠪᠤᠳᠦᠬᠤ ᠪᠠᠶᠢᠭᠤᠯᠤᠮᠵᠢ ᠪᠠ ᠨᠢᠭᠲᠠᠯᠠᠨ ᠪᠤᠳᠦᠬᠤ ᠠᠵᠢᠯᠳᠡᠠ | ᠭᠤᠴᠢᠨ ᠵᠢᠷᠭᠤᠳᠤᠭᠠᠷ ᠵᠦᠢᠯ᠂ ᠡᠯ᠎ᠡ ᠨᠢᠭᠡᠴᠠ ᠨᠢᠭᠲᠠᠯᠠᠨ ᠪᠤᠳᠦᠬᠤ ᠲᠤᠬᠠᠶᠢᠯᠠᠭᠰᠠᠨ ᠠᠵᠢᠯ ᠤᠨ | ᠬᠡᠷᠡᠭᠴᠡᠭᠡ ᠪᠠᠨ ᠦᠨᠳᠦᠰᠦᠯᠡᠨ ᠨᠢᠭᠲᠠᠯᠠᠨ ᠪᠤᠳᠦᠬᠤ ᠪᠠᠶᠢᠭᠤᠯᠤᠮᠵᠢ ᠪᠠᠶᠢᠭᠤᠯᠬᠤ ᠪᠤᠶᠤ ᠬᠤᠯᠪᠣᠭᠳᠠᠯ ᠪᠦᠬᠦᠢ | ᠪᠠᠶᠢᠭᠤᠯᠤᠮᠵᠢ ᠶᠢᠨ ᠳᠣᠲᠣᠷ᠎ᠠ ᠨᠢᠭᠲᠠᠯᠠᠨ ᠪᠤᠳᠦᠬᠤ ᠠᠵᠢᠯᠳᠡᠠ ᠲᠣᠬᠢᠷᠠᠭᠤᠯᠬᠤ ᠶᠢᠨ ᠬᠠᠮᠲᠤ ᠨᠢᠭᠲᠠᠯᠠᠨ ᠪᠤᠳᠦᠬᠤ | ᠠᠵᠢᠯ ᠢ ᠡᠷᠬᠢᠯᠡᠠ ᠬᠠᠮᠢᠶᠠᠷᠬᠤ ᠠᠵᠢᠯᠳᠡᠠ ᠢ ᠨᠡᠷ᠎ᠡ ᠵᠢᠭᠠᠨ ᠲᠣᠭᠲᠠᠭᠠᠬᠤ ᠬᠡᠷᠡᠭᠲᠡᠶ︔ ᠦᠯᠦ ᠪᠦᠷᠢᠯᠳᠦᠬᠦ ᠨᠦᠭᠦᠴᠡᠯ | ᠪᠦᠬᠦᠢ ᠨᠢ ᠵᠥᠪᠰᠢᠶᠡᠷᠡᠯ ᠢᠶᠠᠷ ᠪᠠᠶᠢᠭᠤᠯᠤᠭᠰᠠᠨ ᠨᠢᠭᠲᠠᠯᠠᠨ ᠪᠤᠳᠦᠬᠤ ᠠᠵᠢᠯ ᠢ ᠣᠷᠣᠯᠠᠨ ᠳᠠᠩᠰᠠ ᠲᠡᠮᠳᠡᠭᠯᠡᠬᠦ ᠶᠢ | ᠭᠦᠢᠴᠡᠳᠬᠡᠬᠦ ᠲᠤᠬᠠᠶᠢᠯᠠᠭᠰᠠᠨ ᠠᠵᠢᠯ ᠡᠷᠬᠢᠯᠡᠬᠦ ᠵᠠᠭᠤᠴᠢ ᠪᠠᠶᠢᠭᠤᠯᠤᠮᠵᠢ ᠶᠢ ᠨᠠᠶᠢᠳᠠᠵᠤ ᠣᠷᠣᠯᠠᠨ ᠳᠠᠩᠰᠠ | ᠲᠡᠮᠳᠡᠭᠯᠡᠭᠦᠯᠦᠨ᠎ᠡ᠃ | ᠤᠯᠤᠰ ᠤᠨ ᠥᠮᠴᠢᠯᠡᠯ ᠤᠨ ᠪᠠ ᠤᠯᠤᠰ ᠤᠨ ᠥᠮᠴᠢᠯᠡᠯ ᠤᠨ ᠪᠡᠯᠠ ᠬᠦᠷᠦᠩᠭᠡ ᠬᠤᠪᠢ ᠡᠵᠡᠮᠳᠡᠬᠦ ᠪᠠᠶᠢᠷᠢ ᠶᠢ | ᠡᠵᠡᠯᠡᠭᠰᠡᠨ ᠪᠤᠶᠤ ᠭᠤᠦᠯᠯᠡᠬᠠᠦ ᠪᠠᠶᠢᠷᠢ ᠶᠢ ᠡᠵᠡᠯᠡᠭᠰᠡᠨ ᠲᠤᠮᠦ᠂ ᠳᠤᠮᠳᠠ ᠬᠡᠯᠪᠡᠷᠢ ᠶᠢᠨ ᠠᠵᠤ ᠠᠬᠤᠶᠢᠯᠠᠯ ᠳᠤ | ᠡᠷᠬᠡᠪᠰᠢ ᠶᠡᠷᠦᠩᠬᠡᠶ ᠨᠢᠭᠲᠠᠯᠠᠨ ᠪᠤᠳᠦᠬᠴᠢ ᠲᠣᠬᠢᠷᠠᠭᠤᠯᠬᠤ ᠬᠡᠷᠡᠭᠲᠡᠶ᠃ ᠶᠡᠷᠦᠩᠬᠡᠶ ᠨᠢᠭᠲᠠᠯᠠᠨ ᠪᠤᠳᠦᠬᠴᠢ ᠶᠢᠨ | ᠲᠤᠰᠢᠶᠠᠯ ᠡᠭᠦᠷᠭᠡᠯᠡᠬᠦ ᠬᠢᠷᠢ ᠬᠡᠮ᠂ ᠲᠣᠮᠢᠯᠠᠵᠤ ᠪᠠᠭᠤᠯᠭᠠᠬᠤ ᠶᠠᠪᠣᠴᠠ᠂ ᠡᠭᠦᠷᠭᠡ ᠬᠠᠷᠢᠭᠤᠴᠠᠯᠭ᠎ᠠ ᠶᠢᠨ ᠡᠷᠬᠡ | ᠮᠡᠳᠡᠯ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃ | ᠭᠤᠴᠢᠨ ᠳᠣᠯᠣᠳᠤᠭᠠᠷ ᠵᠦᠢᠯ᠂ ᠨᠢᠭᠲᠠᠯᠠᠨ ᠪᠤᠳᠦᠬᠤ ᠪᠠᠶᠢᠭᠤᠯᠤᠮᠵᠢ ᠶᠢᠨ ᠳᠣᠲᠣᠭᠠᠳᠤ ᠳᠤ ᠬᠠᠷᠭᠤᠭᠤᠯᠤᠨ | ᠪᠤᠳᠦᠬᠤ ᠲᠦᠷᠢᠮ ᠪᠠᠶᠢᠭᠤᠯᠬᠤ ᠬᠡᠷᠡᠭᠲᠡᠶ᠃ | ᠵᠣᠭᠤᠰ ᠪᠡᠷᠢᠭᠴᠢ ᠠᠵᠢᠯᠲᠠᠨ ᠲᠤᠯᠭᠠᠨ ᠪᠣᠳᠣᠬᠤ᠂ ᠨᠢᠭᠲᠠᠯᠠᠨ ᠪᠤᠳᠦᠬᠤ ᠲᠡᠩᠰᠠ ᠡᠪᠬᠡᠮᠡᠯ ᠢ ᠬᠠᠮᠠᠭᠠᠯᠠᠨ | ᠬᠠᠳᠠᠭᠠᠯᠠᠬᠤ ᠪᠠ ᠣᠷᠣᠯᠭ᠎ᠠ᠂ ᠵᠠᠷᠤᠯᠭ᠎ᠠ᠂ ᠵᠠᠷᠤᠳᠠᠯ᠂ ᠠᠪᠴᠠᠭ᠎ᠠ ᠥᠭᠴᠡᠭᠡ ᠶᠢᠨ ᠳᠠᠩᠰᠠ ᠲᠡᠮᠳᠡᠭᠯᠡᠬᠦ ᠵᠡᠷᠭᠡ | ᠠᠵᠢᠯ ᠢ ᠬᠠᠪᠰᠤᠷᠭᠠᠨ ᠬᠠᠷᠢᠭᠤᠴᠠᠵᠤ ᠪᠣᠯᠬᠤ ᠦᠭᠡᠢ᠃ | ᠭᠤᠴᠢᠨ ᠨᠠᠢᠮᠠᠳᠤᠭᠠᠷ ᠵᠦᠢᠯ᠂ ᠨᠢᠭᠲᠠᠯᠠᠨ ᠪᠤᠳᠦᠬᠤ ᠠᠵᠢᠯ ᠢ ᠬᠢᠵᠦ ᠪᠠᠶᠢᠭ᠎ᠠ ᠠᠵᠢᠯᠳᠡᠠ ᠡᠷᠬᠡᠪᠰᠢ | ᠨᠢᠭᠲᠠᠯᠠᠨ ᠪᠤᠳᠦᠬᠤ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠣᠯᠤᠭᠰᠠᠨ ᠪᠠᠶᠢᠬᠤ ᠬᠡᠷᠡᠭᠲᠡᠶ᠃ | ᠨᠢᠭᠡᠴᠢ ᠶᠢᠨ ᠨᠢᠭᠲᠠᠯᠠᠨ ᠪᠤᠳᠦᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ︵ᠨᠢᠭᠲᠠᠯᠠᠨ ᠪᠤᠳᠦᠬᠤ | ᠠᠵᠢᠯ ᠤᠨ ᠡᠷᠬᠢᠯᠡᠠ ᠬᠠᠮᠢᠶᠠᠷᠤᠭᠴᠢ︶ ᠨᠢ ᠨᠢᠭᠲᠠᠯᠠᠨ ᠪᠤᠳᠦᠬᠤ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ | ᠣᠯᠤᠭᠰᠠᠨ ᠪᠠᠶᠢᠬᠤ ᠠᠴᠠ ᠭᠠᠳᠠᠨ᠎ᠠ᠂ ᠪᠠᠰᠠ ᠨᠢᠭᠲᠠᠯᠠᠨ ᠪᠤᠳᠦᠬᠴᠢ ᠠᠴᠠ ᠳᠡᠭᠡᠭᠰᠢ ᠲᠤᠰᠬᠠᠶ ᠮᠡᠷᠭᠡᠵᠢᠯ ᠤᠨ | ᠲᠤᠰᠢᠶᠠᠯ ᠡᠭᠦᠷᠭᠡᠯᠡᠬᠦ ᠬᠢᠷᠢ ᠬᠡᠮ ᠪᠤᠶᠤ ᠨᠢᠭᠲᠠᠯᠠᠨ ᠪᠤᠳᠦᠬᠤ ᠠᠵᠢᠯ ᠢ ᠭᠤᠷᠪᠠᠨ ᠵᠢᠯ ᠠᠴᠠ ᠳᠡᠭᠡᠭᠰᠢ ᠬᠢᠭᠰᠡᠨ | ᠥᠩᠭᠡᠷᠡᠯᠲᠡ ᠲᠠᠢ ᠪᠠᠶᠢᠬᠤ ᠬᠡᠷᠡᠭᠲᠡᠶ᠃ | ᠨᠢᠭᠲᠠᠯᠠᠨ ᠪᠤᠳᠦᠬᠤ ᠠᠵᠢᠯᠲᠠᠳ ᠤᠨ ᠠᠵᠢᠯ ᠡᠷᠬᠢᠯᠡᠬᠦ ᠬᠢᠷᠢ ᠬᠡᠮ ᠢ ᠬᠠᠮᠢᠶᠠᠷᠬᠤ ᠠᠷᠭ᠎ᠠ ᠶᠢ ᠲᠦᠷᠦ ᠶᠢᠨ | ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠭᠤᠴᠢ ᠶᠢᠰᠦᠳᠦᠭᠡᠷ ᠵᠦᠢᠯ᠂ ᠨᠢᠭᠲᠠᠯᠠᠨ ᠪᠤᠳᠦᠬᠤ ᠠᠵᠢᠯᠲᠠᠳ ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ | ᠵᠢᠷᠤᠮᠯᠠᠨ ᠰᠠᠬᠢᠵᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠨᠢᠭᠲᠠᠯᠠᠨ | ᠪᠤᠳᠦᠬᠤ ᠠᠵᠢᠯᠲᠠᠳ ᠢ ᠬᠥᠮᠦᠵᠢᠭᠦᠯᠵᠦ ᠪᠣᠯᠪᠠᠰᠤᠷᠠᠭᠤᠯᠬᠤ ᠠᠵᠢᠯ ᠢ ᠴᠢᠩᠭᠠᠳᠬᠠᠬᠤ ᠬᠡᠷᠡᠭᠲᠡᠶ᠃ | ᠳᠥᠴᠢᠳᠦᠭᠡᠷ ᠵᠦᠢᠯ᠂ ᠬᠤᠳᠠᠯ ᠬᠠᠭᠤᠷᠮᠠᠭ ᠡᠳ᠋ ᠤᠨ ᠶᠠᠪᠤᠳᠠᠯ ᠤᠨ ᠨᠢᠭᠲᠠᠯᠠᠨ ᠪᠤᠳᠤᠯᠳᠠ ᠶᠢᠨ | ᠮᠡᠳᠡᠭᠦᠯᠦᠯᠲᠡ ᠬᠠᠩᠭᠠᠨ᠂ ᠬᠤᠳᠠᠯ ᠲᠠᠩᠰᠠ ᠬᠢᠬᠦ᠂ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ | ᠪᠤᠳᠦᠬᠤ ᠶᠢᠨ ᠲᠡᠩᠰᠠ ᠳᠡᠪᠲᠡᠷ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠯᠳᠠ ᠶᠢᠨ ᠮᠡᠳᠡᠭᠦᠯᠦᠯᠲᠡ ᠶᠢ ᠨᠢᠭᠤᠨ | ᠳᠠᠷᠤᠭᠰᠠᠨ ᠪᠤᠶᠤ ᠵᠣᠷᠢᠭᠤᠳᠠ ᠤᠰᠠᠳᠬᠠᠭᠰᠠᠨ᠂ ᠱᠠᠮᠰᠢᠬᠤ᠂ ᠠᠯᠪᠠᠨ ᠤ ᠵᠣᠭᠤᠰ ᠢ ᠨᠡᠭᠦᠯᠭᠡᠨ ᠬᠡᠷᠡᠭᠯᠡᠬᠦ᠂ ᠡᠷᠬᠡ | ᠲᠤᠰᠢᠶᠠᠯ ᠢᠶᠠᠨ ᠠᠰᠢᠭᠯᠠᠨ ᠡᠵᠡᠯᠡᠨ ᠬᠡᠷᠡᠭᠯᠡᠭᠰᠡᠨ ᠵᠡᠷᠭᠡ ᠨᠢᠭᠲᠠᠯᠠᠨ ᠪᠤᠳᠦᠬᠤ ᠠᠵᠢᠯ ᠤᠨ ᠡᠭᠦᠷᠭᠡ ᠲᠤᠰᠢᠶᠠᠯ ᠲᠠᠢ | ᠬᠤᠯᠪᠣᠭᠳᠠᠬᠤ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠭᠰᠡᠨ ᠠᠴᠠ ᠪᠤᠯᠵᠦ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠭᠳᠡᠭᠰᠡᠨ ᠬᠥᠮᠦᠰ ᠲᠤ ᠨᠢᠭᠲᠠᠯᠠᠨ ᠪᠤᠳᠦᠬᠤ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ | ᠣᠯᠭᠤᠬᠤ ᠪᠤᠶᠤ ᠲᠠᠬᠢᠵᠤ ᠰᠢᠨ᠎ᠡ ᠪᠠᠷ ᠣᠯᠭᠤᠵᠦ ᠪᠣᠯᠬᠤ ᠦᠭᠡᠢ᠃ | ᠡᠮᠦᠨᠡᠬᠢ ᠪᠠᠳᠠᠭ ᠲᠤ ᠲᠣᠭᠲᠠᠭᠠᠭᠰᠠᠨ ᠬᠥᠮᠦᠰ ᠠᠴᠠ ᠭᠠᠳᠠᠨ᠎ᠠ᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ | ᠵᠥᠷᠢᠴᠡᠭᠰᠡᠨ ᠦᠢᠯᠡ ᠠᠵᠢᠯᠯᠠᠭ᠎ᠠ ᠬᠢᠭᠰᠡᠨ ᠠᠴᠠ ᠪᠤᠯᠵᠦ ᠨᠢᠭᠲᠠᠯᠠᠨ ᠪᠤᠳᠦᠬᠤ ᠠᠵᠢᠯ ᠡᠷᠬᠢᠯᠡᠬᠦ ᠬᠢᠷᠢ ᠬᠡᠮ ᠤᠨ | ᠦᠨᠡᠮᠯᠡᠯ ᠨᠢ ᠬᠦᠴᠦᠨ ᠦᠭᠡᠢ ᠪᠣᠯᠣᠬᠰᠡᠨ ᠬᠦᠮᠦᠨ᠂ ᠨᠢᠭᠲᠠᠯᠠᠨ ᠪᠤᠳᠦᠬᠤ ᠠᠵᠢᠯ ᠡᠷᠬᠢᠯᠡᠬᠦ ᠬᠢᠷᠢ ᠬᠡᠮ ᠤᠨ | ᠦᠨᠡᠮᠯᠡᠯ ᠨᠢ ᠬᠤᠷᠢᠶᠠᠭᠳᠠᠨ ᠬᠦᠴᠦᠨ ᠦᠭᠡᠢ ᠪᠣᠯᠭᠠᠭᠳᠠᠭᠰᠠᠨ ᠡᠳᠦᠷ ᠠᠴᠠ ᠡᠬᠢᠯᠡᠨ ᠲᠠᠪᠤᠨ ᠵᠢᠯ ᠤᠨ ᠳᠣᠲᠣᠷ᠎ᠠ | ᠰᠢᠨ᠎ᠡ ᠨᠢᠭᠲᠠᠯᠠᠨ ᠪᠤᠳᠦᠬᠤ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠣᠯᠭᠤᠵᠤ ᠪᠣᠯᠬᠤ ᠤᠢᠭᠡᠢ᠃ | ᠳᠥᠴᠢᠨ ᠨᠢᠭᠡᠳᠦᠭᠡᠷ ᠵᠦᠢᠯ᠂ ᠨᠢᠭᠲᠠᠯᠠᠨ ᠪᠤᠳᠦᠬᠤ ᠠᠵᠢᠯᠳᠡᠠ ᠠᠵᠢᠯ ᠰᠢᠯᠵᠢᠬᠦ ᠪᠤᠶᠤ ᠲᠤᠰᠢᠶᠠᠯ ᠠᠴᠠ ᠪᠠᠨ | ᠰᠠᠯᠬᠤ ᠦᠶ᠎ᠡ ᠳᠤ ᠬᠦᠯᠢᠶᠡᠠ ᠠᠪᠴᠤ ᠬᠠᠮᠢᠶᠠᠷᠬᠤ ᠠᠵᠢᠯᠳᠡᠠ ᠲᠠᠢ ᠠᠵᠢᠯ ᠢᠶᠠᠨ ᠲᠤᠰᠢᠶᠠᠨ ᠥᠭᠬᠦ ᠪᠠ ᠬᠦᠯᠢᠶᠡᠠ | ᠠᠪᠬᠤ ᠭᠠᠷ ᠭᠦᠢᠴᠡᠳᠬᠡᠯ ᠢ ᠡᠷᠬᠡᠪᠰᠢ ᠲᠣᠳᠣᠷᠬᠠᠶ ᠬᠢᠬᠦ ᠬᠡᠷᠡᠭᠲᠡᠶ᠃ | ᠡᠩ ᠤᠨ ᠨᠢᠭᠲᠠᠯᠠᠨ ᠪᠤᠳᠦᠬᠤ ᠠᠵᠢᠯᠳᠡᠠ ᠠᠵᠢᠯ ᠢᠶᠠᠨ ᠲᠤᠰᠢᠶᠠᠨ ᠥᠭᠬᠦ ᠪᠠ ᠬᠦᠯᠢᠶᠡᠠ ᠠᠪᠬᠤ ᠭᠠᠷ | ᠭᠦᠢᠴᠡᠳᠬᠡᠯ ᠬᠢᠬᠦ ᠳᠤ ᠨᠢᠭᠲᠠᠯᠠᠨ ᠪᠤᠳᠦᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ︵ᠨᠢᠭᠲᠠᠯᠠᠨ ᠪᠤᠳᠦᠬᠤ | ᠠᠵᠢᠯ ᠤᠨ ᠡᠷᠬᠢᠯᠡᠠ ᠬᠠᠮᠢᠶᠠᠷᠤᠭᠴᠢ︶ ᠬᠢᠨᠠᠵᠤ ᠲᠤᠰᠢᠶᠠᠯᠭᠠᠨ᠎ᠠ︔ ᠨᠢᠭᠲᠠᠯᠠᠨ ᠪᠤᠳᠦᠬᠤ ᠪᠠᠶᠢᠭᠤᠯᠤᠮᠵᠢ ᠶᠢᠨ | ᠬᠠᠷᠢᠭᠤᠴᠠᠯᠭᠠᠲᠠᠨ ︵ᠨᠢᠭᠲᠠᠯᠠᠨ ᠪᠤᠳᠦᠬᠤ ᠠᠵᠢᠯ ᠤᠨ ᠡᠷᠬᠢᠯᠡᠠ ᠬᠠᠮᠢᠶᠠᠷᠤᠭᠴᠢ︶ ᠠᠴᠠ ᠠᠵᠢᠯ ᠲᠤᠰᠢᠶᠠᠬᠤ ᠪᠠ | ᠬᠦᠯᠢᠶᠡᠨ ᠠᠪᠬᠤ ᠭᠠᠷ ᠭᠦᠢᠴᠡᠳᠬᠡᠯ ᠬᠢᠬᠦ ᠳᠤ ᠨᠢᠭᠡᠴᠢ ᠶᠢᠨ ᠬᠠᠷᠢᠭᠤᠴᠠᠯᠭᠠᠲᠠᠨ ᠬᠢᠨᠠᠵᠤ ᠲᠤᠰᠢᠶᠠᠯᠭᠠᠨ᠎ᠠ᠂ | ᠴᠢᠬᠤᠯᠠ ᠲᠠᠢ ᠦᠶ᠎ᠡ ᠳᠤ ᠡᠷᠬᠢᠯᠡᠨ ᠬᠠᠮᠢᠶᠠᠷᠬᠤ ᠨᠢᠭᠡᠴᠢ ᠠᠴᠠ ᠬᠥᠮᠦᠨ ᠲᠣᠮᠢᠯᠠᠨ ᠬᠠᠮᠲᠦ ᠬᠢᠨᠠᠨ ᠲᠤᠰᠢᠶᠠᠯᠭᠠᠵᠤ | ᠪᠣᠯᠤᠨ᠎ᠠ᠃ | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠳᠥᠴᠢᠨ ᠬᠤᠶᠠᠳᠤᠭᠠᠷ ᠵᠦᠢᠯ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ | ᠲᠣᠭᠲᠠᠭᠠᠨ ᠵᠠᠯᠠᠷᠠᠭᠤᠯᠤᠭᠤᠯᠵᠤ᠂ ᠨᠢᠭᠡᠴᠠ ᠶᠢ ᠨᠢ ᠭᠤᠷᠪᠠᠨ ᠮᠢᠩᠭᠠᠨ ᠲᠥᠭᠦᠷᠢᠭ ᠠᠴᠠ ᠳᠡᠭᠡᠭᠰᠢᠬᠢ ᠲᠠᠪᠤᠨ | ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ︔ ᠰᠢᠭᠤᠳ | ᠬᠠᠷᠢᠭᠤᠴᠠᠯᠭ᠎ᠠ ᠲᠠᠢ ᠡᠷᠬᠢᠯᠡᠠ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠰ ᠢ ᠬᠤᠶᠠᠷ | ᠮᠢᠩᠭᠠᠨ ᠲᠥᠭᠦᠷᠢᠭ ᠠᠴᠠ ᠳᠡᠭᠡᠭᠰᠢ ᠬᠤᠶᠠᠷ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠳᠬᠡᠵᠦ ᠪᠣᠯᠤᠨ᠎ᠠ︔ ᠣᠯᠣᠰ ᠶᠢᠨ ᠠᠵᠢᠯᠳᠡᠠ ᠪᠣᠯᠬᠤ ᠳᠤ ᠬᠦᠷᠪᠡᠯ᠂ ᠪᠠᠰᠠ ᠲᠡᠭᠦᠨ ᠤ ᠪᠠᠶᠢᠭ᠎ᠠ ᠨᠢᠭᠡᠴᠢ ᠪᠤᠶᠤ | ᠬᠤᠯᠪᠣᠭᠳᠠᠯ ᠪᠦᠬᠦᠢ ᠨᠢᠭᠡᠴᠢ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠄ | ︵ᠨᠢᠭᠡ︶ ᠬᠠᠤᠯᠢ ᠶᠣᠰᠣᠭᠠᠷ ᠨᠢᠭᠲᠠᠯᠠᠨ ᠪᠤᠳᠤᠬᠤ ᠲᠠᠩᠰᠠ ᠪᠠᠶᠢᠷᠢᠯᠠᠭᠤᠯᠬᠤ ᠦᠭᠡᠢ︔ | ︵ᠬᠤᠶᠠᠷ︶ ᠬᠤᠪᠢ ᠪᠠᠷ ᠢᠶᠠᠨ ᠨᠢᠭᠲᠠᠯᠠᠨ ᠪᠤᠳᠦᠬᠤ ᠲᠡᠩᠰᠠ ᠬᠠᠷ᠎ᠠ ᠪᠠᠶᠢᠭᠤᠯᠬᠤ︔ | ︵ᠭᠤᠷᠪᠠ︶ ᠤᠬ ᠭᠡᠷᠡᠴᠢ ᠪᠠᠷᠢᠮᠲᠠ ᠶᠢ ᠲᠣᠭᠲᠠᠭᠠᠯ ᠶᠣᠰᠣᠭᠠᠷ ᠲᠠᠭᠯᠠᠭᠰᠠᠨ ᠤᠢᠭᠡᠢ ᠪᠠ ᠣᠯᠤᠭᠰᠠᠨ | ᠤᠢᠭᠡᠢ ᠪᠠᠶᠢᠬᠤ᠂ ᠡᠰᠡᠬᠦᠯ᠎ᠡ ᠲᠠᠭᠯᠠᠭᠰᠠᠨ᠂ ᠣᠯᠤᠭᠰᠠᠨ ᠤᠬ ᠭᠡᠷᠡᠴᠢ ᠪᠠᠷᠢᠮᠲᠠ ᠨᠢ ᠲᠣᠭᠲᠠᠭᠠᠯ ᠳᠤ ᠡᠰᠡ | ᠨᠡᠶᠢᠴᠡᠬᠦ︔ | ︵ᠲᠦᠷᠪᠡ︶ ᠬᠢᠨᠠᠨ ᠬᠠᠷᠭᠤᠭᠤᠯᠤᠭᠰᠠᠨ ᠤᠢᠭᠡᠢ ᠨᠢᠭᠲᠠᠯᠠᠨ ᠪᠤᠳᠦᠬᠤ ᠭᠡᠷᠡᠴᠢ ᠪᠠᠷᠢᠮᠲᠠ ᠪᠠᠷ ᠦᠨᠳᠦᠰᠦ | ᠪᠠᠷᠢᠮᠲᠠ ᠪᠣᠯᠭᠠᠬᠰᠡᠨ ᠨᠢᠭᠲᠠᠯᠠᠨ ᠪᠤᠳᠦᠬᠤ ᠲᠡᠩᠰᠠ ᠬᠠᠷ᠎ᠠ ᠶᠢ ᠳᠠᠩᠰᠠᠯᠠᠬᠤ ᠪᠤᠶᠤ ᠳᠠᠩᠰᠠᠯᠠᠭᠰᠠᠨ ᠨᠢᠭᠲᠠᠯᠠᠨ | ᠪᠤᠳᠦᠯᠲᠠ ᠶᠢᠨ ᠲᠡᠩᠰᠠ ᠬᠠᠷ᠎ᠠ ᠨᠢ ᠲᠣᠭᠲᠠᠭᠠᠯ ᠳᠤ ᠡᠰᠡ ᠨᠡᠶᠢᠴᠡᠬᠦ︔ | ︵ᠲᠠᠪᠤ︶ ᠨᠢᠭᠲᠠᠯᠠᠨ ᠪᠤᠳᠦᠯᠳᠠ ᠶᠢᠨ ᠰᠢᠢᠳᠪᠦᠷᠢᠯᠡᠬᠦ ᠠᠷᠭ᠎ᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ︔ | ︵ᠵᠢᠷᠭᠤᠭ᠎ᠠ︶ ᠠᠳᠠᠯᠢ ᠪᠤᠰᠤ ᠨᠢᠭᠲᠠᠯᠠᠨ ᠪᠤᠳᠦᠬᠤ ᠮᠠᠲ᠋ᠧᠷᠢᠶᠠᠯ ᠬᠡᠷᠡᠭᠯᠡᠭᠴᠢᠳ ᠲᠤ ᠬᠠᠩᠭᠠᠭᠰᠠᠨ ᠡᠳ᠋ ᠤᠨ | ᠶᠠᠪᠤᠳᠠᠯ ᠤᠨ ᠨᠢᠭᠲᠠᠯᠠᠨ ᠪᠤᠳᠦᠬᠰᠡᠠ ᠮᠡᠳᠡᠭᠦᠯᠦᠯᠲᠡ ᠶᠢᠨ ᠨᠠᠶᠢᠷᠠᠭᠤᠯᠤᠨ ᠵᠣᠬᠢᠶᠠᠭᠰᠠᠨ ᠡᠰᠢ ᠪᠠᠷᠢᠮᠲᠠ ᠨᠢ ᠠᠳᠠᠯᠢ | ᠪᠤᠰᠤ ᠪᠠᠶᠢᠬᠤ︔ | ︵ᠲᠤᠯᠤᠭ᠎ᠠ︶ ᠲᠣᠭᠲᠠᠭᠠᠯ ᠶᠣᠰᠣᠭᠠᠷ ᠨᠢᠭᠲᠠᠯᠠᠨ ᠪᠤᠳᠦᠬᠤ ᠲᠡᠮᠳᠡᠭᠯᠡᠯ ᠬᠢᠬᠦ ᠦᠰᠦᠭ ᠪᠢᠴᠢᠭ ᠪᠤᠶᠤ | ᠳᠠᠩᠰᠠ ᠲᠡᠮᠳᠡᠭᠯᠡᠬᠦ ᠳᠡᠪᠢᠰᠬᠡᠷ ᠵᠣᠭᠤᠰ ᠢ ᠬᠡᠷᠡᠭᠯᠡᠭᠰᠡᠨ ᠦᠭᠡᠢ︔ | ︵ᠨᠠᠢᠮᠠ︶ ᠨᠢᠭᠲᠠᠯᠠᠨ ᠪᠤᠳᠦᠬᠤ ᠮᠠᠲ᠋ᠧᠷᠢᠶᠠᠯ ᠢ ᠲᠣᠭᠲᠠᠭᠠᠯ ᠶᠣᠰᠣᠭᠠᠷ ᠬᠠᠮᠢᠶᠠᠷᠤᠭᠰᠠᠨ ᠤᠢᠭᠡᠢ ᠠᠴᠠ | ᠪᠣᠯᠣᠭᠠᠳ ᠨᠢᠭᠲᠠᠯᠠᠨ ᠪᠤᠳᠦᠬᠤ ᠮᠠᠲ᠋ᠧᠷᠢᠶᠠᠯ ᠢ ᠰᠦᠢᠳᠬᠡᠨ ᠬᠤᠬᠢᠷᠠᠭᠤᠯᠵᠤ᠂ ᠤᠰᠠᠳᠬᠠᠨ ᠭᠡᠭᠡᠭᠳᠡᠭᠦᠯᠦᠭᠰᠡᠨ︔ | ︵ᠶᠢᠰᠦ︶ ᠨᠢᠭᠡᠴᠢ ᠶᠢᠨ ᠳᠣᠲᠣᠭᠠᠳᠤ ᠶᠢᠨ ᠨᠢᠭᠲᠠᠯᠠᠨ ᠪᠤᠳᠦᠬᠤ ᠬᠢᠨᠠᠯᠲᠠ ᠶᠢᠨ ᠲᠦᠷᠢᠮ ᠢ ᠲᠣᠭᠲᠠᠭᠠᠯ | ᠶᠣᠰᠣᠭᠠᠷ ᠪᠠᠶᠢᠭᠤᠯᠵᠤ ᠬᠡᠷᠡᠭᠵᠢᠭᠦᠯᠦᠭᠰᠡᠨ ᠪᠤᠶᠤ ᠬᠠᠤᠯᠢ ᠶᠣᠰᠣᠭᠠᠷ ᠬᠢᠨᠠᠯᠲᠠ ᠲᠠᠯᠪᠢᠬᠤ ᠬᠡᠷᠡᠭᠵᠢᠭᠦᠯᠬᠦ ᠶᠢ ᠳᠡᠪᠴᠢᠬᠦ | ᠪᠤᠶᠤ ᠬᠤᠯᠪᠣᠭᠳᠠᠯ ᠪᠦᠬᠦᠢ ᠨᠢᠭᠲᠠᠯᠠᠨ ᠪᠤᠳᠤᠭᠰᠠᠨ ᠮᠠᠲ᠋ᠧᠷᠢᠶᠠᠯ ᠵᠢᠴᠢ ᠬᠤᠯᠪᠣᠭᠳᠠᠯ ᠪᠦᠬᠦᠢ ᠪᠠᠶᠢᠳᠠᠯ ᠢ ᠦᠨᠡᠨ | ᠮᠥᠨ ᠢᠶᠠᠷ ᠨᠢ ᠬᠠᠩᠭᠠᠭᠰᠠᠨ ᠦᠭᠡᠢ︔ | ︵ᠠᠷᠪᠠ︶ ᠨᠢᠭᠲᠠᠯᠠᠨ ᠪᠤᠳᠦᠬᠤ ᠠᠵᠢᠯᠳᠡᠠ ᠲᠣᠮᠢᠯᠠᠵᠤ ᠬᠡᠷᠡᠭᠯᠡᠭᠰᠡᠨ ᠨᠢ ᠲᠤᠰ ᠬᠠᠤᠯᠢ ᠶᠢᠨ | ᠲᠣᠭᠲᠠᠭᠠᠯ ᠳᠤ ᠡᠰᠡ ᠨᠡᠶᠢᠴᠡᠬᠦ᠃ | ᠡᠮᠦᠨᠡᠬᠢ ᠪᠠᠳᠠᠭ ᠲᠤ ᠵᠢᠭᠰᠠᠭᠠᠭᠰᠠᠨ ᠠᠵᠢᠯᠯᠠᠭ᠎ᠠ ᠶᠢᠨ ᠨᠢᠭᠡ ᠶᠢ ᠬᠢᠭᠡᠳ ᠶᠠᠯ᠎ᠠ ᠪᠤᠯᠵᠦ ᠪᠦᠷᠢᠯᠳᠦᠭᠰᠡᠨ | ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠨᠢᠭᠲᠠᠯᠠᠨ ᠪᠤᠳᠦᠬᠤ ᠠᠵᠢᠯᠲᠠᠳ ᠨᠢᠭᠡᠳᠦᠭᠡᠷ ᠪᠠᠳᠠᠭ ᠲᠤ ᠵᠢᠭᠰᠠᠭᠠᠭᠰᠠᠨ ᠠᠵᠢᠯᠯᠠᠭ᠎ᠠ ᠶᠢᠨ ᠨᠢᠭᠡ ᠶᠢ ᠬᠢᠵᠦ | ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠡᠭᠦᠨ ᠤ ᠨᠢᠭᠲᠠᠯᠠᠨ ᠪᠤᠳᠦᠬᠤ ᠠᠵᠢᠯ ᠡᠷᠬᠢᠯᠡᠬᠦ ᠬᠢᠷᠢ | ᠬᠡᠮ ᠤᠨ ᠦᠨᠡᠮᠯᠡᠯ ᠢ ᠨᠢ ᠬᠤᠷᠢᠶᠡᠠ ᠠᠪᠴᠤ ᠬᠦᠴᠦᠨ ᠤᠢᠭᠡᠢ ᠪᠣᠯᠭᠠᠨ᠎ᠠ᠃ | ᠬᠤᠯᠪᠣᠭᠳᠠᠯ ᠪᠦᠬᠦᠢ ᠬᠠᠤᠯᠢ ᠴᠠᠭᠠᠵᠠ ᠳᠤ ᠨᠢᠭᠡᠳᠦᠭᠡᠷ ᠪᠠᠳᠠᠭ ᠲᠤ ᠵᠢᠭᠰᠠᠭᠠᠭᠰᠠᠨ ᠠᠵᠢᠯᠯᠠᠭ᠎ᠠ ᠬᠢᠭᠰᠡᠳ ᠢ | ᠰᠢᠳᠬᠡᠬᠦ ᠲᠤᠬᠠᠶ ᠠᠰᠲᠠᠭᠠᠨ ᠲᠣᠭᠲᠠᠭᠠᠯ ᠲᠠᠢ ᠪᠣᠯ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ | ᠶᠣᠰᠣᠭᠠᠷ ᠶᠠᠪᠤᠭᠤᠯᠤᠨ᠎ᠠ᠃ | ᠳᠥᠴᠢᠨ ᠭᠤᠷᠪᠠᠳᠤᠭᠠᠷ ᠵᠦᠢᠯ᠂ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠲᠡᠩᠰᠠ | ᠳᠡᠪᠲᠡᠷ ᠢ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠵᠦ᠂ ᠬᠤᠳᠠᠯ ᠬᠠᠭᠤᠷᠮᠠᠭ ᠡᠳ᠋ ᠤᠨ ᠶᠠᠪᠤᠳᠠᠯ ᠤᠨ | ᠨᠢᠭᠲᠠᠯᠠᠨ ᠪᠤᠳᠤᠯᠳᠠ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ | ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠡᠮᠦᠨᠡᠬᠢ ᠪᠠᠳᠠᠭ ᠤᠨ ᠠᠵᠢᠯᠯᠠᠭ᠎ᠠ ᠶᠢ ᠬᠢᠵᠦ ᠬᠠᠷᠠᠬᠠᠨ ᠶᠠᠯ᠎ᠠ ᠪᠤᠯᠵᠦ ᠪᠦᠷᠢᠯᠳᠦᠭᠡᠳᠦᠶ ᠪᠣᠯ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠨᠡᠶᠢᠲᠡ ᠳᠤ ᠵᠠᠷᠯᠠᠵᠤ᠂ ᠨᠢᠭᠡᠴᠢ ᠶᠢ ᠨᠢ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠠᠷᠪᠠᠨ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠵᠦ ᠪᠣᠯᠤᠨ᠎ᠠ︔ ᠲᠡᠭᠦᠨ ᠤ | ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠦᠨ ᠢ ᠨᠢ ᠭᠤᠷᠪᠠᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠣᠯᠣᠰ ᠶᠢᠨ ᠠᠵᠢᠯᠳᠡᠠ ᠪᠣᠯᠬᠤ ᠳᠤ ᠬᠦᠷᠪᠡᠯ᠂ ᠪᠠᠰᠠ ᠲᠡᠭᠦᠨ ᠤ | ᠪᠠᠶᠢᠭ᠎ᠠ ᠨᠢᠭᠡᠴᠢ ᠪᠤᠶᠤ ᠬᠤᠯᠪᠣᠭᠳᠠᠯ ᠪᠦᠬᠦᠢ ᠨᠢᠭᠡᠴᠢ ᠠᠴᠠ ᠬᠠᠤᠯᠢ ᠶᠣᠰᠣᠭᠠᠷ ᠲᠤᠰᠢᠶᠠᠯ ᠠᠴᠠ ᠨᠢ | ᠤᠭᠴᠠᠷᠠᠭᠤᠯᠬᠤ ᠴᠢᠨᠠᠭᠰᠢᠯᠠᠪᠠᠯ ᠠᠵᠢᠯ ᠠᠴᠠ ᠨᠢ ᠬᠥᠭᠡᠭᠡᠬᠦ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠡᠭᠦᠨ ᠤ | ᠬᠠᠮᠲᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠲᠡᠳᠡᠭᠡᠷ ᠤᠨ ᠳᠣᠲᠣᠷᠠᠬᠢ ᠨᠢᠭᠲᠠᠯᠠᠨ ᠪᠤᠳᠦᠬᠤ ᠠᠵᠢᠯᠳᠡᠠ ᠤ ᠨᠢᠭᠲᠠᠯᠠᠨ ᠪᠤᠳᠦᠬᠤ ᠠᠵᠢᠯ ᠡᠷᠬᠢᠯᠡᠬᠦ | ᠬᠢᠷᠢ ᠬᠡᠮ ᠤᠨ ᠦᠨᠡᠮᠯᠡᠯ ᠢ ᠨᠢ ᠬᠤᠷᠢᠶᠡᠠ ᠠᠪᠴᠤ ᠬᠦᠴᠦᠨ ᠤᠢᠭᠡᠢ ᠪᠣᠯᠭᠠᠨ᠎ᠠ᠃ | ᠳᠥᠴᠢᠨ ᠳᠥᠷᠪᠡᠳᠦᠭᠡᠷ ᠵᠦᠢᠯ᠂ ᠬᠠᠤᠯᠢ ᠶᠣᠰᠣᠭᠠᠷ ᠬᠠᠮᠠᠭᠠᠯᠠᠨ ᠬᠠᠳᠠᠭᠠᠯᠠᠬᠤ ᠶᠣᠰᠣᠲᠠᠶ ᠨᠢᠭᠲᠠᠯᠠᠨ | ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠶᠢᠨ ᠲᠡᠩᠰᠠ ᠳᠡᠪᠲᠡᠷ᠂ ᠡᠳ᠋ ᠤᠨ ᠶᠠᠪᠤᠳᠠᠯ ᠤᠨ ᠨᠢᠭᠲᠠᠯᠠᠨ | ᠪᠤᠳᠤᠯᠳᠠ ᠶᠢᠨ ᠮᠡᠳᠡᠭᠦᠯᠦᠯᠲᠡ ᠶᠢ ᠨᠢᠭᠤᠨ ᠳᠠᠷᠤᠭᠰᠠᠨ ᠪᠤᠶᠤ ᠵᠣᠷᠢᠭᠤᠳᠠ ᠤᠰᠠᠳᠬᠠᠨ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠡᠮᠦᠨᠡᠬᠢ ᠪᠠᠳᠠᠭ ᠤᠨ ᠠᠵᠢᠯᠯᠠᠭ᠎ᠠ ᠶᠢ ᠬᠢᠵᠦ ᠬᠠᠷᠠᠬᠠᠨ ᠶᠠᠯ᠎ᠠ ᠪᠤᠯᠵᠦ ᠪᠦᠷᠢᠯᠳᠦᠭᠡᠳᠦᠶ ᠪᠣᠯ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠨᠡᠶᠢᠲᠡ ᠳᠤ ᠵᠠᠷᠯᠠᠵᠤ᠂ ᠨᠢᠭᠡᠴᠢ ᠶᠢ ᠨᠢ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠠᠷᠪᠠᠨ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠵᠦ ᠪᠣᠯᠤᠨ᠎ᠠ︔ ᠲᠡᠭᠦᠨ ᠤ ᠰᠢᠭᠤᠳ | ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠢ | ᠨᠢ ᠭᠤᠷᠪᠠᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠰᠢᠳᠬᠡᠨ᠎ᠡ︔ ᠣᠯᠣᠰ ᠶᠢᠨ ᠠᠵᠢᠯᠳᠡᠠ ᠪᠣᠯᠬᠤ ᠳᠤ ᠬᠦᠷᠪᠡᠯ᠂ ᠪᠠᠰᠠ ᠲᠡᠭᠦᠨ ᠤ ᠪᠠᠶᠢᠭ᠎ᠠ ᠨᠢᠭᠡᠴᠢ | ᠪᠤᠶᠤ ᠬᠤᠯᠪᠣᠭᠳᠠᠯ ᠪᠦᠬᠦᠢ ᠨᠢᠭᠡᠴᠢ ᠠᠴᠠ ᠬᠠᠤᠯᠢ ᠶᠣᠰᠣᠭᠠᠷ ᠲᠤᠰᠢᠶᠠᠯ ᠠᠴᠠ ᠨᠢ ᠤᠭᠴᠠᠷᠠᠭᠤᠯᠬᠤ ᠴᠢᠨᠠᠭᠰᠢᠯᠠᠪᠠᠯ | ᠠᠵᠢᠯ ᠠᠴᠠ ᠨᠢ ᠬᠥᠭᠡᠭᠡᠬᠦ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠡᠭᠦᠨ ᠤ ᠬᠠᠮᠲᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠡᠳᠡᠭᠡᠷ ᠤᠨ | ᠳᠣᠲᠣᠷᠠᠬᠢ ᠨᠢᠭᠲᠠᠯᠠᠨ ᠪᠤᠳᠦᠬᠤ ᠠᠵᠢᠯᠳᠡᠠ ᠤ ᠨᠢᠭᠲᠠᠯᠠᠨ ᠪᠤᠳᠦᠬᠤ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ | ᠨᠢ ᠬᠤᠷᠢᠶᠡᠠ ᠠᠪᠴᠤ ᠬᠦᠴᠦᠨ ᠤᠢᠭᠡᠢ ᠪᠣᠯᠭᠠᠨ᠎ᠠ᠃ | ᠳᠥᠴᠢᠨ ᠲᠠᠪᠤᠳᠤᠭᠠᠷ ᠵᠦᠢᠯ᠂ ᠨᠢᠭᠲᠠᠯᠠᠨ ᠪᠤᠳᠤᠬᠤ ᠪᠠᠶᠢᠭᠤᠯᠤᠮᠵᠢ᠂ ᠨᠢᠭᠲᠠᠯᠠᠨ ᠪᠤᠳᠦᠬᠤ ᠠᠵᠢᠯᠳᠡᠠ | ᠵᠢᠴᠢ ᠪᠤᠰᠤᠳ ᠬᠥᠮᠦᠨ ᠶᠢ ᠰᠠᠨᠠᠭ᠎ᠠ ᠳᠣᠬᠢᠵᠦ᠂ ᠥᠳᠥᠭᠡᠬᠦ᠂ ᠠᠯᠪᠡᠳᠡᠠ ᠵᠠᠷᠯᠢᠭᠳᠠᠵᠤ ᠪᠠᠶᠢᠭᠠᠳ ᠨᠢᠭᠲᠠᠯᠠᠨ | ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠶᠢᠨ ᠲᠡᠩᠰᠠ ᠳᠡᠪᠲᠡᠷ ᠢ ᠬᠠᠭᠤᠷᠮᠠᠭᠯᠠᠨ ᠵᠣᠬᠢᠶᠠᠬᠤ᠂ | ᠬᠤᠪᠢᠷᠠᠭᠤᠯᠤᠨ ᠵᠣᠬᠢᠶᠠᠭᠰᠠᠨ᠂ ᠬᠤᠳᠠᠯ ᠬᠠᠭᠤᠷᠮᠠᠭ ᠡᠳ᠋ ᠤᠨ ᠶᠠᠪᠤᠳᠠᠯ ᠤᠨ ᠨᠢᠭᠲᠠᠯᠠᠨ ᠪᠤᠳᠤᠯᠳᠠ ᠶᠢᠨ | ᠮᠡᠳᠡᠭᠦᠯᠦᠯᠲᠡ ᠨᠠᠶᠢᠷᠠᠭᠤᠯᠤᠨ ᠵᠣᠬᠢᠶᠠᠬᠤ ᠪᠤᠶᠤ ᠬᠠᠤᠯᠢ ᠶᠣᠰᠣᠭᠠᠷ ᠬᠠᠮᠠᠭᠠᠯᠠᠨ ᠬᠠᠳᠠᠭᠠᠯᠠᠬᠤ ᠶᠣᠰᠣᠲᠠᠶ ᠨᠢᠭᠲᠠᠯᠠᠨ | ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠶᠢᠨ ᠲᠡᠩᠰᠠ ᠳᠡᠪᠲᠡᠷ᠂ ᠡᠳ᠋ ᠤᠨ ᠶᠠᠪᠤᠳᠠᠯ ᠤᠨ ᠨᠢᠭᠲᠠᠯᠠᠨ | ᠪᠤᠳᠤᠯᠳᠠ ᠶᠢᠨ ᠮᠡᠳᠡᠭᠦᠯᠦᠯᠲᠡ ᠶᠢ ᠨᠢᠭᠤᠨ ᠳᠠᠯᠳᠠᠯᠠᠵᠤ᠂ ᠵᠣᠷᠢᠭᠤᠳᠠ ᠤᠰᠠᠳᠬᠠᠭᠠᠳ ᠶᠠᠯ᠎ᠠ ᠪᠤᠯᠵᠦ ᠪᠦᠷᠢᠯᠳᠦᠭᠰᠡᠨ | ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠬᠠᠷᠠᠬᠠᠨ ᠶᠠᠯ᠎ᠠ ᠪᠤᠯᠵᠦ | ᠪᠦᠷᠢᠯᠳᠦᠭᠰᠡᠨ ᠤᠢᠭᠡᠢ ᠪᠠᠶᠢᠪᠠᠯ᠂ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠣᠯᠣᠰ ᠶᠢᠨ ᠠᠵᠢᠯᠳᠡᠨ ᠪᠣᠯᠬᠤ ᠳᠤ ᠬᠦᠷᠪᠡᠯ᠂ ᠪᠠᠰᠠ | ᠲᠡᠭᠦᠨ ᠤ ᠪᠠᠶᠢᠭ᠎ᠠ ᠨᠢᠭᠡᠴᠢ ᠪᠤᠶᠤ ᠬᠤᠯᠪᠣᠭᠳᠠᠯ ᠪᠦᠬᠦᠢ ᠨᠢᠭᠡᠴᠢ ᠠᠴᠠ ᠬᠠᠤᠯᠢ ᠶᠣᠰᠣᠭᠠᠷ ᠵᠡᠷᠭᠡ ᠳᠡᠰ ᠢ ᠨᠢ | ᠪᠠᠭᠤᠷᠠᠭᠤᠯᠬᠤ᠂ ᠲᠤᠰᠢᠶᠠᠯ ᠠᠴᠠ ᠤᠭᠴᠠᠷᠠᠭᠤᠯᠬᠤ᠂ ᠠᠵᠢᠯ ᠠᠴᠠ ᠨᠢ ᠬᠥᠭᠡᠭᠡᠬᠦ ᠵᠠᠰᠠᠭ ᠵᠠᠬᠢᠷᠭᠠᠨ ᠤ ᠰᠢᠳᠭᠡᠯ | ᠥᠭᠭᠦᠨ᠎ᠡ᠃ | ᠳᠥᠴᠢᠨ ᠵᠢᠷᠭᠤᠳᠤᠭᠠᠷ ᠵᠦᠢᠯ᠂ ᠨᠢᠭᠡᠴᠢ ᠶᠢᠨ ᠬᠠᠷᠢᠭᠤᠴᠠᠯᠭᠠᠲᠠᠨ ᠠᠴᠠ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ | ᠡᠰᠡᠷᠭᠦᠴᠡᠬᠦ ᠨᠢᠭᠲᠠᠯᠠᠨ ᠪᠤᠳᠦᠬᠤ ᠠᠵᠢᠯᠳᠡᠠ ᠳᠤ ᠵᠡᠷᠭᠡ ᠳᠡᠰ ᠢ ᠨᠢ ᠪᠠᠭᠤᠷᠠᠭᠤᠯᠬᠤ᠂ ᠲᠤᠰᠢᠶᠠᠯ ᠠᠴᠠ | ᠤᠭᠴᠠᠷᠠᠭᠤᠯᠬᠤ᠂ ᠠᠵᠢᠯ ᠤᠨ ᠪᠠᠶᠢᠷᠢ ᠠᠴᠠ ᠨᠢ ᠰᠢᠯᠵᠢᠭᠦᠯᠬᠦ᠂ ᠤᠷᠢᠭᠰᠠᠨ ᠲᠤᠰᠢᠶᠠᠯ ᠠᠴᠠ ᠨᠢ ᠪᠠᠭᠤᠯᠭᠠᠬᠤ ᠪᠤᠶᠤ | ᠠᠵᠢᠯ ᠠᠴᠠ ᠨᠢ ᠬᠥᠭᠡᠭᠡᠬᠦ ᠵᠡᠷᠭᠡ ᠠᠷᠭ᠎ᠠ ᠮᠠᠶ᠋ᠢᠭ ᠢᠶᠠᠷ ᠴᠣᠬᠢᠯᠲᠠ ᠥᠭᠴᠦ ᠬᠠᠷᠢᠭᠤ ᠠᠪᠤᠭᠠᠳ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠬᠠᠷᠠᠬᠠᠨ | ᠶᠠᠯ᠎ᠠ ᠪᠤᠯᠵᠦ ᠪᠦᠷᠢᠯᠳᠦᠭᠡᠳᠦᠶ ᠪᠣᠯ ᠲᠡᠭᠦᠨ ᠤ ᠪᠠᠶᠢᠭ᠎ᠠ ᠨᠢᠭᠡᠴᠢ ᠪᠤᠶᠤ ᠬᠤᠯᠪᠣᠭᠳᠠᠯ ᠪᠦᠬᠦᠢ ᠨᠢᠭᠡᠴᠢ ᠠᠴᠠ ᠬᠠᠤᠯᠢ | ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃ ᠴᠣᠬᠢᠯᠲᠠ ᠣᠯᠣᠬᠰᠡᠨ ᠨᠢᠭᠲᠠᠯᠠᠨ ᠪᠤᠳᠦᠬᠤ ᠠᠵᠢᠯᠲᠠᠳ ᠲᠤ | ᠨᠡᠷ᠎ᠡ ᠬᠦᠨᠳᠦ ᠪᠠ ᠤᠤᠯ ᠤᠨ ᠡᠭᠦᠷᠭᠡ ᠲᠤᠰᠢᠶᠠᠯ᠂ ᠵᠡᠷᠭᠡ ᠳᠡᠰ ᠢ ᠨᠢ ᠰᠡᠷᠭᠦᠭᠡᠬᠦ ᠬᠡᠷᠡᠭᠲᠡᠶ᠃ | ᠳᠥᠴᠢᠨ ᠳᠣᠯᠣᠳᠤᠭᠠᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠠᠵᠢᠯᠲᠠᠨ ᠬᠢᠨᠠᠯᠲᠠ ᠬᠠᠮᠢᠶᠠᠷᠤᠯᠲᠠ ᠶᠠᠪᠤᠭᠤᠯᠬᠤ ᠶᠠᠪᠤᠴᠠ ᠳᠠᠭᠠᠨ ᠡᠷᠬᠡ | ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ | ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠤᠶᠤ ᠤᠯᠤᠰ ᠤᠨ ᠨᠢᠭᠤᠴᠠ᠂ ᠠᠷᠠᠯᠵᠢᠶᠠᠨ ᠤᠨ ᠨᠢᠭᠤᠴᠠ ᠶᠢ | ᠵᠠᠳᠠᠷᠠᠭᠤᠯᠣᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠢ︔ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ | ᠰᠢᠳᠬᠡᠯ ᠥᠭᠭᠦᠨ᠎ᠡ᠃ | ᠳᠥᠴᠢᠨ ᠨᠠᠢᠮᠠᠳᠤᠭᠠᠷ ᠵᠦᠢᠯ᠂ ᠲᠤᠰ ᠬᠠᠤᠯᠢ ᠶᠢᠨ ᠭᠤᠴᠢᠳᠤᠭᠠᠷ ᠵᠦᠢᠯ ᠳᠤ ᠲᠣᠭᠲᠠᠭᠠᠭᠰᠠᠨ ᠨᠢ᠂ | ᠢᠯᠡᠴᠢᠯᠡᠭᠴᠢ ᠶᠢᠨ ᠤᠪᠦᠬ ᠨᠡᠷ᠎ᠡ ᠪᠠ ᠢᠯᠡᠴᠢᠯᠡᠭᠰᠡᠨ ᠮᠠᠲ᠋ᠧᠷᠢᠶᠠᠯ ᠢ ᠢᠯᠡᠴᠢᠯᠡᠭᠳᠡᠭᠰᠡᠨ ᠨᠢᠭᠡᠴᠢ ᠪᠠ | ᠢᠯᠡᠴᠢᠯᠡᠭᠳᠡᠭᠰᠡᠨ ᠬᠤᠪᠢ ᠬᠥᠮᠦᠨ ᠳᠤ ᠰᠢᠯᠵᠢᠭᠦᠯᠦᠨ ᠬᠦᠷᠭᠡᠪᠡᠯ᠂ ᠲᠡᠭᠦᠨ ᠤ ᠪᠠᠶᠢᠭ᠎ᠠ ᠨᠢᠭᠡᠴᠢ ᠪᠤᠶᠤ ᠬᠤᠯᠪᠣᠭᠳᠠᠯ | ᠪᠦᠬᠦᠢ ᠨᠢᠭᠡᠴᠢ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃ | ᠳᠥᠴᠢ ᠶᠢᠰᠦᠳᠦᠭᠡᠷ ᠵᠦᠢᠯ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠬᠦ ᠶᠢᠨ ᠬᠠᠮᠲᠤ ᠪᠤᠰᠤᠳ ᠬᠠᠤᠯᠢ | ᠴᠠᠭᠠᠵᠠ ᠶᠢᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠤᠰ | ᠲᠤᠰ ᠤᠨ ᠢᠶᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠠᠤᠯᠢ ᠶᠣᠰᠣᠭᠠᠷ ᠰᠢᠳᠬᠡᠨ᠎ᠡ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠲᠠᠪᠢᠳᠤᠭᠠᠷ ᠵᠦᠢᠯ᠂ ᠲᠤᠰ ᠬᠠᠤᠯᠢ ᠳᠤ ᠬᠡᠷᠡᠭᠯᠡᠭᠰᠡᠨ ᠳᠣᠣᠷᠠᠬᠢ ᠦᠭᠡᠰ ᠤᠨ ᠤᠳᠬ᠎ᠠ ᠪᠣᠯ᠄ | ᠨᠢᠭᠡᠴᠢ ᠶᠢᠨ ᠬᠠᠷᠢᠭᠤᠴᠠᠯᠭᠠᠲᠠᠨ ᠭᠡᠵᠦ ᠨᠢᠭᠡᠴᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠨᠢᠭᠡᠴᠢ ᠶᠢ ᠲᠥᠯᠥᠭᠡᠯᠡᠨ ᠡᠷᠬᠡ ᠲᠤᠰᠢᠶᠠᠯ | ᠬᠡᠷᠡᠭᠵᠢᠭᠦᠯᠳᠡᠭ ᠭᠤᠣᠯ ᠬᠠᠷᠢᠭᠤᠴᠠᠯᠭᠠᠲᠠᠨ ᠢ ᠬᠡᠯᠡᠵᠦ ᠪᠠᠶᠢᠨ᠎ᠠ᠃ | ᠤᠯᠤᠰ ᠤᠨ ᠨᠢᠭᠲᠠᠯᠠᠨ ᠪᠤᠳᠦᠬᠤ ᠨᠢᠭᠡᠳᠦᠯᠲᠡᠶ ᠲᠦᠷᠢᠮ ᠭᠡᠳᠡᠭ ᠨᠢ ᠲᠦᠷᠦ ᠶᠢᠨ ᠶᠠᠪᠤᠳᠠᠯ ᠤᠨ ᠬᠤᠷᠢᠶᠠᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠤᠰ ᠬᠠᠤᠯᠢ ᠶᠢ ᠦᠨᠳᠦᠰᠦᠯᠡᠨ ᠲᠣᠭᠲᠠᠭᠠᠭᠰᠠᠨ ᠨᠢᠭᠲᠠᠯᠠᠨ ᠪᠤᠳᠦᠬᠤ | ᠲᠣᠭᠠᠴᠠᠭᠠᠯᠠᠯᠲᠠ᠂ ᠨᠢᠭᠲᠠᠯᠠᠨ ᠪᠣᠳᠣᠬᠤ ᠬᠢᠨᠠᠯᠲᠠ᠂ ᠨᠢᠭᠲᠠᠯᠠᠨ ᠪᠤᠳᠦᠬᠤ ᠪᠠᠶᠢᠭᠤᠯᠤᠮᠵᠢ ᠪᠠ ᠨᠢᠭᠲᠠᠯᠠᠨ ᠪᠤᠳᠦᠬᠤ | ᠠᠵᠢᠯᠳᠡᠠ ᠵᠢᠴᠢ ᠨᠢᠭᠲᠠᠯᠠᠨ ᠪᠤᠳᠦᠬᠤ ᠠᠵᠢᠯ ᠢ ᠬᠠᠮᠢᠶᠠᠷᠬᠤ ᠲᠦᠷᠢᠮ ᠪᠣᠯᠤᠨ᠎ᠠ᠃ | ᠲᠡᠪᠢᠠ ᠨᠢᠭᠡᠳᠦᠭᠡᠷ ᠵᠦᠢᠯ᠂ ᠬᠤᠪᠢ ᠶᠢᠨ ᠦᠢᠯᠡᠳᠪᠦᠷᠢ ᠬᠤᠳᠠᠯᠳᠤᠭ᠎ᠠ ᠶᠢᠨ ᠨᠢᠭᠲᠠᠯᠠᠨ ᠪᠤᠳᠦᠬᠤ | ᠬᠠᠮᠢᠶᠠᠷᠤᠯᠲᠠ ᠶᠢᠨ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠲᠤᠰ ᠬᠠᠤᠯᠢ ᠶᠢᠨ ᠵᠠᠷᠴᠢᠮ ᠢ ᠦᠨᠳᠦᠰᠦᠯᠡᠵᠦ ᠠᠰᠲᠠᠭᠠᠨ ᠲᠣᠭᠲᠠᠭᠠᠨ᠎ᠠ᠃ | ᠲᠡᠪᠢᠠ ᠬᠤᠶᠠᠳᠤᠭᠠᠷ ᠵᠦᠢᠯ᠂ ᠲᠤᠰ ᠬᠠᠤᠯᠢ ᠶᠢ 2000 ᠣᠨ ᠤ 7 ᠰᠠᠷ᠎ᠠ ᠶᠢᠨ 1 ᠤ ᠡᠳᠦᠷ ᠠᠴᠠ | ᠬᠡᠷᠡᠭᠵᠢᠭᠦᠯᠦᠨ᠎ᠡ᠃ |