ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ ᠶᠢᠨ ᠠᠵᠢᠯ  ᠠᠴᠠ ᠪᠠᠨ ᠠᠮᠠᠷᠠᠭᠰᠠᠨ ᠠᠬᠠᠮᠠᠳ ᠺᠠᠳ᠋ᠷ ᠤᠨ ᠠᠵᠢᠯ ᠤᠨ ᠬᠠᠮᠢᠶᠠᠷᠤᠯᠳᠠ ᠶᠢᠨ ᠠᠷᠭ᠎ᠠ
ᠨᠡᠶᠢᠲᠡᠯᠡᠭᠰᠡᠨ ᠴᠠᠭ᠄
2018/12/27
    ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠭᠦᠨᠵᠡᠭᠡᠶ ᠲᠤᠤᠱᠯᠠᠭᠤᠯᠤᠨ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ  ᠤᠨ ᠬᠤᠯᠪᠣᠭᠳᠠᠯ ᠪᠦᠬᠦᠢ ᠡᠯ᠎ᠡ ᠵᠦᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ  ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ  ᠤᠨ ᠬᠠᠮᠢᠶᠠᠷᠤᠯᠲᠠ ᠶᠢᠨ ᠦᠢᠯᠡᠴᠢᠯᠡᠬᠡᠨ ᠤ ᠠᠵᠢᠯ ᠢ ᠤᠯᠠᠮ ᠴᠢᠨᠠᠭᠰᠢᠳᠠ ᠵᠢᠷᠤᠮᠵᠢᠭᠤᠯᠤᠨ ᠲᠡᠭᠦᠯᠳᠡᠷᠵᠢᠭᠦᠯᠵᠦ᠂  ᠠᠬᠠᠮᠠᠳ ᠺᠠᠳ᠋ᠷ ᠤᠨ ᠬᠤᠶᠠᠷ  ᠢ ᠪᠠᠲᠤᠯᠠᠬᠤ ᠬᠠᠷᠠᠭᠠᠯᠵᠠᠯ ᠢ ᠨᠠᠶᠢᠳᠠᠪᠤᠷᠢᠵᠢᠭᠤᠯᠬᠤ  ᠶᠢᠨ ᠲᠦᠯᠦᠭᠡ ︽ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠵᠠᠳᠠᠯᠤᠨ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠬᠤ ᠵᠢᠴᠢ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠬᠤ ᠠᠵᠢᠯ ᠤᠨ ᠲᠤᠬᠠᠶ ᠮᠡᠳᠡᠭᠳᠡᠯ︾ ᠳᠤ ᠱᠠᠭᠠᠷᠳᠠᠯᠭ᠎ᠠ  ᠶᠢ ᠦᠨᠳᠦᠰᠦᠯᠡᠵᠦ᠂ ᠮᠠᠨ ᠤ ᠲᠣᠪᠴᠢᠶ᠎ᠠ  ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠤᠰ ᠠᠷᠭ᠎ᠠ ᠶᠢ ᠲᠣᠭᠲᠠᠭᠠᠪᠠ᠄    ᠨᠢᠭᠡ᠂ ᠪᠦᠬᠦ ᠵᠢᠯ ᠳᠤ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠵᠢᠯ ᠤᠨ ᠲᠥᠯᠥᠪᠯᠡᠭᠡ ᠪᠠ ᠪᠣᠳᠠᠲᠠᠢ ᠠᠵᠢᠯ ᠤᠨ ᠲᠤᠬᠢᠷᠠᠭᠤᠯᠤᠯᠳᠠ ᠶᠢ ᠲᠣᠭᠲᠠᠭᠠᠬᠤ᠂ ᠴᠠᠭ ᠲᠤᠬᠠᠶ ᠳᠤᠨᠢ ᠲᠣᠪᠴᠢᠶ᠎ᠠ  ᠶᠢᠨ ᠭᠤᠣᠯᠯᠠᠨ ᠬᠠᠮᠢᠶᠠᠷᠬᠤ ᠤᠳᠤᠷᠢᠳᠤᠯᠭ᠎ᠠ ᠳᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠬᠠᠮᠠᠳ ᠺᠠᠳ᠋ᠷᠴᠤᠳ ᠤᠨ ᠠᠵᠢᠯ ᠤᠨ ᠪᠠᠶᠢᠳᠠᠯ ᠢ ᠮᠡᠳᠡᠭᠳᠡᠬᠦ ᠬᠡᠷᠡᠭᠲᠡᠶ᠃    ᠬᠤᠶᠠᠷ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠤᠨ ᠤᠯᠤᠰ ᠲᠦᠷᠦ ᠶᠢᠨ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ     1᠂ ᠵᠢᠯ ᠪᠦᠷᠢ ᠭᠠᠳᠠᠨ᠎ᠠ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ  ᠠᠴᠠ ᠪᠤᠰᠤᠳ ᠴᠠᠭ  ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ  ᠤᠨ ᠱᠠᠭᠠᠷᠳᠠᠯᠭ᠎ᠠ ᠪᠠᠷ ᠠᠶᠢᠯᠴᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠬᠦ ᠠᠵᠢᠯ ᠢ ᠰᠠᠶᠢᠲᠤᠷ ᠬᠢᠬᠦ ᠠᠴᠠ ᠭᠠᠳᠠᠨ᠎ᠠ᠂ ᠠᠬᠠᠮᠠᠳ ᠺᠠᠳ᠋ᠷ ᠪᠠ ᠡᠪᠡᠳᠴᠢᠯᠡᠭᠡᠳ ᠡᠮᠨᠡᠯᠭᠡ ᠳᠤ ᠰᠠᠭᠤᠭᠰᠠᠨ᠂ ᠠᠮᠢᠳᠤᠷᠠᠯ ᠨᠢ ᠬᠦᠴᠢᠷᠳᠡᠯᠲᠡᠶ ᠠᠬᠠᠮᠠᠳ ᠨᠥᠬᠦᠳ  ᠢ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠠᠶᠢᠯᠠᠴᠢᠯᠠᠨ ᠰᠤᠷᠪᠤᠯᠵᠢᠯᠠᠵᠤ᠂ ᠲᠡᠳᠡᠨ ᠤ ᠪᠡᠶ᠎ᠡ ᠮᠠᠬᠠᠪᠣᠳ᠂ ᠠᠮᠢᠳᠤᠷᠠᠯ ᠵᠡᠷᠭᠡ ᠲᠠᠯ᠎ᠠ ᠶᠢᠨ ᠪᠠᠶᠢᠳᠠᠯ  ᠢ ᠴᠠᠭ ᠲᠤᠬᠠᠶ ᠳᠤᠨᠢ ᠣᠶᠢᠯᠠᠭᠠᠵᠤ᠂ ᠲᠣᠪᠴᠢᠶ᠎ᠠ᠂ ᠡᠯ᠎ᠡ ᠵᠦᠢᠯ ᠤᠨ ᠠᠵᠢᠯ ᠤᠨ ᠲᠤᠬᠠᠶ ᠰᠠᠨᠠᠯ ᠬᠤᠷᠢᠶᠠᠨ᠂ ᠪᠣᠳᠠᠲᠠᠶ ᠬᠦᠴᠢᠷᠳᠡᠯ ᠢ ᠨᠢ ᠬᠠᠪᠰᠤᠷᠴᠤ ᠰᠢᠢᠳᠪᠦᠷᠢᠯᠡᠵᠦ ᠥᠭᠬᠦ ᠬᠡᠷᠡᠭᠲᠡᠶ᠃     2᠂ ᠪᠦᠬᠦ ᠠᠵᠢᠯ ᠠᠴᠠ ᠠᠮᠠᠷᠠᠭᠰᠠᠨ ᠠᠵᠢᠯ ᠠᠴᠠ ᠪᠠᠭᠤᠭᠰᠠᠨ ᠬᠥᠮᠦᠰ ᠤᠨ ᠬᠤᠷᠠᠯᠳᠤᠭᠠᠨ ᠢ ᠤᠯᠠᠷᠢᠯ ᠪᠦᠷᠢ ᠨᠢᠭᠡ ᠤᠳᠠᠭ᠎ᠠ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠵᠤ᠂ ᠲᠣᠪᠴᠢᠶ᠎ᠠ  ᠶᠢᠨ ᠭᠤᠣᠯ ᠠᠵᠢᠯ ᠤᠨ ᠪᠠᠶᠢᠳᠠᠯ  ᠢ ᠮᠡᠳᠡᠭᠳᠡᠬᠦ ᠬᠡᠷᠡᠭᠲᠡᠶ᠂ ᠠᠬᠠᠮᠠᠳ ᠨᠥᠬᠦᠳ ᠤᠨ ᠰᠠᠨᠠᠯ᠂ᠰᠠᠨᠠᠭᠤᠯᠭ᠎ᠠ  ᠶᠢ ᠰᠣᠨᠤᠰᠬᠤ ᠬᠡᠷᠡᠭᠲᠡᠢ᠂  ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ  ᠤᠨ ᠲᠣᠪᠴᠢᠶ᠎ᠠ  ᠶᠢᠨ ᠴᠢᠬᠤᠯᠠ ᠬᠤᠷᠠᠯ  ᠳᠤ ᠣᠷᠤᠯᠴᠠᠬᠤ  ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ᠎ᠠ᠂ ᠴᠢᠬᠤᠯᠠ  ᠮᠡᠳᠡᠬᠦᠯᠦᠯᠲᠡ  ᠶᠢ ᠰᠣᠨᠣᠰᠴᠤ᠂ ᠠᠬᠠᠮᠠᠳ ᠨᠥᠬᠦᠳ ᠤᠨ ᠬᠤᠯᠪᠣᠭᠳᠠᠯ ᠪᠦᠬᠦᠢ ᠤᠯᠤᠰ ᠲᠦᠷᠦ ᠶᠢᠨ ᠠᠵᠢᠯᠯᠠᠭ᠎ᠠ  ᠳᠤ ᠣᠷᠣᠯᠴᠠᠵᠤ᠂ ᠲᠣᠪᠴᠢᠶ᠎ᠠ ᠶᠢᠨ ᠰᠢᠰᠲ᠋ᠧᠮ ᠤᠨ ᠲᠢᠩᠬᠢᠮ ᠲᠣᠪᠴᠢᠶ᠎ᠠ ᠶᠢᠨ ᠲᠡᠰ ᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠠᠵᠢᠯ ᠤᠨ ᠲᠣᠪᠴᠢ ᠮᠡᠳᠡᠭᠡ ᠪᠣᠯᠣᠨ ᠪᠡᠶ᠎ᠡ ᠶᠢᠨ ᠲᠠᠮᠢᠷ ᠤᠨ ᠴᠢᠮᠡᠬᠡᠯᠡᠯ ᠵᠡᠷᠭᠡ  ᠶᠢ ᠬᠤᠭᠤᠴᠠᠭ᠎ᠠ ᠶᠣᠰᠣᠭᠠᠷ ᠲᠠᠷᠬᠠᠭᠠᠬᠤ ᠬᠡᠷᠡᠭᠲᠡᠢ᠃     3᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠨᠠᠮ ᠤᠨ ᠡᠭᠦᠷ  ᠢ ᠬᠠᠮᠵᠢᠨ ᠪᠠᠶᠢᠭᠤᠯᠤᠨ ᠵᠣᠬᠢᠶᠠᠨ ᠪᠠᠶᠢᠭᠤᠯᠤᠯᠲᠠ  ᠶᠢ ᠲᠡᠭᠦᠯᠳᠡᠷᠵᠢᠭᠦᠯᠵᠦ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠨᠠᠮ ᠤᠨ ᠡᠭᠦᠷ  ᠤᠨ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠵᠣᠬᠢᠴᠠᠭᠤᠯᠤᠨ᠎ᠠ᠃ ᠲᠣᠪᠴᠢᠶ᠎ᠠ ᠰᠢᠰᠲ᠋ᠧᠮ ᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ  ᠤᠨ ᠣᠷᠣᠰᠢᠨ ᠰᠠᠭᠤᠵᠤ ᠪᠠᠶᠢᠭ᠎ᠠ ᠭᠠᠵᠠᠷ ᠣᠷᠣᠨ ᠳᠤ ᠦᠨᠳᠦᠰᠦᠯᠡᠨ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ  ᠠᠵᠢᠯᠯᠠᠭ᠎ᠠ ᠶᠢᠨ ᠪᠠᠭ᠎ᠠ ᠳᠤᠭᠤᠶᠢᠯᠠᠩ ᠪᠠᠶᠢᠭᠤᠯᠵᠤ᠂ ᠬᠤᠶᠠᠷ ᠰᠠᠷ᠎ᠠ ᠳᠤ ᠨᠢᠭᠡ ᠤᠳᠠᠭ᠎ᠠ ᠠᠵᠢᠯᠯᠠᠭ᠎ᠠ ᠬᠢᠬᠦ ᠶᠢ ᠪᠠᠲᠤᠯᠠᠬᠤ ᠬᠡᠷᠡᠭᠳᠡᠢ᠃     4᠂ ᠨᠠᠰᠤᠲᠠᠶᠢᠴᠤᠳ ᠤᠨ ᠠᠵᠢᠯᠯᠠᠭᠠᠨ ᠤ ᠲᠥᠪ  ᠤᠨ ᠬᠥᠳᠡᠯᠭᠡᠭᠡᠨ ᠬᠢᠬᠦ ᠲᠥᠬᠦᠭᠡᠷᠦᠮᠵᠢ  ᠶᠢ ᠲᠥᠯᠥᠪᠯᠡᠭᠡ ᠲᠠᠢ ᠪᠠᠷ ᠨᠡᠮᠡᠭᠳᠡᠭᠦᠯᠬᠦ ᠪᠥᠭᠡᠳ ᠰᠠᠶᠢᠵᠢᠷᠠᠭᠤᠯᠵᠤ᠂  ᠨᠠᠰᠤᠲᠠᠶᠢᠴᠤᠳ ᠤᠨ ᠠᠵᠢᠯᠯᠠᠭᠠᠨ ᠤ ᠲᠠᠯᠠᠪᠤᠷ  ᠢ ᠭᠦᠢᠴᠡᠳ ᠠᠰᠢᠭᠯᠠᠵᠤ᠂ ᠠᠵᠢᠯ ᠠᠴᠠ ᠠᠮᠠᠷᠠᠭᠰᠠᠨ ᠠᠵᠢᠯ ᠠᠴᠠ ᠪᠠᠭᠤᠭᠰᠠᠨ ᠬᠥᠮᠦᠰ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠲᠤᠰᠠᠲᠠᠶ ᠤᠳᠬ᠎ᠠ ᠤᠷᠠᠯᠢᠭ ᠪᠡᠶ᠎ᠡ ᠲᠠᠮᠢᠷ ᠤᠨ ᠵᠤᠭ᠎ᠠ ᠴᠡᠩᠭᠡᠯ ᠤᠨ ᠠᠵᠢᠯᠯᠠᠭ᠎ᠠ  ᠶᠢ ᠥᠷᠨᠢᠭᠦᠯᠬᠦ ᠵᠣᠬᠢᠶᠠᠨ ᠪᠠᠶᠢᠭᠤᠯᠵᠤ᠂ ᠤᠬᠠᠮᠰᠠᠷ ᠠᠴᠠ ᠪᠠᠨ ᠹᠸᠤᠳᠠᠯ ᠤᠨ ᠮᠤᠬᠤᠷ ᠪᠢᠰᠢᠷᠡᠯ ᠂ ᠡᠯ᠎ᠡ ᠵᠦᠢᠯ ᠤᠨ ᠭᠠᠵᠢᠭᠤ ᠨᠣᠮᠯᠠᠯ ᠪᠠ ᠡᠷᠡᠭᠦᠯ ᠪᠤᠰᠤ ᠦᠵᠡᠯ ᠰᠠᠨᠠᠭᠠᠨ ᠤ ᠬᠤᠣᠷᠳᠠᠭᠤᠯᠤᠯ ᠳᠤ  ᠨᠡᠷᠪᠡᠭᠳᠡᠬᠦ  ᠶᠢ ᠡᠰᠡᠷᠭᠦᠴᠡᠨ ᠬᠤᠷᠢᠭᠯᠠᠬᠤ  ᠂ ᠡᠶ᠎ᠡ ᠨᠠᠶᠢᠷᠠᠮᠳᠠᠭᠤ᠂ ᠪᠠᠶᠠᠷᠲᠠᠶ᠂ ᠡᠷᠡᠭᠦᠯ ᠨᠠᠰᠤᠲᠠᠶᠢᠴᠤᠳ ᠤᠨ ᠠᠵᠢᠯᠯᠠᠭᠠᠨ ᠤ ᠣᠷᠴᠢᠨ ᠨᠥᠬᠦᠴᠡᠯ ᠢ ᠪᠤᠢ ᠪᠣᠯᠭᠠᠨ᠎ᠠ᠃     5᠂ ᠠᠵᠢᠯ ᠠᠴᠠ ᠠᠮᠠᠷᠠᠭᠰᠠᠨ ᠠᠵᠢᠯ ᠠᠴᠠ ᠪᠠᠭᠤᠭᠰᠠᠨ ᠬᠥᠮᠦᠰ ᠤᠨ ᠬᠠᠷᠠᠭ᠎ᠠ  ᠶᠢ ᠥᠷᠭᠡᠳᠬᠡᠬᠦ᠂ ᠨᠡᠶᠢᠭᠡᠮ ᠤᠨ ᠬᠥᠭᠵᠢᠯᠲᠡ ᠪᠠ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠪᠠᠶᠢᠳᠠᠯ  ᠢ  ᠴᠠᠭ ᠲᠤᠬᠠᠶ ᠳᠤᠨᠢ ᠣᠶᠢᠯᠠᠭᠠᠭᠤᠯᠬᠤ  ᠶᠢᠨ ᠲᠥᠯᠥᠭᠡ  ᠂ ᠵᠠᠷᠤᠳᠠᠯ ᠤᠨ ᠪᠠᠶᠢᠳᠠᠯ ᠢ ᠦᠨᠳᠦᠰᠦᠯᠡᠨ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷ᠂ ᠣᠷᠣᠨ ᠤ ᠳᠣᠲᠣᠷ᠎ᠠ ᠭᠠᠳᠠᠨᠠᠬᠢ ᠵᠣᠬᠢᠶᠠᠨ ᠪᠠᠶᠢᠭᠤᠯᠵᠤ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠠᠵᠢᠯᠯᠠᠭ᠎ᠠ   ᠶᠢ ᠵᠢᠯ ᠪᠦᠷᠢ ᠨᠢᠭᠡ ᠤᠳᠠᠭ᠎ᠠ  ᠠᠴᠠ ᠳᠤᠲᠠᠭᠤ ᠦᠭᠡᠢ ᠵᠣᠬᠢᠶᠠᠨ ᠪᠠᠶᠢᠭᠤᠯᠬᠤ ᠬᠡᠷᠡᠭᠲᠡᠶ᠃     ᠭᠤᠷᠪᠠ᠂ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ  ᠤᠨ ᠠᠮᠢᠳᠤᠷᠠᠯ ᠤᠨ ᠣᠯᠭᠤᠮᠵᠢ  ᠶᠢ ᠨᠠᠶᠢᠳᠠᠪᠤᠷᠢᠵᠢᠭᠤᠯᠵᠤ᠂ ᠦᠢᠯᠡᠴᠢᠯᠡᠬᠦ ᠠᠵᠢᠯ ᠢ ᠰᠠᠶᠢᠲᠤᠷ ᠬᠢᠨ᠎ᠡ     1᠂  ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ  ᠨᠡᠮᠡᠭᠳᠡᠯ ᠴᠠᠯᠢᠩ   ᠳᠤ ᠴᠠᠭ ᠲᠤᠬᠠᠶ ᠳᠤᠨᠢ ᠳᠤᠬᠢᠷᠠᠭᠤᠯᠤᠯᠳᠠ ᠬᠢᠬᠦ ᠬᠡᠷᠡᠭᠲᠡᠶ᠂  ᠠᠬᠠᠮᠠᠳ ᠺᠠᠳ᠋ᠷ  ᠤᠨ ᠨᠣᠮ ᠰᠡᠳᠬᠦᠯ ᠤᠨ ᠵᠠᠷᠤᠳᠠᠯ᠂ ᠬᠦᠴᠢᠷᠳᠡᠯ ᠤᠨ ᠨᠥᠬᠦᠪᠥᠷᠢ ᠵᠠᠷᠤᠳᠠᠯ ᠵᠡᠷᠭᠡ  ᠶᠢ ᠲᠣᠭᠲᠠᠭᠠᠯ ᠶᠣᠰᠣᠭᠠᠷ ᠣᠯᠭᠤᠵᠤ᠂ ᠠᠵᠢᠯ ᠠᠴᠠ ᠪᠠᠨ ᠠᠮᠠᠷᠠᠭᠰᠠᠨ ᠪᠠᠭᠤᠭᠰᠠᠨ ᠬᠥᠮᠦᠰ ᠤᠨ ᠠᠯᠪᠠᠨ ᠬᠡᠷᠡᠭᠯᠡᠭᠡᠨ ᠤ ᠵᠠᠷᠤᠳᠠᠯ  ᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ ᠬᠡᠷᠡᠭᠲᠡᠶ᠂ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠤ᠂ ᠪᠠᠶᠠᠷ ᠤᠨ ᠡᠳᠦᠷ ᠤᠨ ᠲᠣᠬᠤᠨᠢᠭᠤᠯᠬᠤ ᠰᠦᠢᠳᠬᠡᠯ ᠪᠠ ᠠᠰᠠᠷᠠᠮᠵᠢ ᠶᠢᠨ ᠰᠦᠢᠳᠬᠡᠯ ᠢ ᠴᠠᠭ ᠲᠤᠬᠠᠶ ᠳᠤᠨᠢ ᠲᠠᠷᠬᠠᠭᠠᠬᠤ ᠬᠡᠷᠡᠭᠲᠡᠶ᠃     2᠂ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠢ ᠰᠠᠶᠢᠲᠤᠷ ᠬᠢᠵᠦ᠂ ᠺᠠᠳ᠋ᠷ ᠪᠠ ᠪᠡᠶ᠎ᠡ ᠮᠠᠬᠠᠪᠣᠳ ᠤᠨ ᠡᠪᠡᠳᠴᠢᠨ ᠠᠷᠪᠢᠨ ᠠᠬᠠᠮᠠᠳ ᠨᠥᠬᠦᠳ  ᠤᠨ ᠡᠷᠡᠭᠦᠯ ᠮᠡᠨᠳᠦ ᠶᠢᠨ ᠣᠳᠣᠬᠠᠨ ᠤ ᠪᠠᠶᠢᠳᠠᠯ  ᠢ ᠴᠠᠭ ᠲᠤᠬᠠᠢ ᠳᠤᠨᠢ ᠤᠶᠢᠯᠠᠭᠠᠵᠤ᠂ ᠲᠢᠩᠬᠢᠮ ᠲᠣᠪᠴᠢᠶ᠎ᠠ ᠶᠢᠨ ᠲᠡᠰ ᠤᠨ ᠺᠠᠳ᠋ᠷ  ᠤᠨ ᠪᠡᠶ᠎ᠡ ᠪᠠᠶᠢᠴᠠᠭᠠᠬᠤ ᠠᠵᠢᠯ  ᠢ ᠲᠣᠭᠲᠠᠮᠠᠯ ᠢᠳᠡᠪᠬᠢᠲᠡᠶ ᠰᠠᠶᠢᠨ ᠵᠣᠬᠢᠶᠠᠨ ᠪᠠᠶᠢᠭᠤᠯᠵᠤ᠂ ᠵᠠᠷᠤᠳᠠᠯ ᠤᠨ ᠪᠠᠶᠢᠳᠠᠯ ᠢ ᠦᠨᠳᠦᠰᠦᠯᠡᠨ᠂ ᠬᠤᠶᠠᠷ ᠵᠢᠯ ᠪᠦᠷᠢ  ᠳᠤ ᠨᠢᠭᠡ ᠤᠳᠠᠭ᠎ᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ  ᠲᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠬᠡᠷᠡᠭᠲᠡᠶ᠃     3᠂ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ ᠡᠪᠡᠳᠴᠢᠨ ᠣᠯᠵᠤ᠂ ᠡᠮᠨᠡᠯᠭᠡ ᠳ᠋᠊ ᠤ ᠰᠠᠭᠤᠬᠤ ᠳᠤ ᠬᠦᠷᠪᠡᠯ᠂ ᠡᠷᠭᠢᠵᠦ ᠦᠵᠡᠬᠦ᠂ ᠲᠣᠬᠤᠨᠢᠭᠤᠯᠬᠤ ᠠᠵᠢᠯ  ᠢ  ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠠᠬᠠᠮᠠᠳ ᠨᠥᠬᠦᠳ ᠡᠮᠨᠡᠯᠭᠡ ᠳᠤ ᠰᠠᠭᠤᠵᠤ ᠡᠮᠨᠡᠭᠦᠯᠬᠦ ᠳᠤ ᠤᠷᠢᠳ ᠬᠤᠵᠢᠳ ᠬᠡᠷᠡᠭᠰᠡᠬᠦ ᠲᠡᠷᠭᠡ ᠶᠢ ᠪᠠᠲᠤᠯᠠᠵᠤ᠂ ᠵᠣᠬᠢᠶᠠᠨ ᠪᠠᠶᠢᠭᠤᠯᠤᠯᠲᠠ ᠶᠢᠨ ᠬᠠᠯᠠᠮᠵᠢ ᠶᠢ ᠢᠯᠡᠳᠭᠡᠨ᠎ᠡ᠃     4᠂ ᠠᠬᠠᠮᠠᠳ ᠨᠥᠬᠦᠳ ᠨᠠᠰᠤ ᠪᠠᠷᠠᠭᠰᠠᠨ ᠤ ᠳᠠᠷᠠᠭ᠎ᠠ᠂ ᠲᠡᠭᠦᠨ ᠤ ᠣᠶᠢᠷ᠎ᠠ ᠲᠥᠷᠥᠯ ᠰᠠᠳᠤᠨ  ᠳᠤ ᠬᠠᠪᠰᠤᠷᠤᠨ ᠴᠠᠭ ᠲᠤᠬᠠᠶ ᠳᠤᠨᠢ ᠰᠡᠭᠦᠯᠴᠢ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠪᠥᠭᠡᠳ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠣᠭᠲᠠᠭᠠᠯ ᠶᠣᠰᠣᠭᠠᠷ ᠲᠡᠭᠦᠨ ᠤ ᠭᠡᠷ ᠪᠦᠯᠢ  ᠳᠤ ᠬᠠᠮᠵᠢᠨ ᠡᠯ᠎ᠡ ᠲᠠᠯ᠎ᠠ ᠶᠢᠨ ᠬᠠᠷᠠᠭᠠᠯᠵᠠᠵᠤ  ᠲᠥᠪᠬᠢᠨᠡᠭᠦᠯᠬᠦ  ᠪᠠ  ᠣᠷᠣᠰᠢᠭᠤᠯᠭ᠎ᠠ  ᠶᠢᠨ  ᠵᠠᠷᠤᠳᠠᠯ   ᠢ  ᠮᠡᠳᠡᠭᠦᠯᠦᠨ  ᠵᠥᠪᠰᠢᠶᠡᠷᠡᠭᠦᠯᠬᠦ  ᠠᠵᠢᠯ ᠢ ᠬᠢᠨ᠎ᠡ᠃     5᠂ ᠠᠬᠠᠮᠠᠳ ᠺᠠᠳ᠋ᠷ ᠤᠨ ᠬᠠᠮᠢᠶᠠᠷᠤᠯᠲᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨ ᠴᠠᠭ ᠲᠤᠬᠠᠢᠢᠴᠢ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠵᠤ᠂ ᠰᠠᠯᠠᠭ᠎ᠠ  ᠶᠢᠨ ᠦᠷᠭᠦᠯᠵᠢ ᠬᠡᠷᠡᠭᠯᠡᠬᠦ ᠳ᠋ᠢᠶᠠᠩᠬᠤᠸᠠ ᠶᠢᠨ ᠨᠣᠮᠧᠷ ᠪᠣᠯᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠬᠠᠮᠢᠶᠠᠷᠤᠯᠲᠠ ᠶᠢᠨ ᠠᠵᠢᠯᠳᠠᠨ ᠲᠠᠢ ᠬᠠᠷᠢᠯᠴᠠᠬᠤ ᠠᠷᠭ᠎ᠠ ᠮᠠᠶ᠋ᠢᠭ ᠢ ᠪᠦᠬᠦ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ  ᠲᠤ ᠮᠡᠳᠡᠭᠳᠡᠵᠦ᠂ ᠠᠬᠠᠮᠠᠳ ᠨᠥᠬᠦᠳ  ᠤᠨ ᠠᠮᠢᠳᠤᠷᠠᠯ ᠤᠨ ᠳᠤᠮᠳᠠ ᠲᠣᠬᠢᠶᠠᠯᠳᠤᠭᠰᠠᠨ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ ᠵᠣᠬᠢᠴᠠᠭᠤᠯᠬᠤ ᠪᠠ ᠰᠢᠢᠳᠪᠦᠷᠢᠯᠡᠬᠦ ᠶᠢ ᠪᠠᠲᠤᠯᠠᠨ᠎ᠠ᠃     6᠂ ᠤᠯᠠᠷᠢᠯ ᠪᠦᠷᠢ ᠳᠤ ᠨᠢᠭᠡ ᠤᠳᠠᠭ᠎ᠠ ᠲᠣᠪᠴᠢᠶ᠎ᠠ ᠶᠢᠨ ᠰᠢᠰᠲ᠋ᠧᠮ ᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠬᠠᠮᠢᠶᠠᠷᠤᠯᠲᠠ ᠶᠢᠨ ᠠᠵᠢᠯᠳᠠᠨ ᠤ ᠬᠤᠷᠠᠯ ᠢ ᠬᠢᠵᠦ᠂ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯ ᠢ ᠰᠤᠳᠤᠯᠠᠨ᠂ ᠪᠠᠶᠢᠷᠢᠯᠠᠭᠤᠯᠤᠯᠲᠠ ᠬᠢᠨ᠎ᠡ᠂ ᠬᠠᠷᠢᠭᠤ ᠮᠡᠳᠡᠭᠦᠯᠬᠦ᠂ ᠠᠵᠢᠯ ᠤᠨ ᠰᠣᠯᠢᠯᠴᠠᠭ᠎ᠠ ᠶᠢᠨ ᠪᠠᠶᠢᠳᠠᠯ᠂ ᠳ᠋ᠦᠩᠨᠡᠯᠲᠡ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠶᠢᠴᠠᠭᠠᠬᠤ ᠵᠡᠷᠭᠡ ᠶᠢ ᠬᠢᠨ᠎ᠡ᠃     ᠳᠦᠷᠪᠡ᠂ ᠲᠣᠪᠴᠢᠶ᠎ᠠ  ᠶᠢᠨ ᠰᠢᠭᠤᠳ ᠬᠠᠷᠢᠶ᠎ᠠ ᠨᠢᠭᠡᠴᠡ ᠲᠣᠰ ᠠᠷᠭ᠎ᠠ ᠪᠠᠷ ᠯᠠᠪᠯᠠᠯᠲᠠ ᠪᠣᠯᠭᠠᠵᠤ᠂ ᠳᠤᠰ ᠨᠢᠭᠡᠴᠡ ᠨᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃     ᠲᠠᠪᠤ᠂ ᠲᠤᠰ ᠠᠷᠭ᠎ᠠ ᠳᠤ ᠭᠦᠢᠴᠡᠭᠡ ᠦᠬᠡᠢ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃              ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠵᠢᠯᠳᠠᠨ ᠤ ᠶᠠᠪᠤᠳᠠᠯ ᠤᠨ ᠭᠠᠵᠠᠷ                              2009 ᠣᠨ  ᠤ 2 ᠰᠠᠷ᠎ᠠ  ᠶᠢᠨ 5  ᠤ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号