ᠲᠠᠮᠢᠷ ᠤᠨ ᠶᠡᠷᠦᠩᠬᠡᠢ ᠲᠣᠪᠴᠢᠶ᠎ᠠ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠲᠣᠪᠴᠢᠶ᠎ᠠ ᠶᠢᠨ | ︽ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠢ ᠵᠢᠯᠤᠭᠤᠳᠤᠮᠵᠢ ᠶᠢᠨ ᠰᠠᠨᠠᠯ︾ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ | | ᠡᠯ᠎ᠡ ᠮᠤᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠨᠵᠢᠶᠠᠩ ᠤᠨ ᠦᠢᠯᠡᠳᠪᠦᠷᠢᠯᠡᠯ | ᠪᠦᠲᠦᠬᠡᠨ ᠪᠠᠶᠢᠭᠤᠯᠤᠯᠲᠠ ᠴᠡᠷᠢᠭ ᠤᠨ ᠪᠦᠯᠬᠦᠮ ᠲᠠᠮᠢᠷ ᠤᠨ ᠲᠣᠪᠴᠢᠶ᠎ᠠ᠂ ᠦᠨᠳᠦᠰᠦᠲᠡᠨ ︵ᠱᠠᠰᠢᠨ ᠰᠤᠷᠲᠠᠬᠤᠨ︶ | ᠤ ᠬᠡᠷᠡᠭ ᠡᠷᠬᠢᠯᠡᠬᠦ ︵ᠲᠠᠩᠬᠢᠮ᠂ ᠲᠣᠪᠴᠢᠶ᠎ᠠ ︶᠄ | ︽ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠢ ᠵᠢᠯᠤᠭᠤᠳᠤᠮᠵᠢ ᠶᠢᠨ ᠰᠠᠨᠠᠯ︾ ᠢ ᠲᠠ ᠪᠦᠬᠦᠨ ᠳᠤ ᠬᠡᠪᠯᠡᠨ ᠲᠠᠷᠬᠠᠭᠠᠯ᠎ᠠ᠂ ᠶᠤᠰᠤᠭᠠᠷ ᠨᠢ | ᠬᠡᠷᠡᠭᠵᠢᠬᠦᠯᠦᠬᠡᠷᠡᠢ᠃ | | ᠲᠠᠮᠢᠷ ᠤᠨ ᠶᠡᠷᠦᠩᠬᠡᠢ ᠲᠤᠪᠴᠢᠶ᠎ᠡ | ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠲᠣᠪᠴᠢᠶ᠎ᠠ | | 2018 ᠣᠨ ᠤ 1 ᠰᠠᠷ᠎ᠠ ᠶᠢᠨ 10 ᠤ ᠡᠳᠦᠷ | | ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠠᠵᠢᠯ ᠢ | ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠵᠢᠯᠤᠭᠤᠳᠤᠮᠵᠢ ᠶᠢᠨ ᠰᠠᠨᠠᠯ | | ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠨᠢ ᠮᠠᠨ ᠤ ᠤᠯᠤᠰ ᠤᠨ ᠲᠠᠮᠢᠷ ᠤᠨ ᠦᠢᠯᠡᠰ | ᠤᠨ ᠭᠤᠣᠯ ᠪᠦᠷᠢᠯᠳᠦᠬᠦᠨ ᠬᠡᠰᠡᠭ ᠪᠣᠯᠣᠨ᠎ᠠ᠂ ᠮᠠᠨ ᠤ ᠤᠯᠤᠰ ᠤᠨ ᠦᠨᠡᠲᠦ ᠨᠠᠨᠳᠢᠨ ᠰᠣᠶᠣᠯ ᠤᠨ ᠦᠯᠡᠳᠡᠭᠳᠡᠯ | ᠦᠪ ᠪᠠᠶᠢᠵᠤ᠂ ᠠᠷᠠᠳ ᠢᠷᠭᠡᠳ ᠤᠨ ᠪᠠᠭ᠋ᠠᠷᠬᠠᠯ ᠢ ᠬᠦᠨ ᠬᠦᠷᠲᠡᠨ᠂ ᠰᠢᠯᠢᠳᠡᠭ ᠤᠯᠠᠮᠵᠢᠯᠠᠯᠲᠤ ᠰᠣᠶᠣᠯ ᠢ | ᠤᠯᠠᠮᠵᠢᠯᠠᠨ ᠬᠦᠭᠵᠢᠬᠦᠯᠬᠦ᠂ ᠡᠯ᠎ᠡ ᠦᠨᠳᠦᠰᠦᠲᠡᠨ ᠤ ᠬᠠᠷᠢᠯᠴᠠᠭ᠎ᠠ ᠠᠭᠤᠰᠤᠯᠴᠠᠯ ᠢ ᠠᠬᠢᠭᠤᠯᠬᠤ᠂ ᠡᠯ᠎ᠡ | ᠦᠨᠳᠦᠰᠦᠲᠡᠨ ᠤ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠬᠦᠯ ᠴᠢᠬᠢᠷᠠᠭ ᠤᠨ ᠲᠦᠪᠰᠢᠨ ᠢ | ᠲᠡᠭᠡᠭᠰᠢᠯᠡᠬᠦᠯᠬᠦ᠂ ᠡᠯ᠎ᠡ ᠦᠨᠳᠦᠰᠦᠲᠡᠨ ᠤ ᠤᠯᠠᠨ ᠲᠦᠮᠡᠨ ᠤ ᠦᠵᠡᠯ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠬᠤ ᠲᠠᠯ᠎ᠠ ᠳᠡᠭᠡᠷ᠎ᠡ ᠴᠢᠬᠤᠯᠠ ᠦᠢᠯᠡᠳᠦᠯ ᠪᠠᠳᠠᠷᠠᠭᠤᠯᠵᠤ ᠪᠠᠶᠢᠨ᠎ᠠ᠃ ᠨᠠᠮ ᠤᠨ ᠠᠷᠪᠠ ᠶᠢᠰᠦᠳᠦᠭᠡᠷ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠵᠦ᠂ ᠰᠢᠨ᠎ᠡ ᠴᠠᠭ ᠡᠷᠢᠨ ᠤ | ᠦᠨᠳᠦᠰᠦᠲᠡᠨ ᠤ ᠪᠦᠯᠬᠦᠮᠳᠡᠯ ᠢ ᠠᠬᠢᠭᠤᠯᠤᠨ ᠰᠤᠷᠲᠠᠯᠴᠢᠯᠠᠬᠤ ᠰᠤᠷᠭᠠᠨ ᠬᠦᠮᠦᠵᠢᠯ ᠢ ᠬᠦᠨᠵᠡᠭᠡᠶᠢᠷᠡᠬᠦᠯᠬᠦ ᠪᠣᠯᠣᠨ | ᠲᠠᠮᠢᠷ ᠤᠨ ᠬᠦᠴᠦᠷᠭᠡᠭ ᠤᠯᠤᠰ ᠢ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠬᠤ ᠱᠠᠭᠠᠷᠳᠠᠯᠭ᠎ᠠ ᠳᠤ | ᠨᠡᠶᠢᠴᠡᠭᠦᠯᠦᠨ᠂ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠢ ᠬᠦᠭᠵᠢᠬᠦᠯᠦᠨ᠂ ᠡᠷᠡᠬᠦᠯ | ᠴᠠᠬᠢᠷᠠᠭ ᠤᠨ ᠦᠢᠯᠡᠰ ᠤᠨ ᠬᠥᠭᠵᠢᠯ ᠢ ᠠᠬᠢᠭᠤᠯᠬᠤ ᠶᠢᠨ ᠲᠦᠯᠦᠭᠡ ᠴᠦᠬᠡᠨ ᠲᠤᠭᠠᠲᠤ ᠦᠨᠳᠦᠰᠦᠲᠡᠨ ᠤ | ᠤᠯᠠᠮᠵᠢᠯᠠᠯᠲᠤ ᠲᠠᠮᠢᠷ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠠᠵᠢᠯ ᠤᠨ ᠲᠠᠯ᠎ᠠ ᠳᠤ ᠳᠠᠷᠠᠭᠠᠬᠢ | ᠰᠠᠨᠠᠯ ᠢ ᠳᠤᠷᠠᠳᠤᠯ᠎ᠠ᠃ | | ᠨᠢᠭᠡ᠂ ᠶᠡᠷᠦᠩᠬᠡᠢ ᠱᠠᠭᠠᠷᠳᠠᠯᠭ᠎ᠠ | | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠭᠡᠷ ᠬᠤᠷᠠᠯ ᠤᠨ ᠵᠣᠷᠢᠭ ᠰᠠᠨᠠᠭ᠎ᠠ | ᠪᠣᠯᠣᠨ ᠰᠢ ᠶᠢᠨ ᠫᠢᠡᠭ ᠤᠨ ᠰᠢᠨ᠎ᠡ ᠴᠠᠭ ᠡᠷᠢᠨ ᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ | ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠂ ᠲᠦᠪ ᠤᠨ ᠦᠨᠳᠦᠰᠦᠲᠡᠨ ᠤ ᠠᠵᠢᠯ ᠤᠨ | ᠬᠤᠷᠠᠯ ᠪᠣᠯᠣᠨ ᠪᠦᠬᠦ ᠤᠯᠤᠰ ᠤᠨ ᠡᠷᠡᠬᠦᠯ ᠬᠠᠮᠠᠭᠠᠯᠠᠯ᠂ ᠡᠷᠡᠬᠦᠯ ᠴᠢᠬᠢᠷᠠᠭ ᠤᠨ ᠶᠡᠭᠡ ᠬᠤᠷᠠᠯ ᠤᠨ ᠵᠤᠷᠢᠭ | ᠰᠠᠨᠠᠭ᠎ᠠ ᠶᠢ ᠬᠡᠷᠡᠭᠵᠢᠭᠦᠯᠵᠦ᠂ ︽ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠳᠦᠷᠢᠮ︾᠂ ︽ᠰᠢᠨ᠎ᠡ ᠪᠠᠶᠢᠳᠠᠯ | ᠳᠣᠣᠷᠠᠬᠢ ᠦᠨᠳᠦᠰᠦᠲᠡᠨ ᠤ ᠠᠵᠢᠯ ᠢ ᠴᠢᠩᠭᠠᠳᠬᠠᠬᠤ ᠪᠣᠯᠣᠨ ᠦᠭᠡᠷᠡᠴᠢᠯᠡᠨ ᠰᠠᠶᠢᠵᠢᠷᠠᠭᠤᠯᠬᠤ ᠰᠠᠨᠠᠯ︾᠂ | ︽︵ᠡᠷᠡᠬᠦᠯ ᠴᠢᠬᠢᠷᠠᠭ ᠳᠤᠮᠳᠠᠳᠤ ᠤᠯᠤᠰ 2030︶ ᠲᠦᠯᠦᠪᠵᠢᠭᠦᠯᠭᠡ ᠶᠢᠨ ᠬᠦᠲᠦᠯᠪᠦᠷᠢ︾᠂ ︽ᠪᠦᠬᠦ ᠠᠷᠠᠳ | ᠤᠨ ᠪᠡᠶ᠎ᠡ ᠴᠢᠬᠢᠷᠠᠭᠵᠢᠭᠤᠯᠬᠤ ᠲᠦᠯᠦᠪᠯᠡᠭᠡ ︵2016 — 2020︶︾ ᠪᠣᠯᠣᠨ ︽︵13.5︶ ᠦᠨᠳᠦᠰᠦᠲᠡᠨ ᠤ | ᠣᠷᠣᠨ ᠪᠣᠯᠣᠨ ᠬᠦᠮᠦᠨ ᠠᠮᠠ ᠴᠦᠭᠡᠨ ᠦᠨᠳᠦᠰᠦᠲᠡᠨ ᠤ ᠬᠦᠭᠵᠢᠯ ᠤᠨ ᠲᠦᠯᠦᠪᠯᠡᠭᠡ ᠶᠢ ᠠᠬᠢᠭᠤᠯᠬᠤ︾ ᠶᠢᠨ | ᠶᠡᠷᠦᠩᠬᠡᠢ ᠱᠠᠭᠠᠷᠳᠠᠯᠭ᠎ᠠ ᠪᠠᠷ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠲᠦᠯᠬᠢᠨ ᠠᠬᠢᠭᠤᠯᠵᠤ᠂ ᠣᠯᠠᠨ | ᠨᠡᠶᠢᠲᠡ ᠶᠢᠨ ᠪᠡᠶ᠎ᠡ ᠰᠡᠳᠬᠢᠴᠡ ᠶᠢᠨ ᠡᠷᠡᠬᠦᠯ ᠮᠡᠨᠳᠦ ᠶᠢ ᠠᠬᠢᠭᠤᠯᠬᠤ︾ ᠶᠡᠷᠦᠩᠬᠡᠢ ᠵᠢᠯᠤᠭᠤᠳᠤᠯᠭ᠎ᠠ ᠶᠢ | ᠪᠠᠷᠢᠮᠲᠠᠯᠠᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ︵ᠵᠢᠷᠭᠤᠭᠠᠨ ᠪᠡᠶ᠎ᠡ ᠶᠢᠨ ᠲᠡᠷᠭᠡᠲᠡ︶ ᠢᠨᠵᠧᠨᠧᠷᠢᠭ | ᠢ ᠬᠡᠷᠡᠭᠵᠢᠬᠦᠯᠬᠦ ᠲᠠᠢ ᠤᠶᠠᠯᠳᠤᠭᠤᠯᠵᠤ᠂ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠤᠨ | ᠰᠣᠶᠣᠯ ᠤᠨ ᠤᠯᠠᠮᠵᠢᠯᠠᠨ ᠬᠦᠭᠵᠢᠬᠦᠯᠬᠦ ᠶᠢ ᠠᠬᠢᠭᠤᠯᠵᠤ᠂ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ | ᠲᠠᠮᠢᠷ ᠤᠨ ᠣᠨᠣᠯ ᠤᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠤ᠂ ᠴᠦᠬᠡᠨ ᠲᠤᠭᠠᠲᠤ ᠦᠨᠳᠦᠰᠦᠲᠡᠨ ᠤ | ᠤᠯᠠᠮᠵᠢᠯᠠᠯᠲᠤ ᠲᠠᠮᠢᠷ ᠤᠨ ᠴᠢᠭᠤᠯᠭᠠᠨ ᠤ ᠵᠤᠬᠢᠶᠠᠨ ᠪᠠᠶᠢᠭᠤᠯᠤᠯᠲᠠ ᠬᠠᠮᠢᠶᠠᠷᠤᠯᠲᠠ ᠶᠢ ᠦᠭᠡᠷᠡᠴᠢᠯᠡᠨ | ᠲᠡᠬᠦᠯᠳᠡᠷᠵᠢᠬᠦᠯᠵᠤ᠂ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠰᠠᠭᠤᠷᠢᠨ ᠭᠠᠵᠠᠷ ᠢ | ᠪᠦᠲᠦᠬᠡᠨ ᠪᠠᠶᠢᠭᠤᠯᠵᠤ᠂ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠦᠢᠯᠡ ᠠᠵᠢᠯᠯᠠᠭ᠎ᠠ | ᠶᠢ ᠪᠠᠶᠠᠯᠢᠭᠵᠢᠭᠤᠯᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠣᠯᠣᠨ ᠪᠦᠬᠦ ᠠᠷᠠᠳ ᠤᠨ ᠡᠷᠡᠬᠦᠯ | ᠴᠢᠬᠢᠷᠠᠭ ᠤᠨ ᠬᠦᠨᠵᠡᠭᠡᠢ ᠤᠶᠠᠯᠳᠤᠯ ᠢ ᠠᠬᠢᠭᠤᠯᠵᠤ᠂ ᠠᠷᠠᠳ ᠲᠦᠮᠡᠨ ᠤ ᠡᠳᠦᠷ ᠠᠴᠠ ᠡᠳᠦᠷ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯ ᠦᠭᠡᠢ ᠬᠠᠨᠭ᠍ᠭᠠᠵᠤ᠂ ᠡᠯ᠎ᠡ ᠦᠨᠳᠦᠰᠦᠲᠡᠨ | ᠤ ᠠᠷᠠᠳ ᠲᠦᠮᠡᠨ ᠤ ᠬᠠᠷᠢᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠨᠡᠶᠢᠭᠡᠮ ᠵᠢᠷᠤᠮᠲᠤ ᠰᠣᠶᠣᠯ | ᠤᠨ ᠬᠦᠴᠦᠷᠭᠡᠭ ᠤᠯᠤᠰ ᠢ ᠪᠦᠲᠦᠬᠡᠨ ᠪᠠᠶᠢᠭᠤᠯᠬᠤ ᠶᠢ ᠠᠬᠢᠭᠤᠯᠵᠤ᠂ ᠲᠠᠮᠢᠷ ᠤᠨ ᠬᠦᠴᠦᠷᠭᠡᠭ ᠣᠯᠣᠰ ᠤᠨ | ᠪᠦᠲᠦᠬᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠣᠷᠣᠭᠤᠯᠬᠤ ᠬᠡᠷᠡᠭᠲᠡᠢ᠃ | ︵ᠬᠤᠶᠠᠷ︶ ᠦᠨᠳᠦᠰᠦᠨ ᠵᠠᠷᠴᠢᠮ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠳᠤ | ᠦᠢᠯᠡᠴᠢᠯᠡᠬᠦ ᠬᠡᠷᠡᠭᠲᠡᠶ᠃ ᠵᠠᠰᠠᠭ ᠤᠨ ᠣᠷᠳᠣᠨ ᠤ ᠡᠷᠬᠡ ᠲᠤᠰᠢᠶᠠᠯᠳᠤ ᠰᠠᠯᠠᠭ᠎ᠠ ᠮᠥᠴᠢᠷ ᠤᠨ ᠭᠤᠣᠯᠯᠠᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠯᠲᠡᠶ ᠲᠥᠯᠥᠪᠯᠡᠨ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ | ᠨᠡᠶᠢᠯᠡᠮᠡᠯ ᠬᠦᠴᠦᠨ ᠢ ᠪᠤᠢ ᠪᠣᠯᠭᠠᠵᠤ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠪᠦᠬᠦ ᠲᠠᠯ᠎ᠠ ᠶᠢᠨ ᠬᠥᠭᠵᠢᠯᠲᠡ ᠶᠢ ᠬᠠᠮᠲᠤᠪᠠᠷ ᠠᠬᠢᠭᠤᠯᠤᠨ᠎ᠠ︔ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ | ᠪᠡᠶ᠎ᠡ ᠲᠠᠮᠢᠷ ᠤᠨ ᠣᠯᠠᠨ ᠡᠰᠢᠲᠦ ᠦᠷᠲᠡᠭ ᠢ ᠭᠦᠢᠴᠡᠳ ᠠᠰᠢᠭᠯᠠᠵᠤ᠂ ᠤᠯᠤᠰ ᠤᠨ ᠠᠵᠤ ᠠᠬᠤᠶ᠂ ᠤᠯᠤᠰ | ᠲᠦᠷᠦ᠂ ᠰᠣᠶᠣᠯ᠂ ᠨᠡᠶᠢᠭᠡᠮ ᠪᠠ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠣᠷᠣᠨ ᠪᠦᠰᠡ ᠶᠢᠨ | ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠣᠯᠤᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ | ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠬᠦ ᠬᠡᠷᠡᠭᠲᠡᠢ᠃ | ᠰᠣᠶᠣᠯ ᠤᠨ ᠢᠲᠡᠭᠡᠯ ᠢᠶᠠᠨ ᠪᠠᠲᠤᠳᠬᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠬᠤ ᠲᠠᠢ | ᠤᠶᠠᠯᠳᠤᠭᠤᠯᠤᠨ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠶᠢᠨ ᠦᠨᠳᠦᠰᠦᠲᠡᠨ ᠤ | ᠵᠣᠷᠢᠭ ᠰᠠᠨᠠᠭ᠎ᠠ ᠶᠢ ᠪᠠᠳᠠᠷᠠᠭᠤᠯᠤᠨ ᠠᠬᠢᠭᠤᠯᠵᠤ᠂ ︽ᠲᠠᠪᠤ ᠶᠢ ᠮᠡᠳᠡᠷᠡᠬᠦ︾ ᠶᠢᠨ ᠳᠤᠮᠳᠠ ᠦᠵᠡᠭᠦᠯᠬᠦ ᠢᠳᠡᠪᠬᠢᠲᠡᠶ | ᠦᠢᠯᠡᠳᠦᠯ ᠢ ᠪᠠᠳᠠᠷᠠᠭᠤᠯᠤᠨ᠎ᠠ︔ ᠮᠠᠨ ᠤ ᠤᠯᠤᠰ ᠤᠨ ᠰᠢᠯᠢᠳᠡᠭ ᠪᠡᠶ᠎ᠡ ᠶᠢᠨ ᠲᠠᠮᠢᠷ ᠤᠨ ᠰᠣᠶᠣᠯ ᠤᠨ ︽ | ᠭᠠᠳᠠᠭᠰᠢ ᠭᠠᠷᠭᠠᠬᠤ︾ ᠲᠡᠦᠬᠡᠲᠦ ᠬᠠᠷᠢᠭᠤᠴᠠᠯᠭ᠎ᠠ ᠪᠠ ᠴᠠᠭ ᠦᠶ᠎ᠡ ᠶᠢᠨ ᠡᠭᠦᠷᠭᠡᠯᠡᠯ ᠶᠢ ᠴᠢᠷᠮᠠᠶᠢᠨ ᠡᠭᠦᠷᠭᠡᠯᠡᠵᠦ᠂ | ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠶᠣᠯ ᠤᠨ ᠨᠥᠯᠥᠭᠡᠯᠡᠬᠦ ᠬᠦᠴᠦᠨ ᠢ | ᠥᠷᠭᠡᠳᠬᠡᠵᠦ᠂ ᠳᠤᠮᠳᠠᠳᠤ ᠶᠢᠨ ᠰᠣᠶᠣᠯ ᠤᠨ ᠢᠲᠡᠭᠡᠯ ᠢᠶᠠᠨ ᠪᠠᠲᠤᠳᠬᠠᠬᠤ ᠬᠡᠷᠡᠭᠲᠡᠢ᠃ | ᠰᠢᠨᠵᠢᠯᠡᠬᠦ ᠤᠬᠠᠭᠠᠨᠴᠢ ᠬᠥᠭᠵᠢᠯᠲᠡ ᠶᠢ ᠪᠠᠷᠢᠮᠲᠠᠯᠠᠵᠤ᠂ ᠪᠦᠬᠦ ᠠᠷᠠᠳ ᠤᠨ ᠡᠷᠡᠭᠦᠯ ᠮᠠᠠᠳᠦ ᠶᠢ ᠠᠬᠢᠭᠤᠯᠬᠤ | ᠬᠡᠷᠡᠭᠲᠡᠶ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠴᠤᠭᠯᠠᠭᠠᠨ ᠤ ᠲᠤᠰ ᠪᠡᠶ᠎ᠡ ᠶᠢᠨ | ᠬᠥᠭᠵᠢᠯᠲᠡ ᠶᠢᠨ ᠵᠢᠮ᠎ᠡ ᠶᠣᠰᠣ ᠶᠢ ᠣᠨᠣᠪᠴᠢᠲᠠᠶ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠬᠤ ᠶᠢ ᠪᠠᠷᠢᠮᠲᠠᠯᠠᠨ᠂ ᠠᠩᠭᠢᠯᠠᠨ ᠵᠢᠯᠤᠭᠤᠳᠤᠨ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ | ᠪᠡᠶ᠎ᠡ ᠲᠠᠮᠢᠷ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠢ ᠠᠬᠢᠭᠤᠯᠬᠤ᠂ ᠠᠷᠠᠳ ᠨᠡᠶᠢᠲᠡ ᠶᠢᠨ | ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠳᠡᠯᠭᠡᠷᠡᠩᠭᠦᠶ ᠪᠠᠷ ᠦᠷᠨᠢᠭᠦᠯᠬᠦ ᠲᠠᠯ᠎ᠠ ᠪᠠᠷ ᠬᠢ | ᠴᠢᠬᠤᠯᠠ ᠦᠢᠯᠡᠳᠦᠯ ᠢ ᠠᠬᠢᠭᠤᠯᠬᠤ ᠬᠡᠷᠡᠭᠲᠡᠢ᠂᠂ ᠠᠷᠠᠳ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠡᠷᠡᠭᠦᠯ ᠮᠡᠡᠳᠦ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | | ᠬᠤᠶᠠᠷ᠂ ᠭᠤᠣᠯ ᠡᠭᠦᠷᠭᠡ | | ︵ᠭᠤᠷᠪᠠ︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠨᠢᠭᠡᠳᠦᠯᠲᠡᠶ | ᠲᠦᠯᠦᠪᠵᠢᠭᠦᠯᠦᠯᠲᠡ ᠶᠢ ᠠᠬᠢᠭᠤᠯᠬᠤ ᠬᠡᠷᠡᠭᠲᠡᠶ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ | ᠲᠠᠮᠢᠷ ᠤᠨ ᠦᠨᠳᠦᠰᠦᠨ ᠴᠢᠳᠠᠮᠵᠢ ᠪᠣᠯᠤᠨ ᠬᠥᠭᠵᠢᠯᠲᠡ ᠶᠢᠨ ᠬᠠᠷᠠᠯᠲᠠ ᠶᠢᠨ ᠲᠤᠭᠤᠷᠢᠨ ᠳᠤ᠂ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠶ | ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ︔ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠠᠵᠢᠯ᠂ ᠦᠨᠳᠦᠰᠦᠲᠡᠨ ᠤ | ᠠᠵᠢᠯ ᠤᠨ ᠰᠠᠯᠠᠭ᠎ᠠ ᠮᠥᠴᠢᠷ ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ | ᠬᠡᠷᠡᠭᠲᠡᠶ᠂ ᠨᠢᠭᠡᠳᠦᠯᠲᠡᠶ ᠲᠤᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ ᠪᠠ | ᠤᠷᠲᠤ ᠬᠤᠭᠤᠴᠠᠭᠠᠨ ᠤ ᠲᠥᠯᠥᠪᠵᠢᠭᠦᠯᠭᠡ ᠲᠤᠭᠲᠠᠭᠠᠬᠤ ᠬᠡᠷᠡᠭᠲᠡᠢ᠃ | ︵ᠲᠦᠷᠪᠡ︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠰᠠᠭᠤᠷᠢ ᠰᠤᠳᠤᠯᠭᠠᠨ | ᠪᠣᠯᠤᠨ ᠬᠡᠷᠡᠭᠯᠡᠭᠡᠨ ᠤ ᠴᠢᠨᠠᠷᠲᠠᠶ ᠰᠤᠳᠤᠯᠭᠠᠨ ᠢ ᠴᠢᠩᠭᠠᠳᠬᠠᠬᠤ ᠬᠡᠷᠡᠭᠲᠡᠢ᠃ ᠴᠥᠭᠡᠨ ᠲᠣᠭᠠᠲᠤ ᠦᠨᠳᠦᠰᠦᠲᠡᠨ ᠤ | ᠪᠡᠶ᠎ᠡ ᠶᠢᠨ ᠲᠠᠮᠢᠷ ᠤᠨ ᠲᠤᠬᠠᠢ ᠨᠣᠮ ᠪᠢᠴᠢᠭ ᠢ ᠪᠦᠲᠦᠬᠡᠭᠦ᠂ ᠡᠮᠬᠢᠯᠡᠬᠦ᠂ ᠣᠷᠴᠢᠭᠤᠯᠬᠤ᠂ ᠬᠡᠪᠯᠡᠬᠦ ᠪᠠ ᠰᠤᠳᠤᠯᠬᠤ | ᠶᠢ ᠴᠢᠩᠭᠠᠳᠬᠠᠨ᠎ᠠ︔ ᠴᠥᠭᠡᠨ ᠲᠣᠭᠠᠲᠤ ᠦᠨᠳᠦᠰᠦᠲᠡᠨ ᠤ ᠪᠡᠶ᠎ᠡ ᠲᠠᠮᠢᠷ ᠤᠨ ᠣᠨᠣᠯ ᠤᠨ ᠰᠤᠳᠤᠯᠭᠠᠨ ᠢ | ᠳᠡᠮᠵᠢᠨ᠎ᠡ︔ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠢ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠤᠶᠤᠨ ᠤ ᠬᠥᠮᠥᠷᠭᠡ ᠶᠢᠨ ᠪᠠᠶᠢᠭᠤᠯᠤᠯᠲᠠ ᠳᠤ ᠬᠥᠲᠥᠯᠥᠨ ᠣᠷᠤᠭᠤᠯᠵᠤ᠂ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠤᠳᠤᠯᠭᠠᠨ ᠤ ᠰᠢᠨᠵᠢᠯᠡᠬᠦ ᠤᠬᠠᠭᠠᠨᠴᠢᠯᠠᠨ ᠬᠥᠭᠵᠢᠭᠦᠯᠬᠦ | ᠬᠡᠷᠡᠭᠲᠡᠶ︔ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠡᠷᠳᠡᠮ ᠰᠢᠨᠵᠢᠯᠡᠭᠡᠨ ᠤ | ᠰᠣᠯᠢᠯᠴᠠᠭᠠᠨ ᠤ ᠠᠵᠢᠯᠯᠠᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠭᠡᠭᠡᠯᠲᠡᠲᠦ ᠴᠢᠨᠠᠷ ᠪᠠ ᠴᠢᠬᠤᠯᠠ ᠪᠦᠬᠦᠢ | ᠰᠣᠶᠣᠯ ᠤᠨ ᠤᠯᠠᠮᠵᠢᠯᠠᠬᠤ ᠦᠷᠲᠡᠭ ᠲᠠᠢ ᠤᠨᠤᠯ ᠤᠨ ᠦᠷ᠎ᠡ ᠪᠦᠲᠦᠭᠡᠯ ᠢ ᠤᠯᠠᠮᠵᠢᠯᠠᠨ ᠳᠡᠯᠭᠡᠷᠡᠭᠦᠯᠬᠦ ᠶᠢ | ᠵᠤᠷᠢᠭᠵᠢᠭᠤᠯᠬᠤ ᠬᠡᠷᠡᠭᠲᠡᠶ᠃ | ︵ᠲᠠᠪᠤ︶ ᠴᠥᠭᠡᠨ ᠲᠣᠭᠠᠲᠤ ᠦᠨᠳᠦᠰᠦᠲᠡᠨ ᠤ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ︽ᠵᠢᠷᠭᠤᠭᠠᠨ ᠳᠡᠷᠭᠡᠳᠡ︾ ᠢᠨᠵᠧᠨᠧᠷᠢᠩ ᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ | ᠲᠡᠷᠢᠭᠦᠨ ᠴᠢᠬᠤᠯᠠ ᠡᠭᠦᠷᠭᠡ ᠪᠣᠯᠭᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠬᠦ ᠶᠢᠨ ᠲᠣᠭᠤᠷᠢᠨ ᠳᠤ᠂ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ | ᠳᠡᠷᠭᠡᠳᠡᠬᠢ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ᠂ ᠪᠡᠶ᠎ᠡ ᠴᠢᠭᠢᠷᠠᠭᠵᠢᠭᠤᠯᠬᠤ ᠰᠠᠭᠤᠷᠢ ᠲᠤᠨᠤᠭ | ᠲᠦᠬᠦᠭᠡᠷᠦᠮᠵᠢ ᠶᠢ ᠪᠠᠶᠢᠭᠤᠯᠤᠨ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠂ ᠪᠡᠶ᠎ᠡ ᠴᠢᠭᠢᠷᠠᠭᠵᠢᠭᠤᠯᠬᠤ ᠤᠷᠤᠯᠳᠤᠭᠠᠨ᠂ | ᠪᠡᠶ᠎ᠡ ᠴᠢᠭᠢᠷᠠᠭᠵᠢᠭᠤᠯᠬᠤ ᠵᠢᠯᠤᠭᠤᠳᠤᠮᠵᠢ᠂ ᠪᠡᠶ᠎ᠡ ᠴᠢᠭᠢᠷᠠᠭᠵᠢᠭᠤᠯᠬᠤ ᠰᠣᠶᠣᠯ᠂ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠦᠢᠯ ᠢ ᠦᠷᠨᠢᠭᠦᠯᠬᠦ ᠳᠤ ᠲᠤᠬᠢᠷᠠᠮᠵᠢᠲᠠᠢ | ᠲᠠᠯᠠᠪᠤᠷ ᠭᠠᠵᠠᠷ ᠤᠨ ᠲᠤᠨᠤᠭ ᠲᠥᠬᠦᠭᠡᠷᠦᠮᠵᠢ ᠨᠢᠭᠡᠳᠦᠯᠲᠡᠶ ᠲᠥᠯᠥᠪᠯᠡᠵᠦ ᠪᠦᠲᠦᠭᠡᠨ ᠪᠠᠶᠢᠭᠤᠯᠤᠨ᠎ᠠ᠃ ᠨᠡᠶᠢᠭᠡᠮ | ᠳᠡᠭᠡᠷᠡᠬᠢ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠪᠠ ᠰᠠᠶᠢᠨ ᠳᠤᠷ᠎ᠠ ᠶᠢᠨ ᠦᠢᠯᠡᠴᠢᠯᠡᠭᠡ ᠶᠢ ᠣᠷᠳᠣ | ᠬᠤᠭᠤᠴᠠᠭ᠎ᠠ ᠬᠦᠴᠦᠨ ᠲᠠᠢ ᠪᠣᠯᠭᠠᠬᠤ᠂ ᠳᠦᠷᠢᠮᠵᠢᠭᠦᠯᠬᠦ ᠶᠢ ᠠᠬᠢᠭᠤᠯᠤᠨ᠎ᠠ᠃ ᠴᠥᠭᠡᠨ ᠲᠣᠭᠠᠲᠤ | ᠦᠨᠳᠦᠰᠦᠲᠡᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ | ᠴᠢᠳᠠᠪᠬᠢ ᠶᠢ ᠢᠳᠡᠪᠬᠢᠲᠡᠶ ᠪᠠᠳᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ | ᠲᠠᠮᠢᠷ ᠤᠨ ᠦᠢᠯᠡᠴᠢᠯᠡᠭᠡ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠦᠢᠯᠡᠴᠢᠯᠡᠬᠦ | ᠡᠬᠦᠷᠭᠡ ᠬᠠᠷᠢᠭᠤᠴᠠᠯᠭ᠎ᠠ ᠶᠢ ᠡᠬᠦᠷᠭᠡᠯᠡᠬᠦ ᠬᠡᠷᠡᠭᠲᠡᠢ᠃᠂ ᠤᠯᠠᠨ ᠲᠦᠮᠡᠨ ᠤ ᠳᠤᠷ᠎ᠠ ᠪᠠᠬ᠎ᠠ ᠶᠢ ᠲᠠᠲᠠᠭᠰᠠᠨ᠂ | ᠣᠷᠣᠯᠴᠠᠬᠤ ᠳᠤ ᠳᠥᠭᠦᠮ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ | ᠵᠦᠢᠯ ᠤᠨ ᠤᠷᠤᠯᠳᠤᠭᠠᠨ ᠢ ᠦᠷᠨᠢᠬᠦᠯᠬᠦ ᠶᠢ ᠳᠡᠮᠵᠢᠵᠦ᠂ ᠤᠯᠠᠨ ᠲᠦᠮᠡᠨ ᠤ ᠣᠷᠣᠯᠴᠠᠭ᠎ᠠ ᠲᠠᠢ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠢ ᠨᠡᠬᠡᠬᠡᠨ | ᠬᠦᠭᠵᠢᠬᠦᠯᠵᠦ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠲᠥᠷᠥᠯ ᠵᠦᠢᠯ ᠤᠨ ᠪᠡᠶ᠎ᠡ ᠴᠢᠭᠢᠷᠠᠭᠵᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠬᠦᠯᠵᠦ᠂ | ᠴᠥᠭᠡᠨ ᠲᠣᠭᠠᠲᠤ ᠦᠨᠳᠦᠰᠦᠲᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ | ᠦᠨᠳᠦᠰᠦᠲᠡᠨ ᠨᠦᠭᠦᠳ ᠤᠨ ᠠᠷᠠᠳ ᠤᠯᠠᠨ ᠢ ᠤᠬᠠᠮᠰᠠᠷ ᠠᠴᠠ ᠪᠠᠨ ᠪᠡᠶ᠎ᠡ ᠴᠢᠭᠢᠷᠠᠭᠵᠢᠭᠤᠯᠬᠤ᠂ ᠳᠦᠬᠦᠮ ᠳᠦᠳᠡ | ᠪᠠᠷ ᠪᠡᠶ᠎ᠡ ᠴᠢᠭᠢᠷᠠᠭᠵᠢᠭᠤᠯᠬᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ᠂ ᠪᠣᠯᠪᠠᠰᠤᠨ ᠪᠡᠶ᠎ᠡ | ᠴᠢᠭᠢᠷᠠᠭᠵᠢᠭᠤᠯᠬᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠦᠷᠭᠦᠯᠵᠢ ᠶᠢᠨ ᠴᠢᠨᠠᠷᠲᠠᠶ ᠪᠡᠶ᠎ᠡ | ᠲᠠᠮᠢᠷ ᠤᠨ ᠪᠣᠯᠪᠠᠰᠤᠷᠠᠯ ᠳᠤ ᠣᠷᠣᠯᠴᠠᠳᠠᠭ ᠬᠠᠷᠢᠴᠠᠯ ᠪᠣᠯᠤᠨ ᠪᠡᠶ᠎ᠡ ᠮᠠᠬᠠᠪᠣᠳ ᠤᠨ ᠬᠢᠷᠢ ᠲᠡᠩᠴᠡᠭᠰᠡᠨ ᠨᠣᠷᠮ᠎ᠠ᠂ | ᠪᠡᠶ᠎ᠡ ᠴᠢᠭᠢᠷᠠᠭᠵᠢᠭᠤᠯᠬᠤ ᠬᠦᠳᠡᠯᠬᠡᠬᠡᠨ ᠳᠤ ᠣᠷᠣᠯᠴᠠᠬᠤ ᠪᠤᠳᠤᠯ᠂ ᠬᠦᠷᠲᠡᠭᠡᠮᠵᠢ᠂ ᠵᠣᠯ ᠵᠢᠷᠭᠠᠯᠲᠤ ᠰᠡᠳᠬᠢᠯᠬᠡ ᠶᠢ | ᠨᠡᠮᠡᠭᠳᠡᠬᠦᠯᠬᠦ ᠬᠡᠷᠡᠭᠲᠡᠢ᠃ | ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠤᠷᠤᠯᠳᠤᠭᠠᠨ ᠢ | ᠰᠠᠶᠢᠲᠤᠷ ᠡᠷᠬᠢᠯᠡᠬᠦ ᠬᠡᠷᠡᠭᠲᠡᠢ᠃ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ | ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠵᠦ᠂ | ᠪᠦᠬᠦ ᠤᠯᠤᠰ ᠤᠨ ᠴᠢᠨᠠᠷᠲᠠᠶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ | ᠤᠷᠤᠯᠳᠤᠭᠠᠨ ᠤ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠪᠦᠬᠦ ᠤᠯᠤᠰ ᠤᠨ | ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠭᠵᠢᠯᠲᠡ᠂ ᠥᠭᠡᠷᠡᠴᠢᠯᠡᠯᠲᠡ ᠬᠢᠬᠦ | ᠰᠡᠳᠬᠢᠮᠵᠢ᠂ ᠰᠢᠨ᠎ᠡ ᠶᠢ ᠡᠭᠦᠳᠬᠦ ᠤᠷᠤᠯᠳᠤᠭᠠᠨ ᠶᠠᠪᠤᠭᠤᠯᠬᠤ᠂ ᠠᠭᠤᠯᠭ᠎ᠠ ᠶᠢ ᠪᠠᠶᠠᠯᠢᠭᠵᠢᠭᠤᠯᠬᠤ ᠶᠢ | ᠠᠬᠢᠭᠤᠯᠤᠨ᠎ᠠ᠃ ︽ᠢᠷᠭᠡᠳ ᠤᠨ ᠪᠡᠶ᠎ᠡ ᠲᠠᠮᠢᠷ ᠴᠣᠮᠣ︾ ᠵᠡᠷᠭᠡ ᠪᠦᠬᠦ ᠤᠯᠤᠰ ᠤᠨ ᠴᠢᠨᠠᠷᠲᠠᠶ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠳᠠᠩ ᠵᠦᠢᠯ ᠤᠨ ᠤᠷᠤᠯᠳᠤᠭᠠᠨ ᠢ ᠭᠤᠣᠯᠳᠠᠯᠭ᠎ᠠ ᠲᠠᠢ | ᠡᠷᠬᠢᠯᠡᠵᠦ᠂ ᠤᠷᠤᠯᠳᠤᠭᠠᠨ ᠤ ᠲᠦᠷᠢᠮ᠂ ᠨᠥᠯᠥᠭᠡ ᠶᠢ ᠨᠢ ᠥᠷᠭᠡᠳᠬᠡᠬᠦ ᠬᠡᠷᠡᠭᠲᠡᠶ᠃ ᠦᠨᠳᠦᠰᠦᠲᠡᠨ ᠤ ᠣᠨᠴᠠᠯᠢᠭ | ᠲᠠᠢ᠂ ᠭᠠᠵᠠᠷ ᠣᠷᠣᠨ ᠤ ᠣᠨᠴᠠᠯᠢᠭ ᠲᠠᠢ ᠲᠠᠮᠢᠷ ᠤᠨ ᠰᠣᠶᠣᠯ ᠤᠨ ᠬᠠᠷᠢᠯᠴᠠᠭ᠎ᠠ ᠶᠢᠨ ᠲᠣᠮᠣ ᠲᠠᠪᠴᠠᠩ ᠢ | ᠪᠠᠶᠢᠭᠤᠯᠵᠤ ᠪᠠᠶᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠵᠦᠢᠯᠡᠰ᠂ | ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠨᠢᠭᠦᠯᠵᠦ᠂ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠦᠷᠦᠯ ᠠᠯᠤᠰᠯᠠᠭᠰᠠᠨ ᠴᠢᠳᠠᠪᠤᠷᠢᠲᠠᠨ ᠢ ᠰᠣᠩᠭᠤᠬᠤ | ᠬᠡᠷᠡᠭᠲᠡᠶ᠃ ᠡᠯ᠎ᠡ ᠭᠠᠵᠠᠷ ᠤᠨ ᠬᠢᠨ ᠪᠦᠬᠦ ᠤᠯᠤᠰ ᠤᠨ ᠴᠢᠨᠠᠷᠲᠠᠶ ᠤᠷᠤᠯᠳᠤᠭᠠᠨ ᠢᠶᠠᠷ ᠵᠢᠯᠤᠭᠤᠳᠤᠯᠭ᠎ᠠ ᠪᠣᠯᠭᠠᠵᠤ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠳᠠᠯᠢ ᠪᠤᠰᠤ ᠲᠡᠰ ᠳᠠᠪᠬᠤᠷᠭ᠎ᠠ ᠶᠢᠨ᠂ ᠠᠳᠠᠯᠢ ᠪᠤᠰᠤ ᠲᠥᠷᠥᠯ | ᠬᠡᠯᠪᠡᠷᠢ ᠶᠢᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ | ᠴᠢᠨᠠᠷᠲᠠᠶ ᠤᠷᠤᠯᠳᠤᠭᠠᠨ ᠪᠠ ᠳᠠᠩ ᠲᠦᠷᠦᠯ ᠤᠨ ᠤᠷᠤᠯᠳᠤᠭᠠᠨ ᠢ ᠵᠣᠬᠢᠶᠠᠨ ᠪᠠᠶᠢᠭᠤᠯᠵᠤ᠂ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠲᠦᠷᠦᠯ ᠵᠦᠢᠯ ᠤᠨ ᠰᠢᠨ᠎ᠡ ᠶᠢ ᠡᠭᠦᠳᠬᠦ᠂ ᠣᠷᠣᠨ ᠪᠦᠰᠡ | ᠠᠯᠤᠰᠯᠠᠭᠰᠠᠨ᠂ ᠦᠨᠳᠦᠰᠦᠲᠡᠨ ᠠᠯᠤᠰᠯᠠᠭᠰᠠᠨ᠂ ᠤᠯᠤᠰ ᠠᠯᠤᠰᠯᠠᠭᠰᠠᠨ ᠨᠠᠷᠠᠲᠤ ᠲᠥᠷᠥᠯ ᠲᠡᠮᠳᠡᠭᠲᠦ ᠶᠢᠨ | ᠤᠷᠤᠯᠳᠤᠭᠠᠨ ᠤ ᠶᠠᠪᠤᠳᠠᠯ ᠢ ᠲᠦᠯᠬᠢᠨ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ | ᠲᠠᠮᠢᠷ ᠤᠨ ᠤᠷᠤᠯᠳᠤᠭᠠᠨ ᠤ ᠨᠡᠶᠢᠭᠡᠮᠴᠢᠯᠡᠯᠲᠡ ᠪᠣᠯᠤᠨ ᠵᠠᠬ᠎ᠠ ᠳᠡᠯᠭᠡᠭᠦᠷᠴᠢᠯᠡᠯᠲᠡ ᠶᠢᠨ ᠬᠥᠭᠵᠢᠯ ᠢ ᠲᠦᠯᠬᠢᠨ | ᠠᠬᠢᠭᠤᠯᠬᠤ ᠬᠡᠷᠡᠭᠲᠡᠶ᠃ | ︵ᠲᠤᠯᠤᠭ᠎ᠠ︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠠᠵᠤ ᠦᠢᠯᠡᠰ ᠢ | ᠶᠡᠬᠡᠪᠡᠷ ᠬᠥᠭᠵᠢᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠶᠢ ᠲᠡᠳᠬᠦᠬᠦ ᠠᠵᠢᠯ | ᠳᠤ ᠲᠤᠰᠠᠯᠠᠬᠤ ᠬᠡᠷᠡᠭᠲᠡᠶ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ | ᠦᠨᠳᠦᠰᠦᠲᠡᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ | ᠪᠣᠯᠤᠭᠰᠠᠨ ᠤ ᠬᠤᠪᠢ ᠳᠤ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠳᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠦᠷᠢᠶᠡᠨ ᠳᠤ ᠣᠷᠣᠭᠤᠯᠵᠤ᠂ ᠤᠯᠤᠰ ᠤᠨ ᠶᠠᠳᠠᠭᠤ ᠶᠢ | ᠲᠡᠳᠬᠦᠬᠦ ᠲᠥᠷᠥ ᠶᠢᠨ ᠪᠣᠳᠣᠯᠭ᠎ᠠ ᠪᠣᠯᠤᠨ ᠬᠢᠯᠢ ᠬᠢᠵᠠᠭᠠᠷ ᠣᠷᠣᠨ ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢ | ᠭᠦᠢᠴᠡᠳ ᠠᠰᠢᠭᠯᠠᠵᠤ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠡᠬᠢ | ᠪᠠᠶᠠᠯᠢᠭ ᠢ ᠨᠡᠭᠡᠭᠡᠨ ᠬᠥᠭᠵᠢᠭᠦᠯᠬᠦ ᠪᠠ ᠠᠵᠤ ᠦᠢᠯᠡᠰ ᠤᠨ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠬᠢᠭᠡᠳ ᠵᠢᠭᠤᠯᠴᠢᠯᠠᠯ᠂ ᠰᠣᠶᠣᠯ ᠵᠡᠷᠭᠡ ᠶᠢᠨ | ᠠᠭᠤᠰᠤᠯᠳᠤᠨ ᠬᠥᠭᠵᠢᠬᠦ ᠶᠢ ᠳᠡᠮᠵᠢᠵᠦ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠠ ᠴᠥᠭᠡᠨ | ᠲᠣᠭᠠᠲᠤ ᠦᠨᠳᠦᠰᠦᠲᠡᠨ ᠤ ᠤᠯᠠᠨ ᠲᠦᠮᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃ ᠪᠡᠶ᠎ᠡ ᠶᠢᠨ ᠲᠠᠮᠢᠷ ᠤᠨ ᠶᠠᠳᠠᠭᠤ ᠶᠢ ᠲᠡᠳᠬᠦᠬᠦ ᠪᠡᠯᠡ | ᠮᠥᠩᠭᠦ᠂ ᠲᠦᠷᠦᠯ ᠵᠦᠢᠯ᠂ ᠠᠷᠭ᠎ᠠ ᠬᠡᠮᠵᠢᠶ᠎ᠡ ᠶᠢ ᠪᠠᠶᠢᠭᠠᠯᠢ ᠶᠢᠨ ᠨᠥᠬᠦᠴᠡᠯ ᠠᠨᠠᠶ᠂ ᠠᠵᠤ ᠠᠬᠤᠶ ᠶᠢᠨ ᠰᠠᠭᠤᠷᠢ | ᠪᠠᠭᠤᠷᠠᠶ᠂ ᠶᠠᠳᠠᠭᠤ ᠬᠦᠴᠢᠷᠳᠡᠯ ᠤᠨ ᠬᠡᠮᠵᠢᠶ᠎ᠡ ᠭᠦᠨ ᠬᠢᠯᠢ ᠬᠢᠵᠠᠭᠠᠷ ᠣᠷᠣᠨ᠂ ᠦᠨᠳᠦᠰᠦᠲᠡᠨ ᠤ ᠣᠷᠣᠨ ᠳᠤ | ᠤᠯᠠᠮ ᠨᠢᠭᠡ ᠠᠯᠬᠤᠮ ᠲᠦᠪᠯᠡᠷᠡᠭᠦᠯᠦᠨ᠎ᠡ᠃ ᠨᠡᠶᠢᠭᠡᠮ ᠤᠨ ᠬᠦᠴᠦᠨ ᠢ ᠬᠥᠲᠥᠯᠦᠨ ᠵᠢᠯᠣᠭᠤᠳᠴᠤ ᠪᠠᠶᠢᠭᠠᠳ | ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠬᠢᠭᠡᠳ ᠵᠢᠭᠤᠯᠴᠢᠯᠠᠯ ᠤᠨ ᠦᠢᠯᠡᠰ ᠢ | ᠤᠶᠠᠯᠳᠤᠭᠤᠯᠤᠨ᠂ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠥᠪᠡᠷᠮᠢᠴᠡ ᠣᠨᠴᠠᠯᠢᠭ ᠲᠠᠢ ᠵᠢᠵᠢᠭ ᠪᠠᠯᠭᠠᠰᠤ᠂ | ᠪᠡᠶ᠎ᠡ ᠶᠢᠨ ᠲᠠᠮᠢᠷ ᠤᠨ ᠰᠡᠯᠡᠭᠦᠴᠡᠯ ᠤᠨ ᠵᠢᠭᠤᠯᠴᠢᠯᠠᠯ ᠵᠡᠷᠭᠡ ᠲᠥᠷᠥᠯ ᠵᠦᠢᠯ ᠢ ᠠᠰᠢᠭᠯᠠᠵᠤ᠂ ᠲᠤᠰ ᠦᠨᠳᠦᠰᠦᠲᠡᠨ᠂ | ᠲᠤᠰ ᠭᠠᠵᠠᠷ ᠣᠷᠣᠨ ᠤ ᠪᠠᠨ ᠣᠨᠴᠠᠯᠢᠭ ᠲᠠᠢ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ᠂ ᠬᠦᠳᠡᠯᠭᠡᠭᠡᠨ᠂ | ᠲᠣᠭᠯᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠳᠠᠮᠵᠢᠭᠤᠯᠤᠨ᠂ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ | ᠡᠬᠢ ᠪᠠᠶᠠᠯᠢᠭ ᠢ ᠤᠬᠠᠭᠤᠯᠵᠤ ᠵᠠᠬ᠎ᠠ ᠳᠡᠯᠭᠡᠭᠦᠷ ᠢ ᠦᠷᠭᠡᠳᠬᠡᠨ᠎ᠡ᠃ ᠨᠢᠭᠡ ᠪᠦᠯᠦᠭ ᠵᠠᠬ᠎ᠠ ᠳᠡᠯᠭᠡᠭᠦᠷ ᠤᠨ ᠲᠠᠯᠳᠠ | ᠬᠦᠴᠦᠨ ᠲᠠᠢ ᠳᠤᠮᠳᠠ ᠵᠢᠵᠢᠭ ᠠᠵᠤ ᠠᠬᠤᠶᠢᠯᠠᠯ ᠢ ᠲᠡᠳᠬᠦᠨ ᠳᠡᠮᠵᠢᠵᠦ᠂ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠠᠮᠢᠶ᠎ᠠ ᠪᠥᠬᠦᠶ ᠪᠡᠶ᠎ᠡ ᠶᠢᠨ ᠲᠠᠮᠢᠷ ᠤᠨ ᠬᠡᠷᠡᠭᠰᠡᠯ ᠦᠢᠯᠡᠳᠬᠦ ᠦᠢᠯᠡᠰ ᠤᠨ | ᠬᠥᠭᠵᠢᠯᠲᠡ ᠶᠢ ᠬᠥᠲᠥᠯᠦᠨ ᠵᠢᠯᠣᠭᠤᠳᠴᠤ ᠪᠠᠶᠢᠭᠠᠳ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ᠂ ᠨᠡᠶᠢᠭᠡᠮᠵᠢᠭᠰᠡᠨ ᠠᠵᠤ ᠦᠢᠯᠡᠰ ᠤᠨ ᠥᠷᠲᠡᠭ ᠤᠨ ᠬᠡᠯᠬᠢᠶ᠎ᠡ ᠶᠢ | ᠴᠢᠷᠮᠠᠶᠢᠨ ᠪᠣᠶ ᠪᠣᠯᠭᠠᠨ᠎ᠠ᠃ | ︵ᠨᠠᠢᠮᠠ︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠴᠢᠩᠭᠠᠳᠬᠠᠬᠤ ᠬᠡᠷᠡᠭᠲᠡᠶ᠃ ᠦᠨᠳᠦᠰᠦᠲᠡᠨ ᠤ ᠭᠠᠵᠠᠷ ᠣᠷᠣᠨ ᠤ᠂ ᠬᠢᠯᠢ | ᠬᠢᠵᠠᠭᠠᠷ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠶᠣᠯ ᠤᠨ | ᠭᠦᠭᠵᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ | ᠤᠯᠠᠮᠵᠢᠯᠠᠯᠲᠤ ᠰᠢᠯᠢᠳᠡᠭ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷ ᠲᠠᠢ | ᠬᠥᠭᠵᠢᠯᠲᠡ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠦᠷᠢᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠪᠣᠳᠠᠰ ᠤᠨ ᠪᠤᠰᠤ ᠰᠣᠶᠣᠯ ᠤᠨ ᠥᠪ ᠤᠨ ᠭᠠᠷᠴᠠᠭ ᠰᠢᠰᠲ᠋ᠧᠮ ᠤᠨ ᠳᠠᠩᠰᠠ ᠡᠪᠬᠡᠮᠡᠯ ᠪᠣᠯᠣᠨ ᠳ᠋ᠠᠶᠢᠲ᠋ᠠ | ᠬᠥᠮᠥᠷᠭᠡ ᠶᠢ ᠪᠠᠶᠢᠭᠤᠯᠬᠤ ᠬᠡᠷᠡᠭᠲᠡᠶ᠃ ᠨᠡᠶᠢᠭᠡᠮ ᠤᠨ ᠬᠦᠴᠦᠨ ᠤ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠨᠡᠭᠡᠭᠡᠨ ᠬᠥᠭᠵᠢᠭᠦᠯᠬᠦ | ᠪᠠ ᠵᠦᠢ ᠵᠣᠬᠢᠰᠲᠠᠶ ᠠᠰᠢᠭᠯᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠦᠷᠦᠯ ᠵᠦᠢᠯ ᠤᠨ ᠪᠣᠳᠠᠰ ᠤᠨ ᠪᠤᠰᠤ ᠰᠣᠶᠣᠯ ᠤᠨ | ᠥᠪ ᠳᠤ ᠮᠡᠳᠡᠭᠦᠯᠬᠦ ᠶᠢ ᠳᠡᠮᠵᠢᠬᠦ ᠬᠡᠷᠡᠭᠲᠡᠶ᠃ | ︵ᠶᠢᠰᠦ︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠯᠢᠯᠴᠠᠭ᠎ᠠ ᠶᠢ | ᠴᠢᠩᠭᠠᠳᠬᠠᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ ᠲᠠᠢ ᠤᠶᠠᠯᠳᠤᠭᠤᠯᠤᠨ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ | ᠣᠷᠣᠨ ᠢ ᠪᠠᠶᠢᠭᠤᠯᠵᠤ᠂ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠯᠢᠯᠴᠠᠭ᠎ᠠ ᠶᠢ ᠴᠢᠩᠭᠠᠳᠬᠠᠵᠤ᠂ | ᠳᠤᠮᠳᠠᠳᠤ ᠤᠯᠤᠰ ᠤᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠰᠣᠶᠣᠯ ᠤᠨ ᠢᠲᠡᠭᠡᠯ ᠢᠶᠠᠨ | ᠪᠠᠲᠤᠳᠬᠠᠨ᠎ᠠ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠶᠣᠯ ᠤᠨ | ︽ᠭᠠᠳᠠᠭᠰᠢ ᠭᠠᠷᠬᠤ︾ ᠶᠢ ᠢᠳᠡᠪᠬᠢ ᠲᠠᠢ ᠲᠦᠯᠬᠢᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠤᠨ ᠱᠤᠭᠤᠮ | ᠳᠠᠭᠠᠤ ᠶᠢᠨ ᠤᠯᠤᠰ ᠤᠨ ᠠᠷᠠᠳ ᠤᠨ ᠳᠤᠮᠳᠠᠬᠢ ᠪᠡᠶ᠎ᠡ ᠶᠢᠨ ᠲᠠᠮᠢᠷ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ | ᠨᠢᠭᠡ ᠪᠦᠯᠦᠭ ᠪᠡᠶ᠎ᠡ ᠶᠢᠨ ᠲᠠᠮᠢᠷ ᠰᠣᠶᠣᠯ ᠢᠷᠭᠡᠨᠰᠢᠯ ᠤᠨ ᠰᠣᠯᠢᠯᠴᠠᠭ᠎ᠠ ᠶᠢᠨ ᠨᠡᠷᠡᠲᠦ ᠲᠡᠮᠳᠡᠭᠲᠦ ᠠᠵᠢᠯᠯᠠᠭ᠎ᠠ ᠶᠢ | ᠡᠭᠦᠳᠴᠦ᠂ ᠡᠷᠬᠢᠨ ᠲᠣᠭᠤᠷᠢᠨ ᠤ ᠤᠯᠤᠰ ᠤᠳ ᠲᠠᠢ ᠪᠠᠨ ᠨᠠᠶᠢᠷᠰᠠᠭ ᠢᠶᠠᠷ ᠬᠦᠷᠰᠢᠯᠡᠵᠦ ᠂ ᠠᠷᠠᠳ ᠤᠨ | ᠰᠡᠳᠬᠢᠯ ᠤᠨ ᠬᠤᠯᠪᠣᠯᠳᠤᠯ ᠢ ᠠᠬᠢᠭᠤᠯᠤᠨ᠎ᠠ᠃ ᠺᠦᠩᠽᠢ ᠶᠢᠨ ᠳᠡᠭᠡᠳᠦ ᠰᠤᠷᠭᠠᠭᠤᠯᠢ ᠪᠠᠷ ᠳᠠᠮᠵᠢᠨ᠂ ᠳᠤᠮᠳᠠᠳᠤ ᠶᠢᠨ | ᠬᠠᠷᠢᠶᠠᠲᠤ᠂ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠤᠨ ᠨᠡᠷᠡᠲᠦ ᠬᠥᠮᠦᠰ ᠢᠶᠠᠷ ᠳᠠᠮᠵᠢᠭᠤᠯᠵᠤ᠂ ᠴᠥᠭᠡᠨ | ᠲᠣᠭᠠᠲᠤ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠶᠣᠯ ᠢ ᠤᠯᠠᠨ ᠤᠯᠤᠰ ᠲᠤ | ᠤᠯᠠᠮᠵᠢᠯᠠᠬᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠲᠠᠭᠤᠨ ᠢ | ᠰᠠᠶᠢᠲᠤᠷ ᠳᠠᠮᠵᠢᠭᠤᠯᠵᠤ ᠰᠠᠶᠢᠲᠤᠷ ᠬᠠᠷᠠᠭᠤᠯᠬᠤ ᠬᠡᠷᠡᠭᠲᠡᠢ᠂ ᠳᠤᠮᠳᠠᠳᠤ ᠤᠯᠤᠰ ᠤᠨ ᠣᠨᠴᠠᠯᠢᠭ ᠢ ᠰᠠᠶᠢᠲᠤᠷ | ᠢᠯᠡᠳᠭᠡᠵᠦ᠂ ᠳᠤᠮᠳᠠᠳᠤ ᠤᠯᠤᠰ ᠤᠨ ᠲᠦᠷᠢ ᠲᠥᠷᠬᠦ ᠶᠢ ᠱᠤᠭᠤᠵᠤ᠂ ᠳᠤᠮᠳᠠᠳᠤ ᠤᠯᠤᠰ ᠤᠨ ᠪᠡᠶ᠎ᠡ ᠶᠢᠨ | ᠲᠠᠮᠢᠷ ᠤᠨ ᠰᠣᠶᠣᠯ ᠤᠨ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠢ ᠥᠷᠭᠡᠳᠬᠡᠬᠦ ᠬᠡᠷᠡᠭᠲᠡᠶ᠃ | ︵ᠠᠷᠪᠠ︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠰᠠᠭᠤᠷᠢᠨ ᠭᠠᠵᠠᠷ ᠢ | ᠪᠠᠶᠢᠭᠤᠯᠤᠨ᠎ᠠ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠪᠣᠯᠤᠨ ᠤᠯᠤᠰ ᠤᠨ ᠦᠨᠳᠦᠰᠦᠲᠡᠨ ᠤ | ᠬᠡᠷᠡᠭ ᠡᠷᠬᠢᠯᠡᠬᠦ ᠲᠣᠪᠴᠢᠶ᠎ᠠ ᠬᠠᠮᠲᠤ ᠪᠠᠷ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠦᠬᠦ ᠤᠯᠤᠰ ᠤᠨ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠠᠭᠤᠷᠢᠨ ᠭᠠᠵᠠᠷ ᠤᠨ ᠨᠡᠷ᠎ᠡ ᠪᠠ ᠬᠥᠳᠡᠯᠦᠩᠭᠦᠶ ᠬᠢᠨᠠᠨ | ᠰᠢᠯᠭᠠᠬᠤ ᠬᠠᠮᠢᠶᠠᠷᠤᠯᠲᠠ ᠶᠢ ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ | ᠲᠠᠮᠢᠷ ᠤᠨ ᠰᠠᠭᠤᠷᠢᠨ ᠭᠠᠵᠠᠷ ᠢ ᠬᠤᠷᠸ᠎ᠠ ᠲᠠᠯ᠎ᠠ ᠠᠴᠠ ᠵᠢᠯᠣᠭᠤᠳᠬᠤ ᠬᠡᠷᠡᠭᠲᠡᠶ᠃ ᠡᠯ᠎ᠡ ᠭᠠᠵᠠᠷ ᠤᠨ ᠬᠢᠨ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠯᠠᠮᠵᠢᠯᠠᠨ ᠵᠠᠯᠭᠠᠮᠵᠢᠯᠠᠬᠤ᠂ ᠰᠢᠨ᠎ᠡ ᠶᠢ ᠡᠭᠦᠳᠬᠦ | ᠬᠥᠭᠵᠢᠯᠲᠡ ᠶᠢ ᠠᠩᠬᠠᠷᠴᠤ᠂ ᠣᠷᠣᠨ ᠨᠤᠲᠤᠭ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ | ᠲᠠᠮᠢᠷ ᠤᠨ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ ᠰᠠᠭᠤᠷᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠤᠨᠴᠠᠯᠢᠭᠳᠤ ᠳᠠᠪᠠᠭᠤᠯᠢᠭ ᠲᠦᠷᠦᠯ ᠵᠦᠢᠯ ᠢᠶᠠᠨ ᠳᠣᠪᠤᠶᠢᠯᠭᠠᠵᠤ᠂ ᠶᠡᠷᠦᠩᠬᠡᠶᠢᠯᠡᠭᠰᠡᠨ | ᠴᠢᠳᠠᠪᠬᠢ ᠶᠢ ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠪᠣᠯᠪᠠᠰᠤᠷᠠᠯ᠂ | ᠤᠷᠤᠯᠳᠤᠭᠠᠨ ᠳᠤ ᠣᠷᠣᠯᠴᠠᠬᠤ᠂ ᠤᠷᠤᠯᠳᠤᠭᠠᠨ ᠢ ᠵᠣᠬᠢᠶᠠᠨ ᠪᠠᠶᠢᠭᠤᠯᠬᠤ᠂ ᠤᠨᠤᠯ ᠤᠨ ᠰᠤᠳᠤᠯᠤᠯ᠂ ᠲᠦᠷᠦᠯ | ᠵᠦᠢᠯ ᠢ ᠠᠭᠤᠳᠠᠯᠵᠤ ᠡᠮᠬᠢᠳᠬᠡᠬᠦ ᠪᠠ ᠵᠠᠯᠭᠠᠮᠵᠢᠯᠠᠨ ᠬᠥᠭᠵᠢᠭᠦᠯᠬᠦ ᠲᠠᠯ᠎ᠠ ᠪᠠᠷ ᠬᠢ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ | ᠪᠠᠶᠠᠯᠢᠭ ᠤᠨ ᠳᠠᠪᠠᠭᠤᠯᠢᠭ ᠢ ᠡᠮᠬᠢᠯᠡᠨ ᠨᠡᠶᠢᠯᠡᠭᠦᠯᠵᠦ᠂ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠢ | ᠥᠷᠭᠡᠨ ᠢᠶᠠᠷ ᠦᠷᠨᠢᠬᠦᠯᠬᠦ᠂ ᠰᠣᠶᠣᠯ ᠤᠨ ᠰᠣᠯᠢᠯᠴᠠᠭ᠎ᠠ ᠪᠠ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠵᠡᠷᠭᠡ | ᠠᠵᠢᠯᠯᠠᠭ᠎ᠠ ᠬᠢᠵᠦ᠂ ︽ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠰᠤᠳᠤᠯᠤᠯ︾ ᠰᠢᠨᠵᠢᠯᠡᠭᠡᠨ ᠤ | ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠪᠠ ᠴᠢᠳᠠᠪᠤᠷᠢᠲᠠᠨ ᠢ | ᠬᠥᠮᠦᠵᠢᠭᠦᠯᠬᠦ ᠰᠠᠭᠤᠷᠢ ᠶᠢ ᠪᠠᠬᠢᠵᠢᠭᠦᠯᠦᠨ᠎ᠡ᠃ | ︵ᠠᠷᠪᠠᠨ ᠨᠢᠭᠡ︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠶ᠃ ᠡᠯ᠎ᠡ ᠲᠦᠷᠦᠯ ᠤᠨ ᠰᠤᠷᠭᠠᠭᠤᠯᠢ ᠣᠲᠣ ᠦᠶ᠎ᠡ ᠶᠢᠨ ᠪᠡᠶ᠎ᠡ ᠶᠢᠨ | ᠲᠠᠮᠢᠷ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠵᠢᠭᠠᠨ ᠰᠤᠷᠭᠠᠬᠤ ᠪᠠ ᠠᠵᠢᠯᠯᠠᠭ᠎ᠠ ᠥᠷᠨᠢᠭᠦᠯᠵᠦ᠂ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠦᠵᠢᠭᠦᠯᠬᠦ ᠶᠢ ᠵᠣᠷᠢᠭᠵᠢᠭᠤᠯᠤᠨ | ᠳᠡᠮᠵᠢᠨ᠎ᠡ᠃ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠪᠠ ᠦᠨᠳᠦᠰᠦᠲᠡᠨ ᠤ ᠭᠠᠵᠠᠷ ᠣᠷᠣᠨ ᠤ ᠲᠠᠮᠢᠷ ᠤᠨ | ᠰᠤᠷᠭᠠᠭᠤᠯᠢ ᠶᠢᠨ ᠬᠢᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠮᠦᠵᠢᠯ ᠢ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠂ ᠨᠥᠬᠦᠴᠡᠯ | ᠪᠦᠷᠢᠯᠳᠦᠭᠦᠯᠵᠦ ᠪᠠᠶᠢᠭᠠᠳ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠢ ᠠᠯᠪᠠᠨ ᠶᠣᠰᠣᠨ | ᠤ ᠲᠠᠮᠢᠷ ᠤᠨ ᠬᠢᠴᠢᠶᠡᠯ ᠪᠣᠯᠭᠠᠬᠤ ᠪᠤᠶᠤ ᠨᠤᠲᠤᠭ ᠤᠨ ᠵᠢᠭᠠᠬᠤ ᠮᠠᠲ᠋ᠧᠷᠢᠶᠠᠯ ᠤᠨ ᠠᠭᠤᠯᠭ᠎ᠠ ᠪᠣᠯᠭᠠᠬᠤ ᠬᠡᠷᠡᠭᠲᠡᠢ᠃ | ᠦᠨᠳᠦᠰᠦᠲᠡᠨ ᠤ ᠶᠡᠭᠡ ᠰᠤᠷᠭᠠᠭᠤᠯᠢ ᠳᠡᠭᠡᠳᠦ ᠰᠤᠷᠭᠠᠭᠤᠯᠢ ᠶᠢᠨ ᠲᠠᠮᠢᠷ ᠤᠨ ᠰᠠᠯᠪᠤᠷᠢ ᠪᠠ ᠦᠨᠳᠦᠰᠦᠲᠡᠨ ᠤ | ᠭᠠᠵᠠᠷ ᠣᠷᠣᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠨᠢ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ | ᠲᠠᠮᠢᠷ ᠤᠨ ᠲᠤᠰᠬᠠᠶ ᠮᠡᠷᠭᠡᠵᠢᠯ ᠤᠨ ᠰᠠᠯᠪᠤᠷᠢ ᠶᠢ ᠨᠡᠬᠡᠬᠡᠵᠤ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠪᠠ ᠰᠤᠳᠤᠯᠭᠠᠨ ᠢ ᠬᠢᠬᠦ ᠬᠡᠷᠡᠭᠲᠡᠢ᠃ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ | ᠲᠣᠭᠤᠷᠢᠭ ᠲᠤ ᠣᠷᠣᠭᠤᠯᠬᠤ᠂ ᠠᠯᠪᠠᠨ ᠪᠠᠶᠢᠭᠤᠯᠭ᠎ᠠ ᠳᠤ ᠣᠷᠣᠭᠤᠯᠬᠤ ᠵᠡᠷᠭᠡ ᠠᠵᠢᠯ ᠢ ᠬᠢᠬᠦ ᠬᠡᠷᠡᠭᠲᠡᠢ᠃ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠦᠵᠢᠭᠦᠯᠦᠨ ᠬᠡᠷᠡᠭᠯᠡᠬᠦ | ᠶᠠᠪᠤᠳᠠᠯ ᠢ ᠴᠢᠳᠠᠪᠤᠷᠢᠲᠠᠨ ᠢ ᠬᠥᠮᠦᠵᠢᠭᠦᠯᠬᠦ ᠪᠠᠶᠢᠯᠳᠤᠬᠤ ᠪᠤᠳᠤᠯᠭ᠎ᠠ ᠶᠢᠨ ᠴᠢᠬᠤᠯᠠ ᠠᠭᠤᠯᠭ᠎ᠠ ᠪᠣᠯᠭᠠᠵᠤ᠂ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠨ ᠬᠥᠭᠵᠢᠭᠦᠯᠬᠦ ᠳᠤᠮᠳᠠ ᠴᠢᠬᠤᠯᠠ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ᠃ | | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | | ︵ᠠᠷᠪᠠᠨ ᠬᠤᠶᠠᠷ︶ ᠡᠯ᠎ᠡ ᠲᠦᠷᠦᠯ ᠤᠨ ᠠᠵᠢᠯ ᠤᠨ ᠪᠠᠶᠢᠭᠤᠯᠤᠮᠵᠢ ᠳᠤ ᠲᠦᠰᠢᠭᠯᠡᠨ᠂ ᠬᠠᠮᠵᠢᠯᠴᠠᠬᠤ | ᠬᠠᠮᠢᠶᠠᠷᠤᠯᠲᠠ ᠶᠢ ᠠᠬᠢᠭᠤᠯᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠂ ᠤᠯᠤᠰ ᠤᠨ | ᠦᠨᠳᠦᠰᠦᠲᠡᠨ ᠤ ᠬᠡᠷᠡᠭ ᠡᠷᠬᠢᠯᠡᠬᠦ ᠲᠣᠪᠴᠢᠶ᠎ᠠ ᠶᠢᠨ ᠭᠡᠰᠢᠭᠦᠳ ᠤᠨ ᠲᠦᠷᠢᠮ ᠪᠠ ᠡᠯ᠎ᠡ ᠱᠠᠲᠤᠨ ᠤ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ᠂ ᠦᠨᠳᠦᠰᠦᠲᠡᠨ ᠤ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠶᠢᠨ | ᠦᠢᠯᠡᠳᠦᠯ ᠢ ᠪᠠᠳᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠦᠢᠯᠡᠰ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠲᠣᠭᠲᠠᠭᠠᠵᠤ᠂ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠠᠵᠢᠯ ᠤᠨ ᠴᠢᠬᠤᠯᠠ ᠶᠡᠭᠡ ᠲᠦᠷᠤ ᠶᠢᠨ | ᠪᠤᠳᠤᠯᠭ᠎ᠠ᠂ ᠥᠭᠡᠷᠡᠴᠢᠯᠡᠯᠲᠡ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠬᠤᠷᠸ᠎ᠠ ᠲᠠᠯ᠎ᠠ ᠪᠠᠷ | ᠵᠢᠯᠣᠭᠤᠳᠬᠤ ᠪᠠ ᠬᠠᠮᠢᠶᠠᠷᠬᠤ ᠶᠢ ᠴᠢᠩᠭᠠᠳᠬᠠᠵᠤ᠂ ᠣᠯᠠᠨ ᠰᠠᠯᠠᠭ᠎ᠠ ᠮᠥᠴᠢᠷ ᠬᠠᠮᠲᠤᠪᠠᠷ ᠣᠷᠣᠯᠴᠠᠭᠰᠠᠨ | ᠬᠠᠮᠵᠢᠯᠴᠠᠨ ᠠᠵᠢᠯᠯᠠᠬᠤ ᠪᠠᠶᠢᠭᠤᠯᠤᠮᠵᠢ ᠶᠢ ᠪᠠᠶᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ︵ᠠᠷᠪᠠᠨ ᠭᠤᠷᠪᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠣᠷᠳᠣ | ᠬᠤᠭᠤᠴᠠᠭᠠᠨ ᠤ ᠪᠦᠲᠦᠮᠵᠢᠲᠡᠶ ᠪᠠᠶᠢᠭᠤᠯᠤᠮᠵᠢ ᠶᠢ ᠪᠠᠶᠢᠭᠤᠯᠤᠨ᠎ᠠ᠃ ᠡᠯ᠎ᠡ ᠱᠠᠲᠤᠨ ᠤ ᠪᠡᠶ᠎ᠡ ᠶᠢᠨ ᠲᠠᠮᠢᠷ᠂ | ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠡᠷᠴᠢᠮᠵᠢᠭᠦᠯᠵᠦ᠂ | ᠤᠷᠲᠤ ᠬᠤᠭᠤᠴᠠᠭᠠᠨ ᠤ ᠪᠦᠲᠦᠮᠵᠢᠲᠡᠶ ᠪᠠᠶᠢᠭᠤᠯᠤᠮᠵᠢ ᠶᠢ ᠪᠠᠶᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ | ᠨᠥᠬᠦᠴᠡᠯ ᠪᠦᠬᠦᠢ ᠭᠠᠵᠠᠷ ᠣᠷᠣᠨ ᠳᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠠᠵᠢᠯ ᠤᠨ ᠪᠠᠶᠢᠭᠤᠯᠤᠮᠵᠢ ᠪᠠᠶᠢᠭᠤᠯᠪᠠᠯ ᠵᠣᠬᠢᠨ᠎ᠠ᠂ ᠦᠨᠳᠦᠰᠦᠲᠡᠨ ᠤ ᠭᠠᠵᠠᠷ ᠣᠷᠣᠨ ᠤ ᠨᠡᠶᠢᠭᠡᠮ ᠤᠨ ᠪᠡᠶ᠎ᠡ ᠶᠢᠨ | ᠲᠠᠮᠢᠷ ᠤᠨ ᠵᠢᠭᠠᠨ ᠵᠢᠯᠣᠭᠤᠳᠣᠭᠴᠢ ᠶᠢᠨ ᠳᠤᠮᠳᠠ᠂ ᠵᠣᠬᠢᠬᠤ ᠬᠡᠮᠵᠢᠶᠡᠨ ᠤ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠪᠠᠶᠢᠬᠤ ᠬᠡᠷᠡᠭᠲᠡᠶ᠃ ᠪᠣᠳᠠᠲᠠᠶ ᠲᠦᠷᠦ ᠶᠢᠨ ᠪᠤᠳᠤᠯᠭ᠎ᠠ | ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠶ᠃ ᠲᠤᠰ ᠵᠢᠯᠣᠭᠤᠳᠬᠤ | ᠰᠠᠨᠠᠯ ᠢ ᠲᠠᠶᠢᠯᠪᠤᠷᠢᠯᠠᠯᠲᠠ ᠪᠣᠯᠤᠨ ᠤᠬᠠᠭᠤᠯᠭ᠎ᠠ ᠶᠢ ᠰᠠᠶᠢᠲᠤᠷ ᠬᠢᠵᠦ᠂ ᠠᠵᠢᠯ᠂ ᠰᠠᠨᠠᠯ ᠪᠣᠳᠠᠲᠠᠢ ᠦᠷ᠎ᠡ ᠪᠦᠲᠦᠮᠵᠢ | ᠤᠯᠬᠤ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠵᠦᠢᠯ ᠤᠨ ᠠᠷᠭ᠎ᠠ | ᠬᠡᠮᠵᠢᠶ᠎ᠡ ᠶᠢᠨ ᠤᠷᠤᠭᠰᠢᠲᠠᠶ ᠶᠠᠪᠤᠭᠳᠠᠬᠤ ᠦᠨᠡᠨ ᠬᠦ ᠪᠠᠲᠤᠯᠠᠬᠤ ᠬᠡᠷᠡᠭᠲᠡᠢ᠃ | ︵ᠠᠷᠪᠠᠨ ᠲᠥᠷᠪᠡ︶ ᠲᠥᠷᠥ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ᠪᠡᠯᠡ ᠮᠥᠩᠭᠦᠨ ᠤ | ᠳᠡᠮᠵᠢᠯᠭᠡ ᠪᠠᠨ ᠨᠡᠮᠡᠭᠳᠡᠭᠦᠯᠬᠦ ᠬᠡᠷᠡᠭᠲᠡᠢ᠃ ᠡᠯ᠎ᠡ ᠱᠠᠲᠤᠨ ᠤ ᠪᠡᠶ᠎ᠡ ᠶᠢᠨ ᠲᠠᠮᠢᠷ᠂ ᠦᠨᠳᠦᠰᠦᠲᠡᠨ ᠤ ᠠᠵᠢᠯ ᠤᠨ | ᠰᠠᠯᠠᠭ᠎ᠠ ᠮᠥᠴᠢᠷ ᠤᠳ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠠᠵᠢᠯ ᠤᠨ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ | ᠤᠳᠤ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢ ᠠᠰᠢᠭᠯᠠᠨ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠶ᠃ ᠡᠯ᠎ᠡ ᠱᠠᠲᠤᠨ ᠤ | ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠳ ᠵᠢᠯ ᠪᠦᠷᠢ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠵᠦᠢᠯ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ | ᠲᠣᠬᠢᠷᠠᠭᠤᠯᠵᠤ᠂ ᠲᠠᠮᠢᠷ ᠤᠨ ᠰᠠᠯᠠᠭ᠎ᠠ ᠮᠦᠴᠢᠷ ᠨᠢ ᠵᠢᠯ ᠪᠦᠷᠢ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠤᠨᠵᠢᠪᠤᠷᠢᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ | ᠳᠤᠮᠳᠠ ᠲᠤᠰᠬᠠᠶ ᠵᠦᠢᠯ ᠤᠨ ᠵᠠᠷᠤᠳᠠᠯ ᠲᠣᠬᠢᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠬᠦ ᠳᠤ ᠬᠡᠷᠡᠭᠯᠡᠬᠦ ᠬᠡᠷᠡᠭᠲᠡᠶ᠃ ᠨᠡᠶᠢᠲᠡ ᠶᠢᠨ ᠠᠰᠠᠷᠠᠮᠵᠢ ᠶᠢᠨ ᠮᠥᠩᠭᠦ | ᠵᠡᠷᠭᠡ ᠪᠡᠯᠡ ᠮᠥᠩᠭᠦ ᠶᠢᠨ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠪᠠ ᠤᠷᠮᠠᠰᠢᠭᠤᠯᠬᠤ ᠦᠢᠯᠡᠳᠦᠯ ᠢ | ᠪᠠᠳᠠᠷᠠᠭᠤᠯᠵᠤ᠂ ᠨᠡᠶᠢᠭᠡᠮ ᠤᠨ ᠢᠳᠡᠪᠬᠢᠵᠢᠯ ᠬᠦᠴᠦᠨ ᠢ ᠳᠠᠶᠢᠴᠢᠯᠠᠨ᠂ ᠨᠡᠶᠢᠭᠡᠮ ᠤᠨ ᠡᠯ᠎ᠡ ᠡᠲᠡᠭᠡᠳ ᠤᠨ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠦᠢᠯᠡᠰ ᠢ ᠳᠡᠮᠵᠢᠬᠦ ᠶᠢ ᠬᠦᠬᠢᠬᠦᠯᠵᠦ᠂ ᠵᠠᠷᠤᠳᠠᠯ | ᠮᠥᠩᠭᠦ ᠶᠢᠨ ᠡᠬᠢ ᠰᠤᠷᠪᠤᠯᠵᠢ ᠶᠢ ᠦᠷᠭᠡᠳᠬᠡᠨ᠂ ᠤᠯᠠᠨ ᠡᠰᠢᠵᠢᠭ᠍ᠰᠡᠨ᠂ ᠦᠷᠭᠦᠯᠵᠢ ᠶᠢᠨ ᠴᠢᠨᠠᠷᠲᠠᠢ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠵᠠᠷᠤᠳᠠᠯ ᠢ ᠪᠠᠲᠤᠯᠠᠬᠤ ᠪᠠᠶᠢᠭᠤᠯᠤᠮᠵᠢ ᠪᠠ ᠪᠡᠯᠡ | ᠣᠷᠣᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠶ᠃ |