ᠨᠢᠭᠡᠳᠦᠭᠡᠷ ᠪᠦᠯᠦᠭ ᠶᠡᠷᠦᠩᠬᠡᠶ ᠲᠦᠷᠢᠮ | | ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠡᠷᠡᠭᠦᠯ ᠪᠥᠭᠡᠳ | ᠦᠷᠭᠦᠯᠵᠢᠯᠡᠨ ᠬᠥᠭᠵᠢᠬᠦ ᠶᠢ ᠠᠬᠢᠭᠤᠯᠬᠤ ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠲᠠᠮᠢᠷ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠲᠠᠮᠢᠷᠴᠢᠳ ᠤᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ | ᠰᠢᠨᠵᠢᠯᠡᠬᠦ ᠤᠬᠠᠭᠠᠨᠴᠢᠯᠠᠬᠤ᠂ ᠳᠦᠷᠢᠮᠵᠢᠭᠦᠯᠬᠦ᠂ ᠬᠠᠤᠯᠢᠵᠢᠭᠤᠯᠬᠤ᠂ ᠲᠠᠮᠢᠷᠴᠢᠨ ᠤ ᠬᠠᠤᠯᠢ ᠶᠣᠰᠣᠨ ᠤ ᠡᠷᠬᠡ | ᠠᠰᠢᠭ ᠢ ᠪᠠᠲᠤᠯᠠᠬᠤ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠲᠠᠮᠢᠷᠴᠢᠨ ᠤ ᠠᠩᠬᠢ ᠶᠢᠨ ᠲᠠᠮᠢᠷᠴᠢᠨ ᠤᠷᠢᠬᠤ᠂ | ᠬᠥᠮᠦᠵᠢᠭᠦᠯᠬᠦ ᠪᠠ ᠠᠵᠢᠯ ᠠᠴᠠ ᠠᠮᠠᠷᠠᠬᠤ ᠠᠵᠢᠯ ᠢ ᠵᠢᠷᠤᠮᠵᠢᠭᠤᠯᠬᠤ ᠶᠢᠨ ᠲᠦᠯᠦᠭᠡ᠂ ᠤᠯᠤᠰ ᠤᠨ ᠵᠢᠷᠭᠤᠭᠠᠨ | ᠶᠠᠮᠤᠨ ᠬᠤᠷᠢᠶ᠎ᠠ ᠶᠢᠨ ︽ᠲᠠᠮᠢᠷᠴᠢᠨ ᠤᠷᠢᠵᠤ ᠬᠡᠷᠡᠭᠯᠡᠬᠦ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ | ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠰᠢᠯᠢᠳᠡᠭ ᠪᠡᠶ᠎ᠡ ᠶᠢᠨ | ᠲᠠᠮᠢᠷᠴᠢᠨ ᠤ ᠠᠩᠬᠢ ᠶᠢᠨ ᠲᠠᠮᠢᠷᠴᠢᠨ ᠳᠤ ᠲᠣᠬᠢᠷᠠᠨ᠎ᠠ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠲᠠᠮᠢᠷᠴᠢᠨ ᠭᠡᠳᠡᠭ ᠨᠢ ᠥᠪᠡᠷᠲᠡᠭᠡᠨ ᠵᠠᠰᠠᠬᠤ | ᠣᠷᠣᠨ ᠤ ᠰᠢᠯᠢᠳᠡᠭ ᠲᠠᠮᠢᠷᠴᠢᠨ ᠤ ᠡᠩᠨᠡᠭᠡ ᠶᠢᠨ ᠳᠣᠲᠣᠷᠠᠬᠢ ᠶᠠᠮᠠᠷ ᠨᠢᠭᠡᠨ ᠵᠦᠢᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠪᠣᠯᠪᠠᠰᠤᠷᠠᠯ ᠪᠠ ᠤᠷᠤᠯᠳᠤᠭᠠᠨ ᠳᠤ ᠣᠷᠣᠯᠴᠠᠬᠤ ᠪᠥᠭᠡᠳ ᠲᠤᠷᠰᠢᠨ ᠪᠣᠯᠪᠠᠰᠤᠷᠠᠭᠤᠯᠬᠤ ᠪᠡᠶ᠎ᠡ ᠶᠢᠨ | ᠲᠠᠮᠢᠷ ᠤᠨ ᠨᠡᠮᠡᠭᠦᠷᠢ ᠮᠥᠩᠭᠦ ᠪᠤᠶᠤ ᠪᠡᠶ᠎ᠡ ᠶᠢᠨ ᠲᠠᠮᠢᠷ ᠤᠨ ᠨᠡᠮᠡᠭᠦᠷᠢ ᠬᠥᠷᠳᠡᠬᠦ ᠬᠥᠮᠦᠰ ᠢ ᠵᠢᠭᠠᠵᠤ ᠪᠠᠶᠢᠨ᠎ᠠ᠃ | ᠳᠥᠷᠪᠡᠳᠦᠭᠡᠷ ᠵᠦᠢᠯ ᠲᠠᠮᠢᠷᠴᠢᠨ ᠳᠤ ᠲᠤᠷᠰᠢᠨ ᠪᠣᠯᠪᠠᠰᠤᠷᠠᠭᠤᠯᠬᠤ᠂ ᠤᠷᠢᠨ ᠬᠡᠷᠡᠭᠯᠡᠬᠦ ᠪᠠ | ᠠᠯᠪᠠ ᠠᠴᠠ ᠪᠠᠭᠤᠬᠤ ᠲᠦᠷᠢᠮ ᠢ ᠬᠡᠷᠡᠭᠵᠢᠬᠦᠯᠵᠦ᠂ ᠰᠢᠯᠢᠳᠡᠭ ᠲᠠᠮᠢᠷᠴᠢᠨ ᠳᠤ ᠠᠵᠢᠯ ᠮᠡᠷᠭᠡᠵᠢᠯ ᠢᠶᠠᠨ | ᠬᠤᠪᠢᠷᠠᠭᠤᠯᠬᠤ ᠰᠢᠯᠵᠢᠯᠲᠡ ᠶᠢᠨ ᠬᠤᠭᠤᠴᠠᠭ᠎ᠠ ᠶᠢᠨ ᠳᠦᠷᠢᠮ ᠢ ᠬᠡᠷᠡᠭᠵᠢᠬᠦᠯᠦᠨ᠎ᠡ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠣᠯ ᠲᠠᠮᠢᠷᠴᠢᠨ ᠤᠷᠢᠨ ᠬᠡᠷᠡᠭᠯᠡᠬᠦ ᠪᠠ ᠨᠡᠶᠢᠭᠡᠮ ᠤᠨ | ᠳᠠᠭᠠᠳᠬᠠᠯ ᠤᠨ ᠠᠵᠢᠯ ᠢ ᠶᠡᠷᠦᠩᠬᠡᠶᠢᠯᠡᠨ ᠬᠠᠮᠢᠶᠠᠷᠬᠤ ᠰᠠᠯᠠᠭ᠎ᠠ ᠮᠥᠴᠢᠷ ᠶᠤᠮ᠃ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ᠂ ᠰᠤᠷᠭᠠᠨ ᠬᠦᠮᠦᠵᠢᠯ᠂ | ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠯᠴᠠᠨ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠲᠠᠮᠢᠷᠴᠢᠨ | ᠤᠷᠢᠬᠤ᠂ ᠬᠥᠮᠦᠵᠢᠭᠦᠯᠬᠦ ᠪᠠ ᠠᠯᠪᠠ ᠠᠴᠠ ᠪᠠᠭᠤᠬᠤ ᠵᠡᠷᠭᠡ ᠶᠢᠨ ᠠᠵᠢᠯ ᠢ ᠬᠠᠷᠢᠭᠤᠴᠠᠨ᠎ᠠ᠃ | | ᠬᠤᠶᠠᠳᠤᠭᠠᠷ ᠪᠦᠯᠦᠭ ᠲᠠᠮᠢᠷᠴᠢᠨ ᠢ ᠲᠤᠷᠰᠢᠨ ᠪᠣᠯᠪᠠᠰᠤᠷᠠᠭᠤᠯᠬᠤ | | ᠵᠢᠷᠭᠤᠳᠤᠭᠠᠷ ᠵᠦᠢᠯ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠥᠪᠡᠷᠮᠢᠴᠡ ᠴᠢᠨᠠᠷ ᠢ ᠦᠨᠳᠦᠰᠦᠯᠡᠨ᠂ | ᠡᠯ᠎ᠡ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠨᠢᠭᠡᠴᠡ ᠨᠢ ᠣᠷᠣᠨ ᠲᠤᠭ᠎ᠠ ᠲᠥᠯᠥᠪᠯᠡᠭᠡ ᠶᠢᠨ ᠳᠣᠲᠣᠷᠠᠬᠢ ᠰᠢᠯᠢᠳᠡᠭ | ᠲᠠᠮᠢᠷᠴᠢᠨ ᠢ ᠤᠷᠢᠵᠤ ᠬᠡᠷᠡᠭᠯᠡᠬᠦ ᠭᠠᠷ ᠭᠦᠢᠴᠡᠳᠬᠡᠯ ᠬᠢᠬᠦ ᠠᠴᠠ ᠡᠮᠦᠨ᠎ᠡ᠂ ᠵᠣᠬᠢᠬᠤ ᠬᠡᠪᠴᠢᠶᠡᠨ ᠤ ᠬᠥᠮᠦᠰ ᠢ | ᠵᠣᠬᠢᠶᠠᠨ ᠪᠠᠶᠢᠭᠤᠯᠵᠤ ᠲᠤᠷᠰᠢᠨ ᠪᠣᠯᠪᠠᠰᠤᠷᠡᠯ ᠬᠢᠨ᠎ᠡ᠃ | ᠳᠣᠯᠣᠳᠤᠭᠠᠷ ᠵᠦᠢᠯ ᠲᠤᠷᠰᠢᠨ ᠪᠣᠯᠪᠠᠰᠤᠷᠠᠭᠤᠯᠬᠤ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠲᠣᠪᠴᠢᠶ᠎ᠠ ᠲᠣᠭᠲᠠᠭᠠᠨ᠎ᠠ᠃ ᠲᠤᠷᠰᠢᠨ ᠪᠣᠯᠪᠠᠰᠤᠷᠠᠭᠤᠯᠬᠤ ᠲᠠᠮᠢᠷᠴᠢᠨ ᠢ | ᠬᠠᠨᠳᠤᠯᠭ᠎ᠠ ᠲᠠᠢ ᠪᠠᠷ ᠰᠢᠯᠢᠨ ᠰᠣᠩᠭᠤᠵᠤ᠂ ᠲᠠᠨᠢᠯᠴᠠᠭᠤᠯᠬᠤ ᠪᠤᠶᠤ ᠨᠡᠶᠢᠭᠡᠮ ᠳᠡᠭᠡᠷ᠎ᠡ ᠠᠴᠠ ᠢᠯᠡ ᠪᠠᠷ ᠡᠯᠰᠡᠵᠦ | ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠷᠴᠢᠮ ᠳᠡᠭᠡᠷ᠎ᠡ ᠪᠠᠨ ᠶᠢᠰᠦᠨ ᠵᠢᠯ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠢ ᠲᠡᠭᠦᠰᠦᠭᠰᠡᠨ ᠲᠠᠮᠢᠷᠴᠢᠨ ᠪᠤᠶᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷᠤᠯᠳᠤᠭᠠᠨ ᠤ ᠲᠠᠮᠢᠷ ᠤᠨ ᠰᠤᠷᠭᠠᠭᠤᠯᠢ ᠳᠤ ᠣᠷᠣᠵᠤ ᠳᠤᠮᠳᠠᠳᠤ | ᠵᠡᠷᠭᠡ ᠶᠢᠨ ᠲᠤᠰᠬᠠᠶ ᠮᠡᠷᠭᠡᠵᠢᠯ ᠤᠨ ᠠᠩᠬᠢ ᠳᠤ ᠰᠤᠷᠤᠯᠴᠠᠵᠤ ᠪᠠᠶᠢᠭ᠎ᠠ ᠬᠥᠮᠦᠰ ᠤᠨ ᠳᠣᠲᠣᠷ᠎ᠠ ᠠᠴᠠ ᠰᠢᠯᠢᠳᠡᠭ ᠢ | ᠨᠢ ᠰᠣᠩᠭᠤᠨ ᠤᠷᠢᠬᠤ ᠬᠡᠷᠡᠭᠲᠡᠢ᠂ ᠣᠨᠴᠠᠭᠠᠶ ᠴᠢᠳᠠᠪᠤᠷᠢᠲᠠᠨ ᠪᠠ ᠣᠨᠴᠠ ᠵᠠᠷᠢᠮ ᠵᠦᠢᠯᠡᠰ ᠢ ᠵᠣᠬᠢᠰᠲᠠᠶ ᠪᠠᠷ | ᠠᠭᠤᠵᠢᠭᠤ ᠲᠠᠯᠪᠢᠵᠤ ᠪᠣᠯᠤᠨ᠎ᠠ᠃ | ᠨᠠᠢᠮᠠᠳᠤᠭᠠᠷ ᠵᠦᠢᠯ ᠲᠤᠷᠰᠢᠨ ᠪᠣᠯᠪᠠᠰᠤᠷᠠᠭᠤᠯᠬᠤ ᠴᠠᠭ ᠬᠤᠭᠤᠴᠠᠭ᠎ᠠ ᠨᠢ ᠵᠠᠷᠴᠢᠮ ᠳᠡᠭᠡᠷ᠎ᠡ ᠪᠠᠨ ᠨᠢᠭᠡ | ᠵᠢᠯ ᠠᠴᠠ ᠬᠡᠲᠦᠷᠡᠬᠦ ᠦᠭᠡᠢ᠃ ᠲᠤᠷᠰᠢᠨ ᠪᠣᠯᠪᠠᠰᠤᠷᠠᠭᠤᠯᠬᠤ ᠲᠠᠮᠢᠷᠴᠢᠨ ᠣᠷᠣᠨ ᠲᠤᠭ᠎ᠠ ᠡᠵᠡᠯᠡᠬᠦ ᠦᠭᠡᠶ᠂ | ᠰᠢᠯᠢᠳᠡᠭ ᠲᠠᠮᠢᠷᠴᠢᠨ ᠤ ᠣᠷᠣᠨ ᠲᠣᠭᠠᠨ ᠠᠴᠠ ᠭᠠᠳᠠᠨ᠎ᠠ ᠠᠰ ᠲᠤᠨᠢ ᠵᠢᠭᠰᠠᠭᠠᠨ᠎ᠠ᠂ ᠵᠢᠯ ᠪᠦᠷᠢ ᠶᠢᠨ ᠲᠤᠷᠰᠢᠨ | ᠪᠣᠯᠪᠠᠰᠤᠷᠠᠭᠤᠯᠬᠤ ᠲᠠᠮᠢᠷᠴᠢᠨ ᠤ ᠬᠥᠮᠦᠨ ᠤ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠬᠦᠮᠦᠨ ᠤ ᠲᠤᠭ᠎ᠠ ᠶᠢ ᠶᠡᠷᠦ ᠳᠡᠭᠡᠨ ᠥᠪᠡᠷᠲᠡᠭᠡᠨ ᠵᠠᠰᠠᠬᠤ ᠣᠷᠣᠨ ᠤ | ᠰᠢᠯᠢᠳᠡᠭ ᠲᠠᠮᠢᠷᠴᠢᠨ ᠤ ᠠᠩᠬᠢ ᠶᠢᠨ ᠲᠠᠮᠢᠷᠴᠢᠨ ᠤ ᠣᠷᠣᠨ ᠲᠤᠭ᠎ᠠ ᠶᠢᠨ ᠲᠣᠭᠠᠨ ᠤ 20 % ᠶᠢᠨ ᠳᠣᠲᠣᠷ᠎ᠠ | ᠬᠢᠵᠠᠭᠠᠷᠯᠠᠵᠤ ᠪᠠᠶᠢᠬᠤ ᠬᠡᠷᠡᠭᠲᠡᠢ᠃ ᠲᠤᠷᠰᠢᠨ ᠪᠣᠯᠪᠠᠰᠤᠷᠠᠭᠤᠯᠬᠤ ᠲᠠᠮᠢᠷᠴᠢᠨ ᠲᠤᠷᠰᠢᠨ ᠪᠣᠯᠪᠠᠰᠤᠷᠠᠭᠤᠯᠬᠤ | ᠬᠤᠭᠤᠴᠠᠭᠠᠨ ᠳᠤ᠂ ᠡᠯ᠎ᠡ ᠪᠣᠯᠪᠠᠰᠤᠷᠠᠯ ᠤᠨ ᠨᠢᠭᠡᠴᠢ ᠨᠢ ᠲᠤᠰ ᠬᠥᠮᠦᠨ ᠪᠤᠶᠤ ᠲᠡᠭᠦᠨ ᠤ ᠬᠢᠨᠠᠨ ᠬᠠᠮᠠᠭᠠᠯᠠᠭᠴᠢ | ︵ᠪᠦᠬᠦᠯᠢ 16 ᠨᠠᠰᠤ ᠬᠦᠷᠦᠭᠡᠳᠦᠢ ᠵᠢᠭᠠᠨ ᠲᠣᠭᠲᠠᠭᠠᠭᠰᠠᠨ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ | ᠲᠠᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠣᠭᠲᠠᠭᠠᠭᠰᠠᠨ ᠲᠤᠷᠰᠢᠨ | ᠪᠣᠯᠪᠠᠰᠤᠷᠠᠭᠤᠯᠬᠤ ᠭᠡᠷ᠎ᠡ ᠶᠢᠨ ᠪᠢᠴᠢᠭ ᠲᠤ ᠭᠠᠷ ᠤᠨ ᠦᠰᠦᠭ ᠵᠢᠷᠤᠨ᠎ᠠ᠃ | ᠶᠢᠰᠦᠳᠦᠭᠡᠷ ᠵᠦᠢᠯ ᠲᠤᠷᠰᠢᠨ ᠪᠣᠯᠪᠠᠰᠤᠷᠠᠭᠤᠯᠬᠤ ᠲᠠᠮᠢᠷᠴᠢᠨ ᠲᠤᠷᠰᠢᠨ ᠪᠣᠯᠪᠠᠰᠤᠷᠠᠭᠤᠯᠬᠤ | ᠬᠤᠭᠤᠴᠠᠭᠠᠨ ᠳᠤ ᠤᠯᠤᠰ ᠠᠴᠠ ᠲᠣᠭᠲᠠᠭᠠᠭᠰᠠᠨ ᠲᠤᠷᠰᠢᠨ ᠪᠣᠯᠪᠠᠰᠤᠷᠠᠭᠤᠯᠬᠤ ᠲᠠᠮᠢᠷ ᠤᠨ ᠨᠡᠮᠡᠬᠦᠷᠢ ᠮᠥᠩᠭᠦ᠂ | ᠠᠮᠵᠢᠯᠲᠠ ᠶᠢᠨ ᠨᠥᠬᠦᠪᠥᠷᠢ ᠮᠥᠩᠭᠦ ᠠᠪᠬᠤ ᠨᠥᠬᠦᠴᠡᠯ ᠳᠤ ᠬᠦᠷᠦᠭᠰᠡᠨ ᠪᠠᠶᠢᠪᠠᠯ᠂ ᠬᠠᠷᠠᠭᠠᠯᠵᠠᠭᠰᠠᠨ ᠠᠮᠵᠢᠯᠲᠠ | ᠶᠢᠨ ᠨᠥᠬᠦᠪᠥᠷᠢ ᠮᠥᠩᠭᠦ ᠠᠪᠴᠤ ᠪᠣᠯᠤᠨ᠎ᠠ᠃ ᠲᠤᠷᠰᠢᠨ ᠪᠣᠯᠪᠠᠰᠤᠷᠠᠭᠤᠯᠬᠤ ᠬᠤᠭᠤᠴᠠᠭᠠᠨ ᠳᠤ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ | ᠣᠷᠣᠯᠴᠠᠵᠤ᠂ ᠨᠡᠶᠢᠭᠡᠮ ᠤᠨ ᠳᠠᠭᠠᠳᠬᠠᠯ ᠤᠨ ᠣᠯᠭᠤᠮᠵᠢ ᠬᠠᠷᠠᠭᠠᠯᠵᠠᠯ ᠢ ᠡᠳ᠋ᠯᠡᠨ᠎ᠡ᠃ | ᠠᠷᠪᠠᠳᠤᠭᠠᠷ ᠵᠦᠢᠯ ᠲᠤᠷᠰᠢᠨ ᠪᠣᠯᠪᠠᠰᠤᠷᠠᠭᠤᠯᠬᠤ ᠲᠠᠮᠢᠷᠴᠢᠨ ᠬᠠᠷᠠᠭᠠᠯᠵᠠᠭᠰᠠᠨ ᠰᠣᠶᠣᠯ ᠰᠤᠷᠭᠠᠨ | ᠬᠥᠮᠦᠵᠢᠯ ᠢ ᠬᠦᠯᠢᠶᠡᠠ ᠠᠪᠬᠤ ᠬᠡᠷᠡᠭᠲᠡᠶ᠂ ᠲᠤᠷᠰᠢᠨ ᠪᠣᠯᠪᠠᠰᠤᠷᠠᠭᠤᠯᠬᠤ ᠲᠠᠮᠢᠷᠴᠢᠨ ᠤ ᠨᠢᠭᠡᠴᠢ ᠪᠡᠶ᠎ᠡ ᠶᠢᠨ ᠲᠠᠮᠢᠷ᠂ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢ ᠬᠠᠪᠰᠤᠷᠤᠨ ᠵᠢᠭᠠᠨ ᠰᠤᠷᠭᠠᠯᠲᠠ ᠶᠢᠨ ᠵᠣᠬᠢᠶᠠᠨ ᠪᠠᠶᠢᠭᠤᠯᠤᠯᠲᠠ ᠶᠢᠨ | ᠠᠵᠢᠯ ᠢ ᠰᠠᠶᠢᠲᠤᠷ ᠬᠢᠬᠦ ᠬᠡᠷᠡᠭᠲᠡᠶ᠃ | | ᠭᠤᠷᠪᠠᠳᠤᠭᠠᠷ ᠪᠦᠯᠦᠭ ᠰᠢᠯᠢᠳᠡᠭ ᠲᠠᠮᠢᠷᠴᠢᠨ ᠢ ᠡᠯᠰᠡᠨ ᠤᠷᠢᠬᠤ | | ᠠᠷᠪᠠᠨ ᠨᠢᠭᠡᠳᠦᠭᠡᠷ ᠵᠦᠢᠯ ᠰᠢᠯᠢᠳᠡᠭ ᠲᠠᠮᠢᠷᠴᠢᠨ ᠢ ᠤᠷᠢᠵᠤ ᠬᠡᠷᠡᠭᠯᠡᠬᠦ ᠶᠢ ᠲᠠᠮᠢᠷᠴᠢᠳ ᠤᠨ ᠣᠷᠣᠨ | ᠲᠤᠭ᠎ᠠ ᠶᠢᠨ ᠳᠣᠲᠣᠷ᠎ᠠ ᠬᠢᠵᠦ᠂ ᠡᠯᠰᠡᠬᠦ ᠠᠵᠢᠯ ᠨᠢ ᠢᠯᠡ ᠲᠣᠳᠣ᠂ ᠡᠷᠬᠡ ᠲᠡᠭᠰᠢ᠂ ᠦᠷᠦᠰᠦᠯᠳᠦᠬᠦ᠂ | ᠰᠢᠯᠢᠳᠡᠭ ᠢ ᠨᠢ ᠰᠣᠩᠭᠤᠬᠤ᠂ ᠰᠢᠨᠵᠢᠯᠡᠬᠦ ᠤᠬᠠᠭᠠᠨᠴᠢ᠂ ᠵᠢᠷᠤᠮᠵᠢᠭᠰᠠᠨ ᠵᠠᠷᠴᠢᠮ ᠢ ᠵᠢᠷᠤᠮᠯᠠᠵᠤ᠂ ᠠᠵᠢᠯ | ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ | ᠭᠦᠢᠴᠡᠳᠬᠡᠨ᠎ᠡ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠨᠢ ᠲᠠᠮᠢᠷᠴᠢᠨ ᠡᠯᠰᠡᠬᠦ ᠠᠵᠢᠯ ᠢ ᠵᠢᠯᠤᠭᠤᠳᠤᠨ ᠬᠢᠨᠠᠯᠲᠠ ᠲᠠᠯᠪᠢᠨ᠎ᠠ︔ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠪᠣᠳᠠᠲᠤ | ᠪᠠᠶᠢᠳᠠᠯ ᠢ ᠦᠨᠳᠦᠰᠦᠯᠡᠨ᠂ ᠰᠢᠯᠢᠳᠡᠭ ᠲᠠᠮᠢᠷᠴᠢᠨ ᠤ ᠡᠩᠨᠡᠭᠡ ᠶᠢᠨ ᠲᠠᠮᠢᠷᠴᠢᠨ ᠤ ᠤᠷᠢᠵᠤ ᠬᠡᠷᠡᠭᠯᠡᠬᠦ ᠪᠠᠷᠢᠮᠵᠢᠶ᠎ᠠ ᠶᠢ | ᠲᠣᠭᠲᠠᠭᠠᠨ᠎ᠠ᠃ ᠪᠣᠳᠠᠲᠠᠶ ᠪᠠᠷᠢᠮᠵᠢᠶ᠎ᠠ ᠨᠢ ᠲᠥᠷᠥᠯ ᠵᠦᠢᠯ ᠤᠨ ᠣᠨᠴᠠᠯᠢᠭ ᠪᠣᠯᠤᠨ ᠲᠠᠮᠢᠷᠴᠢᠨ ᠤ ᠴᠢᠳᠠᠪᠤᠷᠢᠲᠠᠨ | ᠪᠣᠯᠬᠤ ᠵᠢᠮ᠎ᠡ ᠬᠠᠤᠯᠢ ᠶᠢ ᠢᠯᠡᠷᠡᠭᠦᠯᠵᠦ᠂ ᠡᠷᠡᠭᠦᠯ ᠮᠡᠨᠳᠦ ᠶᠢᠨ ᠪᠠᠶᠢᠳᠠᠯ᠂ ᠪᠡᠶ᠎ᠡ ᠶᠢᠨ ᠬᠡᠯᠪᠡᠷᠢ ᠪᠠᠶᠢᠳᠠᠯ᠂ | ᠲᠤᠰᠬᠠᠶ ᠮᠡᠷᠭᠡᠵᠢᠯ ᠤᠨ ᠴᠢᠳᠠᠪᠤᠷᠢ᠂ ᠰᠣᠶᠣᠯ ᠤᠨ ᠬᠢᠷᠢ ᠬᠡᠮᠵᠢᠶ᠎ᠡ ᠵᠡᠷᠭᠡ ᠠᠭᠤᠯᠭ᠎ᠠ ᠪᠠᠭᠲᠠᠨ᠎ᠠ᠃ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠰᠢᠯᠢᠳᠡᠭ ᠲᠠᠮᠢᠷᠴᠢᠨ ᠡᠯᠰᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠲᠣᠪᠴᠢᠶ᠎ᠠ ᠡᠯᠰᠡᠨ ᠬᠡᠷᠡᠭᠯᠡᠬᠦ ᠨᠥᠬᠦᠴᠡᠯ ᠢ ᠦᠨᠳᠦᠰᠦᠯᠡᠨ᠂ ᠪᠠᠷᠢᠮᠵᠢᠶ᠎ᠠ ᠪᠣᠯᠤᠨ ᠱᠠᠭᠠᠷᠳᠠᠯᠭ᠎ᠠ | ᠶᠣᠰᠣᠭᠠᠷ᠂ ᠰᠢᠯᠭᠠᠯᠲᠠ ᠬᠢᠬᠦ᠂ ᠬᠢᠨᠠᠨ ᠰᠢᠯᠭᠠᠬᠤ ᠠᠷᠭ᠎ᠠ ᠪᠠᠷ ᠶᠠᠪᠤᠭᠳᠠᠭᠤᠯᠤᠨ᠎ᠠ᠃ | ᠠᠷᠪᠠᠨ ᠭᠤᠷᠪᠠᠳᠤᠭᠠᠷ ᠵᠦᠢᠯ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠨᠢᠭᠡᠴᠡ ᠵᠢᠯ ᠪᠦᠷᠢ ᠶᠢᠨ 11 | ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠡᠶ᠎ᠡ ᠶᠢᠨ ᠲᠠᠮᠢᠷ ᠤᠨ ᠳᠦᠷᠦᠯ ᠵᠦᠢᠯ ᠤᠨ ᠬᠥᠭᠵᠢᠯᠲᠡ ᠶᠢᠨ | ᠣᠳᠣᠬᠢ ᠪᠠᠶᠢᠳᠠᠯ᠂ ᠪᠣᠳᠠᠲᠤ ᠬᠡᠷᠡᠭᠴᠡᠭᠡ᠂ ᠲᠠᠮᠢᠷᠴᠢᠨ ᠤ ᠣᠷᠣᠨ ᠲᠤᠭ᠎ᠠ ᠶᠢᠨ ᠪᠠᠶᠢᠳᠠᠯ ᠢ ᠦᠨᠳᠦᠰᠦᠯᠡᠨ᠂ | ᠳᠠᠷᠠᠭ᠎ᠠ ᠵᠢᠯ ᠤᠨ ᠰᠢᠯᠢᠳᠡᠭ ᠲᠠᠮᠢᠷᠴᠢᠨ ᠤᠷᠢᠬᠤ ᠲᠥᠯᠥᠪᠯᠡᠭᠡ ᠶᠢ ᠨᠠᠶᠢᠷᠠᠭᠤᠯᠤᠨ ᠮᠡᠳᠡᠭᠦᠯᠬᠦ ᠬᠡᠷᠡᠭᠲᠡᠶ᠂ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠠᠷ ᠬᠢᠨᠠᠨ ᠵᠦᠪᠰᠢᠶᠡᠷᠡᠭᠦᠯᠬᠦ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠬᠡᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ | ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠣᠨ ᠤ ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠣᠭᠲᠠᠭᠠᠭᠰᠠᠨ ᠵᠢᠷᠤᠮ ᠶᠣᠰᠣᠭᠠᠷ ᠬᠢᠨᠠᠨ | ᠵᠥᠪᠰᠢᠶᠡᠷᠡᠭᠰᠡᠨ ᠤ ᠳᠠᠷᠠᠭ᠎ᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠭᠦᠨ ᠳᠤ᠂ ᠪᠦᠬᠦᠯᠢ 16 ᠨᠠᠰᠤ | ᠬᠦᠷᠦᠭᠡᠳᠦᠢ ᠰᠢᠯᠢᠳᠡᠭ ᠲᠠᠮᠢᠷᠴᠢᠨ ᠢ ᠤᠷᠢᠵᠤ ᠬᠡᠷᠡᠭᠯᠡᠬᠦ ᠳᠤ᠂ ᠲᠡᠭᠦᠨ ᠤ ᠬᠢᠨᠠᠨ ᠬᠠᠮᠠᠭᠠᠯᠠᠭᠴᠢ ᠶᠢᠨ | ᠵᠥᠪᠰᠢᠶᠡᠷᠡᠯ ᠢ ᠤᠯᠬᠤ ᠴᠢᠬᠤᠯᠠᠲᠠᠶ᠂ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠮᠡᠳᠡᠭᠦᠯᠵᠦ ᠵᠦᠪᠰᠢᠶᠡᠷᠡᠬᠦᠯᠦᠨ᠎ᠡ᠃ | ᠠᠷᠪᠠᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠷᠢᠨ ᠬᠡᠷᠡᠭᠯᠡᠬᠦ ᠠᠵᠢᠯ ᠤᠨ ᠵᠢᠷᠤᠮ ᠢ ᠵᠢᠷᠤᠮᠵᠢᠭᠤᠯᠵᠤ᠂ ᠲᠠᠮᠢᠷᠴᠢᠨ ᠢ ᠤᠷᠢᠨ | ᠬᠡᠷᠡᠭᠯᠡᠬᠦ ᠠᠵᠢᠯ ᠤᠨ ᠢᠯᠡ ᠨᠡᠶᠢᠲᠡᠯᠡᠬᠦ ᠲᠦᠷᠢᠮ ᠢ ᠲᠡᠭᠦᠯᠳᠡᠷᠵᠢᠬᠦᠯᠦᠨ᠎ᠡ᠃ ᠣᠯᠠᠨ ᠨᠡᠶᠢᠳᠡ ᠳᠤ ᠵᠠᠷᠯᠠᠨ | ᠳᠠᠭᠤᠰᠤᠭᠰᠠᠨ ᠤ ᠳᠠᠷᠠᠭ᠎ᠠ᠂ ᠺᠠᠳ᠋ᠷ ᠠᠵᠢᠯᠳᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ | ᠪᠣᠯᠤᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠢᠨᠠᠨ | ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠵᠥᠪᠰᠢᠶᠡᠷᠡᠯ ᠢ ᠣᠯᠤᠭᠰᠠᠨ ᠤ ᠳᠠᠷᠭ᠎ᠠ᠂ ᠡᠯ᠎ᠡ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠨᠢᠭᠡᠴᠢ ᠪᠣᠯᠤᠨ ᠰᠢᠯᠢᠳᠡᠭ ᠲᠠᠮᠢᠷᠴᠢᠨ ᠤᠷᠢᠨ ᠬᠡᠷᠡᠭᠯᠡᠬᠦ ᠭᠡᠷ᠎ᠡ ᠲᠣᠭᠲᠠᠵᠤ᠂ ᠬᠤᠶᠠᠷ ᠡᠲᠡᠭᠡᠳ ᠤᠨ | ᠡᠷᠬᠡ᠂ ᠡᠭᠦᠷᠭᠡ ᠵᠢᠴᠢ ᠪᠤᠰᠤᠳ ᠬᠤᠯᠪᠣᠭᠳᠠᠯ ᠪᠦᠬᠦᠢ ᠵᠦᠢᠯᠡᠰ ᠢ ᠲᠣᠳᠣᠷᠬᠠᠢ ᠪᠣᠯᠭᠠᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠲᠤᠷᠰᠢᠨ ᠪᠣᠯᠪᠠᠰᠤᠷᠠᠭᠤᠯᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ | ᠤᠷᠢᠵᠤ ᠬᠡᠷᠡᠭᠯᠡᠬᠦ ᠪᠠᠷᠢᠮᠵᠢᠶ᠎ᠠ ᠳᠤ ᠨᠡᠶᠢᠴᠡᠭᠰᠡᠨ ᠲᠠᠮᠢᠷᠴᠢᠨ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠯᠢᠳᠡᠭ | ᠲᠠᠮᠢᠷᠴᠢᠨ ᠢ ᠤᠷᠢᠵᠤ ᠬᠡᠷᠡᠭᠯᠡᠬᠦ ᠭᠠᠷ ᠭᠦᠢᠴᠡᠳᠬᠡᠯ ᠬᠢᠬᠦ ᠬᠡᠷᠡᠭᠲᠡᠶ᠂ ᠲᠡᠭᠦᠨ ᠤ ᠬᠠᠮᠤᠭ ᠰᠡᠭᠦᠯ ᠤᠨ ᠤᠳᠠᠭᠠᠨ ᠤ | ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠨᠢᠭᠡᠴᠢ ᠳᠤ ᠲᠤᠷᠰᠢᠨ ᠪᠣᠯᠪᠠᠰᠤᠷᠠᠯ ᠬᠢᠭᠰᠡᠨ ᠴᠠᠭ ᠢ ᠦᠷᠭᠦᠯᠵᠢᠯᠡᠭᠰᠡᠨ | ᠠᠵᠢᠯᠯᠠᠭᠰᠠᠨ ᠵᠢᠯ ᠬᠤᠭᠤᠴᠠᠭ᠎ᠠ ᠪᠠᠷ ᠪᠣᠳᠣᠵᠤ ᠪᠣᠯᠣᠨ᠎ᠠ︔ ᠲᠤᠷᠰᠢᠨ ᠪᠣᠯᠪᠠᠰᠤᠷᠠᠭᠤᠯᠬᠤ ᠬᠤᠭᠤᠴᠠᠭ᠎ᠠ ᠳᠠᠭᠤᠰᠴᠤ | ᠪᠠᠷᠢᠮᠵᠢᠶ᠎ᠠ ᠳᠤ ᠬᠦᠷᠦᠭᠰᠡᠨ ᠦᠭᠡᠢ ᠲᠠᠮᠢᠷᠴᠢᠨ ᠨᠢ ᠤᠷᠢᠨ ᠬᠡᠷᠡᠭᠯᠡᠬᠦ ᠭᠠᠷ ᠭᠦᠢᠴᠡᠳᠬᠡᠯ ᠬᠢᠵᠦ ᠪᠣᠯᠬᠤ ᠦᠭᠡᠢ᠂ | ᠪᠣᠯᠪᠠᠰᠤᠷᠠᠯ ᠤᠨ ᠪᠠᠶᠢᠭᠤᠯᠤᠯᠭ᠎ᠠ ᠨᠢ ᠪᠢᠴᠢᠭ ᠤᠨ ᠬᠡᠯᠪᠡᠷᠢ ᠪᠠᠷ ᠲᠤᠷᠰᠢᠨ ᠪᠣᠯᠪᠠᠰᠤᠷᠠᠭᠤᠯᠬᠤ ᠲᠠᠮᠢᠷᠴᠢᠨ ᠤ ᠲᠣᠰ | ᠬᠥᠮᠦᠨ ᠵᠢᠴᠢ ᠤᠤᠯ ᠤᠨ ᠨᠢᠭᠡᠴᠢ ᠳᠤ ᠮᠡᠳᠡᠭᠳᠡᠨ᠎ᠡ᠂ ᠲᠤᠷᠰᠢᠨ ᠪᠣᠯᠪᠠᠰᠤᠷᠠᠭᠤᠯᠬᠤ ᠬᠢᠭᠡᠳ ᠬᠠᠮᠢᠶ᠎ᠠ ᠪᠥᠬᠦᠢ | ᠣᠯᠭᠤᠮᠵᠢ ᠳᠠᠭᠤᠰᠪᠠᠯ᠂ ᠲᠤᠷᠰᠢᠨ ᠪᠣᠯᠪᠠᠰᠤᠷᠠᠭᠤᠯᠬᠤ ᠲᠠᠮᠢᠷᠴᠢᠨ ᠤᠤᠯ ᠤᠨ ᠨᠢᠭᠡᠴᠢ ᠪᠤᠶᠤ ᠰᠠᠭᠤᠵᠤ ᠪᠠᠶᠢᠭ᠎ᠠ | ᠭᠠᠵᠠᠷ ᠲᠤ ᠪᠤᠴᠠᠨ᠎ᠠ᠃ | | ᠳᠥᠷᠪᠡᠳᠦᠭᠡᠷ ᠪᠦᠯᠦᠭ ᠰᠢᠯᠢᠳᠡᠭ ᠲᠠᠮᠢᠷᠴᠢᠨ ᠤ ᠪᠣᠯᠪᠠᠰᠤᠷᠠᠯ | | ᠠᠷᠪᠠᠨ ᠵᠢᠷᠭᠤᠳᠤᠭᠠᠷ ᠵᠦᠢᠯ ᠰᠢᠯᠢᠳᠡᠭ ᠲᠠᠮᠢᠷᠴᠢᠨ ᠤ ᠠᠵᠢᠯ ᠤᠨ ᠪᠠᠶᠢᠷᠢ ᠶᠢᠨ ᠬᠠᠮᠢᠶᠠᠷᠤᠯᠲᠠ᠃ | ᠰᠢᠯᠢᠳᠡᠭ ᠲᠠᠮᠢᠷᠴᠢᠨ ᠤ ᠠᠵᠢᠯ ᠤᠨ ᠪᠠᠶᠢᠷᠢ᠂ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ | ᠠᠵᠢᠯ ᠤᠨ ᠪᠠᠶᠢᠷᠢ᠂ ᠬᠠᠮᠢᠶᠠᠷᠤᠯᠲᠠ ᠶᠢᠨ ᠠᠵᠢᠯ ᠤᠨ ᠪᠠᠶᠢᠷᠢ᠂ ᠠᠵᠢᠯ ᠮᠡᠷᠭᠡᠵᠢᠯ ᠴᠢᠳᠠᠪᠤᠷᠢ ᠶᠢᠨ ᠠᠵᠢᠯ ᠤᠨ | ᠪᠠᠶᠢᠷᠢ ᠶᠢ ᠵᠡᠷᠭᠡ ᠪᠠᠷ ᠬᠠᠮᠢᠶᠠᠷᠴᠤ᠂ ᠠᠵᠢᠯ ᠤᠨ ᠪᠠᠶᠢᠷᠢ ᠶᠢᠨ ᠵᠡᠷᠭᠡ ᠳᠡᠰ ᠢ ᠢᠯᠭᠠᠬᠤ ᠦᠭᠡᠢ᠂ ᠳᠣᠲᠣᠭᠠᠳᠤ | ᠪᠦᠲᠦᠴᠡ ᠶᠢᠨ ᠬᠠᠷᠢᠴᠠᠯ ᠢ ᠬᠢᠵᠠᠭᠠᠷᠯᠠᠬᠤ ᠦᠭᠡᠢ᠃ ᠡᠯ᠎ᠡ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠨᠢᠭᠡᠴᠢ ᠨᠢ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠤᠰᠤᠭᠠᠷ ᠰᠢᠯᠢᠳᠡᠭ ᠲᠠᠮᠢᠷᠴᠢᠨ ᠤ ᠬᠠᠮᠢᠶᠠᠷᠤᠯᠲᠠ᠂ ᠰᠢᠯᠭᠠᠨ | ᠬᠢᠨᠠᠬᠤ ᠠᠷᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠯᠢᠳᠡᠭ ᠲᠠᠮᠢᠷᠴᠢᠳ ᠤᠨ ᠬᠢᠨᠠᠮᠠᠭᠠᠶ ᠰᠤᠷᠤᠯᠴᠠᠵᠤ᠂ | ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠵᠤ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢᠨ | ᠱᠠᠭᠠᠷᠳᠠᠯᠭ᠎ᠠ ᠳᠤ ᠲᠣᠭᠲᠠᠭᠰᠠᠨ ᠶᠣᠰᠣᠭᠠᠷ ᠪᠣᠯᠪᠠᠰᠤᠷᠠᠯ ᠤᠨ ᠪᠠ ᠤᠷᠤᠯᠳᠤᠭᠠᠨ ᠤ ᠡᠭᠦᠷᠭᠡ ᠪᠠᠨ ᠪᠡᠶᠡᠯᠡᠬᠦᠯᠬᠦ ᠶᠢ | ᠱᠠᠭᠠᠷᠳᠠᠨ᠎ᠠ᠃ | ᠠᠷᠪᠠᠨ ᠳᠣᠯᠣᠳᠤᠭᠠᠷ ᠵᠦᠢᠯ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠨᠢᠭᠡᠴᠢ ᠨᠢ ᠰᠢᠨ᠎ᠡ ᠪᠠᠷ ᠤᠷᠢᠵᠤ | ᠬᠡᠷᠡᠭᠯᠡᠬᠦ ᠰᠢᠯᠢᠳᠡᠭ ᠲᠠᠮᠢᠷᠴᠢᠳ ᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠠ | ᠡᠩᠨᠡᠭᠡᠨ ᠳᠤ ᠣᠷᠣᠬᠤ ᠰᠤᠷᠭᠠᠨ ᠬᠥᠮᠦᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠂ ᠠᠭᠤᠯᠭ᠎ᠠ ᠳᠤ ᠳᠣᠣᠷᠠᠬᠢ | ᠵᠦᠢᠯᠡᠰ ᠪᠠᠭᠲᠠᠨ᠎ᠠ᠄ ᠬᠦᠰᠡᠯᠡᠩ ᠪᠠ ᠢᠲᠡᠭᠡᠯ ᠵᠣᠷᠢᠭ᠂ ᠬᠠᠤᠯᠢ ᠲᠣᠭᠲᠠᠭᠠᠯ᠂ ᠠᠵᠢᠯ ᠤᠨ ᠮᠣᠷᠠᠯ᠂ ᠠᠵᠢᠯ | ᠮᠡᠷᠭᠡᠵᠢᠯ ᠤᠨ ᠵᠢᠷᠤᠮᠵᠢᠯ᠂ ᠲᠥᠷᠥᠯ ᠵᠦᠢᠯ ᠤᠨ ᠣᠨᠴᠠᠯᠢᠭ᠂ ᠤᠷᠤᠯᠳᠤᠭᠠᠨ ᠤ ᠲᠦᠷᠢᠮ᠂ ᠳᠦᠷᠢᠮ ᠲᠣᠭᠲᠠᠭᠠᠯ᠂ | ᠴᠠᠯᠢᠩ ᠠᠰᠠᠷᠠᠮᠵᠢ᠂ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ᠂ ᠠᠮᠤᠷ ᠲᠦᠪᠰᠢᠨ ᠤ ᠮᠡᠳᠡᠯᠭᠡ᠂ | ᠬᠥᠭᠡᠷᠦᠭᠦᠯᠦᠭᠴᠢ ᠡᠮ ᠬᠡᠷᠡᠭᠯᠡᠬᠦ ᠶᠢ ᠡᠰᠡᠷᠭᠦᠴᠡᠬᠦ ᠵᠡᠷᠭᠡ᠂ ᠰᠢᠯᠢᠳᠡᠭ ᠲᠠᠮᠢᠷᠴᠢᠨ ᠤ ᠥᠪᠡᠷ ᠤᠨ ᠡᠷᠬᠡ ᠪᠠ | ᠡᠭᠦᠷᠭᠡ ᠪᠠᠨ ᠲᠣᠳᠣᠷᠬᠠᠶ ᠪᠣᠯᠭᠠᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠢᠷᠠᠭᠤ ᠠᠯᠳᠠᠷ ᠤᠨ ᠲᠥᠯᠥᠭᠡ | ᠲᠡᠮᠡᠴᠡᠬᠦ ᠬᠦᠰᠡᠯᠡᠩ ᠪᠠ ᠢᠲᠡᠭᠡᠯ ᠵᠣᠷᠢᠭ ᠢ ᠨᠢ ᠪᠠᠲᠤ ᠪᠠᠬᠢ ᠪᠣᠢ ᠪᠣᠯᠭᠠᠨ ᠪᠠᠲᠤᠳᠬᠠᠬᠤ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠨᠢᠭᠡᠴᠢ ᠰᠢᠨᠵᠢᠯᠡᠬᠦ ᠤᠬᠠᠭᠠᠨᠴᠢ ᠪᠠᠷ | ᠪᠣᠯᠪᠠᠰᠤᠷᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠨ᠂ ᠲᠤᠰ ᠲᠦᠷᠦᠯ ᠵᠦᠢᠯ ᠤᠨ ᠬᠥᠭᠵᠢᠯᠲᠡ | ᠵᠢᠮ᠎ᠡ ᠶᠣᠰᠣ ᠂ ᠤᠷᠤᠯᠳᠤᠭᠠᠨ ᠤ ᠲᠦᠷᠢᠮ ᠢ ᠦᠨᠳᠦᠰᠦᠯᠡᠨ᠂ ᠰᠢᠯᠢᠳᠡᠭ ᠲᠠᠮᠢᠷᠴᠢᠨ ᠤ ᠪᠣᠯᠪᠠᠰᠤᠷᠠᠯ᠂ | ᠤᠷᠤᠯᠳᠤᠭᠠᠨ ᠢ ᠵᠦᠢ ᠵᠣᠬᠢᠰᠲᠠᠶ ᠲᠣᠬᠢᠷᠠᠭᠤᠯᠵᠤ᠂ ᠲᠣᠭᠲᠠᠭᠠᠯ ᠶᠤᠰᠤᠭᠠᠷ ᠪᠣᠯᠪᠠᠰᠤᠷᠠᠯ ᠤᠨ ᠪᠠ ᠤᠷᠤᠯᠳᠤᠭᠠᠨ ᠤ | ᠡᠬᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠨᠢᠭᠡᠴᠢ ᠰᠢᠯᠢᠳᠡᠭ ᠲᠠᠮᠢᠷᠴᠢᠨ ᠤ | ᠳᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠬᠦᠯᠦᠨ᠎ᠡ᠃ ᠡᠭᠦᠨ ᠳᠤ᠄ ᠠᠵᠢᠯᠲᠠᠨ ᠤ ᠶᠠᠪᠤᠳᠠᠯ ᠤᠨ ᠲᠠᠩᠰᠠ | ᠡᠪᠬᠡᠮᠡᠯ᠂ ᠬᠥᠳᠡᠯᠭᠡᠭᠡᠨ ᠤ ᠮᠡᠷᠭᠡᠵᠢᠯ ᠤᠨ ᠳᠠᠩᠰᠠ ᠡᠪᠬᠡᠮᠡᠯ᠂ ᠨᠡᠶᠢᠭᠡᠮ ᠤᠨ ᠳᠠᠭᠠᠳᠬᠠᠯ ᠤᠨ ᠰᠠᠭᠤᠷᠢ ᠳᠠᠩᠰᠠ | ᠡᠪᠬᠡᠮᠡᠯ᠂ ᠰᠣᠶᠣᠯ ᠤᠨ ᠰᠤᠷᠤᠯᠴᠠᠯᠭ᠎ᠠ ᠶᠢᠨ ᠨᠠᠮᠲᠠᠷ ᠤᠨ ᠲᠠᠩᠰᠠ ᠡᠪᠬᠡᠮᠡᠯ᠂ ᠡᠷᠡᠭᠦᠯ ᠮᠡᠨᠳᠦ ᠶᠢᠨ ᠪᠡᠶ᠎ᠡ ᠶᠢᠨ | ᠪᠠᠶᠢᠴᠠᠭᠠᠯᠲᠠ ᠶᠢᠨ ᠳᠠᠩᠰᠠ ᠡᠪᠬᠡᠮᠡᠯ ᠵᠡᠷᠭᠡ ᠪᠠᠭᠲᠠᠨ᠎ᠠ᠃ | ᠬᠤᠷᠢᠳᠤᠭᠠᠷ ᠵᠦᠢᠯ ᠰᠢᠯᠢᠳᠡᠭ ᠲᠠᠮᠢᠷᠴᠢᠨ ᠤ ᠰᠣᠶᠣᠯ ᠰᠤᠷᠭᠠᠨ ᠬᠥᠮᠦᠵᠢᠯ ᠤᠨ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ᠂ ᠰᠢᠯᠢᠳᠡᠭ ᠲᠠᠮᠢᠷᠴᠢᠨ ᠤ ᠰᠣᠶᠣᠯ ᠰᠤᠷᠭᠠᠨ ᠬᠥᠮᠦᠵᠢᠯ ᠬᠦᠷᠲᠡᠬᠦ ᠡᠷᠬᠡ ᠶᠢ | ᠪᠠᠲᠤᠯᠠᠨ᠎ᠠ᠃ ᠰᠢᠯᠢᠳᠡᠭ ᠲᠠᠮᠢᠷᠴᠢᠨ ᠤ ᠪᠣᠯᠪᠠᠰᠤᠷᠠᠯ ᠤᠨ ᠬᠤᠭᠤᠴᠠᠭᠠᠨ ᠳᠤ ᠪᠣᠯᠪᠠᠰᠤᠷᠠᠯ ᠤᠨ ᠰᠠᠭᠤᠷᠢ ᠳᠡᠭᠡᠷ᠎ᠡ | ᠶᠡᠭᠡ ᠰᠤᠷᠭᠠᠭᠤᠯᠢ ᠳᠡᠭᠡᠳᠦ ᠰᠤᠷᠭᠠᠭᠤᠯᠢ ᠳᠤ ᠣᠷᠣᠵᠤ ᠰᠤᠷᠤᠯᠴᠠᠬᠤ ᠶᠢ ᠵᠣᠷᠢᠭᠵᠢᠭᠤᠯᠵᠤ᠂ ᠢᠳᠡᠪᠬᠢᠲᠡᠶ ᠪᠠᠷ | ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ | ᠰᠢᠯᠭᠠᠯᠲᠠ ᠬᠢᠬᠦ ᠦᠭᠡᠶ ᠪᠠᠷ ᠳᠡᠭᠡᠳᠦ ᠵᠡᠷᠭᠡ ᠶᠢᠨ ᠰᠤᠷᠭᠠᠭᠤᠯᠢ ᠳᠤ ᠣᠷᠤᠬᠤ ᠨᠦᠬᠦᠴᠡᠯ ᠪᠦᠷᠢᠯᠳᠦᠭᠰᠡᠨ ᠲᠠᠮᠢᠷᠴᠢᠨ | ᠢ ᠢᠳᠡᠪᠬᠢᠲᠡᠶ ᠲᠠᠨᠢᠯᠴᠠᠭᠤᠯᠬᠤ ᠪᠥᠭᠡᠳ ᠬᠤᠯᠪᠣᠭᠳᠠᠯ ᠪᠦᠬᠦᠢ ᠭᠠᠷ ᠭᠦᠢᠴᠡᠳᠬᠡᠯ ᠢ ᠭᠦᠢᠴᠡᠳᠬᠡᠬᠦ ︵ᠤᠯᠤᠰ ᠤᠨ | ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ︽ᠰᠢᠯᠢᠳᠡᠭ ᠲᠠᠮᠢᠷᠴᠢᠨ ᠰᠢᠯᠭᠠᠬᠤ ᠥᠬᠡᠶ ᠪᠠᠷ ᠳᠡᠭᠡᠳᠦ | ᠵᠡᠷᠭᠡ ᠶᠢᠨ ᠰᠤᠷᠭᠠᠭᠤᠯᠢ ᠳᠤ ᠣᠷᠣᠵᠤ ᠰᠤᠷᠤᠯᠴᠠᠬᠤ ᠶᠢ ᠵᠢᠷᠤᠮᠵᠢᠭᠤᠯᠬᠤ ᠲᠤᠬᠠᠶ ᠬᠤᠯᠪᠣᠭᠳᠠᠯ ᠪᠦᠬᠦᠢ | ᠵᠦᠢᠯᠡᠰ ᠤᠨ ᠲᠤᠬᠠᠶ ᠮᠡᠳᠡᠭᠳᠡᠯ︾ ᠪᠡᠶ᠎ᠡ ᠰᠠᠯᠠᠭ᠎ᠠ ᠦᠰᠦᠭ[ 2007 ] 25 ᠳ᠋ᠤᠭᠠᠷ ᠲᠣᠭᠠᠲᠤ︶᠃ | ᠬᠤᠷᠢᠨ ᠨᠢᠭᠡᠳᠦᠭᠡᠷ ᠵᠦᠢᠯ ᠰᠢᠯᠢᠳᠡᠭ ᠲᠠᠮᠢᠷᠴᠢᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ | ᠲᠣᠭᠲᠠᠭᠠᠭᠰᠠᠨ ᠴᠠᠯᠢᠩ ᠤᠨ ᠬᠠᠷᠠᠭᠠᠯᠵᠠᠯ ᠢ ᠬᠦᠷᠲᠡᠬᠦ ᠡᠷᠭᠡ ᠲᠠᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠣᠷᠣᠯᠴᠠᠵᠤ᠂ ᠨᠡᠶᠢᠭᠡᠮ ᠤᠨ | ᠳᠠᠭᠠᠳᠬᠠᠯ ᠤᠨ ᠣᠯᠭᠤᠮᠵᠢ ᠬᠠᠷᠠᠭᠠᠯᠵᠠᠯ ᠢ ᠡᠳ᠋ᠯᠡᠬᠦ ᠶᠢᠨ ᠬᠠᠮᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠤᠯ ᠤᠨ ᠮᠥᠩᠭᠦ ᠵᠡᠷᠭᠡ ᠨᠡᠶᠢᠭᠡᠮ ᠤᠨ ᠪᠠᠲᠤᠯᠠᠭ᠎ᠠ ᠶᠢᠨ ᠬᠠᠷᠠᠭᠠᠯᠵᠠᠯ ᠢ ᠬᠦᠷᠳᠡᠨ᠎ᠠ᠃ | | ᠲᠠᠪᠤᠳᠤᠭᠠᠷ ᠪᠦᠯᠦᠭ ᠰᠢᠯᠢᠳᠡᠭ ᠲᠠᠮᠢᠷᠴᠢᠨ ᠤ ᠪᠣᠯᠪᠠᠰᠤᠷᠠᠯ ᠬᠢᠬᠦ ᠪᠠᠨ ᠵᠣᠭᠰᠣᠬᠤ | | ᠬᠤᠷᠢᠨ ᠬᠤᠶᠠᠳᠤᠭᠠᠷ ᠵᠦᠢᠯ ᠰᠢᠯᠢᠳᠡᠭ ᠲᠠᠮᠢᠷᠴᠢᠨ ᠪᠣᠯᠵᠤ ᠪᠡᠶ᠎ᠡ᠂ ᠮᠡᠷᠭᠡᠵᠢᠯ᠂ ᠨᠠᠰᠤ ᠠᠬᠢᠭᠰᠠᠨ ᠵᠡᠷᠭᠡ | ᠰᠢᠯᠲᠠᠭᠠᠨ ᠠᠴᠠ ᠪᠤᠯᠵᠤ᠂ ᠦᠷᠭᠦᠯᠵᠢᠯᠡᠨ ᠲᠤᠰᠬᠠᠶ ᠪᠣᠯᠪᠠᠰᠤᠷᠠᠯ ᠬᠢᠵᠦ ᠪᠣᠯᠬᠤ ᠦᠭᠡᠢ ᠦᠶ᠎ᠡ ᠳᠤ ᠪᠡᠶ᠎ᠡ ᠶᠢᠨ | ᠲᠠᠮᠢᠷ ᠤᠨ ᠪᠣᠯᠪᠠᠰᠤᠷᠠᠯ ᠤᠨ ᠨᠢᠭᠡᠴᠢ ᠪᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ ᠪᠣᠯᠪᠠᠰᠤᠷᠠᠯ ᠬᠢᠬᠦ ᠪᠠᠨ ᠵᠣᠭᠰᠣᠨ᠎ᠠ᠃ ᠤᠷᠢᠨ ᠬᠡᠷᠡᠭᠯᠡᠬᠦ ᠬᠤᠭᠤᠴᠠᠭ᠎ᠠ ᠨᠢ | ᠪᠦᠬᠦᠯᠢ 2 ᠵᠢᠯ ᠪᠣᠯᠤᠭ᠎ᠠ ᠦᠭᠡᠢ ᠰᠢᠯᠢᠳᠡᠭ ᠲᠠᠮᠢᠷᠴᠢᠨ ᠤᠴᠢᠷ ᠰᠢᠯᠲᠠᠭᠠᠨ ᠦᠭᠡᠢ ᠪᠠᠷ ᠪᠣᠯᠪᠠᠰᠤᠷᠠᠯ ᠬᠢᠬᠦ᠂ | ᠠᠵᠢᠯ ᠠᠴᠠ ᠪᠠᠭᠤᠵᠤ ᠪᠣᠯᠬᠤ ᠦᠭᠡᠢ᠂ ᠣᠨᠴᠠᠭᠠᠶ ᠪᠠᠶᠢᠳᠠᠯ ᠲᠠᠢ ᠪᠣᠯᠵᠤ ᠤᠷᠢᠳᠠᠪᠠᠷ ᠪᠣᠯᠪᠠᠰᠤᠷᠠᠯ ᠬᠢᠬᠦ ᠪᠠᠨ | ᠵᠣᠭᠰᠣᠬᠤ᠂ ᠠᠵᠢᠯ ᠠᠴᠠ ᠪᠠᠭᠤᠬᠤ ᠳᠤ ᠬᠦᠷᠪᠡᠯ᠂ ᠡᠷᠬᠡᠪᠰᠢ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠤ | ᠪᠢᠴᠢᠭ ᠤᠨ ᠬᠡᠯᠪᠡᠷᠢ ᠪᠠᠷ ᠬᠡᠷᠡᠴᠢᠯᠡᠵᠦ᠂ᠭᠤᠶᠤᠴᠢᠯᠠᠨ ᠵᠥᠪᠰᠢᠶᠡᠷᠡᠭᠦᠯᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠰᠢᠯᠢᠳᠡᠭ ᠲᠠᠮᠢᠷᠴᠢᠨ ᠳᠤᠷ᠎ᠠ ᠪᠠᠷ ᠢᠶᠠᠨ ᠡᠩᠨᠡᠭᠡᠨ ᠠᠴᠠ ᠰᠠᠯᠬᠤ᠂ | ᠳᠤᠷ᠎ᠠ ᠪᠠᠷ ᠢᠶᠠᠨ ᠪᠣᠯᠪᠠᠰᠤᠷᠠᠯ ᠬᠢᠬᠦ ᠪᠠᠨ ᠵᠣᠭᠰᠣᠵᠤ ᠳᠠᠷᠠᠭᠠᠯᠠᠨ 15 ᠠᠵᠢᠯ ᠤᠨ ᠡᠳᠦᠷ ᠪᠣᠯᠣᠭᠰᠠᠨ᠂ ᠡᠰᠡᠬᠦᠯ᠎ᠡ | ᠨᠢᠭᠡ ᠵᠢᠯ ᠤᠨ ᠳᠣᠲᠣᠷ᠎ᠠ ᠨᠡᠶᠢᠳᠠ 30 ᠠᠵᠢᠯ ᠤᠨ ᠡᠳᠦᠷ ᠪᠣᠯᠤᠭᠰᠠᠨ ᠪᠣᠯ᠂ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠨᠢᠭᠡᠴᠢ ᠨᠢ ᠭᠤᠴᠢᠨ ᠡᠳᠦᠷ ᠤᠨ ᠡᠮᠦᠨ᠎ᠡ ᠲᠤᠰ ᠬᠥᠮᠦᠨ ᠳᠤ ᠮᠡᠳᠡᠭᠳᠡᠬᠦ ᠶᠢᠨ ᠪᠠᠶᠢᠳᠠᠯ ᠳᠣᠣᠷ᠎ᠠ | ᠤᠷᠢᠨ ᠬᠡᠷᠡᠭᠯᠡᠬᠦ ᠭᠡᠷ᠎ᠡ ᠶᠢ ᠴᠤᠴᠠᠯᠵᠤ ᠪᠣᠯᠤᠨ᠎ᠠ᠂ ᠬᠠᠷᠠᠭᠠᠯᠵᠠᠭᠰᠠᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠰᠢᠯᠢᠳᠡᠭ ᠲᠠᠮᠢᠷᠴᠢᠨ ᠪᠣᠯᠪᠠᠰᠤᠷᠠᠯ ᠬᠢᠬᠦ ᠪᠠᠨ ᠵᠣᠭᠰᠣᠭᠰᠠᠨ ᠤ ᠳᠠᠷᠠᠭ᠎ᠠ᠂ | ᠨᠢᠭᠡ ᠵᠢᠯ ᠠᠴᠠ ᠬᠡᠲᠦᠷᠡᠬᠦ ᠦᠭᠡᠢ ᠬᠤᠭᠤᠴᠠᠭᠠᠨ ᠳᠤ ᠲᠤᠬᠠᠶᠢᠯᠠᠭᠰᠠᠨ ᠠᠵᠢᠯ ᠢᠶᠠᠨ ᠰᠣᠯᠢᠬᠤ ᠰᠢᠯᠵᠢᠯᠲᠡ ᠶᠢᠨ | ᠬᠤᠭᠤᠴᠠᠭ᠎ᠠ ᠬᠠᠨᠭ᠍ᠭᠠᠨ᠎ᠠ ︵ᠵᠠᠷᠴᠢᠮ ᠳᠡᠭᠡᠷ᠎ᠡ ᠪᠠᠨ ᠲᠠᠮᠢᠷᠴᠢᠨ ᠠᠯᠪᠠᠨ ᠠᠴᠠ ᠪᠠᠭᠤᠬᠤ ᠶᠢ ᠵᠦᠪᠰᠢᠶᠡᠷᠡᠭᠰᠡᠨ | ᠳᠠᠷᠠᠭ᠎ᠠ ᠰᠠᠷ᠎ᠠ ᠠᠴᠠ ᠡᠬᠢᠯᠡᠨ᠂ ᠨᠢᠭᠡ ᠵᠢᠯ ᠢ ᠠᠵᠢᠯ ᠮᠡᠷᠭᠡᠵᠢᠯ ᠢᠶᠠᠨ ᠬᠤᠪᠢᠷᠠᠭᠤᠯᠬᠤ ᠰᠢᠯᠵᠢᠯᠲᠡ ᠶᠢᠨ | ᠬᠤᠭᠤᠴᠠᠭ᠎ᠠ ᠪᠣᠯᠭᠠᠨ᠎ᠠ︶᠃ ᠪᠣᠳᠠᠲᠠᠶ ᠬᠤᠭᠤᠴᠠᠭ᠎ᠠ ᠶᠢ ᠨᠢ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠨᠢᠭᠡᠴᠢ | ᠪᠣᠯᠤᠨ ᠰᠢᠯᠢᠳᠡᠭ ᠲᠠᠮᠢᠷᠴᠢᠨ ᠵᠥᠪᠳᠡᠯᠴᠡᠨ ᠲᠣᠭᠲᠠᠭᠠᠬᠤ ᠬᠡᠷᠡᠭᠲᠡᠶ᠃ ᠲᠤᠬᠠᠶᠢᠯᠠᠭᠰᠠᠨ ᠠᠵᠢᠯ ᠢᠶᠠᠨ ᠰᠣᠯᠢᠬᠤ | ᠰᠢᠯᠵᠢᠯᠲᠡ ᠶᠢᠨ ᠬᠤᠭᠤᠴᠠᠭ᠎ᠠ ᠨᠢ ᠤᠷᠢᠵᠤ ᠬᠡᠷᠡᠭᠯᠡᠭᠰᠡᠨ ᠭᠡᠷ᠎ᠡ ᠶᠢᠨ ᠬᠤᠭᠤᠴᠠᠭᠠᠨ ᠤ ᠳᠣᠲᠣᠷ᠎ᠠ ᠪᠠᠭᠲᠠᠨ᠎ᠠ᠂ ᠠᠵᠢᠯ | ᠮᠡᠷᠭᠡᠵᠢᠯ ᠢᠶᠠᠨ ᠬᠤᠪᠢᠷᠠᠭᠤᠯᠬᠤ ᠰᠢᠯᠵᠢᠯᠲᠡ ᠶᠢᠨ ᠬᠤᠭᠤᠴᠠᠭᠠᠨ ᠳᠤ ᠠᠵᠢᠯ ᠤᠨ ᠨᠠᠰᠣ ᠶᠢ ᠣᠷᠣᠭᠤᠯᠵᠤ ᠪᠤᠳᠦᠬᠤ | ᠤᠢᠭᠡᠢ᠂ ᠪᠡᠶ᠎ᠡ ᠶᠢᠨ ᠲᠠᠮᠢᠷ ᠤᠨ ᠨᠡᠮᠡᠭᠦᠷᠢ ᠮᠦᠡᠭᠭᠦ ᠵᠡᠷᠭᠡ ᠶᠢ ᠤᠬ ᠶᠣᠰᠣᠭᠠᠷ ᠨᠢ ᠥᠭᠭᠦᠨ᠎ᠡ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ | ᠣᠷᠣᠯᠴᠠᠬᠤ ᠪᠥᠭᠡᠳ ᠨᠡᠶᠢᠭᠡᠮ ᠤᠨ ᠳᠠᠭᠠᠳᠬᠠᠯ ᠵᠡᠷᠭᠡ ᠬᠦᠷᠲᠡᠮᠵᠢ ᠣᠯᠭᠤᠨ᠎ᠠ᠃ ᠲᠤᠬᠠᠶᠢᠯᠠᠭᠰᠠᠨ ᠠᠵᠢᠯ ᠢᠶᠠᠨ | ᠰᠣᠯᠢᠬᠤ ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠪᠣᠯᠪᠠᠰᠤᠷᠠᠯ ᠬᠢᠬᠦ ᠪᠠᠨ ᠵᠤᠭᠰᠤᠭᠰᠠᠨ | ᠲᠠᠮᠢᠷᠴᠢᠨ ᠳᠠᠬᠢᠨ ᠰᠢᠯᠢᠳᠡᠭ ᠲᠠᠮᠢᠷᠴᠢᠨ ᠤ ᠣᠷᠣᠨ ᠲᠤᠭ᠎ᠠ ᠶᠢ ᠬᠡᠷᠡᠭᠯᠡᠬᠦ ᠦᠭᠡᠢ᠂ ᠠᠵᠢᠯᠯᠠᠵᠤ ᠪᠠᠶᠢᠭ᠎ᠠ | ᠨᠢᠭᠡᠴᠡ ᠶᠢᠨ ᠬᠢᠨ ᠠᠵᠢᠯᠳᠠᠨ ᠤ ᠶᠠᠪᠤᠳᠠᠯ ᠬᠥᠳᠡᠯᠮᠦᠷᠢ ᠶᠢᠨ ᠬᠠᠷᠢᠴᠠᠭ᠎ᠠ ᠶᠢ ᠴᠠᠭ ᠲᠤᠬᠠᠶ ᠳᠤᠨᠢ ᠬᠦᠴᠦᠨ ᠦᠭᠡᠢ | ᠪᠣᠯᠭᠠᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠪᠣᠯᠪᠠᠰᠤᠷᠠᠯ ᠬᠢᠬᠦ ᠪᠠᠨ | ᠵᠣᠭᠰᠣᠬᠤ ᠪᠤᠶᠤ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠪᠤᠯᠵᠤ | ᠪᠣᠯᠪᠠᠰᠤᠷᠠᠯ ᠬᠢᠬᠦ ᠪᠠᠨ ᠵᠤᠭᠰᠤᠭᠰᠠᠨ ᠲᠠᠮᠢᠷᠴᠢᠨ ᠠᠵᠢᠯ ᠠᠴᠠ ᠪᠠᠭᠤᠭᠰᠠᠨ ᠨᠦᠬᠦᠪᠦᠷᠢ᠂ ᠪᠡᠶ᠎ᠡ ᠪᠠᠨ ᠳᠠᠭᠠᠭᠠᠵᠤ | ᠠᠵᠢᠯ ᠰᠣᠩᠭᠤᠬᠤ ᠠᠵᠤ ᠠᠬᠤᠶ ᠶᠢᠨ ᠲᠥᠯᠥᠪᠦᠷᠢ ᠶᠢᠨ ᠰᠦᠢᠳᠬᠡᠯ ᠪᠠ ᠠᠵᠢᠯ ᠮᠡᠷᠭᠡᠵᠢᠯ ᠢᠶᠠᠨ ᠬᠤᠪᠢᠷᠠᠭᠤᠯᠬᠤ | ᠰᠢᠯᠵᠢᠯᠲᠡ ᠶᠢᠨ ᠦᠶ᠎ᠡ ᠶᠢᠨ ᠨᠦᠬᠦᠪᠦᠷᠢ ᠶᠢ ᠬᠦᠷᠲᠡᠵᠦ ᠪᠣᠯᠬᠤ ᠦᠭᠡᠢ᠃ | ᠬᠤᠷᠢᠨ ᠵᠢᠷᠭᠤᠳᠤᠭᠠᠷ ᠵᠦᠢᠯ ᠰᠢᠯᠢᠳᠡᠭ ᠲᠠᠮᠢᠷᠴᠢᠳ ᠤᠨ ᠠᠵᠢᠯ ᠮᠡᠷᠭᠡᠵᠢᠯ ᠢᠶᠠᠨ ᠬᠤᠪᠢᠷᠠᠭᠤᠯᠬᠤ | ᠰᠢᠯᠵᠢᠯᠲᠡ ᠶᠢᠨ ᠦᠶ᠎ᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠵᠣᠬᠢᠶᠠᠨ ᠪᠠᠶᠢᠭᠤᠯᠬᠤ᠂ ᠨᠠᠶᠢᠳᠠᠬᠤ᠂ ᠰᠢᠯᠵᠢᠯᠲᠡ ᠶᠢᠨ | ᠬᠤᠭᠤᠴᠠᠭᠠᠨ ᠤ ᠪᠡᠶ᠎ᠡ ᠶᠢᠨ ᠲᠠᠮᠢᠷ ᠤᠨ ᠰᠢᠯᠢᠳᠡᠭ ᠲᠠᠮᠢᠷᠴᠢᠳ ᠤᠨ ᠠᠵᠢᠯ ᠮᠡᠷᠭᠡᠵᠢᠯ ᠢᠶᠠᠨ ᠬᠤᠪᠢᠷᠠᠭᠤᠯᠬᠤ ᠲᠤᠰᠬᠠᠶ | ᠤᠨᠤᠯ ᠤᠨ ᠮᠡᠳᠡᠯᠭᠡ᠂ ᠠᠵᠢᠯ ᠮᠡᠷᠭᠡᠵᠢᠯ ᠤᠨ ᠤᠷ᠎ᠠ ᠳᠡᠮ ᠤᠨ ᠪᠣᠯᠪᠠᠰᠤᠷᠠᠯ᠂ ᠠᠵᠢᠯ ᠲᠠᠨᠢᠯᠴᠠᠭᠤᠯᠬᠤ ᠵᠢᠯᠤᠭᠤᠳᠬᠤ | ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ ᠰᠤᠷᠭᠠᠨ ᠬᠦᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ | ᠨᠢᠭᠡᠴᠡ ᠡᠭᠦᠨ ᠳᠤ ᠢᠳᠡᠪᠬᠢᠲᠡᠶ ᠪᠠᠷ ᠳᠡᠮᠵᠢᠵᠦ᠂ ᠨᠢᠭᠲᠠ ᠬᠠᠮᠵᠢᠯᠴᠠᠬᠤ ᠬᠡᠷᠡᠭᠲᠡᠢ᠃ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠪᠣᠯᠤᠨ ᠪᠣᠯᠪᠠᠰᠤᠷᠠᠭᠤᠯᠤᠯ ᠤᠨ ᠠᠭᠤᠯᠭ᠎ᠠ ᠶᠢ ᠰᠢᠯᠢᠳᠡᠭ ᠲᠠᠮᠢᠷᠴᠢᠨ ᠤ ᠰᠣᠶᠣᠯ ᠰᠤᠷᠭᠠᠨ | ᠬᠥᠮᠦᠵᠢᠯ ᠤᠨ ᠵᠠᠪᠠᠯ ᠰᠤᠷᠬᠤ ᠬᠢᠴᠢᠶᠡᠯ ᠳᠤ ᠢᠳᠡᠭ ᠢᠳᠡᠭ ᠢᠶᠠᠷ ᠣᠷᠤᠭᠤᠯᠤᠨ᠎ᠠ᠃ ᠰᠢᠯᠵᠢᠯᠲᠡ ᠶᠢᠨ | ᠬᠤᠭᠤᠴᠠᠭᠠᠨ ᠳᠤ ᠪᠠᠶᠢᠭ᠎ᠠ ᠠᠯᠪᠠᠨ ᠠᠴᠠ ᠪᠠᠭᠤᠭᠰᠠᠨ ᠰᠢᠯᠢᠳᠡᠭ ᠲᠠᠮᠢᠷᠴᠢᠨ ᠤ ᠲᠤᠰ ᠬᠥᠮᠦᠨ ᠨᠢ ᠭᠤᠶᠤᠴᠢᠯᠠᠯ | ᠭᠠᠷᠭᠠᠵᠤ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠡᠷᠬᠢᠯᠡᠭᠰᠡᠨ ᠰᠢᠯᠢᠳᠡᠭ ᠲᠠᠮᠢᠷᠴᠢᠳ ᠤᠨ ᠠᠵᠢᠯ | ᠮᠡᠷᠭᠡᠵᠢᠯ ᠢᠶᠠᠨ ᠬᠤᠪᠢᠷᠠᠭᠤᠯᠬᠤ ᠪᠣᠯᠪᠠᠰᠤᠷᠠᠯ ᠤᠨ ᠠᠩᠭᠢ ᠂ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠲᠥᠪ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠯ᠎ᠡ ᠲᠦᠷᠦᠯ ᠤᠨ | ᠪᠣᠯᠪᠠᠰᠤᠷᠠᠯ ᠳᠤ ᠣᠷᠤᠯᠴᠠᠵᠤ ᠪᠣᠯᠬᠤ ᠪᠦᠭᠡᠳ ᠳᠠᠬᠢᠨ ᠠᠵᠢᠯ ᠣᠯᠭᠤᠬᠤ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠬᠦ | ᠬᠡᠷᠡᠭᠲᠡᠶ᠃ | | ᠵᠢᠷᠭᠤᠳᠤᠭᠠᠷ ᠪᠦᠯᠦᠭ ᠰᠢᠯᠢᠳᠡᠭ ᠲᠠᠮᠢᠷᠴᠢᠨ ᠠᠵᠢᠯ ᠠᠴᠠ ᠪᠠᠨ ᠪᠠᠭᠤᠬᠤ | | ᠬᠤᠷᠢᠨ ᠳᠣᠯᠣᠳᠤᠭᠠᠷ ᠵᠦᠢᠯ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠲᠤᠭ᠎ᠠ᠂ ᠡᠳ᠋ ᠤᠨ | ᠵᠠᠰᠠᠭ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠵᠣᠬᠢᠴᠠᠭᠤᠯᠤᠨ ᠨᠥᠬᠦᠴᠡᠯ | ᠪᠦᠷᠢᠯᠳᠦᠭᠦᠯᠵᠦ ᠥᠭᠬᠦ ᠬᠡᠷᠡᠭᠲᠡᠶ᠂ ᠠᠵᠢᠯ ᠣᠯᠭᠤᠬᠤ ᠠᠷᠭ᠎ᠠ ᠵᠠᠮ ᠢ ᠴᠢᠷᠮᠠᠶᠢᠨ ᠥᠷᠭᠡᠳᠬᠡᠵᠦ᠂ ᠠᠵᠢᠯ ᠠᠴᠠ | ᠪᠠᠭᠤᠭᠰᠠᠨ ᠰᠢᠯᠢᠳᠡᠭ ᠲᠠᠮᠢᠷᠴᠢᠨ ᠤ ᠠᠵᠢᠯ᠂ ᠠᠮᠢᠳᠤᠷᠠᠯ ᠢ ᠬᠠᠯᠠᠮᠵᠢᠯᠠᠬᠤ ᠭᠡᠷᠡᠭᠲᠡᠢ᠃ | ᠬᠤᠷᠢᠨ ᠨᠠᠢᠮᠠᠳᠤᠭᠠᠷ ᠵᠦᠢᠯ ᠰᠢᠯᠢᠳᠡᠭ ᠲᠠᠮᠢᠷᠴᠢᠨ ᠪᠠ ᠲᠠᠮᠢᠷ ᠤᠨ ᠪᠣᠯᠪᠠᠰᠤᠷᠠᠯ ᠤᠨ ᠨᠢᠭᠡᠴᠢ ᠤᠷᠢᠵᠤ | ᠬᠡᠷᠡᠭᠯᠡᠬᠦ ᠭᠡᠷ᠎ᠡ ᠪᠠᠨ ᠴᠤᠴᠠᠯᠠᠭᠰᠠᠨ ᠤ ᠳᠠᠷᠠᠭ᠎ᠠ᠂ ᠳᠣᠲᠣᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠨᠢ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠢ ᠬᠠᠪᠰᠤᠷᠴᠤ᠂ ᠠᠵᠢᠯ ᠠᠴᠠ ᠪᠠᠭᠤᠭᠰᠠᠨ ᠲᠠᠮᠢᠷᠴᠢᠨ ᠳᠤ ᠡᠷᠦᠬᠡ ᠠᠮᠠ ᠣᠷᠣᠭᠤᠯᠬᠤ᠂ | ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠪᠠ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ | ᠵᠣᠯᠭᠠᠭᠤᠯᠬᠤ ᠭᠠᠷ ᠭᠦᠢᠴᠡᠳᠬᠡᠯ ᠬᠢᠬᠦ ᠬᠡᠷᠡᠭᠲᠡᠶ᠃ | ᠬᠤᠷᠢ ᠶᠢᠰᠦᠳᠦᠭᠡᠷ ᠵᠦᠢᠯ ᠰᠢᠯᠢᠳᠡᠭ ᠲᠠᠮᠢᠷᠴᠢᠨ ᠠᠵᠢᠯ ᠠᠴᠠ ᠪᠠᠭᠤᠵᠤ ᠪᠡᠶ᠎ᠡ ᠪᠠᠨ ᠳᠠᠭᠠᠭᠠᠵᠤ ᠠᠵᠢᠯ | ᠰᠣᠩᠭᠤᠬᠤ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠲᠠᠮᠢᠷᠴᠢᠨ ᠤ ᠠᠩᠬᠢ ᠶᠢᠨ | ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠠᠵᠢᠯ ᠠᠴᠠ ᠪᠠᠭᠤᠭᠰᠠᠨ ᠲᠠᠮᠢᠷᠴᠢᠳ ᠤᠨ ᠠᠵᠤ ᠠᠬᠤᠶ ᠶᠢᠨ ᠨᠥᠬᠦᠪᠥᠷᠢ | ᠥᠭᠬᠦ ᠠᠷᠭ᠎ᠠ︾ ᠶᠢᠨ ᠶᠤᠰᠤᠭᠠᠷ᠂ ᠠᠵᠢᠯ ᠠᠴᠠ ᠪᠠᠭᠤᠭᠰᠠᠳ ᠤᠨ ᠵᠠᠷᠤᠳᠠᠯ ᠠᠪᠬᠤ ᠪᠠ ᠨᠢᠭᠡ ᠯᠡ ᠤᠳᠠᠭᠠᠨ ᠤ | ᠴᠢᠨᠠᠷᠲᠠᠶ ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠠᠵᠤ ᠠᠬᠤᠶ ᠶᠢᠨ ᠨᠥᠬᠦᠪᠥᠷᠢ ᠮᠥᠩᠭᠦ ᠥᠭᠬᠦ ᠬᠡᠷᠡᠭᠲᠡᠶ᠃ | ᠨᠢᠭᠡ ᠯᠡ ᠤᠳᠠᠭ᠎ᠠ ᠶᠢᠨ ᠴᠢᠨᠠᠷᠲᠠᠶ ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠠᠵᠤ ᠠᠬᠤᠶ ᠶᠢᠨ ᠨᠥᠬᠦᠪᠥᠷᠢ | ᠮᠥᠩᠭᠦ ᠥᠭᠬᠦ ᠵᠢᠷᠤᠮ᠂ ᠭᠠᠷ ᠭᠦᠢᠴᠡᠳᠬᠡᠯ ᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠬᠠᠮᠢᠶ᠎ᠠ ᠪᠥᠬᠦᠢ ᠲᠣᠭᠲᠠᠭᠠᠯ ᠶᠣᠰᠣᠭᠠᠷ ᠵᠢᠷᠤᠮᠵᠢᠭᠤᠯᠤᠨ ᠬᠢᠬᠦ ᠬᠡᠷᠡᠭᠲᠡᠶ᠃ ᠲᠣᠭᠲᠠᠭᠠᠭᠰᠠᠨ | ᠨᠥᠬᠦᠴᠡᠯ ᠳᠤ ᠨᠡᠶᠢᠴᠡᠭᠰᠡᠨ ᠪᠠᠶᠢᠪᠠᠯ᠂ ᠳᠡᠭᠡᠳᠦ ᠵᠡᠷᠭᠡ ᠶᠢᠨ ᠰᠤᠷᠭᠠᠭᠤᠯᠢ ᠳᠤ ᠣᠷᠣᠵᠤ ᠰᠤᠷᠤᠯᠴᠠᠵᠤ ᠪᠣᠯᠤᠨ᠎ᠠ᠃ | ᠭᠤᠴᠢᠳᠤᠭᠠᠷ ᠵᠦᠢᠯ ᠲᠠᠮᠢᠷᠴᠢᠨ ᠠᠵᠢᠯ ᠠᠴᠠ ᠬᠠᠯᠠᠭᠳᠠᠭᠰᠠᠨ ᠤ ᠳᠠᠷᠠᠭ᠎ᠠ᠂ ᠰᠢᠨ᠎ᠡ ᠪᠠᠷ ᠣᠷᠣᠵᠤ | ᠪᠠᠶᠢᠭ᠎ᠠ ᠨᠢᠭᠡᠴᠡ ᠠᠴᠠ ᠨᠢ ᠴᠠᠯᠢᠩ ᠪᠠ ᠨᠡᠶᠢᠭᠡᠮ ᠤᠨ ᠳᠠᠭᠠᠳᠬᠠᠯ ᠤᠨ ᠳᠦᠷᠢᠮ ᠢ ᠬᠡᠷᠡᠭᠵᠢᠬᠦᠯᠦᠨ᠎ᠡ᠃ ᠪᠦᠬᠦᠯᠢ | ᠡᠳᠦᠷ ᠤᠨ ᠳᠦᠷᠢᠮᠲᠦ ᠰᠤᠷᠭᠠᠭᠤᠯᠢ ᠳᠤ ᠣᠷᠣᠵᠤ ᠰᠤᠷᠤᠯᠴᠠᠭᠰᠠᠨ ᠪᠣᠯ᠂ ᠨᠡᠶᠢᠭᠡᠮ ᠤᠨ ᠳᠠᠭᠠᠳᠬᠠᠯ ᠤᠨ | ᠬᠠᠷᠢᠴᠠᠭ᠎ᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠭᠤᠴᠢᠨ ᠨᠢᠭᠡᠳᠦᠭᠡᠷ ᠵᠦᠢᠯ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠨᠢ ᠠᠵᠢᠯ ᠠᠴᠠ ᠪᠣᠯᠤᠭᠰᠠᠨ ᠭᠡᠮᠲᠦᠯ ᠤᠨ ᠳᠡᠰ ᠢ ᠬᠢᠨᠠᠨ ᠲᠣᠭᠲᠠᠭᠠᠭᠰᠠᠨ ᠤ ᠳᠠᠷᠠᠭ᠎ᠠ | ᠠᠵᠢᠯ ᠠᠴᠠ ᠪᠠᠭᠤᠭᠰᠠᠨ ᠲᠠᠮᠢᠷᠴᠢᠳ ᠤᠨ ᠭᠡᠮᠲᠦᠯ ᠰᠢᠷᠬᠠᠲᠤᠯ ᠤᠨ ᠬᠠᠷᠠᠭᠠᠯᠵᠠᠯ ᠢ ᠠᠵᠢᠯ ᠤᠨ ᠬᠠᠷᠠᠭ᠎ᠠ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ ᠪᠡᠶ᠎ᠡ ᠶᠢᠨ | ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠪᠣᠯᠪᠠᠰᠤᠷᠠᠯ ᠤᠨ ᠨᠢᠭᠡᠴᠢ ᠠᠵᠢᠯ ᠠᠴᠠ ᠪᠣᠯᠤᠭᠰᠠᠨ ᠭᠡᠮᠲᠦᠯ | ᠤᠨ ᠳᠡᠰ ᠪᠠ ᠪᠣᠳᠠᠲᠤ ᠪᠠᠶᠢᠳᠠᠯ ᠢ ᠦᠨᠳᠦᠰᠦᠯᠡᠨ᠂ ᠠᠮᠢᠳᠤᠷᠠᠯ᠂ ᠠᠵᠢᠯ ᠵᠡᠷᠭᠡ ᠠᠰᠠᠭᠤᠳᠠᠯ ᠢ ᠲᠣᠬᠢᠲᠠᠶ | ᠰᠢᠢᠳᠪᠦᠷᠢᠯᠡᠬᠦ ᠬᠡᠷᠡᠭᠲᠡᠶ᠃ | ᠭᠤᠴᠢᠨ ᠬᠤᠶᠠᠳᠤᠭᠠᠷ ᠵᠦᠢᠯ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠠᠵᠢᠯ | ᠦᠢᠯᠡᠰ ᠤᠨ ᠨᠢᠭᠡᠴᠡ ᠪᠡᠶ᠎ᠡ ᠶᠢᠨ ᠲᠠᠮᠢᠷ ᠤᠨ ᠠᠵᠢᠯᠲᠠᠨ ᠡᠯᠰᠡᠬᠦ ᠦᠶ᠎ᠡ ᠳᠤ᠂ ᠰᠢᠯᠢᠳᠡᠭ ᠬᠢᠷᠢ ᠪᠦᠲᠦᠮᠵᠢ | ᠣᠯᠤᠭᠰᠠᠨ ᠠᠵᠢᠯ ᠠᠴᠠ ᠪᠠᠭᠤᠭᠰᠠᠨ ᠲᠠᠮᠢᠷᠴᠢᠨ ︵ᠰᠢᠯᠢᠳᠡᠭ ᠬᠢᠷᠢ ᠪᠦᠲᠦᠮᠵᠢ ᠶᠢᠨ ᠪᠠᠷᠢᠮᠵᠢᠶ᠎ᠠ ᠶᠢ ᠬᠤᠶᠢᠨ᠎ᠠ | ᠳᠠᠭᠠᠯᠳᠤᠭᠤᠯᠪᠠ︶ ᠪᠠ ᠤᠯᠤᠰ ᠤᠨ ᠵᠦᠪᠰᠢᠶᠡᠷᠡᠭᠰᠡᠨ ᠰᠤᠳᠤᠯᠬᠤ ᠰᠤᠷᠤᠭᠴᠢ ᠵᠢᠴᠢ ᠲᠡᠭᠦᠨ ᠠᠴᠠ ᠳᠡᠭᠡᠭᠰᠢ | ᠰᠤᠷᠤᠯᠭ᠎ᠠ ᠶᠢᠨ ᠨᠠᠮᠲᠠᠷ ᠲᠠᠢ ᠠᠵᠢᠯ ᠠᠴᠠ ᠪᠠᠭᠤᠭᠰᠠᠨ ᠲᠠᠮᠢᠷᠴᠢᠳ ᠲᠤ ᠰᠢᠭᠤᠳ ᠰᠢᠯᠭᠠᠨ ᠬᠢᠨᠠᠬᠤ ᠠᠷᠭ᠎ᠠ ᠶᠢ | ᠠᠪᠴᠤ ᠤᠷᠢᠵᠤ ᠬᠡᠷᠡᠭᠯᠡᠵᠦ ᠪᠣᠯᠣᠨ᠎ᠠ︔ ᠪᠤᠰᠤᠳ ᠠᠵᠢᠯ ᠠᠴᠠ ᠪᠠᠭᠤᠭᠰᠠᠨ ᠲᠠᠮᠢᠷᠴᠢᠳ ᠢ ᠠᠳᠠᠯᠢ | ᠨᠥᠬᠦᠴᠡᠯ ᠤᠨ ᠳᠣᠣᠷ᠎ᠠ ᠰᠢᠯᠢᠳᠡᠭ ᠢ ᠨᠢ ᠤᠷᠢᠳ ᠢᠶᠠᠷ ᠤᠷᠢᠵᠤ ᠬᠡᠷᠡᠭᠯᠡᠬᠦ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠵᠥᠪᠰᠢᠶᠡᠷᠡᠯ ᠢᠶᠠᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠨᠢ 4 ᠵᠢᠯ ᠪᠣᠯᠬᠤ ᠪᠦᠷᠢ ︵ᠪᠦᠬᠦ | ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠩᠬᠠᠨ ᠤ ᠵᠢᠯ︶ ᠠᠵᠢᠯᠲᠠᠨ ᠡᠯᠰᠡᠯᠲᠡ ᠵᠣᠬᠢᠶᠠᠨ ᠪᠠᠶᠢᠭᠤᠯᠵᠤ | ᠠᠵᠢᠯᠲᠠᠨ ᠡᠯᠰᠡᠵᠦ ᠪᠣᠯᠣᠨ᠎ᠠ᠂ ᠠᠵᠢᠯᠲᠠᠨ ᠡᠯᠰᠡᠬᠦ ᠠᠵᠢᠯ ᠤᠨ ᠪᠠᠶᠢᠷᠢ᠂ ᠡᠯᠰᠡᠬᠦ ᠨᠥᠬᠦᠴᠡᠯ᠂ ᠡᠯᠰᠡᠬᠦ ᠳᠡᠰ | ᠳᠠᠷᠠᠭ᠎ᠠ ᠶᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠂ ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠣᠭᠲᠠᠭᠠᠨ᠎ᠠ᠃ | ᠭᠤᠴᠢᠨ ᠳᠥᠷᠪᠡᠳᠦᠭᠡᠷ ᠵᠦᠢᠯ ᠡᠯ᠎ᠡ ᠱᠠᠲᠤᠨ ᠤ ᠪᠡᠶ᠎ᠡ ᠶᠢᠨ ᠲᠠᠮᠢᠷ ᠤᠨ᠂ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠰᠢᠯᠢᠳᠡᠭ ᠲᠠᠮᠢᠷᠴᠢᠨ ᠠᠵᠢᠯ ᠠᠴᠠ ᠪᠠᠭᠤᠭᠰᠠᠨ ᠤ ᠳᠠᠷᠠᠭ᠎ᠠ ᠲᠠᠮᠢᠷ ᠤᠨ | ᠪᠠᠭᠰᠢ ᠶᠢᠨ ᠬᠢᠷᠢ ᠬᠡᠮ ᠤᠯᠬᠤ ᠳᠤ ᠨᠢ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃ ᠰᠢᠯᠢᠳᠡᠭ ᠲᠠᠮᠢᠷᠴᠢᠳ | ︽ᠪᠠᠭᠰᠢ ᠶᠢᠨ ᠬᠠᠤᠯᠢ︾ ᠳᠤ ᠲᠣᠭᠲᠠᠭᠠᠭᠰᠠᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠮᠡᠳᠡᠷᠡᠭᠰᠡᠨ ᠬᠠᠷᠠᠭᠠᠯᠵᠠᠭᠰᠠᠨ ᠰᠤᠷᠤᠯᠭ᠎ᠠ ᠶᠢᠨ ᠨᠠᠮᠲᠠᠷ ᠲᠠᠢ᠂ ᠪᠠᠭᠰᠢ ᠶᠢᠨ ᠬᠢᠷᠢ ᠬᠡᠮ ᠢ ᠮᠠᠭᠠᠳᠯᠠᠨ | ᠲᠣᠭᠲᠠᠭᠠᠬᠤ ᠨᠥᠬᠦᠴᠡᠯ ᠳᠤ ᠨᠡᠶᠢᠴᠡᠭᠰᠡᠨ ᠪᠣᠯ ︽ᠪᠠᠭᠰᠢ ᠶᠢᠨ ᠬᠢᠷᠢ ᠬᠡᠮ ᠤᠨ ᠲᠦᠷᠢᠮ︾ ᠪᠣᠯᠤᠨ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠪᠠ | ᠱᠠᠭᠠᠷᠳᠠᠯᠭ᠎ᠠ ᠶᠣᠰᠣᠭᠠᠷ᠂ ᠬᠠᠷᠠᠭᠠᠯᠵᠠᠭᠰᠠᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠᠶᠢᠭᠤᠯᠤᠮᠵᠢ ᠳᠤ | ᠭᠤᠶᠤᠴᠢᠯᠠᠯ ᠭᠠᠷᠭᠠᠵᠤ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠷᠠᠭᠠᠯᠵᠠᠭᠰᠠᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ | ᠬᠡᠷᠡᠭᠲᠡᠶ᠃ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠠᠵᠢᠯ ᠦᠢᠯᠡᠰ ᠤᠨ ᠨᠢᠭᠡᠴᠡ ᠨᠢ ᠪᠡᠶ᠎ᠡ ᠶᠢᠨ ᠲᠠᠮᠢᠷ ᠤᠨ | ᠪᠠᠭᠰᠢ᠂ ᠳᠠᠰᠬᠠᠯᠵᠢᠭᠤᠯᠤᠭᠴᠢ ᠪᠣᠯᠤᠨ ᠪᠡᠶ᠎ᠡ ᠶᠢᠨ ᠲᠠᠮᠢᠷ ᠤᠨ ᠲᠥᠷᠥᠯ ᠤᠨ ᠲᠤᠰᠬᠠᠶ ᠮᠡᠷᠭᠡᠵᠢᠯ ᠤᠨ ᠠᠵᠢᠯᠲᠠᠨ | ᠡᠯᠰᠡᠬᠦ ᠦᠶ᠎ᠡ ᠳᠤ᠂ ᠰᠢᠯᠢᠳᠡᠭ ᠬᠢᠷᠢ ᠪᠦᠲᠦᠮᠵᠢ ᠣᠯᠤᠭᠰᠠᠨ ︵ᠳᠡᠭᠡᠷᠡᠬᠢ ᠲᠠᠢ ᠠᠳᠠᠯᠢ︶ ᠪᠥᠭᠡᠳ ᠪᠠᠭᠰᠢ ᠶᠢᠨ | ᠬᠢᠷᠢ ᠬᠡᠮ ᠲᠠᠢ ᠠᠵᠢᠯ ᠠᠴᠠ ᠪᠠᠭᠤᠭᠰᠠᠨ ᠲᠠᠮᠢᠷᠴᠢᠨ ᠳᠤ ᠠᠵᠢᠯᠲᠠᠨ ᠡᠯᠰᠡᠬᠦ ᠲᠥᠷᠥ ᠶᠢᠨ ᠪᠣᠳᠣᠯᠭ᠎ᠠ ᠶᠢᠨ | ᠬᠠᠷᠠᠭᠠᠯᠵᠠᠯ ᠦᠵᠡᠭᠦᠯᠵᠦ ᠪᠣᠯᠤᠨ᠎ᠠ︔ ᠪᠤᠰᠤᠳ ᠪᠦᠬᠦᠢ ᠪᠠᠭᠰᠢ ᠶᠢᠨ ᠬᠢᠷᠢ ᠬᠡᠮ ᠲᠠᠢ ᠠᠵᠢᠯ ᠠᠴᠠ ᠪᠠᠭᠤᠭᠰᠠᠨ | ᠲᠠᠮᠢᠷᠴᠢᠳ ᠢ ᠠᠳᠠᠯᠢ ᠨᠥᠬᠦᠴᠡᠯ ᠤᠨ ᠳᠣᠣᠷ᠎ᠠ ᠡᠩ ᠲᠡᠷᠢᠭᠦᠨ ᠳᠤ ᠤᠷᠢᠨ ᠬᠡᠷᠡᠭᠯᠡᠵᠦ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠪᠡᠶ᠎ᠡ ᠶᠢᠨ | ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠲᠤᠰᠠᠯᠠᠵᠤ ᠪᠠᠶᠢᠭᠤᠯᠤᠭᠰᠠᠨ | ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠬᠡᠷᠡᠭᠯᠡᠵᠦ ᠪᠠᠶᠢᠭ᠎ᠠ ᠨᠢᠭᠡᠴᠢ᠂ ᠡᠷᠬᠡᠪᠰᠢ ᠵᠣᠬᠢᠬᠤ ᠬᠠᠷᠢᠴᠠᠯ ᠢᠶᠠᠷ | ᠰᠢᠯᠢᠳᠡᠭ ᠲᠠᠮᠢᠷᠴᠢᠨ ᠤ ᠡᠩᠨᠡᠭᠡ ᠠᠴᠠ ᠬᠠᠯᠠᠭᠳᠠᠭᠰᠠᠨ ᠲᠠᠮᠢᠷᠴᠢᠨ ᠢ ᠤᠷᠢᠨ ᠬᠡᠷᠡᠭᠯᠡᠨ᠎ᠡ᠃ | ᠭᠤᠴᠢᠨ ᠲᠠᠪᠤᠳᠤᠭᠠᠷ ᠵᠦᠢᠯ ᠠᠵᠢᠯ ᠠᠴᠠ ᠪᠠᠭᠤᠭᠰᠠᠨ ᠰᠢᠯᠢᠳᠡᠭ ᠲᠠᠮᠢᠷᠴᠢᠳ ᠤᠨ ᠠᠵᠢᠯ | ᠮᠡᠷᠭᠡᠵᠢᠯ ᠢᠶᠠᠨ ᠬᠤᠪᠢᠷᠠᠭᠤᠯᠬᠤ ᠰᠢᠯᠵᠢᠯᠲᠡ ᠶᠢᠨ ᠬᠤᠭᠤᠴᠠᠭ᠎ᠠ ᠨᠢ ᠳᠦᠭᠦᠷᠦᠭᠰᠡᠨ ᠦᠶ᠎ᠡ ᠳᠤ ᠬᠤᠪᠢ ᠬᠥᠮᠦᠨ ᠨᠢ | ᠤᠷᠢᠨ ᠬᠡᠷᠡᠭᠯᠡᠬᠦ ᠨᠢᠭᠡᠴᠢ ᠶᠢ ᠪᠣᠳᠠᠲᠠᠶ ᠨᠠᠶᠢᠳᠠᠪᠤᠷᠢᠵᠢᠭᠤᠯᠤᠭᠰᠠᠨ ᠦᠭᠡᠢ᠂ ᠪᠠᠰᠠ ᠪᠡᠶ᠎ᠡ ᠪᠠᠨ ᠳᠠᠭᠠᠭᠠᠵᠤ ᠠᠵᠢᠯ | ᠰᠣᠩᠭᠤᠬᠤ ᠭᠠᠷ ᠭᠦᠢᠴᠡᠳᠬᠡᠯ ᠢ ᠬᠢᠬᠦ ᠤᠢᠭᠡᠢ᠂ ᠡᠭᠦᠨ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠳᠡᠭᠡᠳᠦ | ᠵᠡᠷᠭᠡ ᠶᠢᠨ ᠰᠤᠷᠭᠠᠭᠤᠯᠢ ᠳᠤ ᠣᠷᠣᠵᠤ ᠰᠤᠷᠤᠯᠴᠠᠬᠤ ᠪᠠᠭᠲᠠᠨ᠎ᠠ᠂ ᠠᠵᠢᠯᠯᠠᠵᠤ ᠪᠠᠶᠢᠭ᠎ᠠ ᠨᠢᠭᠡᠴᠢ ᠨᠢ ᠠᠵᠢᠯᠲᠠᠨ ᠤ | ᠶᠠᠪᠤᠳᠠᠯ ᠬᠥᠳᠡᠯᠮᠦᠷᠢ ᠶᠢᠨ ᠬᠠᠷᠢᠴᠠᠭ᠎ᠠ ᠶᠢ ᠬᠦᠴᠦᠨ ᠦᠭᠡᠢ ᠪᠣᠯᠭᠠᠬᠤ ᠪᠥᠭᠡᠳ ᠲᠡᠭᠦᠨ ᠤ ᠠᠵᠢᠯᠲᠠᠨ ᠤ | ᠶᠠᠪᠤᠳᠠᠯ ᠤᠨ ᠲᠠᠩᠰᠠ ᠡᠪᠬᠡᠮᠡᠯ ᠢ ᠤᠤᠯ ᠤᠨ ᠭᠠᠵᠠᠷ ᠣᠷᠣᠨ ᠤ ᠴᠢᠳᠠᠪᠤᠷᠢᠲᠠᠨ ᠤ ᠰᠣᠯᠢᠯᠴᠠᠭᠠᠨ ᠤ | ᠦᠢᠯᠡᠴᠢᠯᠡᠭᠡᠨ ᠤ ᠪᠠᠶᠢᠭᠤᠯᠤᠮᠵᠢ ᠪᠤᠶᠤ ᠰᠤᠷᠤᠯᠴᠠᠵᠤ ᠪᠠᠶᠢᠭ᠎ᠠ ᠰᠤᠷᠭᠠᠭᠤᠯᠢ ᠳᠤ ᠨᠢ ᠬᠦᠷᠭᠡᠨ᠎ᠡ᠃ | | ᠳᠣᠯᠣᠳᠤᠭᠠᠷ ᠪᠦᠯᠦᠭ ᠲᠠᠮᠢᠷᠴᠢᠨ ᠤ ᠨᠡᠶᠢᠭᠡᠮ ᠤᠨ ᠳᠠᠭᠠᠳᠬᠠᠯ | | ᠭᠤᠴᠢᠨ ᠵᠢᠷᠭᠤᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠳᠤ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠨᠢᠭᠡᠴᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠯ᠎ᠡ ᠲᠥᠷᠥᠯ ᠤᠨ ᠨᠡᠶᠢᠭᠡᠮ ᠤᠨ | ᠳᠠᠭᠠᠳᠬᠠᠯ ᠳᠤ ᠲᠤᠰᠴᠤ ᠰᠢᠯᠵᠢᠭᠦᠯᠬᠦ ᠭᠠᠷ ᠭᠦᠢᠴᠡᠳᠬᠡᠯ ᠬᠢᠬᠦ ᠬᠡᠷᠡᠭᠲᠡᠶ᠄ ︵ᠨᠢᠭᠡ︶ ᠲᠤᠷᠰᠢᠨ ᠪᠣᠯᠪᠠᠰᠤᠷᠠᠭᠤᠯᠬᠤ | ᠲᠠᠮᠢᠷᠴᠢᠨ ᠰᠢᠯᠢᠳᠡᠭ ᠲᠠᠮᠢᠷᠴᠢᠨ ᠳᠤ ᠡᠯᠰᠡᠭᠳᠡᠭᠰᠡᠨ ᠦᠭᠡᠢ ᠪᠥᠭᠡᠳ ᠲᠤᠷᠰᠢᠨ ᠪᠣᠯᠪᠠᠰᠤᠷᠠᠭᠤᠯᠬᠤ ᠭᠡᠷ᠎ᠡ ᠶᠢ | ᠳᠠᠭᠤᠰᠬᠠᠭᠰᠠᠨ ᠪᠤᠶᠤ ᠬᠦᠴᠦᠨ ᠦᠭᠡᠢ ᠪᠣᠯᠭᠠᠭᠰᠠᠨ︔ ︵ᠬᠤᠶᠠᠷ︶ ᠪᠡᠶ᠎ᠡ ᠶᠢᠨ ᠲᠠᠮᠢᠷ ᠤᠨ ᠠᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠢᠶᠠᠷ ᠵᠦᠪᠰᠢᠶᠡᠷᠡᠬᠦᠯᠦᠭᠰᠡᠨ ᠪᠣᠯᠪᠠᠰᠤᠷᠠᠯ ᠬᠢᠬᠦ ᠪᠠᠨ ᠵᠤᠭᠰᠤᠭᠰᠠᠨ ᠰᠢᠯᠢᠳᠡᠭ | ᠲᠠᠮᠢᠷᠴᠢᠨ ᠤ ᠠᠵᠢᠯ ᠮᠡᠷᠭᠡᠵᠢᠯ ᠢᠶᠠᠨ ᠬᠤᠪᠢᠷᠠᠭᠤᠯᠬᠤ ᠬᠤᠭᠤᠴᠠᠭ᠎ᠠ ᠬᠡᠲᠦᠷᠡᠵᠦ᠂ ᠤᠷᠢᠨ ᠬᠡᠷᠡᠭᠯᠡᠬᠦ ᠭᠡᠷ᠎ᠡ ᠶᠢ | ᠴᠤᠴᠠᠯᠬᠤ ᠪᠤᠶᠤ ᠳᠠᠭᠤᠰᠬᠠᠭᠰᠠᠨ︔ ︵ᠭᠤᠷᠪᠠ︶ ᠰᠢᠯᠢᠳᠡᠭ ᠲᠠᠮᠢᠷᠴᠢᠨ ᠠᠵᠢᠯ ᠠᠴᠠ ᠪᠠᠭᠤᠭᠰᠠᠨ᠂ ᠤᠷᠢᠨ | ᠬᠡᠷᠡᠭᠯᠡᠬᠦ ᠭᠡᠷ᠎ᠡ ᠨᠢ ᠬᠦᠴᠦᠨ ᠦᠭᠡᠶ ᠪᠣᠯᠤᠭᠰᠠᠨ ᠪᠠ ᠳᠠᠭᠤᠰᠤᠭᠰᠠᠨ᠃ | | ᠨᠠᠢᠮᠠᠳᠤᠭᠠᠷ ᠪᠦᠯᠦᠭ ᠬᠤᠯᠪᠣᠭᠳᠠᠯ ᠪᠦᠬᠦᠢ ᠵᠠᠷᠤᠳᠠᠯ | | ᠭᠤᠴᠢᠨ ᠳᠣᠯᠣᠳᠤᠭᠠᠷ ᠵᠦᠢᠯ ᠲᠠᠮᠢᠷᠴᠢᠨ ᠲᠤᠷᠰᠢᠨ ᠪᠣᠯᠪᠠᠰᠤᠷᠠᠭᠤᠯᠬᠤ ᠬᠤᠭᠤᠴᠠᠭᠠᠨ ᠳᠤ ᠬᠡᠷᠡᠭᠰᠡᠬᠦ | ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃ | ᠭᠤᠴᠢᠨ ᠨᠠᠢᠮᠠᠳᠤᠭᠠᠷ ᠵᠦᠢᠯ ᠠᠵᠢᠯ ᠮᠡᠷᠭᠡᠵᠢᠯ ᠢᠶᠠᠨ ᠬᠤᠪᠢᠷᠠᠭᠤᠯᠬᠤ ᠰᠢᠯᠵᠢᠯᠲᠡ ᠶᠢᠨ | ᠬᠤᠭᠤᠴᠠᠭᠠᠨ ᠳᠤ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠬᠦ᠂ ᠠᠵᠢᠯ ᠣᠯᠭᠤᠯᠲᠠ ᠶᠢᠨ | ᠬᠠᠪᠰᠤᠷᠤᠨ ᠵᠢᠯᠣᠭᠤᠳᠬᠤ ᠵᠡᠷᠭᠡ ᠬᠤᠯᠪᠣᠭᠳᠠᠯ ᠪᠦᠬᠦᠢ ᠠᠵᠢᠯ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ | ᠣᠷᠣᠭᠤᠯᠤᠯᠲᠠ ᠪᠠᠷ ᠭᠤᠣᠯ ᠪᠣᠯᠭᠠᠵᠤ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠤ ᠬᠡᠷᠡᠭᠯᠡᠬᠦ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ᠂ ᠨᠡᠶᠢᠭᠡᠮ ᠤᠨ ᠲᠤᠰᠠᠯᠠᠵᠤ ᠳᠡᠮᠵᠢᠭᠰᠡᠨ ᠪᠡᠯᠡ ᠮᠥᠩᠭᠦ | ᠵᠡᠷᠭᠡ ᠪᠠᠷ ᠬᠠᠪᠰᠤᠷᠤᠮᠵᠢ ᠪᠣᠯᠭᠠᠬᠤ ᠬᠡᠷᠡᠭᠲᠡᠶ᠃ | | ᠶᠢᠰᠦᠳᠦᠭᠡᠷ ᠪᠦᠯᠦᠭ ᠰᠠᠬᠢᠯᠭ᠎ᠠ ᠪᠠᠲᠤ ᠬᠢᠭᠡᠳ ᠬᠢᠨᠠᠯᠲᠠ ᠲᠠᠯᠪᠢᠬᠤ | | ᠭᠤᠴᠢ ᠶᠢᠰᠦᠳᠦᠭᠡᠷ ᠵᠦᠢᠯ ᠲᠠᠮᠢᠷᠴᠢᠨ ᠤᠷᠢᠨ ᠬᠡᠷᠡᠭᠯᠡᠬᠦ ᠠᠵᠢᠯ ᠤᠨ ᠮᠡᠳᠡᠭᠡ ᠵᠠᠩᠭᠢ ᠶᠢ ᠢᠯᠡ | ᠪᠣᠯᠭᠠᠬᠤ ᠶᠢ ᠪᠡᠶᠡᠯᠡᠭᠦᠯᠬᠦ ᠬᠡᠷᠡᠭᠲᠡᠶ᠂ ᠶᠠᠪᠤᠴᠠ ᠶᠢ ᠢᠯᠡ ᠪᠣᠯᠭᠠᠬᠤ᠂ ᠦᠷ᠎ᠡ ᠳ᠋ᠦᠩ ᠢ ᠢᠯᠡ ᠪᠣᠯᠭᠠᠬᠤ ᠶᠢ | ᠬᠡᠷᠡᠭᠵᠢᠭᠦᠯᠵᠦ᠂ ᠨᠡᠶᠢᠭᠡᠮ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠶᠢ ᠬᠦᠯᠢᠶᠡᠬᠦ ᠬᠡᠷᠡᠭᠲᠡᠶ᠃ | ᠳᠥᠴᠢᠳᠦᠭᠡᠷ ᠵᠦᠢᠯ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠤᠰ ᠠᠷᠭ᠎ᠠ ᠶᠢᠨ ᠬᠤᠯᠪᠣᠭᠳᠠᠯ | ᠪᠥᠬᠦᠢ ᠲᠣᠭᠲᠠᠭᠠᠯ ᠢ ᠵᠥᠷᠢᠴᠡᠭᠰᠡᠨ ᠤᠢᠢᠯᠠ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠪᠠ ᠵᠠᠯᠠᠷᠠᠭᠤᠯᠬᠤ | ᠬᠡᠷᠡᠭᠲᠡᠶ᠃ | ᠳᠥᠴᠢᠨ ᠨᠢᠭᠡᠳᠦᠭᠡᠷ ᠵᠦᠢᠯ ᠤᠷᠢᠵᠤ ᠬᠡᠷᠡᠭᠯᠡᠬᠦ ᠰᠠᠬᠢᠯᠭ᠎ᠠ ᠪᠠᠲᠤ ᠶᠢ ᠴᠢᠩᠭᠠᠳᠬᠠᠵᠤ ᠂ ᠬᠤᠳᠠᠯ ᠬᠡᠯᠡᠵᠦ | ᠬᠠᠭᠤᠷᠮᠠᠭᠯᠠᠬᠤ ᠶᠢ ᠴᠢᠩᠭ᠎ᠠ ᠴᠠᠭᠠᠵᠠᠯᠠᠬᠤ᠂ ᠠᠰᠢᠭ ᠬᠥᠭᠡᠭᠡᠴᠡᠯᠳᠦᠨ ᠭᠡᠮ ᠦᠢᠯᠡᠳᠬᠦ ᠶᠢ ᠴᠠᠭᠠᠵᠢᠯᠠᠨ᠎ᠠ᠃ | ᠲᠣᠭᠲᠠᠭᠠᠯ ᠠᠴᠠ ᠵᠥᠷᠢᠴᠡᠭᠰᠡᠳ ᠢ ᠴᠢᠩᠭ᠎ᠠ ᠰᠢᠳᠬᠡᠨ᠎ᠡ᠃ ᠬᠠᠤᠯᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ | ᠪᠠᠶᠢᠪᠠᠯ᠂ ᠬᠠᠤᠯᠢ ᠶᠣᠰᠣᠭᠠᠷ ᠬᠤᠯᠪᠣᠭᠳᠠᠯ ᠪᠦᠬᠦᠢ ᠪᠠᠶᠢᠭᠤᠯᠭ᠎ᠠ ᠳᠤ ᠰᠢᠯᠵᠢᠭᠦᠯᠦᠨ ᠥᠭᠴᠦ ᠪᠣᠯᠤᠨ᠎ᠠ᠃ | ᠳᠥᠴᠢᠨ ᠬᠤᠶᠠᠳᠤᠭᠠᠷ ᠵᠦᠢᠯ ᠤᠷᠢᠨ ᠬᠡᠷᠡᠭᠯᠡᠬᠦ ᠰᠠᠬᠢᠯᠭ᠎ᠠ ᠪᠠᠲᠤ ᠶᠢ ᠵᠥᠷᠢᠴᠡᠭᠰᠡᠨ ᠲᠠᠮᠢᠷᠴᠢᠨ ᠢ | ᠤᠷᠢᠵᠤ ᠬᠡᠷᠡᠭᠯᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ︔ ᠬᠤᠯᠪᠣᠭᠳᠠᠯ ᠪᠦᠬᠦᠢ ᠲᠣᠭᠲᠠᠭᠠᠯ ᠢ | ᠵᠥᠷᠢᠴᠡᠭᠰᠡᠨ ᠪᠥᠭᠡᠳ ᠤᠷᠢᠨ ᠬᠡᠷᠡᠭᠯᠡᠬᠦ ᠭᠠᠷ ᠭᠦᠢᠴᠡᠳᠭᠡᠯ ᠢ ᠨᠢᠭᠡᠨᠲᠡ ᠬᠢᠭᠰᠡᠨ ᠲᠠᠮᠢᠷᠴᠢᠨ ᠢ ᠪᠠᠶᠢᠴᠠᠭᠠᠨ | ᠲᠣᠳᠣᠷᠬᠠᠶᠢᠯᠠᠭᠰᠠᠨ ᠤ ᠳᠠᠷᠠᠭ᠎ᠠ᠂ ᠤᠷᠢᠵᠤ ᠬᠡᠷᠡᠭᠯᠡᠬᠦ ᠭᠡᠷ᠎ᠡ ᠶᠢ ᠬᠦᠴᠦᠨ ᠦᠭᠡᠢ ᠪᠣᠯᠭᠠᠵᠤ᠂ ᠢᠯᠭᠠᠷᠠᠭᠤᠯᠤᠨ | ᠪᠤᠴᠠᠭᠠᠬᠤ ᠬᠡᠷᠡᠭᠲᠡᠶ᠃ | ᠳᠥᠴᠢᠨ ᠭᠤᠷᠪᠠᠳᠤᠭᠠᠷ ᠵᠦᠢᠯ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠲᠠᠨ ᠳᠤ ᠦᠢᠯᠡ | ᠪᠠᠶᠢᠳᠠᠯ ᠤᠨ ᠬᠦᠨᠳᠦ ᠬᠥᠩᠭᠡᠨ ᠢ ᠦᠵᠡᠵᠦ᠂ ᠠᠵᠢᠯ ᠤᠨ ᠪᠠᠶᠢᠷᠢ ᠠᠴᠠ ᠨᠢ ᠰᠢᠯᠵᠢᠭᠦᠯᠬᠦ ᠪᠤᠶᠤ ᠰᠢᠳᠬᠡᠯ ᠥᠭᠭᠦᠨ᠎ᠡ︔ | ᠤᠷᠢᠨ ᠬᠡᠷᠡᠭᠯᠡᠬᠦ ᠰᠠᠬᠢᠯᠭ᠎ᠠ ᠪᠠᠲᠤ ᠶᠢ ᠵᠥᠷᠢᠴᠡᠭᠰᠡᠨ ᠪᠤᠰᠤᠳ ᠬᠤᠯᠪᠣᠭᠳᠠᠯ ᠪᠦᠬᠦᠢ ᠠᠵᠢᠯᠲᠠᠨ ᠢ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | | ᠠᠷᠪᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | | ᠳᠥᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠳᠤᠲᠤᠷ᠎ᠠ ᠡᠯ᠎ᠡ ᠠᠶᠢᠮᠠᠭ ᠬᠤᠲᠠ ᠨᠢ | ᠰᠢᠯᠢᠳᠡᠭ ᠪᠡᠶ᠎ᠡ ᠶᠢᠨ ᠲᠠᠮᠢᠷᠴᠢᠨ ᠤ ᠠᠩᠬᠢ ᠶᠢᠨ ᠪᠠᠶᠢᠭᠤᠯᠤᠮᠵᠢ ᠪᠠᠶᠢᠭᠤᠯᠤᠭᠰᠠᠨ ᠪᠠᠶᠢᠪᠠᠯ᠂ ᠰᠢᠯᠢᠳᠡᠭ ᠲᠠᠮᠢᠷᠴᠢᠨ ᠢ | ᠤᠷᠢᠵᠤ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠲᠣᠰ ᠠᠷᠭ᠎ᠠ ᠪᠠᠷ ᠯᠠᠪᠯᠠᠯᠲᠠ ᠪᠣᠯᠭᠠᠵᠤ ᠭᠦᠢᠴᠡᠳᠬᠡᠨ᠎ᠡ᠃ | ᠳᠥᠴᠢᠨ ᠲᠠᠪᠤᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |