ᠲᠥᠷᠥ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠦᠢᠯᠡᠰ ᠢ ᠲᠦᠷᠭᠡᠨ ᠬᠥᠭᠵᠢᠭᠦᠯᠵᠦ | ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ᠂ ᠨᠠᠰᠤᠵᠢᠯ ᠤᠨ ᠦᠢᠯᠡᠴᠢᠯᠡᠭᠡ ᠶᠢᠨ ᠦᠢᠯᠡᠰ ᠢ ᠲᠦᠷᠭᠡᠳᠬᠡᠨ | ᠬᠥᠭᠵᠢᠭᠦᠯᠬᠦ᠂ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ᠂ ᠡᠷᠡᠭᠦᠯ | ᠮᠡᠨᠳᠦ ᠶᠢᠨ ᠦᠢᠯᠡᠴᠢᠯᠡᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠬᠤ | ᠶᠠᠪᠤᠴᠠ ᠳᠤᠮᠳᠠᠬᠢ ᠢᠳᠡᠪᠬᠢᠲᠡᠶ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠦᠢᠯᠡᠰ ᠤᠨ ᠪᠦᠬᠦ ᠲᠠᠯ᠎ᠠ ᠶᠢᠨ ᠬᠦᠭᠵᠢᠯ ᠢ ᠠᠬᠢᠭᠤᠯᠵᠤ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠦᠷᠢᠮ︾ ᠵᠡᠷᠭᠡ ᠬᠤᠯᠪᠣᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ᠂ ᠡᠳᠦᠭᠡ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠢ ᠤᠯᠠᠮ | ᠨᠢᠭᠡ ᠠᠯᠬᠤᠮ ᠴᠢᠩᠭᠠᠳᠬᠠᠬᠤ ᠲᠤᠬᠠᠶ ᠳᠣᠣᠷᠠᠬᠢ ᠮᠡᠲᠦ ᠰᠠᠨᠠᠯ ᠳᠤᠷᠠᠳᠤᠶ᠎ᠠ᠃ | ᠨᠢᠭᠡ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ | ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ | ︵ᠨᠢᠭᠡ︶ ᠣᠳᠣᠬᠠᠨ ᠳᠤ᠂ ᠮᠠᠨ ᠤ ᠤᠯᠤᠰ ᠨᠢᠭᠡᠨᠲᠡ ᠨᠠᠰᠤᠵᠢᠯ ᠤᠨ ᠨᠡᠶᠢᠭᠡᠮ ᠳᠤ ᠣᠷᠣᠵᠤ᠂ ᠤᠯᠤᠰ ᠤᠨ | ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠲᠦᠢᠯ ᠤᠨ ᠬᠦᠨᠳᠦ | ᠬᠡᠴᠡᠭᠦᠦ ᠥᠷᠢᠰᠥᠯᠳᠦᠭᠡᠨ ᠳᠤ ᠲᠤᠯᠭᠠᠷᠠᠵᠤ ᠪᠠᠶᠢᠭ᠎ᠠ ᠶᠤᠮ᠂ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠬᠤ ᠨᠢ | ᠨᠢᠭᠡᠨᠲᠡ ᠤᠯᠤᠰ ᠤᠨ ᠨᠢᠭᠡᠨ ᠤᠷᠳᠤ ᠬᠤᠭᠤᠴᠠᠭᠠᠨ ᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠣᠯᠵᠠᠢ᠃ | ᠨᠠᠰᠤᠲᠠᠨ ᠢᠶᠠᠨ ᠬᠦᠨᠳᠦᠳᠬᠡᠵᠦ ᠨᠠᠰᠤᠲᠠᠨ ᠢᠶᠠᠨ ᠠᠰᠠᠷᠠᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ | ᠰᠠᠶᠢᠬᠠᠨ ᠰᠤᠷᠲᠠᠯ᠂ ᠨᠠᠰᠤᠲᠠᠳ ᠢᠶᠠᠨ ᠬᠠᠶᠢᠷᠠᠯᠠᠵᠤ ᠲᠤᠰᠠᠯᠠᠬᠤ ᠨᠢ ᠪᠦᠬᠦ ᠨᠡᠶᠢᠭᠡᠮ ᠤᠨ ᠬᠠᠮᠲᠤ ᠶᠢᠨ | ᠬᠠᠷᠢᠭᠤᠴᠠᠯᠭ᠎ᠠ ᠮᠥᠨ᠂ ᠨᠠᠮ ᠪᠣᠯᠤᠨ ᠵᠠᠰᠠᠭ ᠤᠨ ᠣᠷᠳᠣᠨ ᠨᠠᠰᠤᠲᠠᠶᠢᠴᠤᠳ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠠᠩᠬᠠᠷᠤᠨ ᠬᠠᠷᠠᠭᠠᠯᠵᠠᠬᠤ ᠬᠡᠷᠡᠭᠲᠡᠶ᠂ ᠨᠠᠰᠤᠲᠠᠶᠢᠴᠤᠳ ᠤᠨ ᠠᠵᠢᠯ ᠢ ᠨᠡᠶᠢᠭᠡᠮ ᠵᠢᠷᠤᠮ ᠤᠨ ᠡᠶ᠎ᠡ | ᠵᠣᠬᠢᠴᠠᠯ ᠲᠠᠢ ᠨᠡᠶᠢᠭᠡᠮ ᠢ ᠪᠠᠶᠢᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠬᠦᠯᠬᠦ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠴᠢᠬᠤᠯᠠ ᠪᠦᠷᠢᠯᠳᠦᠬᠦᠨ ᠬᠡᠰᠡᠭ ᠪᠣᠯᠭᠠᠬᠤ ᠬᠡᠷᠡᠭᠳᠡᠢ᠃ | ︵ᠬᠤᠶᠠᠷ︶ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ | ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠰᠠᠭᠤᠷᠢ ᠪᠠ ᠤᠷᠢᠲᠠᠯ ᠢ ᠳᠡᠭᠡᠭᠰᠢᠯᠡᠬᠦᠯᠬᠦ | ᠬᠡᠷᠡᠭᠲᠡᠢ᠃ ᠡᠷᠡᠭᠦᠯ ᠮᠡᠨᠳᠦ ᠶᠢᠨ ᠪᠣᠭᠤᠮᠲᠠ ᠶᠢ ᠤᠷᠤᠭᠰᠢ ᠰᠢᠯᠵᠢᠭᠦᠯᠬᠦ ᠶᠢ ᠠᠬᠢᠭᠤᠯᠵᠤ᠂ ᠠᠮᠢ ᠨᠠᠰᠤ ᠶᠢ | ᠤᠷᠲᠤᠳᠬᠠᠬᠤ᠂ ᠪᠡᠶ᠎ᠡ ᠪᠠᠨ ᠳᠠᠭᠠᠭᠠᠭᠰᠠᠨ ᠠᠵᠢᠯᠯᠠᠭᠠᠨ ᠤ ᠴᠢᠳᠠᠪᠤᠷᠢ ᠶᠢ ᠴᠢᠩᠭᠠᠳᠬᠠᠬᠤ ᠨᠢ ᠨᠠᠰᠤᠲᠠᠶᠢᠴᠤᠳ ᠲᠤ | ᠠᠪᠴᠤ ᠬᠡᠯᠡᠪᠡᠯ ᠪᠡᠶ᠎ᠡ ᠪᠠᠨ ᠳᠠᠭᠠᠭᠠᠵᠤ ᠬᠦᠴᠦᠷᠬᠡᠭᠵᠢᠨ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠳᠤ ᠨᠢ | ᠴᠢᠬᠤᠯᠠ ᠠᠴᠢ ᠬᠤᠯᠪᠣᠭᠳᠠᠯ ᠲᠠᠢ ᠶᠤᠮ᠃ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠨᠢ ᠬᠥᠮᠦᠨ ᠠᠮᠠ ᠶᠢᠨ | ᠨᠠᠰᠤᠵᠢᠯᠲᠠ ᠶᠢ ᠢᠳᠡᠪᠬᠢᠲᠡᠶ ᠠᠷᠭᠠᠴᠠᠬᠤ ᠳᠥᠭᠦᠮ ᠳᠥᠲᠡ᠂ ᠭᠠᠮᠲᠠᠶ᠂ ᠪᠦᠲᠦᠮᠵᠢᠲᠡᠶ ᠠᠷᠭ᠎ᠠ ᠮᠠᠶ᠋ᠢᠭ ᠮᠥᠨ᠂ | ᠮᠥᠨ ᠴᠦ ᠨᠠᠰᠤᠲᠠᠶᠢᠴᠤᠳ ᠤᠨ ᠡᠷᠡᠭᠦᠯ ᠮᠡᠨᠳᠦ᠂ ᠥᠲᠡᠯᠬᠦ ᠶᠢ ᠤᠳᠠᠭᠠᠰᠢᠷᠠᠭᠤᠯᠬᠤ ᠠᠷᠭ᠎ᠠ ᠵᠠᠮ ᠮᠥᠨ᠃ | ᠨᠠᠰᠤᠲᠠᠶᠢᠴᠤᠳ ᠤᠨ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ ᠶᠢᠨ ᠬᠦᠰᠡᠯ ᠲᠤᠯᠭᠠᠮ᠎ᠠ ᠪᠠᠶᠢᠵᠤ᠂ ᠪᠡᠶ᠎ᠡ | ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠦᠨᠳᠦᠷ᠂ ᠶᠡᠭᠡ ᠬᠡᠮᠵᠢᠶᠡᠨ ᠤ ᠰᠤᠯᠠ ᠰᠡᠯᠡᠭᠦᠦ ᠴᠠᠭ ᠲᠠᠢ ᠪᠠᠶᠢᠳᠠᠭ | ᠤᠴᠢᠷ ᠠᠴᠠ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠵᠤ᠂ ᠨᠠᠰᠤᠲᠠᠳ ᠤᠨ ᠤᠶᠤᠨ ᠤ | ᠠᠮᠢᠳᠤᠷᠠᠯ ᠢ ᠪᠠᠶᠠᠯᠢᠭᠵᠢᠭᠤᠯᠬᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠪᠠ ᠠᠮᠢᠳᠤᠷᠠᠯ ᠤᠨ | ᠶᠠᠰᠤ ᠴᠢᠨᠠᠷ ᠢ ᠳᠡᠭᠡᠭᠰᠢᠯᠡᠬᠦᠯᠬᠦ ᠳᠤ ᠣᠷᠣᠯᠠᠭᠤᠯᠵᠤ ᠪᠣᠯᠤᠰᠢ ᠦᠭᠡᠢ ᠦᠢᠯᠡᠳᠦᠯ ᠲᠠᠢ ᠶᠤᠮ᠃ | ︵ᠭᠤᠷᠪᠠ︶ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠪᠣᠯ ᠮᠠᠨ ᠤ ᠤᠯᠤᠰ ᠤᠨ ᠨᠠᠰᠤᠵᠢᠯ ᠤᠨ | ᠠᠵᠢᠯ ᠦᠢᠯᠡᠰ ᠪᠠ ᠪᠡᠶ᠎ᠡ ᠶᠢᠨ ᠲᠠᠮᠢᠷ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠳᠡᠭᠡᠳᠦ | ᠵᠤᠭᠰᠤᠴᠠ ᠠᠴᠠ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠨᠢ ᠳᠦᠷᠪᠡᠨ ᠪᠦᠬᠦ ᠲᠠᠯ᠎ᠠ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠪᠣᠯᠣᠭᠰᠠᠨ ᠤ ᠬᠤᠪᠢ ᠳᠤ᠂ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠤᠨ | ᠠᠮᠢᠳᠤᠷᠠᠯ ᠳᠤ ᠦᠢᠯᠡᠴᠢᠯᠡᠬᠦ ᠵᠡᠷᠭᠡ ᠠᠵᠢᠯ ᠤᠳ ᠲᠠᠢ ᠨᠢᠭᠲᠠ ᠤᠶᠠᠯᠳᠤᠬᠤ ᠬᠡᠷᠡᠭᠲᠡᠶ᠂ ᠰᠢᠨ᠎ᠡ ᠪᠠᠶᠢᠳᠠᠯ ᠳᠣᠣᠷ᠎ᠠ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠠ ᠵᠠᠰᠠᠭ ᠤᠨ ᠣᠷᠳᠣᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠠᠵᠢᠯ ᠤᠨ ᠬᠤᠯᠪᠣᠭᠳᠠᠯ ᠪᠦᠬᠦᠢ ᠡᠯ᠎ᠡ ᠵᠦᠢᠯ ᠤᠨ ᠴᠢᠭᠯᠡᠯᠲᠡ ᠲᠦᠷᠦ ᠶᠢᠨ ᠪᠤᠳᠤᠯᠭ᠎ᠠ᠂ ᠰᠢᠨ᠎ᠡ ᠪᠠᠶᠢᠳᠠᠯ ᠢ | ᠡᠵᠡᠮᠰᠢᠵᠦ᠂ ᠰᠢᠨ᠎ᠡ ᠬᠠᠨᠳᠤᠰᠢ ᠲᠠᠢ ᠵᠤᠬᠢᠴᠠᠵᠤ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ | ᠵᠢᠯᠤᠭᠤᠳᠤᠯᠭ᠎ᠠ ᠪᠠ ᠵᠤᠬᠢᠴᠠᠭᠤᠯᠤᠯᠲᠠ ᠶᠢ ᠦᠨᠡᠨ ᠬᠦ ᠴᠢᠩᠭᠠᠳᠬᠠᠵᠤ᠂ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠦᠢᠯᠡᠰ ᠢ ᠶᠡᠬᠡᠪᠡᠷ ᠬᠥᠭᠵᠢᠭᠦᠯᠵᠦ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠡᠷᠬᠡ ᠠᠰᠢᠭ ᠢ | ᠬᠠᠮᠠᠭᠠᠯᠠᠨ ᠪᠠᠲᠤᠯᠠᠬᠤ ᠬᠡᠷᠡᠭᠲᠡᠶ᠃ | ︵ᠲᠦᠷᠪᠡ︶ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠢ ᠬᠥᠭᠵᠢᠭᠦᠯᠬᠦ ᠪᠠ ᠪᠡᠶ᠎ᠡ ᠶᠢᠨ | ᠲᠠᠮᠢᠷ ᠤᠨ ᠬᠦᠴᠦᠷᠬᠡᠭ ᠤᠯᠤᠰ ᠢ ᠪᠠᠶᠢᠭᠤᠯᠬᠤ ᠶᠠᠪᠤᠴᠠ ᠳᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠢ | ᠰᠠᠶᠢᠲᠤᠷ ᠠᠳᠬᠤᠬᠤ ᠪᠤᠰᠤᠳ ᠨᠠᠰᠤᠨ ᠤ ᠬᠥᠮᠦᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ | ᠣᠷᠣᠯᠴᠠᠬᠤ ᠶᠢ ᠳᠠᠶᠢᠴᠢᠯᠠᠬᠤ ᠪᠦᠲᠦᠮᠵᠢᠲᠡᠶ ᠠᠷᠭ᠎ᠠ ᠮᠥᠨ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ᠂ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠥᠷᠨᠢᠨ ᠬᠥᠭᠵᠢᠵᠦ᠂ ᠲᠡᠷᠡᠴᠢᠯᠡᠨ ᠠᠵᠤ ᠠᠬᠤᠶ ᠶᠢᠨ | ᠬᠥᠭᠵᠢᠯᠲᠡ ᠶᠢ ᠳᠠᠭᠠᠯᠳᠤᠨ᠂ ᠨᠡᠶᠢᠭᠡᠮ ᠤᠨ ᠳᠠᠪᠰᠢᠯᠲᠠ ᠪᠣᠯᠤᠨ ᠠᠷᠠᠳ ᠤᠨ ᠠᠮᠢᠳᠤᠷᠠᠯ ᠤᠨ ᠲᠦᠪᠰᠢᠨ ᠤ | ᠲᠠᠰᠤᠷᠠᠯᠲᠠ ᠦᠭᠡᠶ ᠳᠡᠭᠡᠭᠰᠢᠯᠡᠵᠦ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠬᠦᠰᠡᠯ ᠱᠠᠭᠠᠷᠳᠠᠯᠭ᠎ᠠ ᠤᠯᠠᠮ | ᠴᠢᠩᠭ᠎ᠠ ᠪᠣᠯᠵᠤ᠂ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠬᠠᠯᠠᠭᠤᠨ ᠰᠡᠳᠬᠢᠯᠭᠡ ᠨᠢ ᠤᠯᠠᠮ ᠢᠶᠠᠷ ᠨᠡᠮᠡᠭᠳᠡᠵᠤ | ᠪᠠᠶᠢᠨ᠎ᠠ᠂ ᠭᠡᠪᠡᠴᠦ ᠣᠳᠣᠬᠠᠨ ᠳᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠴᠢᠬᠤᠯᠠ ᠴᠢᠨᠠᠷ ᠤᠨ | ᠲᠤᠬᠠᠶ ᠲᠠᠨᠢᠯᠲᠠ ᠪᠠᠷ ᠭᠦᠢᠴᠡᠳ ᠦᠭᠡᠢ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ | ᠪᠠᠶᠢᠭᠤᠯᠤᠯᠲᠠ ᠶᠢᠨ ᠲᠤᠤᠷ ᠰᠦᠯᠵᠢᠶ᠎ᠡ ᠲᠡᠭᠦᠯᠳᠡᠷ ᠪᠤᠰᠤ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ | ᠲᠠᠯᠠᠪᠠᠶ ᠶᠢᠨ ᠪᠡᠯᠡᠳᠬᠡᠮᠵᠢ ᠶᠢᠨ ᠳᠤᠲᠠᠮᠠᠭ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠷᠭ᠎ᠠ ᠮᠠᠶ᠋ᠢᠭ | ᠨᠡᠯᠢᠶᠡᠳ ᠴᠥᠭᠡᠨ᠂ ᠰᠢᠨᠵᠢᠯᠡᠬᠦ ᠤᠬᠠᠭᠠᠨᠴᠢ ᠴᠢᠨᠠᠷ ᠠᠨᠠᠶ ᠪᠠ ᠵᠠᠷᠤᠳᠠᠯ ᠤᠨ ᠣᠷᠣᠭᠤᠯᠤᠯᠲᠠ ᠬᠦᠷᠦᠯᠴᠡᠬᠦ ᠦᠭᠡᠢ | ᠵᠡᠷᠭᠡ ᠰᠢᠢᠳᠪᠦᠷᠢᠯᠡᠭᠦᠰᠢᠲᠡᠢ ᠠᠰᠠᠭᠤᠳᠠᠯ ᠤᠷᠤᠰᠢᠵᠤ᠂ ᠰᠢᠨ᠎ᠡ ᠬᠤᠪᠢᠷᠠᠯᠲᠠ᠂ ᠰᠢᠨ᠎ᠡ ᠱᠠᠭᠠᠷᠳᠠᠯᠭ᠎ᠠ᠂ ᠰᠢᠨ᠎ᠡ | ᠡᠭᠦᠷᠭᠡ ᠨᠢ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠬᠥᠭᠵᠢᠯᠲᠡ ᠶᠢᠨ | ᠠᠵᠠ ᠲᠣᠬᠢᠶᠠᠯ ᠪᠠ ᠥᠷᠢᠰᠥᠯᠳᠦᠭᠡᠨ ᠪᠣᠯᠵᠤ ᠪᠠᠶᠢᠨ᠎ᠠ᠃ | ᠬᠤᠶᠠᠷ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠬᠠᠷᠠᠯᠲᠠ ᠡᠭᠦᠷᠭᠡ ᠶᠢ ᠲᠣᠳᠣᠷᠬᠠᠶ ᠪᠣᠯᠭᠠᠬᠤ | ᠬᠡᠷᠡᠭᠲᠡᠢ᠃ | ︵ᠲᠠᠪᠤ︶ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠵᠢᠮ᠎ᠡ ᠶᠣᠰᠣ ᠶᠢ ᠴᠢᠷᠮᠠᠶᠢᠨ ᠬᠠᠶᠢᠨ | ᠰᠦᠪᠡᠭᠴᠢᠯᠡᠨ ᠵᠢᠷᠤᠮᠯᠠᠵᠤ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠰᠢᠨ᠎ᠡ ᠬᠦᠷᠢᠶ᠎ᠡ᠂ ᠰᠢᠨ᠎ᠡ | ᠣᠷᠣᠨ ᠵᠠᠶ ᠪᠠ ᠰᠢᠨ᠎ᠡ ᠵᠠᠮ ᠢ ᠥᠷᠭᠡᠳᠬᠡᠵᠦ ᠨᠡᠭᠡᠭᠡᠬᠦ ᠬᠡᠷᠡᠭᠲᠡᠶ᠃ ᠨᠡᠶᠢᠭᠡᠮᠴᠢᠯᠡᠯ ᠢ ᠴᠢᠬᠤᠯᠠᠴᠢᠯᠠᠵᠤ᠂ ᠵᠠᠰᠠᠭ ᠤᠨ | ᠣᠷᠳᠣᠨ ᠤ ᠴᠢᠳᠠᠪᠬᠢ ᠶᠢ ᠲᠦᠷᠭᠡᠨ ᠬᠤᠪᠢᠷᠠᠭᠤᠯᠵᠤ᠂ ᠨᠥᠬᠦᠴᠡᠯ ᠪᠦᠷᠢᠯᠳᠦᠭᠦᠯᠵᠦ ᠪᠠᠶᠢᠭᠠᠳ ᠨᠡᠶᠢᠭᠡᠮ ᠤᠨ | ᠬᠦᠴᠦᠨ ᠤ ᠨᠠᠰᠤᠲᠠᠶᠢᠴᠤᠳ ᠤᠨ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠳᠤ | ᠣᠷᠣᠯᠴᠠᠭᠤᠯᠤᠨ᠎ᠠ︔ ᠳᠦᠷᠢᠮᠵᠢᠬᠦᠯᠦᠯᠲᠡ ᠶᠢ ᠴᠢᠬᠤᠯᠠᠴᠢᠯᠠᠵᠤ᠂ ᠡᠯ᠎ᠡ ᠵᠦᠢᠯ ᠤᠨ ᠡᠬᠢ ᠪᠠᠶᠠᠯᠢᠭ ᠢ ᠨᠡᠶᠢᠯᠡᠬᠦᠯᠦᠨ | ᠠᠰᠢᠭᠯᠠᠵᠤ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠬᠢᠭᠡᠳ ᠨᠠᠰᠤᠵᠢᠯ ᠤᠨ ᠦᠢᠯᠡᠴᠢᠯᠡᠭᠡ᠂ ᠡᠷᠡᠭᠦᠯ | ᠮᠡᠨᠳᠦ ᠶᠢᠨ ᠦᠢᠯᠡᠴᠢᠯᠡᠭᠡ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ᠂ ᠰᠣᠶᠣᠯ ᠤᠨ ᠪᠦᠲᠦᠭᠡᠯᠴᠢ | ᠰᠡᠳᠬᠢᠮᠵᠢ ᠪᠠ ᠵᠢᠷᠤᠵᠤ ᠲᠥᠯᠥᠪᠯᠡᠬᠦ᠂ ᠰᠤᠷᠭᠠᠨ ᠬᠥᠮᠦᠵᠢᠭᠦᠯᠵᠦ ᠪᠣᠯᠪᠠᠰᠤᠷᠠᠭᠤᠯᠬᠤ᠂ ᠡᠮᠴᠢᠯᠡᠭᠡ ᠡᠷᠡᠭᠦᠯ | ᠬᠠᠮᠠᠭᠠᠯᠠᠯ᠂ ᠭᠡᠷ ᠤᠨ ᠦᠢᠯᠡᠴᠢᠯᠡᠭᠡ᠂ ᠳᠠᠭᠠᠳᠬᠠᠯ᠂ ᠵᠢᠭᠤᠯᠴᠢᠯᠠᠯ ᠵᠡᠷᠭᠡ ᠬᠠᠮᠢᠶ᠎ᠠ ᠪᠥᠬᠦᠶ ᠬᠦᠷᠢᠶᠡᠨ ᠳᠠᠬᠢ | ᠬᠠᠷᠢᠯᠴᠠᠨ ᠠᠭᠤᠰᠤᠯᠴᠠᠨ ᠨᠡᠪᠲᠡᠷᠡᠯᠴᠡᠬᠦ ᠶᠢ ᠠᠬᠢᠭᠤᠯᠤᠨ᠎ᠠ︔ ᠰᠢᠨᠵᠢᠯᠡᠬᠦ ᠤᠬᠠᠭᠠᠨᠴᠢᠯᠠᠬᠤ ᠶᠢ ᠬᠦᠨᠳᠦᠳᠬᠡᠵᠦ᠂ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠠᠷᠭ᠎ᠠ ᠮᠠᠶ᠋ᠢᠭ ᠢ ᠴᠢᠳᠠᠪᠤᠷᠢ | ᠪᠣᠯᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠠᠭᠤᠷᠢ ᠨᠠᠩ ᠪᠠᠬᠢᠵᠢᠭ᠍ᠰᠡᠨ᠂ ᠪᠦᠲᠦᠭᠡᠭᠳᠡᠬᠦᠨ ᠢ ᠨᠡᠩ ᠡᠯᠪᠡᠭ ᠪᠠᠶᠠᠯᠢᠭ | ᠪᠣᠯᠭᠠᠵᠤ᠂ ᠬᠠᠩᠭᠠᠯᠭ᠎ᠠ ᠶᠢ ᠤᠯᠠᠮ ᠭᠦᠢᠴᠡᠳ ᠬᠠᠩᠭᠠᠮᠵᠢᠲᠠᠶ ᠪᠣᠯᠭᠠᠨ᠂ ᠨᠠᠰᠤᠲᠠᠶᠢᠴᠤᠳ ᠤᠨ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠤᠯᠠᠨ ᠡᠰᠢᠵᠢᠭ᠍ᠰᠡᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠴᠢᠷᠮᠠᠶᠢᠨ ᠬᠠᠩᠭᠠᠬᠤ ᠬᠡᠷᠡᠭᠲᠡᠶ︔ | ᠠᠮᠢᠳᠤᠷᠠᠯᠢᠭᠵᠢᠭᠤᠯᠬᠤ ᠶᠢ ᠴᠢᠬᠤᠯᠠᠴᠢᠯᠠᠵᠤ᠂ ᠦᠨᠳᠦᠰᠦᠨ ᠱᠠᠲᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠠᠵᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠬᠤ ᠬᠡᠷᠡᠭᠲᠡᠶ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ | ᠪᠣᠳᠠᠲᠠᠶ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠥᠲᠥᠯᠦᠨ ᠵᠢᠯᠣᠭᠤᠳᠴᠤ ᠪᠠᠶᠢᠭᠠᠳ ᠨᠠᠰᠤᠲᠠᠶᠢᠴᠤᠳ ᠤᠨ | ᠡᠷᠡᠭᠦᠯ ᠰᠠᠷᠠᠭᠤᠯ᠂ ᠪᠣᠯᠪᠠᠰᠤᠨ᠂ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠬᠡᠯᠪᠡᠷᠢ ᠶᠢ ᠪᠣᠢ ᠪᠣᠯᠭᠠᠬᠤ | ᠬᠡᠷᠡᠭᠲᠡᠢ᠃ | ︵ᠵᠢᠷᠭᠤᠭ᠎ᠠ︶ ᠨᠠᠰᠤᠲᠠᠶᠢᠴᠤᠳ ᠤᠨ ᠪᠡᠶ᠎ᠡ ᠮᠠᠬᠠᠪᠣᠳ᠂ ᠡᠷᠡᠭᠦᠯ ᠮᠡᠨᠳᠦ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠡᠯᠪᠡᠭ ᠪᠠᠶᠠᠯᠢᠭ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠴᠢᠩᠭᠠᠳᠬᠠᠬᠤ ᠶᠢ ᠰᠢᠨ᠎ᠡ | ᠪᠠᠶᠢᠳᠠᠯ ᠳᠣᠣᠷᠠᠬᠢ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠦᠨᠳᠦᠰᠦᠨ ᠡᠭᠦᠷᠭᠡ ᠪᠣᠯᠭᠠᠵᠤ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠤᠨᠤᠯ ᠤᠨ | ᠰᠢᠰᠲ᠋ᠧᠮ ᠪᠣᠯᠤᠨ ᠲᠦᠷᠤ ᠶᠢᠨ ᠪᠤᠳᠤᠯᠭ᠎ᠠ ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠠᠷᠠᠳ ᠨᠡᠶᠢᠲᠡ ᠶᠢᠨ ᠪᠡᠶ᠎ᠡ | ᠴᠢᠭᠢᠷᠠᠭᠵᠢᠭᠤᠯᠬᠤ ᠲᠥᠯᠥᠪᠯᠡᠭᠡ ᠳᠤ ᠣᠷᠣᠭᠤᠯᠤᠨ᠂ ᠦᠨᠡᠨ ᠬᠦ ︽ᠨᠠᠮ ᠵᠠᠰᠠᠭ ᠢᠶᠠᠷ ᠭᠤᠣᠯᠠᠭᠤᠯᠵᠤ᠂ ᠰᠠᠯᠠᠭ᠎ᠠ | ᠮᠥᠴᠢᠷ ᠬᠠᠷᠢᠭᠤᠴᠠᠯᠭ᠎ᠠ ᠪᠠᠨ ᠬᠦᠢᠴᠡᠳᠭᠡᠬᠦ᠂ ᠨᠡᠶᠢᠭᠡᠮᠯᠢᠭ ᠠᠴᠠ ᠵᠣᠬᠢᠶᠠᠨ ᠪᠠᠶᠢᠭᠤᠯᠵᠤ᠂ ᠨᠡᠶᠢᠭᠡᠮ ᠤᠨ ᠳᠡᠮᠵᠢᠯᠭᠡ᠂ | ᠭᠤᠣᠯᠳᠠᠯᠭ᠎ᠠ ᠨᠢ ᠦᠨᠳᠦᠰᠦᠨ ᠱᠠᠲᠤᠨ ᠳᠤ᠂ ᠪᠥᠬᠦ ᠠᠷᠠᠳ ᠲᠤ ᠬᠠᠨᠳᠤᠭᠤᠯᠤᠭᠰᠠᠨ︾ ᠨᠠᠰᠤᠲᠠᠶᠢᠴᠤᠳ ᠤᠨ | ᠪᠡᠶ᠎ᠡ ᠶᠢᠨ ᠲᠠᠮᠢᠷ ᠤᠨ ᠠᠵᠢᠯ ᠤᠨ ᠪᠠᠶᠢᠷᠢᠰᠢᠯ ᠢ ᠪᠤᠶ ᠪᠣᠯᠭᠠᠵᠤ᠂ ᠪᠡᠶ᠎ᠡ ᠶᠢᠨ ᠲᠠᠮᠢᠷ ᠤᠨ ᠲᠠᠯᠠᠪᠠᠶ ᠶᠢᠨ | ᠪᠡᠯᠡᠳᠬᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠰᠠᠭᠤᠷᠢ ᠪᠣᠯᠭᠠᠵᠤ᠂ ᠪᠡᠶ᠎ᠡ ᠶᠢᠨ ᠲᠠᠮᠢᠷ ᠤᠨ ᠵᠣᠬᠢᠶᠠᠨ | ᠪᠠᠶᠢᠭᠤᠯᠤᠯᠲᠠ ᠵᠢᠨᠰᠦ᠋ᠯᠵᠢᠶᠡ ᠶᠢ ᠲᠡᠭᠦᠯᠳᠡᠷᠵᠢᠭᠦᠯᠬᠦ ᠳᠤ ᠲᠦᠰᠢᠭᠯᠡᠨ᠂ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ | ᠥᠷᠨᠢᠭᠦᠯᠬᠦ ᠪᠠᠷ ᠠᠷᠭ᠎ᠠ ᠪᠠᠷᠢᠯ ᠪᠣᠯᠭᠠᠨ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠵᠣᠬᠢᠶᠠᠨ | ᠪᠠᠶᠢᠭᠤᠯᠤᠯᠲᠠ ᠲᠠᠢ᠂ ᠠᠵᠢᠯᠲᠠᠨ ᠲᠠᠢ᠂ ᠰᠠᠭᠤᠷᠢᠨ ᠭᠠᠵᠠᠷ ᠲᠠᠢ᠂ ᠵᠠᠷᠤᠳᠠᠯ ᠮᠥᠩᠭᠦ ᠲᠠᠢ ᠪᠥᠭᠡᠳ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠨ᠎ᠠ︔ ᠪᠥᠬᠦ ᠨᠠᠰᠤᠲᠠᠶᠢᠴᠤᠳ ᠤᠨ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠦᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠶ᠂ ᠨᠠᠰᠤᠲᠠᠶᠢᠴᠤᠳ ᠤᠨ | ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠦᠲᠦᠭᠡᠭᠳᠡᠬᠦᠨ ᠪᠠ | ᠦᠢᠯᠡᠴᠢᠯᠡᠭᠡᠨ ᠤ ᠬᠠᠨᠭ᠍ᠭᠠᠵᠤ᠂ ᠦᠷᠬᠦᠯᠵᠢ ᠶᠢᠨ ᠴᠢᠨᠠᠷᠲᠠᠶ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠳᠤ | ᠣᠷᠣᠯᠴᠠᠬᠤ ᠨᠠᠰᠤᠲᠠᠶᠢᠴᠤᠳ ᠤᠨ ᠲᠤᠭ᠎ᠠ ᠶᠢ ᠵᠢᠯ ᠳᠠᠷᠠᠭᠠᠯᠠᠨ ᠨᠡᠮᠡᠭᠳᠡᠬᠦᠯᠵᠤ᠂ ᠨᠠᠰᠤᠲᠠᠶᠢᠴᠤᠳ ᠤᠨ ᠪᠡᠶ᠎ᠡ | ᠴᠢᠭᠢᠷᠠᠭᠵᠢᠭᠤᠯᠬᠤ ᠪᠠ ᠬᠡᠷᠡᠭᠯᠡᠭᠡᠨ ᠤ ᠦᠵᠡᠯ ᠤᠬᠠᠮᠰᠠᠷ ᠢ ᠮᠡᠳᠡᠭᠳᠡᠬᠦ᠋ᠢᠴᠡ ᠴᠢᠩᠭᠠᠷᠠᠭᠤᠯᠵᠤ᠂ ᠬᠥᠮᠦᠨ ᠪᠦᠷᠢ ᠳᠤ | ᠳᠤᠮᠳᠠᠴᠢ ᠪᠠᠷ ᠨᠣᠭᠳᠠᠬᠤ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠵᠠᠷᠤᠯᠭ᠎ᠠ ᠶᠢ ᠢᠯᠡᠳᠲᠡ ᠳᠡᠭᠡᠭᠰᠢᠯᠡᠬᠦᠯᠦᠨ᠎ᠡ᠃ | ᠬᠤᠶᠠᠷ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ | ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ︵ᠳᠤᠯᠤᠭ᠎ᠠ︶ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠰᠦᠯᠵᠢᠶ᠎ᠡ ᠶᠢ | ᠲᠡᠭᠦᠯᠳᠡᠷᠵᠢᠭᠦᠯᠵᠦ ᠴᠢᠩᠭᠠᠳᠬᠠᠬᠤ ᠨᠢ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠴᠢᠬᠤᠯᠠ ᠤᠷᠢᠲᠠᠯ | ᠪᠠ ᠵᠠᠩᠭᠢᠯᠠᠭ᠎ᠠ ᠶᠢᠨ ᠭᠤᠭᠴᠤᠭ᠎ᠠ ᠮᠥᠨ᠃ ᠡᠷᠬᠡᠪᠰᠢ ︽ᠭᠤᠣᠯᠳᠠᠯᠭ᠎ᠠ ᠨᠢ ᠦᠨᠳᠦᠰᠦᠨ ᠱᠠᠲᠤᠨ ᠳᠤ᠂ ᠪᠥᠬᠦ | ᠠᠷᠠᠳ ᠲᠤ ᠬᠠᠨᠳᠤᠭᠤᠯᠬᠤ︾ ᠪᠠᠷ ᠠᠵᠢᠯ ᠤᠨ ᠴᠢᠭᠯᠡᠯᠲᠡ ᠪᠣᠯᠭᠠᠵᠤ᠂ ᠤᠯᠠᠨ ᠵᠦᠢᠯ ᠤᠨ ᠬᠡᠯᠪᠡᠷᠢ ᠶᠢᠨ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠬᠦᠭᠵᠢᠬᠦᠯᠵᠦ᠂ ᠨᠠᠰᠤᠲᠠᠶᠢᠴᠤᠳ ᠤᠨ | ᠠᠳᠠᠯᠢ ᠪᠤᠰᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠬᠤ ᠬᠡᠷᠡᠭᠲᠡᠶ᠃ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠳᠡᠭᠡᠷ᠎ᠡ ᠠᠴᠠ ᠳᠣᠷᠣᠭᠰᠢ ᠬᠦᠷᠲᠡᠯ᠎ᠡ ᠦᠷᠭᠦᠯᠵᠢᠯᠡᠬᠦ ᠶᠢ ᠳᠡᠮᠵᠢᠵᠣ᠂ | ᠰᠢᠶᠠᠨ ᠤ ᠱᠠᠲᠤᠨ ᠠᠴᠠ ᠳᠡᠭᠡᠭᠰᠢᠬᠢ ᠭᠠᠵᠠᠷ ᠣᠷᠣᠨ ᠳᠤ ᠴᠥᠮ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ | ᠬᠠᠤᠯᠢ ᠶᠣᠰᠣᠭᠠᠷ ᠲᠡᠩᠰᠡᠯᠡᠠ ᠪᠠᠶᠢᠭᠤᠯᠤᠭᠰᠠᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠢ | ᠪᠠᠶᠢᠭᠤᠯᠵᠤ᠂ ᠵᠡᠭᠡᠯᠢ ᠭᠤᠳᠤᠮᠵᠢ ᠪᠠ ᠰᠢᠶᠠᠩ ᠪᠠᠯᠭᠠᠰᠤᠨ ᠳᠤ ᠨᠠᠰᠤᠲᠠᠶᠢᠴᠤᠳ ᠤᠨ ᠦᠨᠳᠦᠰᠦᠨ ᠱᠠᠲᠤᠨ ᠤ | ᠰᠣᠶᠣᠯ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠨᠡᠶᠢᠳᠡᠮ ᠪᠠᠶᠢᠭᠤᠯᠵᠤ᠂ ᠬᠤᠳᠠ ᠬᠥᠳᠡᠭᠡ ᠶᠢᠨ | ᠨᠡᠶᠢᠭᠡᠮ ᠲᠣᠭᠤᠷᠢᠭ ᠲᠤ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠥᠷᠲᠡᠭᠡ ᠴᠢᠬ ᠪᠠ | ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠦᠯᠬᠦᠮ ᠨᠡᠶᠢᠲᠡ ᠶᠢ ᠥᠷᠭᠡᠨ ᠢᠶᠠᠷ ᠪᠠᠶᠢᠭᠤᠯᠵᠤ᠂ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠰᠦᠯᠵᠢᠶ᠎ᠡ ᠶᠢ ᠠᠯᠬᠤᠮ ᠠᠯᠬᠤᠮ ᠢᠶᠠᠷ | ᠪᠤᠢ ᠪᠣᠯᠭᠠᠨ ᠲᠡᠭᠦᠯᠳᠡᠷᠵᠢᠬᠦᠯᠦᠨ᠎ᠡ᠃ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ | ᠦᠢᠯᠡᠴᠢᠯᠡᠭᠡ ᠪᠠ ᠵᠢᠯᠤᠭᠤᠳᠤᠮᠵᠢ ᠶᠢ ᠴᠢᠩᠭᠠᠳᠬᠠᠵᠤ᠂ ᠵᠠᠰᠠᠭ ᠤᠨ ᠣᠷᠳᠣᠨ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢ ᠰᠠᠯᠭᠠᠬᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠵᠠᠷᠴᠢᠮ ᠶᠤᠰᠤᠭᠠᠷ ᠬᠥᠮᠦᠨ᠂ ᠵᠣᠭᠤᠰ | ᠮᠥᠩᠭᠦ᠂ ᠡᠳ᠋ ᠪᠣᠳᠠᠰ ᠪᠠ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠵᠡᠷᠭᠡ | ᠲᠠᠯ᠎ᠠ ᠪᠠᠷ ᠬᠢ ᠠᠰᠠᠭᠤᠳᠠᠯ ᠢ ᠦᠨᠡᠨ ᠬᠦ ᠬᠠᠪᠰᠤᠷᠴᠤ ᠰᠢᠢᠳᠪᠦᠷᠢᠯᠡᠬᠦ ᠬᠡᠷᠡᠭᠲᠡᠶ᠂ ᠠᠯᠪᠠᠯᠠᠬᠤ ᠪᠠ ᠪᠡᠶ᠎ᠡ | ᠴᠢᠭᠢᠷᠠᠭᠵᠢᠭᠤᠯᠬᠤ ᠠᠵᠢᠯᠯᠠᠭᠠᠨ ᠤ ᠪᠠᠲᠤᠯᠠᠭ᠎ᠠ ᠶᠢ ᠬᠠᠨᠭ᠍ᠭᠠᠵᠤ᠂ ᠠᠵᠢᠯᠲᠠᠨ ᠤ ᠡᠩᠨᠡᠭᠡ ᠶᠢ ᠲᠣᠭᠲᠠᠭᠤᠨ | ᠪᠠᠶᠢᠯᠭᠠᠬᠤ ᠪᠠ ᠠᠮᠢᠳᠤᠯᠢᠭ ᠪᠠᠶᠢᠯᠭᠠᠵᠤ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠰᠡᠳᠦᠬᠦ᠂ ᠬᠠᠮᠢᠶᠠᠷᠬᠤ᠂ ᠠᠵᠢᠯ ᠬᠢᠬᠦ ᠬᠦᠮᠦᠨ ᠲᠠᠢ ᠪᠣᠯᠭᠠᠨ᠎ᠠ᠃ | ︵ᠨᠠᠢᠮᠠ︶ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠨᠢ ᠨᠠᠰᠤᠲᠠᠶᠢᠴᠤᠳ ᠤᠨ ᠪᠡᠶ᠎ᠡ | ᠴᠢᠭᠢᠷᠠᠭᠵᠢᠭᠤᠯᠬᠤ ᠳᠤ ᠦᠢᠯᠡᠴᠢᠯᠡᠭᠡ ᠬᠠᠨᠭ᠍ᠭᠠᠳᠠᠭ ᠨᠡᠶᠢᠭᠡᠮ ᠤᠨ ᠪᠦᠯᠬᠦᠮ ᠶᠤᠮ᠂ ᠨᠠᠮ ᠪᠠ ᠵᠠᠰᠠᠭ ᠤᠨ ᠣᠷᠳᠣᠨ | ᠤ ᠨᠠᠰᠤᠲᠠᠶᠢᠴᠤᠳ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠂ ᠨᠠᠰᠤᠲᠠᠶᠢᠴᠤᠳ ᠤᠨ ᠤᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠪᠡᠶᠡᠯᠡᠬᠦᠯᠬᠦ ᠰᠠᠶᠢᠨ ᠬᠠᠪᠰᠤᠷᠤᠭᠴᠢ | ᠶᠤᠮ᠃ ᠡᠯ᠎ᠡ ᠱᠠᠲᠤᠨ ᠤ ᠨᠠᠰᠤᠲᠠᠶᠢᠴᠤᠳ ᠤᠨ ᠲᠠᠮᠢᠷ ᠤᠨ ᠡᠪᠯᠡᠯ ︵ᠨᠡᠶᠢᠭᠡᠮᠯᠢᠭ︶ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠠᠵᠢᠯ ᠤᠨ ᠪᠠᠶᠢᠭᠤᠯᠤᠮᠵᠢ ᠪᠠᠨ ᠪᠥᠷᠢᠨᠰᠢᠬᠦᠯᠵᠤ᠂ ᠨᠠᠰᠤᠨ ᠤ ᠠᠮᠠᠷᠠᠯᠲᠠ ᠪᠠᠨ | ᠠᠪᠤᠭᠰᠠᠨ ︵ᠲᠤᠰᠢᠶᠠᠯ ᠠᠴᠠ ᠰᠠᠯᠵᠤ ᠠᠮᠠᠷᠠᠭᠰᠠᠨ︶ ᠤᠳᠤᠷᠢᠳᠬᠤ ᠺᠠᠳ᠋ᠷ ᠤᠨ ᠨᠠᠰᠤᠲᠠᠶᠢᠴᠤᠳ ᠤᠨ ᠲᠠᠮᠢᠷ ᠤᠨ | ᠡᠪᠯᠡᠯ ︵ᠨᠡᠶᠢᠭᠡᠮᠯᠢᠭ︶ ᠳᠤ ᠲᠤᠰᠢᠶᠠᠯ ᠬᠠᠪᠰᠤᠷᠭᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠪᠡᠶ᠎ᠡ ᠶᠢᠨ | ᠲᠠᠮᠢᠷ ᠤᠨ ᠠᠵᠢᠯ ᠢ ᠰᠠᠶᠢᠨ ᠮᠡᠳᠡᠳᠡᠭ᠂ ᠵᠣᠬᠢᠶᠠᠨ ᠪᠠᠶᠢᠭᠤᠯᠬᠤ ᠵᠣᠬᠢᠴᠠᠭᠤᠯᠬᠤ ᠴᠢᠳᠠᠪᠤᠷᠢ ᠨᠡᠯᠢᠶᠡᠳ ᠴᠢᠩᠭ᠎ᠠ | ᠬᠥᠮᠦᠰ ᠢ ᠤᠷᠢᠨ᠂ ᠡᠳᠦᠷ ᠲᠤᠳᠤᠮ ᠤᠨ ᠠᠵᠢᠯ ᠢ ᠬᠢᠯᠭᠡᠵᠦ᠂ ᠨᠠᠰᠤᠲᠠᠶᠢᠴᠤᠳ ᠤᠨ ᠲᠠᠮᠢᠷ ᠤᠨ ᠡᠪᠯᠡᠯ | ︵ᠨᠡᠶᠢᠭᠡᠮᠯᠢᠭ︶ ᠤᠨ ︽ᠥᠪᠡᠷ ᠢ ᠪᠠᠨ ᠬᠥᠭᠵᠢᠭᠦᠯᠵᠦ᠂ ᠥᠪᠡᠷ ᠤᠨ ᠬᠠᠮᠢᠶᠠᠷᠤᠯᠲᠠ᠂ ᠥᠪᠡᠷ ᠤᠨ ᠦᠢᠯᠡᠴᠢᠯᠡᠭᠡ᠂ | ᠪᠡᠶ᠎ᠡ ᠪᠠᠨ ᠪᠠᠷᠢᠬᠤ ᠳᠦᠷᠢᠮᠵᠢᠯ︾ ᠤᠨ ᠴᠢᠳᠠᠪᠤᠷᠢ ᠶᠢ ᠳᠡᠭᠡᠭᠰᠢᠯᠡᠬᠦᠯᠵᠦ᠂ ᠲᠠᠲᠠᠬᠤ ᠬᠦᠴᠦᠨ᠂ ᠳᠣᠲᠣᠭᠠᠳᠤ | ᠪᠠᠷᠢᠯᠳᠤᠯ ᠤᠨ ᠬᠦᠴᠦ᠂ ᠢᠮᠠᠭᠲᠠ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠲᠠᠢ ᠪᠠᠶᠢᠬᠤ ᠶᠢ | ᠨᠡᠮᠡᠳᠡᠭᠦᠯᠦᠨᠡ᠃ | ︵ᠶᠢᠰᠦ︶ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠢ ᠢᠮᠠᠭᠲᠠ ᠨᠡᠶᠢᠭᠡᠮ ᠲᠣᠭᠤᠷᠢᠭ ᠤᠨ | ᠪᠡᠶ᠎ᠡ ᠶᠢᠨ ᠲᠠᠮᠢᠷ ᠤᠨ ᠠᠵᠢᠯ᠂ ᠬᠥᠳᠡᠭᠡ ᠲᠣᠰᠬᠤᠨ ᠤ ᠪᠡᠶ᠎ᠡ ᠶᠢᠨ ᠲᠠᠮᠢᠷ ᠤᠨ ᠠᠵᠢᠯ ᠲᠠᠢ ᠨᠢᠭᠲᠠ ᠤᠶᠠᠯᠳᠤᠵᠤ᠂ | ᠬᠠᠷᠢᠯᠴᠠᠨ ᠨᠦᠬᠦᠪᠦᠷᠢᠯᠡᠵᠦ ᠪᠠᠶᠢᠳᠠᠭ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠬᠤᠳᠠ ᠬᠥᠳᠡᠭᠡ ᠶᠢᠨ | ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ | ᠪᠠᠶᠢᠭᠤᠯᠤᠯᠲᠠ ᠲᠠᠢ ᠤᠶᠠᠯᠳᠤᠭᠤᠯᠵᠤ᠂ ᠨᠠᠰᠤᠲᠠᠶᠢᠴᠤᠳ ᠪᠣᠯᠤᠨ ᠪᠤᠰᠤᠳ ᠨᠠᠰᠤᠨ ᠤ ᠬᠥᠮᠦᠰ ᠤᠨ ᠪᠡᠶ᠎ᠡ | ᠴᠢᠭᠢᠷᠠᠭᠵᠢᠭᠤᠯᠬᠤ ᠳᠤ ᠰᠠᠶᠢᠨ ᠰᠠᠶᠢᠬᠠᠨ ᠨᠦᠯᠦᠭᠡᠯᠡᠬᠦ ᠦᠢᠯᠡᠳᠦᠯ ᠢ ᠪᠠᠳᠠᠷᠠᠭᠤᠯᠬᠤ ᠬᠡᠷᠡᠭᠲᠡᠢ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠨᠡᠶᠢᠭᠡᠮ | ᠲᠣᠭᠤᠷᠢᠭ᠂ ᠪᠡᠶ᠎ᠡ ᠶᠢᠨ ᠲᠠᠮᠢᠷ ᠤᠨ ᠠᠵᠢᠯᠯᠠᠭᠠᠨ ᠤ ᠲᠥᠪ ︵ᠦᠷᠳᠡᠭᠡ︶᠂ ᠰᠫᠣᠷᠲ ᠤᠨ ᠺᠯᠦ᠋ᠪ᠂ ᠰᠢᠶᠠᠩ | ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ ᠰᠣᠶᠣᠯ ᠤᠨ ᠦᠷᠳᠡᠭᠡ ᠵᠡᠷᠭᠡ ᠳᠤ ᠲᠦᠰᠢᠭᠯᠡᠨ᠂ | ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠳᠤ ᠦᠢᠯᠡᠴᠢᠯᠡᠬᠦ ᠦᠨᠳᠦᠰᠦᠨ ᠱᠠᠲᠤᠨ ᠤ ᠰᠣᠶᠣᠯ ᠪᠡᠶ᠎ᠡ ᠶᠢᠨ | ᠲᠠᠮᠢᠷ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠎ᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ | ᠰᠤᠮᠤ ᠪᠠᠯᠭᠠᠰᠤᠨ ᠤ ᠵᠠᠰᠠᠭ ᠤᠨ ᠣᠷᠳᠣᠨ ᠨᠢ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ | ᠥᠷᠲᠡᠭᠡ ᠴᠢᠬ ᠪᠠ ᠪᠡᠶ᠎ᠡ ᠴᠢᠭᠢᠷᠠᠭᠵᠢᠭᠤᠯᠬᠤ ᠪᠦᠯᠬᠦᠮ ᠨᠡᠶᠢᠲᠡ ᠶᠢ ᠳᠠᠩᠰᠠᠯᠠᠬᠤ ᠪᠠ ᠱᠠᠩᠨᠠᠯ ᠢᠶᠠᠷ ᠨᠥᠬᠦᠪᠥᠷᠢ ᠶᠢ | ᠣᠷᠣᠯᠠᠭᠤᠯᠬᠤ ᠵᠡᠷᠭᠡ ᠬᠡᠯᠪᠡᠷᠢ ᠪᠠᠷ ᠲᠡᠳᠬᠦᠨ ᠳᠡᠮᠵᠢᠬᠦ ᠪᠠᠷ ᠳᠠᠮᠵᠢᠭᠤᠯᠵᠤ᠂ ᠨᠠᠰᠤᠲᠠᠶᠢᠴᠤᠳ ᠤᠨ ᠪᠡᠶ᠎ᠡ | ᠴᠢᠭᠢᠷᠠᠭᠵᠢᠭᠤᠯᠤᠯᠲᠠ᠂ ᠰᠣᠶᠣᠯ ᠴᠡᠩᠭᠡᠯ ᠤᠨ ᠴᠢᠬᠤᠯᠠ ᠵᠣᠬᠢᠶᠠᠨ ᠪᠠᠶᠢᠭᠤᠯᠤᠯᠲᠠ ᠪᠣᠯᠭᠠᠬᠤ ᠬᠡᠷᠡᠭᠲᠡᠢ᠃ | ︵ᠠᠷᠪᠠ︶ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠭᠤᠣᠯᠯᠠᠭᠴᠢ ᠬᠦᠴᠦᠨ ᠤ ᠡᠩᠨᠡᠭᠡ ᠶᠢ | ᠪᠦᠳᠦᠭᠡᠨ ᠪᠠᠶᠢᠭᠤᠯᠬᠤ ᠶᠢ ᠴᠢᠩᠭᠠᠳᠬᠠᠬᠤ ᠬᠡᠷᠡᠭᠲᠡᠶ᠃ ᠲᠥᠯᠥᠪᠯᠡᠭᠡ ᠲᠠᠢ᠂ ᠬᠠᠨᠳᠤᠯᠭᠠᠲᠤ ᠴᠢᠨᠠᠷ ᠲᠠᠢ ᠪᠠᠷ | ᠨᠠᠰᠤᠲᠠᠶᠢᠴᠤᠳ ᠲᠤ ᠦᠢᠯᠡᠴᠢᠯᠡᠬᠦ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢ | ᠪᠣᠯᠪᠠᠰᠤᠷᠠᠭᠤᠯᠬᠤ ᠵᠡᠷᠭᠡ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠪᠠᠶᠢᠭᠤᠯᠤᠨ᠎ᠠ᠃ ᠦᠵᠡᠯ ᠰᠠᠨᠠᠭ᠎ᠠ | ᠶᠣᠰᠣ ᠮᠣᠷᠠᠯ ᠤᠨ ᠬᠡᠪ ᠴᠢᠨᠠᠷ ᠪᠠ ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠬᠦᠯᠵᠤ᠂ ᠡᠯ᠎ᠡ | ᠱᠠᠲᠤᠨ ᠤ ᠡᠯ᠎ᠡ ᠲᠦᠷᠦᠯ ᠤᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ | ᠲᠡᠭᠦᠯᠳᠡᠷᠵᠢᠬᠦᠯᠦᠨ᠎ᠡ᠃ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠤᠨ ᠳᠠᠰᠬᠠᠯᠵᠢᠭᠤᠯᠤᠭᠴᠢ᠂ | ᠬᠢᠨᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠬᠢᠷᠢ ᠬᠡᠮ ᠤᠨ ᠦᠨᠡᠮᠯᠡᠯ | ᠣᠯᠭᠤᠨ᠎ᠠ︔ ᠨᠠᠰᠤᠲᠠᠶᠢᠴᠤᠳ ᠲᠤ ᠦᠢᠯᠡᠴᠢᠯᠡᠬᠦ ᠠᠵᠢᠯ ᠮᠡᠷᠭᠡᠵᠢᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠯᠣᠭᠤᠳᠣᠭᠴᠢ ᠵᠡᠷᠭᠡ ᠬᠦᠮᠦᠰ ᠢ ᠬᠥᠮᠦᠵᠢᠭᠦᠯᠵᠦ᠂ ᠵᠡᠭᠡᠯᠢ ᠭᠤᠳᠤᠮᠵᠢ᠂ ᠰᠢᠶᠠᠩ ᠪᠠᠯᠭᠠᠰᠤ ᠶᠢᠨ ᠤᠷᠢᠨ | ᠬᠡᠷᠡᠭᠯᠡᠵᠤ ᠪᠠᠶᠢᠭ᠎ᠠ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠨᠠᠰᠤᠲᠠᠶᠢᠴᠤᠳ ᠤᠨ ᠪᠡᠶ᠎ᠡ | ᠴᠢᠭᠢᠷᠠᠭᠵᠢᠭᠤᠯᠬᠤ ᠦᠢᠯᠡᠴᠢᠯᠡᠭᠡᠨ ᠤ ᠠᠵᠢᠯ ᠳᠤ ᠣᠷᠣᠯᠴᠠᠬᠤ ᠶᠢ ᠵᠣᠷᠢᠭᠵᠢᠭᠤᠯᠬᠤ ᠪᠥᠬᠡᠳ ᠪᠤᠰᠤᠳ ᠥᠨᠳᠥᠷ | ᠨᠠᠰᠤᠲᠠᠳ ᠳᠤ ᠬᠤᠯᠪᠣᠭᠳᠠᠬᠤ ᠬᠥᠮᠦᠰ ᠲᠠᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃ | ᠭᠤᠷᠪᠠ᠂ ᠨᠠᠰᠤᠲᠠᠶᠢᠴᠤᠳ ᠲᠤ ᠳᠣᠭᠢᠷᠠᠭᠰᠠᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ | ᠪᠡᠯᠡᠳᠬᠡᠮᠵᠢ ᠶᠢᠨ ᠪᠠᠶᠢᠭᠤᠯᠤᠯᠲᠠ ᠪᠠ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠶ᠃ | ︵ᠠᠷᠪᠠᠨ ᠨᠢᠭᠡ︶ ᠪᠡᠶ᠎ᠡ ᠪᠠᠨ ᠪᠣᠯᠪᠠᠰᠤᠷᠠᠭᠤᠯᠬᠤ ᠲᠠᠯᠠᠪᠤᠷ ᠤᠨ ᠲᠤᠨᠤᠭ ᠲᠦᠬᠦᠭᠡᠷᠦᠮᠵᠢ ᠨᠢ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ ᠥᠷᠨᠢᠭᠦᠯᠬᠦ ᠴᠢᠬᠤᠯᠠ | ᠨᠥᠬᠦᠴᠡᠯ ᠪᠠ ᠴᠢᠬᠤᠯᠠ ᠪᠠᠲᠤᠯᠠᠭ᠎ᠠ ᠮᠥᠨ᠃ ︽ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ | ᠲᠥᠬᠦᠭᠡᠷᠦᠮᠵᠢ ᠶᠢᠨ ᠲᠦᠷᠢᠮ︾ ᠢ ᠦᠨᠳᠦᠰᠦᠯᠡᠨ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠳᠤ | ᠳᠣᠭᠢᠷᠬᠠᠰᠠᠨ ᠲᠠᠯᠠᠪᠠᠶ ᠶᠢᠨ ᠲᠦᠬᠦᠬᠡᠷᠦᠮᠵᠢ ᠶᠢ ᠪᠡᠶ᠎ᠡ ᠴᠢᠭᠢᠷᠠᠭᠵᠢᠭᠤᠯᠬᠤ ᠪᠥᠲᠥᠭᠡᠨ ᠪᠠᠶᠢᠭᠤᠯᠤᠯᠲᠠ ᠶᠢᠨ | ᠠᠭᠤᠯᠭ᠎ᠠ ᠪᠣᠯᠭᠠᠵᠤ᠂ ᠨᠠᠰᠤᠲᠠᠶᠢᠴᠤᠳ ᠲᠤ ᠳᠣᠭᠢᠷᠠᠭᠰᠠᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠲᠦᠬᠦᠭᠡᠷᠦᠮᠵᠢ | ᠶᠢᠨ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠵᠢᠷᠤᠮᠵᠢᠯ ᠵᠢᠴᠢ ᠮᠡᠷᠭᠡᠵᠢᠯ ᠤᠨ ᠱᠠᠭᠠᠷᠳᠠᠯᠭ᠎ᠠ ᠵᠡᠷᠭᠡ ᠪᠠᠷᠢᠮᠵᠢᠶ᠎ᠠ ᠶᠢ | ᠲᠠᠰᠤᠷᠠᠯᠲᠠ ᠦᠭᠡᠢ ᠲᠡᠭᠦᠯᠳᠡᠷᠵᠢᠬᠦᠯᠦᠨ᠎ᠡ︔ ᠲᠡᠩᠴᠡᠭᠦᠷᠢᠲᠡᠶ ᠲᠤᠬᠢᠷᠠᠭᠤᠯᠤᠯᠲᠠ᠂ ᠬᠡᠪᠴᠢᠶ᠎ᠡ ᠨᠢ ᠲᠣᠬᠢᠷᠠᠮᠵᠢᠲᠠᠶ᠂ | ᠴᠢᠳᠠᠪᠬᠢ ᠶᠢ ᠲᠡᠷᠢᠭᠦᠨ ᠳᠤ ᠲᠠᠯᠪᠢᠬᠤ᠂ ᠬᠢᠮᠳᠠ ᠪᠥᠭᠡᠳ ᠬᠡᠷᠡᠭᠴᠡᠭᠡ ᠳᠤ ᠳᠣᠭᠢᠷᠬᠠᠰᠠᠨ᠂ ᠡᠨᠧᠷᠭᠢ ᠠᠷᠪᠢᠯᠠᠵᠤ | ᠣᠷᠴᠢᠨ ᠠᠬᠤᠶ ᠶᠢ ᠬᠠᠮᠠᠭᠠᠯᠠᠬᠤ ᠵᠠᠷᠴᠢᠮ ᠤᠨ ᠶᠤᠰᠤᠭᠠᠷ ᠲᠤᠬᠠᠶ ᠶᠢᠨ ᠭᠠᠵᠠᠷ ᠤᠨ ᠠᠵᠤ ᠠᠬᠤᠶ ᠶᠢᠨ | ᠬᠥᠭᠵᠢᠯᠲᠡ ᠶᠢᠨ ᠪᠠᠶᠢᠳᠠᠯ᠂ ᠨᠠᠰᠤᠲᠠᠶᠢᠴᠤᠳ ᠤᠨ ᠲᠤᠭ᠎ᠠ ᠪᠠ ᠲᠠᠷᠬᠠᠴᠠ᠂ ᠭᠠᠵᠠᠷ ᠣᠷᠣᠨ ᠤ ᠣᠨᠴᠠᠯᠢᠭ ᠵᠢᠴᠢ | ᠪᠡᠶ᠎ᠡ ᠴᠢᠭᠢᠷᠠᠭᠵᠢᠭᠤᠯᠬᠤ ᠳᠠᠳᠬᠠᠯ ᠵᠡᠷᠭᠡ ᠬᠦᠴᠦᠨ ᠵᠦᠢᠯ ᠢ ᠦᠨᠳᠦᠰᠦᠯᠡᠨ᠂ ᠨᠠᠰᠤᠲᠠᠶᠢᠴᠤᠳ ᠤᠨ ᠪᠡᠶ᠎ᠡ | ᠴᠢᠭᠢᠷᠠᠭᠵᠢᠭᠤᠯᠬᠤ ᠳᠤ ᠲᠣᠬᠢᠷᠠᠮᠵᠢᠲᠠᠶ ᠲᠠᠯᠠᠪᠤᠷ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠲᠥᠯᠥᠪᠵᠢᠭᠦᠯᠭᠡ ᠳᠤ ᠣᠷᠣᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠤᠰᠤᠳ | ᠨᠠᠰᠤᠲᠠᠶᠢᠴᠤᠳ ᠲᠤ ᠦᠢᠯᠡᠴᠢᠯᠡᠬᠦ ᠲᠠᠯᠠᠪᠠᠶ ᠶᠢᠨ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ | ᠤᠨ ᠬᠠᠮᠲᠤ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃ | ︵ᠠᠷᠪᠠᠨ ᠬᠤᠶᠠᠷ︶ ᠨᠠᠰᠤᠲᠠᠶᠢᠴᠤᠳ ᠲᠤ ᠳᠣᠭᠢᠷᠠᠭᠰᠠᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ | ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢᠨ ᠪᠡᠯᠡ ᠣᠷᠣᠭᠤᠯᠵᠤ ᠪᠡᠯᠡ | ᠲᠣᠬᠢᠷᠠᠭᠤᠯᠬᠤ ᠠᠷᠭ᠎ᠠ ᠵᠠᠮ ᠢ ᠦᠷᠭᠡᠳᠬᠡᠵᠦ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠳᠤ | ᠲᠣᠬᠢᠷᠠᠮᠵᠢᠲᠠᠶ ᠦᠨᠳᠦᠰᠦᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠪᠠ | ᠪᠡᠯᠡ ᠣᠷᠣᠭᠤᠯᠬᠤ ᠲᠥᠯᠥᠪᠯᠡᠭᠡ ᠳᠤ ᠣᠷᠤᠭᠤᠯᠤᠨ᠎ᠠ᠃ ᠲᠥᠪᠯᠡᠷᠡᠭᠦᠯᠦᠨ ᠬᠡᠷᠡᠭᠯᠡᠵᠦ ᠪᠠᠶᠢᠭ᠎ᠠ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠪᠡᠶ᠎ᠡ ᠶᠢᠨ ᠲᠠᠮᠢᠷ ᠤᠨ ᠠᠵᠤ ᠦᠢᠯᠡᠰ ᠢ ᠳᠡᠮᠵᠢᠬᠦ | ᠲᠤᠰᠬᠠᠶ ᠵᠦᠢᠯ ᠤᠨ ᠪᠡᠯᠡ ᠮᠥᠩᠭᠦ ᠨᠢ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠭᠦᠢᠴᠡᠳ | ᠪᠣᠳᠣᠯᠬᠢᠯᠠᠬᠤ ᠬᠡᠷᠡᠭᠲᠡᠶ᠂ ᠲᠡᠷᠡᠴᠢᠯᠡᠨ ᠠᠵᠤ ᠠᠬᠤᠶ ᠶᠢᠨ ᠬᠥᠭᠵᠢᠯ ᠢᠶᠠᠷ ᠪᠠᠷᠤᠭᠲᠠᠶ ᠭᠠᠵᠠᠷ ᠣᠷᠣᠨ ᠢ ᠳᠡᠮᠵᠢᠬᠦ | ᠡᠷᠴᠢᠮ ᠢᠶᠠᠨ ᠴᠢᠩᠭᠠᠷᠠᠭᠤᠯᠬᠤ ᠬᠡᠷᠡᠭᠲᠡᠶ︔ ᠬᠤᠨᠵᠢᠪᠤᠷᠢᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ | ᠮᠥᠩᠭᠦ ᠬᠡᠷᠡᠭᠯᠡᠬᠦ ᠪᠦᠳᠦᠭᠡᠨ ᠪᠠᠶᠢᠭᠤᠯᠤᠯᠲᠠ ᠶᠢᠨ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠢᠨᠵᠧᠨᠧᠷᠢᠩ︾ | ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠴᠢᠳᠠᠪᠬᠢ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ | ᠨᠠᠰᠤᠲᠠᠶᠢᠴᠤᠳ ᠤᠨ ᠪᠠᠭ᠋ᠠᠷᠬᠠᠯ ᠢ ᠲᠠᠲᠠᠭᠰᠠᠨ᠂ ᠥᠷᠭᠡᠨ ᠬᠡᠷᠡᠭᠴᠡᠭᠡ ᠲᠠᠢ᠂ ᠳᠥᠭᠦᠮ ᠳᠥᠲᠡ ᠪᠥᠭᠡᠳ ᠪᠣᠳᠠᠲᠤ | ᠬᠡᠷᠡᠭᠴᠡᠭᠡ ᠲᠠᠢ᠂ ᠪᠡᠶ᠎ᠡ ᠴᠢᠭᠢᠷᠠᠭᠵᠢᠭᠤᠯᠬᠤ ᠦᠷ᠎ᠡ ᠪᠦᠲᠦᠮᠵᠢ ᠪᠠᠷ ᠢᠯᠡᠷᠬᠡᠶ ᠪᠡᠶ᠎ᠡ ᠶᠢᠨ ᠲᠠᠮᠢᠷ ᠤᠨ ᠪᠠᠭᠠᠵᠢ | ᠬᠡᠷᠡᠭᠰᠡᠯ ᠢ ᠲᠤᠬᠢᠷᠠᠭᠤᠯᠬᠤ ᠬᠡᠷᠡᠭᠲᠡᠢ︔ ᠣᠲᠣ ᠶᠢᠨ ᠪᠠᠶᠢᠭ᠎ᠠ ᠣᠯᠠᠨ ᠨᠡᠶᠢᠲᠡ ᠶᠢᠨ ᠲᠦᠬᠦᠬᠡᠷᠦᠮᠵᠢ ᠶᠢ ᠭᠦᠢᠴᠡᠳ | ᠠᠰᠢᠭᠯᠠᠵᠤ᠂ ᠴᠡᠴᠡᠷᠯᠢᠭ᠂ ᠲᠡᠯᠡᠪᠡᠢ᠂ ᠨᠣᠭᠤᠭᠠᠨ ᠬᠥᠷᠥᠰᠥ ᠪᠣᠯᠤᠨ ᠬᠤᠲᠠ ᠶᠢᠨ ᠬᠤᠭᠤᠰᠣᠨ ᠲᠠᠯᠠᠪᠤᠷ ᠭᠠᠵᠠᠷ | ᠵᠡᠷᠭᠡ ᠳᠤ ᠨᠠᠰᠤᠲᠠᠶᠢᠴᠤᠳ ᠲᠤ ᠳᠣᠭᠢᠷᠠᠭᠰᠠᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠲᠦᠬᠦᠬᠡᠷᠦᠮᠵᠢ ᠶᠢ | ᠲᠠᠭᠠᠷᠠᠭᠤᠯᠬᠤ ᠬᠡᠷᠡᠭᠲᠡᠢ᠂ ᠨᠠᠰᠤᠲᠠᠶᠢᠴᠤᠳ ᠲᠤ ᠲᠠᠯᠠᠪᠠᠶ ᠶᠢᠨ ᠪᠥᠵᠢᠭ ᠤᠨ ᠠᠵᠢᠯᠯᠠᠭ᠎ᠠ ᠶᠢᠨ ᠲᠠᠯᠠᠪᠤᠷ ᠭᠠᠵᠠᠷ ᠢ | ᠬᠠᠨᠭ᠍ᠭᠠᠵᠤ᠂ ᠴᠠᠬᠢᠯᠭᠠᠨ᠂ ᠰᠥᠨᠢ ᠶᠢᠨ ᠭᠡᠷᠡᠯᠲᠦᠭᠦᠯᠭᠡ ᠶᠢᠨ ᠳ᠋ᠧᠩ ᠵᠡᠷᠭᠡ ᠰᠠᠭᠤᠷᠢ ᠲᠥᠬᠦᠭᠡᠷᠦᠮᠵᠢ ᠶᠢ ᠢᠵᠢ | ᠪᠦᠷᠢᠳᠦᠭᠦᠯᠵᠦ᠂ ᠨᠥᠬᠦᠴᠡᠯ ᠲᠠᠢ ᠪᠣᠯ ᠰᠢᠯᠵᠢᠮᠡᠯ ᠲᠡᠭᠤᠠ ᠬᠠᠶᠢᠷᠴᠠᠭ ᠵᠡᠷᠭᠡ ᠪᠠᠭᠠᠵᠢ ᠬᠡᠷᠡᠭᠰᠡᠯ ᠲᠤᠨᠤᠭ | ᠲᠥᠬᠦᠭᠡᠷᠦᠮᠵᠢ ᠶᠢ ᠲᠠᠭᠠᠷᠠᠭᠤᠯᠤᠭᠰᠠᠨ ᠪᠠᠶᠢᠬᠤ︔ ᠦᠯᠡᠳᠡᠭᠡᠯ ᠡᠬᠢ ᠪᠠᠶᠠᠯᠢᠭ ᠢ ᠬᠡᠷᠡᠭᠲᠡᠶ᠂ ᠬᠠᠭᠤᠴᠢᠨ | ᠦᠢᠯᠡᠳᠪᠦᠷᠢ ᠶᠢᠨ ᠬᠡᠷ ᠪᠠᠶᠢᠰᠢᠩ᠂ ᠬᠥᠮᠥᠷᠭᠡ᠂ ᠬᠠᠭᠤᠴᠢᠨ ᠬᠤᠳᠠᠯᠳᠤᠭᠠᠨ ᠤ ᠲᠦᠬᠦᠬᠡᠷᠦᠮᠵᠢ ᠵᠡᠷᠭᠡ ᠶᠢ | ᠦᠭᠡᠷᠡᠴᠢᠯᠡᠨ ᠪᠠᠶᠢᠭᠤᠯᠵᠤ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠳᠤ ᠭᠡᠷᠡᠭᠯᠡᠬᠦ ᠬᠡᠷᠡᠭᠲᠡᠢ᠂ ᠤᠳᠤ ᠪᠠᠶᠢᠭ᠎ᠠ | ᠤᠯᠠᠨ ᠨᠡᠶᠢᠲᠡ ᠶᠢᠨ ᠪᠡᠶ᠎ᠡ ᠪᠠᠨ ᠪᠣᠯᠪᠠᠰᠤᠷᠠᠭᠤᠯᠬᠤ ᠲᠠᠯᠠᠪᠤᠷ ᠤᠨ ᠲᠦᠬᠦᠬᠡᠷᠦᠮᠵᠢ ᠶᠢᠨ ᠬᠠᠷᠰᠢ ᠰᠠᠭᠠᠳ ᠦᠭᠡᠢ | ᠪᠤᠶᠤ ᠨᠠᠰᠤᠲᠠᠳ ᠲᠤ ᠳᠣᠭᠢᠷᠠᠬᠤ ᠬᠡᠮᠵᠢᠶ᠎ᠡ ᠪᠠᠷ ᠬᠢᠵᠦ ᠦᠬᠡᠷᠡᠴᠢᠯᠡᠨ᠂ ᠨᠥᠬᠦᠴᠡᠯ ᠲᠠᠢ ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ ᠶᠡᠷᠦᠩᠬᠡᠶᠢᠯᠡᠭᠰᠡᠨ ᠰᠣᠶᠣᠯ ᠤᠨ ᠦᠷᠲᠡᠭᠡ ᠨᠢ ᠭᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠬᠤ | ᠲᠠᠯᠠᠪᠤᠷ ᠭᠠᠵᠠᠷ ᠪᠠᠶᠢᠭᠤᠯᠵᠤ᠂ ᠨᠠᠰᠤᠲᠠᠶᠢᠴᠤᠳ ᠲᠤ ᠳᠣᠭᠢᠷᠬᠠᠰᠠᠨ ᠪᠡᠶ᠎ᠡ ᠲᠠᠮᠢᠷ ᠤᠨ ᠬᠥᠳᠡᠯᠭᠡᠭᠡᠨ ᠬᠢᠬᠦ ᠳᠤ | ᠲᠤᠬᠢᠷᠠᠬᠤ ᠪᠠᠭᠠᠵᠢ ᠬᠡᠷᠡᠭᠰᠡᠯ ᠪᠠ ᠲᠣᠨᠤᠭ ᠲᠥᠬᠦᠭᠡᠷᠦᠮᠵᠢ ᠲᠠᠢ ᠪᠠᠶᠢᠬᠤ︔ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠬᠠᠨᠳᠢᠪᠯᠠᠬᠤ ᠪᠠ ᠳᠡᠮᠵᠢᠯᠭᠡ ᠦᠵᠡᠭᠦᠯᠬᠦ ᠶᠢ | ᠬᠥᠬᠢᠭᠦᠯᠵᠦ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ PPP ᠵᠠᠭᠪᠤᠷ ᠤᠨ ᠬᠡᠯᠪᠡᠷᠢ ᠪᠠᠷ᠂ | ᠨᠠᠰᠤᠲᠠᠶᠢᠴᠤᠳ ᠲᠤ ᠳᠣᠭᠢᠷᠠᠭᠰᠠᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠲᠦᠬᠦᠭᠡᠷᠦᠮᠵᠢ ᠶᠢᠨ ᠢᠳᠡᠪᠬᠢᠲᠡᠶ ᠪᠠᠷ | ᠡᠷᠬᠢᠯᠡᠬᠦ ᠶᠢ ᠳᠡᠮᠵᠢᠬᠦ ᠬᠡᠷᠡᠭᠲᠡᠶ᠃ | ︵ᠠᠷᠪᠠᠨ ᠭᠤᠷᠪᠠ︶ ᠡᠳ᠋ ᠤᠨ ᠵᠠᠰᠠᠭ ᠤᠨ ᠨᠥᠬᠦᠪᠥᠷᠢ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠦᠢᠯᠡᠴᠢᠯᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠨᠡᠶᠢᠲᠡ ᠶᠢᠨ ᠳᠡᠮᠵᠢᠯᠭᠡ ᠪᠠ ᠠᠷᠠᠳ ᠠᠴᠠ | ᠡᠷᠬᠢᠯᠡᠭᠰᠡᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢ ᠰᠦᠢᠳᠬᠡᠯ ᠬᠤᠷᠢᠶᠠᠬᠤ ᠦᠭᠡᠢ ᠪᠠᠷ ᠪᠤᠶᠤ | ᠪᠠᠭ᠎ᠠ ᠰᠦᠶ᠋ᠳᠬᠡᠯ ᠬᠤᠷᠢᠶᠠᠵᠤ ᠪᠠᠶᠢᠭᠠᠳ ᠨᠠᠰᠤᠲᠠᠶᠢᠴᠤᠳ ᠲᠤ ᠨᠡᠭᠡᠭᠡᠬᠦ ᠶᠢᠨ ᠬᠠᠮᠲᠤ ᠡᠵᠡᠩᠨᠡᠯᠲᠡ ᠬᠠᠮᠢᠶᠠᠷᠤᠯᠲᠠ | ᠪᠠ ᠦᠢᠯᠡᠴᠢᠯᠡᠭᠡ ᠶᠢᠨ ᠪᠠᠷᠢᠮᠵᠢᠶᠠᠲᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠢᠯᠡᠴᠢᠯᠡᠬᠡᠨ ᠤ | ᠲᠥᠷᠥᠯ ᠵᠦᠶ᠋ᠯ ᠪᠠ ᠦᠢᠯᠡᠴᠢᠯᠡᠬᠡᠨ ᠤ ᠶᠠᠪᠤᠴᠠ ᠶᠢ ᠵᠢᠷᠤᠮᠵᠢᠭᠤᠯᠵᠤ᠂ ᠦᠢᠯᠡᠴᠢᠯᠡᠬᠦ ᠬᠢᠷᠢ ᠬᠡᠮᠵᠢᠶ᠎ᠡ ᠪᠠᠨ | ᠳᠡᠭᠡᠭᠰᠢᠯᠡᠭᠦᠯᠬᠦ ᠬᠡᠷᠡᠭᠲᠡᠶ ᠪᠥᠭᠡᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠨᠠᠰᠤᠲᠠᠶᠢᠴᠤᠳ ᠲᠤ | ᠳᠣᠭᠢᠷᠠᠭᠰᠠᠨ ᠪᠡᠶ᠎ᠡ ᠴᠢᠭᠢᠷᠠᠭᠵᠢᠭᠤᠯᠬᠤ ᠳᠤ ᠲᠤᠬᠢᠷᠠᠮᠵᠢᠲᠠᠢ ᠠᠰᠢᠭ ᠬᠤᠨᠵᠢᠪᠣᠷᠢ ᠶᠢᠨ ᠪᠤᠰᠤ ᠴᠢᠨᠠᠷᠲᠠᠶ | ᠲᠠᠯᠠᠪᠠᠶ ᠶᠢᠨ ᠲᠥᠬᠦᠭᠡᠷᠦᠮᠵᠢ ᠶᠢᠨ ᠵᠠᠷᠤᠳᠠᠯ ᠰᠦᠢᠳᠬᠡᠯ ᠢ ᠬᠠᠰᠤᠵᠤ ᠬᠡᠯᠳᠦᠷᠢᠬᠦᠯᠦᠨ᠎ᠡ︔ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠨᠡᠶᠢᠭᠡᠮ ᠲᠣᠭᠤᠷᠢᠭ ᠤᠨ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠭᠠᠵᠠᠷ ᠤᠨ | ᠲᠦᠬᠦᠬᠡᠷᠦᠮᠵᠢ ᠪᠣᠯᠤᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠦᠬᠦᠬᠡᠷᠦᠮᠵᠢ ᠪᠣᠯᠤᠨ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ᠂ ᠰᠣᠶᠣᠯ᠂ ᠨᠠᠰᠤᠵᠢᠯ ᠵᠡᠷᠭᠡ ᠨᠡᠶᠢᠭᠡᠮ ᠲᠣᠭᠤᠷᠢᠭ ᠤᠨ ᠲᠤᠰᠬᠠᠶ | ᠦᠢᠯᠡᠴᠢᠯᠡᠭᠡᠨ ᠤ ᠲᠥᠬᠦᠭᠡᠷᠦᠮᠵᠢ ᠶᠢᠨ ᠴᠢᠳᠠᠮᠵᠢ ᠶᠢ ᠤᠶᠠᠯᠳᠤᠭᠤᠯᠬᠤ᠂ ᠬᠡᠷᠡᠭᠯᠡᠬᠦ ᠨᠣᠷᠮ᠎ᠠ ᠶᠢ ᠳᠡᠭᠡᠭᠰᠢᠯᠡᠬᠦᠯᠵᠦ᠂ | ᠶᠡᠷᠦᠩᠬᠡᠶᠢᠯᠡᠭᠰᠡᠨ ᠦᠷ᠎ᠡ ᠠᠰᠢᠭ ᠢ ᠪᠠᠳᠠᠷᠠᠭᠤᠯᠤᠨ᠎ᠠ᠃ ᠠᠯᠪᠠᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠪᠠ ᠨᠡᠶᠢᠭᠡᠮ ᠤᠨ ᠪᠦᠯᠬᠦᠮ ᠤᠨ ᠳᠣᠲᠣᠭᠠᠳᠤ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ | ᠲᠦᠬᠦᠬᠡᠷᠦᠮᠵᠢ ᠨᠢ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠲᠦᠭᠦᠮ ᠦᠵᠡᠭᠦᠯᠬᠦ ᠪᠠ | ᠦᠢᠯᠡᠴᠢᠯᠡᠭᠡ ᠬᠠᠩᠭᠠᠬᠤ ᠬᠡᠷᠡᠭᠲᠡᠶ᠃ ᠴᠡᠴᠡᠷᠯᠢᠭ᠂ ᠲᠡᠯᠡᠪᠡᠢ᠂ ᠨᠣᠭᠤᠭᠠᠨ ᠭᠠᠵᠠᠷ ᠵᠡᠷᠭᠡ ᠤᠯᠠᠨ ᠨᠡᠶᠢᠲᠡ ᠶᠢᠨ | ᠲᠠᠯᠠᠪᠤᠷ ᠨᠢ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠥᠷᠲᠡᠭᠡ ᠴᠢᠬ ᠪᠠ ᠪᠡᠶ᠎ᠡ ᠶᠢᠨ | ᠲᠠᠮᠢᠷ ᠤᠨ ᠪᠡᠶ᠎ᠡ ᠴᠢᠭᠢᠷᠠᠭᠵᠢᠭᠤᠯᠬᠤ ᠪᠦᠯᠬᠦᠮ ᠨᠡᠶᠢᠲᠡ ᠶᠢᠨ ᠠᠵᠢᠯᠯᠠᠭ᠎ᠠ ᠥᠷᠨᠢᠭᠦᠯᠬᠦ ᠳᠤ ᠨᠥᠬᠦᠴᠡᠯ | ᠪᠦᠷᠢᠯᠳᠦᠭᠦᠯᠵᠦ ᠥᠭᠬᠦ ᠬᠡᠷᠡᠭᠲᠡᠶ᠃ ᠨᠢᠭᠡᠨᠲᠡ ᠪᠠᠶᠢᠭ᠎ᠠ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠶᠢᠨ ᠲᠠᠯᠠᠪᠤᠷ ᠲᠥᠬᠦᠭᠡᠷᠦᠮᠵᠢ ᠶᠢᠨ ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ | ᠲᠤᠬᠠᠶ ᠬᠠᠮᠢᠶᠠᠷᠤᠯᠲᠠ᠂ ᠬᠠᠮᠠᠭᠠᠯᠠᠯᠲᠠ ᠪᠠᠨ ᠴᠢᠩᠭᠠᠳᠬᠠᠵᠤ᠂ ᠪᠦᠷᠢᠨ ᠪᠦᠲᠦᠨ ᠪᠠᠶᠢᠬᠤ ᠶᠢ ᠦᠨᠡᠨ ᠬᠦ ᠪᠠᠲᠤᠯᠠᠵᠤ᠂ | ᠴᠢᠳᠠᠮᠵᠢ ᠪᠦᠷᠢᠨ᠂ ᠬᠡᠷᠡᠭᠯᠡᠬᠦ ᠳᠤ ᠠᠮᠤᠷ ᠲᠦᠪᠰᠢᠨ᠂ ᠡᠵᠡᠯᠡᠭᠳᠡᠭᠰᠡᠨ ᠤᠢᠭᠡᠢ᠂ ᠡᠪᠳᠡᠭᠳᠡᠭᠰᠡᠨ ᠦᠭᠡᠢ ᠪᠠᠶᠢᠬᠤ | ᠶᠢ ᠪᠠᠲᠤᠯᠠᠬᠤ ᠬᠡᠷᠡᠭᠲᠡᠢ᠃ | ᠲᠦᠷᠪᠡ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ | ᠥᠷᠭᠡᠨ ᠢᠶᠠᠷ ᠦᠷᠨᠢᠬᠦᠯᠬᠦ ᠭᠡᠷᠡᠭᠲᠡᠢ᠃ | ︵ᠠᠷᠪᠠᠨ ᠳᠥᠷᠪᠡ︶ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠢ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠵᠣᠬᠢᠶᠠᠨ ᠪᠠᠶᠢᠭᠤᠯᠤᠯᠲᠠ ᠨᠤᠭᠤᠳ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ᠂ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ᠂ ᠳᠤᠷᠠᠰᠬᠠᠯ ᠤᠨ ᠡᠳᠦᠷ᠂ ᠪᠠᠶᠠᠷ ᠳᠤᠷᠠᠰᠬᠠᠯ ᠤᠨ ᠡᠳᠦᠷ ᠢ ᠠᠰᠢᠭᠯᠠᠨ | ︽ᠦᠷᠭᠦᠯᠵᠢ ᠰᠠᠶᠢᠨ ᠳᠤᠷ᠎ᠠ ᠠᠴᠠ ᠪᠠᠨ᠂ ᠢᠳᠡᠪᠬᠢᠲᠡᠢ ᠣᠷᠣᠯᠴᠠᠵᠤ᠂ ᠲᠤᠰ ᠭᠠᠵᠠᠷ ᠲᠤᠨᠢ ᠪᠤᠶᠤ ᠣᠶᠢᠷᠠᠯᠴᠠᠭ᠎ᠠ | ᠭᠠᠵᠠᠷ ᠲᠤᠨᠢ᠂ ᠪᠠᠭ᠎ᠠ ᠬᠡᠯᠪᠡᠷᠢ ᠶᠢᠨ ᠣᠯᠠᠨ ᠶᠠᠩᠵᠤ ᠶᠢᠨ᠂ ᠲᠠᠮᠢᠷ ᠰᠣᠶᠣᠯ ᠢ ᠤᠶᠠᠯᠳᠤᠭᠤᠯᠤᠨ᠂ ᠰᠢᠨᠵᠢᠯᠡᠬᠦ | ᠤᠬᠠᠭᠠᠨᠴᠢ ᠪᠣᠯᠪᠠᠰᠤᠨ ᠡᠷᠡᠭᠦᠯ ᠮᠡᠨᠳᠤ ᠳᠤ ᠲᠤᠰᠠᠲᠠᠶ︾ ᠵᠠᠷᠴᠢᠮ ᠤᠨ ᠶᠣᠰᠣᠭᠠᠷ᠂ ᠴᠠᠭ᠂ ᠬᠥᠮᠦᠨ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠨᠠᠰᠤᠲᠠᠶᠢᠴᠤᠳ ᠢ ᠲᠠᠶᠢᠴᠢᠯᠠᠨ ᠵᠣᠬᠢᠶᠠᠨ ᠪᠠᠶᠢᠭᠤᠯᠤᠨ ᠡᠷᠭᠢᠯᠡᠭᠰᠡᠨ | ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠬᠡᠷ ᠪᠦᠯᠢ ᠶᠢᠨ ᠪᠡᠶ᠎ᠡ ᠶᠢᠨ ᠲᠠᠮᠢᠷ ᠤᠨ ᠴᠤᠭᠯᠠᠭᠠᠨ᠂ | ᠰᠠᠭᠤᠭᠠᠯᠢ ᠲᠤᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠠᠵᠢᠯᠯᠠᠭ᠎ᠠ ᠶᠢ ᠦᠷᠨᠢᠬᠦᠯᠬᠦ ᠶᠢ ᠳᠡᠮᠵᠢᠨ | ᠵᠢᠯᠤᠭᠤᠳᠴᠤ᠂ ᠪᠡᠶ᠎ᠡ ᠶᠢᠨ ᠲᠠᠮᠢᠷ ᠤᠨ ᠲᠣᠭᠯᠠᠯᠲᠠ ᠰᠣᠯᠢᠯᠴᠠᠭ᠎ᠠ ᠪᠠᠷ ᠳᠠᠮᠵᠢᠨ᠂ ᠤᠷᠤᠯᠴᠠᠭ᠎ᠠ᠂ ᠪᠡᠶ᠎ᠡ | ᠴᠢᠭᠢᠷᠠᠭᠵᠢᠭᠤᠯᠬᠤ᠂ ᠵᠤᠭ᠎ᠠ ᠴᠡᠩᠭᠡᠯ ᠤᠨ ᠰᠢᠨᠵᠢ᠂ ᠰᠤᠨᠢᠷᠬᠠᠯᠳᠦ ᠴᠢᠨᠠᠷ ᠪᠠ ᠣᠯᠠᠨ ᠶᠠᠩᠵᠤᠲᠤ ᠴᠢᠨᠠᠷ ᠢ | ᠲᠣᠪᠣᠶᠢᠯᠭᠠᠵᠤ᠂ ᠲᠡᠰᠦᠷᠡᠯᠳᠠ ᠤᠢᠭᠡᠢ ᠰᠢᠨ᠎ᠡ ᠪᠠᠷ ᠡᠭᠦᠳᠬᠦ ᠠᠷᠭ᠎ᠠ ᠮᠠᠶ᠋ᠢᠭ ᠢᠶᠠᠷ᠂ ᠣᠷᠣᠨ ᠨᠤᠲᠤᠭ ᠤᠨ | ᠣᠨᠴᠠᠯᠢᠭ ᠲᠠᠢ ᠨᠠᠰᠤᠲᠠᠶᠢᠴᠤᠳ ᠤᠨ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭᠠᠨ ᠢ ᠪᠣᠶ ᠪᠣᠯᠭᠠᠵᠤ᠂ | ᠨᠠᠰᠤᠲᠠᠶᠢᠴᠤᠳ ᠤᠨ ᠨᠢᠭᠡ ᠵᠦᠢᠯ ᠤᠨ ᠠᠵᠢᠯᠯᠠᠭᠠᠨ ᠢ ᠰᠣᠩᠭᠤᠵᠤ᠂ ᠨᠢᠭᠡ ᠪᠦᠯᠬᠦᠮ ᠨᠡᠶᠢᠲᠡ ᠳᠤ ᠣᠷᠤᠯᠴᠠᠨ᠂ | ᠨᠢᠭᠡ ᠵᠦᠢᠯ ᠤᠨ ᠴᠡᠩᠭᠡᠯ ᠪᠠᠶᠠᠰᠤᠯ ᠢ ᠬᠦᠷᠲᠡᠨ᠂ ᠨᠢᠭᠡᠨ ᠡᠷᠡᠭᠦᠯ ᠲᠡᠩᠬᠡᠯᠡᠭᠦᠨ ᠪᠡᠶ᠎ᠡ ᠮᠠᠬᠠᠪᠣᠳ ᠲᠠᠢ ᠪᠣᠯᠬᠤ ᠶᠢ | ᠬᠥᠲᠥᠯᠥᠨ ᠵᠢᠯᠣᠭᠤᠳᠴᠤ᠂ ᠨᠠᠰᠤᠲᠠᠶᠢᠴᠤᠳ ᠤᠨ ᠪᠠᠶᠢᠩᠭᠤ ᠶᠢᠨ ᠴᠢᠨᠠᠷᠲᠠᠶ ᠪᠡᠶ᠎ᠡ ᠴᠢᠭᠢᠷᠠᠭᠵᠢᠭᠤᠯᠬᠤ | ᠠᠵᠢᠯᠯᠠᠭᠠᠨ ᠢ ᠥᠷᠭᠡᠨ ᠳᠡᠯᠭᠡᠷ ᠭᠦᠨ ᠭᠦᠨᠵᠡᠭᠡᠶ ᠦᠷᠨᠢᠬᠦᠯᠬᠦ ᠶᠢ ᠠᠬᠢᠭᠤᠯᠵᠤ᠂ ᠨᠠᠰᠤᠲᠠᠶᠢᠴᠤᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭᠠᠨ ᠢ ᠬᠡᠪᠰᠢᠭᠦᠯᠬᠦ ᠶᠢ ᠪᠡᠶᠡᠯᠡᠭᠦᠯᠦᠨ᠎ᠡ᠃ | ︵ᠠᠷᠪᠠᠨ ᠲᠠᠪᠤ︶ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠵᠦᠢᠯᠡᠰ ᠤᠨ | ᠠᠵᠢᠯᠯᠠᠭ᠎ᠠ ᠶᠢ ᠢᠳᠡᠪᠬᠢᠲᠡᠶ ᠦᠷᠨᠢᠭᠦᠯᠬᠦ ᠳᠤ ᠦᠢᠯᠡᠴᠢᠯᠡᠬᠡᠨ ᠤ ᠪᠠᠲᠤᠯᠠᠭ᠎ᠠ ᠬᠠᠨᠭ᠍ᠭᠠᠵᠤ᠂ ᠵᠠᠬ᠎ᠠ ᠳᠡᠯᠭᠡᠭᠦᠷ ᠤᠨ | ᠪᠠᠶᠢᠭᠤᠯᠤᠮᠵᠢ ᠪᠠᠷ ᠳᠠᠮᠵᠢᠭᠤᠯᠤᠨ᠂ ᠨᠡᠶᠢᠭᠡᠮ ᠤᠨ ᠬᠦᠴᠦᠨ ᠢ ᠲᠠᠲᠠᠵᠤ ᠤᠷᠤᠯᠳᠤᠭᠠᠨ ᠢ ᠳᠠᠭᠠᠭᠠᠨ ᠡᠷᠭᠢᠯᠡᠭᠦᠯᠦᠨ᠎ᠡ︔ | ᠪᠦᠬᠦ ᠤᠯᠤᠰ ᠤᠨ ᠴᠢᠨᠠᠷᠲᠠᠢ ᠪᠠ ᠣᠷᠣᠨ ᠪᠦᠰᠡ ᠶᠢᠨ ᠴᠢᠨᠠᠷᠲᠠᠶ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ | ᠠᠵᠢᠯᠯᠠᠭᠠᠨ ᠢ ᠲᠣᠭᠲᠠᠮᠠᠯ ᠦᠷᠨᠢᠬᠦᠯᠵᠤ᠂ ᠤᠯᠠᠮᠵᠢᠯᠠᠯ ᠪᠠ ᠲᠦᠷᠢᠮ ᠢ ᠠᠯᠬᠤᠮ ᠠᠯᠬᠤᠮ ᠢᠶᠠᠷ ᠪᠣᠯᠭᠠᠵᠤ᠂ ᠦᠯᠢᠭᠡᠷ | ᠵᠢᠱᠢᠶ᠎ᠡ ᠦᠵᠡᠭᠦᠯᠬᠦ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠪᠣᠢ ᠪᠣᠯᠭᠠᠬᠤ ᠬᠡᠷᠡᠭᠲᠡᠶ︔ | ᠨᠠᠰᠤᠲᠠᠶᠢᠴᠤᠳ ᠤᠨ ᠡᠷᠡᠬᠦᠯ᠂ ᠪᠣᠯᠪᠠᠰᠤᠨ᠂ ᠡᠮᠬᠢ ᠳᠢᠭᠯᠢᠮ ᠲᠠᠢ ᠪᠠᠷ ᠲᠠᠯᠠᠪᠠᠶ ᠶᠢᠨ ᠪᠥᠵᠢᠭ ᠤᠨ ᠠᠵᠢᠯᠯᠠᠭ᠎ᠠ | ᠦᠷᠨᠢᠭᠦᠯᠬᠦ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠲᠠᠯᠠᠪᠠᠶ ᠶᠢᠨ ᠪᠥᠵᠢᠭ ᠢ ᠰᠣᠶᠣᠯ᠂ ᠪᠡᠶ᠎ᠡ ᠶᠢᠨ | ᠲᠠᠮᠢᠷ ᠤᠨ ᠰᠠᠯᠠᠭ᠎ᠠ ᠮᠥᠴᠢᠷ ᠤᠨ ᠴᠢᠬᠤᠯᠠ ᠠᠵᠢᠯ ᠤᠨ ᠠᠭᠤᠯᠭ᠎ᠠ ᠳᠤ ᠣᠷᠣᠭᠤᠯᠵᠤ᠂ ᠬᠡᠰᠡᠭ ᠬᠤᠪᠢᠶᠠᠨ | ᠵᠢᠯᠣᠭᠤᠳᠬᠤ᠂ ᠬᠤᠯᠪᠣᠭᠠᠯᠠᠵᠤ ᠬᠠᠪᠰᠤᠷᠤᠨ ᠲᠡᠳᠬᠦᠬᠦ᠂ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ᠂ ᠳᠡᠯᠭᠡᠨ | ᠦᠵᠡᠭᠦᠯᠦᠯᠭᠡ ᠶᠢᠨ ᠲᠣᠭᠯᠠᠯᠲᠠ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ᠂ ᠨᠠᠰᠤᠲᠠᠶᠢᠴᠤᠳ ᠤᠨ | ᠲᠠᠯᠠᠪᠠᠶ ᠶᠢᠨ ᠪᠥᠵᠢᠭ ᠤᠨ ᠠᠵᠢᠯᠯᠠᠭ᠎ᠠ ᠶᠢᠨ ᠠᠷᠭ᠎ᠠ ᠬᠡᠯᠪᠡᠷᠢ ᠶᠢ ᠬᠠᠶᠢᠨ ᠰᠦᠪᠡᠭᠴᠢᠯᠡᠨ ᠵᠢᠷᠤᠮᠵᠢᠭᠤᠯᠤᠨ᠎ᠠ︔ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ︽ᠠᠶᠤᠯᠭᠦᠶ ᠪᠠᠶᠢᠬᠤ ᠶᠢ ᠲᠡᠷᠢᠭᠦᠨ ᠳᠤ ᠲᠠᠯᠪᠢᠬᠤ︾ | ᠪᠠ ︽ᠤᠷᠤᠯᠴᠠᠭ᠎ᠠ᠂ ᠡᠷᠡᠭᠦᠯ ᠴᠢᠭᠢᠷᠠᠭ᠂ ᠰᠣᠯᠢᠯᠴᠠᠭ᠎ᠠ᠂ ᠪᠠᠶᠠᠷ ᠪᠠᠶᠠᠰᠤᠯ︾ ᠵᠠᠷᠴᠢᠮ ᠤᠨ ᠶᠣᠰᠣᠭᠠᠷ ᠦᠷᠨᠢᠭᠦᠯᠬᠦ | ᠬᠡᠷᠡᠭᠲᠡᠢ᠂ ᠨᠥᠬᠦᠴᠡᠯ ᠲᠠᠢ ᠪᠣᠯ ᠬᠥᠳᠡᠯᠭᠡᠭᠡᠨ ᠤ ᠬᠡᠮᠳᠦᠯ ᠤᠨ ᠲᠦᠷᠦᠯ ᠤᠨ ᠳᠠᠭᠠᠳᠬᠠᠯ ᠢ ᠬᠤᠳᠠᠯᠳᠤᠨ ᠠᠪᠴᠤ᠂ | ᠬᠥᠮᠦᠨ ᠤ ᠪᠡᠶ᠎ᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠬᠡᠷᠡᠭᠲᠡᠶ︔ ᠪᠡᠶ᠎ᠡ ᠶᠢᠨ | ᠲᠠᠮᠢᠷ ᠤᠨ ᠰᠠᠯᠠᠭ᠎ᠠ ᠮᠥᠴᠢᠷ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠬᠡᠨ ᠤ | ᠣᠷᠳᠣ ᠬᠤᠭᠤᠴᠠᠭ᠎ᠠ ᠬᠦᠴᠦᠨ ᠲᠠᠢ ᠪᠠᠶᠢᠬᠤ ᠠᠵᠢᠯ ᠤᠨ ᠲᠣᠭᠲᠠᠴᠠ ᠶᠢ ᠪᠠᠶᠢᠭᠤᠯᠤᠨ᠂ ︽ᠭᠤᠷᠪᠠ ᠶᠢ ᠬᠠᠯᠠᠮᠵᠢᠯᠠᠨ | ᠬᠠᠶᠢᠷᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠤᠨ᠂ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ᠂ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠲᠠᠳ᠂ ᠪᠡᠶ᠎ᠡ ᠶᠢᠨ ᠲᠠᠮᠢᠷ ᠤᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ᠂ | ᠪᠡᠶ᠎ᠡ ᠶᠢᠨ ᠲᠠᠮᠢᠷ ᠤᠨ ᠠᠩᠭᠢ ᠦᠨᠳᠦᠰᠦᠨ ᠱᠠᠲᠤᠨ ᠳᠤ ᠬᠦᠷᠴᠦ ᠨᠠᠰᠤᠲᠠᠶᠢᠴᠤᠳ ᠲᠤ ᠦᠢᠯᠡᠴᠢᠯᠡᠭᠡ ᠬᠦᠷᠭᠡᠬᠦ᠂ | ᠬᠠᠯᠠᠮᠵᠢᠯᠠᠯ ᠬᠦᠷᠭᠡᠬᠦ᠂ ᠡᠷᠡᠭᠦᠯ ᠮᠡᠨᠳᠦ ᠬᠦᠷᠭᠡᠬᠦ ᠠᠵᠢᠯᠯᠠᠭ᠎ᠠ ᠶᠢ ᠦᠷᠭᠡᠨ ᠢᠶᠠᠷ ᠵᠣᠬᠢᠶᠠᠨ ᠪᠠᠶᠢᠭᠤᠯᠵᠤ ᠂ ᠭᠤᠣᠨᠢ | ᠨᠠᠰᠤᠲᠠᠨ᠂ ᠵᠡᠮᠳᠡᠭ ᠨᠠᠰᠤᠲᠠᠨ ᠳᠤ ᠪᠡᠶ᠎ᠡ ᠪᠣᠯᠪᠠᠰᠤᠷᠠᠭᠤᠯᠬᠤ ᠦᠢᠯᠡᠴᠢᠯᠡᠭᠡ ᠬᠦᠷᠭᠡᠬᠦ ᠠᠵᠢᠯ ᠢ ᠴᠢᠩᠭᠠᠳᠬᠠᠬᠤ | ᠬᠡᠷᠡᠭᠲᠡᠢ᠃ | ︵ᠠᠷᠪᠠᠨ ᠵᠢᠷᠭᠤᠭ᠎ᠠ︶ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠷᠭ᠎ᠠ ᠶᠢᠨ ᠲᠤᠬᠠᠶ ᠰᠤᠳᠤᠯᠤᠯ ᠪᠠ | ᠪᠡᠶ᠎ᠡ ᠴᠢᠭᠢᠷᠠᠭᠵᠢᠭᠤᠯᠤᠯ ᠤᠨ ᠠᠵᠢᠯᠯᠠᠭ᠎ᠠ ᠶᠢᠨ ᠵᠢᠯᠤᠭᠤᠳᠤᠮᠵᠢ ᠶᠢ ᠴᠢᠩᠭᠠᠳᠬᠠᠵᠤ᠂ ᠪᠡᠶ᠎ᠡ ᠴᠢᠭᠢᠷᠠᠭᠵᠢᠭᠤᠯᠬᠤ | ᠪᠣᠯᠪᠠᠰᠤᠷᠠᠭᠤᠯᠤᠯ ᠲᠠᠶᠢᠯᠤᠮᠵᠢ ᠬᠢᠬᠦ ᠪᠠ ᠪᠡᠶ᠎ᠡ ᠴᠢᠭᠢᠷᠠᠭᠵᠢᠭᠤᠯᠬᠤ ᠵᠢᠯᠤᠭᠤᠳᠤᠯᠭ᠎ᠠ ᠬᠢᠵᠦ ᠯᠠᠪᠯᠠᠯᠭ᠎ᠠ ᠥᠭᠬᠦ ᠵᠡᠷᠭᠡ | ᠠᠵᠢᠯᠯᠠᠭ᠎ᠠ ᠶᠢ ᠦᠷᠨᠢᠬᠦᠯᠦᠨ᠎ᠡ᠂ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠬᠦ᠂ ᠪᠡᠶ᠎ᠡ | ᠴᠢᠭᠢᠷᠠᠭᠵᠢᠭᠤᠯᠬᠤ ᠮᠡᠷᠭᠡᠵᠢᠯ ᠴᠢᠳᠠᠪᠤᠷᠢ ᠤᠯᠠᠮᠵᠢᠯᠠᠬᠤ︔ ᠨᠠᠰᠤᠲᠠᠶᠢᠴᠤᠳ ᠤᠨ ᠣᠨᠴᠠᠯᠢᠭ ᠲᠤ ᠳᠣᠭᠢᠷᠬᠠᠰᠠᠨ᠂ | ᠳᠥᠭᠦᠮ ᠳᠥᠲᠡ ᠬᠢᠯᠪᠠᠷ ᠶᠠᠪᠤᠭᠳᠠᠬᠤ᠂ ᠰᠢᠨᠵᠢᠯᠡᠬᠦ ᠤᠬᠠᠭᠠᠨᠴᠢ᠂ ᠪᠣᠯᠪᠠᠰᠤᠨ᠂ ᠦᠷ᠎ᠡ ᠨᠦᠯᠦᠭᠡ ᠲᠠᠢ ᠪᠡᠶ᠎ᠡ | ᠴᠢᠭᠢᠷᠠᠭᠵᠢᠭᠤᠯᠬᠤ ᠠᠷᠭ᠎ᠠ ᠶᠢ ᠲᠦᠭᠡᠮᠡᠯᠵᠢᠭᠦᠯᠦᠨ ᠳᠡᠯᠭᠡᠷᠡᠭᠦᠯᠵᠦ᠂ ᠨᠠᠰᠤᠲᠠᠶᠢᠴᠤᠳ ᠤᠨ ᠬᠡᠷᠡᠭᠴᠡᠭᠡ | ᠱᠠᠭᠠᠷᠳᠠᠯᠭ᠎ᠠ ᠶᠢᠨ ᠣᠨᠴᠠᠯᠢᠭ ᠢ ᠦᠨᠳᠦᠰᠦᠯᠡᠨ ᠰᠣᠶᠣᠯ ᠤᠷᠠᠯᠢᠭ ᠤᠨ ᠠᠭᠤᠯᠬᠤᠨ ᠲᠠᠢ᠂ ᠰᠢᠨᠵᠢᠯᠡᠬᠦ | ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠢᠯᠡᠳᠭᠡᠭᠰᠡᠨ᠂ ᠣᠯᠠᠨ ᠲᠦᠮᠡᠨ ᠤ ᠭᠤᠸ᠎ᠠ | ᠲᠠᠭᠠᠰᠢᠶᠠᠯ ᠤᠨ ᠣᠨᠴᠠᠯᠢᠭ ᠲᠠᠢ ᠨᠡᠶᠢᠴᠡᠭᠰᠡᠨ ᠲᠠᠯᠠᠪᠠᠶ ᠶᠢᠨ ᠪᠥᠵᠢᠭ ᠤᠨ ᠪᠦᠲᠦᠭᠡᠯ ᠢ ᠨᠠᠶᠢᠷᠠᠭᠤᠯᠤᠨ᠂ ᠦᠪᠡᠷ | ᠤᠨ ᠪᠦᠲᠦᠭᠡᠯ ᠤᠨ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂ ᠢᠯᠠᠩᠭᠤᠶ᠎ᠠ ᠡᠷᠡᠭᠦᠯ ᠮᠡᠨᠳᠦ ᠶᠢ ᠬᠠᠮᠠᠭᠠᠯᠠᠬᠤ | ᠵᠤᠭ᠎ᠠ ᠴᠡᠩᠭᠡᠯ ᠤᠨ ᠲᠦᠷᠦᠯ ᠵᠦᠢᠯ ᠢ ᠬᠢᠵᠦ᠂ ᠠᠳᠠᠯᠢ ᠪᠤᠰᠤ ᠶᠢᠨ ᠨᠠᠰᠤ᠂ ᠬᠦᠢᠰᠦ᠂ ᠳᠤᠷ᠎ᠠ ᠪᠠᠬ᠎ᠠ ᠪᠠ ᠡᠷᠡᠭᠦᠯ | ᠮᠡᠨᠳᠦ ᠶᠢᠨ ᠬᠡᠮᠵᠢᠶ᠎ᠡ ᠲᠠᠢ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠣᠯᠠᠨ ᠶᠠᠩᠵᠤ ᠶᠢᠨ ᠬᠡᠷᠡᠭᠴᠡᠭᠡ ᠶᠢ | ᠬᠠᠨᠭ᠍ᠭᠠᠨ᠎ᠠ︔ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠦᠨᠳᠦᠰᠦᠲᠡᠨ᠂ | ᠠᠷᠠᠳ ᠤᠨ ᠤᠯᠠᠮᠵᠢᠯᠠᠯᠲᠤ ᠣᠨᠴᠠᠯᠢᠭ ᠲᠠᠢ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠪᠠ ᠵᠢᠱᠢᠶ᠎ᠡ ᠦᠵᠡᠭᠦᠯᠬᠦ | ᠡᠩᠨᠡᠭᠡᠨ ᠳᠤ ᠣᠷᠤᠭᠤᠯᠬᠤ ᠶᠢ ᠬᠦᠲᠦᠯᠦᠨ ᠵᠢᠯᠤᠭᠤᠳᠣᠨ ᠳᠡᠮᠵᠢᠵᠦ᠂ ᠨᠠᠰᠤᠲᠠᠶᠢᠴᠤᠳ ᠤᠨ ᠪᠡᠶ᠎ᠡ | ᠴᠢᠭᠢᠷᠠᠭᠵᠢᠭᠤᠯᠬᠤ ᠵᠦᠢᠯᠡᠰ ᠢ ᠤᠯᠠᠮᠵᠢᠯᠠᠨ ᠵᠠᠯᠭᠠᠮᠵᠢᠯᠠᠬᠤ ᠪᠠ ᠲᠦᠭᠡᠮᠡᠯᠵᠢᠭᠦᠯᠵᠦ ᠬᠥᠭᠵᠢᠭᠦᠯᠬᠦ ᠬᠡᠷᠡᠭᠲᠡᠶ᠃ | ᠲᠠᠪᠤ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠵᠠᠷᠤᠳᠠᠯ ᠤᠨ | ᠣᠷᠣᠭᠤᠯᠤᠯᠲᠠ ᠪᠠ ᠳᠡᠮᠵᠢᠯᠭᠡ ᠪᠠᠲᠤᠯᠠᠭ᠎ᠠ ᠶᠢ ᠨᠡᠮᠡᠭᠳᠡᠬᠦᠯᠬᠦ ᠬᠡᠷᠡᠭᠲᠡᠢ᠃ | ︵ᠠᠷᠪᠠᠨ ᠳᠣᠯᠤᠭ᠎ᠠ︶ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠬᠢᠨ ᠬᠥᠭᠵᠢᠭᠦᠯᠦᠯᠲᠡ | ᠥᠭᠡᠷᠡᠴᠢᠯᠡᠯᠲᠡ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠲᠠᠷᠢᠶᠠᠯᠠᠩ᠂ ᠰᠣᠶᠣᠯ᠂ ᠡᠷᠡᠭᠦᠯ ᠬᠠᠮᠠᠭᠠᠯᠠᠯ ᠪᠣᠯᠤᠨ | ᠲᠥᠯᠥᠪᠯᠡᠭᠡᠲᠦ ᠦᠷᠡᠵᠢᠯ᠂ ᠵᠢᠭᠤᠯᠴᠢᠯᠠᠯ᠂ ᠨᠠᠰᠤᠲᠠᠶᠢᠴᠤᠳ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ | ᠬᠤᠯᠪᠤᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠭ᠎ᠠ | ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠵᠡᠷᠭᠡᠪᠡᠷ ᠠᠳᠬᠤᠵᠤ | ᠬᠠᠮᠲᠤᠪᠠᠷ ᠬᠠᠮᠢᠶᠠᠷᠬᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠪᠠᠶᠢᠭᠤᠯᠤᠯ ᠪᠠ ᠠᠮᠢᠵᠢᠷᠠᠯ ᠤᠨ | ᠬᠦᠴᠦᠨ ᠪᠢᠯᠬᠠᠮ᠎ᠠ ᠠᠵᠢᠯ ᠤᠨ ᠲᠣᠭᠲᠠᠴᠠ ᠶᠢ ᠪᠠᠶᠢᠭᠤᠯᠤᠨ ᠪᠥᠷᠢᠨᠰᠢᠬᠦᠯᠬᠦ ᠶᠢᠨ ᠬᠠᠮᠲᠤ ᠲᠠᠰᠤᠷᠠᠯᠲᠠ ᠦᠭᠡᠢ | ᠲᠡᠭᠦᠯᠳᠡᠷᠵᠢᠬᠦᠯᠬᠦ ᠬᠡᠷᠡᠭᠲᠡᠶ᠃ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠬᠥᠭᠵᠢᠯᠲᠡ ᠶᠢᠨ ᠬᠠᠷᠠᠯᠲᠠ | ᠪᠠ ᠱᠠᠭᠠᠷᠳᠠᠯᠭ᠎ᠠ ᠶᠣᠰᠣᠭᠠᠷ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠬᠥᠭᠵᠢᠯᠲᠡ ᠶᠢᠨ ᠪᠠᠶᠢᠳᠠᠯ ᠢ | ᠡᠵᠡᠮᠰᠢᠵᠦ᠂ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ | ᠵᠠᠳᠠᠯᠵᠤ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠪᠣᠳᠠᠲᠤ ᠪᠠᠶᠢᠳᠠᠯ ᠳᠤ ᠨᠡᠶᠢᠴᠡᠭᠰᠡᠨ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠨᠠᠰᠤᠲᠠᠶᠢᠴᠤᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠳᠤ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠦᠨ ᠥᠭᠴᠦ᠂ ᠨᠠᠰᠤᠲᠠᠶᠢᠴᠤᠳ ᠤᠨ | ᠪᠡᠶ᠎ᠡ ᠶᠢᠨ ᠲᠠᠮᠢᠷ ᠤᠨ ᠠᠵᠢᠯ ᠤᠨ ᠬᠤᠯᠪᠣᠭᠳᠠᠯ ᠪᠦᠬᠦᠢ ᠠᠵᠢᠯ ᠤᠨ ᠠᠭᠤᠰᠤᠯᠴᠠᠯ᠂ ᠤᠶᠠᠯᠳᠤᠯ ᠬᠥᠭᠵᠢᠯ ᠢ | ᠠᠬᠢᠭᠤᠯᠬᠤ ᠪᠣᠯᠤᠨ᠎ᠠ᠃ | ︵ᠠᠷᠪᠠᠨ ᠨᠠᠢᠮᠠ︶ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠵᠠᠷᠤᠳᠠᠯ ᠨᠢ ᠡᠳ᠋ ᠤᠨ | ᠵᠠᠰᠠᠭ ᠤᠨ ᠪᠡᠯᠡ ᠣᠷᠣᠭᠤᠯᠤᠯᠲᠠ ᠪᠠᠷ ᠭᠤᠣᠯ ᠪᠣᠯᠭᠠᠵᠤ᠂ ᠨᠡᠶᠢᠭᠡᠮ ᠤᠨ ᠲᠤᠰᠠᠯᠠᠮᠵᠢ ᠳᠡᠮᠵᠢᠯᠭᠡ ᠵᠡᠷᠭᠡ ᠪᠠᠷ | ᠬᠠᠪᠰᠤᠷᠤᠮᠵᠢ ᠪᠣᠯᠭᠠᠬᠤ ᠵᠠᠷᠴᠢᠮ ᠢ ᠪᠠᠷᠢᠮᠲᠠᠯᠠᠨ᠂ ᠵᠠᠷᠤᠳᠠᠯ ᠤᠨ ᠮᠥᠩᠭᠦ ᠶᠢᠨ ᠡᠬᠢ ᠰᠤᠷᠪᠤᠯᠵᠢ ᠶᠢ ᠤᠯᠠᠨ ᠠᠷᠭ᠎ᠠ | ᠵᠠᠮ᠂ ᠤᠯᠡᠠ ᠡᠬᠢᠴᠢᠯᠡᠯ ᠢᠶᠠᠷ ᠪᠡᠶᠡᠯᠡᠬᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠵᠠᠷᠤᠳᠠᠯ ᠢ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠤᠨ ᠵᠠᠷᠤᠳᠠᠯ ᠢ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠡᠳ᠋ ᠤᠨ ᠵᠠᠰᠠᠭ ᠤᠨ | ᠲᠥᠰᠦᠪ ᠲᠤ ᠣᠷᠣᠭᠤᠯᠬᠤ ᠮᠥᠷᠲᠡᠭᠡᠨ ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ ᠨᠠᠰᠤᠲᠠᠶᠢᠴᠤᠳ ᠤᠨ | ᠪᠡᠶ᠎ᠡ ᠶᠢᠨ ᠲᠠᠮᠢᠷ ᠤᠨ ᠦᠢᠯᠡᠰ ᠤᠨ ᠲᠠᠯ᠎ᠠ ᠪᠠᠷ ᠬᠢ ᠣᠷᠣᠭᠤᠯᠤᠯᠲᠠ ᠪᠠᠨ ᠵᠢᠯ ᠳᠠᠷᠠᠭᠠᠯᠠᠨ ᠨᠡᠮᠡᠭᠳᠡᠭᠦᠯᠬᠦ ᠬᠡᠷᠡᠭᠲᠡᠶ᠃ | ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ᠂ ᠬᠤᠪᠢ ᠬᠥᠮᠦᠨ ᠤ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠳᠤ ᠬᠠᠨᠳᠢᠪ ᠬᠦᠷᠭᠡᠬᠦ ᠪᠣᠯᠣᠨ ᠬᠦᠳᠡᠯᠭᠡᠭᠡᠨ | ᠤ ᠵᠠᠷᠤᠳᠠᠯ ᠬᠦᠷᠭᠡᠬᠦ ᠠᠵᠢᠯᠯᠠᠭ᠎ᠠ ᠶᠢ ᠳᠡᠮᠵᠢᠨ ᠵᠤᠷᠢᠬᠵᠢᠭᠤᠯᠤᠨ᠎ᠠ᠃ | ︵ᠠᠷᠪᠠ ᠶᠢᠰᠦ︶ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠤᠬᠠᠭᠤᠯᠭ᠎ᠠ ᠶᠢᠨ | ᠡᠷᠴᠢᠮ ᠢ ᠴᠢᠩᠭᠠᠳᠬᠠᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ᠂ ᠰᠣᠨᠢᠨ ᠰᠡᠳᠬᠦᠯ ᠵᠡᠷᠭᠡ | ᠡᠯ᠎ᠡ ᠵᠦᠢᠯ ᠤᠨ ᠵᠠᠭᠤᠴᠢ ᠨᠤᠭᠤᠳ ᠢ ᠭᠦᠢᠴᠡᠳ ᠠᠰᠢᠭᠯᠠᠵᠤ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ | ᠲᠤᠰᠬᠠᠶ ᠰᠡᠳᠦᠪ᠂ ᠲᠤᠰᠬᠠᠢ ᠪᠤᠯᠤᠩ ᠢ ᠨᠡᠭᠡᠭᠡᠵᠦ ᠰᠡᠳᠦᠪᠲᠦ ᠨᠡᠭᠡᠭᠡᠵᠦ ᠢᠳᠡᠪᠬᠢᠲᠡᠶ ᠤᠬᠠᠭᠤᠯᠤᠨ᠂ ᠨᠡᠶᠢᠭᠡᠮ | ᠳᠠᠶᠠᠭᠠᠷ ᠲᠤ ᠨᠠᠰᠤᠲᠠᠳ ᠤᠨ ᠪᠡᠶ᠎ᠡ ᠰᠡᠳᠬᠢᠯ ᠤᠨ ᠡᠷᠡᠭᠦᠯ ᠡᠩᠬᠡ ᠳᠤ ᠠᠩᠬᠠᠷᠬᠤ ᠶᠢ ᠰᠠᠨᠠᠭᠠᠴᠢᠯᠠᠵᠤ᠂ | ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠠᠰᠢᠭᠲᠠᠶ ᠰᠠᠶᠢᠨ ᠰᠠᠶᠢᠬᠠᠨ ᠠᠭᠤᠷ ᠠᠮᠢᠰᠬᠤᠯ ᠢ | ᠪᠤᠢ ᠪᠣᠯᠭᠠᠵᠤ᠂ ᠡᠷᠡᠭᠦᠯ ᠴᠢᠭᠢᠷᠠᠭ ᠨᠠᠰᠤᠲᠠᠶᠢᠴᠤᠳ ᠤᠨ ᠨᠡᠶᠢᠲᠡᠯᠢᠭ ᠵᠢᠱᠢᠶ᠎ᠡ ᠵᠡᠷᠭᠡ ᠠᠷᠭ᠎ᠠ ᠪᠠᠷᠢᠯ ᠢᠶᠠᠷ | ᠳᠠᠮᠵᠢᠭᠤᠯᠤᠨ᠂ ᠪᠡᠶ᠎ᠡ ᠴᠢᠭᠢᠷᠠᠭᠵᠢᠭᠤᠯᠬᠤ ᠦᠷ᠎ᠡ ᠪᠦᠲᠦᠮᠵᠢ ᠶᠢ ᠤᠬᠠᠭᠤᠯᠤᠨ᠎ᠠ᠂ ︽ᠡᠷᠡᠭᠦᠯ ᠮᠡᠨᠳᠦ ᠶᠢ ᠠᠷᠪᠢᠨ | ᠬᠤᠳᠠᠯᠳᠤᠨ ᠠᠪᠴᠤ᠂ ᠡᠮ ᠳᠠᠩ ᠢ ᠳᠤᠲᠠᠭᠤ ᠬᠤᠳᠠᠯᠳᠤᠨ ᠠᠪᠬᠤ︾᠂ ︽ᠬᠥᠳᠡᠯᠭᠡᠭᠡᠨ ᠣᠯᠠᠨ ᠬᠢᠵᠦ᠂ | ᠡᠮᠨᠡᠯᠭᠡ ᠳᠤ ᠴᠦᠬᠡᠨ ᠣᠴᠢᠬᠤ︾᠂ ︽ᠪᠢ ᠬᠥᠳᠡᠯᠭᠡᠭᠡᠨ ᠳᠤ ᠣᠷᠤᠯᠴᠠᠨ᠎ᠠ ᠪᠢ ᠡᠷᠡᠭᠦᠯ ᠮᠡᠨᠳᠦ᠂ ᠪᠢ ᠪᠠᠶᠠᠷ | ᠬᠦᠷ ᠲᠠᠢ ᠪᠢ ᠤᠷᠲᠤ ᠨᠠᠰᠤᠯᠠᠨ᠎ᠠ︾ ᠭᠡᠬᠦ ᠦᠵᠡᠯᠲᠡ ᠶᠢ ᠳᠡᠯᠭᠡᠷᠡᠬᠦᠯᠵᠦ᠂ ᠨᠠᠰᠤᠲᠠᠶᠢᠴᠤᠳ ᠤᠨ ᠪᠡᠶ᠎ᠡ | ᠴᠢᠭᠢᠷᠠᠭᠵᠢᠭᠤᠯᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠳᠤ | ᠣᠷᠣᠯᠴᠠᠬᠤ ᠬᠠᠯᠠᠭᠤᠨ ᠰᠡᠳᠬᠢᠯᠭᠡ ᠶᠢ ᠳᠡᠮᠵᠢᠵᠦ᠂ ᠣᠯᠠᠨ ᠶᠠᠩᠵᠤ ᠬᠡᠯᠪᠡᠷᠢ ᠶᠢᠨ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠠᠵᠢᠯ ᠢ ᠬᠦᠬᠢᠬᠦᠯᠦᠨ ᠳᠡᠮᠵᠢᠨ᠎ᠡ᠂ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠰᠣᠶᠣᠯ ᠢ ᠳᠡᠯᠭᠡᠷᠡᠬᠦᠯᠵᠦ᠂ ᠣᠯᠢᠮᠫᠢᠺ ᠤᠨ ᠵᠣᠷᠢᠭ ᠰᠠᠨᠠᠭ᠎ᠠ ᠪᠣᠯᠤᠨ | ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ | ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠦᠨ᠎ᠡ᠃ | ︵ᠬᠤᠷᠢ︶ ᠬᠠᠮᠢᠶ᠎ᠠ ᠪᠥᠬᠦᠶ ᠠᠵᠢᠯ ᠲᠥᠷᠥᠯ ᠤᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠪᠦᠲᠦᠭᠡᠭᠳᠡᠬᠦᠨ ᠪᠣᠯᠤᠨ ᠦᠢᠯᠡᠴᠢᠯᠡᠭᠡ ᠶᠢ ᠢᠳᠡᠪᠬᠢᠲᠡᠶ ᠪᠠᠷ ᠦᠷᠨᠢᠬᠦᠯᠬᠦ ᠶᠢ ᠵᠣᠷᠢᠭᠵᠢᠭᠤᠯᠤᠨ | ᠳᠡᠮᠵᠢᠵᠤ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠴᠤᠪᠤᠷᠠᠯ ᠪᠢᠴᠢᠭ ᠵᠡᠷᠭᠡ ᠵᠢᠭᠠᠨ ᠰᠤᠷᠭᠠᠯᠲᠠ ᠶᠢᠨ | ᠪᠦᠲᠦᠭᠡᠭᠳᠡᠬᠦᠨ ᠢ ᠨᠠᠶᠢᠷᠠᠭᠤᠯᠤᠨ ᠬᠡᠪᠯᠡᠭᠦᠯᠬᠦ ᠠᠵᠢᠯ ᠢ ᠵᠣᠬᠢᠶᠠᠨ ᠪᠠᠶᠢᠭᠤᠯᠬᠤ ᠶᠢ ᠬᠦᠬᠢᠬᠦᠯᠦᠨ ᠳᠡᠮᠵᠢᠨ᠎ᠡ︔ | ᠨᠡᠶᠢᠭᠡᠮ ᠤᠨ ᠬᠦᠴᠦᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ | ᠦᠢᠯᠡᠴᠢᠯᠡᠭᠡ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠵᠤ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ | ᠶᠢ ᠳᠡᠮᠵᠢᠨ᠎ᠡ︔ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ | ᠦᠢᠯᠡᠰ ᠢ ᠬᠥᠭᠵᠢᠭᠦᠯᠵᠦ᠂ ᠨᠠᠰᠤᠲᠠᠶᠢᠴᠤᠳ ᠤᠨ ᠡᠷᠡᠭᠦᠯ ᠴᠢᠭᠢᠷᠠᠭ ᠤᠨ ᠪᠡᠯᠠ ᠣᠷᠣᠭᠤᠯᠤᠯᠲᠠ ᠪᠠ ᠪᠡᠶ᠎ᠡ | ᠴᠢᠭᠢᠷᠠᠭᠵᠢᠭᠤᠯᠬᠤ ᠬᠡᠷᠡᠭᠯᠡᠭᠡ ᠶᠢ ᠬᠥᠲᠥᠯᠦᠨ ᠵᠢᠯᠤᠭᠤᠳᠴᠤ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ | ᠬᠡᠷᠡᠭᠯᠡᠭᠡ ᠶᠢᠨ ᠵᠠᠬ᠎ᠠ ᠳᠡᠯᠭᠡᠭᠦᠷ ᠢ ᠶᠡᠬᠡᠪᠡᠷ ᠨᠡᠭᠡᠭᠡᠨ ᠬᠥᠭᠵᠢᠭᠦᠯᠬᠦ︔ ᠪᠡᠶ᠎ᠡ ᠶᠢᠨ ᠲᠠᠮᠢᠷ ᠤᠨ ᠬᠡᠷᠡᠭᠰᠡᠯ ᠦᠢᠯᠡᠳᠬᠦ | ᠠᠵᠤ ᠠᠬᠤᠶᠢᠯᠠᠯ ᠤᠨ ᠰᠢᠨ᠎ᠡ ᠤᠷᠠᠨ ᠮᠡᠷᠭᠡᠰᠢᠯ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠢ ᠬᠡᠷᠡᠭᠯᠡᠨ᠂ | ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠰᠤᠳᠤᠯᠤᠨ ᠨᠡᠭᠡᠭᠡᠬᠦ᠂ ᠡᠮᠦᠰᠴᠦ ᠵᠡᠬᠦᠬᠦ | ᠮᠠᠶ᠋ᠢᠭ ᠤᠨ ᠬᠥᠳᠡᠯᠭᠡᠭᠡᠨ ᠤ ᠲᠥᠬᠦᠭᠡᠷᠦᠮᠵᠢ᠂ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠲᠧᠭᠨᠢᠭ | ᠮᠡᠷᠭᠡᠵᠢᠯ ᠤᠨ ᠵᠢᠯᠣᠭᠤᠳᠣᠯᠭ᠎ᠠ ᠶᠢᠨ ᠲᠤᠨᠤᠭ ᠲᠥᠬᠦᠭᠡᠷᠦᠮᠵᠢ᠂ ᠤᠮᠳᠠᠭᠠᠨ᠂ ᠰᠢᠮ᠎ᠡ ᠲᠡᠵᠢᠭᠡᠯ ᠡᠷᠡᠭᠦᠯᠵᠢᠯ ᠤᠨ | ᠢᠳᠡᠭᠡᠨ ᠪᠠ ᠡᠮ ᠤᠨ ᠵᠦᠢᠯ ᠵᠡᠷᠭᠡ ᠶᠢ ᠦᠢᠯᠡᠳᠬᠦ ᠶᠢ ᠳᠡᠮᠵᠢᠨ ᠵᠤᠷᠢᠭᠵᠢᠭᠤᠯᠤᠨ᠎ᠠ᠃ ᠦᠢᠯᠡᠳᠬᠦᠨ ᠤ ᠶᠠᠰᠤ | ᠴᠢᠨᠠᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠡᠢ᠃ | ︵ᠬᠤᠷᠢᠨ ᠨᠢᠭᠡ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠠᠵᠢᠯ ᠢ ᠵᠠᠰᠠᠭ ᠤᠨ ᠣᠷᠳᠣᠨ ᠤ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ | ᠬᠡᠷᠡᠭᠲᠡᠶ︔ ᠡᠯ᠎ᠡ ᠱᠠᠲᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠺᠣᠮᠢᠰ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠢ ᠵᠢᠯ ᠪᠦᠷᠢ ᠲᠤᠰᠬᠠᠶ ᠰᠡᠳᠦᠪ ᠢᠶᠠᠷ | ᠰᠤᠳᠤᠯᠵᠤ᠂ ᠬᠠᠷᠠᠯᠲᠠ ᠡᠭᠦᠷᠭᠡ ᠶᠢ ᠲᠣᠳᠣᠷᠬᠠᠶ ᠳᠤᠷᠠᠳᠴᠤ᠂ ᠵᠢᠯᠣᠭᠤᠳᠬᠤ ᠠᠵᠢᠯ ᠢᠶᠠᠨ ᠥᠷᠨᠢᠭᠦᠯᠵᠦ ᠪᠣᠯᠤᠨ᠎ᠠ︔ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠢᠯᠡᠳᠲᠡ ᠠᠮᠵᠢᠯᠲᠠ ᠪᠦᠲᠦᠮᠵᠢ ᠣᠯᠤᠭᠰᠠᠨ ᠨᠢᠭᠡᠴᠢ ᠪᠠ | ᠬᠤᠪᠢ ᠬᠥᠮᠦᠨ ᠢ ᠤᠯᠠᠨ ᠲᠦᠮᠡᠨ ᠤ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠡ ᠪᠠ ᠲᠡᠷᠢᠭᠦᠨ ᠤ ᠬᠤᠪᠢ ᠬᠥᠮᠦᠨ | ᠢᠶᠠᠷ ᠰᠠᠶᠢᠰᠢᠶᠠᠨ ᠬᠥᠬᠢᠭᠦᠯᠬᠦ ᠬᠡᠷᠡᠭᠲᠡᠶ︔ ᠲᠤᠰ ᠰᠠᠨᠠᠯ ᠱᠠᠭᠠᠷᠳᠠᠯᠭ᠎ᠠ ᠶᠢ ᠦᠨᠳᠦᠰᠦᠯᠡᠨ᠂ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠪᠣᠳᠠᠲᠠᠶ ᠬᠡᠷᠡᠭᠵᠢᠭᠦᠯᠬᠦ ᠰᠠᠨᠠᠯ ᠪᠣᠯᠤᠨ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠢ ᠱᠠᠯᠠᠪᠳᠠᠨ | ᠲᠣᠭᠲᠠᠭᠠᠵᠤ᠂ ᠰᠢᠪᠠᠳᠠᠨ ᠪᠠᠶᠢᠴᠠᠭᠠᠵᠤ ᠨᠠᠶᠢᠳᠠᠪᠤᠷᠢᠵᠢᠭᠤᠯᠬᠤ ᠪᠠᠨ ᠴᠢᠩᠭᠠᠳᠬᠠᠨ᠂ ᠲᠤᠷᠰᠢᠯᠭ᠎ᠠ ᠪᠠ ᠠᠷᠭ᠎ᠠ | ᠬᠢᠳᠡᠯ ᠢ ᠳ᠋ᠦᠩᠨᠡᠨ ᠳᠡᠯᠭᠡᠷᠡᠭᠦᠯᠵᠦ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠦᠢᠯᠡᠰ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠶ᠃ | | | ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠶᠠᠮᠤᠨ | ᠡᠳ᠋ ᠤᠨ ᠵᠠᠰᠠᠭ ᠤᠨ ᠶᠠᠮᠤᠨ ᠬᠥᠳᠡᠭᠡ ᠠᠵᠤ ᠠᠬᠤᠢ ᠶᠢᠨ ᠶᠠᠮᠤᠨ᠂ ᠰᠣᠶᠣᠯ ᠤᠨ ᠶᠠᠮᠤᠨ | ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ | ᠤᠯᠤᠰ ᠤᠨ ᠵᠤᠭᠠᠴᠠᠯ ᠤᠨ ᠲᠣᠪᠴᠢᠶ᠎ᠠ | ᠪᠦᠬᠦ ᠤᠯᠤᠰ ᠤᠨ ᠨᠠᠰᠤᠲᠠᠶᠢᠴᠤᠳ ᠤᠨ ᠠᠯᠪᠠᠨ ᠭᠡᠷ | ᠪᠦᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ | ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ | ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ | 2015 ᠣᠨ ᠤ 9 ᠰᠠᠷ᠎ᠠ ᠶᠢᠨ 30 ᠤ ᠡᠳᠦᠷ |