ᠬᠥᠭᠡᠷᠦᠭᠦᠯᠦᠭᠴᠢ ᠡᠮ ᠬᠡᠷᠡᠭᠯᠡᠬᠦ ᠵᠢᠴᠢ ᠬᠤᠯᠪᠣᠭᠳᠠᠯ ᠪᠦᠬᠦᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠳᠬᠡᠬᠦ
ᠨᠡᠶᠢᠲᠡᠯᠡᠭᠰᠡᠨ ᠴᠠᠭ᠄
2018/12/28
     ︽ᠬᠥᠭᠡᠷᠦᠭᠦᠯᠦᠭᠴᠢ ᠡᠮ ᠬᠡᠷᠡᠭᠯᠡᠬᠦ ᠶᠢ ᠡᠰᠡᠷᠭᠦᠴᠡᠬᠦ ᠳᠦᠷᠢᠮ︾ ᠤᠨ ᠭᠤᠴᠢ ᠶᠢᠰᠦᠳᠦᠭᠡᠷ ᠵᠣᠷᠪᠣᠰ᠂ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ᠂ ᠲᠠᠮᠢᠷᠴᠢᠨ ᠢ ᠬᠠᠮᠢᠶᠠᠷᠬᠤ ᠨᠢᠭᠡᠴᠢ ᠨᠢ ᠲᠠᠮᠢᠷᠴᠢᠨ  ᠳᠤ ᠬᠥᠭᠡᠷᠦᠭᠦᠯᠬᠦ ᠡᠮ ᠬᠠᠩᠭᠠᠬᠤ ᠪᠤᠶᠤ ᠠᠯᠪᠠᠳᠠᠬᠤ᠂ ᠮᠡᠬᠡᠯᠡᠬᠦ ᠠᠷᠭ᠎ᠠ ᠪᠠᠷ ᠲᠠᠮᠢᠷᠴᠢᠳ ᠳᠤ ᠬᠥᠭᠡᠷᠦᠭᠦᠯᠦᠭᠴᠢ ᠡᠮ  ᠢ ᠬᠡᠷᠡᠭᠯᠡᠭᠰᠡᠨ ᠪᠠᠶᠢᠪᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠡᠵᠡᠮᠰᠢᠭᠰᠡᠨ ᠬᠥᠭᠡᠷᠦᠭᠦᠯᠬᠦ ᠡᠮ ᠢ ᠬᠤᠷᠢᠶᠠᠨ ᠠᠪᠴᠦ︔ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠨ 4 ᠵᠢᠯ ᠤᠨ ᠳᠣᠲᠣᠷ᠎ᠠ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠠᠵᠢᠯ ᠪᠣᠯᠤᠨ ᠲᠠᠮᠢᠷᠴᠢᠨ ᠢ ᠲᠤᠰᠠᠯᠠᠬᠤ ᠠᠵᠢᠯ ᠬᠢᠵᠦ ᠪᠣᠯᠬᠤ ᠦᠭᠡᠢ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠨᠠᠰᠤᠨ ᠲᠤᠷᠰᠢ  ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠠᠵᠢᠯ ᠪᠣᠯᠤᠨ ᠲᠠᠮᠢᠷᠴᠢᠨ ᠢ ᠲᠤᠰᠠᠯᠠᠬᠤ ᠠᠵᠢᠯ ᠬᠢᠵᠦ ᠪᠣᠯᠬᠤ ᠦᠭᠡᠢ᠃ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ᠂ ᠲᠠᠮᠢᠷᠴᠢᠨ ᠤ ᠬᠠᠮᠢᠶᠠᠷᠤᠯᠲᠠ ᠶᠢᠨ ᠨᠢᠭᠡᠴᠢ ᠲᠤᠰ ᠲᠦᠷᠢᠮ ᠳᠤ ᠲᠣᠭᠲᠠᠭᠠᠭᠰᠠᠨ ᠪᠤᠰᠤᠳ ᠡᠭᠦᠷᠭᠡ ᠶᠢ ᠭᠦᠢᠴᠡᠳᠬᠡᠬᠦ ᠦᠭᠡᠢ ᠪᠣᠯ᠂ ᠲᠥᠷᠥ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠣᠨ᠎ᠠ᠃ ᠬᠦᠨᠳᠦ ᠨᠣᠴᠢᠲᠠᠶ ᠤᠷᠰᠢᠭ ᠲᠠᠲᠠᠭᠰᠠᠨ ᠪᠣᠯ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠨ ᠬᠤᠶᠠᠷ ᠵᠢᠯ ᠤᠨ ᠳᠣᠲᠣᠷ᠎ᠠ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠠᠵᠢᠯ ᠪᠣᠯᠤᠨ ᠲᠠᠮᠢᠷᠴᠢᠨ ᠢ ᠲᠤᠰᠠᠯᠠᠬᠤ ᠠᠵᠢᠯ ᠬᠢᠵᠦ ᠪᠣᠯᠬᠤ ᠦᠭᠡᠢ᠃ ᠳᠥᠴᠢᠳᠦᠭᠡᠷ ᠵᠣᠷᠪᠣᠰ᠄ ᠲᠠᠮᠢᠷᠴᠢᠨ ᠢ ᠲᠤᠰᠠᠯᠠᠬᠤ ᠬᠥᠮᠦᠰ ᠠᠯᠪᠠᠳᠠᠬᠤ᠂ ᠮᠡᠬᠡᠯᠡᠬᠦ᠂ ᠪᠤᠰᠤᠳ ᠢ ᠵᠢᠭᠠᠨ ᠲᠣᠬᠢᠵᠦ ᠪᠠᠶᠢᠭᠠᠳ ᠲᠠᠮᠢᠷᠴᠢᠳ ᠳᠤ ᠬᠥᠭᠡᠷᠦᠭᠦᠯᠦᠭᠴᠢ ᠡᠮ ᠬᠡᠷᠡᠭᠯᠡᠭᠰᠡᠨ ᠪᠠᠶᠢᠪᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠡᠵᠡᠮᠰᠢᠭᠰᠡᠨ ᠬᠥᠭᠡᠷᠦᠭᠦᠯᠬᠦ ᠡᠮ ᠢ ᠬᠤᠷᠢᠶᠠᠨ ᠠᠪᠤᠨ᠎ᠠ︔ 4 ᠵᠢᠯ ᠤᠨ ᠳᠣᠲᠣᠷ᠎ᠠ ᠲᠠᠮᠢᠷᠴᠢᠨ ᠢ ᠲᠤᠰᠠᠯᠠᠬᠤ ᠠᠵᠢᠯ ᠪᠣᠯᠤᠨ ᠪᠡᠶ᠎ᠡ ᠶᠢᠨ ᠲᠠᠮᠢᠷ ᠢ ᠬᠠᠮᠢᠶᠠᠷᠬᠤ ᠠᠵᠢᠯ  ᠬᠢᠵᠦ ᠪᠣᠯᠬᠤ ᠦᠭᠡᠢ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠨᠠᠰᠤᠨ ᠲᠤᠷᠰᠢᠳᠠ ᠲᠠᠮᠢᠷᠴᠢᠨ ᠢ ᠲᠤᠰᠠᠯᠠᠬᠤ ᠠᠵᠢᠯ ᠪᠣᠯᠤᠨ ᠪᠡᠶ᠎ᠡ ᠶᠢᠨ ᠲᠠᠮᠢᠷ ᠢ ᠬᠠᠮᠢᠶᠠᠷᠬᠤ ᠠᠵᠢᠯ ᠬᠢᠵᠦ ᠪᠣᠯᠬᠤ ᠦᠭᠡᠢ᠃ ᠲᠠᠮᠢᠷᠴᠢᠨ ᠢ ᠲᠤᠰᠠᠯᠠᠬᠤ ᠬᠥᠮᠦᠰ ᠠᠴᠠ ᠲᠠᠮᠢᠷᠴᠢᠨ ᠳᠤ ᠬᠥᠭᠡᠷᠦᠭᠦᠯᠬᠦ ᠡᠮ ᠬᠠᠨᠭ᠍ᠭᠠᠬᠤ ᠪᠤᠶᠤ ᠲᠠᠮᠢᠷᠴᠢᠳ ᠳᠤ ᠬᠠᠮᠵᠢᠵᠤ ᠬᠥᠭᠡᠷᠦᠭᠦᠯᠦᠭᠴᠢ ᠡᠮ ᠬᠡᠷᠡᠭᠯᠡᠭᠰᠡᠨ ᠪᠦᠭᠡᠳ ᠬᠢᠨᠠᠨ ᠰᠢᠯᠭᠠᠯᠲᠠ  ᠬᠢᠬᠦ ᠶᠢ ᠨᠥᠯᠥᠭᠡᠯᠡᠬᠦ ᠪᠠᠶᠢᠳᠠᠯ ᠪᠠᠶᠢᠪᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠡᠵᠡᠮᠰᠢᠭᠰᠡᠨ ᠬᠥᠭᠡᠷᠦᠭᠦᠯᠬᠦ ᠡᠮ ᠢ ᠬᠤᠷᠢᠶᠠᠨ ᠠᠪᠤᠨ᠎ᠠ︔ 2 ᠵᠢᠯ ᠤᠨ ᠳᠣᠲᠣᠷ᠎ᠠ ᠲᠠᠮᠢᠷᠴᠢᠨ ᠢ ᠲᠤᠰᠠᠯᠠᠬᠤ ᠠᠵᠢᠯ ᠪᠣᠯᠤᠨ ᠪᠡᠶ᠎ᠡ ᠶᠢᠨ ᠲᠠᠮᠢᠷ ᠢ ᠬᠠᠮᠢᠶᠠᠷᠬᠤ ᠠᠵᠢᠯ ᠢ ᠬᠢᠵᠦ ᠪᠣᠯᠬᠤ ᠦᠭᠡᠢ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠨᠠᠰᠤᠨ ᠲᠤᠷᠰᠢᠳᠠ ᠲᠠᠮᠢᠷᠴᠢᠨ ᠢ ᠲᠤᠰᠠᠯᠠᠬᠤ ᠠᠵᠢᠯ ᠪᠣᠯᠤᠨ ᠪᠡᠶ᠎ᠡ ᠶᠢᠨ ᠲᠠᠮᠢᠷ  ᠤᠨ ᠬᠠᠮᠢᠶᠠᠷᠤᠯᠲᠠ  ᠶᠢᠨ ᠠᠵᠢᠯ ᠢ ᠬᠢᠵᠦ ᠪᠣᠯᠬᠤ ᠦᠭᠡᠢ᠃ ᠳᠥᠴᠢᠨ ᠨᠢᠭᠡᠳᠦᠭᠡᠷ ᠵᠣᠷᠪᠣᠰ᠄ ᠲᠠᠮᠢᠷᠴᠢᠨ  ᠢ ᠲᠤᠰᠠᠯᠠᠭᠴᠢ ᠠᠵᠢᠯᠳᠡᠠ ᠬᠠᠤᠯᠢ ᠪᠤᠰᠤ ᠪᠠᠷ ᠬᠥᠭᠡᠷᠦᠭᠦᠯᠬᠦ ᠡᠮ ᠢ ᠡᠵᠡᠮᠰᠢᠭᠰᠡᠨ ᠪᠠᠶᠢᠪᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠡᠵᠡᠮᠰᠢᠭᠰᠡᠨ ᠬᠥᠭᠡᠷᠦᠭᠦᠯᠬᠦ ᠡᠮ ᠢ ᠬᠤᠷᠢᠶᠠᠨ ᠠᠪᠤᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ 2 ᠵᠢᠯ ᠤᠨ ᠳᠣᠲᠣᠷ᠎ᠠ ᠲᠠᠮᠢᠷᠴᠢᠨ ᠢ ᠲᠤᠰᠠᠯᠠᠬᠤ ᠠᠵᠢᠯ ᠢ ᠬᠢᠵᠦ ᠪᠣᠯᠬᠤ ᠦᠭᠡᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号