ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠬᠦ ᠳᠤᠮᠳᠠᠬᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠬᠦ
ᠨᠡᠶᠢᠲᠡᠯᠡᠭᠰᠡᠨ ᠴᠠᠭ᠄
2018/12/28
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠠᠮᠢᠶᠠᠷᠤᠯᠲᠠ ᠶᠢᠨ ᠠᠷᠭ᠎ᠠ︾ ᠶᠢᠨ ᠲᠠᠪᠢᠳᠤᠭᠠᠷ ᠵᠣᠷᠪᠣᠰ ᠲᠤ᠄ ᠲᠤᠰ ᠠᠷᠭ᠎ᠠ ᠶᠢᠨ ᠬᠤᠷᠢᠨ ᠳᠣᠯᠣᠳᠤᠭᠠᠷ᠂ ᠬᠤᠷᠢᠨ ᠨᠠᠢᠮᠠ᠂ ᠬᠤᠷᠢ ᠶᠢᠰᠦᠳᠦᠭᠡᠷ ᠵᠣᠷᠪᠣᠰ ᠤᠨ ᠲᠣᠭᠲᠠᠭᠠᠯ ᠠᠴᠠ ᠵᠦᠷᠢᠴᠡᠵᠦ᠂ ᠵᠦᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠪᠡᠶ᠎ᠡ ᠶᠢᠨ ᠲᠠᠮᠢᠷ ᠤᠨ ᠤᠷᠤᠯᠳᠤᠭᠠᠨ ᠡᠷᠬᠢᠯᠡᠭᠰᠡᠨ ᠪᠣᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠣᠨ᠂ 5000 ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ ᠲᠠᠪᠢᠨ ᠨᠢᠭᠡᠳᠦᠭᠡᠷ ᠵᠣᠷᠪᠣᠰ ᠲᠤ᠄ ᠲᠤᠰ ᠠᠷᠭ᠎ᠠ ᠶᠢᠨ ᠭᠤᠴᠢᠳᠤᠭᠠᠷ ᠵᠣᠷᠪᠣᠰ ᠤᠨ ᠲᠣᠭᠲᠠᠭᠠᠯ ᠠᠴᠠ ᠵᠥᠷᠢᠴᠡᠨ᠂ ᠵᠠᠰᠠᠭ ᠵᠠᠬᠢᠷᠭᠠᠨ ᠤ ᠣᠷᠣᠨ ᠤ ᠨᠡᠷᠡᠶᠢᠳᠦᠯ ᠪᠤᠶᠤ ᠠᠳᠠᠯᠢ ᠤᠳᠬ᠎ᠠ ᠲᠠᠢ ᠨᠡᠷᠡᠶᠢᠳᠦᠯ ᠢᠶᠠᠷ ᠪᠡᠶ᠎ᠡ ᠶᠢᠨ ᠲᠠᠮᠢᠷ ᠤᠨ ᠤᠷᠤᠯᠳᠤᠭᠠᠨ ᠡᠷᠬᠢᠯᠡᠭᠰᠡᠨ ᠪᠣᠯ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠰᠡᠷᠡᠮᠵᠢ ᠥᠭᠴᠦ᠂ 5000 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ ᠲᠠᠪᠢᠨ ᠬᠤᠶᠠᠳᠤᠭᠠᠷ ᠵᠣᠷᠪᠣᠰ᠄ ᠭᠤᠴᠢ ᠶᠢᠰᠦᠳᠦᠭᠡᠷ ᠵᠣᠷᠪᠣᠰ ᠢ ᠵᠦᠷᠢᠴᠡᠨ ᠬᠤᠪᠢᠷᠠᠭᠤᠯᠬᠤ ᠪᠠ ᠬᠦᠴᠦᠨ ᠦᠭᠡᠢ ᠪᠣᠯᠭᠠᠬᠤ ᠭᠠᠷ ᠭᠦᠢᠴᠡᠳᠬᠡᠯ ᠬᠢᠭᠰᠡᠨ ᠦᠭᠡᠢ ᠪᠠᠶᠢᠪᠠᠯ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠰᠡᠷᠡᠮᠵᠢ ᠥᠭᠴᠦ᠂ 5000 ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ  ᠰᠢᠳᠬᠡᠨ᠎ᠡ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号