ᠠᠷᠠᠳ ᠠᠴᠠ ᠡᠷᠬᠢᠯᠡᠭᠰᠡᠨ ᠪᠡᠶ᠎ᠡ ᠶᠢᠨ ᠲᠠᠮᠢᠷ ᠤᠨ ᠲᠦᠷᠦᠯ ᠤᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠬᠦ
ᠨᠡᠶᠢᠲᠡᠯᠡᠭᠰᠡᠨ ᠴᠠᠭ᠄
2018/12/28
      ︽ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠪᠦᠷᠢᠳᠬᠡᠯ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠦᠷᠢᠮ︾ ᠤᠨ ᠬᠤᠷᠢᠨ ᠳᠥᠷᠪᠡᠳᠦᠭᠡᠷ ᠵᠣᠷᠪᠣᠰ ᠲᠤ᠄ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ   ᠨᠢ ᠳᠠᠩᠰᠠᠯᠠᠭᠤᠯᠬᠤ ᠪᠠᠷ ᠭᠤᠶᠤᠴᠢᠯᠠᠬᠤ ᠦᠶ᠎ᠡ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ᠂ ᠮᠡᠬᠡᠯᠡᠨ ᠳᠠᠩᠰᠠᠯᠠᠭᠤᠯᠤᠭᠰᠠᠨ ᠪᠤᠶᠤ ᠲᠤᠬᠠᠶᠢᠯᠠᠭᠰᠠᠨ ᠠᠵᠢᠯ ᠢ ᠭᠤᠣᠯᠯᠠᠨ ᠬᠠᠮᠢᠶᠠᠷᠬᠤ ᠨᠢᠭᠡᠴᠢ ᠪᠠᠷ ᠵᠦᠪᠰᠢᠶᠡᠷᠡᠯ ᠢᠶᠠᠨ ᠬᠠᠰᠤᠭᠳᠠᠭᠰᠠᠨ ᠪᠠᠶᠢᠳᠠᠯ ᠢ ᠳᠠᠩᠰᠠᠯᠠᠬᠤ ᠬᠠᠮᠢᠶᠠᠷᠤᠯᠲᠠ ᠶᠢᠨ ᠪᠠᠶᠢᠭᠤᠯᠭ᠎ᠠ ᠨᠢ ᠲᠠᠩᠰᠠᠯᠠᠯᠳᠠ ᠶᠢ ᠬᠦᠴᠦᠨ ᠦᠭᠡᠢ ᠪᠣᠯᠭᠠᠬᠤ ᠬᠡᠷᠡᠭᠲᠡᠶ᠃ ︽ᠠᠷᠠᠳ ᠠᠴᠠ ᠡᠷᠬᠢᠯᠡᠭᠰᠡᠨ ᠪᠡᠶ᠎ᠡ ᠶᠢᠨ ᠲᠠᠮᠢᠷ ᠤᠨ ᠲᠦᠷᠦᠯ ᠤᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠪᠦᠷᠢᠳᠬᠡᠯ ᠢ ᠬᠢᠨᠠᠨ ᠪᠠᠶᠢᠴᠠᠭᠠᠬᠤ ᠪᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠠᠷᠪᠠ ᠶᠢᠰᠦᠳᠦᠭᠡᠷ ᠵᠣᠷᠪᠣᠰ ᠲᠤ᠄ ᠠᠷᠠᠳ ᠠᠴᠠ ᠡᠷᠬᠢᠯᠡᠭᠰᠡᠨ ᠪᠡᠶ᠎ᠡ ᠶᠢᠨ ᠲᠠᠮᠢᠷ ᠤᠨ ᠲᠦᠷᠦᠯ ᠤᠨ ᠠᠵᠤ ᠠᠬᠤᠶᠢᠯᠠᠯ ᠤᠨ ᠪᠤᠰᠤ ᠨᠢᠭᠡᠴᠢ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠵᠤ᠂ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢᠭᠡᠨᠲᠡ ᠭᠠᠷᠭᠠᠭᠰᠠᠨ ᠳᠠᠩᠰᠠᠯᠠᠭᠤᠯᠤᠭᠰᠠᠨ ᠬᠢᠨᠠᠨ ᠪᠠᠶᠢᠴᠠᠭᠠᠵᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠡᠷᠬᠡ ᠲᠠᠢ ᠪᠥᠭᠡᠳ ᠠᠷᠠᠳ ᠠᠴᠠ ᠡᠷᠬᠢᠯᠡᠭᠰᠡᠨ ᠲᠤᠰ ᠠᠵᠤ ᠠᠬᠤᠶᠢᠯᠠᠯ ᠤᠨ ᠪᠤᠰᠤ ᠨᠢᠭᠡᠴᠡ ᠪᠣᠯᠤᠨ ᠬᠠᠷᠠᠭᠠᠯᠵᠠᠭᠰᠠᠨ ᠲᠠᠩᠰᠠᠯᠠᠨ ᠬᠠᠮᠢᠶᠠᠷᠬᠤ ᠪᠠᠶᠢᠭᠤᠯᠭ᠎ᠠ ᠳᠤ ᠪᠢᠴᠢᠭ ᠤᠨ ᠬᠡᠯᠪᠡᠷᠢ ᠪᠠᠷ ᠮᠡᠳᠡᠭᠳᠡᠨ᠎ᠡ᠄ ︵ᠨᠢᠭᠡ︶ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ  ᠨᠢ ᠳᠠᠩᠰᠠᠯᠠᠭᠤᠯᠤᠭᠰᠠᠨ ᠭᠡᠷᠡᠴᠢ ᠪᠢᠴᠢᠭ ᠶᠢ ᠪᠠᠯᠠᠯᠤᠨ ᠵᠠᠰᠠᠵᠤ᠂ ᠲᠦᠷᠢᠶᠡᠰᠦᠯᠡᠭᠦᠯᠬᠦ᠂ ᠵᠢᠭᠡᠯᠡᠭᠦᠯᠦᠭᠰᠡᠨ᠂ ᠡᠰᠡᠬᠦᠯ᠎ᠡ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠲᠠᠮᠠᠭ᠎ᠠ ᠶᠢ ᠲᠦᠷᠢᠶᠡᠰᠦᠯᠡᠨ ᠵᠢᠭᠡᠯᠡᠭᠦᠯᠦᠭᠰᠡᠨ ᠪᠠᠶᠢᠳᠠᠯ︔ ︵ᠬᠤᠶᠠᠷ︶ ᠲᠡᠭᠦᠨ ᠤ ᠲᠦᠷᠢᠮ ᠳᠤ ᠲᠣᠭᠲᠠᠭᠠᠭᠰᠠᠨ ᠵᠣᠷᠢᠯᠲᠠ ᠪᠣᠯᠤᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠠᠴᠠ ᠳᠠᠪᠠᠭᠰᠠᠨ ᠠᠵᠢᠯᠯᠠᠭ᠎ᠠ ᠬᠢᠭᠰᠡᠨ︔ ︵ᠭᠤᠷᠪᠠ︶ ᠲᠣᠭᠲᠠᠭᠠᠯ ᠶᠣᠰᠣᠭᠠᠷ ᠬᠢᠨᠠᠯᠲᠠ ᠪᠠᠶᠢᠴᠠᠭᠠᠯᠲᠠ ᠬᠦᠯᠢᠶᠡᠵᠦ ᠠᠪᠬᠤ ᠦᠭᠡᠢ︔ ︵ᠲᠦᠷᠪᠡ︶ ᠲᠣᠭᠲᠠᠭᠠᠯ ᠶᠣᠰᠣᠭᠠᠷ ᠬᠤᠪᠢᠷᠠᠭᠤᠯᠬᠤ ᠲᠡᠩᠰᠡᠯᠡᠯᠳᠠ ᠬᠢᠭᠰᠡᠨ ᠦᠭᠡᠢ︔ ︵ᠲᠠᠪᠤ︶ ᠰᠠᠯᠪᠤᠷᠢ ᠪᠠᠶᠢᠭᠤᠯᠤᠮᠵᠢ ᠪᠠᠶᠢᠭᠤᠯᠬᠤ︔ ︵ᠵᠢᠷᠭᠤᠭ᠎ᠠ︶ ᠠᠰᠢᠭ ᠬᠤᠨᠵᠢᠪᠣᠷᠢ ᠤᠯᠬᠤ ᠴᠢᠨᠠᠷᠲᠠᠶ ᠡᠵᠡᠩᠨᠡᠯᠲᠡ ᠶᠢᠨ ᠠᠵᠢᠯᠯᠠᠭ᠎ᠠ ᠬᠢᠬᠦ︔ ︵ᠲᠤᠯᠤᠭ᠎ᠠ︶ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠡᠳ᠋ ᠬᠦᠷᠦᠩᠭᠡ ᠪᠤᠶᠤ ᠬᠦᠯᠢᠶᠡᠨ ᠠᠪᠤᠭᠰᠠᠨ ᠪᠡᠯᠡ ᠮᠦᠩᠭᠦ ᠶᠢ ᠡᠵᠡᠯᠡᠨ ᠬᠡᠷᠡᠭᠯᠡᠭᠰᠡᠨ᠂ ᠳᠠᠯᠳᠠᠭᠤᠷ ᠬᠤᠪᠢᠶᠠᠬᠤ᠂ ᠨᠡᠭᠦᠯᠭᠡᠨ ᠬᠡᠷᠡᠭᠯᠡᠭᠰᠡᠨ ᠪᠠᠶᠢᠳᠠᠯ︔ ︵ᠨᠠᠢᠮᠠ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ ᠰᠦᠢᠳᠬᠡᠯ ᠬᠤᠷᠢᠶᠠᠵᠤ᠂ ᠪᠡᠯᠡ ᠮᠥᠩᠭᠦ ᠴᠤᠭᠯᠠᠭᠤᠯᠬᠤ ᠪᠤᠶᠤ ᠬᠦᠯᠢᠶᠡᠨ ᠠᠪᠣᠬᠰᠡᠨ ᠪᠡᠯᠡᠭᠯᠡᠨ ᠬᠦᠷᠭᠡᠬᠦ ᠡᠳ᠋ ᠮᠥᠩᠭᠦ ᠶᠢ ᠬᠡᠷᠡᠭᠯᠡᠭᠰᠡᠨ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号