ᠨᠠᠰᠤᠳᠠᠢ ᠬᠦᠮᠦᠨ ᠪᠡᠶ᠎ᠠ ᠪᠠᠨ ᠪᠤᠯᠪᠠᠰᠤᠷᠠᠪᠠᠯ ᠲᠠᠷᠢᠬᠢᠨ ᠤ ᠠᠪᠴᠢᠯᠳᠠ ᠶᠢ ᠤᠳᠠᠭᠠᠰᠢᠷᠠᠭᠤᠯᠵᠤ ᠴᠢᠳᠠᠨ᠎ᠠ
ᠨᠡᠶᠢᠲᠡᠯᠡᠭᠰᠡᠨ ᠴᠠᠭ᠄
2018/12/28
     ᠪᠡᠶ᠎ᠠ ᠪᠤᠯᠪᠠᠰᠤᠷᠠᠬᠤ ᠨᠢ ᠵᠦᠪᠭᠡᠨ ᠵᠠᠯᠠᠭᠤ ᠬᠦᠮᠦᠨ ᠤ ᠤᠴᠢᠷ ᠪᠢᠰᠢ᠂ ᠤᠳᠤ ᠪᠡᠶ᠎ᠠ ᠪᠤᠯᠪᠠᠰᠤᠷᠠᠵᠤ ᠪᠤᠯᠴᠢᠩ ᠢᠶᠠᠨ ᠨᠡᠮᠡᠭᠳᠡᠬᠦᠯᠵᠤ ᠪᠠᠶᠢᠭ᠎ᠠ ᠨᠠᠰᠤᠳᠠᠢ ᠬᠦᠮᠦᠨ ᠴᠤ ᠴᠦᠭᠡᠨ ᠪᠤᠰᠤ ᠪᠤᠯᠵᠤ ᠪᠤᠢ᠃ ᠲᠡᠭᠡᠪᠡᠯ ᠨᠠᠰᠤᠳᠠᠢ ᠬᠦᠮᠦᠨ ᠪᠡᠶ᠎ᠠ ᠪᠤᠯᠪᠠᠰᠤᠷᠠᠪᠠᠯ ᠶᠠᠮᠠᠷ ᠰᠠᠶᠢᠨ ᠲᠠᠢ ᠪᠠᠶᠢᠬᠤ ᠪᠤᠢ︖ ᠶᠠᠮᠠᠷ ᠴᠡᠭᠡᠷ ᠪᠠᠶᠢᠬᠤ ᠪᠤᠢ︖ ᠶᠠᠮᠠᠷ ᠨᠢᠭᠤᠴᠠ ᠠᠷᠭ᠎ᠠ ᠪᠠᠶᠢᠬᠤ ᠪᠤᠢ︖ ᠨᠠᠰᠤᠳᠠᠢ ᠬᠦᠮᠦᠨ ᠪᠡᠶ ᠎ᠠ ᠪᠤᠯᠪᠠᠰᠤᠷᠠᠪᠠᠯ ᠵᠢᠷᠦᠭᠡᠨ ᠠᠵᠢᠯᠯᠠᠭ᠎ᠠ ᠨᠢ ᠰᠠᠶᠢᠵᠢᠷᠠᠵᠤ᠂ ᠪᠦᠬᠦ ᠪᠡᠶ᠎ᠠ ᠶᠢᠨ ᠪᠤᠯᠴᠢᠩ ᠨᠢ ᠭᠡᠪ ᠢᠶᠠᠷ ᠴᠢᠩᠭ᠎ᠠ ᠪᠠᠶᠢᠬᠤ ᠮᠦᠷᠳᠡᠭᠡᠨ ᠪᠠᠰᠠ ᠶᠡᠭᠡ ᠲᠠᠷᠢᠬᠢᠨ ᠤ ᠦᠳᠡᠯᠬᠦ ᠠᠴᠠ ᠰᠡᠷᠭᠡᠶᠢᠯᠡᠵᠤ᠂ ᠲᠠᠷᠢᠬᠢᠨ ᠤ ᠠᠪᠴᠢᠯᠳᠠ ᠶᠢ ᠤᠳᠠᠭᠠᠰᠢᠷᠠᠭᠤᠯᠤᠨ᠂ ᠦᠯᠦ ᠬᠠᠯᠳᠠᠭᠠᠬᠤ ᠴᠢᠳᠠᠪᠤᠷᠢ ᠶᠢ ᠲᠡᠭᠡᠭᠰᠢᠯᠡᠬᠦᠯᠵᠤ᠂ ᠴᠡᠭᠡᠵᠢᠯᠡᠬᠦ ᠴᠢᠳᠠᠪᠤᠷᠢ ᠶᠢ ᠨᠡᠮᠡᠭᠳᠡᠬᠦᠯᠵᠤ ᠴᠢᠳᠠᠨ᠎ᠠ᠂ ᠭᠡᠪᠡᠴᠤ ᠨᠠᠰᠤᠳᠠᠢ ᠬᠦᠮᠦᠨ ᠪᠡᠶ᠎ᠠ ᠪᠤᠯᠪᠠᠰᠤᠷᠠᠬᠤ ᠳᠤ ᠪᠠᠰᠠ ᠴᠡᠭᠡᠷ ᠢ ᠠᠩᠬᠠᠷᠬᠤ ᠪᠦᠬᠡᠳ ᠰᠢᠨᠵᠢᠯᠡᠬᠦ ᠤᠬᠠᠭᠠᠨᠴᠢ ᠭᠦᠳᠡᠯᠭᠡᠭᠡᠨ ᠭᠢᠬᠦ ᠠᠷᠭ᠎ᠠ ᠶᠢ ᠡᠷᠭᠢᠮᠯᠡᠬᠦ ᠭᠡᠷᠡᠭᠳᠡᠢ᠃     ᠨᠠᠰᠤᠳᠠᠢ ᠬᠦᠮᠦᠨ ᠪᠡᠶ᠎ᠠ ᠪᠤᠯᠪᠠᠰᠤᠷᠠᠬᠤ ᠶᠢᠨ ᠰᠠᠶᠢᠨ ᠲᠠᠢ ᠲᠠᠯ᠎ᠠ᠄ ᠵᠢᠷᠦᠭᠡᠨ ᠠᠵᠢᠯᠯᠠᠭ᠎ᠠ ᠶᠢ ᠰᠠᠶᠢᠵᠢᠷᠠᠭᠤᠯᠵᠤ᠂ ᠶᠡᠭᠡ ᠲᠠᠷᠢᠬᠢᠨ ᠤ ᠦᠳᠡᠯᠬᠦ ᠠᠴᠠ ᠰᠡᠷᠭᠡᠶᠢᠯᠡᠵᠤ ᠴᠢᠳᠠᠨ᠎ᠠ᠃     1᠂ ᠴᠢᠰᠤᠨ ᠲᠠᠷᠤᠯᠳᠠ ᠶᠢ ᠪᠠᠭᠤᠷᠠᠭᠤᠯᠵᠤ ᠵᠢᠷᠦᠭᠡᠨ ᠠᠵᠢᠯᠯᠠᠭ᠎ᠠ ᠶᠢ ᠰᠠᠶᠢᠵᠢᠷᠠᠭᠤᠯᠬᠤ      ᠭᠦᠳᠡᠯᠭᠡᠭᠡᠨ ᠨᠢ ᠴᠢᠰᠤᠨ ᠰᠤᠳᠠᠯ ᠤᠨ ᠠᠪᠴᠢᠬᠤ ᠪᠠ ᠲᠡᠯᠡᠬᠦ ᠴᠢᠳᠠᠪᠤᠷᠢ ᠶᠢ ᠪᠤᠯᠪᠠᠰᠤᠷᠠᠭᠤᠯᠵᠤ᠂ ᠰᠤᠯᠢᠯᠴᠠᠬᠤ ᠢᠰᠭᠡᠬᠦᠷ ᠤᠨ ᠠᠮᠢᠵᠢᠷᠠᠯ ᠢ ᠠᠬᠢᠭᠤᠯᠵᠤ᠂ ᠦᠭᠡᠬᠦᠨ ᠡᠳ᠋ ᠤᠨ ᠰᠤᠯᠢᠯᠴᠠᠭ᠎ᠠ ᠶᠢ ᠰᠠᠶᠢᠵᠢᠷᠠᠭᠤᠯᠤᠨ᠂ ᠴᠢᠰᠤᠨ ᠤ ᠦᠭᠡᠬᠦ ᠶᠢ ᠪᠠᠭᠤᠷᠠᠭᠤᠯᠵᠤ᠂ ᠴᠢᠰᠤᠨ ᠰᠤᠳᠠᠯ ᠤᠨ ᠬᠠᠳᠠᠭᠤᠷᠠᠯ ᠢ ᠤᠳᠠᠭᠠᠰᠢᠷᠠᠭᠤᠯᠵᠤ᠂ ᠨᠠᠰᠤᠳᠠᠶᠢᠴᠤᠳ ᠤᠨ ᠯᠤᠬᠰᠢᠭᠤᠨ ᠰᠤᠳᠠᠯ ᠤᠨ ᠦᠭᠡᠬᠦᠵᠢᠨ ᠬᠠᠳᠠᠭᠤᠷᠠᠬᠤ ᠶᠢ ᠬᠤᠷᠢᠬᠯᠠᠬᠤ ᠳᠤ ᠲᠤᠰᠠᠳᠠᠢ ᠲᠤᠯᠠ ᠨᠠᠰᠤᠵᠢᠬᠰᠠᠨ ᠴᠢᠨᠠᠷᠳᠠᠢ ᠴᠢᠰᠤᠨ ᠲᠠᠷᠤᠯᠳᠠ ᠦᠨᠳᠦᠷᠵᠢᠬᠦ ᠪᠠ ᠲᠢᠳᠢᠮ ᠵᠢᠷᠦᠭᠡᠨ ᠡᠪᠡᠳᠴᠢᠨ ᠠᠴᠠ ᠰᠡᠷᠭᠡᠶᠢᠯᠡᠵᠤ ᠴᠢᠳᠠᠨ᠎ᠠ᠃ ᠬᠦᠳᠡᠯᠭᠡᠭᠡᠨ ᠨᠢ ᠪᠠᠰᠠ ᠵᠢᠷᠦᠭᠡᠨ ᠠᠵᠢᠯᠯᠠᠭ᠎ᠠ ᠶᠢ ᠰᠠᠶᠢᠵᠢᠷᠠᠭᠤᠯᠵᠤ᠂ ᠴᠢᠰᠤᠨ ᠤ ᠦᠭᠡᠬᠦ ᠶᠢ ᠪᠠᠭᠤᠷᠠᠭᠤᠯᠤᠨ᠂ ᠨᠠᠰᠤᠳᠠᠶᠢᠴᠤᠳ ᠤᠨ ᠵᠢᠷᠦᠭᠡ ᠴᠢᠰᠤᠨ ᠰᠤᠳᠠᠯ ᠤᠨ ᠡᠪᠡᠳᠴᠢᠨ ᠤ ᠡᠬᠦᠰᠬᠦ ᠨᠤᠷᠮ᠎ᠠ ᠶᠢ ᠪᠠᠭᠠᠰᠬᠠᠵᠤ ᠴᠢᠳᠠᠨ᠎ᠠ᠃     2᠂ ᠪᠦᠬᠦ ᠪᠡᠶ᠎ᠠ ᠶᠢᠨ ᠪᠤᠯᠴᠢᠩ ‍ᠤᠨ‌‍ᠭᠡᠪ ᠤᠨ ᠴᠢᠩᠭᠠᠷᠠᠯᠳᠠ ᠶᠢ ᠪᠠᠳᠤᠯᠠᠬᠤ      ᠬᠦᠳᠡᠯᠭᠡᠭᠡᠨ ᠬᠢᠬᠦ ᠶᠢ ᠪᠠᠷᠢᠮᠳᠠᠯᠠᠪᠠᠯ ᠠᠷᠤᠬ ᠶᠠᠰᠤ᠂ ᠪᠤᠯᠴᠢᠩ᠂ ᠦᠶ᠎ᠠ ᠮᠦᠴᠢ ᠪᠤᠯᠤᠨ ᠰᠤᠳᠠᠰᠤᠨ ᠳᠤ ᠪᠦᠷ ᠮᠠᠰᠢ ᠰᠠᠶᠢᠨ ᠨᠦᠯᠦᠭᠡ ᠭᠠᠷᠴᠤ᠂ ᠦᠷᠬᠦᠯᠵᠢ ᠬᠦᠳᠡᠯᠭᠡᠭᠡᠨ ᠬᠢᠪᠡᠯ ᠪᠤᠯᠴᠢᠩ ᠤᠨ ᠴᠢᠩᠭᠠᠷᠠᠯᠳᠠ ᠶᠢ ᠭᠡᠪ ᠢᠶᠠᠷ ᠪᠠᠶᠢᠯᠭᠠᠬᠤ ᠮᠦᠷᠳᠡᠭᠡᠨ ᠪᠤᠯᠴᠢᠩ ᠤᠨ ᠬᠦᠳᠡᠯᠭᠡᠭᠡᠨ ᠢᠶᠠᠷ ᠲᠠᠮᠵᠢᠵᠤ ᠶᠠᠰᠤᠨ ᠨᠡᠭᠡᠳᠡᠰᠦ ᠶᠢ ᠰᠡᠳᠡᠵᠤ᠂ ᠠᠷᠤᠬ ᠶᠠᠰᠤᠨ ᠳᠤ ᠺᠠᠯᠼ ᠪᠠᠶᠢᠬᠤ ᠶᠢ ᠪᠠᠳᠤᠯᠠᠭᠠᠳ᠂ ᠶᠠᠰᠤᠨ ᠤ  ᠰᠡᠶᠢᠷᠡᠭᠰᠢᠬᠦ ᠠᠴᠠ ᠰᠡᠷᠭᠡᠶᠢᠯᠡᠵᠤ ᠴᠢᠳᠠᠨ᠎ᠠ᠃ ᠪᠤᠯᠪᠠᠰᠤᠷᠠᠬᠤ ᠨᠢ ᠪᠠᠰᠠ ᠬᠦᠳᠡᠯᠭᠡᠭᠡᠨ ᠤ  ᠰᠢᠰᠲ᠋ᠧᠮ ᠤᠨ ᠤᠨᠤᠪᠴᠢᠳᠤ ᠴᠢᠨᠠᠷ ᠪᠠ ᠵᠤᠬᠢᠴᠠᠬᠤ ᠴᠢᠨᠠᠷ ᠢ ᠴᠢᠩᠭᠠᠷᠠᠭᠤᠯᠵᠤ᠂ ᠬᠦᠯ ᠭᠠᠷ ᠤᠨ ᠠᠮᠢᠳᠤᠯᠢᠬ ᠪᠠᠶᠢᠬᠤ ᠶᠢ ᠪᠠᠳᠤᠯᠠᠵᠤ ᠴᠢᠳᠠᠬᠤ ᠲᠤᠯᠠ ᠬᠦᠮᠦᠨ ᠢ ᠡᠯ᠎ᠠ ᠵᠦᠢᠯ ᠤᠨ ᠪᠤᠳᠤᠯᠢᠶᠠᠨ ᠲᠠᠢ ᠬᠦᠳᠡᠯᠭᠡᠭᠡᠨ ᠢ ᠬᠦᠡᠭᠭᠡᠨ᠂ ᠡᠮᠬᠢ ᠴᠡᠭᠴᠡ ᠲᠠᠢ ᠪᠡᠶᠡᠯᠡᠬᠦᠯᠵᠤ ᠴᠢᠳᠠᠬᠤ ᠪᠤᠯᠭᠠᠨ᠎ᠠ᠃        3᠂ ᠶᠡᠭᠡ ᠲᠠᠷᠢᠬᠢᠨ ᠤ ᠦᠳᠡᠯᠬᠦ ᠠᠴᠠ ᠰᠡᠷᠭᠡᠶᠢᠯᠡᠨ ᠲᠠᠷᠢᠬᠢᠨ ᠤ ᠠᠪᠴᠢᠯᠳᠠ ᠶᠢ ᠤᠳᠠᠭᠠᠰᠢᠷᠠᠭᠤᠯᠬᠤ      ᠬᠦᠳᠡᠯᠭᠡᠭᠡᠨ ᠬᠢᠬᠦ ᠶᠢ ᠪᠠᠷᠢᠮᠳᠠᠯᠠᠪᠠᠯ ᠲᠦᠪ ᠮᠡᠳᠡᠷᠡᠯ ‍ᠤᠨ‌‍ᠰᠢᠰᠲ᠋ᠧᠮ ᠤᠨ ᠠᠵᠢᠯᠯᠠᠭ᠎ᠠ ᠶᠢ ᠰᠠᠶᠢᠵᠢᠷᠠᠭᠤᠯᠤᠨ᠂ ᠶᠡᠭᠡ ᠲᠠᠷᠢᠬᠢᠨ ᠤ ᠦᠳᠡᠯᠬᠦ ᠠᠴᠠ ᠰᠡᠷᠭᠡᠶᠢᠯᠡᠵᠤ ᠴᠢᠳᠠᠨ᠎ᠠ᠃ ᠬᠦᠳᠡᠯᠭᠡᠭᠡᠨ ᠬᠢᠬᠦ ᠶᠢ ᠪᠠᠷᠢᠮᠳᠠᠯᠠᠬᠰᠠᠨ ᠨᠠᠰᠤᠳᠠᠶᠢᠴᠤᠳ ᠤᠨ ᠲᠠᠷᠢᠬᠢᠨ ᠤ ᠯᠤᠬᠰᠢᠭᠤᠨ ᠰᠤᠳᠠᠯ ᠳᠤ ᠬᠦᠴᠢᠯᠳᠦ᠋ᠷᠦᠭᠴᠢ ᠶᠢᠨ ᠠᠭᠤᠯᠤᠬᠳᠠᠴᠠ ᠲᠡᠭᠡᠭᠰᠢᠯᠡᠵᠤ᠂ ᠲᠠᠷᠢᠬᠢᠨ ᠡᠰ ᠤᠨ ᠬᠦᠴᠢᠯᠳᠦ᠋ᠷᠦᠭᠴᠢ ᠶᠢᠨ ᠬᠠᠨᠭ᠍ᠭᠠᠯᠭ᠎ᠠ ᠰᠠᠶᠢᠵᠢᠷᠠᠬᠤ ᠶᠢᠨ ᠤᠯᠠᠮ ᠠᠴᠠ ᠲᠠᠷᠢᠬᠢᠨ ᠤ ᠠᠪᠴᠢᠯᠳᠠ ᠶᠢ ᠤᠳᠠᠭᠠᠰᠢᠷᠠᠭᠤᠯᠵᠤ ᠴᠢᠳᠠᠨ᠎ᠠ᠃      4᠂ ᠦᠯᠦ ᠬᠠᠯᠳᠠᠭᠠᠬᠤ ᠴᠢᠳᠠᠯ ᠢ ᠲᠡᠭᠡᠭᠰᠢᠯᠡᠬᠦᠯᠵᠤ ᠰᠢᠮ ᠎ᠠ ᠲᠡᠵᠢᠭᠡᠯ ᠢ ᠰᠢᠩᠭᠡᠭᠡᠬᠦ ᠶᠢ ᠲᠦᠷᠭᠡᠳᠭᠡᠬᠦ      ︽ᠤᠷᠳᠤ ᠬᠤᠭᠤᠴᠠᠭ᠎ᠠ ᠬᠦᠳᠡᠯᠭᠡᠭᠡᠨ ᠬᠢᠬᠦ ᠶᠢ ᠪᠠᠷᠢᠮᠳᠠᠯᠠᠪᠠᠯ ᠨᠠᠰᠤᠳᠠᠶᠢᠴᠤᠳ ᠤᠨ ᠦᠯᠦ ᠬᠠᠯᠳᠠᠭᠠᠬᠤ ᠴᠢᠳᠠᠯ ᠨᠢ ᠲᠡᠭᠡᠭᠰᠢᠯᠡᠨ᠂ ᠬᠢᠮᠤᠷᠠᠭ᠎ᠠ ᠪᠠ ᠬᠢᠮᠤᠷᠠᠭ᠎ᠠ ᠠᠴᠠ ᠪᠤᠯᠵᠤ ᠡᠬᠦᠰᠬᠦ ᠬᠦᠢᠯᠡᠰᠦᠯᠢᠭ ᠴᠤᠬᠴᠠ ᠶᠢᠨ ᠦᠷᠪᠢᠰᠦᠯ᠂ ᠵᠠᠯᠬᠢᠭᠤᠷ ᠤᠨ ᠦᠷᠪᠢᠰᠦᠯ᠂ ᠮᠦᠭᠡᠷᠰᠦᠨ ᠬᠤᠭᠤᠯᠠᠢ ᠶᠢᠨ ᠦᠷᠪᠢᠰᠦᠯ᠂ ᠠᠭᠤᠰᠬᠢᠨ ᠦᠷᠪᠢᠰᠦᠯ ᠵᠡᠷᠭᠡ ᠡᠪᠡᠳᠴᠢᠨ ᠬᠢᠭᠡᠳ ᠮᠦᠭᠡᠷᠰᠦᠨ ᠬᠤᠭᠤᠯᠠᠢ ᠶᠢᠨ ᠦᠷᠪᠢᠰᠦᠯ ᠠᠴᠠ ᠡᠬᠦᠰᠬᠦ ᠠᠭᠤᠰᠬᠢᠨ ᠤ ᠭᠡᠢ᠂ ᠠᠭᠤᠰᠬᠢ ᠵᠢᠷᠦᠭᠡᠨ ᠤ ᠡᠪᠡᠳᠴᠢᠨ ᠵᠡᠷᠭᠡ︾ ᠶᠢ ᠪᠠᠭᠠᠰᠬᠠᠵᠤ ᠴᠢᠳᠠᠨ᠎ᠠ ᠭᠡᠵᠤ ᠡᠮᠴᠢ ᠠᠴᠠ ᠲᠠᠨᠢᠯᠴᠠᠭᠤᠯᠤᠬᠰᠠᠨ ᠶᠤᠮ᠃     5᠂ ᠰᠡᠳᠬᠢᠴᠡ ᠶᠢ ᠵᠤᠬᠢᠴᠠᠭᠤᠯᠤᠨ ᠴᠡᠭᠡᠵᠢᠯᠡᠬᠦ ᠴᠢᠳᠠᠪᠤᠷᠢ ᠶᠢ ᠰᠠᠶᠢᠵᠢᠷᠠᠭᠤᠯᠬᠤ      ᠪᠡᠶ᠎ᠠ ᠪᠤᠯᠪᠠᠰᠤᠷᠠᠪᠠᠯ ᠨᠠᠰᠤᠳᠠᠢ ᠬᠦᠮᠦᠨ ᠤ ᠰᠡᠳᠬᠢᠯ ᠰᠠᠨᠠᠭ᠎ᠠ ᠨᠢ ᠨᠡᠩ ᠠᠭᠤᠵᠢᠭᠤ ᠪᠤᠯᠵᠤ᠂ ᠲᠠᠷᠢᠬᠢᠨ ᠠᠴᠠ ᠱᠦᠬᠦᠷᠡᠬᠦᠯᠬᠦ ᠲᠠᠷᠢᠬᠢᠨ ᠤ ᠡᠸ᠋ᠨ᠋ᠳᠤᠡᠹᠢᠨ ᠨᠢ ᠬᠦᠮᠦᠨ ᠤ ᠰᠡᠳᠬᠢᠯ ᠢ ᠨᠡᠩ ᠪᠠᠶᠠᠰᠤᠩᠭᠤᠢ ᠪᠤᠯᠭᠠᠵᠤ᠂ ᠪᠤᠬᠢᠨᠢᠳᠤᠯ ᠪᠠ ᠲᠠᠷᠤᠯᠳᠠ ᠶᠢ ᠰᠤᠯᠠᠯᠠᠭᠠᠳ᠂ ᠨᠦᠢᠷ ᠢ ᠰᠠᠶᠢᠵᠢᠷᠠᠭᠤᠯᠬᠤ ᠪᠤᠯᠤᠨ᠎ᠠ᠃ ᠡᠬᠦᠨ ᠠᠴᠠ ᠭᠠᠳᠠᠨ᠎ᠠ᠂ ᠬᠦᠴᠢᠯᠳᠦ᠋ᠷᠦᠭᠴᠢ ᠲᠠᠢ ᠬᠦᠳᠡᠯᠭᠡᠭᠡᠨ ᠨᠢ ᠴᠢᠰᠤᠨ ᠳᠠᠬᠢ ᠴᠡᠭᠡᠵᠢᠯᠡᠬᠦᠢ ᠲᠠᠢ ᠬᠤᠯᠪᠤᠭ᠎ᠠ ᠲᠠᠢ ᠬᠤᠷᠮᠤᠨ ᠢ ᠨᠡᠮᠡᠭᠳᠡᠬᠦᠯᠵᠤ ᠴᠢᠳᠠᠨ᠎ᠠ᠃
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号