ᠡᠪᠤᠯ ᠤᠨ ᠤᠯᠠᠷᠢᠯ ᠳᠤ ᠪᠡᠶ᠎ᠠ ᠪᠣᠯᠪᠠᠰᠣᠷᠠᠪᠠᠯ ᠮᠠᠷᠢᠶ᠎ᠠ ᠶᠢ ᠢᠯᠡᠭᠦᠦ ᠰᠢᠭᠤᠷᠠᠭᠤᠯᠳᠠᠭ
ᠨᠡᠶᠢᠲᠡᠯᠡᠭᠰᠡᠨ ᠴᠠᠭ᠄
2018/12/28
     ᠡᠷᠡᠭᠦᠯ ᠡᠩᠬᠡ ᠶᠢᠨ ᠮᠡᠳᠡᠯᠭᠡ ᠶᠢᠨ ᠲᠦᠭᠡᠮᠡᠯᠵᠢᠬᠦ ᠶᠢ ᠲᠠᠭᠠᠯᠳᠤᠨ᠂ ᠨᠢᠭᠡ ᠰᠢᠷᠢᠰ ᠰᠢᠨᠵᠢᠯᠡᠬᠦ ᠤᠬᠠᠭᠠᠨᠴᠢ ᠦᠷ᠎ᠠ ᠪᠦᠲᠦᠮᠵᠢᠲᠠᠢ ᠪᠡᠶ᠎ᠠ ᠲᠠᠮᠢᠷ ᠤᠨ ᠪᠤᠯᠪᠠᠰᠤᠷᠠᠯ ᠤᠨ ᠠᠷᠭ᠎ᠠ ᠨᠢ ᠦᠨᠳᠦᠷ ᠬᠠᠨᠭ᠍ᠰᠢ ᠪᠠᠷ ᠬᠤᠳᠠᠯᠳᠤᠨ ᠠᠪᠤᠭᠰᠠᠨ ᠡᠷᠡᠭᠦᠯᠵᠢᠯ ᠤᠨ ᠢᠳᠡᠭᠡᠨ ᠠᠴᠠ ᠲᠤᠰᠠᠲᠠᠢ ᠬᠡᠰᠡᠨ ᠢ ᠤᠯᠠᠨ ᠬᠦᠮᠦᠨ ᠮᠡᠳᠡᠪᠠ᠃ ᠡᠪᠦᠯ ᠤᠨ ᠤᠯᠠᠷᠢᠯ ᠳᠤ ᠪᠡᠶ᠎ᠠ ᠲᠠᠮᠢᠷ ᠤᠨ ᠪᠤᠯᠪᠠᠰᠤᠷᠠᠯ ᠳᠤ ᠤᠷᠤᠯᠴᠠᠬᠤ ᠳᠤ ᠬᠤᠶᠠᠷ ᠤᠨᠴᠠᠯᠢᠭ ᠲᠠᠢ᠃      ᠲᠡᠷᠢᠭᠦᠨ ᠳᠤ᠂ ᠡᠪᠦᠯ ᠤᠨ ᠤᠯᠠᠷᠢᠯ ᠤᠨ ᠪᠡᠶ᠎ᠠ ᠲᠠᠮᠢᠷ ᠤᠨ ᠪᠤᠯᠪᠠᠰᠤᠷᠠᠯ ᠢ ᠮᠠᠷᠢᠶ᠎ᠠ ᠪᠠᠨ ᠰᠢᠭᠤᠷᠠᠭᠤᠯᠬᠤ ᠶᠢᠨ ᠲᠤᠭᠤᠷᠢᠨ ᠳᠤ ᠢᠷᠡᠵᠤ ᠲᠦᠯᠦᠪᠯᠡᠵᠤ ᠲᠤᠭᠳᠠᠭᠠᠨ᠎ᠠ᠃ ᠡᠪᠦᠯ ᠤᠨ ᠤᠯᠠᠷᠢᠯ ᠳᠤ ᠬᠦᠮᠦᠨ ᠤ ᠪᠡᠶ᠎ᠠ ᠶᠢᠨ ᠰᠢᠩᠭᠡᠬᠦ ᠴᠢᠳᠠᠪᠤᠷᠢ ᠰᠠᠶᠢᠵᠢᠷᠠᠵᠤ᠂ ᠬᠤᠭᠤᠯᠠᠨ ᠤ ᠲᠤᠷᠠᠰᠢᠯ ᠰᠠᠶᠢᠵᠢᠷᠠᠵᠤ᠂ ᠤᠯᠠᠨ ᠬᠦᠮᠦᠨ ᠡᠪᠦᠯ ᠤᠨ ᠤᠯᠠᠷᠢᠯ ᠤᠨ ᠪᠡᠶ᠎ᠡ ᠶᠢᠨ ᠬᠥᠨᠲᠥ ᠨᠢ ᠨᠢᠬᠡ ᠵᠢᠯ ᠤᠨ ᠲᠤᠲᠤᠷ᠎ᠠ ᠬᠠᠮᠤᠬ ᠤᠨ ᠬᠥᠨᠲᠥ ᠥᠶ᠎ᠡ ᠪᠠᠶᠢᠳᠠᠭ᠂ ᠡᠭᠦᠨ ᠠᠴᠠ ᠭᠠᠳᠠᠨ᠎ᠠ ᠡᠪᠦᠯ ᠤᠨ ᠤᠯᠠᠷᠢᠯ ᠳᠤ ᠪᠡᠶ᠎ᠠ ᠲᠠᠮᠢᠷ ᠤᠨ ᠪᠤᠯᠪᠠᠰᠤᠷᠠᠯ ᠳᠤ ᠤᠷᠤᠯᠴᠠᠪᠠᠯ ᠵᠠᠷᠤᠴᠠᠭᠤᠯᠬᠤ ᠡᠨᠧᠷᠬᠢ ᠨᠢ ᠬᠠᠮᠤᠭ ᠤᠯᠠᠨ᠂ ᠮᠠᠷᠢᠶ᠎ᠠ ᠶᠢ ᠪᠠᠭᠤᠷᠠᠭᠤᠯᠬᠤ ᠬᠠᠮᠤᠭ ᠰᠠᠶᠢᠨ ᠴᠠᠭ ᠪᠤᠯᠤᠨ᠎ᠠ᠃      ᠳᠠᠷᠠᠭᠠᠯᠠᠪᠠᠯ᠂ ᠡᠪᠦᠯ ᠤᠨ ᠤᠯᠠᠷᠢᠯ ᠳᠤ ᠬᠦᠮᠦᠨ ᠤ ᠦᠯᠦ ᠬᠠᠯᠳᠠᠭᠠᠬᠤ ᠴᠢᠳᠠᠮᠵᠢ ᠲᠤᠷᠤᠭᠰᠢᠯᠠᠵᠤ ᠠᠮᠠᠷᠬᠠᠨ ᠡᠪᠡᠳᠴᠢᠯᠡᠳᠡᠭ᠂ ᠡᠶᠢᠮᠦ ᠠᠴᠠ ᠡᠪᠦᠯ ᠤᠨ ᠤᠯᠠᠷᠢᠯ ᠳᠤ ᠪᠡᠶ᠎ᠠ ᠪᠤᠯᠪᠠᠰᠤᠷᠠᠬᠤ ᠶᠢᠨ ᠨᠦᠭᠦᠭᠡ ᠨᠢᠭᠡ ᠰᠢᠯᠳᠠᠭᠠᠨ ᠨᠢ ᠭᠡᠪᠡᠯ ᠪᠦᠲᠦᠮᠵᠢᠲᠠᠢ ᠪᠤᠯᠪᠠᠰᠤᠷᠠᠯ ᠢᠶᠠᠷ ᠲᠠᠮᠵᠢᠨ ᠡᠪᠡᠳᠴᠢᠨ ᠡᠮᠬᠡᠭ ᠢ ᠰᠡᠷᠭᠡᠶᠢᠯᠡᠳᠡᠭ᠃ ᠬᠡᠪᠡᠴᠦ ᠲᠦᠯᠦᠪᠯᠡᠭᠡ ᠦᠭᠡᠢ᠂ ᠵᠢᠮ᠎ᠠ ᠶᠤᠰᠤ ᠦᠭᠡᠢ ᠪᠤᠯᠪᠠᠰᠤᠷᠠᠯ ᠨᠢ ᠪᠡᠶ᠎ᠠ ᠮᠠᠬᠠᠪᠤᠳ ᠢ ᠴᠢᠬᠢᠷᠠᠭᠵᠢᠭᠤᠯᠵᠤ ᠲᠡᠶᠢᠯᠬᠦ ᠦᠭᠡᠢ ᠮᠦᠷᠳᠡᠭᠡᠨ ᠪᠠᠰᠠ ᠡᠪᠡᠳᠴᠢᠨ ᠬᠦᠷᠭᠡᠳᠡᠭ᠃ ᠡᠪᠦᠯ ᠤᠨ ᠤᠯᠠᠷᠢᠯ ᠳᠤ ᠠᠭᠤᠷ ᠠᠮᠢᠰᠬᠤᠯ ᠬᠠᠬᠢᠷ ᠬᠦᠢᠲᠡᠨ᠂ ᠪᠡᠶ᠎ᠠ ᠪᠠᠨ ᠪᠤᠯᠪᠠᠰᠤᠷᠠᠭᠤᠯᠬᠤ ᠦᠶ᠎ᠠ ᠳᠤ ᠬᠦᠳᠡᠯᠭᠡᠭᠡᠨ ᠤ ᠬᠡᠮᠵᠢᠶ᠎ᠠ ᠪᠠᠭ᠎ᠠ ᠡᠨᠧᠷᠭᠢ ᠶᠡᠭᠡ ᠵᠠᠷᠤᠴᠠᠭᠤᠯᠬᠤ ᠬᠦᠳᠡᠯᠭᠡᠭᠡᠨ ᠢ ᠰᠤᠩᠭᠤᠪᠠᠯ ᠵᠤᠬᠢᠨ᠎ᠠ᠃ ᠵᠠᠯᠠᠭᠤ ᠬᠦᠮᠦᠨ ᠬᠦᠶᠦᠬᠦ ᠵᠡᠷᠭᠡ ᠲᠠᠮᠢᠷ ᠤᠨ ᠬᠦᠳᠡᠯᠭᠡᠭᠡᠨ ᠳᠤ ᠢᠯᠡᠭᠦᠦ ᠤᠷᠤᠯᠴᠠᠵᠤ᠂ ᠢᠳᠡᠷ ᠨᠠᠰᠤᠨ ᠤ ᠬᠦᠮᠦᠨ ᠬᠤᠷᠳᠤᠨ ᠠᠯᠬᠤᠬᠤ᠂ ᠱᠠᠳᠤ ᠮᠠᠴᠤᠬᠤ᠂ ᠠᠭᠠᠵᠢᠭᠤ ᠬᠦᠶᠦᠬᠦ ᠵᠡᠷᠭᠡ ᠬᠦᠳᠡᠯᠭᠡᠭᠡᠨ ᠳᠤ ᠤᠷᠤᠯᠴᠠᠵᠤ᠂ ᠨᠠᠰᠤᠲᠠᠢ ᠬᠦᠮᠦᠨ ᠰᠤᠯᠠ ᠠᠯᠬᠤᠬᠤ᠂ ᠨᠠᠷᠡᠬᠦᠢ ᠨᠢᠲᠤᠷᠭ᠎ᠠ ᠵᠡᠷᠭᠡ ᠬᠦᠳᠡᠯᠭᠡᠭᠡᠨ ᠢ ᠲᠤᠬᠢᠷᠠᠭᠤᠯᠵᠤ ᠪᠤᠯᠤᠨ᠎ᠠ᠃ ᠵᠠᠯᠠᠭᠤ ᠬᠦᠮᠦᠨ ᠡᠪᠦᠯ ᠤᠨ ᠤᠯᠠᠷᠢᠯ ᠳᠤ ᠪᠠᠶ᠎ᠠ ᠲᠠᠮᠢᠷ ᠤᠨ ᠬᠦᠳᠡᠯᠭᠡᠭᠡᠨ ᠳᠤ ᠤᠷᠤᠯᠴᠠᠬᠤ ᠴᠠᠭ ᠢᠶᠠᠨ ᠵᠤᠬᠢᠰᠲᠠᠢ ᠤᠷᠳᠤᠳᠬᠠᠵᠤ ᠪᠤᠯᠤᠨ᠎ᠠ᠂ ᠵᠤᠨ ᠤ ᠤᠯᠠᠷᠢᠯ ᠠᠴᠠ 10 — 15 ᠮᠢᠨᠦ᠋ᠲ ᠤᠷᠳᠤᠳᠬᠠᠪᠠᠯ ᠨᠡᠩ ᠰᠠᠶᠢᠨ᠃ ᠢᠳᠡᠷ ᠨᠠᠰᠤᠨ ᠤ ᠬᠦᠮᠦᠨ ᠤ ᠪᠠᠶ᠎ᠠ ᠶᠢᠨ ᠪᠠᠶᠢᠳᠠᠯ ᠤᠷᠤᠭᠤᠳᠠᠬᠤ ᠬᠠᠨᠳᠤᠰᠢ ᠲᠠᠢ᠃ ᠠᠵᠢᠯ ᠤᠨ ᠶᠠᠭᠠᠷᠠᠤ ᠠᠴᠠ ᠪᠤᠯᠵᠤ ᠪᠡᠶ᠎ᠠ ᠮᠠᠬᠠᠪᠤᠳ ᠢᠶᠠᠨ ᠪᠤᠯᠪᠠᠰᠤᠷᠠᠬᠤ ᠪᠠᠨ ᠵᠤᠭᠰᠤᠵᠤ ᠪᠤᠯᠬᠤ ᠦᠭᠡᠢ᠃      ᠡᠪᠦᠯ ᠤᠨ ᠤᠯᠠᠷᠢᠯ ᠳᠤ ᠪᠡᠶ᠎ᠠ ᠮᠠᠬᠠᠪᠤᠳ ᠢᠶᠠᠨ ᠪᠤᠯᠪᠠᠰᠤᠷᠠᠬᠤ ᠳᠤ ᠴᠠᠭ ᠢᠶᠠᠨ ᠲᠤᠬᠢᠷᠠᠮᠵᠢᠲᠠᠢ ᠰᠤᠩᠭᠤᠬᠤ ᠬᠡᠷᠡᠭᠲᠠᠢ᠃ ᠵᠠᠯᠠᠭᠤ ᠬᠦᠮᠦᠨ ᠡᠪᠦᠯ ᠤᠨ ᠤᠯᠠᠷᠢᠯ ᠳᠤ ᠦᠷᠯᠦᠭᠡ ᠪᠡ ᠦᠳᠡ ᠶᠢᠨ ᠬᠤᠶᠢᠨ᠎ᠠ ᠪᠡᠶ᠎ᠠ ᠮᠠᠬᠠᠪᠤᠳ ᠢᠶᠠᠨ ᠪᠤᠯᠪᠠᠰᠤᠷᠠᠵᠤ᠂ ᠢᠳᠡᠷ ᠨᠠᠰᠤᠨ ᠤ ᠬᠦᠮᠦᠨ ᠠᠵᠢᠯ ᠠᠴᠠ ᠪᠠᠨ ᠪᠠᠭᠤᠭᠰᠠᠨ ᠤ ᠳᠠᠷᠠᠭ᠎ᠠ 18 — 20 ᠴᠠᠭ ᠤᠨ ᠬᠤᠭᠤᠷᠤᠨᠳᠦ ᠪᠡᠶ᠎ᠠ ᠮᠠᠬᠠᠪᠤᠳ ᠢᠶᠠᠨ ᠪᠤᠯᠪᠠᠰᠤᠷᠠᠵᠤ᠂ ᠨᠠᠰᠤᠲᠠᠢ ᠬᠦᠮᠦᠨ 14 — 19 ᠴᠠᠭ ᠤᠨ ᠬᠤᠭᠤᠷᠤᠨᠳᠦ ᠪᠡᠶ᠎ᠠ ᠮᠠᠬᠠᠪᠤᠳ ᠢᠶᠠᠨ ᠪᠤᠯᠪᠠᠰᠤᠷᠠᠵᠤ ᠪᠤᠯᠤᠨ᠎ᠠ᠃
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号