ᠦᠳᠡ ᠳᠤ ᠠᠯᠬᠤᠬᠤ ᠬᠢᠭᠡᠳ ᠠᠵᠢᠯ ᠤᠨ ᠪᠦᠳᠦᠮᠵᠢ
ᠨᠡᠶᠢᠲᠡᠯᠡᠭᠰᠡᠨ ᠴᠠᠭ᠄
2018/12/28
     ᠲᠠᠶᠢᠸᠠᠨ ᠤ ︽ᠡᠷᠡᠭᠦᠯ ᠮᠡᠨᠳᠦ︾ ᠶᠢᠨ ᠰᠡᠳᠬᠦᠯ ᠤᠢᠢᠷ᠎ᠠ ᠳᠤ ᠬᠠᠮᠤᠬ ᠤᠨ ᠰᠢᠨ᠎ᠠ ᠰᠤᠳᠤᠯᠭᠠᠨ ᠤ ᠮᠡᠳᠡᠬᠦᠯᠦᠯᠳᠡ ᠨᠡᠶᠢᠳᠡᠯᠡᠵᠤ ᠭᠡᠯᠡᠭᠰᠡᠨ ᠢᠶᠠᠷ᠂ ᠦᠳᠡ ᠶᠢᠨ ᠬᠤᠭᠤᠯᠠᠨ ᠤ ᠲᠠᠷᠠᠭ᠎ᠠ ᠬᠠᠭᠠᠰ ᠴᠠᠬ ᠠᠯᠬᠤᠪᠠᠯ ᠠᠵᠢᠯ ᠤᠨ ᠦᠷ᠎ᠠ ᠪᠦᠳᠦᠮᠵᠢ ᠨᠡᠩ ᠦᠨᠳᠦᠷ ᠪᠤᠯᠤᠨ᠎ᠠ᠃ ᠰᠤᠳᠤᠯᠭᠠᠳᠠᠳ ᠤᠳᠠᠭᠠᠨ ᠰᠠᠭᠤᠭᠠᠳ ᠠᠵᠢᠯᠯᠠᠳᠠᠬ 300 ᠭᠠᠷᠤᠢ ᠰᠠᠶᠢᠨ ᠲᠤᠷᠠᠴᠤᠤᠯ ᠢ ᠡᠯᠰᠡᠨ᠂ ᠵᠠᠯᠭᠠᠪᠠᠷ 10 ᠭᠠᠷᠠᠬ ᠦᠳᠡ ᠶᠢᠨ ᠬᠤᠭᠤᠯᠠᠠ ᠤ ᠲᠠᠷᠠᠭ᠎ᠠ ᠬᠠᠭᠠᠰ ᠴᠠᠬ ᠠᠯᠬᠤᠨ᠂ ᠭᠠᠷᠠᠬ ᠪᠦᠷᠢ ᠨᠠᠭᠠᠳᠤ ᠵᠠᠬ᠎ᠠ ᠳᠠᠭᠠᠨ 3 ᠤᠳᠠᠭ᠎ᠠ ᠠᠯᠬᠤᠬᠤ ᠭᠡᠷᠡᠭᠳᠡᠢ ᠭᠡᠵᠤ ᠲᠤᠬᠳᠠᠭᠠᠵᠠᠢ᠃ ᠰᠤᠳᠤᠯᠭᠠᠳᠠᠳ ᠰᠠᠶᠢᠨ ᠲᠤᠷᠠᠴᠤᠤᠯ ᠤᠨ ᠭᠠᠷ ᠤᠳᠠᠰᠤᠨ ᠳᠤ ᠨᠢᠭᠡ ᠭᠡᠷᠡᠭᠯᠡᠭᠡᠨ ᠤ ᠫᠷᠦᠭᠷᠠᠮ ᠤᠬᠰᠠᠷᠠᠨ᠂ ᠲᠡᠳᠡᠨ ᠤ ᠠᠯᠬᠤᠬᠤ ᠶᠢᠨ ᠡᠮᠦᠨ᠎ᠠ ᠬᠤᠶᠢᠨᠠᠬᠢ ᠲᠠᠷᠤᠯᠳᠠ᠂ ᠠᠮᠢᠵᠢᠷᠠᠯ ᠤᠨ ᠬᠦᠴᠦᠨ᠂ ᠪᠠᠴᠢᠮ ᠪᠠᠶᠢᠳᠠᠯ᠂ ᠠᠵᠢᠯ ᠤᠨ ᠨᠤᠷᠮ᠎ᠠ ᠶᠢᠨ ᠶᠡᠭᠡ ᠪᠠᠭ᠎ᠠ᠂ ᠪᠡᠶ᠎ᠠ ᠮᠠᠬᠠᠪᠤᠳ ᠤᠨ ᠪᠠᠶᠢᠳᠠᠯ ᠵᠢᠴᠢ ᠠᠵᠢᠯ ᠤᠨ ᠡᠬᠦᠷᠭᠡ ᠶᠢᠨ ᠭᠡᠮᠵᠢᠶᠡᠨ ᠤ ᠲᠤᠬᠠᠢ ᠦᠵᠡᠯᠳᠡ ᠵᠠᠷᠭᠡ ᠰᠤᠷᠠᠬ ᠵᠠᠩᠬᠢ ᠶᠢ ᠨᠢ ᠴᠠᠬ ᠲᠠᠷᠤᠢ ᠳᠤᠨᠢ ᠡᠵᠡᠮᠰᠢᠭᠡᠳ ᠦᠳᠡ ᠶᠢᠨ ᠬᠤᠭᠤᠯᠠᠠ ᠤ ᠲᠠᠷᠠᠭ᠎ᠠ ᠬᠠᠭᠠᠰ ᠴᠠᠬ ᠠᠯᠬᠤᠬᠰᠠᠨ ᠬᠦᠮᠦᠨ ᠦᠳᠡ ᠶᠢᠨ ᠬᠤᠶᠢᠨ᠎ᠠ ᠠᠵᠢᠯ ᠳᠠᠭᠠᠨ ᠨᠡᠩ ᠬᠠᠯᠠᠭᠤᠮᠰᠤᠬ᠂ ᠤᠪᠤᠷ ᠪᠠᠶᠢᠳᠠᠯ ᠨᠢ ᠴᠤ ᠨᠡᠩ ᠲᠠᠯᠪᠢᠭᠤᠬᠠᠨ᠂ ᠠᠰᠠᠭᠤᠳᠠᠯ ᠰᠢᠢᠳᠪᠦᠷᠢᠯᠡᠬᠦ ᠴᠢᠳᠠᠪᠤᠷᠢ ᠨᠢ ᠨᠡᠩ ᠴᠢᠩᠭ᠎ᠠ ᠪᠠᠶᠢᠳᠠᠬ ᠢ ᠤᠯᠵᠤ ᠮᠡᠳᠡᠵᠡᠢ᠃ ᠦᠷᠬᠦᠯᠵᠢ ᠰᠤᠯᠠ ᠠᠯᠬᠤᠪᠠᠯ ᠶᠡᠭᠡ ᠲᠠᠷᠢᠬᠢᠨ ᠤ ᠪᠤᠷᠤ ᠲᠠᠪᠬᠤᠷᠭ᠎ᠠ ᠶᠢᠨ ᠬᠦᠭᠰᠡᠬᠦ᠂ ᠬᠤᠷᠢᠬᠯᠠᠬᠤ᠂ ᠵᠤᠬᠢᠴᠠᠭᠤᠯᠬᠤ ᠶᠠᠪᠤᠴᠠ ᠶᠢ ᠰᠠᠶᠢᠵᠢᠷᠠᠭᠤᠯᠵᠤ᠂ ᠡᠬᠦᠨ ᠤ ᠤᠯᠠᠮ ᠠᠴᠠ ᠶᠠᠳᠠᠷᠠᠭ᠎ᠠ ᠶᠢ ᠲᠠᠶᠢᠯᠤᠨ᠂ ᠪᠡᠶ᠎ᠠ ᠰᠡᠳᠬᠢᠯ ᠢ ᠲᠠᠯᠪᠢᠭᠤᠷᠠᠭᠤᠯᠤᠨ᠂ ᠲᠠᠷᠢᠬᠢ ᠲᠤᠯᠤᠭᠠᠢ ᠶᠢ ᠨᠡᠩ ᠰᠡᠷᠭᠡᠭ ᠪᠤᠯᠭᠠᠳᠠᠬ᠃ ᠡᠶᠢᠮᠦ ᠠᠴᠠ ᠰᠤᠯᠠ ᠠᠯᠬᠤᠯᠠᠳᠠᠬ ᠬᠦᠮᠦᠰ ᠲᠠᠮᠢᠷ ᠤᠨ ᠬᠦᠳᠡᠯᠭᠡᠭᠡᠨ ᠬᠢᠳᠡᠭ ᠦᠭᠡᠢ ᠬᠦᠮᠦᠰ ᠠᠴᠠ ᠨᠡᠩ ᠲᠠᠯᠪᠢᠭᠤᠨ᠂ ᠨᠡᠩ ᠰᠡᠷᠬᠦᠯᠡᠩ ᠂ ᠨᠡᠩ ᠪᠠᠶᠠᠷᠳᠠᠢ ᠪᠠᠶᠢᠳᠠᠬ᠃  
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号