ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠠᠵᠢᠯ ᠤᠨ ᠠᠯᠪᠠᠨ ᠭᠡᠷ ᠠᠴᠠ ᠬᠦᠬᠡᠬᠤᠲᠠ ᠶᠢᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠢᠩᠬᠢᠮ ᠳᠤ ᠪᠤᠰᠣᠳ ᠮᠤᠵᠢ ᠤᠷᠤᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠦᠢᠯᠡᠴᠢᠯᠡᠭᠡᠨ ᠢ ᠡᠬᠢᠯᠡᠵᠦ ᠬᠠᠩᠭᠠᠪᠠ
ᠨᠡᠶᠢᠲᠡᠯᠡᠭᠰᠡᠨ ᠴᠠᠭ᠄
2018/12/29
    ᠲᠦᠷᠦ ᠶᠢᠨ ᠶᠠᠪᠣᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠤᠨ ᠪᠦᠬᠦ ᠣᠯᠣᠰ ᠤᠨ ︽ᠡᠷᠬᠡ ᠶᠢ ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠤ ᠡᠭᠦᠷᠭᠡ ᠴᠢᠳᠠᠮᠵᠢ ᠶᠢ ᠬᠤᠪᠢᠷᠠᠭᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ᠂ ᠳᠣᠲᠣᠭᠠᠳᠣ ᠶᠢ ᠬᠠᠮᠠᠭᠠᠯᠠᠬᠤ ᠶᠠᠮᠦᠨ ᠤ ᠰᠠᠶᠢᠳ ᠵᠣᠣ ᠺᠧ ᡁᠢ᠂ ᠪᠠᠶᠢᠩᠭᠤ ᠶᠢᠨ ᠳᠡᠳ᠋ ᠳᠠᠷᠤᠭ᠎ᠠ ᠸᠠᠩ ᠰᠢᠶᠣᠣ ᠬᠤᠩ ᠤᠨ ᠬᠠᠮᠤᠭ ᠰᠢᠨ᠎ᠡ ᠵᠢᠭᠠᠪᠣᠷᠢ ᠱᠠᠭᠠᠷᠳᠠᠯᠭ᠎ᠠ ᠶᠢ ᠲᠤᠭᠤᠰᠢᠯᠠᠭᠤᠯᠬᠤ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠶᠡᠩ ᠸᠧᠢ ᠳ᠋ᠦᠩ ᠤᠨ ︽ᠡᠷᠬᠡ ᠶᠢ ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠲᠡ ᠶᠢ ᠲᠦᠯᠬᠢᠨ ᠠᠭᠢᠭᠤᠯᠬᠤ ᠬᠠᠮᠤᠭ ᠶᠡᠭᠡ ᠬᠡᠮᠵᠢᠶ᠎ᠡ ᠪᠠᠷ ᠠᠷᠠᠳ ᠲᠤ ᠳᠦᠭᠦᠮ ᠦᠵᠡᠭᠦᠯᠬᠦ᠂ ᠠᠷᠠᠳ ᠲᠤ ᠲᠣᠰᠠᠲᠠᠢ᠂ ᠠᠷᠠᠳ ᠲᠤ ᠠᠰᠢᠭ ᠬᠦᠷᠲᠡᠭᠡᠬᠦ ᠵᠢᠭᠠᠪᠣᠷᠢ ᠱᠠᠭᠠᠷᠳᠠᠯᠭ᠎ᠠ ᠶᠢ ᠲᠣᠭᠤᠰᠢᠯᠠᠭᠤᠯᠣᠨ ᠬᠡᠷᠡᠭᠵᠢᠭᠦᠯᠬᠦ᠂ ᠬᠦᠬᠡᠬᠤᠳᠠ ᠶᠢᠨ ᠳᠡᠳ᠋ ᠬᠤᠲᠠ ᠶᠢᠨ ᠳᠠᠷᠤᠭ᠎ᠠ ᠯᠢ ᡁᠢ ᠪᠢᠨ ᠤ ᠪᠦᠬᠦ ᠬᠤᠲᠠ ᠶᠢᠨ ᠳᠣᠲᠣᠭᠠᠳᠣ ᠶᠢ ᠬᠠᠮᠠᠭᠠᠯᠠᠬᠤ ᠪᠠᠶᠢᠭᠤᠯᠭ᠎ᠠ ︽ᠡᠷᠬᠡ ᠶᠢ ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠲᠡ ᠶᠢ ᠠᠭᠢᠭᠤᠯᠬᠤ ᠬᠤᠷᠠᠯ ᠳᠡᠭᠡᠷᠡᠬᠢ ᠶᠠᠷᠢᠶᠠᠨ ᠤ ᠴᠢᠬᠤᠯᠠ ᠵᠣᠷᠢᠭ ᠰᠠᠨᠠᠭ᠎ᠠ ᠶᠢ ᠲᠣᠭᠤᠰᠢᠯᠠᠭᠤᠯᠬᠤ ᠶᠢᠨ ᠲᠦᠯᠦᠭᠡ᠂ ᠬᠦᠬᠡᠬᠤᠳᠠ ᠶᠢᠨ ᠳᠣᠲᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠠᠵᠢᠯ ᠤᠨ ᠠᠯᠪᠠᠨ ᠭᠡᠷ ᠪᠣᠳᠠᠲᠠᠢ ᠠᠴᠠ ᠡᠭᠦᠰᠦᠨ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠦᠷᠬᠦᠯᠵᠢᠯᠡᠨ ︽ᠡᠷᠬᠡ ᠶᠢ ᠲᠠᠯᠪᠢᠬᠤ᠂ ᠬᠠᠮᠢᠶᠡᠷᠬᠤ᠂ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠷᠢᠵᠠᠢ᠃     2018 ᠣᠨ ᠤ 7 ᠳ᠋ᠣᠭᠠᠷ ᠰᠠᠷ᠎ᠠ ᠶᠢᠨ 1 ᠤ ᠡᠳᠦᠷ᠂ ᠬᠦᠬᠡᠬᠤᠲᠠ ᠶᠢᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠢᠩᠬᠢᠮ ᠤᠨ ᠳᠣᠲᠣᠭᠠᠳᠣ ᠶᠢ ᠬᠠᠮᠠᠭᠠᠯᠠᠬᠤ ᠲᠤᠪᠴᠢᠶᠠᠨ ᠤᠨ ᠦᠢᠯᠡᠴᠢᠯᠡᠭᠡᠨ ᠤ ᠭᠠᠵᠠᠷ ᠲᠤ ᠪᠦᠬᠦ ᠣᠯᠣᠰ ᠤᠨ ᠪᠤᠰᠤᠳ ᠮᠤᠵᠢ ᠤᠷᠤᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠭᠦᠢᠴᠡᠳᠬᠡᠬᠦ ᠦᠢᠯᠡᠴᠢᠯᠡᠭᠡᠨ ᠢ ᠵᠢᠩᠬᠢᠨᠢ ᠪᠠᠷ ᠡᠬᠢᠯᠡᠭᠦᠯᠪᠡ᠃ ᠡᠨᠡ ᠪᠣᠯ ᠬᠦᠬᠡᠬᠤᠳᠠ ᠶᠢᠨ ᠳᠣᠲᠣᠭᠠᠳᠣ ᠶᠢ ᠬᠠᠮᠠᠭᠠᠯᠠᠬᠤ ᠲᠣᠪᠴᠢᠶ᠎ᠠ ᠶᠢᠨ 2017 ᠣᠨ ᠤ 8 ᠳ᠋ᠣᠭᠠᠷ ᠰᠠᠷ᠎ᠠ ᠶᠢᠨ 1 ᠤ ᠡᠳᠦᠷ ᠪᠦᠬᠦ ᠣᠷᠣᠨ ᠤ ᠠᠩᠬᠠᠳᠠᠭᠴᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠦᠪᠡᠷᠲᠡᠭᠡᠨ ᠭᠦᠢᠴᠡᠳᠬᠡᠬᠦ ᠲᠠᠪᠴᠠᠩ ᠪᠠᠶᠢᠭᠤᠯᠤᠭᠰᠠᠨ ᠤ ᠳᠠᠷᠠᠭᠠᠬᠢ ᠪᠠᠰᠠ ᠨᠢᠭᠡᠨ ᠠᠷᠠᠳ ᠲᠤ ᠳᠦᠭᠦᠮ ᠦᠵᠡᠭᠦᠯᠬᠦ᠂ ᠠᠷᠠᠳ ᠲᠤ ᠲᠣᠰᠠᠲᠠᠢ ᠰᠢᠨ᠎ᠡ ᠠᠷᠭ᠎ᠠ ᠠᠪᠴᠠᠯ ᠪᠠᠶᠢᠵᠤ᠂ ᠪᠦᠬᠦ ᠣᠯᠣᠰ ᠤᠨ ᠪᠤᠰᠤᠳ ᠮᠤᠵᠢ ᠤᠷᠤᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠦᠬᠡᠬᠤᠳᠠ ᠶᠢᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠢᠩᠬᠢᠮ ᠳᠤ ︽ᠨᠢᠭᠡ ᠦᠷᠲᠡᠭᠡ︾ ᠳᠤ ᠦᠢᠯᠡᠴᠢᠯᠡᠬᠦ ᠶᠢ ᠪᠡᠶᠡᠯᠡᠭᠦᠯᠵᠦ ᠴᠢᠳᠠᠵᠠᠢ᠃ ᠦᠨᠦᠳᠦᠷ ᠪᠣᠯᠲᠠᠯ᠎ᠠ᠂ ᠪᠡᠶ᠎ᠡ ᠶᠢᠨ ᠦᠨᠡᠮᠯᠡᠯ ᠢ ᠦᠪᠡᠷᠲᠡᠭᠡᠨ ᠭᠦᠢᠴᠡᠳᠬᠡᠬᠦ ᠦᠢᠯᠡᠴᠢᠯᠡᠭᠡᠨ ᠤᠨ ᠲᠠᠪᠴᠠᠩ ᠨᠢ ᠨᠢᠭᠡᠨᠲᠡ 4197 ᠦᠨᠡᠮᠯᠡᠯ ᠢ ᠠᠮᠵᠢᠯᠳᠠ ᠲᠠᠢ ᠪᠠᠷ ᠭᠦᠢᠴᠡᠳᠬᠡᠵᠦ᠂ ᠦᠢᠯᠡᠴᠢᠯᠡᠭᠡᠨ ᠤ ᠭᠠᠵᠠᠷ ᠨᠢ ᠪᠦᠬᠦ ᠣᠯᠣᠰ ᠤᠨ ᠪᠤᠰᠣᠳ ᠮᠤᠵᠢ ᠣᠷᠣᠨ ᠤ ᠰᠠᠭᠤᠭᠠᠯᠢ ᠠᠷᠠᠳ ᠶᠢᠨ ᠪᠡᠶ᠎ᠡ ᠶᠢᠨ ᠦᠨᠡᠮᠯᠡᠯ ᠨᠡᠶᠢᠲᠡ 22 ᠢ ᠰᠢᠢᠳᠪᠦᠷᠢᠯᠡᠪᠡ᠃     ᠲᠦᠷᠦ ᠶᠢᠨ ᠶᠠᠪᠣᠳᠠᠯ ᠤᠨ ᠬᠤᠷᠢᠶᠠᠨ ᠤ ︽ᠡᠷᠬᠡ ᠶᠢ ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠬᠦᠬᠡᠬᠤᠳᠠ ᠶᠢᠨ ᠳᠣᠲᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠠᠵᠢᠯ ᠤᠨ ᠪᠦᠬᠦ ᠲᠠᠯ᠎ᠠ ᠶᠢᠨ ᠪᠠᠶᠢᠷᠢᠯᠠᠭᠤᠯᠣᠯᠲᠠ ᠶᠢ ᠦᠨᠳᠦᠰᠦᠯᠡᠨ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠠᠯᠪᠠᠨ ᠭᠡᠷ ᠠᠴᠠ ᠬᠦᠬᠡᠬᠤᠳᠠ ᠶᠢᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠢᠩᠬᠢᠮ ᠳᠤ ᠪᠦᠬᠦ ᠣᠯᠣᠰ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠭᠦᠢᠴᠡᠳᠬᠡᠬᠦ ᠦᠢᠯᠡᠴᠢᠯᠡᠭᠡᠨ ᠢ ᠨᠡᠪᠲᠡᠷᠡᠭᠦᠯᠦᠭᠰᠡᠨ ᠨᠢ᠂ ᠬᠢᠨᠠᠨ ᠵᠦᠪᠰᠢᠶᠡᠷᠡᠬᠦ ᠦᠢᠯᠡᠴᠢᠯᠡᠭᠡᠨ ᠢ ᠲᠦᠪᠯᠡᠷᠡᠭᠦᠯᠦᠨ ᠭᠦᠢᠴᠡᠳᠬᠡᠬᠦ ᠶᠢ ᠵᠣᠷᠢᠭᠵᠢᠭᠤᠯᠣᠨ ᠬᠡᠷᠡᠭᠵᠢᠭᠦᠯᠵᠦ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠦᠪᠡᠷᠲᠡᠭᠡᠨ ᠭᠦᠢᠴᠡᠳᠬᠡᠬᠦ ᠦᠢᠯᠡᠴᠢᠯᠡᠭᠡᠨ ᠤ ᠦᠷᠬᠦᠯᠵᠢᠯᠡᠯ ᠪᠠ ᠳᠡᠯᠭᠡᠷᠡᠬᠦᠯᠦᠯ ᠪᠠᠶᠢᠵᠤ᠂ ᠡᠯ᠎ᠡ ᠬᠤᠰᠢᠭᠤ ᠰᠢᠶᠠᠨ ᠤ ᠵᠠᠰᠠᠭ ᠤᠨ ᠶᠠᠪᠣᠳᠠᠯ ᠤᠨ ᠲᠢᠩᠬᠢᠮ ᠤᠨ ᠪᠦᠬᠦ ᠣᠯᠣᠰ ᠤᠨ ᠪᠤᠰᠣᠳ ᠮᠤᠵᠢ ᠤᠷᠤᠨ ᠤ ᠪᠡᠶ᠎ᠡ ᠶᠢᠨ ᠦᠨᠡᠮᠯᠡᠯ ᠢ ᠦᠪᠡᠷᠲᠡᠭᠡᠨ ᠭᠦᠢᠴᠡᠳᠬᠡᠬᠦ ᠦᠢᠯᠡᠴᠢᠯᠡᠭᠡᠨ ᠢ ᠦᠷᠨᠢᠭᠦᠯᠬᠦ ᠶᠢᠨ ᠨᠦᠬᠦᠪᠦᠷᠢᠯᠡᠯ ᠪᠠ ᠰᠠᠶᠢᠵᠢᠷᠠᠭᠤᠯᠣᠯᠲᠠ ᠪᠣᠯᠬᠤ ᠶᠤᠮ᠃ ᠦᠨᠡᠮᠯᠡᠯ ᠭᠦᠢᠴᠡᠳᠬᠡᠬᠦ ᠠᠷᠠᠳ ᠦᠪᠡᠷᠲᠡᠭᠡᠨ ᠭᠦᠢᠴᠡᠳᠬᠡᠬᠦ ᠮᠠᠰᠢᠨ ᠪᠣᠶᠣ ᠳᠣᠲᠣᠭᠠᠳᠣ ᠶᠢ ᠬᠠᠮᠠᠭᠠᠯᠠᠬᠤ ᠦᠢᠯᠡᠴᠢᠯᠡᠭᠡᠨ ᠤ ᠭᠠᠵᠠᠷ ᠪᠡᠶ᠎ᠡ ᠶᠢᠨ ᠦᠨᠡᠮᠯᠡᠯ ᠭᠦᠢᠴᠡᠳᠬᠡᠬᠦ ᠶᠢ ᠦᠪᠡᠷ ᠤᠨ ᠳᠣᠷ᠎ᠠ ᠪᠠᠷ ᠰᠣᠩᠭᠤᠵᠣ ᠪᠣᠯᠣᠨ᠎ᠠ᠃ ᠦᠨᠡᠮᠯᠡᠯ ᠭᠦᠢᠴᠡᠳᠬᠡᠬᠦ ᠬᠦᠷᠢᠶ᠎ᠡ ᠬᠡᠪᠴᠢᠶ᠎ᠡ ᠨᠢ ᠪᠦᠬᠦ ᠣᠯᠣᠰ ᠤᠨ ᠰᠠᠭᠤᠭᠠᠯᠢ ᠠᠷᠠᠳ ᠢ ᠪᠠᠭᠲᠠᠭᠠᠵᠤ᠂ ᠦᠢᠯᠡᠴᠢᠯᠡᠭᠡᠨ ᠤ ᠠᠷᠭ᠎ᠠ ᠪᠠᠷᠢᠯ ᠢ ᠨᠠᠷᠢᠯᠢᠭᠵᠢᠭᠤᠯᠬᠤ᠂ ᠲᠦᠪᠯᠡᠷᠡᠭᠦᠯᠦᠨ ᠬᠤᠪᠢᠷᠠᠭᠤᠯᠬᠤ ᠶᠢ ᠣᠯᠠᠮ ᠨᠢᠭᠡ ᠠᠯᠬᠤᠮ ᠠᠭᠢᠭᠤᠯᠵᠣ᠂ ᠠᠷᠠᠳ ᠲᠦᠮᠡᠨ ᠤ ᠤᠯᠤᠯᠳᠠ ᠶᠢᠨ ᠰᠡᠳᠭᠢᠯᠭᠡ᠂ ᠵᠣᠯ ᠵᠢᠷᠭᠠᠯᠳᠣ ᠰᠡᠳᠭᠢᠯᠭᠡ ᠪᠠ ᠬᠠᠨᠤᠮᠵᠢᠳᠣ ᠰᠡᠳᠭᠢᠯᠭᠡ ᠶᠢᠨ ᠪᠠᠶᠢᠳᠠᠯ ᠢ ᠲᠠᠰᠣᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号