ᠪᠡᠶ᠎ᠡ ᠶᠢᠨ ᠲᠠᠮᠢᠷ ᠤᠨ ᠦᠢᠯᠡᠰ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠬᠥᠬᠢᠭᠦᠯᠦᠨ ᠱᠠᠩᠨᠠᠬᠤ
ᠨᠡᠶᠢᠲᠡᠯᠡᠭᠰᠡᠨ ᠴᠠᠭ᠄
2019/1/10
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢᠨ ᠨᠠᠢᠮᠠᠳᠤᠭᠠᠷ ᠵᠣᠷᠪᠣᠰ ᠲᠤ᠄ ᠤᠯᠤᠰ ᠠᠴᠠ ᠪᠡᠶ᠎ᠡ ᠶᠢᠨ ᠲᠠᠮᠢᠷ ᠤᠨ ᠦᠢᠯᠡᠰ ᠲᠤ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠱᠠᠩᠨᠠᠨ ᠬᠥᠬᠢᠭᠦᠯᠦᠨ᠎ᠡ᠃ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠷᠢᠮ︾ ᠶᠢᠨ ᠳᠣᠯᠣᠳᠤᠭᠠᠷ ᠵᠣᠷᠪᠣᠰ ᠲᠤ᠄ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠢ ᠬᠥᠭᠵᠢᠭᠦᠯᠬᠦ ᠳᠤᠮᠳᠠ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠵᠤ ᠱᠠᠩᠨᠠᠨ᠎ᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠳᠣᠯᠣᠳᠤᠭᠠᠷ ᠵᠣᠷᠪᠣᠰ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠪᠡᠶ᠎ᠡ ᠲᠠᠮᠢᠷ ᠤᠨ ᠦᠢᠯᠡᠰ ᠤᠨ ᠠᠵᠢᠯ ᠳᠤ ᠣᠷᠤᠯᠴᠠᠵᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠬᠥᠬᠢᠭᠦᠯᠦᠨ ᠱᠠᠩᠨᠠᠨ᠎ᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠷᠢᠮ︾ ᠤᠨ ᠠᠷᠪᠠᠨ ᠨᠢᠭᠡᠳᠦᠭᠡᠷ ᠵᠣᠷᠪᠣᠰ ᠲᠤ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ ᠰᠠᠯᠠᠭ᠎ᠠ ᠮᠥᠴᠢᠷ ᠠᠴᠠ ᠠᠷᠠᠳ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠠᠵᠢᠯ ᠤᠨ ᠳᠤᠮᠳᠠ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠠ ᠬᠤᠪᠢ ᠬᠥᠮᠦᠨ ᠢ ᠬᠥᠬᠢᠭᠦᠯᠦᠨ ᠱᠠᠩᠨᠠᠬᠤ ᠬᠡᠷᠡᠭᠲᠡᠶ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠵᠠᠷᠯᠢᠭ 16 ᠳ᠋ᠤᠭᠠᠷ ᠲᠣᠭᠠᠲᠤ ︽ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠭᠤᠴᠢᠨ ᠵᠢᠷᠭᠤᠳᠤᠭᠠᠷ ᠵᠣᠷᠪᠣᠰ ᠲᠤ᠄ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠠᠵᠢᠯ ᠤᠨ ᠳᠤᠮᠳᠠ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠰᠠᠶᠢᠰᠢᠶᠠᠨ ᠬᠥᠬᠢᠭᠦᠯᠵᠦ ᠱᠠᠩᠨᠠᠨ᠎ᠠ᠃ ᠭᠤᠴᠢᠨ ᠳᠣᠯᠣᠳᠤᠭᠠᠷ ᠵᠣᠷᠪᠣᠰ ᠲᠤ᠄ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠠᠯᠳᠠᠷ ᠬᠦᠨᠳᠦᠲᠦ ᠬᠥᠬᠢᠭᠦᠯᠦᠯ ᠤᠨ ᠲᠡᠮᠳᠡᠭ ᠤᠨ ᠳᠦᠷᠢᠮ ᠢ ᠪᠠᠶᠢᠭᠤᠯᠣᠨ᠎ᠠ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠠᠴᠠ ᠦᠷᠭᠦᠯᠵᠢᠯᠡᠨ ᠰᠠᠶᠢᠨ ᠳᠤᠷ᠎ᠠ ᠶᠢᠨ ᠦᠢᠯᠡᠴᠢᠯᠡᠭᠡ ᠶᠢᠨ ᠬᠤᠷᠢᠨ ᠵᠢᠯ᠂ ᠠᠷᠪᠠᠨ ᠲᠠᠪᠤᠨ ᠵᠢᠯ ᠪᠠ ᠠᠷᠪᠠᠨ ᠵᠢᠯ ᠢ ᠦᠷᠨᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠳᠤ ᠲᠤᠰ ᠪᠦᠷᠢ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠠᠯᠲᠠᠨ ᠮᠧᠳᠠᠯ᠂ ᠮᠥᠩᠭᠦᠨ ᠮᠧᠳᠠᠯ ᠪᠣᠯᠤᠨ ᠭᠠᠤᠯᠢᠨ ᠮᠧᠳᠠᠯ ᠢ ᠭᠠᠷᠳᠠᠭᠤᠯᠣᠨ᠎ᠠ᠃ ︽ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠠᠴᠠ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠵᠤ ᠲᠤᠬᠠᠶ ᠬᠡᠷᠡᠭᠵᠢᠭᠦᠯᠬᠦ ᠰᠠᠨᠠᠯ︾ ︵ᠪᠡᠶ᠎ᠡ ᠶᠢᠨ ᠤᠯᠠᠨ ᠦᠰᠦᠭᠲᠦ ﹇2009﹈ 3 ᠳ᠋ᠤᠭᠠᠷ ᠲᠣᠭᠠᠲᠤ︶ ᠶᠢᠨ ᠭᠤᠷᠪᠠᠳᠤᠭᠠᠷ ᠵᠣᠷᠪᠣᠰ ᠤᠨ 6 ᠳ᠋ᠤᠭᠠᠷ ᠪᠠᠳᠠᠭ ᠲᠤ ︽ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ᠂ ᠱᠠᠩᠨᠠᠬᠤ ᠳᠦᠷᠢᠮ ᠢ ᠪᠠᠶᠢᠭᠤᠯᠣᠨ᠎ᠠ︾᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号