ᠲᠣᠬᠢᠷᠠᠬᠤ ᠬᠡᠪᠴᠢᠶ᠎ᠡ᠄ ᠲᠤᠰ ᠵᠦᠭᠯᠡᠭᠦᠷ ᠢ ᠪᠡᠶ᠎ᠡ ᠶᠢᠨ ᠲᠠᠮᠢᠷ ᠤᠨ ᠦᠢᠯᠡᠰ ᠪᠠ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ | ᠬᠥᠮᠦᠨ ᠢ ᠬᠥᠬᠢᠭᠦᠯᠦᠨ ᠱᠠᠩᠨᠠᠬᠤ ᠲᠤᠬᠠᠶ ᠭᠤᠶᠤᠴᠢᠯᠠᠯ ᠪᠠ ᠭᠦᠢᠴᠡᠳᠭᠡᠬᠦ ᠳᠤ ᠲᠣᠬᠢᠷᠠᠨ᠎ᠠ᠃ | ᠱᠠᠩᠨᠠᠯ ᠤᠨ ᠲᠥᠷᠥᠯ ᠵᠦᠢᠯ ᠤᠨ ᠨᠡᠷᠡᠶᠢᠳᠦᠯ᠄ ᠪᠡᠶ᠎ᠡ ᠶᠢᠨ ᠲᠠᠮᠢᠷ ᠤᠨ ᠦᠢᠯᠡᠰ ᠪᠠ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ | ᠬᠥᠮᠦᠨ ᠢ ᠬᠥᠬᠢᠭᠦᠯᠦᠨ ᠱᠠᠩᠨᠠᠬᠤ | ᠰᠠᠶᠢᠰᠢᠶᠠᠨ ᠱᠠᠩᠨᠠᠬᠤ ᠡᠰᠢ ᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ | ᠲᠠᠮᠢᠷ ᠤᠨ ᠬᠠᠤᠯᠢ︾ ᠶᠢᠨ ᠨᠢᠭᠡᠳᠦᠭᠡᠷ ᠪᠦᠯᠦᠭ ᠤᠨ ᠨᠠᠢᠮᠠᠳᠤᠭᠠᠷ ᠵᠣᠷᠪᠣᠰ᠂ ︽ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠦᠷᠢᠮ︾ ᠶᠢᠨ ᠳᠣᠯᠣᠳᠤᠭᠠᠷ ᠵᠣᠷᠪᠣᠰ | ᠭᠤᠶᠣᠴᠢᠯᠠᠯ ᠤᠨ ᠬᠦᠰᠦᠨᠦᠭ ᠤᠨ ᠨᠡᠷᠡᠶᠢᠳᠦᠯ ᠵᠢᠴᠢ ᠤᠯᠬᠤ ᠠᠷᠭ᠎ᠠ ᠮᠠᠶ᠋ᠢᠭ᠄ ᠬᠡᠯᠪᠡᠷᠢᠵᠢᠭᠰᠡᠨ | ᠭᠤᠶᠤᠴᠢᠯᠠᠯ ᠤᠨ ᠬᠦᠰᠦᠨᠦᠭᠲᠦ᠂ ᠲᠠᠨᠢᠯᠴᠠᠭᠤᠯᠬᠤ ᠬᠦᠰᠦᠨᠦᠭᠲᠦ ᠵᠡᠷᠭᠡ ᠶᠢ ᠲᠤᠬᠠᠢ ᠶᠢᠨ ᠦᠶ᠎ᠡ ᠳᠤ ᠥᠪᠡᠷᠲᠡᠭᠡᠨ | ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠨᠢᠭᠡᠳᠦᠯᠲᠡᠶ ᠬᠤᠪᠢᠶᠠᠨ᠎ᠠ᠃ | ᠭᠦᠢᠴᠡᠳᠬᠡᠬᠦ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ | ᠠᠰᠠᠭᠤᠨ ᠯᠠᠪᠯᠠᠬᠤ ᠤᠲᠠᠰᠤ᠄ 0471-6397449 | ᠠᠵᠢᠯᠯᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ | 86 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ | ᠭᠦᠢᠴᠡᠳᠭᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠣᠨ ︵ᠬᠠᠣᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶ 9᠄ 00 ︱ 12᠄ 00᠂ 14᠄ 00 | ︱ 17᠄ 30 | ᠭᠦᠢᠴᠡᠳᠬᠡᠬᠦ ᠴᠠᠭ ᠤᠨ ᠬᠢᠵᠠᠭᠠᠷ᠄ 20 ᠠᠵᠢᠯ ᠤᠨ ᠡᠳᠦᠷ | ᠭᠦᠢᠴᠡᠳᠭᠡᠬᠦ ᠶᠠᠪᠣᠴᠠ᠄ | ᠨᠢᠭᠡ᠂ ᠬᠦᠯᠢᠶᠡᠨ ᠠᠪᠴᠦ ᠰᠢᠢᠳᠪᠦᠷᠢᠯᠡᠬᠦ | ︵ᠨᠢᠭᠡ︶ ᠬᠦᠯᠢᠶᠡᠨ ᠠᠪᠬᠤ ᠨᠥᠬᠦᠴᠡᠯ᠄ | ᠳᠣᠬᠠᠢ ᠶᠢᠨ ᠦᠶ᠎ᠡ ᠳᠤ ᠪᠢᠴᠢᠭ ᠮᠠᠲ᠋ᠧᠷᠢᠶᠠᠯ ᠦᠢᠯᠡᠳᠦᠨ ᠲᠠᠷᠬᠠᠭᠠᠨ᠂ ᠣᠯᠤᠭᠰᠠᠨ ᠱᠠᠩᠨᠠᠯ ᠵᠢᠴᠢ | ᠬᠤᠯᠪᠣᠭᠳᠠᠯ ᠪᠦᠬᠦᠢ ᠬᠢᠷᠢ ᠬᠡᠮ ᠤᠨ ᠨᠥᠬᠦᠴᠡᠯ ᠤᠨ ᠮᠡᠳᠡᠭᠦᠯᠦᠯᠲᠡ ᠶᠢᠨ ᠨᠡᠶᠢᠲᠡᠯᠡᠬᠦ᠃ | ︵ᠬᠤᠶᠠᠷ︶ ᠮᠠᠲ᠋ᠧᠷᠢᠶᠠᠯ ᠢ ᠲᠤᠰᠢᠶᠠᠬᠤ᠄ | 1᠂ ᠨᠢᠭᠡᠴᠢ ᠪᠠ ᠬᠤᠪᠢ ᠬᠥᠮᠦᠨ ᠤ ᠦᠢᠯᠡ ᠬᠡᠷᠡᠭ ᠤᠨ ᠮᠠᠲ᠋ᠧᠷᠢᠶᠠᠯ︔ | 2᠂ ᠲᠤᠰᠢᠶᠠᠬᠤ ᠴᠢᠬᠤᠯᠠᠲᠠᠶ ᠭᠤᠶᠤᠴᠢᠯᠠᠯ ᠤᠨ ᠬᠦᠰᠦᠨᠦᠭᠲᠦ᠂ ᠲᠠᠨᠢᠯᠴᠠᠭᠤᠯᠬᠤ ᠬᠦᠰᠦᠨᠦᠭᠲᠦ︔ | 3᠂ ᠪᠤᠰᠤᠳ ᠳᠣᠰᠢᠶᠠᠬᠤ ᠴᠢᠬᠤᠯᠲᠠᠢ ᠮᠠᠲ᠋ᠧᠷᠢᠶᠠᠯ᠃ | ︵ᠭᠤᠷᠪᠠ︶ ᠬᠦᠯᠢᠶᠡᠨ ᠠᠪᠴᠦ ᠰᠢᠢᠳᠪᠦᠷᠢᠯᠡᠬᠦ ᠪᠠᠷᠢᠮᠵᠢᠶ᠎ᠠ᠄ ᠬᠠᠩᠭᠠᠭᠰᠠᠨ ᠮᠠᠲ᠋ᠧᠷᠢᠶᠠᠯ ᠨᠢ ᠦᠨᠡᠨ ᠪᠣᠳᠠᠲᠠᠶ᠂ | ᠪᠦᠷᠢᠨ ᠲᠡᠭᠦᠯᠳᠡᠷ᠂ ᠳᠦᠷᠢᠮᠵᠢᠯ ᠲᠠᠢ᠂ ᠪᠦᠲᠦᠮᠵᠢᠲᠡᠶ᠃ | ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠠᠵᠢᠯᠲᠠᠨ | ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠡᠪᠴᠢᠶ᠎ᠡ᠄ ᠭᠤᠶᠤᠴᠢᠯᠠᠯ ᠤᠨ | ᠮᠠᠲ᠋ᠧᠷᠢᠶᠠᠯ ᠨᠢ ᠬᠦᠯᠢᠶᠡᠨ ᠠᠪᠬᠤ ᠪᠠᠷᠢᠮᠵᠢᠶ᠎ᠠ ᠳᠤ ᠨᠡᠶᠢᠴᠡᠪᠡᠯ᠂ ᠳᠠᠷᠤᠶ ᠲᠦᠷᠭᠡᠨ ᠭᠦᠢᠴᠡᠳᠭᠡᠬᠦ ᠬᠡᠷᠡᠭᠲᠡᠶ︔ | ᠭᠤᠶᠤᠴᠢᠯᠠᠯ ᠤᠨ ᠮᠠᠲ᠋ᠧᠷᠢᠶᠠᠯ ᠨᠢ ᠬᠦᠯᠢᠶᠡᠨ ᠠᠪᠬᠤ ᠪᠠᠷᠢᠮᠵᠢᠶ᠎ᠠ ᠳᠤ ᠥᠯᠦ ᠨᠡᠶᠢᠴᠡᠪᠡᠯ ᠭᠦᠯᠢᠶᠡᠨ ᠠᠪᠬᠤ ᠦᠭᠡᠢ᠃ | ᠬᠤᠶᠠᠷ᠂ ᠰᠢᠭᠦᠨ ᠲᠣᠭᠲᠠᠭᠠᠬᠤ | ᠬᠦᠬᠢᠬᠦᠯᠦᠯ ᠤᠨ ᠭᠤᠶᠣᠴᠢᠯᠠᠨ ᠮᠡᠳᠡᠭᠦᠯᠬᠦ ᠨᠦᠭᠦᠴᠡᠯ ᠪᠠ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠣᠭᠲᠠᠭᠠᠯ ᠢ ᠡᠰᠢᠯᠡᠨ᠂ ᠭᠤᠶᠣᠴᠢᠯᠠᠨ ᠮᠡᠳᠡᠭᠦᠯᠬᠦ | ᠮᠠᠲ᠋ᠧᠷᠢᠶᠠᠯ ᠳᠤ ᠬᠢᠨᠠᠨ ᠳᠣᠬᠳᠠᠭᠠᠯᠲᠠ ᠬᠢᠨ᠎ᠡ᠃ | ᠭᠤᠷᠪᠠ᠂ ᠵᠠᠷᠯᠠᠬᠤ | ᠬᠥᠬᠢᠭᠦᠯᠦᠨ ᠱᠠᠩᠨᠠᠬᠤ ᠵᠢᠱᠢᠭᠳᠡᠭᠰᠡᠳ ᠤᠨ ᠨᠡᠷᠡᠰ ᠢ ᠢᠯᠡ ᠨᠡᠶᠢᠲᠡᠯᠡᠨ᠎ᠡ᠃ | ᠳᠦᠷᠪᠠ᠂ ᠮᠡᠳᠡᠭᠳᠡᠬᠦ | ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠬᠠᠮᠢᠶ᠎ᠠ ᠪᠦᠬᠦᠢ ᠭᠠᠵᠠᠷ ᠤᠨ ᠠᠯᠪᠠᠨ ᠭᠡᠷ ᠤᠨ ᠠᠵᠢᠯᠲᠠᠨ | ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠡᠪᠴᠢᠶ᠎ᠡ᠄ ᠬᠥᠬᠢᠭᠦᠯᠬᠦ ᠨᠥᠬᠦᠴᠡᠯ | ᠵᠢᠴᠢ ᠪᠠᠷᠢᠮᠵᠢᠶ᠎ᠠ ᠶᠣᠰᠣᠭᠠᠷ ᠮᠡᠳᠡᠭᠳᠡᠬᠦ ᠪᠥᠭᠡᠳ ᠠᠯᠪᠠᠨ ᠰᠦᠯᠵᠢᠶ᠎ᠡ ᠶᠢᠨ ᠨᠡᠶᠢᠭᠡᠮ ᠳᠤ ᠨᠡᠶᠢᠲᠡᠯᠡᠬᠦ ᠬᠡᠷᠡᠭᠲᠡᠶ︔ | ᠬᠢᠨᠠᠨ ᠳᠣᠬᠳᠠᠭᠠᠯᠲᠠ ᠨᠢ ᠵᠦᠪᠰᠢᠶᠡᠷᠡᠭᠳᠡᠭᠰᠡᠨ ᠪᠣᠯ ᠬᠤᠯᠪᠣᠭᠳᠠᠯ ᠪᠦᠬᠦᠢ ᠬᠥᠬᠢᠭᠦᠯᠦᠨ ᠰᠠᠶᠢᠰᠢᠶᠠᠬᠤ ᠪᠢᠴᠢᠭ ᠢ | ᠪᠠᠭᠤᠯᠭᠠᠨ᠎ᠠ᠃ | ᠬᠢᠨᠠᠯᠲᠠ ᠲᠠᠯᠪᠢᠬᠤ ᠪᠠ ᠵᠠᠭᠠᠯᠳᠤᠬᠤ᠄ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ | ᠪᠠᠶᠢᠭᠤᠯᠭ᠎ᠠ ᠶᠢᠨ ᠠᠵᠢᠯ ᠳᠤ ᠵᠦᠢ ᠵᠤᠬᠢᠰ ᠦᠭᠡᠢ᠂ ᠬᠠᠤᠯᠢ ᠳᠤ ᠦᠯᠦ ᠨᠡᠶᠢᠴᠡᠬᠦ ᠦᠢᠯᠡ ᠠᠵᠢᠯᠯᠠᠭ᠎ᠠ ᠤᠷᠤᠰᠢᠨ᠎ᠠ | ᠭᠡᠵᠦ ᠦᠵᠡᠪᠡᠯ᠂ ᠲᠤᠰ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ | ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠃ ᠵᠠᠭᠠᠯᠳᠣᠬᠤ ᠤᠲᠠᠰᠤ᠄ 0471-6397442᠂ | ᠬᠠᠷᠢᠯᠴᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 86 | ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ᠂ ᠰᠢᠦᠳᠠᠨ ᠳ᠋ᠤᠭᠠᠷ᠄ 010030᠃ ᠵᠠᠭᠠᠯᠳᠤᠯᠭ᠎ᠠ | ᠬᠦᠯᠢᠶᠡᠨ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠣᠨ ᠤ ᠠᠵᠢᠯᠯᠠᠬᠤ ᠴᠠᠭ᠂ ᠬᠠᠤᠯᠢ ᠪᠠᠷ | ᠲᠣᠭᠲᠠᠭᠠᠭᠰᠠᠨ ᠪᠠᠶᠠᠷ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ | ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ | ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ | ᠵᠠᠬᠢᠷᠭᠠᠨ ᠤ ᠵᠠᠷᠭᠤ ᠬᠢᠵᠦ ᠪᠣᠯᠤᠨ᠎ᠠ᠃ |