ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠲᠦᠷᠢᠮ ᠨᠢ ᠵᠠᠰᠠᠭ ᠵᠠᠬᠢᠷᠭᠠᠨ ᠤ | ᠮᠠᠷᠭᠤᠯᠳᠤᠭᠠᠨ ᠢ ᠰᠢᠢᠳᠪᠦᠷᠢᠯᠡᠬᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ᠂ ᠨᠡᠶᠢᠭᠡᠮ | ᠵᠢᠷᠤᠮ ᠤᠨ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤᠮᠳᠠᠬᠢ ᠦᠢᠯᠡᠳᠦᠯ ᠢ ᠤᠯᠠᠮ ᠨᠢᠭᠡ ᠠᠯᠬᠤᠮ | ᠪᠠᠳᠠᠷᠠᠭᠤᠯᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠳᠠᠬᠢᠨ ᠵᠥᠪᠯᠡᠬᠦ ᠬᠠᠤᠯᠢ︾ ︵ᠳᠣᠷᠣᠭᠰᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠭᠡᠵᠦ ᠲᠣᠪᠴᠢᠯᠠᠨ᠎ᠠ︶ ᠶᠢ | ᠦᠨᠳᠦᠰᠦᠯᠡᠨ ᠲᠤᠰ ᠲᠥᠷᠢᠮ ᠢ ᠲᠣᠭᠲᠠᠭᠠᠪᠠ᠃ | ᠬᠤᠶᠠᠳᠤᠭᠠᠷ ᠵᠣᠷᠪᠣᠰ᠂ ᠡᠯ᠎ᠡ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠵᠠᠰᠠᠭ | ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠤᠰ | ᠪᠠᠶᠢᠭᠤᠯᠤᠯᠭ᠎ᠠ ᠶᠢᠨ ᠬᠠᠤᠯᠢ ᠲᠦᠷᠢᠮ ᠤᠨ ᠠᠵᠢᠯ ᠢ ᠬᠠᠮᠢᠶᠠᠷᠴᠤ ᠪᠦᠬᠦᠢ ᠪᠠᠶᠢᠭᠤᠯᠤᠮᠵᠢ ︵ᠳᠣᠷᠣᠭᠰᠢ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ︶ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠳᠠᠬᠢᠨ ᠵᠥᠪᠯᠡᠬᠦ | ᠵᠦᠢᠯᠡᠰ ᠢ ᠬᠦᠢᠴᠡᠳᠭᠡᠬᠦ ᠶᠢ ᠤᠳᠤᠷᠢᠳᠤᠨ ᠳᠡᠮᠵᠢᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠣᠰᠬᠠᠢ | ᠲᠤᠰᠢᠶᠠᠯ ᠲᠠᠢ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠢ ᠲᠣᠬᠢᠷᠠᠭᠤᠯᠵᠤ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠪᠠᠶᠢᠭᠤᠯᠤᠮᠵᠢ ᠶᠢᠨ ᠬᠡᠷᠡᠭ ᠰᠢᠢᠳᠪᠦᠷᠢᠯᠡᠬᠦ ᠴᠢᠳᠠᠪᠤᠷᠢ ᠪᠣᠯᠤᠨ ᠠᠵᠢᠯ ᠤᠨ ᠡᠭᠦᠷᠭᠡ ᠲᠠᠢ ᠬᠠᠷᠢᠯᠴᠠᠨ | ᠵᠣᠬᠢᠴᠠᠭᠤᠯᠬᠤ ᠶᠢ ᠪᠠᠳᠣᠯᠠᠬᠤ ᠬᠡᠷᠡᠭᠲᠡᠶ᠃ | ᠭᠤᠷᠪᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠤ | ᠳᠠᠬᠢᠨ ᠵᠥᠪᠯᠡᠬᠦ ᠬᠠᠤᠯᠢ ᠶᠢᠨ ᠭᠤᠷᠪᠠᠳᠤᠭᠠᠷ ᠵᠣᠷᠪᠣᠰ ᠤᠨ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠠᠴᠠ ᠭᠠᠳᠠᠨ᠎ᠠ᠂ ᠪᠠᠰᠠ ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ | ᠬᠡᠷᠡᠭᠲᠡᠶ᠄ | ︵ᠨᠢᠭᠡ︶ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠠᠷᠪᠠᠨ ᠨᠠᠢᠮᠠᠳᠤᠭᠠᠷ ᠵᠣᠷᠪᠣᠰ ᠤᠨ | ᠲᠣᠭᠲᠠᠭᠠᠯ ᠶᠣᠰᠣᠭᠠᠷ ᠰᠢᠯᠵᠢᠭᠦᠯᠦᠨ ᠬᠦᠷᠭᠡᠭᠰᠡᠨ ᠬᠠᠮᠢᠶ᠎ᠠ ᠪᠦᠬᠦᠢ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ | ᠭᠤᠶᠤᠴᠢᠯᠠᠯ ︔ | ︵ᠬᠤᠶᠠᠷ︶ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠬᠤᠷᠢ ᠶᠢᠰᠦᠳᠦᠭᠡᠷ ᠵᠣᠷᠪᠣᠰ ᠲᠤ | ᠲᠣᠭᠲᠠᠭᠠᠭᠰᠠᠨ ᠵᠠᠰᠠᠭ ᠵᠠᠬᠢᠷᠭᠠᠨ ᠤ ᠲᠥᠯᠥᠪᠦᠷᠢ ᠵᠡᠷᠭᠡ ᠵᠦᠢᠯᠡᠰ︔ | ︵ᠭᠤᠷᠪᠠ︶ ᠲᠤᠰᠢᠶᠠᠯ ᠬᠠᠷᠢᠭᠤᠴᠠᠯᠭ᠎ᠠ ᠶᠢᠨ ᠢᠶᠠᠨ ᠡᠷᠬᠡ ᠶᠢᠨ ᠬᠡᠪᠴᠢᠶ᠎ᠡ ᠶᠣᠰᠣᠭᠠᠷ᠂ ᠵᠠᠰᠠᠭ | ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠢ ᠬᠦᠯᠢᠶᠡᠨ ᠠᠪᠬᠤ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ | ᠰᠢᠢᠳᠪᠦᠷᠢ ᠶᠢ ᠭᠦᠢᠴᠡᠳᠬᠡᠬᠦ ᠶᠢ ᠰᠢᠪᠠᠳᠠᠨ ᠱᠠᠭᠠᠷᠳᠠᠬᠤ︔ | ︵ᠲᠦᠷᠪᠡ︶ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠭᠰᠡᠨ ᠬᠡᠷᠡᠭ ᠤᠨ | ᠲᠤᠭ᠎ᠠ ᠪᠦᠷᠢᠳᠬᠡᠯ ᠪᠠ ᠴᠢᠬᠤᠯᠠ ᠶᠡᠭᠡ ᠵᠠᠰᠠᠭ ᠵᠠᠬᠢᠷᠭᠠᠨ ᠤ ᠳᠠᠬᠢᠨ ᠵᠥᠪᠯᠡᠬᠦ ᠰᠢᠢᠳᠪᠦᠷᠢ ᠶᠢᠨ ᠪᠦᠷᠢᠳᠬᠡᠨ | ᠳᠠᠩᠰᠠᠯᠠᠬᠤ ᠵᠦᠢᠯᠡᠰ ᠢ ᠰᠢᠢᠳᠪᠦᠷᠢᠯᠡᠬᠦ︔ | ︵ᠲᠠᠪᠤ︶ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠷ ᠳᠠᠮᠵᠢᠬᠦ ᠦᠭᠡᠢ ᠰᠢᠭᠤᠳ ᠵᠠᠰᠠᠭ ᠵᠠᠬᠢᠷᠭᠠᠨ ᠤ ᠵᠠᠷᠭᠤ | ᠬᠢᠭᠰᠡᠨ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠦᠢᠯᠡᠰ ᠢ ᠰᠢᠢᠳᠪᠦᠷᠢᠯᠡᠬᠦ ᠪᠤᠶᠤ ᠵᠣᠬᠢᠶᠠᠨ ᠪᠠᠶᠢᠭᠤᠯᠤᠨ | ᠰᠢᠢᠳᠪᠦᠷᠢᠯᠡᠨ᠎ᠡ᠃ | ︵ᠵᠢᠷᠭᠤᠭ᠎ᠠ︶ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠠᠵᠢᠯ ᠤᠨ ᠳᠤᠮᠳᠠ ᠣᠯᠵᠤ ᠮᠡᠳᠡᠭᠰᠡᠨ | ᠠᠰᠠᠭᠤᠳᠠᠯ ᠢ ᠰᠤᠳᠤᠯᠵᠤ᠂ ᠬᠤᠯᠪᠣᠭᠳᠠᠯ ᠪᠦᠬᠦᠢ ᠪᠠᠶᠢᠭᠤᠯᠭ᠎ᠠ ᠳᠤ ᠴᠠᠭ ᠲᠤᠬᠠᠶ ᠳᠤᠨᠢ ᠥᠭᠡᠷᠡᠴᠢᠯᠡᠨ | ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠬᠡᠷᠡᠭᠲᠡᠶ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠶ᠃ | ᠳᠥᠷᠪᠡᠳᠦᠭᠡᠷ ᠵᠣᠷᠪᠣᠰ᠂ ᠳᠣᠰᠬᠠᠢ ᠳᠣᠰᠢᠶᠠᠯ ᠲᠠᠢ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠨᠢ | ᠡᠷᠬᠡᠪᠰᠢ ᠵᠠᠰᠠᠭ ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠳᠤ ᠳᠣᠭᠢᠷᠠᠭᠰᠠᠨ ᠬᠡᠪ | ᠰᠤᠷᠲᠠᠯ᠂ ᠲᠤᠰᠬᠠᠶ ᠮᠡᠷᠭᠡᠵᠢᠯ ᠤᠨ ᠮᠡᠳᠡᠯᠭᠡ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠲᠠᠢ ᠪᠠᠶᠢᠬᠤ ᠪᠥᠭᠡᠳ | ᠵᠣᠬᠢᠴᠠᠩᠭᠤᠢ ᠬᠢᠷᠢ ᠬᠡᠮ ᠣᠯᠤᠭᠰᠠᠨ ᠪᠠᠶᠢᠬᠤ ᠬᠡᠷᠡᠭᠲᠡᠢ᠃ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ | ᠬᠤᠷᠢᠶᠠᠨ ᠤ ᠬᠠᠤᠯᠢ ᠲᠦᠷᠢᠮ ᠤᠨ ᠪᠠᠶᠢᠭᠤᠯᠤᠮᠵᠢ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠬᠤᠶᠠᠳᠤᠭᠠᠷ ᠪᠦᠯᠦᠭ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ | ᠨᠢᠭᠡᠳᠦᠭᠡᠷ ᠬᠡᠰᠡᠭ ᠭᠤᠶᠤᠴᠢᠯᠠᠭᠴᠢ | ᠲᠠᠪᠤᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠪᠠ ᠲᠤᠰ ᠳᠦᠷᠢᠮ ᠤᠨ ᠶᠣᠰᠣᠭᠠᠷ | ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠭᠰᠠᠨ ᠠᠷᠠᠳ ᠢᠷᠭᠡᠨ᠂ ᠬᠠᠤᠯᠢ ᠶᠢᠨ ᠬᠥᠮᠦᠨ | ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠭᠤᠶᠤᠴᠢᠯᠠᠭᠴᠢ ᠪᠣᠯᠤᠨ᠎ᠠ᠃ | ᠵᠢᠷᠭᠤᠳᠤᠭᠠᠷ ᠵᠣᠷᠪᠣᠰ᠂ ᠬᠤᠷᠰᠢᠬᠰᠡᠠ ᠠᠵᠤ ᠠᠬᠤᠶᠢᠯᠠᠯ ᠠᠴᠠ ᠵᠠᠰᠠᠭ ᠵᠠᠬᠢᠷᠭᠠᠨ ᠢᠶᠠᠷ ᠳᠠᠬᠢᠨ | ᠵᠦᠪᠯᠡᠭᠦᠯᠬᠦ ᠶᠢ ᠭᠤᠶᠤᠴᠢᠯᠠᠬᠤ ᠳᠤ ᠬᠢᠨᠠᠨ ᠵᠥᠪᠰᠢᠶᠡᠷᠡᠭᠦᠯᠵᠦ ᠳᠠᠩᠰᠠᠯᠠᠭᠤᠯᠤᠭᠰᠠᠨ ᠠᠵᠤ ᠠᠬᠤᠶᠢᠯᠠᠯ ᠨᠢ | ᠭᠤᠶᠤᠴᠢᠯᠠᠭᠴᠢ ᠪᠠᠶᠢᠵᠦ᠂ ᠬᠤᠷᠰᠢᠬᠰᠠᠨ ᠠᠵᠢᠯ ᠶᠠᠪᠤᠳᠠᠯ ᠢ ᠭᠦᠢᠴᠡᠳᠬᠡᠵᠦ ᠪᠠᠶᠢᠭ᠎ᠠ ᠬᠤᠷᠰᠢᠬᠴᠢ ᠨᠢ ᠲᠤᠰ ᠠᠵᠤ | ᠠᠬᠤᠶᠢᠯᠠᠯ ᠢ ᠲᠦᠯᠦᠭᠡᠯᠡᠨ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠨ᠎ᠠ︔ ᠪᠤᠰᠤᠳ ᠬᠤᠷᠰᠢᠭᠰᠠᠨ | ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠪᠠᠶᠢᠪᠠᠯ᠂ | ᠬᠤᠷᠰᠢᠬᠴᠢᠳ ᠬᠠᠮᠲᠤ ᠪᠠᠷ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠨ᠎ᠠ᠃ | ᠡᠮᠦᠨᠡᠬᠢ ᠲᠤᠭᠲᠠᠭᠠᠯ ᠳᠤ ᠲᠣᠭᠲᠠᠭᠠᠭᠰᠠᠨ ᠠᠴᠠ ᠭᠠᠳᠠᠨᠠᠬᠢ ᠬᠠᠤᠯᠢ ᠶᠢᠨ ᠬᠥᠮᠦᠨ ᠤ ᠬᠢᠷᠢ ᠬᠡᠮ ᠦᠭᠡᠢ | ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠶᠢ ᠭᠤᠶᠤᠴᠢᠯᠠᠬᠤ ᠳᠤ᠂ ᠲᠤᠰ | ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠤ ᠲᠥᠯᠥᠭᠡᠯᠡᠭᠴᠢ ᠠᠴᠠ ᠲᠤᠰ ᠵᠣᠬᠢᠶᠠᠨ | ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠤᠷᠤᠯᠴᠠᠨ᠎ᠠ︔ ᠭᠤᠣᠯ ᠬᠠᠷᠢᠭᠤᠴᠠᠯᠭᠠᠲᠠᠨ ᠪᠠᠶᠢᠬᠤ | ᠦᠭᠡᠢ ᠪᠣᠯ ᠬᠠᠮᠲᠤ ᠪᠠᠷ ᠰᠣᠩᠭᠤᠨ ᠭᠠᠷᠭᠠᠭᠰᠠᠨ ᠪᠤᠰᠤᠳ ᠪᠦᠷᠢᠯᠳᠦᠬᠦᠨ ᠠᠴᠠ ᠲᠦᠯᠦᠭᠡᠯᠡᠨ ᠲᠤᠰ ᠵᠣᠬᠢᠶᠠᠨ | ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠤᠷᠤᠯᠴᠠᠨ᠎ᠠ᠃ | ᠳᠣᠯᠣᠳᠤᠭᠠᠷ ᠵᠣᠷᠪᠣᠰ᠂ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ ᠤᠨ ᠬᠤᠪᠢ | ᠣᠷᠣᠭᠤᠯᠤᠭᠴᠢᠳ ᠤᠨ ᠶᠡᠭᠡ ᠬᠤᠷᠠᠯ᠂ ᠬᠤᠪᠢ ᠣᠷᠣᠭᠤᠯᠤᠭᠴᠢᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠡᠷᠡᠭ ᠮᠡᠳᠡᠭᠴᠢᠳ ᠤᠨ ᠵᠥᠪᠯᠡᠯ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷᠭᠠᠭᠰᠠᠨ ᠪᠣᠳᠠᠲᠠᠶ ᠵᠠᠰᠠᠭ | ᠵᠠᠬᠢᠷᠭᠠᠨ ᠤ ᠤᠢᠢᠯᠠ ᠠᠵᠢᠯᠯᠠᠭ᠎ᠠ ᠨᠢ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ | ᠭᠡᠵᠦ ᠦᠵᠡᠪᠡᠯ᠂ ᠠᠵᠤ ᠠᠬᠤᠶᠢᠯᠠᠯ ᠤᠨ ᠨᠡᠷ᠎ᠡ ᠪᠠᠷ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ | ᠭᠠᠷᠭᠠᠵᠦ ᠪᠣᠯᠤᠨ᠎ᠠ᠃ | ᠨᠠᠢᠮᠠᠳᠤᠭᠠᠷ ᠵᠣᠷᠪᠣᠰ᠂ ᠠᠳᠠᠯᠢ ᠨᠢᠭᠡ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠭᠤᠶᠤᠴᠢᠯᠠᠭᠴᠢ | ᠨᠢ 5 ᠬᠥᠮᠦᠨ ᠠᠴᠠ ᠬᠡᠲᠦᠷᠡᠵᠦ ᠪᠠᠶᠢᠪᠠᠯ᠂ 1 ᠠᠴᠠ 5 ᠲᠦᠯᠦᠭᠡᠯᠡᠴᠢ ᠰᠤᠩᠭᠤᠨ ᠵᠠᠰᠠᠭ ᠵᠠᠬᠢᠷᠭᠠᠨ ᠤ ᠳᠠᠬᠢᠨ | ᠵᠥᠪᠯᠡᠬᠦ ᠳᠤ ᠤᠷᠤᠯᠴᠠᠭᠤᠯᠤᠨ᠎ᠠ᠃ | ᠶᠢᠰᠦᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ᠂ ᠵᠠᠰᠠᠭ ᠵᠠᠬᠢᠷᠭᠠᠨ ᠤ | ᠳᠠᠬᠢᠨ ᠵᠥᠪᠯᠡᠬᠦ ᠪᠠᠶᠢᠭᠤᠯᠤᠮᠵᠢ ᠨᠢ ᠭᠤᠶᠤᠴᠢᠯᠠᠭᠴᠢ ᠠᠴᠠ ᠭᠠᠳᠠᠨᠠᠬᠢ ᠠᠷᠠᠳ ᠢᠷᠭᠡᠳ᠂ ᠬᠠᠤᠯᠢ ᠶᠢᠨ ᠬᠥᠮᠦᠨ | ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠬᠢᠨᠠᠨ ᠪᠠᠶᠢᠴᠠᠭᠠᠭᠰᠠᠨ ᠪᠣᠳᠠᠲᠠᠶ ᠵᠠᠰᠠᠭ ᠵᠠᠬᠢᠷᠭᠠᠨ ᠤ | ᠠᠵᠢᠯᠯᠠᠭ᠎ᠠ ᠯᠤᠭ᠎ᠠ ᠠᠰᠢᠭ ᠬᠤᠣᠷ ᠤᠨ ᠬᠠᠷᠢᠴᠠᠭ᠎ᠠ ᠲᠠᠢ ᠪᠠᠶᠢᠨ᠎ᠠ ᠭᠡᠵᠦ ᠦᠵᠡᠪᠡᠯ᠂ ᠲᠡᠳᠡᠭᠡᠷ ᠢ ᠭᠤᠷᠪᠠᠳᠠᠬᠢ | ᠬᠥᠮᠦᠨ ᠤ ᠬᠤᠪᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠭᠤᠯᠬᠤ ᠪᠣᠯᠤᠨ᠎ᠠ᠃ | ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ᠂ ᠭᠤᠶᠤᠴᠢᠯᠠᠭᠴᠢ ᠠᠴᠠ ᠪᠤᠰᠤᠳ ᠠᠷᠠᠳ | ᠢᠷᠭᠡᠳ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠬᠢᠨᠠᠨ ᠪᠠᠶᠢᠴᠠᠭᠠᠭᠰᠠᠨ ᠪᠣᠳᠠᠲᠠᠶ | ᠵᠠᠰᠠᠭ ᠵᠠᠬᠢᠷᠭᠠᠨ ᠤ ᠠᠵᠢᠯᠯᠠᠭ᠎ᠠ ᠯᠤᠭ᠎ᠠ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠪᠠᠶᠢᠭᠤᠯᠤᠮᠵᠢ ᠳᠤ ᠭᠤᠷᠪᠠᠳᠠᠬᠢ ᠬᠥᠮᠦᠨ ᠤ ᠬᠤᠪᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ | ᠤᠷᠤᠯᠴᠠᠬᠤ ᠭᠤᠶᠤᠴᠢᠯᠠᠯ ᠭᠠᠷᠭᠠᠵᠤ ᠪᠣᠯᠤᠨ᠎ᠠ᠃ | ᠭᠤᠷᠪᠠᠳᠠᠬᠢ ᠬᠥᠮᠦᠨ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠤᠷᠤᠯᠴᠠᠬᠤ ᠦᠭᠡᠢ ᠴᠦ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠭᠦᠨ ᠰᠢᠢᠳᠪᠦᠷᠢᠯᠡᠬᠦ ᠶᠢ ᠨᠥᠯᠥᠭᠡᠯᠡᠬᠦ ᠳᠡᠶᠢᠯᠬᠦ ᠦᠭᠡᠢ᠃ | ᠠᠷᠪᠠᠳᠤᠭᠠᠷ ᠵᠣᠷᠪᠣᠰ᠂ ᠭᠤᠶᠤᠴᠢᠯᠠᠭᠴᠢ᠂ ᠭᠤᠷᠪᠠᠳᠠᠬᠢ ᠬᠥᠮᠦᠨ ᠨᠢ ᠵᠠᠰᠠᠭ ᠵᠠᠬᠢᠷᠭᠠᠨ ᠤ ᠳᠠᠬᠢᠨ | ᠵᠥᠪᠯᠡᠬᠦ ᠳᠤ ᠣᠷᠣᠯᠴᠠᠭᠤᠯᠬᠤ ᠪᠠᠷ 1 ᠠᠴᠠ 2 ᠨᠡᠷᠡᠰ ᠣᠷᠣᠯᠠᠭᠴᠢ ᠨᠠᠶᠢᠳᠠᠵᠤ ᠪᠣᠯᠤᠨ᠎ᠠ᠃ ᠭᠤᠶᠤᠴᠢᠯᠠᠭᠴᠢ᠂ | ᠭᠤᠷᠪᠠᠳᠠᠬᠢ ᠬᠥᠮᠦᠨ ᠤ ᠨᠠᠶᠢᠳᠠᠭᠰᠠᠨ ᠣᠷᠣᠯᠠᠭᠴᠢ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ | ᠡᠷᠬᠡ ᠣᠯᠭᠤᠵᠤ ᠨᠠᠶᠢᠳᠠᠭᠰᠠᠨ ᠪᠢᠴᠢᠭ ᠢᠶᠠᠨ ᠲᠤᠰᠢᠶᠠᠬᠤ ᠬᠡᠷᠡᠭᠲᠡᠶ᠃ ᠡᠷᠬᠡ ᠣᠯᠭᠤᠭᠰᠠᠨ ᠨᠠᠶᠢᠳᠠᠯᠭ᠎ᠠ ᠶᠢᠨ | ᠪᠢᠴᠢᠭ ᠲᠤ ᠨᠠᠶᠢᠳᠠᠭᠰᠠᠨ ᠤᠴᠢᠷ ᠶᠠᠪᠤᠳᠠᠯ᠂ ᠡᠷᠬᠡ ᠶᠢᠨ ᠬᠡᠪᠴᠢᠶ᠎ᠡ ᠪᠣᠯᠤᠨ ᠬᠤᠭᠤᠴᠠᠭ᠎ᠠ ᠶᠢ ᠲᠣᠳᠣᠷᠬᠠᠶᠢᠯᠠᠨ᠎ᠠ᠃ | ᠠᠷᠠᠳ ᠢᠷᠭᠡᠨ ᠣᠨᠴᠠᠭᠠᠶ ᠪᠠᠶᠢᠳᠠᠯ ᠤᠨ ᠳᠣᠣᠷ᠎ᠠ ᠪᠢᠴᠢᠭ ᠢᠶᠠᠷ ᠨᠠᠶᠢᠳᠠᠵᠤ ᠳᠡᠶᠢᠯᠬᠦ ᠦᠭᠡᠢ ᠪᠠᠶᠢᠪᠠᠯ᠂ ᠠᠮᠠ ᠪᠠᠷ | ᠨᠠᠶᠢᠳᠠᠭᠰᠠᠨ ᠴᠦ ᠪᠣᠯᠤᠨ᠎ᠠ᠃ ᠠᠮᠠ ᠪᠠᠷ ᠨᠠᠶᠢᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠤᠮᠵᠢ ᠨᠢ ᠬᠢᠨᠠᠨ ᠬᠠᠷᠭᠤᠭᠤᠯᠬᠤ ᠪᠥᠭᠡᠳ ᠬᠡᠷᠡᠭ ᠤᠨ ᠡᠪᠬᠡᠮᠡᠯ ᠳᠤ ᠲᠡᠮᠳᠡᠭᠯᠡᠨ᠎ᠡ᠃ ᠭᠤᠶᠤᠴᠢᠯᠠᠭᠴᠢ᠂ | ᠭᠤᠷᠪᠠᠳᠠᠬᠢ ᠬᠥᠮᠦᠨ ᠠᠴᠠ ᠨᠠᠶᠢᠳᠠᠯᠭ᠎ᠠ ᠪᠠᠨ ᠬᠦᠴᠦᠨ ᠦᠭᠡᠢ ᠪᠣᠯᠭᠠᠭᠰᠠᠨ ᠪᠤᠶᠤ ᠬᠤᠪᠢᠷᠠᠭᠤᠯᠤᠭᠰᠠᠨ ᠪᠠᠶᠢᠪᠠᠯ | ᠪᠢᠴᠢᠭ ᠢᠶᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠶ᠃ | ᠬᠤᠶᠠᠳᠤᠭᠠᠷ ᠬᠡᠰᠡᠭ ᠭᠤᠶᠤᠴᠢᠯᠠᠭᠳᠠᠭᠴᠢ | ᠠᠷᠪᠠᠨ ᠨᠢᠭᠡᠳᠦᠭᠡᠷ ᠵᠣᠷᠪᠣᠰ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠣᠳᠠᠲᠠᠶ ᠵᠠᠰᠠᠭ ᠵᠠᠬᠢᠷᠭᠠᠨ ᠤ ᠤᠢᠢᠯᠠ ᠠᠵᠢᠯᠯᠠᠭ᠎ᠠ ᠶᠢ | ᠵᠥᠪᠰᠢᠶᠡᠷᠡᠬᠦ ᠤᠢᠭᠡᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠪᠠ ᠲᠤᠰ ᠳᠦᠷᠢᠮ ᠤᠨ ᠶᠣᠰᠣᠭᠠᠷ | ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠪᠠᠯ᠂ ᠲᠤᠰ ᠪᠣᠳᠠᠲᠠᠶ ᠵᠠᠰᠠᠭ ᠵᠠᠬᠢᠷᠭᠠᠨ ᠤ | ᠠᠵᠢᠯᠯᠠᠭ᠎ᠠ ᠶᠢ ᠬᠢᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠨᠢ ᠭᠤᠶᠤᠴᠢᠯᠠᠭᠳᠠᠭᠴᠢ ᠪᠣᠯᠤᠨ᠎ᠠ᠃ | ᠠᠷᠪᠠᠨ ᠬᠤᠶᠠᠳᠤᠭᠠᠷ ᠵᠣᠷᠪᠣᠰ᠂ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ ᠴᠠᠭᠠᠵᠠ᠂ ᠬᠠᠤᠯᠢ | ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠬᠠᠮᠲᠤᠷᠠᠭᠰᠠᠨ ᠨᠡᠷᠡᠶᠢᠳᠦᠯ ᠢᠶᠠᠷ ᠪᠣᠳᠠᠲᠠᠶ | ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ | ᠴᠠᠭᠠᠵᠠ᠂ ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠨᠢ ᠬᠠᠮᠲᠤ ᠳᠠᠭᠠᠨ | ᠭᠤᠶᠤᠴᠢᠯᠠᠭᠳᠠᠭᠴᠢ ᠪᠣᠯᠤᠨ᠎ᠠ᠃ | ᠵᠠᠰᠠᠭ ᠵᠠᠬᠢᠷᠭᠠᠨ ᠤ ᠪᠠᠶᠢᠭᠤᠯᠭ᠎ᠠ ᠬᠢᠭᠡᠳ ᠪᠤᠰᠤᠳ ᠵᠣᠬᠢᠶᠠᠨ ᠪᠠᠶᠢᠭᠤᠯᠤᠯᠲᠠ ᠨᠢ ᠬᠠᠮᠲᠤ ᠶᠢᠨ ᠨᠡᠷ᠎ᠡ ᠪᠠᠷ | ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠨᠢ | ᠭᠤᠶᠤᠴᠢᠯᠠᠭᠳᠠᠭᠴᠢ ᠪᠣᠯᠤᠨ᠎ᠠ᠃ | ᠠᠷᠪᠠᠨ ᠭᠤᠷᠪᠠᠳᠤᠭᠠᠷ ᠵᠣᠷᠪᠣᠰ᠂ ᠳᠣᠣᠷ᠎ᠠ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠤᠯᠢ | ᠴᠠᠭᠠᠵᠠ᠂ ᠬᠠᠣᠯᠢ ᠳᠦᠷᠢᠮ᠂ ᠲᠦᠷᠢᠮ ᠲᠣᠭᠲᠠᠭᠠᠯ ᠢ ᠦᠨᠳᠦᠰᠦᠯᠡᠨ᠂ ᠳᠡᠭᠡᠳᠦ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠪᠠᠷ ᠵᠦᠪᠰᠢᠶᠡᠷᠡᠭᠦᠯᠦᠭᠰᠡᠨ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠪᠡᠯ᠂ | ᠵᠥᠪᠰᠢᠶᠡᠷᠡᠭᠰᠡᠨ ᠪᠠᠶᠢᠭᠤᠯᠭ᠎ᠠ ᠨᠢ ᠭᠤᠶᠤᠴᠢᠯᠠᠭᠳᠠᠭᠴᠢ ᠪᠣᠯᠤᠨ᠎ᠠ᠃ | ᠠᠷᠪᠠᠨ ᠳᠥᠷᠪᠡᠳᠦᠭᠡᠷ ᠵᠣᠷᠪᠣᠰ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠪᠠᠶᠢᠭᠤᠯᠣᠬᠰᠡᠨ ᠳᠣᠮᠢᠯᠠᠬᠰᠡᠨ | ᠪᠠᠶᠢᠭᠤᠯᠤᠮᠵᠢ᠂ ᠳᠣᠲᠣᠭᠠᠳᠤ ᠪᠠᠶᠢᠭᠤᠯᠤᠮᠵᠢ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠬᠠᠤᠯᠢ ᠴᠠᠭᠠᠵᠠ᠂ | ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠦᠭᠡᠢ ᠪᠠᠷ ᠭᠠᠳᠠᠨ᠎ᠠ ᠥᠪᠡᠷ ᠤᠨ ᠨᠡᠷ᠎ᠡ ᠪᠠᠷ ᠢᠶᠠᠨ ᠪᠣᠳᠠᠲᠠᠶ ᠵᠠᠰᠠᠭ | ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠨᠢ | ᠭᠤᠶᠤᠴᠢᠯᠠᠭᠳᠠᠭᠴᠢ ᠪᠣᠯᠤᠨ᠎ᠠ᠃ | ᠭᠤᠷᠪᠠᠳᠤᠭᠠᠷ ᠬᠡᠰᠡᠭ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠬᠤ | ᠬᠤᠭᠤᠴᠠᠭ᠎ᠠ | ᠠᠷᠪᠠᠨ ᠲᠠᠪᠤᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠶᠢᠰᠦᠳᠦᠭᠡᠷ | ᠵᠣᠷᠪᠣᠰ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠭᠤᠶᠤᠴᠢᠯᠠᠯ ᠭᠠᠷᠭᠠᠬᠤ | ᠬᠤᠭᠤᠴᠠᠭ᠎ᠠ ᠶᠢ ᠪᠤᠳᠤᠬᠤ ᠳᠤ᠂ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠄ | ︵ᠨᠢᠭᠡ︶ ᠲᠤᠬᠠᠶ ᠶᠢᠨ ᠭᠠᠵᠠᠷ ᠲᠤᠨᠢ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠢᠭᠰᠡᠨ ᠪᠠᠶᠢᠪᠠᠯ᠂ | ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠡᠳᠦᠷ ᠠᠴᠠ ᠡᠬᠢᠯᠡᠵᠦ ᠪᠤᠳᠦᠨ᠎ᠡ︔ | ︵ᠬᠤᠶᠠᠷ︶ ᠪᠣᠳᠠᠲᠠᠶ ᠵᠠᠰᠠᠭ ᠵᠠᠬᠢᠷᠭᠠᠨ ᠤ ᠤᠢᠢᠯᠠ ᠠᠵᠢᠯᠯᠠᠭ᠎ᠠ ᠶᠢ ᠳᠣᠳᠣᠷᠬᠠᠢ ᠲᠡᠮᠳᠡᠭᠯᠡᠭᠰᠡᠨ ᠬᠠᠤᠯᠢ | ᠴᠠᠭᠠᠵᠠ ᠶᠢᠨ ᠪᠢᠴᠢᠭ ᠬᠠᠷ᠎ᠠ ᠶᠢ ᠰᠢᠭᠤᠳ ᠬᠦᠷᠭᠡᠵᠦ ᠥᠭᠭᠦᠭᠰᠡᠨ ᠪᠠᠶᠢᠪᠠᠯ᠂ ᠬᠦᠯᠢᠶᠡᠠ ᠠᠪᠤᠭᠴᠢ ᠨᠢ ᠭᠠᠷ ᠤᠨ | ᠦᠰᠦᠭ ᠵᠢᠷᠤᠵᠤ ᠬᠤᠷᠢᠶᠠᠨ ᠠᠪᠤᠭᠰᠠᠨ ᠡᠳᠦᠷ ᠠᠴᠠ ᠡᠬᠢᠯᠡᠵᠦ ᠪᠤᠳᠦᠨ᠎ᠡ︔ | ︵ᠭᠤᠷᠪᠠ︶ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠲᠣᠳᠣᠷᠬᠠᠶ ᠲᠡᠮᠳᠡᠭᠯᠡᠭᠰᠡᠨ ᠬᠠᠤᠯᠢ | ᠴᠠᠭᠠᠵᠠ ᠶᠢᠨ ᠪᠢᠴᠢᠭ ᠬᠠᠷ᠎ᠠ ᠶᠢ ᠰᠢᠦᠳᠠᠨ ᠢᠶᠠᠷ ᠬᠦᠷᠭᠡᠭᠰᠡᠨ ᠪᠠᠶᠢᠪᠠᠯ᠂ ᠬᠦᠯᠢᠶᠡᠠ ᠠᠪᠤᠭᠴᠢ ᠨᠢ ᠰᠢᠦᠳᠠᠨ ᠵᠦᠢᠯ ᠢ | ᠭᠠᠷ ᠤᠨ ᠦᠰᠦᠭ ᠵᠢᠷᠤᠵᠤ ᠬᠤᠷᠢᠶᠠᠨ ᠠᠪᠬᠤ ᠬᠠᠭᠤᠳᠠᠰᠤᠨ ᠳᠡᠭᠡᠷ᠎ᠡ ᠭᠠᠷ ᠤᠨ ᠦᠰᠦᠭ ᠵᠢᠷᠤᠵᠤ ᠬᠤᠷᠢᠶᠠᠨ | ᠠᠪᠤᠭᠰᠠᠨ ᠡᠳᠦᠷ ᠠᠴᠠ ᠡᠬᠢᠯᠡᠵᠦ ᠪᠤᠳᠦᠨ᠎ᠡ︔ ᠰᠢᠦᠳᠠᠨ ᠵᠦᠢᠯ ᠤᠨ ᠭᠠᠷ ᠤᠨ ᠦᠰᠦᠭ ᠵᠢᠷᠤᠵᠤ ᠬᠤᠷᠢᠶᠠᠨ ᠠᠪᠬᠤ | ᠬᠠᠭᠤᠳᠠᠰᠤ ᠦᠭᠡᠢ ᠪᠣᠯ᠂ ᠬᠦᠯᠢᠶᠡᠠ ᠠᠪᠤᠭᠴᠢ ᠨᠢ ᠬᠦᠷᠭᠡᠭᠰᠡᠨ ᠬᠠᠷᠢᠭᠤ ᠪᠠᠷᠢᠮᠲᠠ ᠳᠡᠭᠡᠷ᠎ᠡ ᠭᠠᠷ ᠤᠨ ᠦᠰᠦᠭ | ᠵᠢᠷᠣᠬᠰᠡᠨ ᠡᠳᠦᠷ ᠠᠴᠠ ᠡᠬᠢᠯᠡᠵᠦ ᠪᠤᠳᠦᠨ᠎ᠡ︔ | ︵ᠲᠥᠷᠪᠡ︶ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠠᠯᠪᠠᠨ ᠵᠠᠷ ᠤᠨ | ᠬᠡᠯᠪᠡᠷᠢ ᠪᠠᠷ ᠬᠦᠷᠭᠡᠯᠲᠡ ᠬᠦᠯᠢᠶᠡᠭᠴᠢ ᠳᠤ ᠳᠠᠮᠵᠢᠭᠤᠯᠤᠨ ᠬᠡᠯᠡᠵᠦ ᠥᠭᠬᠦ ᠲᠤ ᠠᠯᠪᠠᠨ ᠵᠠᠷ ᠤᠨ ᠲᠣᠭᠲᠠᠭᠠᠭᠰᠠᠨ | ᠬᠤᠭᠤᠴᠠᠭ᠎ᠠ ᠳᠦᠭᠦᠷᠦᠭᠰᠡᠨ ᠡᠳᠦᠷ ᠠᠴᠠ ᠡᠬᠢᠯᠡᠵᠦ ᠪᠣᠳᠣᠨ᠎ᠠ︔ | ︵ᠲᠠᠪᠤ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠬᠦ | ᠦᠶ᠎ᠡ ᠳᠡᠭᠡᠨ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠮᠡᠳᠡᠭᠳᠡᠭᠰᠡᠨ | ᠦᠭᠡᠢ ᠬᠡᠷᠡᠭ ᠤᠨ ᠲᠠᠷᠠᠭ᠎ᠠ ᠨᠥᠬᠦᠪᠥᠷᠢᠯᠡᠨ ᠮᠡᠳᠡᠭᠳᠡᠬᠦ ᠳᠤ᠂ ᠲᠤᠰ ᠠᠷᠠᠳ ᠢᠷᠭᠡᠨ᠂ ᠬᠠᠤᠯᠢ ᠶᠢᠨ ᠬᠥᠮᠦᠨ ᠪᠤᠶᠤ | ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠥᠬᠦᠪᠥᠷᠢᠯᠡᠨ ᠬᠡᠯᠡᠵᠦ ᠥᠭᠬᠦ | ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠵᠦ ᠪᠤᠳᠤᠨ᠎ᠠ︔ | ︵ᠵᠢᠷᠭᠤᠭ᠎ᠠ︶ ᠭᠤᠶᠤᠴᠢᠯᠠᠭᠳᠠᠭᠴᠢ ᠠᠴᠠ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ | ᠵᠣᠬᠢᠶᠠᠨ ᠪᠠᠶᠢᠭᠤᠯᠤᠯᠲᠠ ᠨᠢ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠢᠭᠰᠡᠨ ᠢ ᠮᠡᠳᠡᠨ᠎ᠡ ᠭᠡᠵᠦ ᠳᠣᠳᠣᠷᠬᠠᠢ | ᠭᠡᠷᠡᠴᠢᠯᠡᠵᠦ ᠳᠡᠶᠢᠯᠬᠦ ᠪᠠᠶᠢᠳᠠᠯ ᠳᠤ᠂ ᠭᠡᠷᠡᠴᠢ ᠮᠠᠲ᠋ᠧᠷᠢᠶᠠᠯ ᠢᠶᠠᠷ ᠪᠣᠳᠠᠲᠠᠶ ᠵᠠᠰᠠᠭ ᠵᠠᠬᠢᠷᠭᠠᠨ ᠤ ᠤᠢᠢᠯᠠ | ᠠᠵᠢᠯᠯᠠᠭ᠎ᠠ ᠶᠢ ᠮᠡᠳᠡᠭᠰᠡᠨ ᠢ ᠭᠡᠷᠡᠴᠢᠯᠡᠬᠦ ᠡᠳᠦᠷ ᠠᠴᠠ ᠡᠬᠢᠯᠡᠵᠦ ᠪᠤᠳᠤᠨ᠎ᠠ᠃ | ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠭᠠᠷᠭᠠᠪᠠᠯ᠂ ᠬᠠᠤᠯᠢ | ᠶᠣᠰᠣᠭᠠᠷ ᠬᠤᠯᠪᠣᠭᠳᠠᠯ ᠪᠥᠬᠦᠢ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠳᠤ ᠬᠠᠤᠯᠢ ᠴᠠᠭᠠᠵᠠ ᠶᠢᠨ ᠪᠢᠴᠢᠭ ᠬᠠᠷ᠎ᠠ ᠬᠦᠷᠭᠡᠬᠦ ᠶᠣᠰᠣᠲᠠᠢ ᠪᠠᠶᠢᠲᠠᠯ᠎ᠠ ᠬᠦᠷᠭᠡᠵᠦ ᠥᠭᠭᠦᠭᠰᠡᠨ | ᠦᠭᠡᠢ ᠪᠠᠶᠢᠪᠠᠯ᠂ ᠲᠤᠰ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ | ᠲᠤᠰ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢ ᠮᠡᠳᠡᠬᠦ ᠦᠭᠡᠢ ᠭᠡᠵᠦ ᠦᠵᠡᠨ᠎ᠡ᠃ | ᠠᠷᠪᠠᠨ ᠵᠢᠷᠭᠤᠳᠤᠭᠠᠷ ᠵᠣᠷᠪᠣᠰ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠣᠯᠢ ᠶᠢᠨ ᠵᠢᠷᠭᠤᠳᠤᠭᠠᠷ ᠵᠣᠷᠪᠣᠰ ᠤᠨ ︵ᠨᠠᠢᠮᠠ︶ | ᠳ᠋ᠤᠭᠠᠷ ᠵᠦᠢᠯ᠂ ︵ᠶᠢᠰᠦ︶ ᠳ᠋ᠦᠭᠡᠷ ᠵᠦᠢᠯ᠂ ︵ᠠᠷᠪᠠ︶ ᠳ᠋ᠤᠭᠠᠷ ᠵᠦᠢᠯ ᠤᠨ ᠲᠣᠭᠲᠠᠭᠠᠯ ᠶᠣᠰᠣᠭᠠᠷ ᠵᠠᠰᠠᠭ | ᠵᠠᠬᠢᠷᠭᠠᠨ ᠤ ᠪᠠᠶᠢᠭᠤᠯᠭ᠎ᠠ ᠶᠢ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠠᠷ | ᠭᠤᠶᠤᠴᠢᠯᠠᠭᠰᠠᠨ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠭᠦᠢᠴᠡᠳᠬᠡᠭᠰᠡᠨ ᠦᠭᠡᠢ ᠪᠠᠶᠢᠪᠠᠯ᠂ ᠵᠠᠰᠠᠭ | ᠵᠠᠬᠢᠷᠭᠠᠨ ᠢᠶᠠᠷ ᠳᠠᠬᠢᠨ ᠵᠦᠪᠯᠡᠬᠦᠯᠬᠦ ᠭᠤᠶᠤᠴᠢᠯᠠᠯ ᠭᠠᠷᠭᠠᠬᠤ ᠬᠤᠭᠤᠴᠠᠭ᠎ᠠ ᠶᠢ ᠳᠣᠣᠷ᠎ᠠ ᠵᠢᠭᠰᠠᠭᠠᠭᠰᠠᠨ ᠲᠣᠭᠲᠠᠭᠠᠯ | ᠶᠣᠰᠣᠭᠠᠷ ᠪᠤᠳᠦᠨ᠎ᠡ᠄ | ︵ᠨᠢᠭᠡ︶ ᠭᠦᠢᠴᠡᠳᠬᠡᠬᠦ ᠬᠤᠭᠤᠴᠠᠭ᠎ᠠ ᠲᠣᠭᠲᠠᠭᠠᠭᠰᠠᠨ ᠪᠠᠶᠢᠪᠠᠯ᠂ ᠭᠦᠢᠴᠡᠳᠬᠡᠬᠦ ᠬᠤᠭᠤᠴᠠᠭ᠎ᠠ | ᠳᠦᠭᠦᠷᠦᠭᠰᠡᠨ ᠡᠳᠦᠷ ᠠᠴᠠ ᠡᠬᠢᠯᠡᠵᠦ ᠪᠣᠳᠣᠨ᠎ᠠ︔ | ︵ᠬᠤᠶᠠᠷ︶ ᠭᠦᠢᠴᠡᠳᠬᠡᠬᠦ ᠬᠤᠭᠤᠴᠠᠭ᠎ᠠ ᠶᠢ ᠲᠣᠭᠲᠠᠭᠠᠭᠰᠠᠨ ᠦᠭᠡᠢ ᠪᠠᠶᠢᠪᠠᠯ᠂ ᠵᠠᠰᠠᠭ ᠵᠠᠬᠢᠷᠭᠠᠨ ᠤ | ᠪᠠᠶᠢᠭᠤᠯᠭ᠎ᠠ ᠠᠴᠠ ᠭᠤᠶᠤᠴᠢᠯᠠᠯ ᠢ ᠣᠯᠤᠭᠰᠠᠨ ᠤ ᠪᠦᠬᠦᠯᠢ 60 ᠡᠳᠦᠷ ᠠᠴᠠ ᠡᠬᠢᠯᠡᠵᠦ ᠪᠤᠳᠤᠨ᠎ᠠ᠃ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠪᠠᠴᠢᠮ ᠪᠠᠶᠢᠳᠠᠯ ᠤᠨ | ᠳᠣᠣᠷ᠎ᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠥᠮᠦᠨ ᠤ ᠪᠡᠶ᠎ᠡ ᠶᠢᠨ ᠡᠷᠬᠡ ᠂ ᠡᠳ᠋ ᠬᠦᠷᠦᠩᠭᠡ ᠶᠢᠨ ᠡᠷᠬᠡ ᠶᠢ | ᠬᠠᠮᠠᠭᠠᠯᠠᠬᠤ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠭᠡᠬᠦ ᠪᠠᠷ ᠭᠤᠶᠤᠴᠢᠯᠠᠭᠰᠠᠨ | ᠪᠠᠶᠢᠳᠠᠯ᠎ᠠ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠦᠢᠴᠡᠳᠬᠡᠭᠰᠡᠨ ᠦᠭᠡᠢ ᠪᠠᠶᠢᠪᠠᠯ᠂ ᠵᠠᠰᠠᠭ ᠵᠠᠬᠢᠷᠭᠠᠨ ᠢᠶᠠᠷ | ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠬᠤ ᠬᠤᠭᠤᠴᠠᠭ᠎ᠠ ᠨᠢ ᠡᠮᠦᠨᠡᠬᠢ ᠪᠠᠳᠠᠭ ᠤᠨ ᠲᠣᠭᠲᠠᠭᠠᠯ ᠳᠤ | ᠬᠢᠵᠠᠭᠠᠷᠯᠠᠭᠳᠠᠬᠤ ᠦᠭᠡᠢ᠃ | ᠠᠷᠪᠠᠨ ᠳᠣᠯᠣᠳᠤᠭᠠᠷ ᠵᠣᠷᠪᠣᠰ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠭᠰᠡᠨ ᠪᠣᠳᠠᠲᠠᠶ ᠵᠠᠰᠠᠭ | ᠵᠠᠬᠢᠷᠭᠠᠨ ᠤ ᠠᠵᠢᠯᠯᠠᠭ᠎ᠠ ᠨᠢ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ | ᠡᠷᠬᠡ ᠠᠰᠢᠭ᠂ ᠡᠭᠦᠷᠭᠡ ᠳᠤ ᠠᠰᠢᠭ ᠦᠭᠡᠢ ᠨᠥᠯᠥᠭᠡ ᠦᠵᠡᠭᠦᠯᠵᠦ ᠮᠡᠳᠡᠬᠦ ᠪᠠᠶᠢᠳᠠᠯ ᠲᠠᠢ ᠪᠣᠯ ᠵᠠᠰᠠᠭ | ᠵᠠᠬᠢᠷᠭᠠᠨ ᠢᠶᠠᠷ ᠲᠡᠬᠢᠠ ᠵᠦᠪᠯᠡᠭᠦᠯᠬᠦ ᠪᠠᠷ ᠭᠤᠶᠤᠴᠢᠯᠠᠬᠤ ᠡᠷᠬᠡ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ | ᠪᠠ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠬᠤ ᠬᠤᠭᠤᠴᠠᠭ᠎ᠠ ᠶᠢ ᠮᠡᠳᠡᠭᠦᠯᠬᠦ ᠬᠡᠷᠡᠭᠲᠡᠶ᠃ | ᠳᠥᠷᠪᠡᠳᠦᠭᠡᠷ ᠬᠡᠰᠡᠭ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠬᠤ ᠶᠢ | ᠳᠤᠷᠠᠳᠬᠤ | ᠠᠷᠪᠠᠨ ᠨᠠᠢᠮᠠᠳᠤᠭᠠᠷ ᠵᠣᠷᠪᠣᠰ᠂ ᠭᠤᠶᠤᠴᠢᠯᠠᠭᠴᠢ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ | ᠪᠢᠴᠢᠭ ᠤᠨ ᠭᠤᠶᠤᠴᠢᠯᠠᠯ ᠭᠠᠷᠭᠠᠬᠤ ᠳᠤ ᠪᠢᠴᠢᠭ ᠢᠶᠠᠨ ᠨᠢᠭᠤᠷᠳᠠᠨ ᠳᠣᠰᠢᠶᠠᠬᠤ᠂ ᠰᠢᠦᠳᠠᠨ ᠢᠶᠠᠷ ᠢᠯᠡᠭᠡᠬᠦ ᠪᠤᠶᠤ | ᠹᠠᠺᠰ ᠢᠶᠠᠷ ᠢᠯᠡᠭᠡᠬᠦ ᠵᠡᠷᠭᠡ ᠠᠷᠭ᠎ᠠ ᠮᠠᠶ᠋ᠢᠭ ᠢᠶᠠᠷ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠵᠤ | ᠪᠣᠯᠤᠨ᠎ᠠ᠃ | ᠨᠥᠬᠦᠴᠡᠯ ᠲᠠᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠡᠯᠧᠺᠲᠷᠣᠨ ᠵᠠᠬᠢᠳᠠᠯ ᠤᠨ | ᠬᠡᠯᠪᠡᠷᠢ ᠪᠠᠷ ᠳᠤᠷᠠᠳᠤᠨ ᠭᠠᠷᠭᠠᠭᠰᠠᠨ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦᠯᠬᠦ ᠭᠤᠶᠤᠴᠢᠯᠠᠯ ᠢ ᠬᠦᠯᠢᠶᠡᠨ | ᠠᠪᠴᠤ ᠪᠣᠯᠤᠨ᠎ᠠ᠃ | ᠠᠷᠪᠠ ᠶᠢᠰᠦᠳᠦᠭᠡᠷ ᠵᠣᠷᠪᠣᠰ᠂ ᠭᠤᠶᠤᠴᠢᠯᠠᠭᠴᠢ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ | ᠪᠢᠴᠢᠭ ᠤᠨ ᠭᠤᠶᠤᠴᠢᠯᠠᠯ ᠭᠠᠷᠭᠠᠬᠤ ᠳᠤ ᠡᠷᠬᠡᠪᠰᠢ ᠳᠣᠣᠷ᠎ᠠ ᠵᠢᠭᠰᠠᠭᠠᠭᠰᠠᠨ ᠵᠦᠢᠯ ᠢ ᠲᠣᠳᠣᠷᠬᠠᠶ ᠪᠢᠴᠢᠬᠦ ᠬᠡᠷᠡᠭᠲᠡᠶ | ᠄ | ︵ᠨᠢᠭᠡ︶ ᠭᠤᠶᠤᠴᠢᠯᠠᠭᠴᠢ ᠶᠢᠨ ᠦᠨᠳᠦᠰᠦᠨ ᠪᠠᠶᠢᠳᠠᠯ᠂ ᠡᠭᠦᠨ ᠳᠤ᠄ ᠠᠷᠠᠳ ᠢᠷᠭᠡᠨ ᠤ ᠤᠪᠤᠭ ᠨᠡᠷ᠎ᠡ᠂ | ᠬᠦᠢᠰᠦ᠂ ᠨᠠᠰᠤ᠂ ᠪᠡᠶ᠎ᠡ ᠶᠢᠨ ᠦᠨᠡᠮᠯᠡᠯ ᠤᠨ ᠨᠣᠮᠧᠷ᠂ ᠠᠵᠢᠯ ᠤᠨ ᠨᠢᠭᠡᠴᠡ᠂ ᠣᠷᠣᠨ ᠰᠠᠭᠤᠴᠠ᠂ ᠰᠢᠦᠳᠠᠨ | ᠳ᠋ᠤᠭᠠᠷ ᠢ ᠪᠠᠭᠳᠠᠭᠠᠨ᠎ᠠ︔ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ᠂ | ᠣᠷᠣᠨ ᠰᠠᠭᠤᠴᠠ᠂ ᠰᠢᠦᠳᠠᠨ ᠳ᠋ᠤᠭᠠᠷ ᠪᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ | ᠬᠠᠷᠢᠭᠤᠴᠠᠯᠭᠠᠲᠠᠨ ᠤ ᠤᠪᠦᠬ ᠨᠡᠷ᠎ᠡ᠂ ᠲᠤᠰᠢᠶᠠᠯ︔ | ︵ᠬᠤᠶᠠᠷ︶ ᠭᠤᠶᠤᠴᠢᠯᠠᠭᠳᠠᠭᠴᠢ ᠶᠢᠨ ᠨᠡᠷᠡᠶᠢᠳᠦᠯ︔ | ︵ᠭᠤᠷᠪᠠ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ᠂ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ ᠪᠠᠷ ᠭᠤᠶᠤᠴᠢᠯᠠᠭᠰᠠᠨ ᠪᠣᠳᠠᠲᠤ ᠪᠠᠶᠢᠳᠠᠯ ᠪᠠ ᠤᠴᠢᠷ ᠰᠢᠯᠲᠠᠭᠠᠨ︔ | ︵ᠳᠥᠷᠪᠡ︶ ᠭᠤᠶᠤᠴᠢᠯᠠᠭᠴᠢ ᠨᠢ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠳᠠᠷᠤᠭᠰᠠᠨ ᠪᠠᠶᠢᠬᠤ | ᠬᠡᠷᠡᠭᠲᠡᠶ︔ | ︵ᠲᠠᠪᠤ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠡᠳᠦᠷ ᠬᠤᠭᠤᠴᠠᠭ᠎ᠠ᠃ | ᠬᠤᠷᠢᠳᠤᠭᠠᠷ ᠵᠣᠷᠪᠣᠰ᠂ ᠭᠤᠶᠤᠴᠢᠯᠠᠭᠴᠢ ᠠᠴᠠ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠶᠢ ᠠᠮᠠ ᠪᠠᠷ | ᠭᠤᠶᠤᠴᠢᠯᠠᠬᠤ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠲᠤᠰ ᠳᠦᠷᠢᠮ ᠤᠨ ᠠᠷᠪᠠ ᠶᠢᠰᠦᠳᠦᠭᠡᠷ | ᠵᠣᠷᠪᠤ ᠰ ᠤᠨ ᠲᠣᠭᠲᠠᠭᠠᠯ ᠶᠣᠰᠣᠭᠠᠷ ᠲᠤᠬᠠᠶ ᠶᠢᠨ ᠭᠠᠵᠠᠷ ᠲᠤᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ | ᠪᠠᠷ ᠭᠤᠶᠤᠴᠢᠯᠠᠭᠰᠠᠨ ᠪᠢᠷ ᠤᠨ ᠲᠡᠮᠳᠡᠭᠯᠡᠯ ᠢ ᠵᠣᠬᠢᠶᠠᠵᠤ ᠭᠤᠶᠣᠴᠢᠯᠠᠭᠴᠢ ᠲᠤᠰᠢᠶᠠᠨ ᠬᠢᠨᠠᠨ ᠬᠠᠷᠭᠤᠭᠤᠯᠬᠤ | ᠪᠤᠶᠤ ᠭᠤᠶᠤᠴᠢᠯᠠᠭᠴᠢ ᠳᠤ ᠤᠩᠰᠢᠨ ᠥᠭᠬᠦ ᠶᠢᠨ ᠬᠠᠮᠲᠤ ᠭᠤᠶᠤᠴᠢᠯᠠᠭᠴᠢ ᠪᠠᠷ ᠭᠠᠷ ᠤᠨ ᠦᠰᠦᠭ | ᠵᠢᠷᠤᠭᠤᠯᠬᠤ ᠬᠡᠷᠡᠭᠲᠡᠶ᠃ | ᠬᠤᠷᠢᠨ ᠨᠢᠭᠡᠳᠦᠭᠡᠷ ᠵᠣᠷᠪᠣᠰ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠭᠤᠶᠤᠴᠢᠯᠠᠭᠴᠢ | ᠨᠢ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠶ᠄ | ︵ᠨᠢᠭᠡ︶ ᠭᠤᠶᠤᠴᠢᠯᠠᠭᠳᠠᠭᠴᠢ ᠨᠢ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ | ᠦᠭᠡᠢ ᠭᠡᠵᠦ ᠦᠵᠡᠬᠦ ᠪᠠᠶᠢᠳᠠᠯ ᠳᠤ᠂ ᠭᠤᠶᠤᠴᠢᠯᠠᠭᠴᠢ ᠠᠴᠠ ᠳᠣᠬᠠᠢ ᠶᠢᠨ ᠦᠶ᠎ᠡ ᠳᠤ ᠭᠤᠶᠤᠴᠢᠯᠠᠭᠳᠠᠭᠴᠢ ᠶᠢ | ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠭᠠᠷᠳᠠᠵᠤ ᠪᠠᠶᠢᠭᠰᠠᠨ ᠴᠦ | ᠭᠤᠶᠤᠴᠢᠯᠠᠭᠳᠠᠭᠴᠢ ᠭᠦᠢᠴᠡᠳᠬᠡᠭᠰᠡᠨ ᠦᠭᠡᠢ ᠶᠢ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ︔ | ︵ᠬᠤᠶᠠᠷ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠦᠶ᠎ᠡ ᠳᠤ ᠬᠠᠮᠲᠤ ᠳᠤᠨᠢ | ᠵᠠᠰᠠᠭ ᠵᠠᠬᠢᠷᠭᠠᠨ ᠤ ᠲᠥᠯᠥᠪᠦᠷᠢ ᠶᠢᠨ ᠭᠤᠶᠤᠴᠢᠯᠠᠯ ᠭᠠᠷᠭᠠᠭᠰᠠᠨ ᠪᠠᠶᠢᠪᠠᠯ᠂ ᠭᠤᠶᠣᠴᠢᠯᠠᠭᠴᠢ ᠠᠴᠠ ᠪᠣᠳᠠᠲᠠᠶ | ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠬᠥᠨᠥᠭᠡᠯ ᠢ ᠬᠦᠷᠲᠡᠭᠰᠡᠨ ᠠᠴᠠ ᠪᠣᠯᠤᠭᠰᠠᠨ ᠬᠤᠬᠢᠷᠠᠯ ᠤᠨ ᠭᠡᠷᠡᠴᠢ | ᠮᠠᠲ᠋ᠧᠷᠢᠶᠠᠯ ᠢ ᠬᠠᠩᠭᠠᠬᠤ ᠬᠡᠷᠡᠭᠲᠡᠢ︔ | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠭᠤᠶᠤᠴᠢᠯᠠᠭᠴᠢ ᠠᠴᠠ ᠭᠡᠷᠡᠴᠢ | ᠮᠠᠲ᠋ᠧᠷᠢᠶᠠᠯ ᠬᠠᠩᠭᠠᠬᠤ ᠴᠢᠬᠤᠯᠠᠲᠠᠶ ᠪᠤᠰᠤᠳ ᠪᠠᠶᠢᠳᠠᠯ᠃ | ᠬᠤᠷᠢᠨ ᠬᠤᠶᠠᠳᠤᠭᠠᠷ ᠵᠣᠷᠪᠣᠰ᠂ ᠭᠤᠶᠤᠴᠢᠯᠠᠭᠴᠢ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ | ᠭᠤᠶᠤᠴᠢᠯᠠᠯ ᠭᠠᠷᠭᠠᠬᠤ ᠦᠶ᠎ᠡ ᠳᠤ ᠭᠤᠶᠣᠴᠢᠯᠠᠬᠳᠠᠬᠴᠢ ᠶᠢ ᠪᠤᠷᠤᠭᠤ ᠵᠢᠭᠰᠠᠭᠠᠬᠤ ᠪᠠᠶᠢᠳᠠᠯ ᠳᠤ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠭᠤᠶᠤᠴᠢᠯᠠᠭᠴᠢ ᠳᠤ ᠭᠤᠶᠤᠴᠢᠯᠠᠭᠳᠠᠭᠴᠢ ᠶᠢ ᠬᠤᠪᠢᠷᠠᠭᠤᠯᠬᠤ ᠶᠢ | ᠮᠡᠳᠡᠭᠳᠡᠬᠦ ᠬᠡᠷᠡᠭᠲᠡᠶ᠃ | ᠬᠤᠷᠢᠨ ᠭᠤᠷᠪᠠᠳᠤᠭᠠᠷ ᠵᠣᠷᠪᠣᠰ᠂ ᠭᠤᠶᠤᠴᠢᠯᠠᠭᠴᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ | ᠬᠤᠶᠠᠷ ᠠᠴᠠ ᠳᠡᠭᠡᠭᠰᠢᠬᠢ ᠰᠠᠯᠠᠭ᠎ᠠ ᠮᠥᠴᠢᠷ ᠬᠠᠮᠲᠤ ᠪᠠᠷ ᠬᠢᠭᠰᠡᠨ ᠪᠣᠳᠠᠲᠠᠶ ᠵᠠᠰᠠᠭ ᠵᠠᠬᠢᠷᠭᠠᠨ ᠤ ᠤᠢᠢᠯᠠ | ᠠᠵᠢᠯᠯᠠᠭ᠎ᠠ ᠶᠢ ᠵᠥᠪᠰᠢᠶᠡᠷᠡᠬᠦ ᠤᠢᠭᠡᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠠᠷᠪᠠᠨ | ᠳᠥᠷᠪᠡᠳᠦᠭᠡᠷ ᠵᠣᠷᠪᠣᠰ ᠤᠨ ᠲᠣᠭᠲᠠᠭᠠᠯ ᠶᠣᠰᠣᠭᠠᠷ᠂ ᠲᠡᠭᠦᠨ ᠤ ᠳᠣᠲᠣᠷᠠᠬᠢ ᠠᠯᠢ ᠴᠤ ᠨᠢᠭᠡ ᠲᠦᠷᠦ ᠶᠢᠨ | ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦᠯᠬᠦ ᠭᠤᠶᠤᠴᠢᠯᠠᠯ ᠢ | ᠭᠠᠷᠭᠠᠵᠤ ᠪᠣᠯᠤᠨ᠎ᠠ᠂ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠬᠢᠭᠰᠡᠨ ᠲᠥᠷᠦ ᠶᠢᠨ ᠶᠠᠪᠤᠳᠠᠯ ᠤᠨ ᠬᠤᠷᠢᠶ᠎ᠠ ᠶᠢᠨ | ᠰᠠᠯᠠᠭ᠎ᠠ ᠮᠥᠴᠢᠷ ᠠᠴᠠ ᠬᠠᠮᠲᠤᠷᠠᠨ ᠵᠠᠰᠠᠭ ᠵᠠᠬᠢᠷᠭᠠᠨ ᠤ ᠳᠠᠬᠢᠨ ᠵᠦᠪᠯᠡᠭᠰᠡᠨ ᠰᠢᠢᠳᠪᠦᠷᠢ ᠭᠠᠷᠭᠠᠨ᠎ᠠ᠃ | ᠬᠤᠷᠢᠨ ᠳᠥᠷᠪᠡᠳᠦᠭᠡᠷ ᠵᠣᠷᠪᠣᠰ᠂ ᠭᠤᠶᠤᠴᠢᠯᠠᠭᠴᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠪᠠᠷ | ᠵᠥᠪᠰᠢᠶᠡᠷᠡᠭᠦᠯᠦᠭᠡᠳ ᠮᠤᠵᠢ ᠶᠢᠨ ᠱᠠᠲᠤᠨ ᠠᠴᠠ ᠳᠣᠷᠣᠭᠰᠢᠬᠢ ᠰᠢᠭᠤᠳ ᠤᠳᠤᠷᠢᠳᠤᠯᠭ᠎ᠠ ᠶᠢ ᠬᠡᠷᠡᠭᠵᠢᠭᠦᠯᠵᠦ | ᠪᠠᠶᠢᠭ᠎ᠠ ᠰᠠᠯᠠᠭ᠎ᠠ ᠮᠥᠴᠢᠷ ᠠᠴᠠ ᠭᠠᠷᠭᠠᠭᠰᠠᠨ ᠵᠠᠰᠠᠭ ᠵᠠᠬᠢᠷᠭᠠᠨ ᠤ ᠪᠣᠳᠠᠲᠠᠶ ᠤᠢᠢᠯᠠ ᠠᠵᠢᠯᠯᠠᠭ᠎ᠠ ᠶᠢ ᠵᠥᠪᠰᠢᠶᠡᠷᠡᠬᠦ | ᠤᠢᠭᠡᠢ ᠪᠠᠶᠢᠪᠠᠯ᠂ ᠲᠤᠰ ᠰᠠᠯᠠᠭ᠎ᠠ ᠮᠥᠴᠢᠷ ᠤᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠷ᠎ᠡ | ᠨᠢᠭᠡ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦᠯᠬᠦ | ᠭᠤᠶᠤᠴᠢᠯᠠᠯ ᠭᠠᠷᠭᠠᠨ᠎ᠠ︔ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠠᠰᠲᠠᠭᠠᠨ | ᠲᠣᠭᠲᠠᠭᠠᠯ ᠲᠠᠢ ᠪᠠᠶᠢᠪᠠᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠲᠣᠭᠲᠠᠭᠠᠯ | ᠶᠣᠰᠣᠭᠠᠷ ᠰᠢᠢᠳᠪᠦᠷᠢᠯᠡᠬᠦ ᠬᠡᠷᠡᠭᠲᠡᠶ᠃ | ᠬᠤᠷᠢᠨ ᠲᠠᠪᠤᠳᠤᠭᠠᠷ ᠵᠣᠷᠪᠣᠰ᠂ ᠭᠤᠶᠤᠴᠢᠯᠠᠭᠴᠢ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ | ᠭᠤᠴᠢᠳᠤᠭᠠᠷ ᠵᠣᠷᠪᠣᠰ ᠤᠨ ᠬᠤᠶᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠢᠶᠠᠷ ᠲᠠᠬᠢᠨ | ᠵᠥᠪᠯᠡᠭᠦᠯᠬᠦ ᠪᠠᠷ ᠭᠤᠶᠤᠴᠢᠯᠠᠬᠤ ᠳᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠭᠤᠶᠤᠴᠢᠯᠠᠯ ᠭᠠᠷᠭᠠᠵᠤ | ᠪᠣᠯᠤᠨ᠎ᠠ᠃ | ᠬᠤᠷᠢᠨ ᠵᠢᠷᠭᠤᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠳᠣᠯᠣᠳᠤᠭᠠᠷ | ᠵᠣᠷᠪᠣᠰ ᠤᠨ ᠲᠣᠭᠲᠠᠭᠠᠯ ᠶᠣᠰᠣᠭᠠᠷ᠂ ᠭᠤᠶᠤᠴᠢᠯᠠᠭᠴᠢ ᠠᠴᠠ ᠵᠠᠰᠠᠭ ᠵᠠᠬᠢᠷᠭᠠᠨ ᠤ ᠪᠣᠳᠠᠲᠠᠶ ᠦᠢᠯᠡ | ᠠᠵᠢᠯᠯᠠᠭ᠎ᠠ ᠶᠢᠨ ᠦᠨᠳᠦᠰᠦ ᠪᠠᠷᠢᠮᠲᠠ ᠪᠣᠯᠭᠠᠭᠰᠠᠨ ᠲᠣᠭᠲᠠᠭᠠᠯ ᠨᠢ ᠬᠠᠤᠯᠢ ᠶᠣᠰᠣᠨ ᠤ ᠪᠤᠰᠤ ᠭᠡᠵᠦ ᠦᠵᠡᠪᠡᠯ᠂ | ᠲᠣᠰ ᠵᠠᠰᠠᠭ ᠵᠠᠬᠢᠷᠭᠠᠨ ᠤ ᠪᠣᠳᠠᠲᠠᠶ ᠤᠢᠢᠯᠠ ᠠᠵᠢᠯᠯᠠᠭ᠎ᠠ ᠶᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ | ᠭᠤᠶᠤᠴᠢᠯᠠᠬᠤ ᠦᠶ᠎ᠡ ᠳᠤ ᠬᠠᠮᠲᠤ ᠳᠤᠨᠢ ᠳᠣᠷᠠᠳᠣᠵᠦ᠂ ᠲᠤᠰ ᠲᠣᠭᠲᠠᠭᠠᠯ ᠢ ᠬᠢᠨᠠᠨ ᠪᠠᠶᠢᠴᠠᠭᠠᠬᠤ ᠭᠤᠶᠤᠴᠢᠯᠠᠯ | ᠭᠠᠷᠭᠠᠵᠤ ᠪᠣᠯᠤᠨ᠎ᠠ︔ ᠭᠤᠶᠤᠴᠢᠯᠠᠭᠴᠢ ᠨᠢ ᠵᠠᠰᠠᠭ ᠵᠠᠬᠢᠷᠭᠠᠨ ᠤ ᠪᠣᠳᠠᠲᠠᠶ ᠤᠢᠢᠯᠠ ᠠᠵᠢᠯᠯᠠᠭ᠎ᠠ ᠶᠢ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠬᠤ ᠦᠶ᠎ᠡ ᠳᠤ ᠬᠠᠷᠠᠬᠠᠨ ᠲᠤᠰ ᠵᠠᠰᠠᠭ ᠵᠠᠬᠢᠷᠭᠠᠨ ᠤ | ᠪᠣᠳᠠᠲᠠᠶ ᠦᠢᠯᠡ ᠠᠵᠢᠯᠯᠠᠭ᠎ᠠ ᠶᠢᠨ ᠦᠨᠳᠦᠰᠦᠯᠡᠭᠰᠡᠨ ᠲᠣᠭᠲᠠᠭᠠᠯ ᠢ ᠮᠡᠳᠡᠬᠦ ᠦᠭᠡᠢ ᠪᠠᠶᠢᠪᠠᠯ᠂ ᠵᠠᠰᠠᠭ ᠵᠠᠬᠢᠷᠭᠠᠨ ᠤ | ᠳᠠᠬᠢᠨ ᠵᠦᠪᠯᠡᠬᠦ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠠᠷᠭᠠᠬᠤ ᠠᠴᠠ ᠡᠮᠦᠨ᠎ᠡ᠂ | ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠳᠤ ᠲᠤᠰ ᠲᠣᠭᠲᠠᠭᠠᠯ ᠢ ᠬᠢᠨᠠᠨ ᠪᠠᠶᠢᠴᠠᠭᠠᠬᠤ ᠭᠤᠶᠤᠴᠢᠯᠠᠯ | ᠭᠠᠷᠭᠠᠵᠤ ᠪᠣᠯᠤᠨ᠎ᠠ᠃ | ᠭᠤᠷᠪᠠᠳᠤᠭᠠᠷ ᠪᠦᠯᠦᠭ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢ ᠭᠥᠯᠢᠶᠡᠨ ᠠᠪᠴᠤ | ᠰᠢᠢᠳᠪᠦᠷᠢᠯᠡᠬᠦ | ᠬᠤᠷᠢᠨ ᠳᠣᠯᠣᠳᠤᠭᠠᠷ ᠵᠣᠷᠪᠣᠰ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠨᠢ | ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ ᠭᠤᠶᠤᠴᠢᠯᠠᠯ ᠢᠶᠠᠨ ᠳᠤᠷᠠᠳᠴᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠪᠠ ᠲᠣᠰ ᠲᠥᠷᠢᠮ ᠳᠤ | ᠲᠣᠭᠲᠠᠭᠠᠭᠰᠠᠨ ᠭᠤᠶᠤᠴᠢᠯᠠᠬᠤ ᠨᠥᠬᠦᠴᠡᠯ ᠳᠤ ᠨᠡᠶᠢᠴᠡᠬᠦ ᠦᠭᠡᠢ ᠪᠠᠶᠢᠳᠠᠯ ᠠᠴᠠ ᠪᠣᠰᠣᠳ ᠢ ᠨᠢ ᠵᠠᠰᠠᠭ ᠵᠠᠬᠢᠷᠭᠠᠨ ᠤ | ᠳᠠᠬᠢᠨ ᠵᠥᠪᠯᠡᠬᠦ ᠪᠠᠶᠢᠭᠤᠯᠭ᠎ᠠ ᠠᠴᠠ ᠡᠷᠬᠡᠪᠰᠢ ᠬᠦᠯᠢᠶᠡᠨ ᠠᠪᠬᠤ ᠬᠡᠷᠡᠭᠲᠡᠶ᠃ | ᠬᠤᠷᠢᠨ ᠨᠠᠢᠮᠠᠳᠤᠭᠠᠷ ᠵᠣᠷᠪᠣᠰ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠨᠢ ᠳᠣᠣᠷ᠎ᠠ | ᠵᠢᠭᠰᠠᠭᠠᠭᠰᠠᠨ ᠲᠣᠭᠲᠠᠭᠠᠯ ᠤᠳ ᠲᠤ ᠨᠡᠶᠢᠴᠡᠭᠰᠡᠨ ᠪᠠᠶᠢᠪᠠᠯ ᠬᠦᠯᠢᠶᠡᠨ ᠠᠪᠬᠤ ᠬᠡᠷᠡᠭᠲᠡᠶ᠄ | ︵ᠨᠢᠭᠡ︶ ᠲᠣᠳᠣᠷᠬᠠᠶ ᠭᠤᠶᠤᠴᠢᠯᠠᠭᠴᠢ ᠲᠠᠢ ᠪᠠᠶᠢᠬᠤ ᠪᠥᠭᠡᠳ ᠲᠣᠭᠲᠠᠭᠠᠯ ᠳᠤ ᠨᠡᠶᠢᠴᠡᠭᠰᠡᠨ | ᠭᠤᠶᠤᠴᠢᠯᠠᠭᠳᠠᠭᠴᠢ ᠲᠠᠢ ᠪᠠᠶᠢᠬᠤ︔ | ︵ᠬᠤᠶᠠᠷ︶ ᠭᠤᠶᠤᠴᠢᠯᠠᠭᠴᠢ ᠨᠢ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠯᠤᠭ᠎ᠠ ᠠᠰᠢᠭ | ᠬᠤᠣᠷ ᠤᠨ ᠬᠠᠷᠢᠴᠠᠭ᠎ᠠ ᠲᠠᠢ ᠪᠠᠶᠢᠬᠤ︔ | ︵ᠭᠤᠷᠪᠠ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠣᠳᠠᠲᠠᠶ ᠭᠤᠶᠤᠴᠢᠯᠠᠯ ᠪᠠ ᠤᠴᠢᠷ | ᠰᠢᠯᠲᠠᠭᠠᠨ ᠲᠠᠢ ᠪᠠᠶᠢᠬᠤ︔ | ︵ᠳᠥᠷᠪᠡ︶ ᠬᠠᠣᠯᠢ ᠪᠠᠷ ᠲᠣᠭᠲᠠᠭᠠᠭᠰᠠᠨ ᠭᠤᠶᠤᠴᠢᠯᠠᠯ ᠤᠨ ᠴᠠᠭ ᠬᠤᠭᠤᠴᠠᠭ᠎ᠠ ᠶᠢᠨ ᠳᠣᠲᠣᠷ᠎ᠠ | ᠳᠤᠷᠠᠳᠤᠭᠰᠠᠨ ᠪᠠᠶᠢᠬᠤ︔ | ︵ᠲᠠᠪᠤ︶ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠣᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠳᠠᠬᠢᠨ | ᠵᠥᠪᠯᠡᠬᠦ ᠬᠦᠷᠢᠶ᠎ᠡ ᠬᠡᠪᠴᠢᠶ᠎ᠡ ᠳᠤ ᠬᠠᠷᠢᠶᠠᠯᠠᠭᠳᠠᠭᠰᠠᠨ ᠪᠠᠶᠢᠬᠤ︔ | ︵ᠵᠢᠷᠭᠤᠭ᠎ᠠ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠣᠯᠤᠭᠰᠠᠨ ᠵᠠᠰᠠᠭ ᠵᠠᠬᠢᠷᠭᠠᠨ ᠤ | ᠳᠠᠬᠢᠨ ᠵᠥᠪᠯᠡᠬᠦ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶ᠎ᠡ ᠳᠤ ᠪᠠᠶᠢᠬᠤ︔ | ︵ᠲᠤᠯᠤᠭ᠎ᠠ︶ ᠪᠤᠰᠤᠳ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠠᠴᠠ ᠠᠳᠠᠯᠢ ᠨᠢᠭᠡᠨ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠬᠠᠷᠠᠬᠠᠨ ᠬᠦᠯᠢᠶᠡᠨ ᠠᠪᠣᠬᠰᠡᠨ ᠦᠭᠡᠢ᠂ ᠠᠷᠠᠳ ᠤᠨ ᠰᠢᠭᠦᠬᠦ | ᠬᠤᠷᠢᠶ᠎ᠠ ᠠᠳᠠᠯᠢ ᠨᠢᠭᠡᠨ ᠭᠤᠣᠯ ᠴᠣᠭᠴᠠ ᠶᠢ ᠬᠠᠷᠠᠬᠠᠨ ᠬᠦᠯᠢᠶᠡᠨ ᠠᠪᠣᠬᠰᠡᠨ ᠦᠭᠡᠢ ᠪᠣᠯ ᠠᠳᠠᠯᠢ ᠨᠢᠭᠡᠨ | ᠶᠠᠪᠤᠳᠠᠯ ᠳᠤ ᠵᠠᠰᠠᠭ ᠵᠠᠬᠢᠷᠭᠠᠨ ᠤ ᠵᠠᠷᠭᠤ ᠬᠢᠨ᠎ᠡ᠃ | ᠬᠤᠷᠢ ᠶᠢᠰᠦᠳᠦᠭᠡᠷ ᠵᠣᠷᠪᠣᠰ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠮᠠᠲ᠋ᠧᠷᠢᠶᠠᠯ | ᠨᠢ ᠪᠦᠷᠢᠨ ᠭᠦᠢᠴᠡᠳ ᠦᠭᠡᠢ ᠪᠤᠶᠤ ᠲᠣᠭᠠᠴᠢᠭᠰᠠᠨ ᠨᠢ ᠨᠠᠷᠢᠨ ᠲᠣᠳᠣᠷᠬᠠᠶ ᠥᠬᠡᠶ ᠪᠠᠶᠢᠪᠠᠯ᠂ ᠵᠠᠰᠠᠭ ᠵᠠᠬᠢᠷᠭᠠᠨ ᠤ | ᠳᠠᠬᠢᠨ ᠵᠥᠪᠯᠡᠬᠦ ᠪᠠᠶᠢᠭᠤᠯᠤᠮᠵᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠣᠯᠵᠤ ᠠᠪᠤᠭᠰᠠᠨ | ᠡᠳᠦᠷ ᠠᠴᠠ ᠡᠬᠢᠯᠡᠨ 5 ᠡᠳᠦᠷ ᠤᠨ ᠳᠣᠲᠣᠷ᠎ᠠ ᠨᠥᠬᠦᠵᠦ ᠵᠠᠯᠠᠷᠠᠭᠤᠯᠬᠤ ᠶᠢ ᠭᠤᠶᠤᠴᠢᠯᠠᠭᠴᠢ ᠳᠤ ᠪᠢᠴᠢᠭ ᠢᠶᠠᠷ | ᠮᠡᠳᠡᠭᠳᠡᠬᠦ ᠬᠡᠷᠡᠭᠲᠡᠶ᠃ ᠨᠥᠬᠦᠪᠥᠷᠢᠯᠡᠵᠦ ᠵᠠᠯᠠᠷᠠᠭᠤᠯᠬᠤ ᠮᠡᠳᠡᠭᠳᠡᠯ ᠨᠢ ᠨᠥᠬᠦᠪᠥᠷᠢᠯᠡᠵᠦ ᠵᠠᠯᠠᠷᠠᠭᠤᠯᠬᠤ ᠴᠢᠬᠤᠯᠠᠲᠠᠶ | ᠵᠦᠢᠯᠡᠰ ᠢ ᠪᠠ ᠵᠦᠢ ᠵᠣᠬᠢᠰᠲᠠᠶ ᠨᠥᠬᠦᠪᠥᠷᠢᠯᠡᠵᠦ ᠵᠠᠯᠠᠷᠠᠭᠤᠯᠬᠤ ᠴᠠᠭ ᠬᠤᠭᠤᠴᠠᠭ᠎ᠠ ᠶᠢ ᠲᠣᠳᠣᠷᠬᠠᠶᠢᠯᠠᠨ᠎ᠠ᠃ ᠵᠦᠢ | ᠶᠣᠰᠣᠨ ᠤ ᠤᠴᠢᠷ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠨᠥᠬᠦᠪᠥᠷᠢᠯᠡᠨ ᠵᠠᠯᠠᠷᠠᠭᠤᠯᠬᠤ ᠦᠭᠡᠢ | ᠪᠠᠶᠢᠪᠠᠯ᠂ ᠭᠤᠶᠤᠴᠢᠯᠠᠭᠴᠢ ᠠᠴᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠬᠤ ᠪᠠᠨ | ᠳᠠᠶᠠᠬᠳᠠᠬᠰᠡᠨ ᠭᠡᠵᠦ ᠦᠵᠡᠨ᠎ᠡ᠃ ᠭᠤᠶᠤᠴᠢᠯᠠᠯ ᠤᠨ ᠮᠠᠲ᠋ᠧᠷᠢᠶᠠᠯ ᠢᠶᠠᠨ ᠨᠥᠬᠦᠪᠥᠷᠢᠯᠡᠵᠦ ᠵᠠᠯᠠᠷᠠᠭᠤᠯᠬᠤ ᠳᠤ | ᠬᠡᠷᠡᠭᠯᠡᠭᠰᠡᠨ ᠴᠠᠭ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠶᠢᠨ ᠰᠢᠭᠦᠬᠦ ᠬᠤᠭᠤᠴᠠᠭ᠎ᠠ ᠶᠢ ᠪᠤᠳᠤᠵᠤ ᠣᠷᠣᠭᠤᠯᠬᠤ | ᠥᠬᠡᠶ᠃ | ᠭᠤᠴᠢᠳᠤᠭᠠᠷ ᠵᠣᠷᠪᠣᠰ᠂ ᠭᠤᠶᠤᠴᠢᠯᠠᠭᠴᠢ ᠨᠢ ᠠᠳᠠᠯᠢ ᠨᠢᠭᠡᠨ ᠬᠡᠷᠡᠭ ᠶᠠᠪᠤᠳᠠᠯ ᠤᠨ ᠲᠤᠬᠠᠶ ᠬᠤᠶᠠᠷ ᠪᠤᠶᠤ | ᠬᠤᠶᠠᠷ ᠠᠴᠠ ᠳᠡᠭᠡᠭᠰᠢᠬᠢ ᠬᠦᠯᠢᠶᠡᠨ ᠠᠪᠬᠤ ᠡᠷᠬᠡ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢ ᠭᠤᠶᠤᠴᠢᠯᠠᠬᠤ ᠳᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ | ᠭᠤᠶᠤᠴᠢᠯᠠᠯ ᠤᠨ ᠪᠢᠴᠢᠭ ᠢ ᠬᠠᠮᠤᠭ ᠤᠨ ᠲᠦᠷᠦᠭᠦᠨ ᠳᠤ ᠣᠯᠵᠤ ᠠᠪᠤᠭᠰᠠᠨ ᠵᠠᠰᠠᠭ ᠵᠠᠬᠢᠷᠭᠠᠨ ᠤ | ᠪᠠᠶᠢᠭᠤᠯᠭ᠎ᠠ ᠠᠴᠠ ᠬᠦᠯᠢᠶᠡᠨ ᠠᠪᠴᠤ ᠰᠢᠢᠳᠪᠦᠷᠢᠯᠡᠨ᠎ᠡ︔ ᠬᠠᠮᠲᠤ ᠳᠠᠭᠠᠨ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ ᠭᠤᠶᠤᠴᠢᠯᠠᠯ ᠢ ᠣᠯᠵᠤ ᠠᠪᠤᠭᠰᠠᠨ ᠪᠠᠶᠢᠪᠠᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ | ᠭᠤᠶᠤᠴᠢᠯᠠᠯ ᠢ ᠣᠯᠤᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠨᠢ 10 ᠡᠳᠦᠷ ᠤᠨ ᠳᠣᠲᠣᠷ᠎ᠠ ᠵᠥᠪᠳᠡᠯᠴᠡᠵᠦ | ᠲᠣᠭᠲᠠᠭᠠᠨ᠎ᠠ︔ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ ᠲᠡᠳᠡᠨ ᠤ ᠬᠠᠮᠲᠤ ᠶᠢᠨ ᠳᠡᠭᠡᠷ᠎ᠡ ᠨᠢᠭᠡ ᠱᠠᠲᠤᠨ ᠤ | ᠵᠠᠰᠠᠭ ᠵᠠᠬᠢᠷᠭᠠᠨ ᠤ ᠪᠠᠶᠢᠭᠤᠯᠭ᠎ᠠ ᠨᠢ 10 ᠡᠳᠦᠷ ᠤᠨ ᠳᠣᠲᠣᠷ᠎ᠠ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ | ᠶᠢ ᠵᠢᠭᠠᠨ ᠲᠤᠭᠲᠠᠭᠠᠨ᠎ᠠ᠃ ᠵᠥᠪᠳᠡᠯᠴᠡᠨ ᠲᠣᠭᠲᠠᠭᠠᠬᠤ ᠪᠤᠶᠤ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ | ᠶᠢ ᠵᠢᠭᠠᠵᠤ ᠲᠤᠭᠲᠠᠭᠠᠬᠤ ᠳᠤ ᠬᠡᠷᠡᠭᠯᠡᠭᠰᠡᠨ ᠴᠠᠭ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠶᠢᠨ ᠰᠢᠭᠦᠬᠦ | ᠬᠤᠭᠤᠴᠠᠭ᠎ᠠ ᠳᠤ ᠣᠷᠣᠭᠤᠯᠵᠤ ᠪᠤᠳᠤᠬᠤ ᠦᠭᠡᠢ᠃ | ᠭᠤᠴᠢᠨ ᠨᠢᠭᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠬᠠᠤᠯᠢ ᠶᠢᠨ ᠬᠤᠷᠢᠳᠤᠭᠠᠷ | ᠵᠣᠷᠪᠣᠰ ᠤᠨ ᠲᠣᠭᠲᠠᠭᠠᠯ ᠶᠣᠰᠣᠭᠠᠷ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ | ᠬᠦᠯᠢᠶᠡᠨ ᠠᠪᠬᠤ ᠦᠭᠡᠢ ᠤᠴᠢᠷ ᠰᠢᠯᠲᠠᠭᠠᠨ ᠨᠢ ᠲᠣᠭᠲᠠᠵᠤ ᠴᠢᠳᠠᠬᠤ ᠦᠭᠡᠢ ᠭᠡᠵᠦ ᠦᠵᠡᠪᠡᠯ᠂ ᠤᠷᠢᠳᠠᠪᠠᠷ | ᠲᠡᠭᠦᠨ ᠢ ᠰᠢᠪᠠᠳᠠᠵᠤ ᠪᠠᠶᠢᠭᠠᠳ ᠬᠦᠯᠢᠶᠡᠨ ᠠᠪᠣᠭᠤᠯᠬᠤ ᠬᠡᠷᠡᠭᠲᠡᠶ︔ ᠰᠢᠪᠠᠳᠠᠭᠰᠠᠨ ᠪᠠᠶᠢᠲᠠᠯ᠎ᠠ ᠮᠥᠨ ᠬᠦ ᠬᠦᠯᠢᠶᠡᠨ | ᠠᠪᠬᠤ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠬᠦᠯᠢᠶᠡᠨ ᠠᠪᠣᠭᠤᠯᠬᠤ ᠬᠡᠷᠡᠭᠲᠡᠶ᠂ | ᠴᠢᠬᠤᠯᠠ ᠲᠠᠢ ᠦᠶ᠎ᠡ ᠳᠤ ᠰᠢᠭᠤᠳ ᠬᠦᠯᠢᠶᠡᠨ ᠠᠪᠴᠤ ᠪᠣᠯᠤᠨ᠎ᠠ︔ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ | ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠬᠦᠯᠢᠶᠡᠨ ᠠᠪᠬᠤ ᠨᠥᠬᠦᠴᠡᠯ ᠳᠤ ᠨᠡᠶᠢᠴᠡᠬᠦ ᠦᠭᠡᠢ ᠭᠡᠵᠦ ᠦᠵᠡᠪᠡᠯ | ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃ | ᠳᠥᠷᠪᠡᠳᠦᠭᠡᠷ ᠪᠦᠯᠦᠭ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ | ᠭᠤᠴᠢᠨ ᠬᠤᠶᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠠᠰᠠᠭ | ᠵᠠᠬᠢᠷᠭᠠᠨ ᠠᠴᠠ ᠳᠠᠬᠢᠨ ᠵᠥᠪᠯᠡᠭᠦᠯᠬᠦ ᠬᠡᠷᠡᠭ ᠢ ᠬᠢᠨᠠᠨ ᠰᠢᠭᠦᠬᠦ ᠳᠤ 2 ᠠᠴᠠ ᠳᠡᠭᠡᠭᠰᠢ ᠵᠠᠰᠠᠭ ᠵᠠᠬᠢᠷᠭᠠᠨ ᠤ ᠳᠠᠬᠢᠨ | ᠵᠥᠪᠯᠡᠬᠦ ᠠᠵᠢᠯᠲᠠᠨ ᠣᠷᠣᠯᠴᠠᠬᠤ ᠬᠡᠷᠡᠭᠲᠡᠶ᠃ | ᠭᠤᠴᠢᠨ ᠭᠤᠷᠪᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠴᠢᠬᠤᠯᠠ ᠲᠠᠢ | ᠭᠡᠵᠦ ᠦᠵᠡᠭᠰᠡᠨ ᠦᠶ᠎ᠡ ᠳᠤ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠭᠡᠷᠡᠴᠢ ᠪᠠᠷᠢᠮᠲᠠ ᠶᠢ ᠬᠢᠨᠠᠨ | ᠮᠠᠭᠠᠳᠯᠠᠬᠤ ᠬᠡᠷᠡᠭᠲᠡᠶ︔ ᠴᠢᠬᠤᠯᠠ ᠶᠡᠭᠡ᠂ ᠨᠠᠷᠢᠨ ᠪᠤᠳᠤᠯᠢᠶᠠᠨᠲᠠᠶ ᠬᠡᠷᠡᠭ ᠢ ᠭᠤᠶᠤᠴᠢᠯᠠᠭᠴᠢ ᠱᠠᠭᠠᠷᠳᠠᠯᠭ᠎ᠠ | ᠳᠤᠷᠠᠳᠤᠭᠰᠠᠨ ᠪᠤᠶᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠴᠢᠬᠤᠯᠠ ᠲᠠᠢ ᠭᠡᠵᠦ ᠦᠵᠡᠭᠰᠡᠨ | ᠦᠶ᠎ᠡ ᠳᠤ ᠭᠡᠷᠡᠴᠢᠯᠡᠭᠡ ᠰᠣᠨᠣᠰᠬᠤ ᠠᠷᠭ᠎ᠠ ᠮᠠᠶ᠋ᠢᠭ ᠢ ᠠᠪᠴᠤ ᠰᠢᠭᠦᠨ ᠰᠢᠢᠳᠪᠦᠷᠢᠯᠡᠬᠦ ᠬᠡᠷᠡᠭᠲᠡᠶ᠃ | ᠭᠤᠴᠢᠨ ᠳᠥᠷᠪᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠨᠢ ᠬᠤᠯᠪᠣᠭᠳᠠᠯ | ᠪᠦᠬᠦᠢ ᠵᠣᠬᠢᠶᠠᠨ ᠪᠠᠶᠢᠭᠤᠯᠤᠯᠲᠠ ᠪᠠ ᠬᠥᠮᠦᠰ ᠠᠴᠠ ᠪᠠᠶᠢᠴᠠᠭᠠᠵᠤ ᠭᠡᠷᠡᠴᠢ ᠠᠪᠠᠨ᠋ᠥ ᠦᠶᠡᠰ ᠲᠤ ᠬᠤᠯᠪᠣᠭᠳᠠᠯ | ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠪᠠᠶᠢᠴᠠᠭᠠᠨ ᠦᠵᠡᠬᠦ᠂ ᠺᠣᠫᠢᠳᠠᠬᠤ᠂ ᠰᠢᠯᠵᠢᠭᠦᠯᠦᠨ ᠠᠪᠠᠴᠢᠵᠤ᠂ | ᠬᠤᠯᠪᠣᠭᠳᠠᠯ ᠪᠦᠬᠦᠢ ᠬᠥᠮᠦᠰ ᠠᠴᠠ ᠠᠰᠠᠭᠤᠨ ᠯᠠᠪᠯᠠᠵᠤ ᠪᠣᠯᠤᠨ᠎ᠠ᠃ | ᠪᠠᠶᠢᠴᠠᠭᠠᠵᠤ ᠭᠡᠷᠡᠴᠢ ᠠᠪᠠᠨ᠋ᠥ ᠦᠶᠡᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠨᠢ 2 | ᠬᠥᠮᠦᠨ ᠠᠴᠠ ᠳᠤᠲᠠᠭᠤ ᠪᠠᠶᠢᠵᠤ ᠪᠣᠯᠬᠤ ᠦᠭᠡᠢ᠂ ᠲᠡᠭᠦᠨᠴᠢᠯᠡᠨ ᠲᠤᠬᠠᠶ ᠶᠢᠨ ᠬᠥᠮᠦᠨ ᠪᠤᠶᠤ ᠬᠤᠯᠪᠣᠭᠳᠠᠯ ᠪᠦᠬᠦᠢ | ᠬᠥᠮᠦᠰ ᠲᠤ ᠭᠡᠷᠡᠴᠢ ᠲᠡᠮᠳᠡᠭ ᠢᠶᠠᠨ ᠭᠠᠷᠭᠠᠵᠤ ᠦᠵᠡᠭᠦᠯᠬᠦ ᠬᠡᠷᠡᠭᠲᠡᠶ᠃ ᠪᠠᠶᠢᠴᠠᠭᠠᠭᠳᠠᠬᠤ ᠨᠢᠭᠡᠴᠡ ᠪᠠ ᠬᠥᠮᠦᠰ ᠨᠢ | ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠤ ᠠᠵᠢᠯ ᠢ ᠬᠠᠮᠵᠢᠯᠴᠠᠬᠤ ᠬᠡᠷᠡᠭᠲᠡᠶ᠂ ᠥᠯᠥ ᠬᠦᠯᠢᠶᠡᠬᠦ ᠪᠤᠶᠤ | ᠬᠠᠷᠰᠢᠯᠠᠵᠤ ᠪᠣᠯᠬᠤ ᠥᠬᠡᠶ᠃ | ᠬᠡᠷᠡᠭ ᠤᠨ ᠲᠠᠯᠠᠪᠠᠢ ᠶᠢ ᠬᠠᠶᠢᠨ ᠰᠢᠯᠭᠠᠬᠤ ᠴᠢᠬᠤᠯᠠᠲᠠᠶ ᠪᠠᠶᠢᠪᠠᠯ᠂ ᠲᠤᠬᠠᠶ ᠶᠢᠨ ᠭᠠᠵᠠᠷ ᠲᠤᠨᠢ ᠬᠠᠶᠢᠨ | ᠰᠢᠨᠵᠢᠬᠦ ᠳᠤ ᠬᠡᠷᠡᠭᠯᠡᠭᠰᠡᠨ ᠴᠠᠭ ᠢ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢᠨ ᠬᠢᠨᠠᠨ ᠰᠢᠭᠦᠬᠦ ᠴᠠᠭ ᠬᠤᠭᠤᠴᠠᠭ᠎ᠠ ᠳᠤ | ᠪᠤᠳᠤᠵᠤ ᠣᠷᠣᠭᠤᠯᠬᠤ ᠦᠭᠡᠢ᠃ | ᠭᠤᠴᠢᠨ ᠲᠠᠪᠤᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠨᠢ ᠭᠤᠶᠤᠴᠢᠯᠠᠭᠴᠢ᠂ | ᠭᠤᠷᠪᠠᠳᠠᠬᠢ ᠬᠥᠮᠦᠨ ᠠᠴᠠ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠳᠤ ᠴᠢᠬᠤᠯᠠ ᠪᠦᠬᠦᠢ | ᠨᠥᠬᠦᠴᠡᠯ ᠢ ᠬᠠᠩᠭᠠᠨ᠎ᠠ᠃ | ᠭᠤᠴᠢᠨ ᠵᠢᠷᠭᠤᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠬᠠᠤᠯᠢ ᠶᠢᠨ ᠠᠷᠪᠠᠨ | ᠳᠥᠷᠪᠡᠳᠦᠭᠡᠷ ᠵᠣᠷᠪᠣᠰ ᠤᠨ ᠲᠣᠭᠲᠠᠭᠠᠯ ᠶᠣᠰᠣᠭᠠᠷ ᠣᠣᠯ ᠤᠨ ᠳᠡᠰ ᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ | ᠬᠡᠷᠡᠭ ᠢ ᠭᠤᠶᠤᠴᠢᠯᠠᠬᠤ ᠳᠤ ᠤᠤᠯ ᠤᠨ ᠵᠠᠰᠠᠭ ᠵᠠᠬᠢᠷᠭᠠᠨ ᠤ ᠪᠣᠳᠠᠲᠠᠶ ᠤᠢᠢᠯᠠ ᠠᠵᠢᠯᠯᠠᠭ᠎ᠠ ᠶᠢᠨ ᠬᠤᠯᠪᠣᠭᠳᠠᠯ | ᠪᠦᠬᠦᠢ ᠵᠦᠢᠯᠡᠰ ᠢ ᠳᠠᠭᠠᠭᠠᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠪᠤᠶᠤ ᠪᠠᠶᠢᠭᠤᠯᠤᠮᠵᠢ ᠠᠴᠠ ᠪᠢᠴᠢᠭ ᠤᠨ | ᠬᠠᠷᠢᠭᠤᠯᠲᠠ ᠥᠭᠴᠦ᠂ ᠵᠠᠰᠠᠭ ᠵᠠᠬᠢᠷᠭᠠᠨ ᠤ ᠪᠣᠳᠠᠲᠠᠶ ᠤᠢᠢᠯᠠ ᠠᠵᠢᠯᠯᠠᠭ᠎ᠠ ᠬᠢᠭᠰᠡᠨ ᠭᠡᠷᠡᠴᠢ᠂ ᠦᠨᠳᠦᠰᠦ ᠪᠠᠷᠢᠮᠲᠠ | ᠪᠣᠯᠤᠨ ᠬᠤᠯᠪᠣᠭᠳᠠᠯ ᠪᠦᠬᠦᠢ ᠪᠤᠰᠤᠳ ᠮᠠᠲ᠋ᠧᠷᠢᠶᠠᠯ ᠢ ᠬᠠᠮᠲᠤᠪᠠᠷ ᠳᠣᠰᠢᠶᠠᠨ᠎ᠠ᠃ | ᠭᠤᠴᠢᠨ ᠳᠣᠯᠣᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠬᠤᠭᠤᠴᠠᠭᠠᠨ ᠳᠤ ᠲᠤᠰᠬᠠᠶ ᠬᠡᠷᠡᠭ | ᠶᠠᠪᠤᠳᠠᠯ ᠳᠤ ᠬᠤᠯᠪᠣᠭᠳᠠᠬᠤ ᠠᠴᠠ ᠬᠢᠨᠠᠨ ᠲᠣᠭᠲᠠᠭᠠᠬᠤ ᠴᠢᠬᠤᠯᠠᠲᠠᠶ ᠪᠣᠯ ᠲᠤᠬᠠᠶ ᠶᠢᠨ ᠬᠥᠮᠦᠨ ᠦᠪᠡᠷᠳᠡᠭᠡᠨ | ᠰᠢᠯᠭᠠᠨ ᠲᠣᠭᠲᠠᠭᠠᠬᠤ ᠪᠠᠶᠢᠭᠤᠯᠤᠮᠵᠢ ᠳᠤ ᠨᠠᠶᠢᠳᠠᠵᠤ ᠰᠢᠯᠭᠠᠨ ᠲᠣᠭᠲᠠᠭᠠᠬᠤ ᠪᠠᠷ ᠭᠤᠶᠤᠴᠢᠯᠠᠵᠤ ᠪᠣᠯᠤᠨ᠎ᠠ᠂ ᠮᠦᠨ | ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠠᠴᠠ ᠰᠢᠯᠭᠠᠨ ᠲᠣᠭᠲᠠᠭᠠᠬᠤ ᠪᠠᠶᠢᠭᠤᠯᠤᠮᠵᠢ ᠳᠤ ᠨᠠᠶᠢᠳᠠᠨ | ᠰᠢᠯᠭᠠᠨ ᠲᠣᠭᠲᠠᠭᠠᠯᠲᠠ ᠬᠢᠵᠦ ᠪᠠᠰᠠ ᠪᠣᠯᠣᠨ᠎ᠠ᠃ ᠰᠢᠯᠭᠠᠨ ᠲᠣᠭᠲᠠᠭᠠᠬᠤ ᠵᠠᠷᠤᠳᠠᠯ ᠢ ᠨᠢ ᠲᠤᠬᠠᠶ ᠶᠢᠨ | ᠬᠥᠮᠦᠨ ᠠᠴᠠ ᠡᠭᠦᠷᠭᠡᠯᠡᠨ᠎ᠡ᠃ ᠬᠢᠨᠠᠨ ᠲᠣᠭᠲᠠᠭᠠᠬᠤ ᠬᠡᠷᠡᠭᠯᠡᠭᠰᠡᠨ ᠴᠠᠭ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ | ᠰᠢᠭᠦᠬᠦ ᠬᠤᠭᠤᠴᠠᠭ᠎ᠠ ᠳᠤ ᠪᠤᠳᠤᠵᠤ ᠣᠷᠣᠭᠤᠯᠬᠤ ᠥᠬᠡᠶ᠃ | ᠭᠤᠴᠢᠨ ᠨᠠᠢᠮᠠᠳᠤᠭᠠᠷ ᠵᠣᠷᠪᠣᠰ᠂ ᠭᠤᠶᠤᠴᠢᠯᠠᠭᠴᠢ ᠨᠢ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ | ᠭᠠᠷᠬᠤ ᠠᠴᠠ ᠡᠮᠦᠨ᠎ᠡ ᠰᠠᠶᠢᠨ ᠳᠤᠷ᠎ᠠ ᠠᠴᠠ ᠪᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ | ᠪᠤᠴᠠᠭᠠᠬᠤ ᠭᠡᠪᠡᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠪᠠᠷ ᠵᠥᠪᠰᠢᠶᠡᠷᠡᠭᠦᠯᠦᠭᠡᠳ ᠪᠤᠴᠠᠭᠠᠨ | ᠠᠪᠴᠤ ᠪᠣᠯᠤᠨ᠎ᠠ᠃ | ᠭᠤᠶᠤᠴᠢᠯᠠᠭᠴᠢ ᠠᠴᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢᠶᠠᠨ ᠪᠤᠴᠠᠭᠠᠭᠰᠠᠨ | ᠪᠠᠶᠢᠪᠠᠯ᠂ ᠳᠠᠭᠢᠵᠤ ᠠᠳᠠᠯᠢ ᠨᠢᠭᠡᠨ ᠪᠣᠳᠠᠲᠤ ᠶᠠᠪᠤᠳᠠᠯ ᠪᠠ ᠤᠴᠢᠷ ᠰᠢᠯᠲᠠᠭᠠᠨ ᠢᠶᠠᠷ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ ᠭᠤᠶᠤᠴᠢᠯᠠᠯ ᠢ ᠭᠠᠷᠭᠠᠵᠤ ᠪᠣᠯᠬᠤ ᠥᠬᠡᠶ᠃ ᠭᠡᠪᠡᠴᠦ ᠭᠤᠶᠤᠴᠢᠯᠠᠭᠴᠢ ᠠᠴᠠ ᠵᠠᠰᠠᠭ ᠵᠠᠬᠢᠷᠭᠠᠨ ᠢᠶᠠᠷ | ᠳᠠᠬᠢᠨ ᠵᠥᠪᠯᠡᠭᠦᠯᠬᠦ ᠭᠤᠶᠤᠴᠢᠯᠠᠯ ᠢ ᠪᠤᠴᠠᠭᠠᠨ ᠠᠪᠴᠤ ᠨᠢ ᠲᠡᠭᠦᠨ ᠤ ᠦᠨᠡᠨ ᠪᠣᠳᠠᠲᠠᠶ ᠰᠠᠨᠠᠭ᠎ᠠ ᠠᠴᠠ | ᠵᠥᠷᠢᠴᠡᠭᠰᠡᠨ ᠭᠡᠳᠡᠭ ᠢ ᠭᠡᠷᠡᠴᠢᠯᠡᠵᠦ ᠴᠢᠳᠠᠪᠠᠯ᠂ ᠡᠭᠦᠨ ᠳᠤ ᠪᠠᠭᠲᠠᠬᠤ ᠦᠭᠡᠢ᠃ | ᠭᠤᠴᠢ ᠶᠢᠰᠦᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ ᠭᠤᠶᠤᠴᠢᠯᠠᠭᠴᠢ | ᠨᠢ ᠤᠭ ᠤᠨ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠤᠪᠢᠷᠠᠭᠤᠯᠬᠤ ᠳᠤ᠂ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ ᠬᠡᠷᠡᠭ ᠢ ᠰᠢᠭᠦᠨ ᠰᠢᠢᠳᠪᠦᠷᠢᠯᠡᠬᠦ ᠶᠢ ᠨᠥᠯᠥᠭᠡᠯᠡᠬᠦ ᠦᠭᠡᠶ᠃ ᠭᠡᠪᠡᠴᠦ ᠭᠤᠶᠤᠴᠢᠯᠠᠭᠴᠢ ᠨᠢ ᠬᠠᠤᠯᠢ | ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠪᠤᠴᠠᠭᠠᠨ ᠠᠪᠬᠤ ᠨᠢ ᠡᠭᠦᠨ ᠳᠤ ᠪᠠᠭᠲᠠᠬᠤ | ᠦᠭᠡᠢ᠃ | ᠳᠥᠴᠢᠳᠦᠭᠡᠷ ᠵᠣᠷᠪᠣᠰ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠳᠤ | ᠲᠣᠭᠲᠠᠭᠠᠭᠰᠠᠨ ᠴᠢᠯᠥᠭᠡᠲᠦ ᠲᠠᠰᠤᠯᠤᠯᠲᠠ ᠶᠢᠨ ᠡᠷᠬᠡ ᠶᠢ ᠬᠡᠷᠡᠭᠵᠢᠭᠦᠯᠵᠦ ᠬᠢᠭᠰᠡᠨ ᠵᠠᠰᠠᠭ ᠵᠠᠬᠢᠷᠭᠠᠨ ᠤ ᠪᠣᠳᠠᠲᠠᠶ | ᠤᠢᠢᠯᠠ ᠠᠵᠢᠯᠯᠠᠭ᠎ᠠ ᠶᠢ ᠵᠥᠪᠰᠢᠶᠡᠷᠡᠬᠦ ᠤᠢᠭᠡᠢ ᠪᠠᠶᠢᠵᠦ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ | ᠭᠠᠷᠭᠠᠭᠰᠠᠨ ᠪᠣᠯ᠂ ᠭᠤᠶᠤᠴᠢᠯᠠᠭᠴᠢ ᠬᠢᠭᠡᠳ ᠭᠤᠶᠤᠴᠢᠯᠠᠭᠳᠠᠭᠴᠢ ᠨᠢ ᠵᠠᠰᠠᠭ ᠵᠠᠬᠢᠷᠭᠠᠨ ᠤ ᠳᠠᠬᠢᠨ ᠵᠥᠪᠯᠡᠭᠰᠡᠨ | ᠰᠢᠢᠳᠪᠦᠷᠢ ᠭᠠᠷᠭᠠᠬᠤ ᠠᠴᠠ ᠡᠮᠦᠨ᠎ᠡ ᠰᠠᠶᠢᠨ ᠳᠤᠷ᠎ᠠ ᠠᠴᠠ ᠪᠠᠨ ᠡᠶᠡᠳᠡᠪᠡᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠤᠮᠵᠢ ᠳᠤ ᠡᠶᠡᠳᠡᠬᠦ ᠪᠠᠷ ᠳᠣᠭᠢᠷᠠᠯᠴᠠᠭᠰᠠᠨ ᠪᠢᠴᠢᠭ ᠤᠨ ᠬᠡᠯᠡᠯᠴᠡᠭᠡᠷ ᠢᠶᠠᠷ ᠲᠤᠰᠢᠶᠠᠬᠤ ᠬᠡᠷᠡᠭᠲᠡᠶ︔ | ᠡᠶᠡᠳᠡᠬᠦ ᠪᠠᠷ ᠳᠣᠭᠢᠷᠠᠯᠴᠠᠭᠰᠠᠨ ᠠᠭᠤᠯᠭ᠎ᠠ ᠨᠢ ᠨᠡᠶᠢᠭᠡᠮ ᠨᠡᠶᠢᠲᠡ ᠶᠢᠨ ᠠᠰᠢᠭ ᠲᠤᠰᠠ ᠪᠠ ᠪᠤᠰᠤᠳ ᠬᠥᠮᠦᠨ ᠤ | ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠦᠭᠡᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠤᠮᠵᠢ ᠨᠢ ᠵᠥᠪᠰᠢᠶᠡᠷᠡᠬᠦ ᠬᠡᠷᠡᠭᠲᠡᠶ᠃ | ᠳᠥᠴᠢᠨ ᠨᠢᠭᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠬᠤᠭᠤᠴᠠᠭ᠎ᠠ ᠳᠤ ᠳᠣᠣᠷ᠎ᠠ | ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠵᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ | ᠰᠢᠭᠦᠬᠦ ᠳᠤ ᠨᠥᠯᠥᠭᠡᠯᠡᠬᠦ ᠪᠠᠶᠢᠳᠠᠯ ᠪᠠᠶᠢᠪᠠᠯ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠵᠣᠭᠰᠣᠭᠠᠬᠤ ᠬᠡᠷᠡᠭᠲᠡᠶ᠄ | ︵ᠨᠢᠭᠡ︶ ᠭᠤᠶᠤᠴᠢᠯᠠᠭᠴᠢ ᠪᠠᠶᠢᠬᠰᠡᠨ ᠬᠥᠮᠦᠨ ᠨᠢ ᠦᠬᠦᠭᠡᠳ ᠲᠡᠭᠦᠨ ᠤ ᠣᠶᠢᠷ᠎ᠠ ᠲᠥᠷᠥᠯ ᠰᠠᠳᠤᠨ ᠨᠢ | ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠭᠤᠯᠬᠤ ᠡᠰᠡᠬᠦ ᠶᠢ ᠬᠠᠷᠠᠬᠠᠨ ᠲᠣᠭᠲᠠᠭᠠᠭᠠᠳᠤᠶ ᠪᠠᠶᠢᠬᠤ︔ | ︵ᠬᠤᠶᠠᠷ︶ ᠭᠤᠶᠤᠴᠢᠯᠠᠭᠴᠢ ᠪᠠᠶᠢᠬᠰᠡᠨ ᠬᠥᠮᠦᠨ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠬᠤ | ᠴᠢᠳᠠᠪᠤᠷᠢ ᠪᠠᠨ ᠠᠯᠳᠠᠭᠰᠠᠨ ᠪᠠᠶᠢᠵᠦ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠳᠤ ᠣᠷᠣᠯᠴᠠᠬᠤ ᠬᠠᠤᠯᠢ ᠪᠠᠷ | ᠲᠣᠭᠲᠠᠭᠠᠭᠰᠠᠨ ᠣᠷᠣᠯᠠᠭᠴᠢ ᠶᠢ ᠬᠠᠷᠠᠬᠠᠨ ᠲᠣᠭᠲᠠᠭᠠᠭᠠᠳᠤᠶ ᠪᠠᠶᠢᠬᠤ︔ | ︵ᠭᠤᠷᠪᠠ︶ ᠭᠤᠶᠤᠴᠢᠯᠠᠭᠴᠢ ᠪᠠᠶᠢᠬᠰᠡᠨ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ | ᠨᠢ ᠳᠠᠭᠤᠰᠤᠭᠠᠳ᠂ ᠡᠷᠬᠡ ᠡᠭᠦᠷᠭᠡ ᠶᠢ ᠨᠢ ᠳᠠᠭᠠᠭᠠᠨ ᠠᠪᠬᠤ ᠬᠥᠮᠦᠨ ᠢ ᠬᠠᠷᠠᠬᠠᠨ ᠲᠣᠭᠲᠠᠭᠠᠭᠠᠳᠤᠶ ᠪᠠᠶᠢᠬᠤ︔ | ︵ᠲᠦᠷᠪᠡ︶ ᠭᠤᠶᠤᠴᠢᠯᠠᠭᠴᠢ ᠪᠠᠶᠢᠬᠰᠡᠨ ᠬᠥᠮᠦᠨ ᠨᠢ ᠪᠠᠷ᠎ᠠ ᠰᠤᠷᠠᠭ ᠦᠭᠡᠢ ᠪᠣᠯᠤᠭᠰᠠᠨ ᠪᠤᠶᠤ ᠠᠯᠠᠭ᠎ᠠ | ᠪᠣᠯᠤᠭᠰᠠᠨ ᠢᠶᠠᠷ ᠵᠠᠷᠯᠠᠭᠳᠠᠭᠰᠠᠨ︔ | ︵ᠲᠠᠪᠤ︶ ᠭᠤᠶᠤᠴᠢᠯᠠᠭᠴᠢ᠂ ᠭᠤᠶᠤᠴᠢᠯᠠᠭᠳᠠᠭᠴᠢ ᠨᠢ ᠬᠤᠷᠢᠭᠯᠠᠵᠤ ᠴᠢᠳᠠᠰᠢ ᠦᠭᠡᠢ ᠬᠦᠴᠦᠨ ᠠᠴᠠ | ᠪᠣᠯᠵᠦ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠵᠦ ᠳᠡᠶᠢᠯᠬᠦ ᠦᠭᠡᠢ ᠪᠣᠯᠣᠬᠰᠡᠨ︔ | ︵ᠵᠢᠷᠭᠤᠭ᠎ᠠ︶ ᠬᠡᠷᠡᠭ ᠤᠨ ᠬᠠᠤᠯᠢ ᠴᠠᠭᠠᠵᠠ ᠶᠢ ᠬᠡᠷᠡᠭᠯᠡᠬᠦ ᠳᠤ ᠳᠣᠬᠢᠷᠠᠯᠴᠠᠬᠤ ᠠᠰᠠᠭᠤᠳᠠᠯ ᠳᠤ | ᠬᠤᠯᠪᠣᠭᠳᠠᠵᠤ᠂ ᠡᠷᠬᠡᠲᠦ ᠪᠠᠶᠢᠭᠤᠯᠭ᠎ᠠ ᠳᠤ ᠮᠡᠳᠡᠭᠦᠯᠵᠦ ᠲᠠᠶᠢᠯᠪᠤᠷᠢᠯᠠᠯᠲᠠ ᠪᠤᠶᠤ ᠨᠤᠲᠠᠯᠠᠯᠲᠠ ᠬᠢᠯᠭᠡᠬᠦ ᠴᠢᠬᠤᠯᠲᠠᠢ | ᠪᠣᠯᠣᠬᠰᠡᠨ︔ | ︵ᠲᠤᠯᠤᠭ᠎ᠠ︶ ᠬᠡᠷᠡᠭ ᠰᠢᠭᠦᠬᠦ ᠳᠤ ᠪᠤᠰᠤᠳ ᠬᠡᠷᠡᠭ ᠤᠨ ᠰᠢᠭᠦᠯᠲᠡ ᠶᠢᠨ ᠳ᠋ᠦᠩ ᠢᠶᠠᠷ ᠦᠨᠳᠦᠰᠦᠯᠡᠯ | ᠪᠣᠯᠭᠠᠬᠤ ᠴᠢᠬᠤᠯᠠ ᠲᠠᠢ ᠪᠠᠶᠢᠵᠦ᠂ ᠪᠤᠰᠤᠳ ᠬᠡᠷᠡᠭ ᠨᠢ ᠬᠠᠷᠢᠨ ᠰᠢᠭᠦᠵᠦ ᠳᠠᠭᠤᠰᠤᠭᠠᠳᠤᠶ ᠪᠠᠶᠢᠬᠤ︔ | ︵ᠨᠠᠢᠮᠠ︶ ᠪᠣᠰᠣᠳ ᠲᠤᠷᠭᠤᠨ ᠵᠣᠬᠰᠣᠭᠠᠬᠤ ᠴᠢᠬᠤᠯᠲᠠᠢ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦᠯᠬᠦ | ᠴᠢᠬᠤᠯᠠᠲᠠᠶ ᠪᠠᠶᠢᠳᠠᠯ᠃ | ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠵᠣᠭᠰᠣᠭᠠᠭᠰᠠᠨ ᠤᠴᠢᠷ ᠰᠢᠯᠲᠠᠭᠠᠨ ᠨᠢ ᠠᠷᠢᠯᠤᠭᠰᠠᠨ ᠤ ᠳᠠᠷᠠᠭ᠎ᠠ᠂ | ᠴᠠᠭ ᠲᠤᠬᠠᠶ ᠳᠤᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠭᠦᠬᠦ ᠪᠠᠨ ᠰᠡᠷᠭᠦᠭᠡᠬᠦ ᠬᠡᠷᠡᠭᠲᠡᠶ᠃ | ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠣᠭᠰᠣᠭᠠᠬᠤ᠂ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ ᠬᠡᠷᠡᠭ ᠢ ᠰᠢᠭᠦᠨ ᠰᠢᠢᠳᠪᠦᠷᠢᠯᠡᠬᠦ ᠬᠡᠷᠡᠭᠲᠡᠶ᠂ ᠬᠤᠯᠪᠣᠭᠳᠠᠯ ᠪᠦᠬᠦᠢ ᠲᠤᠬᠠᠶ ᠶᠢᠨ ᠬᠥᠮᠦᠨ ᠳᠤ ᠮᠡᠳᠡᠭᠳᠡᠬᠦ | ᠬᠡᠷᠡᠭᠲᠡᠶ᠃ | ᠳᠥᠴᠢᠨ ᠬᠤᠶᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ ᠳᠣᠣᠷ᠎ᠠ | ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠳᠠᠭᠤᠰᠬᠠᠬᠤ | ᠬᠡᠷᠡᠭᠲᠡᠶ᠄ | ︵ᠨᠢᠭᠡ︶ ᠭᠤᠶᠤᠴᠢᠯᠠᠭᠴᠢ ᠨᠢ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠢ ᠪᠠᠨ ᠪᠤᠴᠠᠭᠠᠵᠤ | ᠠᠪᠬᠤ ᠪᠠᠷ ᠱᠠᠭᠠᠷᠳᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠠᠴᠠ ᠪᠤᠴᠠᠭᠠᠬᠤ ᠶᠢ ᠨᠢ | ᠵᠥᠪᠰᠢᠶᠡᠷᠡᠬᠦ︔ | ︵ᠬᠤᠶᠠᠷ︶ ᠭᠤᠶᠤᠴᠢᠯᠠᠭᠴᠢ ᠪᠠᠶᠢᠬᠰᠡᠨ ᠬᠥᠮᠦᠨ ᠨᠢ ᠦᠬᠦᠭᠰᠡᠨ᠂ ᠣᠶᠢᠷ᠎ᠠ ᠲᠥᠷᠥᠯ ᠰᠠᠳᠤᠨ ᠦᠭᠡᠢ | ᠪᠤᠶᠤ ᠲᠡᠭᠦᠨ ᠤ ᠤᠢᠢᠷ᠎ᠠ ᠲᠦᠷᠦᠯ ᠰᠠᠳᠤᠨ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠡᠷᠬᠡ ᠶᠢ | ᠲᠠᠶᠠᠬᠳᠠᠬᠰᠡᠨ︔ | ︵ᠭᠤᠷᠪᠠ︶ ᠭᠤᠶᠤᠴᠢᠯᠠᠭᠴᠢ ᠨᠢ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ | ᠳᠠᠭᠤᠰᠤᠭᠰᠠᠨ ᠪᠠᠶᠢᠵᠦ᠂ ᠲᠡᠭᠦᠨ ᠤ ᠡᠷᠬᠡ ᠡᠭᠦᠷᠭᠡ ᠶᠢ ᠳᠠᠭᠠᠭᠠᠨ ᠠᠪᠤᠭᠴᠢ ᠨᠢ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ ᠡᠷᠬᠡ ᠢ ᠲᠠᠶᠠᠬᠳᠠᠬᠰᠡᠨ︔ | ︵ᠳᠥᠷᠪᠡ︶ ᠭᠤᠶᠤᠴᠢᠯᠠᠭᠴᠢ ᠪᠠ ᠭᠤᠶᠤᠴᠢᠯᠠᠭᠳᠠᠭᠴᠢ ᠲᠤᠰ ᠲᠥᠷᠢᠮ ᠤᠨ ᠳᠥᠴᠢᠳᠦᠭᠡᠷ ᠵᠣᠷᠪᠣᠰ ᠤᠨ | ᠲᠣᠭᠲᠠᠭᠠᠯ ᠶᠣᠰᠣᠭᠠᠷ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠠᠴᠠ ᠬᠤᠭᠤᠷᠣᠨᠳᠣ ᠪᠠᠨ ᠡᠶᠡᠳᠡᠭᠦᠯᠭᠡ | ᠲᠣᠬᠢᠷᠠᠯᠴᠠᠭᠰᠠᠨ ᠢ ᠵᠥᠪᠰᠢᠶᠡᠷᠡᠬᠦ︔ | ︵ᠲᠠᠪᠤ︶ ᠭᠤᠶᠤᠴᠢᠯᠠᠭᠴᠢ ᠨᠢ ᠵᠠᠰᠠᠭ ᠵᠠᠬᠢᠷᠭᠠᠨ ᠢᠶᠠᠷ ᠲᠦᠷ ᠬᠤᠷᠢᠬᠤ ᠪᠤᠶᠤ ᠪᠡᠶ᠎ᠡ ᠶᠢᠨ ᠡᠷᠬᠡ ᠴᠢᠯᠥᠭᠡ ᠶᠢ | ᠬᠢᠵᠠᠭᠠᠷᠯᠠᠬᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠵᠥᠪᠰᠢᠶᠡᠷᠡᠬᠦ ᠦᠭᠡᠢ ᠪᠣᠯ ᠵᠠᠰᠠᠭ | ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠬᠰᠡᠨ ᠤ ᠳᠠᠷᠠᠭ᠎ᠠ᠂ ᠭᠤᠶᠤᠴᠢᠯᠠᠭᠴᠢ ᠶᠢᠨ ᠠᠳᠠᠯᠢ ᠨᠢᠭᠡᠨ | ᠠᠵᠢᠯᠯᠠᠭ᠎ᠠ ᠨᠢ ᠬᠠᠤᠯᠢ ᠠᠴᠠ ᠵᠦᠷᠢᠴᠡᠵᠦ ᠶᠠᠯ᠎ᠠ ᠬᠢᠭᠰᠡᠨ ᠢᠶᠠᠷ ᠰᠡᠵᠢᠭᠯᠡᠭᠳᠡᠵᠦ᠂ ᠲᠤᠰ ᠵᠠᠰᠠᠭ ᠵᠠᠬᠢᠷᠭᠠᠨ ᠢᠶᠠᠷ | ᠲᠦᠷ ᠬᠤᠷᠢᠬᠤ ᠪᠤᠶᠤ ᠪᠡᠶ᠎ᠡ ᠶᠢᠨ ᠡᠷᠬᠡ ᠴᠢᠯᠥᠭᠡ ᠶᠢ ᠬᠢᠵᠠᠭᠠᠷᠯᠠᠬᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ | ᠬᠡᠮᠵᠢᠶ᠎ᠡ ᠨᠢ ᠡᠷᠡᠭᠦᠦ ᠶᠢᠨ ᠬᠡᠷᠡᠭ ᠢᠶᠠᠷ ᠲᠦᠷ ᠬᠤᠷᠢᠭᠳᠠᠬᠤ ᠪᠣᠯᠵᠦ ᠬᠤᠪᠢᠷᠠᠬᠰᠡᠨ ᠪᠠᠶᠢᠳᠠᠯ᠃ | ᠲᠤᠰ ᠲᠥᠷᠢᠮ ᠤᠨ ᠳᠥᠴᠢᠨ ᠨᠢᠭᠡᠳᠦᠭᠡᠷ ᠵᠣᠷᠪᠣᠰ ᠤᠨ ᠨᠢᠭᠡᠳᠦᠭᠡᠷ ᠪᠠᠳᠠᠭ ᠤᠨ ︵ᠨᠢᠭᠡ︶ ᠳ᠋ᠦᠭᠡᠷ ᠵᠦᠢᠯ᠂ | ︵ᠬᠤᠶᠠᠷ︶ ᠳ᠋ᠤᠭᠠᠷ ᠵᠦᠢᠯ᠂ ︵ᠭᠤᠷᠪᠠ︶ ᠳ᠋ᠤᠭᠠᠷ ᠵᠦᠢᠯ ᠤᠨ ᠲᠣᠭᠲᠠᠭᠠᠯ ᠢ ᠦᠨᠳᠦᠰᠦᠯᠡᠵᠦ ᠵᠠᠰᠠᠭ ᠵᠠᠬᠢᠷᠭᠠᠨ ᠤ | ᠳᠠᠬᠢᠨ ᠵᠥᠪᠯᠡᠬᠦ ᠶᠢ ᠵᠣᠬᠰᠣᠭᠠᠬᠤ᠂ ᠪᠦᠬᠦᠯᠢ 60 ᠡᠳᠦᠷ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ | ᠵᠣᠭᠰᠣᠭᠠᠭᠰᠠᠨ ᠤᠴᠢᠷ ᠰᠢᠯᠲᠠᠭᠠᠨ ᠢ ᠨᠢ ᠮᠥᠨ ᠠᠷᠢᠯᠭᠠᠵᠤ ᠳᠡᠶᠢᠯᠦᠭᠡᠳᠦᠶ ᠪᠠᠶᠢᠪᠠᠯ ᠵᠠᠰᠠᠭ ᠵᠠᠬᠢᠷᠭᠠᠨ ᠤ ᠳᠠᠬᠢᠨ | ᠵᠥᠪᠯᠡᠬᠦ ᠶᠢ ᠳᠠᠭᠤᠰᠬᠠᠬᠤ ᠬᠡᠷᠡᠭᠲᠡᠶ᠃ | ᠳᠥᠴᠢᠨ ᠭᠤᠷᠪᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠣᠯᠢ ᠶᠢᠨ ᠬᠤᠷᠢᠨ ᠨᠠᠢᠮᠠᠳᠤᠭᠠᠷ | ᠵᠣᠷᠪᠣᠰ ᠤᠨ ᠨᠢᠭᠡᠳᠦᠭᠡᠷ ᠪᠠᠳᠠᠭ ᠤᠨ ︵ᠨᠢᠭᠡ︶ ᠳ᠋ᠦᠭᠡᠷ ᠵᠦᠢᠯ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ | ᠪᠣᠳᠠᠲᠠᠶ ᠦᠢᠯᠡ ᠠᠵᠢᠯᠯᠠᠭ᠎ᠠ ᠶᠢᠨ ᠨᠤᠲᠠᠯᠠᠭᠰᠠᠨ ᠪᠣᠳᠠᠲᠤ ᠶᠠᠪᠤᠳᠠᠯ ᠨᠢ ᠲᠣᠳᠣᠷᠬᠠᠶ᠂ ᠭᠡᠷᠡᠴᠢ ᠪᠠᠷᠢᠮᠲᠠ ᠦᠨᠡᠨ᠂ | ᠬᠡᠷᠡᠭᠯᠡᠭᠰᠡᠨ ᠦᠨᠳᠦᠰᠦ ᠪᠠᠷᠢᠮᠲᠠ ᠨᠢ ᠵᠥᠪ᠂ ᠠᠯᠬᠤᠮ ᠳᠠᠷᠠᠭ᠎ᠠ ᠨᠢ ᠬᠠᠤᠯᠢ ᠳᠤ ᠨᠡᠶᠢᠴᠡᠬᠦ᠂ ᠠᠭᠤᠯᠭ᠎ᠠ ᠨᠢ ᠵᠦᠢ | ᠵᠣᠬᠢᠰᠲᠠᠶ ᠪᠠᠶᠢᠪᠠᠯ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠪᠠᠷᠢᠮᠲᠠᠯᠠᠬᠤ ᠶᠣᠰᠣᠲᠠᠢ᠃ | ᠳᠥᠴᠢᠨ ᠳᠥᠷᠪᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠣᠯᠢ ᠶᠢᠨ ᠬᠤᠷᠢᠨ ᠨᠠᠢᠮᠠᠳᠤᠭᠠᠷ | ᠵᠣᠷᠪᠣᠰ ᠤᠨ ᠨᠢᠭᠡᠳᠦᠭᠡᠷ ᠪᠠᠳᠠᠭ ᠤᠨ ︵ᠬᠤᠶᠠᠷ︶ ᠳ᠋ᠤᠭᠠᠷ ᠵᠦᠢᠯ ᠤᠨ ᠲᠣᠭᠲᠠᠭᠠᠯ ᠶᠣᠰᠣᠭᠠᠷ ᠭᠤᠶᠤᠴᠢᠯᠠᠭᠳᠠᠭᠴᠢ | ᠨᠢ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ ᠵᠠᠰᠠᠭ ᠵᠠᠬᠢᠷᠭᠠᠨ ᠤ | ᠳᠠᠬᠢᠨ ᠵᠥᠪᠯᠡᠬᠦ ᠪᠠᠶᠢᠭᠤᠯᠭ᠎ᠠ ᠨᠢ ᠲᠡᠭᠦᠨ ᠢ ᠲᠣᠭᠲᠠᠭᠰᠠᠨ ᠬᠤᠭᠤᠴᠠᠭᠠᠨ ᠤ ᠳᠣᠲᠣᠷ᠎ᠠ ᠬᠠᠤᠯᠢ ᠳᠤ ᠲᠣᠭᠲᠠᠭᠠᠭᠰᠠᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦᠯᠬᠦ ᠬᠡᠷᠡᠭᠲᠡᠢ᠃ | ᠳᠥᠴᠢᠨ ᠲᠠᠪᠤᠳᠤᠭᠠᠷ ᠵᠣᠷᠪᠣᠰ᠂ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠨᠢ ᠵᠠᠰᠠᠭ ᠵᠠᠬᠢᠷᠭᠠᠨ ᠤ | ᠳᠠᠬᠢᠨ ᠵᠥᠪᠯᠡᠬᠦ ᠬᠠᠣᠯᠢ ᠶᠢᠨ ᠬᠤᠷᠢᠨ ᠨᠠᠢᠮᠠᠳᠤᠭᠠᠷ ᠵᠣᠷᠪᠣᠰ ᠤᠨ ᠨᠢᠭᠡᠳᠦᠭᠡᠷ ᠪᠠᠳᠠᠭ ᠤᠨ ︵ᠭᠤᠷᠪᠠ︶ ᠳ᠋ᠤᠭᠠᠷ | ᠵᠦᠢᠯ ᠲᠤ ᠲᠣᠭᠲᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠦᠪᠯᠡᠬᠦ | ᠪᠠᠶᠢᠭᠤᠯᠭ᠎ᠠ ᠠᠴᠠ ᠲᠤᠰ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠦᠴᠦᠨ ᠦᠭᠡᠢ ᠪᠣᠯᠭᠠᠬᠤ᠂ | ᠬᠤᠪᠢᠷᠠᠭᠤᠯᠬᠤ ᠪᠤᠶᠤ ᠳᠤᠰ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠢ | ᠨᠣᠳᠠᠯᠠᠬᠤ︔ ᠲᠣᠰ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢ ᠬᠦᠴᠦᠨ ᠥᠬᠡᠶ ᠪᠣᠯᠭᠠᠬᠤ ᠪᠤᠶᠤ ᠲᠣᠰ | ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢᠨ ᠬᠠᠣᠯᠢ ᠠᠴᠠ ᠵᠥᠷᠢᠴᠡᠭᠰᠡᠨ ᠢ ᠨᠤᠲᠠᠯᠠᠬᠤ ᠪᠠᠷ | ᠲᠣᠭᠲᠠᠭᠠᠭᠰᠠᠨ ᠪᠠᠶᠢᠪᠠᠯ᠂ ᠭᠤᠶᠤᠴᠢᠯᠠᠭᠳᠠᠭᠴᠢ ᠶᠢ ᠵᠣᠬᠢᠬᠤ ᠴᠠᠭ ᠬᠤᠭᠤᠴᠠᠭ᠎ᠠ ᠶᠢᠨ ᠳᠣᠲᠣᠷ᠎ᠠ ᠳᠠᠭᠢᠵᠤ ᠵᠠᠰᠠᠭ | ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠬᠢᠯᠭᠡᠬᠦ ᠪᠠᠷ ᠵᠠᠷᠯᠢᠭᠳᠠᠵᠤ ᠪᠣᠯᠤᠨ᠎ᠠ᠃ | ᠳᠥᠴᠢᠨ ᠵᠢᠷᠭᠤᠳᠤᠭᠠᠷ ᠵᠣᠷᠪᠣᠰ᠂ ᠭᠤᠶᠤᠴᠢᠯᠠᠭᠳᠠᠭᠴᠢ ᠠᠴᠠ ᠵᠠᠰᠠᠭ ᠵᠠᠬᠢᠷᠭᠠᠨ ᠤ ᠳᠠᠬᠢᠨ ᠵᠦᠪᠯᠡᠬᠦ | ᠬᠠᠤᠯᠢ ᠶᠢᠨ ᠬᠤᠷᠢᠨ ᠭᠤᠷᠪᠠᠳᠤᠭᠠᠷ ᠵᠣᠷᠪᠣᠰ ᠤᠨ ᠲᠣᠭᠲᠠᠭᠠᠯ ᠢ ᠵᠥᠷᠢᠴᠡᠨ ᠪᠢᠴᠢᠭ ᠢᠶᠠᠷ ᠬᠠᠷᠢᠭᠤᠯᠲᠠ᠂ | ᠲᠤᠬᠠᠶ ᠶᠢᠨ ᠦᠶ᠎ᠡ ᠳᠤ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢᠨ ᠭᠡᠷᠡᠴᠢ ᠪᠠᠷᠢᠮᠲᠠ᠂ ᠦᠨᠳᠦᠰᠦ | ᠪᠠᠷᠢᠮᠲᠠ ᠪᠠ ᠪᠤᠰᠤᠳ ᠬᠤᠯᠪᠣᠭᠳᠠᠯ ᠪᠥᠬᠦᠶ ᠮᠠᠲ᠋ᠧᠷᠢᠶᠠᠯ ᠢ ᠳᠣᠰᠢᠶᠠᠬᠰᠡᠨ ᠦᠭᠡᠢ ᠪᠠᠶᠢᠪᠠᠯ᠂ ᠲᠤᠰ ᠪᠣᠳᠠᠲᠠᠶ ᠵᠠᠰᠠᠭ | ᠵᠠᠬᠢᠷᠭᠠᠨ ᠤ ᠠᠵᠢᠯᠯᠠᠭ᠎ᠠ ᠶᠢ ᠭᠡᠷᠡᠴᠢ ᠪᠠᠷᠢᠮᠲᠠ ᠦᠭᠡᠢ᠂ ᠦᠨᠳᠦᠰᠦᠯᠡᠯ ᠦᠭᠡᠢ ᠭᠡᠵᠦ ᠦᠵᠡᠵᠦ᠂ ᠵᠠᠰᠠᠭ | ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠲᠤᠰ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠦᠴᠦᠨ ᠦᠭᠡᠢ | ᠪᠣᠯᠭᠠᠬᠤ ᠬᠡᠷᠡᠭᠲᠡᠢ᠃ | ᠳᠥᠴᠢᠨ ᠳᠣᠯᠣᠳᠤᠭᠠᠷ ᠵᠣᠷᠪᠣᠰ᠂ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠤ ᠳᠣᠣᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ | ᠬᠤᠪᠢᠷᠠᠭᠤᠯᠬᠤ ᠰᠢᠢᠳᠪᠦᠷᠢ ᠭᠠᠷᠭᠠᠵᠤ ᠪᠣᠯᠤᠨ᠎ᠠ᠄ | ︵ᠨᠢᠭᠡ︶ ᠪᠣᠳᠠᠲᠤ ᠶᠠᠪᠤᠳᠠᠯ ᠢ ᠮᠠᠭᠠᠳᠯᠠᠭᠰᠠᠨ ᠨᠢ ᠲᠣᠳᠣᠷᠬᠠᠶ᠂ ᠭᠡᠷᠡᠴᠢ ᠪᠠᠷᠢᠮᠲᠠ ᠦᠨᠡᠨ᠂ ᠵᠢᠷᠤᠮ ᠨᠢ | ᠬᠠᠤᠯᠢ ᠳᠤ ᠨᠡᠶᠢᠴᠡᠬᠦ᠂ ᠭᠡᠪᠡᠴᠦ ᠢᠯᠡᠷᠬᠡᠶ ᠵᠤᠬᠢᠰ ᠥᠭᠡᠢ ᠪᠤᠶᠤ ᠬᠡᠷᠡᠭᠯᠡᠭᠰᠡᠨ ᠦᠨᠳᠦᠰᠦ ᠪᠠᠷᠢᠮᠲᠠ ᠨᠢ ᠪᠤᠷᠤᠭᠤ︔ | ︵ᠬᠤᠶᠠᠷ︶ ᠪᠣᠳᠠᠲᠤ ᠶᠠᠪᠤᠳᠠᠯ ᠢ ᠮᠠᠭᠠᠳᠯᠠᠭᠰᠠᠨ ᠨᠢ ᠲᠣᠳᠣᠷᠬᠠᠶ ᠦᠭᠡᠢ᠂ ᠭᠡᠷᠡᠴᠢ ᠪᠠᠷᠢᠮᠲᠠ ᠨᠢ ᠪᠦᠷᠢᠨ | ᠪᠤᠰᠤ᠂ ᠭᠡᠪᠡᠴᠦ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠶᠢᠨ ᠰᠢᠭᠦᠬᠦ ᠪᠠᠷ ᠳᠡᠮᠵᠢᠨ ᠪᠠᠶᠢᠴᠠᠭᠠᠨ | ᠳᠣᠲᠣᠯᠠᠭᠰᠠᠨ ᠪᠣᠳᠠᠲᠤ ᠶᠠᠪᠤᠳᠠᠯ ᠨᠢ ᠲᠣᠳᠣᠷᠬᠠᠶ᠂ ᠭᠡᠷᠡᠴᠢ ᠪᠠᠷᠢᠮᠲᠠ ᠨᠢ ᠪᠠᠲᠤ ᠨᠤᠲᠠᠲᠠᠶ ᠪᠠᠶᠢᠳᠠᠯ᠃ | ᠳᠥᠴᠢᠨ ᠨᠠᠢᠮᠠᠳᠤᠭᠠᠷ ᠵᠣᠷᠪᠣᠰ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠢ | ᠨᠢᠴᠤᠭᠠᠬᠤ ᠪᠠᠷ ᠲᠣᠭᠲᠠᠪᠠ᠄ | ︵ᠨᠢᠭᠡ︶ ᠭᠤᠶᠤᠴᠢᠯᠠᠭᠴᠢ ᠨᠢ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠪᠠᠷ ᠲᠣᠭᠲᠠᠭᠠᠭᠰᠠᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠭᠡᠵᠦ ᠦᠵᠡᠵᠦ ᠵᠠᠰᠠᠭ ᠵᠠᠬᠢᠷᠭᠠᠨ ᠢᠶᠠᠷ ᠲᠠᠬᠢᠨ | ᠵᠥᠪᠯᠡᠭᠦᠯᠬᠦ ᠪᠠᠷ ᠭᠤᠶᠤᠴᠢᠯᠠᠬᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠬᠦᠯᠢᠶᠡᠨ ᠠᠪᠣᠬᠰᠡᠨ ᠤ | ᠳᠠᠷᠠᠭ᠎ᠠ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠷᠠᠭᠠᠯᠵᠠᠭᠰᠠᠨ ᠬᠠᠤᠯᠢ ᠳᠤ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠪᠠᠶᠢᠬᠤ ᠦᠭᠡᠢ ᠪᠤᠶᠤ ᠬᠦᠯᠢᠶᠡᠨ ᠠᠪᠬᠤ ᠠᠴᠠ ᠪᠠᠨ ᠡᠮᠦᠨ᠎ᠡ ᠨᠢᠭᠡᠨᠲᠡ ᠬᠠᠤᠯᠢ ᠪᠠᠷ ᠲᠣᠭᠲᠠᠭᠠᠭᠰᠠᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠬᠤ ᠶᠢ ᠣᠯᠵᠤ ᠮᠡᠳᠡᠬᠦ︔ | ︵ᠬᠤᠶᠠᠷ︶ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠢ ᠬᠦᠯᠢᠶᠡᠨ ᠠᠪᠣᠬᠰᠡᠨ ᠤ ᠳᠠᠷᠠᠭ᠎ᠠ᠂ | ᠲᠤᠰ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ | ᠬᠠᠣᠯᠢ ᠳᠤ ᠨᠡᠶᠢᠴᠡᠬᠦ ᠦᠭᠡᠢ ᠪᠠ ᠲᠣᠰ ᠲᠥᠷᠢᠮ ᠳᠤ ᠲᠣᠭᠲᠠᠭᠠᠭᠰᠠᠨ ᠬᠦᠯᠢᠶᠡᠨ ᠠᠪᠬᠤ ᠳᠣᠬᠳᠠᠭᠠᠯ ᠲᠤ ᠨᠡᠶᠢᠴᠡᠬᠦ | ᠦᠭᠡᠢ ᠶᠢ ᠣᠯᠵᠦ ᠮᠡᠳᠡᠬᠦ᠃ | ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ | ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠨᠢᠴᠤᠭᠠᠬᠤ ᠰᠢᠯᠲᠠᠭᠠᠨ ᠨᠢ ᠲᠣᠭᠲᠠᠵᠤ ᠴᠢᠳᠠᠬᠤ ᠦᠭᠡᠢ | ᠭᠡᠵᠦ ᠦᠵᠡᠪᠡᠯ᠂ ᠲᠡᠭᠦᠨ ᠢ ᠵᠠᠷᠯᠢᠭᠳᠠᠵᠤ ᠪᠠᠶᠢᠭᠠᠳ ᠰᠢᠭᠦᠯᠲᠡ ᠶᠢ ᠰᠡᠷᠭᠦᠭᠡᠨ᠎ᠡ᠃ | ᠳᠥᠴᠢ ᠶᠢᠰᠦᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ | ᠳᠠᠬᠢᠨ ᠵᠥᠪᠯᠡᠬᠦ ᠬᠠᠣᠯᠢ ᠶᠢᠨ ᠬᠤᠷᠢᠨ ᠨᠠᠢᠮᠠᠳᠤᠭᠠᠷ ᠵᠣᠷᠪᠣᠰ ᠤᠨ ᠲᠣᠭᠲᠠᠭᠠᠯ ᠶᠣᠰᠣᠭᠠᠷ ᠭᠤᠶᠤᠴᠢᠯᠠᠭᠳᠠᠭᠴᠢ ᠶᠢ | ᠵᠠᠷᠯᠢᠭᠳᠠᠵᠤ ᠪᠠᠶᠢᠭᠠᠳ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢ ᠰᠢᠨ᠎ᠡ ᠪᠠᠷ ᠬᠢᠯᠭᠡᠪᠡᠯ᠂ | ᠭᠤᠶᠤᠴᠢᠯᠠᠭᠳᠠᠭᠴᠢ ᠨᠢ ᠬᠠᠣᠯᠢ ᠴᠠᠭᠠᠵᠠ᠂ ᠬᠠᠣᠯᠢ ᠴᠠᠭᠠᠵᠠ᠂ ᠲᠦᠷᠢᠮ ᠲᠣᠭᠲᠠᠭᠠᠯ ᠳᠤ ᠲᠣᠭᠲᠠᠭᠠᠭᠰᠠᠨ ᠴᠠᠭ | ᠬᠤᠭᠤᠴᠠᠭ᠎ᠠ ᠶᠢᠨ ᠳᠣᠲᠣᠷ᠎ᠠ ᠳᠠᠭᠢᠵᠤ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢ ᠬᠢᠬᠦ ᠬᠡᠷᠡᠭᠲᠡᠢ︔ | ᠬᠠᠣᠯᠢ ᠴᠠᠭᠠᠵᠠ᠂ ᠬᠠᠣᠯᠢ ᠲᠣᠭᠲᠠᠭᠠᠯ᠂ ᠲᠦᠷᠢᠮ ᠲᠣᠭᠲᠠᠭᠠᠯ ᠳᠤ ᠴᠠᠭ ᠬᠤᠭᠤᠴᠠᠭ᠎ᠠ ᠲᠣᠭᠲᠠᠭᠠᠭᠰᠠᠨ ᠥᠬᠡᠶ | ᠪᠠᠶᠢᠪᠠᠯ᠂ ᠳᠠᠭᠢᠵᠤ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠬᠢᠯᠭᠡᠬᠦ ᠴᠠᠭ ᠬᠤᠭᠤᠴᠠᠭ᠎ᠠ ᠨᠢ 60 ᠡᠳᠦᠷ | ᠪᠣᠯᠤᠨ᠎ᠠ᠃ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ | ᠭᠤᠶᠤᠴᠢᠯᠠᠭᠳᠠᠭᠴᠢ ᠶᠢᠨ ᠳᠠᠭᠢᠵᠤ ᠵᠠᠰᠠᠭ ᠵᠠᠬᠢᠷᠭᠠᠨ ᠤ ᠪᠣᠳᠠᠲᠠᠶ ᠤᠢᠢᠯᠠ ᠠᠵᠢᠯᠯᠠᠭ᠎ᠠ ᠬᠢᠬᠦ ᠶᠢ ᠵᠥᠪᠰᠢᠶᠡᠷᠡᠬᠦ | ᠤᠢᠭᠡᠢ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ | ᠵᠠᠬᠢᠷᠭᠠᠨ ᠤ ᠵᠠᠷᠭᠤ ᠬᠢᠵᠦ ᠪᠣᠯᠤᠨ᠎ᠠ᠃ | ᠲᠠᠪᠢᠳᠤᠭᠠᠷ ᠵᠣᠷᠪᠣᠰ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ | ᠳᠠᠬᠢᠨ ᠵᠥᠪᠯᠡᠬᠦ ᠪᠠᠶᠢᠭᠤᠯᠭ᠎ᠠ ᠨᠢ ᠰᠠᠶᠢᠨ ᠳᠤᠷ᠎ᠠ ᠶᠢᠨ᠂ ᠬᠠᠤᠯᠢ ᠶᠣᠰᠣᠨ ᠤ ᠪᠠᠶᠢᠬᠤ ᠵᠠᠷᠴᠢᠮ ᠤᠨ ᠳᠣᠣᠷ᠎ᠠ | ᠡᠶᠡᠳᠡᠭᠦᠯᠬᠦ ᠬᠡᠷᠡᠭᠲᠡᠶ᠄ | ︵ᠨᠢᠭᠡ︶ ᠠᠷᠠᠳ ᠢᠷᠭᠡᠳ᠂ ᠬᠠᠣᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠣᠯᠢ ᠴᠠᠭᠠᠵᠠ᠂ ᠬᠠᠣᠯᠢ ᠲᠣᠭᠲᠠᠭᠠᠯ ᠳᠤ ᠲᠣᠭᠲᠠᠭᠠᠭᠰᠠᠨ ᠴᠢᠯᠥᠭᠡᠲᠦ | ᠲᠠᠰᠤᠯᠤᠯᠲᠠ ᠶᠢᠨ ᠡᠷᠬᠡ ᠪᠠᠨ ᠬᠡᠷᠡᠭᠵᠢᠭᠦᠯᠵᠦ ᠪᠠᠶᠢᠭᠠᠳ ᠭᠠᠷᠭᠠᠭᠰᠠᠨ ᠵᠠᠰᠠᠭ ᠵᠠᠬᠢᠷᠭᠠᠨ ᠤ ᠪᠣᠳᠠᠲᠠᠶ ᠠᠵᠢᠯᠯᠠᠭ᠎ᠠ ᠶᠢ | ᠵᠥᠪᠰᠢᠶᠡᠷᠡᠬᠦ ᠥᠬᠡᠶ ᠪᠠᠶᠢᠵᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠪᠠᠶᠢᠳᠠᠯ︔ | ︵ᠬᠤᠶᠠᠷ︶ ᠳᠣᠬᠠᠢ ᠶᠢᠨ ᠬᠥᠮᠦᠨ ᠤ ᠬᠤᠭᠤᠷᠣᠨᠳᠣᠬᠢ ᠵᠠᠰᠠᠭ ᠵᠠᠬᠢᠷᠭᠠᠨ ᠤ ᠲᠥᠯᠥᠪᠦᠷᠢ ᠪᠤᠶᠤ ᠵᠠᠰᠠᠭ | ᠵᠠᠬᠢᠷᠭᠠᠨ ᠤ ᠨᠦᠬᠦᠪᠦᠷᠢ ᠶᠢᠨ ᠵᠢᠭᠤᠷᠠᠯᠳᠤᠭᠠᠨ᠃ | ᠲᠤᠬᠠᠶ ᠶᠢᠨ ᠬᠥᠮᠦᠨ ᠨᠢ ᠡᠶᠡᠳᠡᠭᠦᠯᠭᠡ ᠪᠠᠷ ᠲᠠᠮᠵᠢᠨ ᠬᠡᠯᠡᠯᠴᠡᠭᠡᠷ ᠳᠣᠭᠢᠷᠬᠠᠰᠠᠨ ᠪᠠᠶᠢᠪᠠᠯ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠡᠶᠡᠳᠡᠭᠦᠯᠭᠡ ᠶᠢᠨ ᠪᠢᠴᠢᠭ ᠢ | ᠵᠣᠬᠢᠶᠠᠬᠤ ᠬᠡᠷᠡᠭᠲᠡᠶ᠃ ᠡᠶᠡᠳᠡᠭᠦᠯᠭᠡ ᠶᠢᠨ ᠪᠢᠴᠢᠭ ᠲᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ᠂ | ᠪᠣᠳᠠᠲᠤ ᠤᠴᠢᠷ᠂ ᠰᠢᠯᠲᠠᠭᠠᠨ ᠪᠣᠯᠤᠨ ᠡᠶᠡᠳᠡᠭᠦᠯᠭᠡ ᠶᠢᠨ ᠦᠷ᠎ᠡ ᠳ᠋ᠦᠩ ᠢ ᠲᠣᠳᠣᠷᠬᠠᠶ ᠪᠢᠴᠢᠬᠦ ᠪᠥᠭᠡᠳ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠶᠢᠨ ᠲᠠᠮᠠᠭ᠎ᠠ ᠶᠢ ᠳᠠᠷᠤᠬᠤ ᠬᠡᠷᠡᠭᠲᠡᠶ᠃ ᠵᠠᠰᠠᠭ ᠵᠠᠬᠢᠷᠭᠠᠨ ᠤ ᠳᠠᠬᠢᠨ | ᠵᠥᠪᠯᠡᠬᠦ ᠡᠶᠡᠳᠡᠭᠦᠯᠭᠡ ᠶᠢᠨ ᠪᠢᠴᠢᠭ ᠢ ᠬᠤᠶᠠᠷ ᠡᠲᠡᠭᠡᠳ ᠤᠨ ᠲᠤᠬᠠᠶ ᠶᠢᠨ ᠬᠥᠮᠦᠨ ᠭᠠᠷ ᠤᠨ ᠦᠰᠦᠭ ᠵᠢᠷᠣᠬᠰᠡᠨ ᠤ | ᠳᠠᠷᠠᠭ᠎ᠠ ᠬᠠᠤᠯᠢ ᠴᠠᠭᠠᠵᠠ ᠶᠢᠨ ᠬᠦᠴᠦᠨ ᠲᠠᠢ ᠪᠣᠯᠤᠨ᠎ᠠ᠃ | ᠡᠶᠡᠳᠡᠭᠦᠯᠦᠭᠡᠳ ᠬᠡᠯᠡᠯᠴᠡᠭᠡᠷ ᠲᠣᠭᠲᠠᠵᠤ ᠴᠢᠳᠠᠭᠰᠠᠨ ᠤᠢᠭᠡᠢ ᠪᠤᠶᠤ ᠡᠶᠡᠳᠡᠭᠦᠯᠭᠡ ᠶᠢᠨ ᠪᠢᠴᠢᠭ ᠨᠢ | ᠬᠦᠴᠦᠨ ᠲᠠᠢ ᠪᠣᠯᠬᠤ ᠠᠴᠠ ᠡᠮᠦᠨ᠎ᠡ ᠨᠢᠭᠡ ᠡᠲᠡᠭᠡᠳ ᠨᠢ ᠪᠤᠴᠠᠭᠰᠠᠨ ᠪᠠᠶᠢᠪᠠᠯ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠴᠠᠭ ᠲᠤᠬᠠᠶ ᠳᠤᠨᠢ ᠭᠠᠷᠭᠠᠬᠤ | ᠬᠡᠷᠡᠭᠲᠡᠶ᠃ | ᠲᠠᠪᠢᠨ ᠨᠢᠭᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠭᠤᠶᠤᠴᠢᠯᠠᠭᠴᠢ ᠶᠢᠨ | ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠬᠡᠪᠴᠢᠶᠡᠨ ᠳᠣᠲᠣᠷ᠎ᠠ ᠭᠤᠶᠤᠴᠢᠯᠠᠭᠴᠢ ᠳᠤ ᠨᠡᠩ | ᠠᠰᠢᠭ ᠦᠭᠡᠢ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠭᠠᠷᠭᠠᠵᠤ ᠪᠣᠯᠬᠤ ᠦᠭᠡᠶ᠃ | ᠲᠠᠪᠢᠨ ᠬᠤᠶᠠᠳᠤᠭᠠᠷ ᠵᠣᠷᠪᠣᠰ᠂ ᠭᠤᠷᠪᠠᠳᠠᠬᠢ ᠬᠥᠮᠦᠨ ᠬᠤᠭᠤᠴᠠᠭ᠎ᠠ ᠬᠡᠲᠦᠷᠡᠲᠡᠯ᠎ᠡ ᠵᠠᠭᠠᠯᠳᠤᠭᠰᠠᠨ ᠦᠭᠡᠢ | ᠮᠥᠷᠲᠡᠭᠡᠨ ᠵᠠᠰᠠᠭ ᠵᠠᠬᠢᠷᠭᠠᠨ ᠤ ᠳᠠᠬᠢᠨ ᠵᠦᠪᠯᠡᠭᠰᠡᠨ ᠰᠢᠢᠳᠪᠦᠷᠢ ᠶᠢ ᠭᠦᠢᠴᠡᠳᠬᠡᠬᠦ ᠦᠭᠡᠢ ᠪᠠᠶᠢᠪᠠᠯ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠭᠤᠴᠢᠨ ᠭᠤᠷᠪᠠᠳᠤᠭᠠᠷ ᠵᠣᠷᠪᠣᠰ ᠤᠨ ᠲᠣᠭᠲᠠᠭᠠᠯ ᠶᠣᠰᠣᠭᠠᠷ | ᠰᠢᠢᠳᠪᠦᠷᠢᠯᠡᠬᠦ ᠬᠡᠷᠡᠭᠲᠡᠶ᠃ | ᠲᠠᠪᠤᠳᠤᠭᠠᠷ ᠪᠦᠯᠦᠭ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠵᠢᠯᠣᠭᠤᠳᠬᠤ ᠪᠠ ᠬᠢᠨᠠᠯᠲᠠ | ᠲᠠᠯᠪᠢᠬᠤ | ᠲᠠᠪᠢᠨ ᠭᠤᠷᠪᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ | ᠳᠠᠬᠢᠨ ᠵᠥᠪᠯᠡᠬᠦ ᠠᠵᠢᠯ ᠤᠨ ᠲᠤᠬᠠᠶ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ | ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠲᠣᠰ ᠱᠠᠲᠤᠨ ᠤ ᠵᠠᠰᠠᠭ ᠵᠠᠬᠢᠷᠭᠠᠨ ᠤ ᠳᠠᠬᠢᠨ ᠵᠦᠪᠯᠡᠬᠦ | ᠪᠠᠶᠢᠭᠤᠯᠭ᠎ᠠ ᠶᠢᠨ ᠤᠳᠤᠷᠢᠳᠤᠯᠭ᠎ᠠ ᠳᠣᠣᠷ᠎ᠠ᠂ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠶᠣᠰᠣᠭᠠᠷ | ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠠᠬᠢᠴᠠ ᠶᠢ ᠱᠠᠯᠠᠪᠳᠠᠭᠤᠯᠬᠤ ᠪᠠ ᠵᠢᠯᠤᠭᠤᠳᠤᠨ᠎ᠠ᠃ | ᠲᠠᠪᠢᠨ ᠳᠥᠷᠪᠡᠳᠦᠭᠡᠷ ᠵᠣᠷᠪᠣᠰ᠂ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠠᠴᠠ ᠲᠡᠲᠡᠡ ᠤ ᠬᠠᠷᠢᠶᠠᠨ ᠳᠠᠬᠢ ᠠᠵᠢᠯ ᠤᠨ ᠰᠠᠯᠠᠭ᠎ᠠ ᠮᠥᠴᠢᠷ ᠤᠳ ᠪᠠ ᠲᠤᠤᠷᠡᠳᠦ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠳᠤ ᠬᠢᠨᠠᠯᠲᠠ ᠳᠠᠯᠪᠢᠬᠤ ᠬᠡᠷᠡᠭᠲᠡᠢ᠃ | ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠡᠷᠬᠡᠪᠰᠢ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠤᠮᠵᠢ ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠳᠤ | ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ | ᠲᠡᠪᠢᠠ ᠲᠠᠪᠤᠳᠤᠭᠠᠷ ᠵᠣᠷᠪᠣᠰ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ | ᠠᠵᠢᠯ ᠢ ᠲᠤᠰ ᠱᠠᠲᠤᠨ ᠤ ᠵᠠᠰᠠᠭ ᠤᠨ ᠣᠷᠳᠣᠨ ᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠳᠤ ᠣᠷᠣᠭᠤᠯᠬᠤ | ᠬᠡᠷᠡᠭᠲᠡᠶ᠃ | ᠲᠠᠪᠢᠨ ᠵᠢᠷᠭᠤᠳᠤᠭᠠᠷ ᠵᠣᠷᠪᠣᠰ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰᠢᠶᠠᠯ ᠬᠠᠷᠢᠭᠤᠴᠠᠯᠭ᠎ᠠ ᠶᠢᠨ ᠢᠶᠠᠨ ᠡᠷᠬᠡ ᠶᠢᠨ ᠬᠡᠪᠴᠢᠶ᠎ᠡ | ᠶᠣᠰᠣᠭᠠᠷ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠪᠠᠶᠢᠴᠠᠭᠠᠬᠤ᠂ ᠰᠤᠭᠤᠯᠤᠨ ᠪᠠᠶᠢᠴᠠᠭᠠᠬᠤ | ᠵᠡᠷᠭᠡ ᠠᠷᠭ᠎ᠠ ᠮᠠᠶ᠋ᠢᠭ ᠢᠶᠠᠷ ᠲᠡᠲᠡᠡ ᠤ ᠬᠠᠷᠢᠶᠠᠨ ᠳᠠᠬᠢ ᠠᠵᠢᠯ ᠤᠨ ᠰᠠᠯᠠᠭ᠎ᠠ ᠮᠥᠴᠢᠷ ᠤᠳ ᠪᠠ ᠲᠤᠤᠷᠡᠳᠦ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠪᠠᠶᠢᠴᠠᠭᠠᠨ᠂ ᠴᠠᠭ | ᠲᠤᠬᠠᠶ ᠳᠤᠨᠢ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠪᠠᠶᠢᠳᠠᠯ ᠢ ᠪᠠᠶᠢᠴᠠᠭᠠᠭᠰᠠᠨ ᠦᠷ᠎ᠡ ᠳ᠋ᠦᠩ ᠢᠶᠠᠨ ᠬᠠᠷᠢᠭᠤ | ᠲᠤᠰᠬᠠᠬᠤ ᠬᠡᠷᠡᠭᠲᠡᠶ᠃ | ᠲᠠᠪᠢᠨ ᠳᠣᠯᠣᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠭᠤᠶᠤᠴᠢᠯᠠᠭᠳᠠᠭᠴᠢ ᠪᠤᠶᠤ ᠪᠤᠰᠤᠳ ᠳᠣᠣᠷᠠᠳᠤ ᠱᠠᠲᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠮᠢᠶ᠎ᠠ ᠪᠥᠬᠦᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠨᠢ ᠬᠠᠤᠯᠢ ᠠᠴᠠ | ᠵᠥᠷᠢᠴᠡᠭᠰᠡᠨ ᠪᠤᠶᠤ ᠰᠢᠢᠳᠪᠦᠷᠢᠯᠡᠬᠦ ᠴᠢᠬᠤᠯᠠᠲᠠᠶ ᠬᠤᠶᠢᠴᠢ ᠠᠰᠠᠭᠤᠳᠠᠯ ᠪᠠᠶᠢᠪᠠᠯ᠂ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ ᠰᠠᠨᠠᠯ ᠤᠨ ᠪᠢᠴᠢᠭ ᠢ ᠵᠣᠬᠢᠶᠠᠵᠤ ᠪᠣᠯᠤᠨ᠎ᠠ᠃ ᠬᠤᠯᠪᠣᠭᠳᠠᠯ ᠪᠦᠬᠦᠢ ᠪᠠᠶᠢᠭᠤᠯᠭ᠎ᠠ ᠨᠢ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠰᠠᠨᠠᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ 60 ᠡᠳᠦᠷ ᠤᠨ | ᠳᠣᠲᠣᠷ᠎ᠠ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠤᠭᠰᠠᠨ | ᠪᠤᠶᠤ ᠬᠤᠶᠢᠴᠢ ᠠᠵᠢᠯ ᠤᠨ ᠪᠠᠶᠢᠳᠠᠯ ᠢ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠣᠮᠵᠢ ᠳᠤ ᠮᠡᠳᠡᠭᠦᠯᠦᠨ᠎ᠡ᠃ | ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠤᠮᠵᠢ ᠨᠢ ᠬᠠᠤᠯᠢ ᠴᠠᠭᠠᠵᠠ᠂ ᠬᠠᠣᠯᠢ ᠳᠦᠷᠢᠮ᠂ ᠲᠦᠷᠢᠮ ᠲᠣᠭᠲᠠᠭᠠᠯ ᠢ ᠬᠡᠷᠡᠭᠵᠢᠭᠦᠯᠬᠦ ᠳᠤᠮᠳᠠᠬᠢ | ᠨᠡᠶᠢᠳᠡᠮ ᠤᠨ ᠴᠢᠨᠠᠷᠲᠠᠶ ᠠᠰᠠᠭᠤᠳᠠᠯ ᠢ ᠮᠡᠳᠡᠪᠡᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠰᠠᠨᠠᠯ ᠤᠨ ᠪᠢᠴᠢᠭ ᠢ | ᠵᠣᠬᠢᠶᠠᠨ ᠬᠤᠯᠪᠣᠭᠳᠠᠯ ᠪᠦᠬᠦᠢ ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠢᠮ ᠢ | ᠲᠡᠭᠦᠯᠳᠡᠷᠵᠢᠭᠦᠯᠬᠦ ᠪᠠ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ ᠪᠣᠯᠤᠨ᠎ᠠ᠃ | ᠲᠠᠪᠢᠨ ᠨᠠᠢᠮᠠᠳᠤᠭᠠᠷ ᠵᠣᠷᠪᠣᠰ᠂ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠲᠣᠭᠲᠠᠮᠠᠯ ᠬᠤᠭᠤᠴᠠᠭ᠎ᠠ ᠲᠠᠢ ᠪᠠᠷ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ | ᠪᠠᠶᠢᠳᠠᠯ ᠢ ᠵᠠᠳᠠᠯᠵᠤ᠂ ᠳᠡᠪᠰᠢᠭᠦᠯᠦᠨ ᠮᠡᠳᠡᠭᠦᠯᠬᠦ ᠬᠡᠷᠡᠭᠲᠡᠶ᠃ | ᠲᠠᠪᠢ ᠶᠢᠰᠦᠳᠦᠭᠡᠷ ᠵᠣᠷᠪᠣᠰ᠂ ᠳᠣᠣᠷ᠎ᠠ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ | ᠴᠠᠭ ᠲᠤᠬᠠᠶ ᠳᠤᠨᠢ ᠴᠢᠬᠤᠯᠠ ᠶᠡᠭᠡ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠳᠡᠭᠡᠳᠦ ᠱᠠᠲᠤᠨ ᠤ | ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠵᠢᠷᠠᠳᠤᠭᠠᠷ ᠵᠣᠷᠪᠣᠰ᠂ ᠡᠯ᠎ᠡ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠲᠣᠭᠲᠠᠮᠠᠯ | ᠬᠤᠭᠤᠴᠠᠭ᠎ᠠ ᠲᠠᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠳ ᠲᠤ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠬᠢᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠴᠢᠨᠠᠷ ᠢ | ᠳᠡᠭᠡᠭᠰᠢᠯᠡᠭᠦᠯᠬᠦ ᠬᠡᠷᠡᠭᠲᠡᠶ᠃ | ᠵᠢᠷᠠᠨ ᠨᠢᠭᠡᠳᠦᠭᠡᠷ ᠵᠣᠷᠪᠣᠰ᠂ ᠡᠯ᠎ᠡ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ | ᠲᠣᠭᠲᠠᠭᠰᠠᠨ ᠬᠤᠭᠤᠴᠠᠭ᠎ᠠ ᠲᠠᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠳ᠋ᠦᠩᠨᠡᠨ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ | ᠬᠤᠪᠢ ᠬᠥᠮᠦᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃ | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠵᠢᠷᠠᠨ ᠬᠤᠶᠠᠳᠤᠭᠠᠷ ᠵᠣᠷᠪᠣᠰ᠂ ᠭᠤᠶᠤᠴᠢᠯᠠᠭᠳᠠᠭᠴᠢ ᠨᠢ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ | ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢᠨ ᠱᠠᠭᠠᠷᠳᠠᠯᠭ᠎ᠠ ᠶᠤᠰᠤᠭᠠᠷ ᠳᠠᠬᠢᠨ ᠰᠢᠨ᠎ᠡ ᠪᠠᠷ ᠪᠣᠳᠠᠲᠠᠶ ᠵᠠᠰᠠᠭ | ᠵᠠᠬᠢᠷᠭᠠᠨ ᠤ ᠦᠢᠯᠡ ᠠᠵᠢᠯᠯᠠᠭ᠎ᠠ ᠬᠢᠭᠰᠡᠨ ᠦᠭᠡᠢ ᠪᠣᠶᠣ ᠲᠣᠭᠲᠠᠭᠠᠯ ᠢ ᠵᠥᠷᠢᠴᠡᠨ ᠳᠠᠬᠢᠨ ᠰᠢᠨ᠎ᠡ ᠪᠠᠷ ᠪᠣᠳᠠᠲᠠᠶ | ᠵᠠᠰᠠᠭ ᠵᠠᠬᠢᠷᠭᠠᠨ ᠤ ᠠᠵᠢᠯᠯᠠᠭ᠎ᠠ ᠶᠢ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠭᠤᠴᠢᠨ | ᠳᠣᠯᠣᠳᠤᠭᠠᠷ ᠵᠣᠷᠪᠣᠰ ᠤᠨ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠠᠨ ᠭᠤᠷᠪᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠠᠵᠢᠯᠲᠠᠳ ᠤᠨ ᠪᠠᠶᠢᠴᠠᠭᠠᠨ ᠭᠡᠷᠡᠴᠢ | ᠠᠪᠴᠤ᠂ ᠪᠠᠶᠢᠴᠠᠭᠠᠨ ᠤᠩᠰᠢᠬᠤ᠂ ᠺᠣᠫᠢᠳᠠᠬᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠤᠨ ᠮᠠᠲ᠋ᠧᠷᠢᠶᠠᠯ ᠢ | ᠰᠢᠯᠵᠢᠭᠦᠯᠦᠨ ᠠᠪᠠᠴᠢᠬᠤ ᠶᠢ ᠡᠰᠡᠷᠭᠦᠴᠡᠭᠰᠡᠨ ᠪᠤᠶᠤ ᠬᠠᠷᠰᠢᠯᠠᠭᠰᠠᠨ ᠪᠠᠶᠢᠳᠠᠯ ᠪᠠᠶᠢᠪᠠᠯ᠂ ᠬᠤᠯᠪᠣᠭᠳᠠᠯ ᠪᠦᠬᠦᠢ | ᠬᠠᠷᠢᠭᠤᠴᠠᠯᠭ᠎ᠠ ᠲᠠᠢ ᠬᠥᠮᠦᠰ ᠲᠤ ᠬᠠᠤᠯᠢ ᠶᠣᠰᠣᠭᠠᠷ ᠰᠢᠳᠬᠡᠯ ᠥᠭᠬᠦ ᠪᠤᠶᠤ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠵᠢᠷᠠᠨ ᠳᠥᠷᠪᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠪᠤᠶᠤ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠪᠠ ᠲᠣᠰ | ᠲᠥᠷᠢᠮ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠦᠭᠡᠢ ᠪᠠᠶᠢᠵᠦ᠂ ᠬᠢᠨᠠᠯᠲᠠ ᠲᠠᠯᠪᠢᠬᠤ | ᠡᠷᠬᠡ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠰᠢᠮᠳᠠᠭᠤᠯᠬᠤ ᠳᠤ ᠮᠥᠨ ᠴᠦ ᠵᠠᠯᠠᠷᠠᠭᠤᠯᠤᠭᠰᠠᠨ ᠦᠭᠡᠢ ᠪᠣᠯ᠂ | ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ | ᠠᠵᠢᠯᠳᠡᠠ ᠳᠤᠨᠢ ᠬᠠᠤᠯᠢ ᠶᠣᠰᠣᠭᠠᠷ ᠰᠡᠷᠡᠮᠵᠢ ᠥᠭᠬᠦ᠂ ᠠᠯᠳᠠᠭ᠎ᠠ ᠲᠡᠮᠳᠡᠭᠯᠡᠬᠦ᠂ ᠶᠡᠭᠡ ᠤᠰᠤᠯ ᠲᠡᠮᠳᠡᠭᠯᠡᠬᠦ ᠰᠢᠳᠬᠡᠯ | ᠥᠭᠭᠦᠨ᠎ᠡ︔ ᠬᠦᠨᠳᠦ ᠨᠣᠴᠢᠲᠠᠶ ᠤᠷᠰᠢᠭ ᠲᠠᠲᠠᠭᠰᠠᠨ ᠪᠣᠯ ᠬᠠᠤᠯᠢ ᠶᠣᠰᠣᠭᠠᠷ ᠵᠡᠷᠭᠡ ᠳᠡᠰ ᠢ ᠨᠢ ᠪᠠᠭᠤᠷᠠᠭᠤᠯᠬᠤ᠂ | ᠲᠤᠰᠢᠶᠠᠯ ᠠᠴᠠ ᠤᠭᠴᠠᠷᠠᠭᠤᠯᠬᠤ᠂ ᠠᠵᠢᠯ ᠠᠴᠠ ᠨᠢ ᠬᠥᠭᠡᠭᠡᠬᠦ ᠰᠢᠳᠬᠡᠯ ᠥᠭᠭᠦᠨ᠎ᠡ᠃ | ᠵᠢᠷᠠᠨ ᠲᠠᠪᠤᠳᠤᠭᠠᠷ ᠵᠣᠷᠪᠣᠰ᠂ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠠᠴᠠ ᠵᠠᠰᠠᠭ | ᠵᠠᠬᠢᠷᠭᠠᠨ ᠤ ᠳᠠᠬᠢᠨ ᠵᠥᠪᠯᠡᠬᠦ ᠬᠠᠤᠯᠢ ᠪᠠ ᠲᠤᠰ ᠳᠦᠷᠢᠮ ᠤᠨ ᠲᠣᠭᠲᠠᠭᠠᠯ ᠢ ᠵᠦᠷᠢᠴᠡᠭᠰᠡᠨ ᠪᠣᠯ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠠᠴᠠ ᠠᠵᠢᠯᠲᠠᠨ ᠤ ᠶᠠᠪᠤᠳᠠᠯ᠂ ᠬᠢᠨᠠᠨ ᠪᠠᠶᠢᠴᠠᠭᠠᠬᠤ ᠰᠠᠯᠠᠭ᠎ᠠ | ᠮᠥᠴᠢᠷ ᠲᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠰ ᠲᠤ ᠰᠢᠳᠬᠡᠯ ᠥᠭᠬᠦ ᠰᠠᠨᠠᠭᠤᠯᠭ᠎ᠠ ᠳᠤᠷᠠᠳᠴᠤ᠂ | ᠬᠤᠯᠪᠣᠭᠳᠠᠯ ᠪᠦᠬᠦᠢ ᠬᠥᠮᠦᠨ ᠤ ᠬᠠᠤᠯᠢ ᠶᠢ ᠵᠥᠷᠢᠴᠡᠵᠦ ᠪᠠᠶᠢᠭ᠎ᠠ ᠪᠣᠳᠠᠲᠤ ᠶᠠᠪᠤᠳᠠᠯ ᠤᠨ ᠮᠠᠲ᠋ᠧᠷᠢᠶᠠᠯ ᠢ ᠰᠢᠭᠤᠳ | ᠠᠵᠢᠯᠲᠠᠨ ᠤ ᠶᠠᠪᠤᠳᠠᠯ᠂ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ ᠰᠢᠢᠳᠪᠦᠷᠢᠯᠡᠨ᠎ᠡ︔ | ᠰᠢᠯᠵᠢᠭᠦᠯᠦᠨ ᠬᠦᠷᠭᠡᠭᠰᠡᠨ ᠢ ᠬᠦᠯᠢᠶᠡᠠ ᠠᠪᠤᠭᠰᠠᠨ ᠠᠵᠢᠯᠳᠠᠨ ᠤ ᠶᠠᠪᠤᠳᠠᠯ᠂ ᠬᠢᠨᠠᠨ ᠪᠠᠶᠢᠴᠠᠭᠠᠬᠤ ᠰᠠᠯᠠᠭ᠎ᠠ ᠮᠥᠴᠢᠷ | ᠨᠢ ᠬᠠᠤᠯᠢ ᠶᠣᠰᠣᠭᠠᠷ ᠰᠢᠢᠳᠪᠦᠷᠢᠯᠡᠵᠦ᠂ ᠰᠢᠢᠳᠪᠦᠷᠢᠯᠡᠭᠰᠡᠨ ᠦᠷ᠎ᠡ ᠳ᠋ᠦᠩ ᠢ ᠰᠢᠯᠵᠢᠭᠦᠯᠦᠨ ᠬᠦᠷᠭᠡᠭᠰᠡᠨ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ ᠮᠡᠳᠡᠭᠳᠡᠬᠦ ᠬᠡᠷᠡᠭᠲᠡᠶ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠵᠢᠷᠠᠨ ᠵᠢᠷᠭᠤᠳᠤᠭᠠᠷ ᠵᠣᠷᠪᠣᠰ᠂ ᠲᠤᠰ ᠲᠦᠷᠢᠮ ᠢ 2007 ᠣᠨ ᠤ 8 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | |