ᠤᠯᠤᠰ ᠤᠨ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ᠶᠢ ᠦᠨᠡᠯᠡᠨ ᠲᠣᠭᠲᠠᠭᠠᠬᠤ ᠠᠷᠭ᠎ᠠ
ᠨᠡᠶᠢᠲᠡᠯᠡᠭᠰᠡᠨ ᠴᠠᠭ᠄
2019/1/11
    ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ ᠤ ᠵᠦᠪᠰᠢᠶᠡᠷᠡᠯ ᠢᠶᠠᠷ ᠡᠳᠦᠭᠡ ︽ᠤᠯᠤᠰ ᠤᠨ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ᠶᠢ ᠰᠢᠯᠭᠠᠷᠠᠭᠤᠯᠤᠨ ᠲᠣᠭᠲᠠᠭᠠᠬᠤ ᠠᠷᠭ᠎ᠠ᠂ ᠪᠠᠷᠢᠮᠵᠢᠶ᠎ᠠ ᠵᠢᠴᠢ ᠬᠤᠪᠢ ᠣᠯᠭᠤᠬᠤ︾ ᠶᠢ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠃ ᠲᠤᠰ ᠠᠷᠭ᠎ᠠ ᠪᠣᠯᠤᠨ ᠪᠠᠷᠢᠮᠵᠢᠶ᠎ᠠ ᠶᠢ ᠦᠨᠳᠦᠰᠦᠯᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠮᠤᠵᠢ ᠶᠢᠨ ᠢᠶᠠᠨ ᠬᠤᠪᠢ ᠣᠯᠭᠤᠬᠤ ᠨᠠᠷᠢᠨ ᠲᠦᠷᠢᠮ ᠢ ᠰᠤᠳᠤᠯᠤᠨ ᠦᠢᠯᠡᠳᠬᠦ ᠬᠡᠷᠡᠭᠲᠡᠢ ᠃ 2003 ᠣᠨ ᠠᠴᠠ ᠡᠬᠢᠯᠡᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ ᠳᠥᠷᠪᠡᠨ ᠵᠢᠯ ᠲᠤᠲᠤᠮ ᠨᠢᠭᠡ ᠤᠳᠠᠭ᠎ᠠ ᠤᠯᠤᠰ ᠤᠨ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠶ᠋ᠯ ᠤᠨ ᠰᠤᠷᠭᠠᠭᠤᠯᠢ ᠶᠢ ᠰᠢᠯᠭᠠᠷᠠᠭᠤᠯᠬᠤ ᠤᠨ ᠬᠠᠮᠲᠤ ᠱᠠᠩᠨᠠᠨ ᠬᠥᠬᠢᠭᠦᠯᠦᠨ᠎ᠡ᠃     ᠤᠯᠤᠰ ᠤᠨ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ᠶᠢ ᠦᠨᠡᠯᠡᠨ ᠲᠣᠭᠲᠠᠭᠠᠬᠤ ᠠᠷᠭ᠎ᠠ     ᠨᠢᠭᠡᠳᠦᠭᠡᠷ ᠵᠦᠢᠯ   ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠶ᠋ᠯ ᠤᠨ ᠰᠤᠷᠭᠠᠭᠤᠯᠢ ᠶᠢ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ᠶᠢ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠦᠯᠦᠭᠡ ︽ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠶ᠋ᠯ ᠤᠨ ᠰᠤᠷᠭᠠᠭᠤᠯᠢ ᠶᠢ ᠬᠠᠮᠢᠶᠠᠷᠬᠤ ᠠᠷᠭ᠎ᠠ︾ ᠶᠢ ᠦᠨᠳᠦᠰᠦᠯᠡᠨ᠂ ᠡᠨᠡ ᠠᠷᠭ᠎ᠠ ᠶᠢ ᠲᠣᠭᠲᠠᠭᠠᠪᠠ᠃     ᠬᠤᠶᠠᠳᠤᠭᠠᠷ ᠵᠦᠢᠯ   ᠤᠯᠤᠰ ᠤᠨ ᠪᠡᠶ᠎ᠡ ᠶᠢᠨ ᠲᠠᠮᠢᠷ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠮᠲᠤ ᠪᠠᠷ ᠲᠣᠭᠲᠠᠭᠠᠭᠰᠠᠨ ︽ᠤᠯᠤᠰ ᠤᠨ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ᠶᠢ ᠰᠢᠯᠭᠠᠨ ᠲᠣᠭᠲᠠᠭᠠᠬᠤ ᠪᠠᠷᠢᠮᠵᠢᠶ᠎ᠠ︾ ︵ᠳᠣᠷᠣᠭᠰᠢ ︽ᠪᠠᠷᠢᠮᠵᠢᠶ᠎ᠠ︾ ᠭᠡᠵᠦ ᠲᠣᠪᠴᠢᠯᠠᠨ᠎ᠠ︶ ᠶᠢ ᠦᠨᠳᠦᠰᠦᠯᠡᠨ ︽ᠤᠯᠤᠰ ᠤᠨ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠦᠷᠦᠯ ᠵᠦᠢᠯ ᠤᠨ ᠰᠤᠷᠭᠠᠭᠤᠯᠢ︾ ᠶᠢ ᠦᠨᠡᠯᠡᠨ ᠲᠤᠭᠲᠠᠭᠠᠨ᠎ᠠ᠃     ᠡᠯ᠎ᠡ ᠮᠤᠵᠢ ︵ᠣᠷᠣᠨ᠂ ᠬᠤᠳᠠ︶ ᠶᠢᠨ ᠪᠡᠶ᠎ᠡ ᠶᠢᠨ ᠲᠠᠮᠢᠷ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠯᠤᠰ ᠤᠨ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠶ᠋ᠯ ᠤᠨ ᠰᠤᠷᠭᠠᠭᠤᠯᠢ ᠶᠢ ᠠᠩᠬ᠎ᠠ ᠠᠯᠬᠤᠮ ᠤᠨ ᠬᠢᠨᠠᠨ ᠲᠣᠭᠲᠠᠭᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠬᠦᠯᠬᠦ ᠬᠡᠷᠡᠭᠲᠡᠢ᠃     ᠭᠤᠷᠪᠠᠳᠤᠭᠠᠷ ᠵᠦᠢᠯ   ᠤᠯᠤᠰ ᠤᠨ ᠲᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ᠨᠤᠭᠤᠳ ᠢ ᠦᠨᠡᠯᠡᠨ ᠲᠣᠭᠲᠠᠭᠠᠬᠤ ᠠᠵᠢᠯ᠂ ᠳᠠᠬᠢᠨ ᠪᠠᠶᠢᠴᠠᠭᠠᠬᠤ ᠠᠵᠢᠯ ᠢ ᠳᠥᠷᠪᠡᠨ ᠵᠢᠯ ᠲᠤᠲᠤᠮ ᠨᠢᠭᠡ ᠤᠳᠠᠭ᠎ᠠ ᠬᠢᠬᠦ ᠬᠡᠷᠡᠭᠲᠡᠶ᠃     ᠳᠥᠷᠪᠡᠳᠦᠭᠡᠷ ᠵᠦᠢᠯ   ᠪᠠᠷᠢᠮᠵᠢᠶ᠎ᠠ ᠱᠠᠭᠠᠷᠳᠠᠯᠭ᠎ᠠ ᠳᠤ ᠨᠡᠶᠢᠴᠡᠭᠰᠡᠨ ᠡᠯ᠎ᠡ ᠮᠤᠵᠢ ︵ᠣᠷᠣᠨ᠂ ᠬᠤᠳᠠ︶ ᠶᠢᠨ ᠱᠠᠲᠤᠨ ᠤ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ᠨᠤᠭᠤᠳ ᠨᠢ ᠲᠤᠰ ᠮᠤᠵᠢ ︵ᠣᠷᠣᠨ᠂ ᠬᠤᠳᠠ︶ ᠶᠢᠨ ᠪᠡᠶ᠎ᠡ ᠶᠢᠨ ᠲᠠᠮᠢᠷ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠤᠯᠤᠰ ᠤᠨ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ᠶᠢ ᠦᠨᠡᠯᠡᠨ ᠲᠣᠭᠲᠠᠭᠠᠬᠤ ᠲᠤᠬᠠᠢ ᠪᠢᠴᠢᠭ ᠤᠨ ᠬᠡᠯᠪᠡᠷᠢ ᠪᠠᠷ ᠭᠤᠶᠤᠴᠢᠯᠠᠯ ᠭᠠᠷᠭᠠᠵᠤ ᠪᠣᠯᠤᠨ᠎ᠠ᠃     ᠲᠠᠪᠤᠳᠤᠭᠠᠷ ᠵᠦᠢᠯ       ᠡᠯ᠎ᠡ ᠮᠤᠵᠢ ︵ᠣᠷᠣᠨ᠂ ᠬᠤᠳᠠ︶ ᠶᠢᠨ ᠪᠡᠶ᠎ᠡ ᠶᠢᠨ ᠲᠠᠮᠢᠷ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠᠷᠢᠮᠵᠢᠶ᠎ᠠ ᠶᠢ ᠦᠨᠳᠦᠰᠦᠯᠡᠨ᠂ ᠠᠩᠬ᠎ᠠ ᠠᠯᠬᠤᠮ ᠬᠢᠨᠠᠨ ᠲᠣᠭᠲᠠᠭᠠᠬᠤ ᠬᠡᠷᠡᠭᠲᠡᠶ᠃ ᠪᠠᠷᠢᠮᠵᠢᠶ᠎ᠠ ᠨᠡᠶᠢᠴᠡᠭᠰᠡᠨ ᠰᠤᠷᠭᠠᠭᠤᠯᠢ ᠶᠢ ︽ᠤᠯᠤᠰ ᠤᠨ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ︾ ᠶᠢᠨ ᠪᠡᠯᠡᠳᠭᠡᠯ ᠰᠤᠷᠭᠠᠭᠤᠯᠢ ᠶᠢᠨ ᠬᠤᠪᠢ ᠪᠠᠷ ᠤᠯᠤᠰ ᠤᠨ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃     ᠵᠢᠷᠭᠤᠳᠤᠭᠠᠷ ᠵᠦᠢᠯ   ᠤᠯᠤᠰ ᠤᠨ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠨ ᠲᠣᠭᠲᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠳᠡᠭᠡᠭᠰᠢ ᠮᠡᠳᠡᠭᠦᠯᠦᠭᠰᠡᠨ ︽ᠤᠯᠤᠰ ᠤᠨ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ︾ ᠶᠢᠨ ᠪᠡᠯᠡᠳᠬᠡᠯ ᠰᠤᠷᠭᠠᠭᠤᠯᠢ ᠳᠤ ᠬᠢᠨᠠᠨ ᠬᠠᠷᠭᠤᠭᠤᠯᠵᠤ ᠦᠨᠡᠯᠡᠨ ᠲᠣᠭᠲᠠᠭᠠᠬᠤ ᠠᠵᠢᠯ ᠬᠢᠨ᠎ᠡ᠃     ᠳᠣᠯᠣᠳᠤᠭᠠᠷ ᠵᠦᠢᠯ   ᠬᠢᠨᠠᠨ ᠬᠠᠷᠭᠤᠭᠤᠯᠬᠤ ᠦᠨᠡᠯᠡᠨ ᠲᠤᠭᠲᠠᠭᠠᠯᠲᠠ ᠶᠢ ᠳᠠᠮᠵᠢᠭᠰᠠᠨ ᠪᠡᠯᠡᠳᠭᠡᠯ ᠰᠤᠷᠭᠠᠭᠤᠯᠢ ᠶᠢ ᠤᠯᠤᠰ ᠤᠨ ᠪᠡᠶ᠎ᠡ ᠶᠢᠨ ᠲᠠᠮᠢᠷ ᠤᠨ ᠲᠤᠪᠴᠢᠶ᠎ᠠ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ︽ᠤᠯᠤᠰ ᠤᠨ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠶ᠋ᠯ ᠤᠨ ᠰᠤᠷᠭᠠᠭᠤᠯᠢ︾ ᠭᠡᠵᠦ ᠨᠡᠷᠡᠯᠡᠬᠦ ᠪᠥᠭᠡᠳ ᠬᠥᠬᠢᠭᠦᠯᠦᠨ ᠰᠠᠶᠢᠰᠢᠶᠠᠵᠤ ᠱᠠᠩᠨᠠᠬᠤ ᠬᠡᠷᠡᠭᠲᠡᠶ᠃     ᠨᠠᠢᠮᠠᠳᠤᠭᠠᠷ ᠵᠦᠢᠯ    ᠨᠢᠭᠡᠨᠲᠡ ᠦᠨᠡᠯᠡᠨ ᠲᠣᠭᠲᠠᠭᠠᠭᠳᠠᠭᠰᠠᠨ ︽ᠤᠯᠤᠰ ᠤᠨ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ︾ ᠨᠢ ᠳᠠᠬᠢᠨ ᠪᠠᠶᠢᠴᠠᠭᠠᠬᠤ ᠪᠠᠷ ᠳᠡᠮᠵᠢᠨ ᠪᠠᠷᠢᠮᠵᠢᠶ᠎ᠠ ᠳᠤ ᠨᠡᠶᠢᠴᠡᠬᠦ ᠦᠭᠡᠢ ᠪᠣᠯᠤᠭᠰᠠᠨ ᠪᠠᠶᠢᠪᠠᠯ ᠴᠣᠯᠠ ᠶᠢ ᠨᠢ ᠬᠦᠴᠦᠨ ᠦᠭᠡᠢ ᠪᠣᠯᠭᠠᠨ᠎ᠠ᠃ ᠶᠢᠰᠦᠳᠦᠭᠡᠷ ᠵᠦᠢᠯ     ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃     ᠤᠯᠤᠰ ᠤᠨ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ᠶᠢ ᠰᠢᠯᠭᠠᠨ ᠲᠣᠭᠲᠠᠭᠠᠬᠤ ᠪᠠᠷᠢᠮᠵᠢᠶ᠎ᠠ ᠵᠢᠴᠢ ᠬᠤᠪᠢ ᠣᠯᠭᠤᠬᠤ     ᠨᠢᠭᠡ᠂ ᠦᠨᠳᠦᠰᠦᠨ ᠨᠥᠬᠦᠴᠡᠯ ︵20 ᠬᠤᠪᠢ︶     ︵ᠨᠢᠭᠡ︶ ᠤᠳᠤᠷᠢᠳᠤᠯᠭ᠎ᠠ ᠶᠢᠨ ᠲᠠᠯ᠎ᠠ ᠠᠴᠠ ᠬᠦᠨᠳᠦᠳᠬᠡᠨ ᠦᠵᠡᠬᠦ ︵4 ᠬᠤᠪᠢ︶     1᠂ ᠰᠤᠷᠭᠠᠭᠤᠯᠢ ᠶᠢᠨ ᠤᠳᠤᠷᠢᠳᠤᠯᠭ᠎ᠠ ᠶᠢᠨ ᠲᠠᠯ᠎ᠠ ᠠᠴᠠ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠠᠵᠢᠯ ᠤᠨ ᠬᠦᠨᠳᠦᠳᠬᠡᠨ ᠦᠵᠡᠵᠦ᠂ ᠰᠤᠷᠭᠠᠭᠤᠯᠢ ᠶᠢᠨ ᠵᠥᠪᠯᠡᠬᠦ ᠵᠦᠢᠯ ᠳᠡᠭᠡᠨ ᠣᠷᠣᠭᠤᠯᠤᠭᠰᠠᠨ ᠪᠠᠶᠢᠬᠤ᠃ ᠰᠤᠷᠭᠠᠭᠤᠯᠢ  ᠶᠢᠨ  ᠤᠳᠤᠷᠢᠳᠤᠯᠭ᠎ᠠ  ᠶᠢᠨ  ᠰᠢᠭᠤᠳ  ᠬᠠᠷᠢᠭᠤᠴᠠᠵᠤ ᠪᠠᠶᠢᠭ᠎ᠠ  ᠬᠠᠮᠢᠶᠠᠷᠬᠤ ᠪᠠᠶᠢᠭᠤᠯᠤᠮᠵᠢ  ᠶᠢ  ᠪᠠᠶᠢᠭᠤᠯᠵᠤ᠂ ᠬᠠᠷᠠᠭᠠᠯᠵᠠᠭᠰᠠᠨ  ᠬᠠᠮᠢᠶᠠᠷᠤᠯᠲᠠ  ᠶᠢᠨ  ᠠᠷᠭ᠎ᠠ  ᠪᠣᠯᠤᠨ ᠳᠦᠷᠢᠮ ᠲᠣᠭᠲᠠᠭᠠᠯ ᠪᠠᠶᠢᠬᠤ᠃ ︵1 ᠬᠤᠪᠢ︶     2᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠠᠵᠢᠯ ᠤᠨ ᠠᠮᠵᠢᠯᠲᠠ ᠪᠦᠲᠦᠮᠵᠢ ᠶᠢ ᠵᠢᠯ ᠤᠨ ᠡᠴᠦᠰ ᠤᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ᠃ ︵2 ᠬᠤᠪᠢ︶     3 . ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ᠂ ᠠᠵᠢᠯ ᠤᠨ ᠲᠥᠯᠥᠪᠯᠡᠭᠡ ᠨᠢ ᠰᠢᠨᠵᠢᠯᠡᠬᠦ ᠤᠬᠠᠭᠠᠨᠴᠢ ᠴᠢᠨᠠᠷ᠂ ᠰᠢᠨ᠎ᠡ ᠶᠢ ᠡᠭᠦᠳᠬᠦ ᠴᠢᠨᠠᠷ᠂ ᠶᠠᠪᠤᠭᠳᠠᠬᠤ ᠴᠢᠨᠠᠷ ᠲᠠᠢ ᠪᠠᠶᠢᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ᠃ ︵1 ᠬᠤᠪᠢ︶     ︵ᠬᠤᠶᠠᠷ︶ ᠪᠠᠭᠰᠢ ᠲᠣᠬᠢᠷᠠᠭᠤᠯᠬᠤ ︵3 ᠬᠤᠪᠢ︶     1 . ᠤᠯᠤᠰ ᠤᠨ ᠲᠣᠭᠲᠠᠭᠠᠯ ᠶᠣᠰᠣᠭᠠᠷ ᠪᠡᠶ᠎ᠡ ᠶᠢᠨ ᠲᠠᠮᠢᠷ ᠤᠨ ᠪᠠᠭᠰᠢ ᠶᠢ ᠪᠦᠷᠢᠨ ᠲᠤᠬᠢᠷᠠᠭᠤᠯᠤᠭᠰᠠᠨ ᠪᠠᠶᠢᠬᠤ᠃ ︵1 ᠬᠤᠪᠢ︶     2᠂ ᠲᠤᠰᠬᠠᠶ ᠠᠵᠢᠯ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠦᠷᠦᠯ ᠵᠦᠢᠯ ᠤᠨ ᠪᠣᠯᠪᠠᠰᠤᠷᠠᠯ ᠶᠢᠨ ᠪᠠᠭᠰᠢ ᠲᠠᠢ ᠪᠠᠶᠢᠬᠤ  ᠃ ︵2 ᠬᠤᠪᠢ︶     ︵ᠭᠤᠷᠪᠠ︶ ᠲᠠᠯᠠᠪᠠᠢ ᠪᠠᠭᠠᠵᠢ ᠬᠡᠷᠡᠭᠰᠡᠯ ᠲᠥᠬᠦᠭᠡᠷᠦᠮᠵᠢ ︵5 ᠬᠤᠪᠢ︶     1᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠡᠷᠡᠭᠰᠡᠯ ᠨᠢ ᠡᠷᠬᠡᠪᠰᠢ ᠤᠯᠤᠰ ᠤᠨ ᠪᠡᠶ᠎ᠡ ᠶᠢᠨ ᠲᠠᠮᠢᠷ ᠤᠨ ᠬᠡᠷᠡᠭᠰᠡᠯ ᠲᠣᠬᠢᠷᠠᠭᠤᠯᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ︵2 ᠬᠤᠪᠢ︶     2᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠦᠷᠦᠯ ᠵᠦᠢᠯ ᠢ ᠦᠨᠳᠦᠰᠦᠯᠡᠨ ᠵᠢᠭᠠᠨ ᠰᠤᠷᠭᠠᠬᠤ᠂ ᠲᠤᠰᠬᠠᠶ ᠵᠦᠢᠯ ᠤᠨ ᠰᠤᠷᠭᠠᠭᠤᠯᠢᠯᠠᠯ ᠪᠠ ᠵᠢᠩᠬᠢᠨᠢ ᠤᠷᠤᠯᠳᠤᠭᠠᠨ ᠤ ᠱᠠᠭᠠᠷᠳᠠᠯᠭ᠎ᠠ ᠶᠢ ᠬᠠᠩᠭᠠᠵᠤ ᠴᠢᠳᠠᠬᠤ ᠲᠠᠯᠠᠪᠤᠷ ᠪᠠᠭᠠᠵᠢ ᠬᠡᠷᠡᠭᠰᠡᠯ ᠲᠥᠬᠦᠭᠡᠷᠦᠮᠵᠢ ᠪᠠᠶᠢᠬᠤ᠃ ︵3 ᠬᠤᠪᠢ︶     ︵ᠲᠦᠷᠪᠡ︶ ᠵᠠᠷᠤᠳᠠᠯ ᠤᠨ ᠪᠠᠲᠤᠯᠠᠭ᠎ᠠ ︵5 ᠬᠤᠪᠢ︶     1 . ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠠᠷᠤᠳᠠᠯ ᠢ ᠡᠷᠬᠡᠪᠰᠢ ᠤᠯᠤᠰ ᠤᠨ ᠲᠣᠭᠲᠠᠭᠠᠯ ᠶᠣᠰᠣᠭᠠᠷ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠵᠢᠯ ᠦᠢᠯᠡᠰ ᠤᠨ ᠵᠠᠷᠤᠳᠠᠯ ᠠᠴᠠ ᠭᠠᠷᠭᠠᠨ᠎ᠠ᠂ ᠲᠡᠭᠦᠨ ᠤ ᠬᠠᠷᠢᠴᠠᠯ  ᠨᠢ ᠨᠢᠭᠡᠨᠲᠡ ᠲᠣᠭᠲᠠᠭᠰᠠᠨ ᠣᠨ ᠤ ᠰᠤᠷᠭᠠᠨ ᠬᠥᠮᠦᠵᠢᠯ ᠤᠨ ᠵᠠᠷᠤᠳᠠᠯ ᠤᠨ ᠲᠥᠰᠦᠪ ᠤᠨ ᠶᠡᠷᠦᠩᠬᠡᠢ ᠬᠡᠮᠵᠢᠶ᠎ᠡ ᠶᠢᠨ 2% ᠠᠴᠠ ᠳᠣᠣᠷ᠎ᠠ ᠪᠠᠶᠢᠵᠤ ᠪᠣᠯᠬᠤ ᠦᠭᠡᠢ᠃ ︵2 ᠬᠤᠪᠢ︶     2᠂ ᠰᠤᠷᠭᠠᠭᠤᠯᠢ ᠡᠷᠬᠡᠪᠰᠢ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠦᠷᠦᠯ ᠵᠦᠢᠯ ᠤᠨ ᠪᠣᠯᠪᠠᠰᠤᠷᠠᠯ᠂ ᠤᠷᠤᠯᠳᠤᠭᠠᠨ ᠵᠢᠴᠢ ᠪᠠᠭᠰᠢ ᠶᠢᠨ ᠨᠥᠬᠦᠪᠥᠷᠢ ᠶᠢᠨ ᠵᠠᠷᠤᠳᠠᠯ ᠢ ᠪᠠᠲᠤᠯᠠᠵᠤ᠂᠂ ᠲᠤᠰᠬᠠᠶ ᠮᠦᠩᠬᠦ ᠶᠢ ᠲᠤᠰᠬᠠᠶ ᠬᠡᠷᠡᠭᠯᠡᠬᠦ ᠬᠡᠷᠡᠭᠲᠡᠶ᠃ ︵3 ᠬᠤᠪᠢ︶     ︵ᠲᠠᠪᠤ︶ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ︵3 ᠬᠤᠪᠢ︶     ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠣᠷᠣᠭᠴᠢ ᠡᠯᠰᠡᠬᠦ ᠰᠣᠷᠣᠭᠴᠢ ᠶᠢᠨ ᠢᠷᠡᠯᠲᠡ ᠶᠢ ᠪᠠᠲᠤᠯᠠᠵᠤ᠂ ᠲᠠᠮᠢᠷ ᠤᠨ ᠣᠨᠴᠠ ᠴᠢᠳᠠᠪᠤᠷᠢᠲᠠᠶ ᠰᠣᠷᠣᠭᠴᠢ ᠶᠢ ᠣᠨᠴᠠᠭᠠᠶᠢᠯᠠᠨ ᠡᠯᠰᠡᠬᠦ ᠲᠦᠷᠦ ᠶᠢᠨ ᠪᠤᠳᠤᠯᠭ᠎ᠠ ᠪᠠᠶᠢᠬᠤ ᠬᠡᠷᠡᠭᠲᠡᠢ᠃ ︵3 ᠬᠤᠪᠢ︶     ᠬᠤᠶᠠᠷ᠂ ᠠᠵᠢᠯ ᠤᠨ ᠱᠠᠭᠠᠷᠳᠠᠯᠭ᠎ᠠ ︵30 ᠬᠤᠪᠢ︶     ︵ᠨᠢᠭᠡ︶ ᠲᠦᠭᠡᠮᠡᠯ ᠴᠢᠨᠠᠷᠲᠠᠶ ᠪᠡᠶ᠎ᠡ ᠶᠢᠨ ᠲᠠᠮᠢᠷ ᠤᠨ ᠬᠥᠳᠡᠯᠭᠡᠭᠡᠨ ︵10 ᠬᠤᠪᠢ︶     1᠂ ᠤᠯᠤᠰ ᠤᠨ ᠬᠢᠴᠢᠶᠡᠯ ᠤᠨ ᠲᠥᠯᠥᠪᠯᠡᠭᠡ ᠳᠤ ᠲᠣᠭᠲᠠᠭᠠᠭᠰᠠᠨ ᠶᠣᠰᠣᠭᠠᠷ᠂ ᠬᠢᠴᠢᠶᠡᠯ ᠤᠨ ᠭᠠᠳᠠᠨᠠᠬᠢ ᠬᠥᠳᠡᠯᠭᠡᠭᠡᠨ ᠤ ᠬᠢᠴᠢᠶᠡᠯ ᠲᠥᠷᠥᠯ ᠢ ᠨᠡᠬᠡᠬᠡᠬᠦ ᠳᠤ ᠵᠣᠬᠢᠶᠠᠨ ᠪᠠᠶᠢᠭᠤᠯᠤᠯᠲᠠ ᠲᠠᠢ᠂ ᠰᠢᠨᠵᠢᠯᠡᠬᠦ ᠤᠬᠠᠭᠠᠨᠴᠢ᠂ ᠵᠣᠬᠢᠰᠲᠠᠶ᠂ ᠡᠮᠬᠢ ᠵᠢᠷᠤᠮ ᠲᠠᠢ ᠪᠠᠶᠢᠯᠭᠠᠵᠤ᠂ ᠲᠠᠰᠤᠷᠠᠯᠲᠠ ᠦᠭᠡᠢ ᠴᠢᠨᠠᠷ ᠢ ᠨᠢ ᠳᠡᠭᠡᠭᠰᠢᠯᠡᠭᠦᠯᠬᠦ ᠬᠡᠷᠡᠭᠲᠡᠶ᠃ ᠰᠤᠷᠤᠭᠴᠢᠳ ᠤᠨ ᠡᠳᠦᠷ ᠪᠦᠷᠢ 1 ᠴᠠᠭ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠢᠭᠠᠵᠤ ᠪᠠᠶᠢᠨ᠎ᠠ᠃ ︵2 ᠬᠤᠪᠢ︶     2᠂ ᠰᠤᠷᠭᠠᠭᠤᠯᠢ ᠨᠢ ᠡᠷᠬᠡᠪᠰᠢ ︽ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠵᠦ︾ — — ︵ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯᠵᠢᠯ ᠤᠨ ᠪᠠᠷᠢᠮᠵᠢᠶ᠎ᠠ︶ ᠶᠢ ᠬᠡᠷᠡᠭᠵᠢᠬᠦᠯᠵᠦ᠂ ᠰᠤᠷᠬᠤ ᠨᠠᠰᠤᠨ ᠤ ᠰᠣᠷᠣᠭᠴᠢ ᠶᠢᠨ ᠬᠢᠷᠢ ᠲᠡᠩᠴᠡᠭᠰᠡᠨ ᠨᠣᠷᠮ᠎ᠠ ᠶᠢ ᠰᠤᠷᠭᠠᠭᠤᠯᠢ ᠶᠢᠨ ᠰᠤᠷᠤᠭᠴᠢ ᠪᠦᠬᠦ ᠲᠤᠭ᠎ᠠ ᠶᠢᠨ 95% ᠠᠴᠠ ᠳᠡᠭᠡᠭᠰᠢ ᠪᠠᠶᠢᠯᠭᠠᠬᠤ᠃ ︵2 ᠬᠤᠪᠢ︶     3 . ᠪᠣᠳᠠᠲᠤ ᠪᠠᠶᠢᠳᠠᠯ ᠠᠴᠠ ᠡᠭᠦᠰᠬᠦ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠯᠠᠨ ᠶᠠᠩᠵᠤ ᠬᠡᠯᠪᠡᠷᠢ ᠶᠢᠨ ᠤᠯᠠᠮᠵᠢᠯᠠᠯᠲᠤ  ᠪᠡᠶ᠎ᠡ  ᠶᠢᠨ ᠲᠠᠮᠢᠷ  ᠤᠨ  ᠬᠥᠳᠡᠯᠭᠡᠭᠡᠨ ᠢ ᠥᠷᠨᠢᠭᠦᠯᠵᠦ᠂ ᠤᠯᠠᠨ ᠲᠦᠮᠡᠨᠴᠢ ᠴᠢᠨᠠᠷ᠂ ᠥᠷᠭᠡᠨ ᠳᠡᠯᠭᠡᠷᠡᠩᠭᠦᠶ ᠴᠢᠨᠠᠷ᠂ ᠰᠤᠨᠢᠷᠬᠠᠯᠳᠦ ᠴᠢᠨᠠᠷ ᠢ ᠪᠠᠷᠢᠮᠲᠠᠯᠠᠬᠤ ᠬᠡᠷᠡᠭᠲᠡᠢ᠂ ᠲᠥᠯᠥᠪᠯᠡᠭᠡ  ᠲᠠᠢ  ᠪᠠᠷ  ᠪᠡᠶ᠎ᠡ  ᠶᠢᠨ  ᠲᠠᠮᠢᠷ  ᠤᠨ ᠤᠯᠠᠮᠵᠢᠯᠠᠯᠲᠤ ᠲᠥᠷᠥᠯ ᠵᠦᠢᠯ ᠤᠨ ᠠᠵᠢᠯᠯᠠᠭ᠎ᠠ ᠶᠢ ᠵᠢᠭᠠᠨ ᠰᠤᠷᠭᠠᠯᠲᠠ ᠪᠠ ᠬᠢᠴᠢᠶᠡᠯ ᠤᠨ ᠭᠠᠳᠠᠭᠤᠷᠬᠢ ᠲᠠᠮᠢᠷ ᠤᠨ ᠬᠥᠳᠡᠯᠭᠡᠭᠡᠨ ᠳᠤ ᠣᠷᠤᠭᠤᠯᠬᠤ ᠬᠡᠷᠡᠭᠲᠡᠢ᠃ ︵2 ᠬᠤᠪᠢ︶     4 . ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠠᠵᠢᠯᠯᠠᠭ᠎ᠠ ᠳᠤ ᠣᠷᠣᠯᠴᠠᠬᠤ ᠬᠥᠮᠦᠨ ᠤ ᠲᠤᠭ᠎ᠠ ᠶᠢ ᠰᠤᠷᠭᠠᠭᠤᠯᠢ ᠶᠢᠨ ᠰᠤᠷᠤᠭᠴᠢᠳ ᠤᠨ ᠪᠦᠬᠦ ᠲᠣᠭᠠᠨ ᠤ 80% % ᠠᠴᠠ ᠳᠡᠭᠡᠭᠰᠢ ᠪᠠᠶᠢᠯᠭᠠᠬᠤ᠃ ︵2 ᠬᠤᠪᠢ︶     5 . ᠰᠤᠷᠭᠠᠭᠤᠯᠢ ᠶᠢᠨ ᠲᠠᠯᠠᠪᠠᠶ ᠣᠷᠳᠣᠨ ᠤ ᠲᠦᠬᠦᠬᠡᠷᠦᠮᠵᠢ ᠶᠢ ᠡᠷᠬᠡᠪᠰᠢ ᠲᠥᠯᠥᠪᠯᠡᠭᠡ ᠲᠠᠢ᠂ ᠠᠯᠬᠤᠮ ᠲᠠᠷᠠᠭ᠎ᠠ ᠲᠠᠢ ᠪᠠᠷ ᠨᠡᠶᠢᠭᠡᠮ ᠨᠡᠶᠢᠲᠡ ᠳᠤ ᠨᠡᠬᠡᠬᠡᠬᠦ ᠬᠡᠷᠡᠭᠲᠡᠢ᠃ ︵2 ᠬᠤᠪᠢ︶     ︵ᠬᠤᠶᠠᠷ︶ ᠬᠢᠴᠢᠶᠡᠯ ᠤᠨ ᠭᠠᠳᠠᠨᠠᠬᠢ ᠪᠣᠯᠪᠠᠰᠤᠷᠠᠯ ︵8 ᠬᠤᠪᠢ︶     1᠂ ᠬᠡᠦᠬᠡᠳ ᠪᠠᠭᠠᠴᠤᠳ ᠤᠨ ᠥᠰᠴᠦ ᠪᠤᠶᠢᠵᠢᠬᠤ ᠪᠠ ᠪᠡᠶ᠎ᠡ ᠮᠠᠬᠠᠪᠣᠳ᠂ ᠰᠡᠳᠬᠢᠴᠡ ᠶᠢᠨ ᠣᠨᠴᠠᠯᠢᠭ ᠢ ᠵᠢᠷᠤᠮᠯᠠᠵᠤ᠂ ᠰᠢᠨᠵᠢᠯᠡᠬᠦ ᠤᠬᠠᠭᠠᠨᠴᠢ ᠰᠢᠰᠲ᠋ᠧᠮ ᠲᠠᠢ ᠪᠣᠯᠪᠠᠰᠤᠷᠠᠯ ᠬᠢᠯᠭᠡᠬᠦ ᠬᠡᠷᠡᠭᠲᠡᠶ᠃ ︵2 ᠬᠤᠪᠢ︶     2᠂  ᠡᠷᠬᠡᠪᠰᠢ ᠠᠳᠠᠯᠢ ᠪᠤᠰᠤ ᠨᠠᠰᠤ ᠵᠢᠯ ᠲᠠᠢ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠦᠷᠦᠯ ᠵᠦᠢᠯ ᠤᠨ ᠲᠥᠯᠥᠭᠡᠯᠡᠭᠴᠢᠳ ᠤᠨ ᠠᠩᠭᠢ ᠶᠢ ᠪᠠᠶᠢᠭᠤᠯᠬᠤ ᠬᠡᠷᠡᠭᠲᠡᠢ᠃ ︵2 ᠬᠤᠪᠢ︶     3᠂ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠨᠢ ᠪᠣᠯᠪᠠᠰᠤᠷᠠᠯ ᠬᠢᠬᠦ ᠠᠵᠢᠯ ᠤᠨ ᠲᠥᠯᠥᠪᠯᠡᠭᠡ ᠪᠠᠨ ᠲᠣᠭᠲᠠᠭᠠᠬᠤ ᠬᠡᠷᠡᠭᠲᠡᠶ᠃ ᠭᠠᠷᠠᠭ ᠪᠦᠷᠢ 3 ᠠᠴᠠ ᠳᠡᠭᠡᠭᠰᠢ ᠤᠳᠠᠭ᠎ᠠ ᠶᠢᠨ ᠪᠣᠯᠪᠠᠰᠤᠷᠠᠯ ᠢ ᠪᠠᠲᠤᠯᠠᠬᠤ᠂ ᠤᠳᠠᠭ᠎ᠠ ᠪᠦᠷᠢ ᠶᠢᠨ ᠪᠣᠯᠪᠠᠰᠤᠷᠠᠯ 90 ᠮᠢᠨᠦ᠋ᠲ ᠠᠴᠠ ᠳᠤᠲᠠᠭᠤ ᠪᠠᠶᠢᠵᠤ ᠪᠣᠯᠬᠤ ᠦᠭᠡᠢ᠃ ︵2 ᠬᠤᠪᠢ︶     4᠂ ᠬᠤᠣᠰ ᠠᠮᠠᠷᠠᠯᠲᠠ ᠶᠢᠨ ᠡᠳᠦᠷ᠂ ᠡᠪᠦᠯ ᠵᠤᠨ ᠤ ᠴᠢᠯᠦᠭᠡ ᠶᠢ ᠭᠦᠢᠴᠡᠳ ᠠᠰᠢᠭᠯᠠᠵᠤ᠂ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ ︵2 ᠬᠤᠪᠢ︶     ︵ᠭᠤᠷᠪᠠ︶ ᠤᠷᠤᠯᠳᠤᠭᠠᠨ ︵7 ᠬᠤᠪᠢ︶     1᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠤᠷᠤᠯᠳᠤᠭᠠᠨ ᠤ ᠠᠵᠢᠯᠯᠠᠭ᠎ᠠ ᠶᠢ ᠲᠥᠯᠥᠪᠯᠡᠭᠡ ᠲᠠᠢ ᠪᠠᠷ ᠥᠷᠨᠢᠭᠦᠯᠬᠦ ᠬᠡᠷᠡᠭᠲᠡᠶ᠃ ᠠᠩᠬᠢ᠂ ᠣᠨ᠂ ᠰᠤᠷᠭᠠᠭᠤᠯᠢ ᠶᠢᠨ ᠬᠤᠭᠤᠷᠣᠨᠳᠣᠬᠢ ᠤᠷᠤᠯᠳᠤᠭᠠᠨ ᠢ ᠳᠦᠷᠢᠮ ᠪᠣᠯᠭᠠᠬᠤ ᠬᠡᠷᠡᠭᠲᠡᠶ᠃ ︵2 ᠬᠤᠪᠢ︶     2᠂ ᠰᠤᠷᠭᠠᠭᠤᠯᠢ ᠵᠢᠯ ᠪᠦᠷᠢ 1 ᠤᠳᠠᠭ᠎ᠠ ᠠᠴᠠ ᠳᠡᠭᠡᠷᠡᠬᠢ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠦᠷᠦᠯ ᠵᠦᠢᠯ ᠢᠶᠠᠷ ᠭᠤᠣᠯ ᠪᠣᠯᠭᠠᠭᠰᠠᠨ ᠪᠡᠶ᠎ᠡ ᠲᠠᠮᠢᠷ ᠤᠨ ᠴᠤᠭᠯᠠᠭᠠᠨ ᠢ ᠵᠣᠬᠢᠶᠠᠨ ᠪᠠᠶᠢᠭᠤᠯᠬᠤ ᠬᠡᠷᠡᠭᠲᠡᠢ᠃ ︵2 ᠬᠤᠪᠢ︶     3᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠨᠢ ᠳᠡᠭᠡᠳᠦ ᠱᠠᠲᠤᠨ ᠤ ᠲᠠᠮᠢᠷ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠪᠠᠶᠢᠭ᠎ᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠬᠡᠷᠡᠭᠲᠡᠢ᠃ ︵3 ᠬᠤᠪᠢ︶     ︵ᠳᠥᠷᠪᠡ︶ ᠰᠣᠷᠣᠭᠴᠢ ᠲᠠᠮᠢᠷᠴᠢᠨ ᠤ ᠬᠠᠮᠢᠶᠠᠷᠤᠯᠲᠠ ︵5 ᠬᠤᠪᠢ︶     1᠂ ᠰᠤᠷᠤᠭᠴᠢ ᠲᠠᠮᠢᠷᠴᠢᠨ ᠤ ᠦᠵᠡᠯ ᠰᠠᠨᠠᠭ᠎ᠠ ᠵᠠᠩ ᠮᠣᠷᠠᠯ ᠪᠠ ᠰᠣᠶᠣᠯ ᠤᠨ ᠰᠤᠷᠤᠯᠴᠠᠯᠭ᠎ᠠ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠢ᠃ ︵2 ᠬᠤᠪᠢ︶     2᠂ ᠰᠤᠷᠭᠠᠭᠤᠯᠢ ᠶᠢᠨ ᠳᠡᠰ ᠤᠨ ᠪᠠᠭ ᠤᠨ ᠲᠠᠩᠰᠠ ᠡᠪᠬᠡᠮᠡᠯ ᠤᠨ ᠬᠥᠮᠥᠷᠭᠡ ᠶᠢ ᠪᠠᠶᠢᠭᠤᠯᠤᠨ᠎ᠠ᠃ ᠰᠤᠷᠤᠭᠴᠢ ᠲᠠᠮᠢᠷᠴᠢᠨ ᠤ ᠪᠡᠶ᠎ᠡ ᠶᠢᠨ ᠡᠷᠬᠡᠲᠡᠨ ᠤ ᠴᠢᠳᠠᠪᠤᠷᠢ ᠪᠠ ᠬᠥᠳᠡᠯᠭᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠵᠡᠷᠭᠡ ᠪᠠᠶᠢᠳᠠᠯ ᠢ ᠬᠠᠳᠠᠭᠠᠯᠠᠬᠤ ᠪᠥᠭᠡᠳ ᠲᠡᠭᠦᠨ ᠢ ᠮᠥᠷᠳᠡᠨ ᠪᠠᠶᠢᠴᠠᠭᠠᠬᠤ᠃ ︵3 ᠬᠤᠪᠢ︶      ᠭᠤᠷᠪᠠ᠂ ᠠᠵᠢᠯ ᠤᠨ ᠦᠷ᠎ᠡ ᠪᠦᠲᠦᠮᠵᠢ ︵50 ᠬᠤᠪᠢ︶     ︵ᠨᠢᠭᠡ︶ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠨᠢ ᠣᠷᠣᠰᠢᠵᠤ ᠪᠠᠶᠢᠭ᠎ᠠ ᠮᠤᠵᠢ ︵ᠣᠷᠣᠨ᠂ ᠬᠤᠳᠠ︶ ᠶᠢᠨ ᠵᠢᠱᠢᠶ᠎ᠡ ᠦᠵᠡᠭᠦᠯᠬᠦ ᠪᠠᠶᠢᠷᠢ ᠰᠠᠭᠤᠷᠢ ᠲᠠᠢ  ᠪᠠᠶᠢᠬᠤ᠃ ︵3 ᠬᠤᠪᠢ︶     ︵ᠬᠤᠶᠠᠷ︶ ᠪᠦᠬᠦ ᠰᠤᠷᠤᠭᠴᠢᠳ ᠡᠷᠬᠡᠪᠰᠢ ᠲᠤᠰ ᠰᠤᠷᠭᠠᠭᠤᠯᠢ ᠶᠢᠨ ᠤᠯᠠᠮᠵᠢᠯᠠᠯᠲᠤ ᠲᠦᠷᠦᠯ ᠵᠦᠢᠯ ᠤᠨ ᠮᠡᠳᠡᠯᠭᠡ ᠪᠠ ᠤᠷ᠎ᠠ ᠮᠡᠷᠭᠡᠵᠢᠯ ᠢ ᠡᠵᠡᠮᠰᠢᠬᠦ᠃ ︵2 ᠬᠤᠪᠢ︶     ︵ᠭᠤᠷᠪᠠ︶ ᠬᠥᠮᠦᠵᠢᠭᠦᠯᠬᠦ ᠪᠣᠯᠤᠨ ᠳᠠᠮᠵᠢᠭᠤᠯᠬᠤ ︵20 ᠬᠤᠪᠢ︶ ᠰᠤᠷᠭᠠᠭᠤᠯᠢ ᠡᠷᠭᠡᠪᠰᠢ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠴᠢᠬᠤᠯᠠᠴᠢᠯᠠᠨ ᠬᠦᠮᠦᠵᠢᠬᠦᠯᠵᠤ᠂ ᠵᠢᠯ ᠪᠦᠷᠢ ᠳᠡᠭᠡᠷ᠎ᠡ ᠨᠢᠭᠡ ᠱᠠᠲᠤᠨ ᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠤᠯᠠᠮᠵᠢᠯᠠᠯᠲᠤ ᠰᠤᠷᠭᠠᠭᠤᠯᠢ᠂ ᠡᠯ᠎ᠡ ᠱᠠᠲᠤᠨ ᠤ ᠠᠵᠢᠯ ᠤᠨ ᠴᠢᠯᠥᠭᠡᠨ ᠤ ᠲᠠᠮᠢᠷ ᠤᠨ ᠰᠤᠷᠭᠠᠭᠤᠯᠢ ᠳᠤ᠂ ᠲᠠᠮᠢᠷ ᠤᠨ ᠰᠤᠷᠭᠠᠭᠤᠯᠢ᠂ ᠮᠤᠵᠢ ︵ᠣᠷᠣᠨ᠂ ᠬᠤᠲᠠ︶᠂ ᠰᠢᠯᠢᠳᠡᠭ ᠲᠠᠮᠢᠷᠴᠢᠨ ᠤ ᠡᠩᠨᠡᠭᠡ᠂ ᠶᠡᠭᠡ ᠳᠡᠭᠡᠲᠦ ᠰᠤᠷᠭᠠᠭᠤᠯᠢ ᠵᠡᠷᠭᠡ ᠳᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠦᠷᠭᠡᠬᠦ ᠶᠢ ᠪᠠᠲᠤᠯᠠᠬᠤ ᠬᠡᠷᠡᠭᠲᠡᠢ᠃ ︵20 ᠬᠤᠪᠢ︶     ︵ᠲᠦᠷᠪᠡ︶ ᠲᠠᠮᠢᠷ ᠤᠨ ᠬᠥᠳᠡᠯᠭᠡᠭᠡᠨ ᠤ ᠬᠢᠷᠢ ᠪᠦᠲᠦᠮᠵᠢ ︵20 ᠬᠤᠪᠢ︶     1 . ᠰᠤᠷᠭᠠᠭᠤᠯᠢ ᠶᠢᠨ ᠪᠠᠭ ᠨᠢ ᠲᠤᠰ ᠮᠤᠵᠢ ︵ᠣᠷᠣᠨ᠂ ᠬᠤᠲᠠ︶ ᠪᠡᠶ᠎ᠡ ᠶᠢᠨ ᠲᠠᠮᠢᠷ ᠤᠨ ᠲᠥᠷᠥᠯ ᠵᠦᠢᠯ  ᠤᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠲᠠᠢ ᠪᠠᠶᠢᠵᠤ᠂ ᠪᠦᠬᠦ ᠤᠯᠤᠰ ᠤᠨ ᠪᠠ ᠳᠡᠯᠡᠬᠡᠶ ᠶᠢᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠲᠠᠢ ᠪᠠᠶᠢᠬᠤ᠃ ︵12 ᠬᠤᠪᠢ︶     2᠂ ᠰᠤᠷᠤᠭᠴᠢ ᠲᠠᠮᠢᠷᠴᠢᠨ ᠤ ᠲᠧᠭᠨᠢᠭ ᠮᠡᠷᠭᠡᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠢᠯ ᠪᠦᠷᠢ ᠳᠡᠰ ᠤᠨ ᠲᠠᠮᠢᠷᠴᠢᠨ ᠢ ᠬᠥᠮᠦᠵᠢᠭᠦᠯᠦᠨ ᠭᠠᠷᠭᠠᠬᠤ ᠬᠡᠷᠡᠭᠲᠡᠶ᠃ ︵8 ᠬᠤᠪᠢ︶     ︵ᠲᠠᠪᠤ︶ ᠬᠥᠬᠢᠭᠦᠯᠦᠨ ᠰᠠᠶᠢᠰᠢᠶᠠᠬᠤ ᠪᠠ ᠱᠠᠩᠨᠠᠯ ᠣᠯᠭᠤᠬᠤ ︵2 ᠬᠤᠪᠢ︶ ᠰᠤᠷᠭᠠᠭᠤᠯᠢ ᠪᠠ ᠬᠤᠪᠢ ᠬᠥᠮᠦᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠨᠢᠭᠦᠯᠵᠦ᠂ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠡᠯ᠎ᠡ ᠱᠠᠲᠤᠨ ᠤ ᠪᠡᠶ᠎ᠡ ᠶᠢᠨ ᠲᠠᠮᠢᠷ ᠤᠨ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠦᠬᠢᠬᠦᠯᠦᠯ ᠰᠠᠶᠢᠰᠢᠶᠠᠯ ᠢ ᠣᠯᠵᠤ ᠦᠩᠭᠡᠷᠡᠭᠰᠡᠨ᠃ ︵2 ᠬᠤᠪᠢ︶     ︵ᠵᠢᠷᠭᠤᠭ᠎ᠠ︶ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ︵3 ᠬᠤᠪᠢ︶ ᠰᠤᠷᠭᠠᠭᠤᠯᠢ ᠪᠠ ᠬᠤᠪᠢ ᠬᠥᠮᠦᠨ ᠤ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠪᠤᠶᠤ ᠥᠭᠦᠯᠡᠯ ᠨᠢ ᠮᠤᠵᠢ ︵ᠥᠪᠡᠷᠲᠡᠭᠡᠨ ᠵᠠᠰᠠᠬᠤ ᠣᠷᠣᠨ᠂ ᠬᠤᠲᠠ︶ ᠤᠨ ᠳᠡᠰ ᠠᠴᠠ ᠳᠡᠭᠡᠭᠰᠢᠬᠢ ᠰᠡᠳᠬᠦᠯ ᠪᠤᠶᠤ ᠥᠭᠦᠯᠡᠯ ᠤᠨ ᠮᠡᠳᠡᠭᠦᠯᠦᠯᠲᠡ ᠶᠢᠨ ᠬᠤᠷᠠᠯ ᠳᠡᠭᠡᠷ᠎ᠡ ᠨᠡᠶᠢᠲᠡᠯᠡᠭᠳᠡᠭᠰᠡᠨ ᠪᠠᠶᠢᠬᠤ᠃ ︵3 ᠬᠤᠪᠢ︶     ᠡᠯ᠎ᠡ ᠮᠤᠵᠢ ︵ᠣᠷᠣᠨ᠂ ᠬᠤᠳᠠ︶ ᠶᠢᠨ ᠪᠡᠶ᠎ᠡ ᠶᠢᠨ ᠲᠠᠮᠢᠷ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰ ᠭᠠᠵᠠᠷ ᠣᠷᠣᠨ ᠤ ᠪᠠᠨ ᠬᠤᠪᠢ ᠣᠯᠭᠤᠬᠤ ᠨᠠᠷᠢᠨ ᠲᠦᠷᠢᠮ ᠢ ᠥᠪᠡᠰᠦᠪᠡᠨ ᠲᠣᠭᠲᠠᠭᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号