ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ᠂ ᠰᠢᠨᠵᠢᠯᠡᠬᠦ ᠤᠬᠠᠭᠠᠨ | ᠮᠡᠷᠭᠡᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ | ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠶᠠᠮᠤᠨ᠂ ᠵᠢᠭᠤᠯᠴᠢᠯᠠᠯ ᠤᠨ ᠲᠣᠪᠴᠢᠶ᠎ᠠ ᠶᠢᠨ ︽ᠰᠡᠯᠡᠮ᠎ᠡ ᠶᠢᠨ ᠲᠡᠮᠡᠴᠡᠭᠡᠨ ᠤ ᠠᠵᠤ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠠᠰ ᠲᠠᠭᠠᠨ ᠲᠥᠯᠥᠪᠯᠡᠭᠡ ᠬᠢᠬᠦ | ᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠢᠩᠬᠢᠮ ︵ᠬᠤᠷᠢᠶ᠎ᠠ᠂ ᠲᠣᠪᠴᠢᠶ᠎ᠠ︶᠂ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︵ᠲᠣᠪᠴᠢᠶ᠎ᠠ︶᠂ ᠠᠵᠤ ᠦᠢᠯᠡᠳᠪᠦᠷᠢ ᠪᠣᠯᠤᠨ ᠮᠡᠳᠡᠭᠡ | ᠵᠠᠩᠭᠢᠵᠢᠯᠲᠠ ᠶᠢᠨ ᠲᠢᠩᠬᠢᠮ ︵ᠵᠥᠪᠯᠡᠯ︶᠂ ᠡᠳ᠋ ᠤᠨ ᠵᠠᠰᠠᠭ ᠤᠨ ᠲᠢᠩᠬᠢᠮ ︵ᠲᠣᠪᠴᠢᠶ᠎ᠠ︶᠂ ᠨᠤᠲᠤᠭ | ᠳᠡᠪᠢᠰᠬᠡᠷ ᠤᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠵᠢᠭᠤᠯᠴᠢᠯᠠᠯ ᠤᠨ ᠲᠣᠪᠴᠢᠶ᠎ᠠ ︵ᠺᠣᠮᠢᠰ︶᠄ | ︽ᠪᠡᠶ᠎ᠡ ᠶᠢᠨ ᠲᠠᠮᠢᠷ ᠤᠨ ᠦᠢᠯᠡᠰ ᠢ ᠲᠦᠷᠭᠡᠨ ᠬᠥᠭᠵᠢᠭᠦᠯᠵᠦ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠲᠦᠷᠭᠡᠨ | ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠠᠴᠠ ᠲᠠᠷᠬᠠᠭᠠᠭᠰᠠᠨ ﹇ | 2014﹈ 46 ᠳ᠋ᠤᠭᠠᠷ ᠲᠣᠭᠠᠲᠤ︶᠂ ︽ᠪᠡᠶ᠎ᠡ ᠴᠢᠭᠢᠷᠠᠭᠵᠢᠭᠤᠯᠵᠤ ᠰᠡᠯᠡᠭᠦᠴᠡᠨ ᠵᠤᠭᠠᠯᠠᠬᠤ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠵᠢᠯᠣᠭᠤᠳᠬᠤ ᠰᠠᠨᠠᠯ︾ ︵ᠲᠥᠷᠥ ᠶᠢᠨ ᠠᠯᠪᠠᠨ ᠠᠴᠠ ᠲᠠᠷᠬᠠᠭᠠᠭᠰᠠᠨ ﹇2016﹈ 77 ᠳ᠋ᠤᠭᠠᠷ ᠲᠣᠭᠠᠲᠤ︶ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ ᠪᠢᠳᠡ ︽ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ︾ ᠶᠢ ᠰᠤᠳᠤᠯᠤᠨ ᠲᠣᠭᠲᠠᠭᠠᠵᠤ᠂ ᠡᠳᠦᠭᠡ ᠲᠠᠨᠠᠷ ᠲᠤ ᠳᠠᠷᠤᠮᠠᠯᠯᠠᠨ | ᠲᠠᠷᠬᠠᠭᠠᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠰᠡᠯᠡᠮ᠎ᠡ ᠶᠢᠨ ᠲᠡᠮᠡᠴᠡᠭᠡᠨ ᠤ ᠲᠠᠮᠢᠷ ᠤᠨ | ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ | | ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ | ᠰᠤᠷᠭᠠᠨ ᠬᠥᠮᠦᠵᠢᠯ ᠤᠨ ᠶᠠᠮᠤᠨ | ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ | ᠡᠳ᠋ ᠤᠨ ᠵᠠᠰᠠᠭ ᠤᠨ ᠶᠠᠮᠤᠨ | ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ | ᠵᠢᠭᠤᠯᠴᠢᠯᠠᠯ ᠤᠨ ᠲᠣᠪᠴᠢᠶ᠎ᠠ | 2017 ᠣᠨ ᠤ 12 ᠰᠠᠷ᠎ᠠ ᠶᠢᠨ 12 ᠤ ᠡᠳᠦᠷ | | | | ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ | | ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠪᠣᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠬᠤᠯᠠ | ᠪᠦᠷᠢᠯᠳᠦᠬᠦᠨ ᠬᠡᠰᠡᠭ ᠮᠥᠨ᠂ ᠤᠷᠠᠨ ᠰᠡᠯᠡᠮ᠎ᠡ ᠶᠢᠨ ᠪᠠᠭᠲᠠᠭᠠᠭᠰᠠᠨ᠂ ᠬᠦᠨᠳᠦ ᠰᠡᠯᠡᠮ᠎ᠡ ᠬᠢᠭᠡᠳ ᠰᠡᠯᠡᠮ᠎ᠡ | ᠪᠠᠭᠲᠠᠭᠠᠭᠰᠠᠨ ᠰᠡᠯᠡᠮ᠎ᠡ ᠶᠢᠨ ᠲᠡᠮᠡᠴᠡᠭᠡᠨ ᠤ ᠬᠦᠳᠡᠯᠭᠡᠭᠡᠨ ᠢᠶᠠᠷ ᠭᠤᠣᠯ ᠪᠣᠯᠭᠠᠵᠤ᠂ ᠠᠷᠠᠳ ᠣᠯᠠᠨ ᠳᠤ ᠬᠠᠮᠢᠶ᠎ᠠ | ᠪᠦᠬᠦᠢ ᠪᠦᠲᠦᠭᠡᠭᠳᠡᠬᠦᠨ ᠪᠠ ᠦᠢᠯᠡᠴᠢᠯᠡᠭᠡᠨ ᠢ ᠬᠠᠩᠭᠠᠬᠤ᠂ ᠰᠡᠯᠡᠮ᠎ᠡ ᠶᠢᠨ ᠪᠣᠯᠪᠠᠰᠤᠷᠠᠯ᠂ ᠰᠡᠯᠡᠮ᠎ᠡ ᠶᠢᠨ | ᠤᠷᠤᠯᠳᠤᠭᠠᠨ ᠪᠠ ᠲᠣᠭᠯᠠᠯᠲᠠ᠂ ᠰᠡᠯᠡᠮ᠎ᠡ ᠶᠢᠨ ᠲᠡᠮᠡᠴᠡᠭᠡᠨ᠂ ᠪᠡᠶ᠎ᠡ ᠴᠢᠭᠢᠷᠠᠭᠵᠢᠭᠤᠯᠵᠤ ᠰᠡᠯᠡᠭᠦᠴᠡᠨ ᠵᠤᠭᠠᠯᠠᠬᠤ ᠪᠠ | ᠰᠡᠯᠡᠮ᠎ᠡ ᠶᠢᠨ ᠲᠡᠮᠡᠴᠡᠭᠡᠨ ᠤ ᠵᠡᠪᠰᠡᠭ ᠲᠣᠨᠣᠭᠯᠠᠯ ᠵᠡᠷᠭᠡ ᠠᠯᠢ ᠤᠯᠠᠨ ᠠᠵᠤ ᠠᠬᠤᠶ ᠶᠢᠨ ᠴᠤᠭᠯᠠᠷᠠᠯ ᠪᠣᠯᠤᠨ᠎ᠠ᠃ | ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠢ ᠬᠦᠭᠵᠢᠬᠦᠯᠬᠦ ᠨᠢ ᠪᠡᠶ᠎ᠡ ᠶᠢᠨ ᠲᠠᠮᠢᠷ ᠤᠨ ᠠᠵᠤ ᠦᠢᠯᠡᠰ ᠢ | ᠬᠥᠭᠵᠢᠭᠦᠯᠵᠦ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠮᠥᠨ ᠴᠦ | ︽ᠪᠡᠶ᠎ᠡ ᠴᠢᠭᠢᠷᠠᠭᠵᠢᠭᠤᠯᠵᠤ ᠰᠡᠯᠡᠭᠦᠴᠡᠨ ᠵᠤᠭᠠᠯᠠᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠶᠢᠨ ᠠᠯᠪᠠᠨ | ᠠᠴᠠ ᠲᠠᠷᠬᠠᠭᠠᠭᠰᠠᠨ ﹇2016﹈ 77 ᠳ᠋ᠤᠭᠠᠷ ᠲᠣᠭᠠᠲᠤ︶ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ | ᠠᠭᠤᠯᠭ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠬᠡᠷᠡᠭᠯᠡᠭᠡᠨ ᠤ ᠲᠡᠰ ᠳᠡᠪᠰᠢᠬᠦ ᠶᠢ | ᠪᠡᠶᠡᠯᠡᠭᠦᠯᠬᠦ᠂ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ ᠰᠡᠯᠡᠮ᠎ᠡ ᠶᠢᠨ ᠲᠡᠮᠡᠴᠡᠭᠡᠨ ᠢ ᠤᠯᠠᠮ ᠨᠢᠭᠡ ᠠᠯᠬᠤᠮ ᠲᠦᠭᠡᠮᠡᠯᠵᠢᠭᠦᠯᠦᠨ | ᠳᠡᠯᠭᠡᠷᠡᠭᠦᠯᠵᠦ᠂ ᠪᠡᠶ᠎ᠡ ᠴᠢᠭᠢᠷᠠᠭᠵᠢᠭᠤᠯᠵᠤ ᠰᠡᠯᠡᠭᠦᠴᠡᠨ ᠵᠤᠭᠠᠯᠠᠬᠤ ᠠᠵᠤ ᠦᠢᠯᠡᠰ ᠤᠨ ᠬᠥᠭᠵᠢᠯᠲᠡ ᠶᠢᠨ | ᠠᠬᠢᠭᠤᠯᠬᠤ ᠶᠢᠨ ᠲᠦᠯᠦᠭᠡ ᠳᠤᠰ ᠲᠥᠯᠥᠪᠵᠢᠭᠦᠯᠭᠡ ᠶᠢ ᠣᠨᠴᠠᠭᠠᠶᠢᠯᠠᠨ ᠲᠣᠭᠲᠠᠭᠠᠪᠠ᠃ ᠲᠤᠰ | ᠲᠥᠯᠥᠪᠵᠢᠭᠦᠯᠭᠡ ᠶᠢ ᠬᠡᠷᠡᠭᠵᠢᠭᠦᠯᠬᠦ ᠬᠤᠭᠤᠴᠠᠭ᠎ᠠ 2018 — 2020 ᠣᠨ᠃ | ᠨᠢᠭᠡ᠂ ᠬᠥᠭᠵᠢᠯᠲᠡ ᠶᠢᠨ ᠰᠠᠭᠤᠷᠢ ᠪᠣᠯᠤᠨ ᠲᠤᠯᠭᠠᠷᠠᠵᠤ ᠪᠠᠶᠢᠭ᠎ᠠ ᠪᠠᠶᠢᠳᠠᠯ | ᠣᠶᠢᠷ᠎ᠠ ᠶᠢᠨ ᠵᠢᠯ ᠤᠨ ᠲᠤᠷᠰᠢ᠂ ᠮᠠᠨ ᠤ ᠤᠯᠤᠰ ᠤᠨ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠲᠦᠷᠭᠡᠨ | ᠬᠥᠭᠵᠢᠪᠡ᠃ ᠨᠢᠭᠡ ᠳᠤ᠂ ᠠᠵᠤ ᠦᠢᠯᠡᠰ ᠤᠨ ᠰᠠᠭᠤᠷᠢ ᠡᠳᠦᠷ ᠢᠷᠡᠬᠦᠶ᠎ᠡ ᠪᠠᠲᠤ ᠪᠠᠬᠢ ᠪᠣᠯᠵᠤ᠂ ᠰᠡᠯᠡᠮ᠎ᠡ ᠶᠢᠨ | ᠲᠡᠮᠡᠴᠡᠭᠡᠨ ᠤ ᠺᠯᠦ᠋ᠪ ᠪᠣᠯᠤᠨ ᠤᠷᠤᠯᠳᠤᠭᠠᠨ ᠤ ᠬᠡᠪᠴᠢᠶ᠎ᠡ ᠲᠠᠰᠤᠷᠠᠯᠲᠠ ᠥᠬᠡᠶ ᠥᠷᠭᠡᠳᠴᠦ ᠪᠠᠶᠢᠨ᠎ᠠ᠃ 2017 | ᠣᠨ ᠪᠣᠯᠲᠠᠯ᠎ᠠ᠂ ᠪᠦᠬᠦ ᠤᠯᠤᠰ ᠤᠨ ᠳᠠᠩᠰᠠᠯᠠᠭᠤᠯᠤᠭᠰᠠᠨ ᠡᠯ᠎ᠡ ᠲᠥᠷᠥᠯ ᠤᠨ ᠰᠡᠯᠡᠮ᠎ᠡ ᠶᠢᠨ ᠲᠡᠮᠡᠴᠡᠭᠡᠨ ᠤ ᠺᠯᠦ᠋ᠪ᠂ | ᠪᠣᠯᠪᠠᠰᠤᠷᠠᠭᠤᠯᠬᠤ ᠲᠥᠪ᠂ ᠰᠤᠷᠭᠠᠭᠤᠯᠢ ᠶᠢᠨ ᠲᠥᠯᠥᠭᠡᠯᠡᠭᠴᠢ ᠠᠩᠬᠢ ᠨᠢ 373 ᠪᠣᠯᠵᠤ᠂ ᠰᠡᠯᠡᠮ᠎ᠡ ᠶᠢᠨ | ᠲᠡᠮᠡᠴᠡᠭᠡᠨ ᠤ ᠲᠠᠮᠢᠷᠴᠢᠨ ᠤ ᠣᠷᠣᠯᠴᠠᠬᠤ ᠬᠥᠮᠦᠨ ᠤ ᠲᠤᠭ᠎ᠠ ᠨᠢ 10 ᠲᠦᠮᠡᠨ ᠬᠥᠮᠦᠨ ᠢ ᠳᠠᠪᠠᠭᠰᠠᠨ ᠪᠠᠶᠢᠨ᠎ᠠ᠃ | ᠬᠤᠶᠠᠷ ᠲᠤ᠂ ᠠᠵᠤ ᠦᠢᠯᠡᠰ ᠤᠨ ᠰᠢᠰᠲ᠋ᠧᠮ ᠠᠯᠬᠤᠮ ᠠᠯᠬᠤᠮ ᠢᠶᠠᠷ ᠲᠡᠭᠦᠯᠳᠡᠷᠵᠢᠵᠦ᠂ ᠰᠡᠯᠡᠮ᠎ᠡ ᠶᠢᠨ ᠲᠡᠮᠡᠴᠡᠭᠡᠨ ᠤ | ᠪᠣᠯᠪᠠᠰᠤᠷᠠᠯ ᠤᠨ ᠰᠠᠭᠤᠷᠢᠨ ᠢᠶᠠᠷ ᠭᠤᠣᠯ ᠪᠣᠯᠭᠠᠭᠰᠠᠨ ᠰᠡᠯᠡᠮ᠎ᠡ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ | ᠤᠷᠤᠯᠳᠤᠭᠠᠨ ᠤ ᠲᠣᠭᠯᠠᠯᠲᠠ ᠪᠣᠯᠣᠨ ᠵᠤᠭ᠎ᠠ ᠴᠡᠩᠭᠡᠯ᠂ ᠰᠡᠯᠡᠮ᠎ᠡ ᠶᠢᠨ ᠲᠡᠮᠡᠴᠡᠭᠡᠨ ᠤ ᠺᠯᠦ᠋ᠪ ᠪᠠ ᠲᠠᠯᠠᠪᠠᠢ | ᠣᠷᠳᠣᠨ ᠤ ᠪᠦᠳᠤᠬᠡᠨ ᠪᠠᠶᠢᠭᠤᠯᠤᠯᠲᠠ᠂ ᠰᠡᠯᠡᠮ᠎ᠡ ᠶᠢᠨ ᠲᠡᠮᠡᠴᠡᠭᠡᠨ ᠤ ᠪᠠᠭᠠᠵᠢ ᠬᠡᠷᠡᠭᠰᠡᠯ ᠲᠣᠨᠤᠭ ᠲᠥᠬᠦᠭᠡᠷᠦᠮᠵᠢ | ᠦᠢᠯᠡᠳᠬᠦ ᠪᠣᠯᠤᠨ ᠪᠣᠷᠣᠯᠠᠭᠤᠯᠬᠤ ᠵᠡᠷᠭᠡ ᠪᠦᠬᠦ ᠲᠠᠯ᠎ᠠ ᠪᠠᠷ ᠬᠦᠭᠵᠢᠭᠰᠡᠨ ᠠᠵᠤ ᠦᠢᠯᠡᠰ ᠤᠨ ᠰᠢᠰᠲ᠋ᠧᠮ ᠢ | ᠪᠠᠶᠢᠭᠤᠯᠤᠭᠰᠠᠨ ᠪᠠᠶᠢᠨ᠎ᠠ᠃ ᠭᠤᠷᠪᠠ ᠳᠤ᠂ ᠠᠵᠤ ᠦᠢᠯᠡᠰ ᠤᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠵᠣᠬᠢᠴᠠᠩᠭᠤᠶ | ᠬᠥᠭᠵᠢᠯᠲᠡ ᠶᠢ ᠪᠡᠶᠡᠯᠡᠭᠦᠯᠵᠦ᠂ ᠨᠢᠭᠡ ᠲᠠᠯ᠎ᠠ ᠪᠠᠷ᠂ ᠰᠡᠯᠡᠮ᠎ᠡ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ | ᠤᠷᠤᠯᠳᠤᠭᠠᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠢᠮᠫᠢᠺ ᠤᠨ ᠰᠡᠯᠡᠮ᠎ᠡ ᠶᠢᠨ | ᠲᠡᠮᠡᠴᠡᠭᠡᠨ ᠤ ᠠᠮᠵᠢᠯᠲᠠ ᠪᠦᠲᠦᠮᠵᠢ ᠨᠢ ᠢᠯᠡᠳᠲᠡ ᠪᠠᠶᠢᠵᠤ᠂ ᠤᠯᠠᠨ ᠲᠦᠮᠡᠨ ᠤ ᠰᠡᠯᠡᠮ᠎ᠡ ᠶᠢᠨ ᠲᠡᠮᠡᠴᠡᠭᠡᠨ ᠤ | ᠲᠤᠬᠠᠢ ᠵᠥᠪ ᠲᠠᠨᠢᠨ ᠮᠡᠳᠡᠬᠦᠶ ᠶᠢᠨ ᠰᠠᠭᠤᠷᠢ ᠶᠢ ᠪᠠᠬᠢᠵᠢᠬᠦᠯᠦᠭᠰᠡᠨ ᠪᠠᠶᠢᠨ᠎ᠠ︔ ᠨᠦᠬᠦᠭᠡ ᠲᠠᠯ᠎ᠠ ᠪᠠᠷ᠂ ᠬᠥᠯ | ᠪᠥᠮᠪᠦᠭᠡ᠂ ᠰᠠᠭᠰᠤᠨ ᠪᠥᠮᠪᠦᠭᠡ᠂ ᠮᠠᠷᠠᠰᠤᠨ ᠤᠷᠤᠯᠳᠤᠭᠠᠨ ᠵᠡᠷᠭᠡ ᠣᠯᠠᠨ ᠨᠡᠶᠢᠲᠡ ᠶᠢᠨ ᠵᠦᠢᠯᠡᠰ ᠲᠠᠢ | ᠬᠠᠷᠢᠴᠠᠭᠤᠯᠪᠠᠯ᠂ ᠰᠡᠯᠡᠮ᠎ᠡ ᠶᠢᠨ ᠲᠡᠮᠡᠴᠡᠭᠡᠨ ᠤ ᠬᠥᠳᠡᠯᠭᠡᠭᠡᠨ ᠤ ᠰᠣᠨᠢᠷᠬᠠᠭᠴᠢᠳ ᠬᠠᠷᠢᠴᠠᠩᠭᠤᠶ ᠪᠠᠷ ᠨᠡᠯᠢᠶᠡᠳ ᠪᠠᠭ᠎ᠠ | ᠂ ᠬᠠᠷᠢᠨ ᠵᠠᠬ᠎ᠠ ᠳᠡᠯᠭᠡᠭᠦᠷ ᠤᠨ ᠤᠢᠷᠳᠡᠭ ᠨᠢ ᠨᠡᠯᠢᠶᠡᠳ ᠦᠨᠳᠦᠷ ᠪᠠᠶᠢᠵᠤ᠂ ᠮᠠᠨ ᠤ ᠤᠯᠤᠰ ᠤᠨ ᠠᠵᠤ ᠠᠬᠤᠢ ᠶᠢᠨ | ᠪᠦᠲᠦᠴᠡ ᠶᠢᠨ ᠲᠤᠬᠢᠷᠠᠭᠤᠯᠤᠯᠳᠠ ᠪᠣᠯᠤᠨ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠲᠡᠰ ᠳᠡᠪᠰᠢᠭᠦᠯᠬᠦ ᠶᠢ ᠠᠬᠢᠭᠤᠯᠬᠤ | ᠳᠤ ᠢᠳᠡᠪᠬᠢ ᠦᠢᠯᠡᠳᠦᠯ ᠪᠠᠳᠠᠷᠠᠭᠤᠯᠵᠤ ᠪᠠᠶᠢᠨ᠎ᠠ᠃ | ᠭᠡᠲᠡᠯ᠎ᠡ᠂ ᠮᠠᠨ ᠤ ᠤᠯᠤᠰ ᠤᠨ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠮᠥᠨ ᠯᠡ ᠬᠡᠪᠴᠢᠶ᠎ᠡ ᠨᠢ ᠪᠠᠭ᠎ᠠ᠂ | ᠪᠦᠲᠦᠴᠡ ᠵᠦᠢ ᠵᠤᠬᠢᠰ ᠦᠭᠡᠢ᠂ ᠲᠠᠯᠠᠪᠤᠷ ᠪᠡᠯᠡᠳᠬᠡᠮᠵᠢ ᠪᠣᠯᠤᠨ ᠦᠢᠯᠡᠴᠢᠯᠡᠭᠡᠨ ᠤ ᠬᠠᠩᠭᠠᠯᠭ᠎ᠠ ᠬᠦᠷᠦᠯᠴᠡᠬᠦ ᠦᠭᠡᠢ | ᠂ ᠬᠡᠷᠡᠭᠯᠡᠭᠡ ᠶᠢ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠲᠠᠯ᠎ᠠ ᠪᠠᠷ ᠲᠤᠲᠠᠮᠠᠭ᠂ ᠰᠢᠯᠢᠳᠡᠭ ᠴᠢᠳᠠᠪᠤᠷᠢᠲᠠᠨ᠂ | ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠴᠢᠳᠠᠪᠤᠷᠢ ᠪᠠᠷ ᠮᠡᠬᠦᠰ᠂ ᠪᠦᠬᠦ ᠠᠵᠢᠯ ᠲᠦᠷᠦᠯ ᠤᠨ ᠬᠤᠳᠠᠯᠳᠤᠭᠠᠨ ᠤ | ᠨᠡᠭᠡᠭᠡᠨ ᠬᠥᠭᠵᠢᠭᠦᠯᠬᠦ ᠣᠶᠢᠯᠠᠭᠠᠭᠳᠠᠬᠤᠨ ᠢ ᠨᠡᠮᠡᠭᠳᠡᠭᠦᠯᠬᠦ ᠠᠰᠠᠭᠤᠳᠠᠯ ᠵᠡᠷᠭᠡ ᠲᠤᠳᠠᠭᠲᠠᠯ ᠣᠷᠣᠰᠢᠵᠤ ᠪᠠᠶᠢᠭ᠎ᠠ ᠶᠤᠮ | ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠪᠠ ᠵᠢᠷᠤᠮᠵᠢᠭᠤᠯᠤᠨ ᠬᠦᠲᠦᠯᠦᠨ ᠳᠠᠭᠠᠭᠤᠯᠬᠤ ᠶᠢ ᠴᠢᠩᠭᠠᠳᠬᠠᠬᠤ | ᠴᠢᠬᠤᠯᠠᠲᠠᠶ᠃ | ᠥᠨᠥ᠂ ᠮᠠᠨ ᠤ ᠤᠯᠤᠰ ᠤᠨ ᠠᠵᠤ ᠠᠬᠤᠢ ᠰᠢᠨ᠎ᠡ ᠬᠡᠪ ᠪᠠᠶᠢᠳᠠᠯ ᠳᠤ ᠣᠷᠣᠵᠤ᠂ ᠤᠯᠤᠰ ᠠᠴᠠ ᠪᠡᠶ᠎ᠡ ᠶᠢᠨ | ᠲᠠᠮᠢᠷ ᠤᠨ ᠠᠵᠤ ᠦᠢᠯᠡᠰ ᠢ ᠬᠥᠭᠵᠢᠬᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠬᠦ ᠬᠡᠷᠡᠭᠲᠡᠢ᠃ ᠰᠡᠯᠡᠮ᠎ᠡ ᠶᠢᠨ ᠲᠡᠮᠡᠴᠡᠭᠡᠨ | ᠪᠣᠯ ᠨᠡᠶᠢᠲᠡᠯᠢᠭ ᠬᠤᠲᠠᠴᠢᠯᠠᠭᠰᠠᠨ ᠪᠡᠶ᠎ᠡ ᠲᠠᠮᠢᠷ ᠤᠨ ᠬᠥᠳᠡᠯᠭᠡᠭᠡᠨ ᠶᠤᠮ᠂ ᠦᠵᠦᠭᠦᠷ ᠬᠥᠳᠡᠯᠭᠡᠭᠡᠨ ᠤ ᠬᠡᠷᠡᠭᠯᠡᠭᠡᠨ ᠤ | ᠵᠠᠬ᠎ᠠ ᠳᠡᠯᠭᠡᠭᠦᠷ ᠠᠴᠠ ᠭᠠᠳᠠᠨ᠎ᠠ ᠪᠠᠰᠠ ᠰᠢᠨᠵᠢᠯᠡᠬᠦ ᠤᠬᠠᠭᠠᠨ ᠤ ᠰᠤᠳᠤᠯᠤᠯ᠂ ᠰᠤᠷᠭᠠᠨ ᠬᠦᠮᠦᠵᠢᠯ᠂ ᠵᠡᠪᠰᠡᠭ | ᠲᠣᠨᠣᠭᠯᠠᠯ ᠤᠨ ᠠᠷᠠᠯᠵᠢᠶ᠎ᠠ᠂ ᠦᠵᠡᠰᠬᠦᠯᠡᠩ᠂ ᠳᠡᠭᠡᠳᠦ ᠲᠠᠰ ᠤᠨ ᠦᠢᠯᠡᠳᠬᠦᠨ ᠢ ᠰᠤᠳᠤᠯᠤᠨ ᠨᠡᠭᠡᠭᠡᠵᠦ | ᠦᠢᠯᠡᠳᠪᠦᠷᠢᠯᠡᠬᠦ ᠵᠡᠷᠭᠡ ᠬᠡᠯᠪᠡᠷᠢ ᠲᠠᠢ᠃ ᠮᠠᠨ ᠤ ᠤᠯᠤᠰ ᠤᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ | ᠲᠦᠪᠰᠢᠨ ᠤ ᠲᠣᠭᠲᠠᠭᠤᠨ ᠢᠶᠠᠷ ᠳᠡᠭᠡᠭᠰᠢᠯᠡᠬᠦ ᠶᠢ ᠳᠠᠭᠠᠯᠳᠤᠨ᠂ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ | ᠴᠢᠬᠤᠯᠠ ᠬᠥᠭᠵᠢᠯᠲᠡ ᠶᠢᠨ ᠠᠵᠠ ᠲᠣᠬᠢᠶᠠᠯ ᠢ ᠤᠭᠲᠤᠨ ᠠᠪᠴᠢᠷᠠᠭᠰᠠᠨ ᠪᠠᠶᠢᠨ᠎ᠠ᠃ | ᠬᠤᠶᠠᠷ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠦᠢᠯᠡᠳᠦᠯᠭᠡ ᠪᠠᠨ ᠵᠢᠯᠤᠭᠤᠳᠤᠭᠤᠯᠵᠤ᠂ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠥᠭᠦᠯᠡᠯᠲᠡ ᠢᠶᠠᠷ ᠦᠨᠳᠦᠰᠦᠨ ᠵᠢᠷᠤᠮᠯᠠᠯ ᠪᠣᠯᠭᠠᠵᠤ᠂ ᠰᠡᠯᠡᠮ᠎ᠡ ᠶᠢᠨ ᠲᠡᠮᠡᠴᠡᠭᠡᠨ ᠤ | ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠪᠠᠷ ᠭᠤᠣᠯ ᠪᠣᠯᠭᠠᠵᠤ᠂ ᠰᠡᠯᠡᠮ᠎ᠡ ᠶᠢᠨ ᠲᠡᠮᠡᠴᠡᠭᠡᠨ ᠤ ᠲᠠᠮᠢᠷᠴᠢᠨ ᠤ ᠠᠵᠤ | ᠦᠢᠯᠡᠰ ᠤᠨ ᠦᠷᠲᠡᠭ ᠤᠨ ᠪᠡᠶᠡᠯᠡᠭᠦᠯᠬᠦ ᠬᠠᠮᠤᠭ ᠤᠨ ᠶᠡᠭᠡ ᠤᠳᠤᠷᠢᠳᠤᠮᠵᠢ ᠪᠣᠯᠭᠠᠨ᠂ ᠰᠡᠯᠡᠮ᠎ᠡ ᠶᠢᠨ ᠲᠡᠮᠡᠴᠡᠭᠡᠨ ᠤ | ᠠᠵᠤ ᠦᠢᠯᠡᠰ ᠤᠨ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠠᠪᠤᠳᠠᠯ ᠢᠶᠠᠷ ᠭᠤᠣᠯ ᠰᠢᠵᠢᠮ | ᠪᠣᠯᠭᠠᠵᠤ᠂ ᠪᠠᠬᠢᠵᠢᠭᠦᠯᠬᠦ ᠪᠠ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ ᠰᠠᠭᠤᠷᠢ ᠪᠣᠯᠭᠠᠭᠰᠠᠨ ᠭᠤᠣᠯᠳᠠᠯᠭ᠎ᠠ | ᠪᠣᠯᠭᠠᠵᠤ᠂ ᠵᠠᠬ᠎ᠠ ᠳᠡᠯᠭᠡᠭᠦᠷ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠬᠥᠭᠵᠢᠭᠡᠵᠦ᠂ ᠨᠡᠶᠢᠭᠡᠮ ᠤᠨ ᠬᠢᠨ | ᠣᠷᠣᠯᠴᠠᠬᠤ᠂ ᠳᠤ ᠤᠯᠠᠨ ᠶᠠᠩᠵᠤᠴᠢᠯᠠᠭᠰᠠᠨ ᠦᠢᠯᠡᠳᠬᠦᠨ᠂ ᠰᠡᠯᠡᠮ᠎ᠡ ᠶᠢᠨ ᠲᠡᠮᠡᠴᠡᠭᠡᠨ ᠤ ᠲᠠᠯ᠎ᠠ ᠪᠠᠷ ᠲᠡᠰᠦᠷᠡᠯᠳᠠ | ᠤᠢᠭᠡᠢ ᠰᠢᠨ᠎ᠡ ᠶᠢ ᠡᠭᠦᠳᠴᠦ ᠠᠵᠤ ᠦᠶ᠋ᠯᠡᠰ ᠤᠨ ᠬᠥᠭᠵᠢᠯᠲᠡ ᠶᠢᠨ ᠵᠠᠭᠪᠤᠷᠰᠢᠯ ᠢ ᠰᠢᠨᠡᠴᠢᠯᠡᠵᠦ᠂ ᠥᠷᠭᠡᠳᠬᠡᠬᠦ ᠪᠠ | ᠰᠡᠯᠡᠮ᠎ᠡ ᠶᠢᠨ ᠲᠡᠮᠡᠴᠡᠭᠡᠨ ᠤ ᠬᠡᠷᠡᠭᠯᠡᠭᠡᠨ ᠤ ᠬᠥᠮᠦᠨ ᠠᠮᠠ᠂ ᠠᠵᠤ ᠦᠢᠯᠡᠰ ᠤᠨ ᠲᠡᠰ ᠳᠡᠪᠰᠢᠬᠦ ᠶᠢ ᠳᠠᠶᠢᠴᠢᠯᠠᠬᠤ ᠪᠠ | ᠰᠡᠯᠡᠮ᠎ᠡ ᠶᠢᠨ ᠲᠡᠮᠡᠴᠡᠭᠡᠨ ᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠠ ᠰᠡᠯᠡᠮ᠎ᠡ ᠶᠢᠨ | ᠲᠡᠮᠡᠴᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠲᠡᠶ᠃ | ︵ᠬᠤᠶᠠᠷ︶ ᠦᠨᠳᠦᠰᠦᠨ ᠵᠠᠷᠴᠢᠮ | ᠰᠢᠰᠲ᠋ᠧᠮ ᠤᠨ ᠦᠬᠡᠷᠡᠴᠢᠯᠡᠯᠲᠡ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠬᠡᠷᠡᠭᠲᠡᠶ᠃ | ᠵᠠᠰᠠᠭ ᠤᠨ ᠣᠷᠳᠣᠨ ᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠴᠢᠯᠥᠭᠡᠲᠡᠶ ᠪᠣᠯᠭᠠᠬᠤ ᠪᠠ | ᠬᠠᠮᠢᠶᠠᠷᠬᠤ ᠶᠢ ᠤᠶᠠᠯᠳᠤᠭᠤᠯᠬᠤ ᠶᠢ ᠳᠦᠯᠬᠢᠨ ᠠᠬᠢᠭᠤᠯᠵᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠠᠵᠢᠯ | ᠳᠦᠷᠦᠯ ᠤᠨ ᠵᠢᠷᠤᠮᠵᠢᠯ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠡᠯᠡᠮ᠎ᠡ ᠶᠢᠨ ᠲᠡᠮᠡᠴᠡᠭᠡᠨ ᠤ ᠠᠵᠤ | ᠦᠢᠯᠡᠰ ᠤᠨ ᠲᠦᠷᠦ ᠶᠢᠨ ᠪᠤᠳᠤᠯᠭ᠎ᠠ ᠪᠠᠷ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠬᠥᠭᠵᠢᠭᠡᠬᠦ ᠬᠡᠷᠡᠭᠲᠡᠶ᠃ ᠳᠦᠷᠢᠮ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ | ᠮᠡᠷᠭᠡᠵᠢᠯ ᠤᠨ ᠰᠢᠨ᠎ᠡ ᠶᠢ ᠡᠭᠦᠳᠦᠯᠲᠡ᠂ ᠬᠠᠮᠢᠶᠠᠷᠤᠯᠲᠠ ᠶᠢᠨ ᠰᠢᠨ᠎ᠡ ᠶᠢ ᠡᠭᠦᠳᠦᠯᠲᠡ᠂ ᠬᠤᠳᠠᠯᠳᠤᠭᠠᠨ ᠤ ᠬᠡᠪ | ᠵᠠᠭᠪᠤᠷ ᠤᠨ ᠰᠢᠨ᠎ᠡ ᠶᠢ ᠡᠬᠦᠳᠦᠯᠲᠡ ᠶᠢ ᠵᠣᠷᠢᠭᠵᠢᠭᠤᠯᠵᠤ᠂ ᠰᠢᠨ᠎ᠡ ᠶᠢ ᠡᠭᠦᠳᠬᠦ ᠪᠠᠷ ᠳᠠᠮᠵᠢᠭᠤᠯᠤᠨ ᠪᠡᠯᠡ | ᠣᠷᠣᠭᠤᠯᠤᠯᠲᠠ ᠬᠢᠭᠡᠳ ᠬᠡᠷᠡᠭᠯᠡᠭᠡ ᠶᠢ ᠳᠠᠶᠢᠴᠢᠯᠠᠬᠤ᠂ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ ᠳᠡᠰ | ᠳᠠᠪᠰᠢᠯᠲᠠ ᠪᠠ ᠡᠯ᠎ᠡ ᠡᠵᠡᠩᠨᠡᠯᠲᠡ ᠶᠢᠨ ᠪᠠᠶᠢᠳᠠᠯ ᠲᠥᠯᠥᠪ ᠤᠨ ᠦᠷᠳᠡᠭ ᠤᠨ ᠬᠠᠮᠤᠭ ᠶᠡᠭᠡ ᠬᠡᠮᠵᠢᠶ᠎ᠡ ᠶᠢ | ᠪᠡᠶᠡᠯᠡᠬᠦᠯᠬᠦ ᠬᠡᠷᠡᠭᠲᠡᠶ᠃ | ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠵᠤ᠂ ᠬᠠᠨᠭ᠍ᠭᠠᠯᠭ᠎ᠠ ᠶᠢ ᠪᠠᠶᠠᠯᠢᠭ ᠪᠣᠯᠭᠠᠬᠤ ᠬᠡᠷᠡᠭᠲᠡᠶ᠃ ᠠᠷᠠᠳ | ᠤᠯᠠᠨ ᠤ ᠤᠯᠠᠨ ᠡᠰᠢᠴᠢᠯᠡᠭᠰᠡᠨ᠂ ᠥᠪᠡᠷᠮᠢᠴᠡ ᠪᠡᠶ᠎ᠡ ᠶᠢᠨ ᠲᠠᠮᠢᠷ ᠤᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ | ᠬᠠᠨᠭ᠍ᠭᠠᠬᠤ ᠪᠠᠷ ᠡᠭᠦᠰᠴᠡ ᠪᠠ ᠲᠡᠭᠦᠰᠦᠯᠲᠡ ᠪᠣᠯᠭᠠᠵᠤ᠂ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ | ᠲᠤᠬᠢᠷᠠᠭᠤᠯᠤᠯᠲᠠ ᠳᠠᠬᠢ ᠰᠢᠢᠳᠪᠦᠷᠢᠯᠡᠭᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠡᠰᠢᠲᠦ ᠵᠠᠬ᠎ᠠ | ᠳᠡᠯᠭᠡᠭᠦᠷ ᠤᠨ ᠪᠡᠶᠡᠴᠢ ᠴᠣᠭᠴᠠ᠂ ᠰᠡᠯᠡᠮ᠎ᠡ ᠶᠢᠨ ᠲᠡᠮᠡᠴᠡᠭᠡᠨ ᠤ ᠪᠣᠯᠪᠠᠰᠤᠷᠠᠯ ᠢ ᠶᠡᠬᠡᠪᠡᠷ ᠥᠷᠨᠢᠭᠦᠯᠵᠦ᠂ | ᠰᠡᠯᠡᠮ᠎ᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠰᠡᠯᠡᠭᠦᠴᠡᠬᠦ ᠵᠦᠢᠯᠡᠰ ᠢ ᠬᠥᠲᠥᠯᠦᠨ ᠵᠢᠯᠣᠭᠤᠳᠴᠤ᠂ | ᠰᠤᠳᠤᠯᠤᠨ ᠨᠡᠭᠡᠭᠡᠵᠦ᠂ ᠰᠡᠯᠡᠮ᠎ᠡ ᠶᠢᠨ ᠤᠷᠤᠯᠳᠤᠭᠠᠨ ᠪᠠ ᠲᠣᠭᠯᠠᠯᠲᠠ ᠶᠢᠨ ᠪᠦᠲᠦᠭᠡᠭᠳᠡᠬᠦᠨ ᠵᠢᠴᠢ ᠦᠢᠯᠡᠴᠢᠯᠡᠭᠡ | ᠶᠢ ᠪᠠᠶᠠᠯᠢᠭᠵᠢᠭᠤᠯᠵᠤ᠂ ᠥᠷᠭᠡᠨ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠲᠠᠰ | ᠳᠠᠪᠬᠤᠷᠭ᠎ᠠ ᠶᠢᠨ᠂ ᠣᠯᠠᠨ ᠶᠠᠩᠵᠤ ᠶᠢᠨ ᠰᠡᠯᠡᠮ᠎ᠡ ᠶᠢᠨ ᠲᠡᠮᠡᠴᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠲᠡᠶ᠃ | ᠨᠡᠭᠡᠭᠡᠯᠲᠡ ᠲᠠᠢ ᠬᠠᠷᠢᠯᠴᠠᠯ ᠲᠠᠢ᠂ ᠠᠭᠤᠰᠤᠯᠳᠤᠨ ᠬᠥᠭᠵᠢᠬᠦ ᠶᠢ ᠪᠠᠷᠢᠮᠲᠠᠯᠠᠨ᠎ᠠ᠃ ᠰᠡᠯᠡᠮ᠎ᠡ ᠶᠢᠨ ᠲᠡᠮᠡᠴᠡᠭᠡᠨ ᠤ | ᠲᠡᠦᠬᠡ ᠲᠠᠢ ᠤᠶᠠᠯᠳᠤᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠯᠤᠰ ᠤᠨ ᠳᠣᠲᠣᠭᠠᠳᠤ ᠶᠢᠨ ᠪᠠ | ᠣᠯᠠᠨ ᠤᠯᠤᠰ ᠤᠨ ᠰᠡᠯᠡᠮ᠎ᠡ ᠶᠢᠨ ᠲᠡᠮᠡᠴᠡᠭᠡᠨ ᠤ ᠡᠬᠢ ᠪᠠᠶᠠᠯᠢᠭ ᠢ ᠨᠢᠭᠡᠳᠬᠡᠵᠦ᠂ ᠳᠣᠲᠣᠭᠠᠳᠤ ᠭᠠᠳᠠᠭᠠᠳᠤ ᠳᠠᠬᠢ | ᠨᠡᠭᠡᠭᠡᠯᠲᠡ ᠶᠢᠨ ᠲᠦᠪᠰᠢᠨ ᠢ ᠢᠳᠡᠪᠬᠢᠲᠡᠶ ᠪᠠᠷ ᠳᠡᠭᠡᠭᠰᠢᠯᠡᠭᠦᠯᠵᠦ᠂ ᠰᠡᠯᠡᠮ᠎ᠡ ᠶᠢᠨ ᠲᠡᠮᠡᠴᠡᠭᠡᠨ ᠤ ᠲᠠᠮᠢᠷᠴᠢᠨ ᠤ ᠠᠵᠤ | ᠦᠢᠯᠡᠰ ᠤᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠂ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ ᠰᠢᠰᠲ᠋ᠧᠮ ᠢ | ᠲᠡᠭᠦᠯᠳᠡᠷᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠲᠠᠪᠴᠠᠩ ᠢ ᠪᠠᠶᠢᠭᠤᠯᠵᠤ᠂ ᠰᠡᠯᠡᠮ᠎ᠡ ᠶᠢᠨ ᠲᠡᠮᠡᠴᠡᠭᠡᠨ᠂ | ᠰᠡᠯᠡᠮ᠎ᠡ ᠶᠢᠨ ᠲᠡᠮᠡᠴᠡᠭᠡᠨ ᠤ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠬᠡᠷᠡᠭᠲᠡᠶ᠃ ᠪᠤᠰᠤᠳ | ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠲᠤᠷᠰᠢᠯᠭ᠎ᠠ ᠶᠢ ᠢᠳᠡᠪᠬᠢᠲᠡᠶ ᠪᠠᠷ ᠰᠢᠩᠭᠡᠭᠡᠨ ᠠᠪᠴᠤ᠂ | ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠢᠨᠲ᠋ᠧᠷ ᠰᠦᠯᠵᠢᠶ᠎ᠡ᠂ ᠡᠷᠡᠭᠦᠯ ᠮᠡᠨᠳᠦ᠂ ᠨᠠᠰᠤᠲᠠᠶᠢᠴᠤᠳ ᠢ | ᠳᠡᠳᠬᠦᠬᠦ᠂ ᠠᠶᠠᠯᠠᠯ ᠵᠢᠭᠤᠯᠴᠢᠯᠠᠯ᠂ ᠰᠣᠶᠣᠯ᠂ ᠰᠤᠷᠭᠠᠨ ᠬᠥᠮᠦᠵᠢᠯ ᠵᠡᠷᠭᠡ ᠬᠤᠯᠪᠣᠭᠳᠠᠯ ᠪᠦᠬᠦᠢ ᠠᠵᠤ | ᠦᠢᠯᠡᠰ ᠲᠠᠢ ᠠᠭᠤᠰᠤᠯᠳᠤᠨ ᠬᠦᠭᠵᠢᠬᠦ ᠶᠢ ᠲᠦᠯᠬᠢᠨ ᠠᠬᠢᠭᠤᠯᠤᠨ᠎ᠠ᠃ | ᠳᠡᠯᠭᠡᠷᠡᠭᠦᠯᠦᠨ ᠤᠬᠠᠭᠤᠯᠬᠤ᠂ ᠣᠨᠴᠠᠯᠢᠭ ᠢ ᠲᠤᠪᠤᠶᠢᠯᠭᠠᠬᠤ ᠶᠢ ᠪᠠᠷᠢᠮᠲᠠᠯᠠᠨ᠎ᠠ᠃ ᠣᠨᠴᠠᠯᠢᠭ ᠪᠦᠬᠦᠢ | ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠰᠡᠯᠡᠮ᠎ᠡ ᠶᠢᠨ ᠲᠡᠮᠡᠴᠡᠭᠡᠨ ᠤ | ᠲᠥᠷᠥᠯ ᠵᠦᠢᠯ ᠤᠨ ᠣᠨᠴᠠᠯᠢᠭ ᠲᠠᠢ ᠤᠶᠠᠯᠳᠤᠭᠤᠯᠤᠨ᠂ ᠰᠡᠯᠡᠮ᠎ᠡ ᠶᠢᠨ ᠲᠡᠮᠡᠴᠡᠭᠡᠨ ᠤ ᠥᠨᠢ ᠤᠳᠠᠭᠠᠨ ᠲᠡᠦᠬᠡ | ᠪᠣᠯᠤᠨ ᠰᠣᠶᠣᠯ ᠤᠨ ᠠᠭᠤᠯᠤᠭᠳᠠᠬᠤᠨ ᠢ ᠠᠭᠤᠳᠠᠯᠵᠤ᠂ ︽ᠰᠡᠯᠡᠮ᠎ᠡ ᠴᠢᠳᠬᠤᠵᠤ ᠬᠥᠮᠦᠨ ᠢ ᠬᠥᠮᠦᠵᠢᠭᠦᠯᠬᠦ︾ ᠵᠠᠩ | ᠰᠤᠷᠲᠠᠯ ᠤᠨ ᠬᠥᠮᠦᠵᠢᠯ ᠤᠨ ᠰᠢᠨᠵᠢ ᠴᠢᠨᠠᠷ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ | ᠨᠥᠯᠥᠭᠡ ᠶᠢ ᠥᠷᠭᠡᠳᠬᠡᠵᠦ᠂ ᠰᠡᠯᠡᠮ᠎ᠡ ᠶᠢᠨ ᠲᠡᠮᠡᠴᠡᠭᠡᠨ ᠤ ᠥᠪᠡᠷᠮᠢᠴᠡ ᠰᠣᠶᠣᠯ ᠤᠨ ᠨᠠᠷᠢᠨ ᠠᠭᠤᠯᠭ᠎ᠠ ᠶᠢ | ᠰᠢᠯᠢᠳᠡᠭᠵᠢᠭᠦᠯᠦᠨ ᠰᠢᠨ᠎ᠡ ᠶᠢ ᠡᠭᠦᠳᠬᠦ ᠲᠠᠢ ᠤᠶᠠᠯᠳᠤᠭᠤᠯᠤᠨ᠂ ᠰᠡᠯᠡᠮ᠎ᠡ ᠶᠢᠨ ᠲᠡᠮᠡᠴᠡᠭᠡᠨ ᠤ ᠥᠪᠡᠷᠮᠢᠴᠡ | ᠨᠡᠶᠢᠭᠡᠮ ᠤᠨ ᠲᠠᠨᠢᠨ ᠮᠡᠳᠡᠬᠦᠶ ᠶᠢᠨ ᠴᠢᠩᠭᠠᠳᠬᠠᠵᠤ᠂ ᠨᠡᠶᠢᠭᠡᠮ ᠤᠨ ᠣᠷᠣᠯᠴᠠᠬᠤ ᠢᠳᠡᠪᠬᠢᠵᠢᠯ ᠢ ᠲᠠᠰᠤᠷᠠᠯᠲᠠ | ᠦᠭᠡᠢ ᠬᠥᠭᠵᠢᠭᠡᠵᠦ᠂ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠪᠠ | ᠠᠮᠢᠳᠤᠯᠢᠭ ᠬᠦᠴᠦᠨ ᠢ ᠲᠠᠰᠤᠷᠠᠯᠲᠠ ᠦᠭᠡᠢ ᠨᠡᠭᠡᠭᠡᠨ ᠬᠦᠭᠵᠢᠬᠦᠯᠦᠨ᠎ᠡ᠃ | ︵ᠭᠤᠷᠪᠠ︶ ᠬᠦᠭᠵᠢᠯᠲᠡ ᠶᠢᠨ ᠬᠠᠷᠠᠯᠲᠠ | 2020 ᠣᠨ ᠪᠣᠯᠬᠤ ᠳᠤ᠂ ᠪᠠᠶᠢᠷᠢᠰᠢᠯ ᠨᠢ ᠵᠦᠢ ᠵᠣᠬᠢᠰᠲᠠᠶ᠂ ᠴᠢᠳᠠᠮᠵᠢ ᠨᠢ ᠪᠦᠷᠢᠨ ᠲᠡᠭᠦᠯᠳᠡᠷ᠂ ᠲᠦᠷᠦᠯ | ᠵᠦᠢᠯ ᠨᠢ ᠪᠦᠷᠢᠨ ᠳᠦᠬᠦᠷ ᠪᠠ ᠣᠯᠠᠨ ᠲᠦᠷᠦᠯ ᠲᠦᠷᠦᠯ ᠤᠨ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ | ᠰᠢᠰᠲ᠋ᠧᠮ ᠢ ᠦᠨᠳᠦᠰᠦᠨ ᠳᠡᠭᠡᠨ ᠪᠡᠶᠡᠯᠡᠬᠦᠯᠵᠤ᠂ ᠰᠡᠯᠡᠮ᠎ᠡ ᠶᠢᠨ ᠲᠡᠮᠡᠴᠡᠭᠡᠨ ᠤ ᠲᠠᠮᠢᠷᠴᠢᠨ ᠤ ᠵᠠᠬ᠎ᠠ ᠳᠡᠯᠭᠡᠭᠦᠷ ᠤᠨ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠦᠢᠯᠡᠳᠬᠦᠨ ᠤ ᠬᠠᠩᠭᠠᠯᠭ᠎ᠠ ᠨᠡᠩ ᠡᠯᠪᠡᠭ ᠪᠠᠶᠠᠯᠢᠭ᠂ | ᠬᠡᠷᠡᠭᠯᠡᠭᠡᠨ ᠤ ᠬᠡᠷᠡᠭᠴᠡᠭᠡ ᠶᠢ ᠤᠯᠠᠮ ᠨᠡᠮᠡᠭᠳᠡᠬᠦᠯᠵᠤ᠂ ᠠᠵᠤ ᠦᠢᠯᠡᠰ ᠤᠨ ᠶᠡᠷᠦᠩᠬᠡᠶ ᠬᠡᠪᠴᠢᠶ᠎ᠡ ᠦᠷᠭᠦᠯᠵᠢᠯᠡᠨ | ᠲᠦᠷᠭᠡᠨ ᠢᠶᠠᠷ ᠨᠡᠮᠡᠭᠳᠡᠵᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ | ᠬᠦᠴᠦᠨ ᠪᠣᠯᠭᠠᠨ᠎ᠠ᠃ | ᠰᠡᠯᠡᠮ᠎ᠡ ᠶᠢᠨ ᠲᠡᠮᠡᠴᠡᠭᠡᠨ ᠤ ᠤᠯᠠᠨ ᠲᠦᠮᠡᠨ ᠤ ᠰᠠᠭᠤᠷᠢ ᠶᠢ ᠤᠯᠠᠮ ᠪᠠᠲᠤ ᠪᠠᠬᠢ ᠪᠣᠯᠭᠠᠨ᠎ᠠ᠃ ᠰᠡᠯᠡᠮ᠎ᠡ ᠶᠢᠨ | ᠲᠡᠮᠡᠴᠡᠭᠡᠨ ᠤ ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ | ᠰᠡᠯᠡᠮ᠎ᠡ ᠶᠢᠨ ᠲᠡᠮᠡᠴᠡᠭᠡᠨ ᠤ ᠲᠠᠮᠢᠷ ᠤᠨ ᠦᠢᠯᠡᠰ ᠢ ᠬᠡᠪᠴᠢᠶᠡᠵᠢᠭᠦᠯᠦᠨ ᠬᠥᠭᠵᠢᠭᠦᠯᠬᠦ᠂ ᠨᠠᠰᠤᠨ ᠳᠤ | ᠬᠦᠷᠦᠭᠰᠡᠳ ᠤᠨ ᠰᠡᠯᠡᠮ᠎ᠡ ᠶᠢᠨ ᠲᠡᠮᠡᠴᠡᠭᠡᠨ ᠤ ᠪᠣᠯᠪᠠᠰᠤᠷᠠᠯ ᠤᠨ ᠰᠢᠰᠲ᠋ᠧᠮ ᠠᠩᠬ᠎ᠠ ᠠᠯᠬᠤᠮ ᠪᠦᠷᠢᠯᠳᠦᠵᠦ᠂ | ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ ᠬᠡᠷᠡᠭᠯᠡᠭᠡᠨ ᠤ ᠪᠦᠲᠦᠭᠡᠭᠳᠡᠬᠦᠨ ᠵᠢᠴᠢ ᠦᠢᠯᠡᠴᠢᠯᠡᠭᠡ ᠪᠣᠳᠠᠰ ᠡᠯᠪᠡᠭ | ᠳᠡᠯᠪᠡᠭ ᠪᠣᠯᠵᠤ᠂ 2020 ᠣᠨ ᠪᠣᠯᠬᠤ ᠳᠤ᠂ ᠪᠦᠬᠦ ᠤᠯᠤᠰ ᠤᠨ ᠰᠡᠯᠡᠮ᠎ᠡ ᠶᠢᠨ ᠲᠡᠮᠡᠴᠡᠭᠡᠨ ᠤ ᠣᠷᠣᠯᠴᠠᠬᠤ | ᠬᠥᠮᠦᠨ ᠤ ᠲᠤᠭ᠎ᠠ ᠬᠡᠮᠵᠢᠶ᠎ᠡ 20 ᠲᠦᠮᠡ ᠬᠦᠷᠬᠦ ᠪᠣᠯᠣᠨ᠎ᠠ᠃ | ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ | ᠬᠡᠷᠡᠭᠲᠡᠶ᠃ ᠵᠠᠰᠠᠭ ᠤᠨ ᠣᠷᠳᠣᠨ ᠤ ᠵᠢᠯᠤᠭᠤᠳᠤᠯᠭ᠎ᠠ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠬᠢᠭᠡᠳ ᠨᠡᠶᠢᠭᠡᠮ ᠤᠨ | ᠣᠷᠣᠯᠴᠠᠯᠭ᠎ᠠ ᠳᠣᠣᠷ᠎ᠠ᠂ ᠰᠡᠯᠡᠮ᠎ᠡ ᠶᠢᠨ ᠤᠷᠤᠯᠳᠤᠭᠠᠨ ᠤ ᠲᠣᠭᠯᠠᠯᠲᠠ᠂ ᠰᠡᠯᠡᠮ᠎ᠡ ᠶᠢᠨ ᠪᠡᠶ᠎ᠡ ᠴᠢᠭᠢᠷᠠᠭᠵᠢᠭᠤᠯᠬᠤ | ᠰᠡᠯᠡᠭᠦᠴᠡᠯ᠂ ᠰᠡᠯᠡᠮ᠎ᠡ ᠶᠢᠨ ᠪᠣᠯᠪᠠᠰᠤᠷᠠᠯ ᠪᠠ ᠰᠤᠷᠭᠠᠨ ᠬᠥᠮᠦᠵᠢᠯ᠂ ᠰᠡᠯᠡᠮ᠎ᠡ ᠶᠢᠨ ᠲᠡᠮᠡᠴᠡᠭᠡᠨ ᠤ ᠲᠠᠯᠠᠪᠤᠷ ᠤᠨ | ᠲᠦᠬᠦᠭᠡᠷᠦᠮᠵᠢ ᠶᠢᠨ ᠪᠦᠲᠦᠬᠡᠨ ᠪᠠᠶᠢᠭᠤᠯᠤᠯᠲᠠ᠂ ᠰᠡᠯᠡᠮ᠎ᠡ ᠶᠢᠨ ᠵᠡᠪᠰᠡᠭ ᠲᠣᠨᠣᠭᠯᠠᠯ ᠪᠠ ᠬᠤᠯᠪᠣᠭᠳᠠᠯ ᠪᠦᠬᠦᠢ | ᠦᠢᠯᠡᠳᠬᠦᠨ ᠦᠢᠯᠡᠳᠬᠦ ᠵᠡᠷᠭᠡ ᠡᠯ᠎ᠡ ᠡᠵᠡᠩᠨᠡᠯᠲᠡ ᠶᠢᠨ ᠪᠠᠶᠢᠳᠠᠯ ᠲᠥᠯᠥᠪ ᠵᠣᠬᠢᠴᠠᠩᠭᠤᠶ ᠪᠠᠷ ᠬᠥᠭᠵᠢᠭᠦᠯᠬᠦ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠶ᠃ 2020 ᠣᠨ ᠪᠣᠯᠬᠤ ᠳᠤ᠂ ᠰᠡᠯᠡᠮ᠎ᠡ ᠶᠢᠨ ᠲᠡᠮᠡᠴᠡᠭᠡᠨ ᠤ ᠠᠵᠤ | ᠦᠢᠯᠡᠰ ᠤᠨ ᠬᠡᠪᠴᠢᠶᠡᠵᠢᠭᠰᠡᠨ᠂ ᠡᠷᠴᠢᠮᠵᠢᠭᠰᠡᠨ᠂ ᠤᠯᠡᠠ ᠲᠡᠰ ᠳᠠᠪᠬᠤᠷᠭ᠎ᠠ ᠲᠠᠢ᠂ ᠥᠨᠳᠥᠷ ᠲᠦᠪᠰᠢᠨ ᠤ | ᠬᠦᠭᠵᠢᠯ ᠢ ᠪᠡᠶᠡᠯᠡᠬᠦᠯᠵᠤ᠂ ᠠᠵᠤ ᠦᠢᠯᠡᠰ ᠤᠨ ᠶᠡᠷᠦᠩᠬᠡᠶ ᠬᠡᠪᠴᠢᠶ᠎ᠡ ᠶᠢ ᠦᠷᠭᠦᠯᠵᠢᠯᠡᠨ ᠲᠦᠷᠭᠡᠨ ᠢᠶᠠᠷ ᠨᠡᠮᠡᠭᠳᠡᠬᠦ | ᠶᠢ ᠪᠠᠲᠤᠯᠠᠨ᠎ᠠ᠃ | ᠰᠡᠯᠡᠮ᠎ᠡ ᠶᠢᠨ ᠲᠡᠮᠡᠴᠡᠭᠡᠨ ᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠲᠠᠰᠤᠷᠠᠯᠲᠠ ᠦᠭᠡᠢ | ᠪᠣᠵᠠᠭᠠᠶᠢᠷᠠᠭᠤᠯᠤᠨ᠎ᠠ᠃ 2020 ᠣᠨ ᠪᠣᠯᠬᠤ ᠳᠤ᠂ ᠨᠢᠭᠡ ᠪᠦᠯᠦᠭ ᠰᠠᠶᠢᠨ ᠬᠦᠭᠵᠢᠯ ᠲᠠᠢ ᠰᠡᠯᠡᠮ᠎ᠡ ᠶᠢᠨ | ᠲᠡᠮᠡᠴᠡᠭᠡᠨ ᠤ ᠲᠦᠪ ᠢ ᠪᠠᠶᠢᠭᠤᠯᠵᠤ᠂ ᠨᠢᠭᠡ ᠪᠦᠯᠦᠭ ᠨᠥᠯᠥᠭᠡᠯᠡᠬᠦ ᠬᠦᠴᠦᠨ ᠶᠡᠭᠡ᠂ ᠳᠠᠶᠢᠴᠢᠯᠠᠬᠤ ᠴᠢᠨᠠᠷ ᠢᠶᠠᠷ | ᠴᠢᠩᠭ᠎ᠠ ᠬᠥᠲᠥᠴᠢ ᠠᠵᠤ ᠠᠬᠤᠶᠢᠯᠠᠯ ᠪᠣᠯᠤᠨ ᠰᠢᠨ᠎ᠡ ᠶᠢ ᠡᠭᠦᠳᠬᠦ ᠠᠮᠢᠳᠤᠯᠢᠭ ᠬᠦᠴᠦᠨ ᠢᠶᠠᠷ ᠪᠢᠯᠬᠠᠮ᠎ᠠ ᠳᠤᠮᠳᠠ | ᠵᠢᠵᠢᠭ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠦᠮᠦᠵᠢᠬᠦᠯᠵᠣ᠂ 700 ᠠᠴᠠ ᠳᠡᠭᠡᠭᠰᠢ | ᠳᠡᠭᠡᠳᠦ ᠬᠢᠷᠢ ᠬᠡᠮᠵᠢᠶ᠎ᠡ ᠲᠠᠢ ᠪᠠ ᠰᠡᠯᠡᠮ᠎ᠡ ᠶᠢᠨ ᠲᠡᠮᠡᠴᠡᠭᠡᠨ ᠤ ᠺᠯᠦ᠋ᠪ ᠢ ᠪᠠᠶᠢᠭᠤᠯᠤᠨ᠎ᠠ︔ ᠨᠢᠭᠡ ᠪᠦᠯᠦᠭ ᠰᠢᠯᠢᠳᠡᠭ | ᠳᠠᠰᠬᠠᠯᠵᠢᠭᠤᠯᠤᠭᠴᠢ ᠪᠣᠯᠤᠨ ᠰᠡᠯᠡᠮ᠎ᠡ ᠶᠢᠨ ᠲᠡᠮᠡᠴᠡᠭᠡᠨ ᠤ ᠲᠠᠮᠢᠷᠴᠢᠳ ᠢ ᠬᠦᠮᠦᠵᠢᠬᠦᠯᠵᠤ᠂ ᠦᠨᠳᠦᠷ ᠴᠢᠨᠠᠷᠲᠠᠢ᠂ | ᠤᠯᠡᠠ ᠡᠰᠢᠴᠢᠯᠡᠭᠰᠡᠨ᠂ ᠦᠷᠭᠦᠯᠵᠢᠯᠡᠬᠦᠶᠢᠴᠡ ᠰᠡᠯᠡᠮ᠎ᠡ ᠶᠢᠨ ᠲᠡᠮᠡᠴᠡᠭᠡᠨ ᠤ ᠪᠦᠲᠦᠭᠡᠭᠳᠡᠬᠦᠨ ᠵᠢᠴᠢ ᠦᠢᠯᠡᠴᠢᠯᠡᠭᠡ | ᠶᠢ ᠬᠠᠨᠭ᠍ᠭᠠᠬᠤ ᠶᠢ ᠵᠣᠷᠢᠭᠵᠢᠭᠤᠯᠤᠨ᠎ᠠ᠂ ᠰᠡᠯᠡᠮ᠎ᠡ ᠶᠢᠨ ᠲᠡᠮᠡᠴᠡᠭᠡᠨ ᠤ ᠪᠣᠯᠪᠠᠰᠤᠷᠠᠯ ᠤᠨ ᠪᠠ ᠰᠡᠯᠡᠮ᠎ᠡ ᠶᠢᠨ | ᠲᠡᠮᠡᠴᠡᠭᠡᠨ ᠤ ᠵᠡᠪᠰᠡᠭ ᠲᠣᠨᠣᠭᠯᠠᠯ ᠤᠨ ᠬᠦᠷᠢᠶᠡᠨ ᠳᠤ᠂ ᠨᠢᠭᠡ ᠪᠦᠯᠦᠭ ᠨᠡᠷᠡᠳᠦ ᠲᠡᠮᠳᠡᠭ ᠢ ᠪᠣᠢ ᠪᠣᠯᠭᠠᠨ᠎ᠠ᠃ | ᠭᠤᠷᠪᠠ᠂ ᠭᠤᠣᠯ ᠡᠭᠦᠷᠭᠡ | ︵ᠨᠢᠭᠡ︶ ᠰᠡᠯᠡᠮ᠎ᠡ ᠶᠢᠨ ᠲᠡᠮᠡᠴᠡᠭᠡᠨ ᠤ ᠲᠠᠯᠠᠪᠤᠷ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ ᠰᠠᠭᠤᠷᠢ ᠶᠢ ᠪᠠᠬᠢᠵᠢᠬᠦᠯᠦᠨ᠎ᠡ | ᠰᠡᠯᠡᠮ᠎ᠡ ᠶᠢᠨ ᠲᠡᠮᠡᠴᠡᠭᠡᠨ ᠤ ᠲᠠᠯᠠᠪᠤᠷ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠵᠠᠭᠪᠤᠷ ᠤᠨ ᠰᠢᠨ᠎ᠡ ᠶᠢ | ᠡᠬᠦᠳᠦᠨ᠎ᠡ᠃ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠠᠯᠪᠡᠯᠡᠬᠤ ᠠᠰᠠᠷ᠂ ᠨᠡᠶᠢᠭᠡᠮ ᠲᠣᠭᠤᠷᠢᠭ ᠤᠨ | ᠲᠠᠯᠠᠪᠠᠢ ᠣᠷᠳᠣᠨ ᠵᠡᠷᠭᠡ ᠣᠯᠠᠨ ᠵᠦᠢᠯ ᠤᠨ ᠲᠥᠷᠥᠯ ᠬᠡᠯᠪᠡᠷᠢ ᠶᠢᠨ ᠭᠠᠵᠠᠷ ᠰᠡᠯᠡᠮ᠎ᠡ ᠶᠢᠨ ᠲᠡᠮᠡᠴᠡᠭᠡᠨ ᠤ | ᠠᠵᠢᠯᠯᠠᠭ᠎ᠠ ᠥᠷᠨᠢᠭᠦᠯᠵᠦ᠂ ᠰᠡᠯᠡᠮ᠎ᠡ ᠶᠢᠨ ᠲᠡᠮᠡᠴᠡᠭᠡᠨ ᠢᠶᠠᠷ ᠬᠤᠳᠠᠯᠳᠤᠭᠠᠴᠢᠯᠠᠭᠰᠠᠨ᠂ ᠴᠠᠭ ᠤᠨ ᠦᠡᠭᠭᠡ ᠲᠠᠢ᠂ | ᠵᠤᠭ᠎ᠠ ᠴᠡᠩᠭᠡᠯ ᠤᠨ ᠲᠠᠯᠠᠪᠤᠷ ᠭᠠᠵᠠᠷ ᠢ ᠣᠷᠤᠭᠤᠯᠤᠨ ᠠᠪᠴᠢᠷᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ | ᠪᠣᠯᠭᠠᠨ᠂ ᠵᠠᠰᠠᠭ ᠤᠨ ᠣᠷᠳᠣᠨ ᠤ ᠳᠡᠮᠵᠢᠯᠭᠡ ᠪᠠ ᠬᠥᠲᠥᠯᠥᠨ ᠵᠢᠯᠣᠭᠤᠳᠴᠤ ᠪᠠᠶᠢᠭᠠᠳ ᠰᠡᠯᠡᠮ᠎ᠡ ᠶᠢᠨ | ᠲᠡᠮᠡᠴᠡᠭᠡᠨ ᠤ ᠲᠠᠯᠠᠪᠠᠢ ᠣᠷᠳᠣᠨ ᠤ ᠪᠦᠳᠦᠭᠡᠨ ᠪᠠᠶᠢᠭᠤᠯᠤᠯᠲᠠ ᠶᠢ ᠨᠡᠬᠡᠬᠡᠵᠤ᠂ ᠨᠢᠭᠡ ᠪᠦᠯᠦᠭ ᠨᠡᠶᠢᠲᠡᠯᠢᠭ | ᠣᠨᠴᠠᠯᠢᠭ ᠲᠠᠢ ᠰᠡᠯᠡᠮ᠎ᠡ ᠶᠢᠨ ᠲᠡᠮᠡᠴᠡᠭᠡᠨ ᠬᠥᠳᠡᠯᠭᠡᠭᠡᠨ ᠤ ᠲᠥᠪ᠂ ᠰᠡᠯᠡᠮ᠎ᠡ ᠶᠢᠨ ᠲᠡᠮᠡᠴᠡᠭᠡᠨ ᠤ ᠲᠠᠯᠠᠪᠤᠷ ᠭᠠᠵᠠᠷ | ᠵᠢᠴᠢ ᠢᠵᠢ ᠪᠦᠷᠢᠳᠦᠭᠦᠯᠬᠦ ᠲᠦᠬᠦᠬᠡᠷᠦᠮᠵᠢ ᠶᠢ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠨ᠎ᠠ᠃ ᠰᠡᠯᠡᠮ᠎ᠡ ᠶᠢᠨ | ᠲᠡᠮᠡᠴᠡᠭᠡᠨ ᠤ ᠲᠠᠮᠢᠷ ᠤᠨ ᠲᠠᠯᠠᠪᠠᠶ ᠲᠦᠬᠦᠬᠡᠷᠦᠮᠵᠢ ᠶᠢᠨ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠪᠣᠯᠤᠨ | ᠪᠠᠶᠢᠷᠢᠰᠢᠯ ᠢ ᠴᠢᠩᠭᠠᠳᠬᠠᠵᠤ᠂ PPP ᠵᠡᠷᠭᠡ ᠤᠯᠠᠨ ᠵᠦᠢᠯ ᠤᠨ ᠪᠡᠯᠡ ᠬᠤᠷᠠᠮᠳᠤᠭᠤᠯᠬᠤ ᠵᠠᠭᠪᠤᠷ ᠪᠠᠷ | ᠰᠡᠯᠡᠮ᠎ᠡ ᠶᠢᠨ ᠲᠡᠮᠡᠴᠡᠭᠡᠨ ᠤ ᠲᠠᠯᠠᠪᠤᠷ ᠭᠠᠵᠠᠷ ᠤᠨ ᠲᠥᠬᠦᠭᠡᠷᠦᠮᠵᠢ ᠶᠢ ᠨᠡᠭᠡᠭᠡᠨ ᠬᠥᠭᠵᠢᠭᠦᠯᠬᠦ ᠪᠠ ᠪᠦᠳᠦᠭᠡᠨ | ᠪᠠᠶᠢᠭᠤᠯᠬᠤ ᠶᠢ ᠲᠦᠯᠬᠢᠨ ᠠᠬᠢᠭᠤᠯᠵᠤ᠂ ᠥᠪᠡᠷᠮᠢᠴᠡ ᠤᠨᠴᠠᠯᠢᠬᠳᠤ ᠵᠢᠵᠢᠭ ᠪᠠᠯᠭᠠᠰᠤ ᠪᠠ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠳᠤ ᠰᠡᠯᠡᠮ᠎ᠡ ᠶᠢᠨ ᠲᠡᠮᠡᠴᠡᠭᠡᠨ ᠤ ᠡᠯᠧᠮᠧᠨ᠋ᠲ ᠶᠢ | ᠣᠷᠣᠭᠤᠯᠵᠤ᠂ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠥᠳᠥᠭᠡᠨ ᠪᠠᠶᠢᠭᠤᠯᠤᠨ᠎ᠠ᠃ | ︵ᠬᠤᠶᠠᠷ︶ ᠰᠡᠯᠡᠮ᠎ᠡ ᠶᠢᠨ ᠪᠣᠯᠪᠠᠰᠤᠷᠠᠯ ᠢ ᠶᠡᠬᠡᠪᠡᠷ ᠥᠷᠨᠢᠭᠦᠯᠵᠦ᠂ ᠰᠡᠯᠡᠮ᠎ᠡ ᠶᠢᠨ ᠲᠡᠮᠡᠴᠡᠭᠡᠨ ᠤ | ᠲᠦᠭᠡᠮᠡᠯᠵᠢᠭᠦᠯᠦᠨ ᠳᠡᠯᠭᠡᠷᠡᠬᠦᠯᠦᠯᠲᠡ ᠶᠢ ᠠᠬᠢᠭᠤᠯᠤᠨ᠎ᠠ | ᠵᠠᠯᠠᠭᠤ ᠪᠠᠭᠠᠴᠤᠳ ᠤᠨ ᠵᠠᠬ᠎ᠠ ᠳᠡᠯᠭᠡᠭᠦᠷ ᠪᠠᠷ ᠰᠡᠯᠡᠮ᠎ᠡ ᠶᠢᠨ ᠪᠣᠯᠪᠠᠰᠤᠷᠠᠯ ᠤᠨ ᠠᠵᠤ ᠦᠢᠯᠡᠰ ᠤᠨ | ᠬᠥᠭᠵᠢᠯᠲᠡ ᠶᠢᠨ ᠭᠤᠣᠯᠳᠠᠯᠭ᠎ᠠ ᠪᠣᠯᠭᠠᠨ᠎ᠠ᠃ ᠰᠢᠰᠲ᠋ᠧᠮᠵᠢᠭᠰᠡᠨ ᠰᠡᠯᠡᠮ᠎ᠡ ᠶᠢᠨ ᠲᠡᠮᠡᠴᠡᠭᠡᠨ ᠤ ᠪᠣᠯᠪᠠᠰᠤᠷᠠᠯ ᠤᠨ | ᠦᠢᠯᠡᠳᠬᠦᠨ ᠢ ᠨᠡᠬᠡᠬᠡᠨ ᠦᠢᠯᠡᠳᠴᠤ᠂ ᠵᠠᠯᠠᠭᠤ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠰᠡᠯᠡᠮ᠎ᠡ ᠶᠢᠨ | ᠲᠡᠮᠡᠴᠡᠭᠡᠨ ᠳᠤ ᠣᠷᠤᠯᠴᠠᠭᠤᠯᠵᠤ᠂ ᠰᠤᠷᠭᠠᠭᠤᠯᠢ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠢᠯᠤᠭᠤᠳᠤᠯᠭ᠎ᠠ | ᠳᠣᠣᠷ᠎ᠠ ᠰᠡᠯᠡᠮ᠎ᠡ ᠶᠢᠨ ᠲᠡᠮᠡᠴᠡᠭᠡᠨ ᠤ ᠺᠯᠦ᠋ᠪ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠬᠠᠮᠲᠤᠷᠠᠨ ᠨᠡᠶᠢᠲᠡ ᠶᠢᠨ | ᠬᠢᠴᠢᠶᠡᠯ ᠨᠡᠭᠡᠭᠡᠬᠦ ᠶᠢ ᠵᠣᠷᠢᠭᠵᠢᠭᠤᠯᠵᠤ᠂ ᠵᠠᠯᠠᠭᠤᠴᠤᠳ ᠪᠠᠭᠠᠴᠤᠳ ᠤᠨ ᠰᠡᠯᠡᠮ᠎ᠡ ᠶᠢᠨ ᠮᠡᠷᠭᠡᠵᠢᠯ᠂ ᠵᠠᠯᠠᠭᠤᠴᠤᠳ | ᠪᠠᠭᠠᠴᠤᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠨ᠂ ᠵᠠᠯᠠᠭᠤᠴᠤᠳ | ᠪᠠᠭᠠᠴᠤᠳ ᠤᠨ ᠰᠡᠯᠡᠮ᠎ᠡ ᠶᠢᠨ ᠲᠡᠮᠡᠴᠡᠭᠡᠨ ᠤ ᠪᠣᠯᠪᠠᠰᠤᠷᠠᠯ ᠤᠨ ᠦᠢᠯᠡᠳᠬᠦᠨ ᠤ ᠪᠡᠶ᠎ᠡ ᠶᠢᠨ ᠲᠠᠮᠢᠷ ᠤᠨ ᠰᠢᠨᠵᠢ | ᠴᠢᠨᠠᠷ ᠪᠣᠯᠣᠨ ᠰᠤᠷᠭᠠᠨ ᠬᠥᠮᠦᠵᠢᠯ ᠤᠨ ᠰᠢᠨᠵᠢ ᠴᠢᠨᠠᠷ ᠠᠭᠤᠰᠤᠨ ᠨᠡᠶᠢᠯᠡᠬᠦ ᠶᠢ ᠠᠬᠢᠭᠤᠯᠤᠨ᠎ᠠ᠃ ᠵᠠᠯᠠᠭᠤᠴᠤᠳ | ᠪᠠᠭᠠᠴᠤᠳ ᠤᠨ ᠵᠢᠴᠢ ᠲᠡᠭᠦᠨ ᠤ ᠭᠡᠷ ᠤᠨ ᠠᠬᠠᠮᠠᠳ ᠤᠨ ᠲᠣᠭᠤᠷᠢᠨ ᠳᠤ᠂ ᠰᠡᠯᠡᠮ᠎ᠡ ᠶᠢᠨ ᠲᠡᠮᠡᠴᠡᠭᠡᠨ ᠤ | ᠪᠣᠯᠪᠠᠰᠤᠷᠠᠯ ᠤᠨ ᠠᠵᠤ ᠦᠢᠯᠡᠰ ᠤᠨ ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠴᠤ᠂ ᠰᠡᠯᠡᠮ᠎ᠡ ᠶᠢᠨ | ᠲᠡᠮᠡᠴᠡᠭᠡᠨ ᠤ ᠭᠤᠣᠯ ᠬᠡᠷᠡᠭᠯᠡᠭᠡᠨ ᠤ ᠬᠡᠷᠡᠭᠴᠡᠭᠡ ᠶᠢ ᠭᠦᠨ ᠭᠦᠨᠵᠡᠭᠡᠶ ᠠᠭᠤᠳᠠᠯᠬᠤ ᠪᠠ᠂ ᠰᠡᠯᠡᠮ᠎ᠡ ᠶᠢᠨ ᠪᠣᠯᠪᠠᠰᠤᠷᠠᠯ | ᠤᠨ ᠠᠵᠤ ᠦᠢᠯᠡᠰ ᠤᠨ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠭᠡᠭᠵᠢᠭᠦᠯᠦᠨ᠎ᠡ᠃ | ᠨᠠᠰᠤᠨ ᠳᠤ ᠬᠦᠷᠦᠭᠰᠡᠳ ᠤᠨ ᠰᠡᠯᠡᠮ᠎ᠡ ᠶᠢᠨ ᠲᠡᠮᠡᠴᠡᠭᠡᠨ ᠤ ᠪᠣᠯᠪᠠᠰᠤᠷᠠᠯ ᠤᠨ ᠵᠠᠬ᠎ᠠ ᠳᠡᠯᠭᠡᠭᠦᠷ ᠪᠠ ᠵᠤᠭ᠎ᠠ | ᠴᠡᠩᠭᠡᠯ ᠤᠨ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠶ᠃ ᠵᠠᠯᠠᠭᠤᠴᠤᠳ ᠪᠠᠭᠠᠴᠤᠳ ᠤᠨ ᠬᠢᠭᠡᠳ | ᠲᠡᠭᠦᠨ ᠤ ᠭᠡᠷ ᠤᠨ ᠠᠬᠠᠮᠠᠳ ᠤᠨ ᠲᠣᠭᠤᠷᠢᠨ ᠳᠤ᠂ ᠪᠣᠯᠪᠠᠰᠤᠷᠠᠭᠤᠯᠤᠯ ᠤᠨ ᠦᠢᠯᠡᠳᠬᠦᠨ ᠢ ᠬᠠᠶᠢᠨ | ᠰᠦᠪᠡᠭᠴᠢᠯᠡᠵᠦ ᠰᠢᠨ᠎ᠡ ᠶᠢ ᠡᠬᠦᠳᠦᠨ᠂ ᠨᠠᠰᠤᠨ ᠳᠤ ᠬᠦᠷᠦᠭᠰᠡᠳ ᠤᠨ ᠰᠡᠯᠡᠮ᠎ᠡ ᠶᠢᠨ ᠲᠡᠮᠡᠴᠡᠭᠡᠨ ᠤ ᠰᠡᠯᠡᠭᠦᠴᠡᠯ | ᠵᠤᠭ᠎ᠠ ᠴᠡᠩᠭᠡᠯ ᠤᠨ ᠰᠢᠨᠵᠢ ᠴᠢᠨᠠᠷ ᠢ ᠭᠤᠣᠯᠳᠠᠯᠭ᠎ᠠ ᠲᠠᠢ ᠪᠠᠷ ᠨᠡᠮᠡᠭᠳᠡᠭᠦᠯᠵᠦ᠂ ︽ᠡᠴᠢᠭᠡ ᠡᠭᠡ ᠦᠷ᠎ᠡ | ᠬᠡᠦᠬᠡᠳ ᠤᠨ ᠰᠡᠯᠡᠮ᠎ᠡ ᠶᠢᠨ ᠲᠡᠮᠡᠴᠡᠭᠡᠨ︾ ᠵᠡᠷᠭᠡ ᠢᠶᠠᠷ ᠲᠥᠯᠥᠭᠡᠯᠡᠭᠦᠯᠦᠭᠰᠡᠨ ᠨᠠᠰᠤᠨ ᠳᠤ ᠬᠦᠷᠦᠭᠰᠡᠳ ᠤᠨ | ᠰᠡᠯᠡᠮ᠎ᠡ ᠶᠢᠨ ᠲᠡᠮᠡᠴᠡᠭᠡᠨ᠂ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠵᠤ᠂ ᠨᠠᠰᠤᠨ ᠳᠤ ᠬᠦᠷᠦᠭᠰᠡᠳ ᠤᠨ | ᠰᠡᠯᠡᠮ᠎ᠡ ᠶᠢᠨ ᠲᠡᠮᠡᠴᠡᠭᠡᠨ ᠤ ᠺᠯᠦ᠋ᠪ ᠪᠤᠰᠤᠳ ᠵᠤᠭ᠎ᠠ ᠴᠡᠩᠭᠡᠯ ᠤᠨ ᠬᠦᠷᠢᠶᠡᠨ ᠤ ᠡᠯᠧᠮᠧᠨ᠋ᠲ ᠰᠢᠨ᠎ᠡ ᠬᠤᠳᠠᠯᠳᠤᠭᠠᠨ ᠤ | ᠵᠠᠭᠪᠤᠷ ᠢ ᠦᠨᠳᠦᠰᠦᠯᠡᠬᠦ ᠶᠢ ᠵᠣᠷᠢᠭᠵᠢᠭᠤᠯᠣᠨ᠎ᠠ᠃ ᠰᠡᠯᠡᠮ᠎ᠡ ᠶᠢᠨ ᠲᠡᠮᠡᠴᠡᠭᠡᠨ ᠤ ᠳᠡᠭᠡᠳᠦ ᠮᠡᠷᠭᠡᠵᠢᠯ ᠤᠨ | ᠪᠠᠷᠢᠮᠵᠢᠶ᠎ᠠ ᠶᠢ ᠠᠯᠬᠤᠮ ᠠᠯᠬᠤᠮ ᠢᠶᠠᠷ ᠪᠠᠭᠤᠷᠠᠭᠤᠯᠤᠨ᠂ ᠢᠳᠡᠪᠬᠢᠲᠡᠶ ᠬᠠᠶᠢᠨ ᠰᠦᠪᠡᠭᠴᠢᠯᠡᠵᠦ᠂ ᠨᠠᠰᠤᠨ ᠳᠤ | ᠬᠦᠷᠦᠭᠰᠡᠳ ᠤᠨ ᠪᠡᠶ᠎ᠡ ᠶᠢᠨ ᠣᠨᠴᠠᠯᠢᠭ ᠪᠠ ᠰᠡᠳᠬᠢᠴᠡ ᠶᠢᠨ ᠣᠨᠴᠠᠯᠢᠭ ᠢ ᠦᠨᠳᠦᠰᠦᠯᠡᠨ᠂ ᠳᠥᠭᠦᠮ᠂ ᠰᠣᠨᠢᠷᠬᠠᠯ | ᠲᠠᠢ᠂ ᠴᠠᠭ ᠤᠨ ᠦᠡᠭᠭᠡ ᠶᠢ ᠳᠠᠭᠠᠭᠰᠠᠨ ᠰᠡᠯᠡᠮ᠎ᠡ ᠶᠢᠨ ᠲᠡᠮᠡᠴᠡᠭᠡᠨ ᠪᠣᠯᠪᠠᠰᠤᠷᠠᠭᠤᠯᠤᠯ ᠤᠨ ᠲᠥᠷᠥᠯ ᠵᠦᠢᠯ ᠢ | ᠰᠤᠳᠤᠯᠤᠨ ᠨᠡᠭᠡᠭᠡᠨ᠎ᠡ᠃ | ︵ᠭᠤᠷᠪᠠ︶ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠢ ᠪᠤᠵᠠᠭᠠᠶᠢᠷᠠᠭᠤᠯᠵᠤ᠂ ᠥᠪᠡᠷᠮᠢᠴᠡ IP | ᠤᠷᠤᠯᠳᠤᠭᠠᠨ ᠢ ᠨᠡᠭᠡᠭᠡᠨ᠎ᠡ | ᠰᠡᠯᠡᠮ᠎ᠡ ᠶᠢᠨ ᠤᠷᠤᠯᠳᠤᠭᠠᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠠᠨ ᠱᠠᠳᠤ ᠳᠠᠪᠬᠤᠷᠭ᠎ᠠ ᠪᠥᠬᠦᠢ | ᠨᠡᠶᠢᠭᠡᠮᠯᠢᠭ ᠤᠨ ᠬᠠᠮᠢᠶᠠᠷᠤᠯᠲᠠ ᠶᠢᠨ ᠰᠢᠰᠲ᠋ᠧᠮ ᠪᠠ ᠣᠯᠠᠨ ᠤᠯᠤᠰ ᠤᠨ ᠤᠷᠤᠯᠳᠤᠭᠠᠨ᠂ ᠪᠦᠬᠦ ᠤᠯᠤᠰ ᠤᠨ | ᠤᠷᠤᠯᠳᠤᠭᠠᠨ᠂ ᠣᠷᠣᠨ ᠪᠦᠰᠡ ᠶᠢᠨ ᠤᠷᠤᠯᠳᠤᠭᠠᠨ᠂ ᠮᠤᠵᠢ ᠶᠢᠨ ᠲᠡᠰ ᠤᠨ ᠤᠷᠤᠯᠳᠤᠭᠠᠨ᠂ ᠬᠤᠲᠠ ᠶᠢᠨ | ᠳᠡᠰ ᠤᠨ ᠤᠷᠤᠯᠳᠤᠭᠠᠨ ᠵᠡᠷᠭᠡ ᠤᠷᠤᠯᠳᠤᠭᠠᠨ ᠱᠠᠲᠤᠯᠠᠭᠰᠠᠨ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠤᠨ᠎ᠠ᠃ | ᠤᠳᠤ ᠪᠠᠶᠢᠭ᠎ᠠ ᠰᠡᠯᠡᠮ᠎ᠡ ᠶᠢᠨ ᠲᠡᠮᠡᠴᠡᠭᠡᠨ ᠤ ᠬᠤᠯᠪᠣᠭᠠᠲᠤ ᠤᠷᠤᠯᠳᠤᠭᠠᠨ ᠤ ᠰᠠᠭᠤᠷᠢᠨ ᠳᠡᠭᠡᠷ᠎ᠡ᠂ ᠣᠷᠣᠨ | ᠨᠤᠲᠤᠭ ᠤᠨ ᠵᠠᠰᠠᠭ ᠤᠨ ᠣᠷᠳᠣᠨ᠂ ᠰᠡᠯᠡᠮ᠎ᠡ ᠶᠢᠨ ᠲᠡᠮᠡᠴᠡᠭᠡᠨ ᠤ ᠨᠡᠶᠢᠭᠡᠮᠯᠢᠭ ᠂ ᠺᠯᠦ᠋ᠪ ᠵᠡᠷᠭᠡ ᠶᠢ ᠪᠠᠭᠲᠠᠭᠠᠭᠰᠠᠨ | ᠺᠯᠦ᠋ᠪ ᠶᠢᠨ ᠬᠤᠪᠢ ᠬᠤᠷᠠᠮᠳᠤᠭᠤᠯᠬᠤ ᠤᠷᠤᠯᠳᠤᠭᠠᠨ ᠳᠤ ᠣᠷᠤᠯᠴᠠᠬᠤ᠂ ᠤᠶᠤᠲᠠᠳ ᠤᠨ ᠰᠡᠯᠡᠮ᠎ᠡ ᠶᠢᠨ | ᠲᠡᠮᠡᠴᠡᠭᠡᠨ ᠤ ᠬᠤᠯᠪᠣᠭᠠᠲᠤ ᠤᠷᠤᠯᠳᠤᠭᠠᠨ ᠵᠡᠷᠭᠡ ᠠᠳᠠᠯᠢ ᠪᠤᠰᠤ ᠳᠡᠰ᠂ ᠠᠳᠠᠯᠢ ᠪᠤᠰᠤ ᠬᠡᠯᠪᠡᠷᠢ ᠶᠢᠨ ᠰᠡᠯᠡᠮ᠎ᠡ ᠶᠢᠨ | ᠲᠡᠮᠡᠴᠡᠭᠡᠨ ᠢ ᠨᠡᠭᠡᠭᠡᠨ ᠬᠦᠭᠵᠢᠬᠦᠯᠵᠤ᠂ ᠰᠡᠯᠡᠮ᠎ᠡ ᠶᠢᠨ ᠲᠡᠮᠡᠴᠡᠭᠡᠨ ᠤ ᠠᠵᠢᠯᠯᠠᠭ᠎ᠠ ᠶᠢ ᠲᠠᠰᠤᠷᠠᠯᠲᠠ ᠦᠭᠡᠢ | ᠪᠠᠶᠠᠯᠢᠭᠵᠢᠭᠤᠯᠬᠤ ᠬᠡᠷᠡᠭᠲᠡᠶ᠃ | ᠰᠡᠯᠡᠮ᠎ᠡ ᠶᠢᠨ ᠲᠡᠮᠡᠴᠡᠭᠡᠨ ᠤ ᠪᠦᠲᠦᠴᠡ ᠶᠢ ᠰᠢᠯᠢᠳᠡᠭᠵᠢᠭᠦᠯᠵᠦ᠂ ᠰᠡᠯᠡᠮ᠎ᠡ ᠶᠢᠨ ᠲᠡᠮᠡᠴᠡᠭᠡᠨ ᠤ ᠬᠡᠪᠴᠢᠶ᠎ᠡ ᠶᠢ | ᠥᠷᠭᠡᠳᠬᠡᠵᠦ᠂ ᠰᠡᠯᠡᠮ᠎ᠡ ᠶᠢᠨ ᠲᠡᠮᠡᠴᠡᠭᠡᠨ ᠤ ᠲᠠᠰ ᠳᠡᠪᠰᠢᠬᠦ ᠶᠢ ᠠᠬᠢᠭᠤᠯᠬᠤ ᠬᠡᠷᠡᠭᠲᠡᠶ᠃ ᠰᠡᠯᠡᠮ᠎ᠡ ᠶᠢᠨ | ᠲᠡᠮᠡᠴᠡᠭᠡᠨ ᠤ ᠺᠯᠦ᠋ᠪ ᠶᠢᠨ ᠬᠠᠮᠲᠤᠷᠠᠭᠰᠠᠨ ᠤᠷᠤᠯᠳᠤᠭᠠᠨ ᠤ ᠲᠤᠰᠬᠠᠶ ᠮᠡᠷᠭᠡᠵᠢᠯ ᠤᠨ ᠬᠦᠭᠵᠢᠯ ᠢ ᠠᠬᠢᠭᠤᠯᠵᠤ᠂ | ᠰᠡᠯᠡᠮ᠎ᠡ ᠶᠢᠨ ᠲᠡᠮᠡᠴᠡᠭᠡᠨ ᠤ ᠺᠯᠦ᠋ᠪ ᠶᠢᠨ ᠬᠠᠮᠲᠤᠷᠠᠭᠰᠠᠨ ᠤᠷᠤᠯᠳᠤᠭᠠᠨ ᠤ ᠨᠥᠯᠥᠭᠡᠯᠡᠬᠦ ᠬᠦᠴᠦᠨ ᠢ ᠲᠠᠰᠤᠷᠠᠯᠲᠠ | ᠥᠬᠡᠶ ᠳᠡᠭᠡᠭᠰᠢᠯᠡᠭᠦᠯᠬᠦ ᠬᠡᠷᠡᠭᠲᠡᠶ᠃ ᠤᠷᠤᠯᠳᠤᠭᠠᠨ ᠤ ᠲᠠᠮᠢᠷᠴᠢᠨ ᠵᠢᠴᠢ ᠤᠷᠤᠯᠳᠤᠭᠠᠨ ᠰᠣᠨᠢᠷᠬᠠᠭᠴᠢᠳ ᠤᠨ | ᠤᠷᠤᠯᠳᠤᠭᠠᠨ ᠦᠵᠡᠬᠦ ᠣᠶᠢᠯᠠᠭᠠᠯᠲᠠ ᠶᠢᠨ ᠲᠤᠭᠤᠷᠢᠨ ᠳᠤ᠂ ᠰᠡᠯᠡᠮ᠎ᠡ ᠶᠢᠨ ᠲᠡᠮᠡᠴᠡᠭᠡᠨ ᠤ ᠡᠵᠡᠩᠨᠡᠯᠲᠡ | ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ᠰᠡᠯᠡᠮ᠎ᠡ ᠶᠢᠨ ᠲᠡᠮᠡᠴᠡᠭᠡᠨ ᠤ ᠣᠨᠴᠣᠭᠤᠶ ᠡᠬᠢ ᠪᠠᠶᠠᠯᠢᠭ ᠢ | ᠵᠦᠷᠢᠶᠡᠴᠢᠯᠡᠨ ᠨᠡᠭᠡᠭᠡᠨ ᠬᠦᠭᠵᠢᠭᠦᠯᠵᠤ᠂ ᠰᠡᠯᠡᠮ᠎ᠡ ᠶᠢᠨ ᠲᠡᠮᠡᠴᠡᠭᠡᠨ ᠤ ᠬᠤᠳᠠᠯᠳᠤᠭᠠᠨ ᠤ ᠦᠨ᠎ᠡ ᠥᠷᠲᠡᠭ ᠤᠨ | ᠦᠨᠡᠯᠡᠨ ᠵᠢᠱᠢᠯᠲᠡ ᠶᠢ ᠴᠢᠩᠭᠠᠳᠬᠠᠵᠤ᠂ ᠳᠡᠯᠡᠬᠡᠢ ᠳᠤ ᠨᠥᠯᠥᠭᠡ ᠲᠠᠢ᠂ ᠤᠯᠤᠰ ᠣᠷᠣᠨ ᠤ ᠥᠷᠢᠰᠥᠯᠳᠦᠬᠦ ᠬᠦᠴᠦᠨ | ᠲᠠᠢ ᠤᠷᠤᠯᠳᠤᠭᠠᠨ IP ᠢ ᠵᠣᠬᠢᠶᠠᠨ ᠪᠠᠶᠢᠭᠤᠯᠤᠨ᠎ᠠ᠃ | ᠲᠤᠰᠬᠠᠶ ᠪᠤᠯᠤᠩ 1 ᠳᠤᠮᠳᠠᠳᠤ ᠤᠯᠤᠰ ᠤᠨ ᠰᠡᠯᠡᠮ᠎ᠡ ᠶᠢᠨ ᠲᠡᠮᠡᠴᠡᠭᠡᠨ ᠤ ᠲᠤᠰᠬᠠᠶ ᠲᠠᠮᠢᠷᠴᠢᠳ ᠤᠨ | ᠬᠤᠯᠪᠣᠭᠠᠲᠤ ᠤᠷᠤᠯᠳᠤᠭᠠᠨ ᠢ ᠰᠦᠪᠡᠭᠴᠢᠯᠡᠨ ᠪᠠᠶᠢᠭᠤᠯᠤᠨ᠎ᠠ | ︵ᠲᠦᠷᠪᠡ︶ ᠰᠡᠯᠡᠮ᠎ᠡ ᠶᠢᠨ ᠲᠡᠮᠡᠴᠡᠭᠡᠨ ᠤ ᠵᠠᠬ᠎ᠠ ᠳᠡᠯᠭᠡᠭᠦᠷ ᠣᠨᠭᠤᠣᠯ ᠴᠣᠭᠴᠠ ᠶᠢ ᠢᠳᠡᠪᠬᠢᠲᠡᠶ ᠪᠠᠷ | ᠪᠤᠶᠢᠵᠢᠭᠤᠯᠵᠤ᠂ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ ᠭᠤᠣᠯᠯᠠᠬᠤ ᠥᠷᠢᠰᠥᠯᠳᠦᠬᠦ ᠬᠦᠴᠦᠨ ᠢ | ᠳᠡᠭᠡᠭᠰᠢᠯᠡᠭᠦᠯᠦᠨ᠎ᠡ | ᠰᠡᠯᠡᠮ᠎ᠡ ᠶᠢᠨ ᠲᠡᠮᠡᠴᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠢᠨ᠎ᠡ ᠶᠢ ᠡᠭᠦᠳᠬᠦ ᠬᠥᠭᠵᠢᠯᠲᠡ ᠶᠢ | ᠵᠣᠷᠢᠭᠵᠢᠭᠤᠯᠤᠨ᠎ᠠ᠃ ᠪᠣᠳᠠᠲᠤ ᠬᠦᠴᠦᠨ ᠲᠠᠢ ᠰᠡᠯᠡᠮ᠎ᠡ ᠶᠢᠨ ᠲᠡᠮᠡᠴᠡᠭᠡᠨ ᠤ ᠠᠵᠤ ᠠᠬᠤᠶᠢᠯᠠᠯ ᠤᠨ ᠬᠠᠮᠢᠶᠠᠷᠤᠯᠲᠠ | ᠶᠢ ᠪᠠᠷᠢᠮᠵᠢᠶᠠᠵᠢᠭᠰᠨ᠂ ᠬᠡᠪᠴᠢᠶᠡᠵᠢᠭᠰᠡᠨ᠂ ᠦᠢᠯᠡᠳᠬᠦᠨ ᠤᠯᠠᠨ ᠡᠰᠢᠵᠢᠭ᠍ᠰᠡᠨ ᠴᠢᠭᠯᠡᠯ ᠲᠡᠰᠢ ᠬᠦᠭᠵᠢᠬᠦᠯᠬᠦ ᠶᠢ | ᠬᠥᠲᠥᠯᠦᠨ ᠵᠢᠯᠣᠭᠤᠳᠴᠤ᠂ ᠠᠵᠤ ᠠᠬᠤᠶᠢᠯᠠᠯ ᠤᠨ ᠭᠤᠣᠯᠯᠠᠭᠴᠢ ᠥᠷᠢᠰᠥᠯᠳᠦᠬᠦ ᠴᠢᠳᠠᠪᠤᠷᠢ ᠶᠢ ᠲᠠᠰᠤᠷᠠᠯᠲᠠ | ᠥᠬᠡᠶ ᠳᠡᠭᠡᠭᠰᠢᠯᠡᠭᠦᠯᠬᠦ ᠬᠡᠷᠡᠭᠲᠡᠶ᠃ ᠳᠤᠮᠳᠠ ᠵᠢᠵᠢᠭ ᠰᠡᠯᠡᠮ᠎ᠡ ᠶᠢᠨ ᠲᠡᠮᠡᠴᠡᠭᠡᠨ ᠤ ᠠᠵᠤ ᠠᠬᠤᠶᠢᠯᠠᠯ ᠵᠢᠴᠢ | ᠰᠡᠯᠡᠮ᠎ᠡ ᠶᠢᠨ ᠲᠡᠮᠡᠴᠡᠭᠡᠨ ᠤ ᠺᠯᠦ᠋ᠪ ᠭᠠᠵᠠᠷ ᠣᠷᠣᠨ ᠤ ᠪᠠᠨ ᠳᠠᠪᠠᠭᠤᠯᠢᠭ ᠲᠠᠯ᠎ᠠ ᠪᠠ ᠣᠨᠴᠠᠯᠢᠭ ᠢ ᠪᠠᠳᠠᠷᠠᠭᠤᠯᠬᠤ᠂ | ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠦᠢᠯᠡᠰ᠂ ᠰᠤᠷᠭᠠᠨ ᠬᠥᠮᠦᠵᠢᠯ ᠪᠣᠯᠪᠠᠰᠤᠷᠠᠭᠤᠯᠤᠯ ᠤᠨ ᠦᠢᠯᠡᠰ᠂ | ᠵᠢᠭᠤᠯᠴᠢᠯᠠᠯ ᠤᠨ ᠦᠢᠯᠡᠰ᠂ ᠰᠣᠶᠣᠯ ᠤᠨ ᠠᠵᠤ ᠦᠢᠯᠡᠰ ᠢ ᠠᠭᠤᠰᠤᠯᠳᠤᠭᠤᠯᠤᠨ ᠬᠥᠭᠵᠢᠭᠦᠯᠬᠦ ᠶᠢ ᠴᠢᠩᠭᠠᠳᠬᠠᠬᠤ | ᠬᠡᠷᠡᠭᠲᠡᠶ᠃ ᠨᠡᠶᠢᠭᠡᠮ ᠤᠨ ᠬᠦᠴᠦᠨ ᠤ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠲᠤ ᠣᠷᠣᠯᠴᠠᠬᠤ ᠶᠢ | ᠢᠳᠡᠪᠬᠢᠲᠡᠶ ᠬᠥᠲᠥᠯᠥᠨ ᠵᠢᠯᠣᠭᠤᠳᠴᠤ᠂ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠰᠡᠯᠡᠮ᠎ᠡ ᠶᠢᠨ ᠲᠡᠮᠡᠴᠡᠭᠡᠨ ᠤ | ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠳᠡᠮᠵᠢᠵᠦ᠂ ᠨᠡᠶᠢᠭᠡᠮ ᠤᠨ ᠬᠥᠷᠥᠩᠭᠡ ᠶᠢ ᠬᠦᠷᠦᠩᠭᠡ ᠪᠠᠷ | ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ ᠬᠥᠭᠵᠢᠯᠲᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ | ᠪᠠᠶᠢᠭᠤᠯᠬᠤ ᠶᠢ ᠵᠣᠷᠢᠭᠵᠢᠭᠤᠯᠤᠨ᠎ᠠ᠃ | ᠰᠡᠯᠡᠮ᠎ᠡ ᠶᠢᠨ ᠲᠡᠮᠡᠴᠡᠭᠡᠨ ᠤ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ ᠬᠡᠷᠡᠭᠲᠡᠶ᠃ | ᠪᠡᠶ᠎ᠡ ᠪᠠᠨ ᠳᠠᠭᠠᠭᠠᠭᠰᠠᠨ ᠰᠡᠯᠡᠮ᠎ᠡ ᠶᠢᠨ ᠲᠡᠮᠡᠴᠡᠬᠡᠨ ᠤ ᠪᠣᠯᠪᠠᠰᠤᠷᠠᠯ ᠤᠨ ᠨᠠᠷᠠᠲᠤ ᠲᠥᠷᠥᠯ ᠲᠡᠮᠳᠡᠭᠲᠦ ᠶᠢ | ᠲᠡᠳᠬᠦᠵᠦ᠂ ᠰᠡᠯᠡᠮ᠎ᠡ ᠶᠢᠨ ᠲᠡᠮᠡᠴᠡᠭᠡᠨ ᠤ ᠦᠢᠯᠡ ᠠᠵᠢᠯᠯᠠᠭ᠎ᠠ᠂ ᠰᠡᠯᠡᠮ᠎ᠡ ᠶᠢᠨ ᠲᠡᠮᠡᠴᠡᠭᠡᠨ ᠤ ᠪᠠᠭᠠᠵᠢ ᠬᠡᠷᠡᠭᠰᠡᠯ᠂ | ᠰᠡᠯᠡᠮ᠎ᠡ ᠶᠢᠨ ᠲᠡᠮᠡᠴᠡᠭᠡᠨ ᠤ ᠬᠡᠷᠡᠭᠰᠡᠯ ᠤᠨ ᠠᠵᠤ ᠠᠬᠤᠶᠢᠯᠠᠯ ᠤᠨ ᠬᠦᠭᠵᠢᠯᠲᠡ ᠶᠢ ᠳᠡᠮᠵᠢᠨ᠎ᠡ᠃ ᠰᠡᠯᠡᠮ᠎ᠡ ᠶᠢᠨ | ᠲᠡᠮᠡᠴᠡᠭᠡᠨ ᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠤᠳᠠᠯᠳᠤᠭᠠᠨ ᠤ ᠵᠠᠭᠪᠤᠷ ᠤᠨ ᠲᠠᠯ᠎ᠠ ᠪᠠᠷ ᠰᠢᠨ᠎ᠡ ᠶᠢ | ᠡᠭᠦᠳᠴᠦ᠂ ᠦᠢᠯᠡᠳᠬᠦᠨ ᠤ ᠬᠠᠩᠭᠠᠯᠭ᠎ᠠ ᠶᠢ ᠥᠷᠭᠡᠳᠬᠡᠵᠦ᠂ ᠠᠷᠠᠳ ᠤᠯᠠᠨ ᠤ ᠰᠡᠯᠡᠮ᠎ᠡ ᠶᠢᠨ ᠲᠡᠮᠡᠴᠡᠭᠡᠨ ᠤ | ᠬᠡᠷᠡᠭᠯᠡᠭᠡᠨ ᠤ ᠬᠡᠷᠡᠭᠴᠡᠭᠡ ᠳᠤ ᠰᠠᠭᠤᠷᠢᠯᠠᠨ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠢ | ᠬᠠᠨᠭ᠍ᠭᠠᠬᠤ ᠳᠡᠭᠡᠳᠦ ᠲᠠᠰ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠬᠡᠷᠡᠭᠲᠡᠢ᠂ ᠣᠨᠴᠠᠭᠠᠶ ᠬᠡᠷᠡᠭᠯᠡᠭᠴᠢ ᠳᠤ | ᠵᠣᠷᠢᠭᠤᠯᠵᠤ᠂ ᠥᠪᠡᠷᠮᠢᠴᠡ᠂ ᠪᠦᠲᠦᠭᠡᠯᠴᠢ ᠴᠢᠨᠠᠷᠲᠠᠶ ᠵᠤᠭ᠎ᠠ ᠴᠡᠩᠭᠡᠯ ᠰᠡᠯᠡᠭᠦᠴᠡᠯ ᠤᠨ ᠪᠦᠲᠦᠬᠡᠭᠳᠦᠬᠦᠨ ᠢ | ᠡᠬᠦᠳᠦᠨ᠎ᠡ᠂ ᠰᠡᠯᠡᠮ᠎ᠡ ᠶᠢᠨ ᠲᠡᠮᠡᠴᠡᠭᠡᠨ ᠤ ᠪᠦᠲᠦᠭᠡᠭᠳᠡᠬᠦᠨ ᠤ ᠬᠡᠯᠪᠡᠷᠢ ᠪᠠᠶᠢᠳᠠᠯ ᠢ ᠲᠠᠰᠤᠷᠠᠯᠲᠠ ᠦᠭᠡᠢ | ᠪᠠᠶᠠᠯᠢᠭᠵᠢᠭᠤᠯᠬᠤ ᠬᠡᠷᠡᠭᠲᠡᠶ᠃ | ᠲᠤᠰᠬᠠᠶ ᠪᠤᠯᠤᠩ 2 ᠠᠵᠤ ᠦᠢᠯᠡᠰ ᠤᠨ ︽ᠢᠨᠲ᠋ᠧᠷ ᠰᠦᠯᠵᠢᠶ᠎ᠡ +︾ ᠶᠢ ᠠᠰᠢᠭᠯᠠᠨ ᠰᠡᠯᠡᠮ᠎ᠡ ᠶᠢᠨ | ᠲᠡᠮᠡᠴᠡᠭᠡᠨ ᠤ ᠠᠵᠤ ᠦᠢᠯᠡᠰ ᠢ ᠰᠢᠯᠢᠳᠡᠭᠵᠢᠭᠦᠯᠵᠦ᠂ ᠰᠡᠯᠡᠮ᠎ᠡ ᠶᠢᠨ ᠲᠡᠮᠡᠴᠡᠭᠡᠨ ᠤ ᠰᠢᠨ᠎ᠡ ᠶᠢ ᠡᠭᠦᠳᠬᠦ | ᠬᠥᠭᠵᠢᠯᠲᠡ ᠶᠢᠨ ᠰᠢᠨ᠎ᠡ ᠵᠠᠭᠪᠤᠷ ᠢ ᠰᠦᠪᠡᠭᠴᠢᠯᠡᠨ᠎ᠡ | ᠰᠡᠯᠡᠮ᠎ᠡ ᠶᠢᠨ ᠲᠡᠮᠡᠴᠡᠭᠡᠨ ᠤ ᠵᠡᠪᠰᠡᠭ ᠲᠣᠨᠣᠭᠯᠠᠯ ᠦᠢᠯᠡᠳᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠪᠡᠶ᠎ᠡ ᠪᠠᠨ ᠳᠠᠭᠠᠭᠠᠭᠰᠠᠨ ᠨᠠᠷᠠᠲᠤ ᠲᠥᠷᠥᠯ ᠲᠡᠮᠳᠡᠭᠲᠦ ᠶᠢᠨ ᠰᠡᠯᠡᠮ᠎ᠡ ᠶᠢᠨ ᠲᠡᠮᠡᠴᠡᠭᠡᠨ ᠤ ᠵᠡᠪᠰᠡᠭ ᠲᠣᠨᠣᠭᠯᠠᠯ ᠤᠨ | ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ ᠳᠡᠮᠵᠢᠬᠦ ᠬᠡᠷᠡᠭᠲᠡᠶ᠃ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ | ᠲᠠᠪᠴᠠᠩ ᠢ ᠪᠠᠶᠢᠭᠤᠯᠵᠤ᠂ ᠰᠡᠯᠡᠮ᠎ᠡ ᠶᠢᠨ ᠲᠡᠮᠡᠴᠡᠭᠡᠨ ᠤ ᠵᠡᠪᠰᠡᠭ ᠲᠣᠨᠣᠭᠯᠠᠯ ᠦᠢᠯᠡᠳᠬᠦ ᠠᠵᠤ ᠠᠬᠤᠶᠢᠯᠠᠯ ᠪᠠ | ᠰᠡᠯᠡᠮ᠎ᠡ ᠶᠢᠨ ᠲᠡᠮᠡᠴᠡᠭᠡᠨ ᠤ ᠺᠯᠦ᠋ᠪ ᠬᠠᠮᠲᠤᠷᠠᠨ ᠰᠡᠯᠡᠮ᠎ᠡ ᠶᠢᠨ ᠲᠡᠮᠡᠴᠡᠭᠡᠨ ᠤ ᠲᠥᠬᠦᠭᠡᠷᠦᠮᠵᠢ ᠰᠤᠳᠤᠯᠤᠨ ᠨᠡᠭᠡᠭᠡᠬᠦ | ᠶᠢ ᠳᠡᠮᠵᠢᠨ᠎ᠡ᠃ ᠪᠡᠶ᠎ᠡ ᠪᠠᠨ ᠳᠠᠭᠠᠭᠠᠭᠰᠠᠨ ᠨᠠᠷᠠᠲᠤ ᠲᠥᠷᠥᠯ ᠲᠡᠮᠳᠡᠭᠲᠦ ᠰᠡᠯᠡᠮ᠎ᠡ ᠶᠢᠨ ᠲᠡᠮᠡᠴᠡᠭᠡᠨ ᠤ | ᠲᠥᠬᠦᠭᠡᠷᠦᠮᠵᠢ ᠲᠣᠨᠣᠭᠯᠠᠯ ᠢ ᠲᠡᠳᠬᠦᠵᠦ᠂ ᠰᠡᠯᠡᠮ᠎ᠡ ᠶᠢᠨ ᠲᠡᠮᠡᠴᠡᠭᠡᠨ ᠤ ᠬᠡᠷᠡᠭᠰᠡᠯ ᠤᠨ ᠠᠵᠤ ᠠᠬᠤᠶᠢᠯᠠᠯ ᠤᠨ | ᠰᠡᠯᠡᠮ᠎ᠡ ᠶᠢᠨ ᠲᠡᠮᠡᠴᠡᠭᠡᠨ ᠤ ᠪᠠᠭᠠᠵᠢ ᠬᠡᠷᠡᠭᠰᠡᠯ ᠦᠢᠯᠡᠳᠬᠦ ᠦᠢᠯᠡᠰ ᠠᠴᠠ ᠦᠢᠯᠡᠴᠢᠯᠡᠭᠡᠨ ᠤ ᠦᠢᠯᠡᠰ ᠵᠦᠭ | ᠭᠦᠭᠵᠢᠵᠦ᠂ ᠪᠦᠬᠦ ᠠᠵᠤ ᠦᠢᠯᠡᠰ ᠤᠨ ᠬᠡᠯᠬᠢᠶᠡᠵᠢᠯᠲᠡ ᠶᠢᠨ ᠳᠠᠪᠠᠭᠤᠯᠢᠭ ᠲᠠᠯ᠎ᠠ ᠶᠢ ᠪᠦᠷᠢᠯᠳᠦᠬᠦᠯᠦᠨ᠎ᠡ᠃ ᠠᠵᠤ | ᠠᠬᠤᠶᠢᠯᠠᠯ ᠢ ᠰᠡᠯᠡᠮ᠎ᠡ ᠶᠢᠨ ᠲᠡᠮᠡᠴᠡᠭᠡᠨ ᠤ ᠠᠵᠢᠯ ᠲᠥᠷᠥᠯ ᠤᠨ ᠪᠠᠷᠢᠮᠵᠢᠶ᠎ᠠ ᠲᠣᠭᠲᠠᠭᠠᠬᠤ ᠳᠤ ᠣᠷᠣᠯᠴᠠᠬᠤ ᠶᠢ | ᠬᠦᠲᠦᠯᠦᠨ ᠵᠢᠯᠤᠭᠤᠳᠴᠤ᠂ ᠵᠠᠬ᠎ᠠ ᠳᠡᠯᠭᠡᠭᠦᠷ ᠢ ᠵᠢᠷᠤᠮᠵᠢᠭᠤᠯᠵᠤ ᠬᠥᠭᠵᠢᠭᠦᠯᠦᠨ᠎ᠡ᠃ | ᠲᠤᠰᠬᠠᠶ ᠪᠤᠯᠤᠩ 3 ᠰᠡᠯᠡᠮ᠎ᠡ ᠶᠢᠨ ᠲᠡᠮᠡᠴᠡᠭᠡᠨ ᠤ ᠲᠣᠨᠣᠭᠯᠠᠯ ᠦᠢᠯᠡᠳᠬᠦ ᠠᠵᠢᠯ ᠲᠥᠷᠥᠯ ᠤᠨ | ᠪᠠᠷᠢᠮᠵᠢᠶ᠎ᠠ ᠶᠢ ᠲᠡᠭᠦᠯᠳᠡᠷᠵᠢᠬᠦᠯᠦᠨ᠎ᠡ | ︵ᠲᠠᠪᠤ︶ ᠰᠡᠯᠡᠮ᠎ᠡ ᠶᠢᠨ ᠲᠡᠮᠡᠴᠡᠭᠡᠨ ᠤ ᠰᠣᠶᠣᠯ ᠤᠬᠠᠭᠤᠯᠤᠯ ᠢ ᠴᠢᠩᠭᠠᠳᠬᠠᠵᠤ᠂ ᠰᠡᠯᠡᠮ᠎ᠡ ᠶᠢᠨ | ᠲᠡᠮᠡᠴᠡᠭᠡᠨ ᠤ ᠬᠡᠷᠡᠭᠯᠡᠭᠡ ᠶᠢ ᠬᠥᠲᠥᠯᠥᠨ ᠵᠢᠯᠣᠭᠤᠳᠬᠤ ᠪᠠ ᠦᠷᠭᠡᠳᠬᠡᠨ᠎ᠡ | ᠰᠡᠯᠡᠮ᠎ᠡ ᠶᠢᠨ ᠲᠡᠮᠡᠴᠡᠭᠡᠨ ᠤ ᠲᠠᠮᠢᠷ ᠰᠣᠶᠣᠯ ᠤᠨ ᠠᠭᠤᠯᠤᠭᠳᠠᠬᠤᠨ᠂ ᠲᠦᠷᠦᠯ ᠵᠦᠢᠯ ᠤᠨ ᠶᠣᠰᠣᠯᠠᠯ᠂ | ᠲᠥᠷᠥᠯ ᠵᠦᠢᠯ ᠤᠨ ᠢᠷᠠᠭᠤ ᠠᠯᠳᠠᠷ ᠢ ᠭᠦᠨᠵᠡᠭᠡᠶ ᠠᠭᠤᠳᠠᠯᠤᠨ ᠡᠮᠬᠢᠳᠬᠡᠵᠦ᠂ ᠣᠯᠢᠮᠫᠢᠺ ᠤᠨ ᠵᠣᠷᠢᠭ ᠰᠠᠨᠠᠭ᠎ᠠ | ᠪᠣᠯᠤᠨ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠢᠳᠡᠪᠬᠢᠲᠡᠶ ᠳᠡᠯᠭᠡᠷᠡᠭᠦᠯᠦᠨ᠎ᠡ᠃ ︽ᠰᠡᠯᠡᠮ᠎ᠡ | ᠴᠢᠳᠬᠤᠵᠤ ᠬᠥᠮᠦᠨ ᠢ ᠬᠥᠮᠦᠵᠢᠭᠦᠯᠬᠦ︾ ᠵᠠᠩ ᠰᠤᠷᠲᠠᠯ ᠤᠨ ᠬᠥᠮᠦᠵᠢᠯ ᠤᠨ ᠰᠢᠨᠵᠢ ᠴᠢᠨᠠᠷ ᠢ ᠴᠢᠬᠤᠯᠴᠢᠯᠠᠵᠤ᠂ | ᠰᠡᠯᠡᠮ᠎ᠡ ᠶᠢᠨ ᠲᠡᠮᠡᠴᠡᠭᠡᠨ ᠤ ᠡᠯᠧᠮᠧᠨ᠋ᠲ ᠢ ᠵᠠᠯᠠᠭᠤᠴᠤᠳ ᠪᠠᠭᠠᠴᠤᠳ ᠤᠨ ᠰᠣᠶᠣᠯ ᠰᠤᠷᠭᠠᠨ ᠬᠥᠮᠦᠵᠢᠯ ᠤᠨ | ᠦᠢᠯᠡᠳᠬᠦᠨ ᠢ ᠰᠤᠳᠤᠯᠤᠨ ᠨᠡᠭᠡᠭᠡᠬᠦ ᠳᠤ ᠰᠦᠪᠡᠭᠴᠢᠯᠡᠨ ᠣᠷᠣᠭᠤᠯᠵᠤ᠂ ᠰᠡᠯᠡᠮ᠎ᠡ ᠶᠢᠨ ᠲᠡᠮᠡᠴᠡᠭᠡᠨ ᠤ ᠵᠠᠯᠠᠭᠤᠴᠤᠳ | ᠪᠠᠭᠠᠴᠤᠳ ᠤᠨ ᠳᠤᠮᠳᠠᠬᠢ ᠨᠥᠯᠥᠭᠡᠯᠡᠬᠦ ᠬᠦᠴᠦᠨ ᠢ ᠦᠷᠭᠡᠳᠬᠡᠨ᠎ᠡ᠃ | ᠤᠯᠠᠨ ᠲᠦᠮᠡᠨᠴᠢ ᠨᠠᠶᠢᠷ ᠨᠠᠭᠠᠳᠤᠮ ᠤᠯᠠᠮᠵᠢᠯᠠᠬᠤ ᠵᠠᠭᠤᠴᠢ ᠪᠠ ᠢᠨᠲ᠋ᠧᠷ ᠰᠦᠯᠵᠢᠶ᠎ᠡ ᠮᠡᠷᠭᠡᠵᠢᠯ ᠢ | ᠢᠳᠡᠪᠬᠢᠲᠡᠢ ᠠᠰᠢᠭᠯᠠᠨ᠂ ᠰᠡᠯᠡᠮ᠎ᠡ ᠶᠢᠨ ᠲᠡᠮᠡᠴᠡᠭᠡᠨ ᠤ ᠰᠣᠶᠣᠯ ᠢ ᠤᠬᠠᠭᠤᠯᠤᠨ᠂ ᠰᠡᠯᠡᠮ᠎ᠡ ᠶᠢᠨ ᠲᠡᠮᠡᠴᠡᠭᠡᠨ ᠤ | ᠦᠢᠯᠡᠳᠬᠦᠨ ᠢ ᠦᠢᠯᠡᠳᠬᠦ᠂ ᠲᠠᠷᠬᠠᠭᠠᠯᠲᠠ᠂ ᠬᠡᠷᠡᠭᠯᠡᠭᠡᠨ ᠤ ᠲᠤᠭᠠᠵᠢᠭᠤᠯᠤᠯᠲᠠ᠂ ᠰᠦᠯᠵᠢᠶᠡᠵᠢᠯᠳᠡ ᠶᠢ | ᠠᠬᠢᠭᠤᠯᠤᠨ᠎ᠠ᠃ ᠰᠡᠯᠡᠮ᠎ᠡ ᠶᠢᠨ ᠲᠡᠮᠡᠴᠡᠭᠡᠨ ᠤ ᠴᠠᠭ ᠤᠨ ᠦᠡᠭᠭᠡ ᠶᠢᠨ ᠣᠨᠴᠠᠯᠢᠭ ᠢ ᠴᠢᠬᠤᠯᠴᠢᠯᠠᠨ | ᠰᠤᠷᠲᠠᠯᠴᠢᠯᠠᠵᠤ᠂ ᠰᠡᠯᠡᠮ᠎ᠡ ᠶᠢᠨ ᠲᠡᠮᠡᠴᠡᠭᠡᠨ᠂ ᠤᠷᠠᠨ ᠵᠣᠬᠢᠶᠠᠯ᠂ ᠺᠢᠨᠣ᠋ ᠲᠧᠯᠸᠢᠰ᠂ ᠨᠡᠶᠢᠯᠡᠭ ᠤᠷᠠᠯᠢᠭ ᠵᠡᠷᠭᠡ | ᠵᠠᠭᠤᠴᠢᠯᠠᠭᠤᠷ ᠠᠴᠢᠶᠠᠯᠠᠭᠴᠢ ᠶᠢᠨ ᠬᠤᠷᠰᠢᠯ᠂ ᠬᠠᠮᠲᠤᠷᠠᠯᠴᠠᠭ᠎ᠠ ᠶᠢ ᠠᠬᠢᠭᠤᠯᠵᠤ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠰᠡᠯᠡᠮ᠎ᠡ ᠶᠢᠨ ᠲᠡᠮᠡᠴᠡᠭᠡᠨ ᠤ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠣᠯᠠᠨ ᠨᠡᠶᠢᠲᠡ ᠶᠢᠨ ᠰᠡᠯᠡᠮ᠎ᠡ ᠶᠢᠨ ᠲᠡᠮᠡᠴᠡᠭᠡᠨ ᠤ ᠬᠡᠷᠡᠭᠯᠡᠭᠡᠨ ᠤ ᠬᠦᠰᠡᠯ ᠱᠠᠭᠠᠷᠳᠠᠯᠭ᠎ᠠ ᠶᠢ ᠨᠢ ᠬᠦᠭᠵᠢᠬᠡᠬᠦ ᠶᠢ | ᠬᠦᠲᠦᠯᠦᠨ ᠵᠢᠯᠤᠭᠤᠳᠴᠤ᠂ ᠤᠬᠠᠮᠰᠠᠷ ᠠᠴᠠ ᠪᠠᠨ ᠣᠷᠣᠯᠴᠠᠬᠤ ᠪᠠ ᠰᠡᠯᠡᠮ᠎ᠡ ᠶᠢᠨ ᠲᠡᠮᠡᠴᠡᠭᠡᠨ ᠤ ᠦᠵᠡᠯ ᠤᠬᠠᠮᠰᠠᠷ | ᠢ ᠳᠡᠭᠡᠭᠰᠢᠯᠡᠬᠦᠯᠵᠤ᠂ ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ ᠵᠠᠬ᠎ᠠ ᠳᠡᠯᠭᠡᠭᠦᠷ ᠤᠨ ᠬᠦᠭᠵᠢᠯ ᠢ | ᠦᠷᠭᠦᠯᠵᠢᠯᠡᠨ ᠳᠠᠶᠢᠴᠢᠯᠠᠬᠤ ᠬᠡᠷᠡᠭᠲᠡᠶ᠃ | ᠲᠤᠰᠬᠠᠶ ᠪᠤᠯᠤᠩ 4 ᠰᠡᠯᠡᠮ᠎ᠡ ᠶᠢᠨ ᠲᠡᠮᠡᠴᠡᠭᠡᠨ ᠤ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠪᠣᠶ | ᠪᠣᠯᠭᠠᠨ᠎ᠠ | ︵ᠵᠢᠷᠭᠤᠭ᠎ᠠ︶ ᠰᠡᠯᠡᠮ᠎ᠡ ᠶᠢᠨ ᠲᠡᠮᠡᠴᠡᠭᠡᠨ ᠤ ᠴᠢᠳᠠᠪᠤᠷᠢᠲᠠᠨ ᠤ ᠰᠠᠶᠢᠨ ᠰᠠᠶᠢᠬᠠᠨ ᠬᠥᠭᠵᠢᠯᠲᠡ ᠶᠢᠨ | ᠲᠣᠭᠲᠠᠴᠠ ᠶᠢ ᠪᠠᠶᠢᠭᠤᠯᠤᠨ᠂ ᠴᠢᠳᠠᠪᠤᠷᠢᠲᠠᠨ ᠪᠠ ᠠᠵᠤ ᠦᠢᠯᠡᠰ ᠢ ᠵᠣᠯᠭᠠᠭᠤᠯᠬᠤ ᠠᠷᠭ᠎ᠠ ᠵᠠᠮ ᠢ ᠨᠡᠭᠡᠭᠡᠨ᠎ᠡ | ᠴᠢᠳᠠᠪᠤᠷᠢᠲᠠᠨ ᠢ ᠨᠤᠲᠠᠯᠠᠨ ᠭᠡᠷᠡᠴᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠠᠮᠢᠷᠴᠢᠨ᠂ ᠳᠠᠰᠬᠠᠯᠵᠢᠭᠤᠯᠤᠭᠴᠢ᠂ | ᠬᠢᠨᠠᠭᠴᠢ ᠶᠢᠨ ᠴᠢᠳᠠᠪᠤᠷᠢᠲᠠᠨ ᠤ ᠳᠠᠩᠰᠠᠯᠠᠭᠤᠯᠬᠤ ᠳᠦᠷᠢᠮ ᠢ ᠪᠠᠶᠢᠭᠤᠯᠤᠨ ᠲᠡᠭᠦᠯᠳᠡᠷᠵᠢᠬᠦᠯᠦᠨ᠎ᠡ︔ ᠬᠢᠨᠠᠭᠴᠢ | ᠶᠢᠨ ᠪᠣᠯᠪᠠᠰᠤᠷᠠᠯ ᠪᠠ ᠨᠤᠲᠠᠯᠠᠨ ᠭᠡᠷᠡᠴᠢᠯᠡᠬᠦ ᠰᠢᠰᠲ᠋ᠧᠮ ᠵᠢᠴᠢ ᠤᠷᠤᠯᠳᠤᠭᠠᠨ ᠤ ᠰᠢᠰᠲ᠋ᠧᠮ ᠲᠠᠢ ᠬᠠᠷᠢᠯᠴᠠᠨ | ᠵᠣᠬᠢᠴᠠᠯᠳᠤᠭᠰᠠᠨ ᠬᠢᠨᠠᠭᠴᠢ ᠶᠢᠨ ᠢᠷᠠᠭᠤ ᠠᠯᠳᠠᠷ ᠤᠨ ᠭᠡᠷᠡᠴᠢᠯᠡᠨ ᠮᠠᠭᠠᠳᠯᠠᠬᠤ ᠰᠢᠰᠲ᠋ᠧᠮ ᠢ ᠪᠠᠶᠢᠭᠤᠯᠤᠨ᠎ᠠ︔ | ᠤᠷᠤᠯᠳᠤᠭᠠᠨ ᠤ ᠶᠠᠪᠤᠳᠠᠯ ᠤᠨ ᠬᠤᠪᠢ ᠴᠤᠭᠯᠠᠭᠤᠯᠬᠤ ᠪᠠᠷ ᠭᠤᠣᠯ ᠪᠠᠷᠢᠮᠵᠢᠶ᠎ᠠ ᠪᠣᠯᠭᠠᠭᠰᠠᠨ ᠲᠠᠮᠢᠷᠴᠢᠨ ᠤ ᠵᠡᠷᠭᠡ | ᠳᠡᠰ ᠤᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠲᠠᠮᠢᠷᠴᠢᠨ ᠤ ᠵᠡᠷᠭᠡ ᠳᠡᠰ ᠤᠨ ᠭᠡᠷᠡᠴᠢᠯᠡᠯ ᠢ | ᠨᠢᠭᠡᠳᠦᠯᠲᠡᠶ ᠬᠠᠮᠢᠶᠠᠷᠤᠨ᠎ᠠ︔ ᠺᠯᠦ᠋ᠪ ᠠᠯᠪᠠᠨ ᠶᠣᠰᠣᠭᠠᠷ ᠳᠠᠩᠰᠠᠯᠠᠭᠤᠯᠤᠭᠰᠠᠨ ᠲᠠᠮᠢᠷᠴᠢᠨ ᠤ ᠤᠷᠤᠯᠳᠤᠭᠠᠨ ᠤ | ᠬᠢᠷᠢ ᠪᠦᠲᠦᠮᠵᠢ ᠪᠠᠷ ᠭᠤᠣᠯ ᠪᠠᠷᠢᠮᠵᠢᠶ᠎ᠠ ᠪᠣᠯᠭᠠᠭᠰᠠᠨ ᠺᠯᠦ᠋ᠪ ᠤᠨ ᠳᠡᠰ ᠢ ᠦᠨᠡᠯᠡᠨ ᠲᠣᠭᠲᠠᠭᠠᠬᠤ ᠰᠢᠰᠲ᠋ᠧᠮ ᠢ | ᠬᠠᠶᠢᠨ ᠰᠦᠪᠡᠭᠴᠢᠯᠡᠵᠦ᠂ ᠠᠵᠢᠯ ᠲᠥᠷᠥᠯ ᠤᠨ ᠪᠦᠬᠦᠯᠢ ᠴᠣᠭᠴᠠ ᠶᠢᠨ ᠲᠠᠯ᠎ᠠ ᠠᠴᠠ ᠺᠯᠦ᠋ᠪ ᠤᠨ ᠭᠦᠭᠵᠢᠯᠲᠡ ᠶᠢ | ᠳᠦᠷᠢᠮᠵᠢᠬᠦᠯᠦᠨ᠎ᠡ᠃ | ᠪᠦᠷᠢᠨ ᠲᠡᠭᠦᠯᠳᠡᠷ ᠰᠡᠯᠡᠮ᠎ᠡ ᠶᠢᠨ ᠲᠡᠮᠡᠴᠡᠭᠡᠨ ᠤ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠵᠦᠪᠯᠡᠯᠳᠦᠵᠦ ᠣᠨᠴᠠᠯᠢᠭ ᠪᠦᠬᠦᠢ ᠬᠥᠳᠡᠯᠭᠡᠭᠡᠨ ᠲᠠᠢ ᠬᠤᠯᠪᠣᠭᠳᠠᠯ | ᠪᠦᠬᠦᠢ ᠲᠦᠷᠦ ᠶᠢᠨ ᠪᠤᠳᠤᠯᠭ᠎ᠠ ᠶᠢ ᠲᠣᠭᠲᠠᠭᠠᠨ ᠲᠡᠭᠦᠯᠳᠡᠷᠵᠢᠭᠦᠯᠦᠨ᠎ᠡ᠂ ᠰᠤᠷᠭᠠᠭᠤᠯᠢ᠂ ᠠᠵᠤ ᠠᠬᠤᠶᠢᠯᠠᠯ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠬᠠᠮᠲᠤᠷᠠᠨ ᠰᠡᠯᠡᠮ᠎ᠡ ᠶᠢᠨ ᠲᠡᠮᠡᠴᠡᠭᠡᠨ ᠤ ᠴᠢᠳᠠᠪᠤᠷᠢᠲᠠᠨ ᠢ ᠬᠥᠮᠦᠵᠢᠭᠦᠯᠬᠦ | ᠰᠢᠰᠲ᠋ᠧᠮ ᠪᠠᠶᠢᠭᠤᠯᠬᠤ ᠶᠢ ᠠᠬᠢᠭᠤᠯᠵᠤ᠂ ᠰᠡᠯᠡᠮ᠎ᠡ ᠶᠢᠨ ᠲᠡᠮᠡᠴᠡᠭᠡᠨ ᠤ ᠲᠦᠷᠦᠯ ᠵᠦᠢᠯ ᠤᠨ ᠰᠢᠨᠵᠢᠯᠡᠭᠡᠨ ᠤ | ᠰᠠᠯᠠᠭ᠎ᠠ ᠶᠢᠨ ᠪᠠᠶᠢᠭᠤᠯᠤᠯᠲᠠ ᠪᠣᠯᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ | ᠬᠡᠷᠡᠭᠲᠡᠶ᠃ | ᠰᠡᠯᠡᠮ᠎ᠡ ᠶᠢᠨ ᠲᠡᠮᠡᠴᠡᠭᠡᠨ ᠤ ᠴᠢᠳᠠᠪᠤᠷᠢᠲᠠᠨ ᠢ ᠬᠥᠮᠦᠵᠢᠭᠦᠯᠬᠦ᠂ ᠰᠢᠯᠵᠢᠭᠦᠯᠦᠨ ᠲᠣᠬᠢᠷᠠᠭᠤᠯᠬᠤ᠂ | ᠤᠷᠮᠠᠰᠢᠭᠤᠯᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠶᠢ ᠲᠡᠭᠦᠯᠳᠡᠷᠵᠢᠬᠦᠯᠬᠦ ᠬᠡᠷᠡᠭᠲᠡᠶ᠃ ᠠᠩᠬ᠎ᠠ | ᠵᠡᠷᠭᠡ ᠶᠢᠨ ᠰᠤᠷᠭᠠᠭᠴᠢ ᠪᠣᠯᠪᠠᠰᠤᠷᠠᠭᠤᠯᠬᠤ ᠪᠠᠷᠢᠮᠵᠢᠶ᠎ᠠ ᠶᠢ ᠲᠣᠭᠲᠠᠭᠠᠵᠤ᠂᠂ ᠤᠯᠠᠨ ᠲᠦᠮᠡᠨ ᠳᠤ ᠵᠣᠷᠢᠭᠤᠯᠤᠭᠰᠠᠨ | ᠠᠩᠬᠠᠨ ᠤ ᠳᠡᠰ ᠤᠨ ᠰᠤᠷᠭᠠᠭᠴᠢ ᠴᠢᠳᠠᠪᠤᠷᠢᠲᠠᠨ ᠢ ᠪᠣᠯᠪᠠᠰᠤᠷᠠᠭᠤᠯᠵᠤ᠂ ᠦᠨᠳᠦᠰᠦᠨ ᠬᠡᠪ ᠴᠢᠨᠠᠷ ᠪᠣᠯᠤᠨ | ᠴᠢᠳᠠᠪᠤᠷᠢ ᠨᠢ ᠪᠦᠷ ᠪᠠᠲᠤᠯᠠᠭ᠎ᠠ ᠲᠠᠢ ᠠᠩᠬ᠎ᠠ ᠵᠡᠷᠭᠡ ᠶᠢᠨ ᠰᠤᠷᠭᠠᠭᠴᠢ ᠶᠢᠨ ᠡᠩᠨᠡᠭᠡ ᠶᠢ ᠪᠠᠶᠢᠭᠤᠯᠤᠨ᠎ᠠ︔ ᠳᠡᠰ | ᠳᠠᠪᠬᠤᠷᠭ᠎ᠠ ᠲᠠᠢ ᠰᠤᠷᠭᠠᠭᠴᠢ ᠪᠠ ᠬᠢᠨᠠᠭᠴᠢ ᠶᠢᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠵᠦ᠂ ᠡᠯ᠎ᠡ ᠳᠡᠰ ᠳᠠᠪᠬᠤᠷᠭ᠎ᠠ ᠶᠢᠨ ᠲᠤᠰᠬᠠᠶ ᠰᠡᠯᠡᠮ᠎ᠡ ᠶᠢᠨ ᠲᠡᠮᠡᠴᠡᠭᠡᠨ ᠤ ᠴᠢᠳᠠᠪᠤᠷᠢᠲᠠᠨ ᠢ ᠲᠠᠰᠤᠷᠠᠯ | ᠦᠭᠡᠢ ᠬᠦᠷᠭᠡᠬᠦ︔ ᠭᠠᠳᠠᠭᠠᠳᠤ ᠶᠢᠨ ᠰᠡᠯᠡᠮ᠎ᠡ ᠶᠢᠨ ᠲᠡᠮᠡᠴᠡᠭᠡᠨ ᠤ ᠵᠣᠬᠢᠶᠠᠨ ᠪᠠᠶᠢᠭᠤᠯᠤᠯᠲᠠ ᠲᠠᠢ ᠴᠢᠳᠠᠪᠤᠷᠢᠲᠠᠨ ᠢ | ᠬᠥᠮᠦᠵᠢᠭᠦᠯᠬᠦ ᠲᠠᠯ᠎ᠠ ᠪᠠᠷ ᠢᠳᠡᠪᠬᠢᠲᠡᠢ ᠬᠠᠮᠲᠤᠷᠠᠨ ᠠᠵᠢᠯᠯᠠᠵᠤ᠂ ᠰᠡᠯᠡᠮ᠎ᠡ ᠶᠢᠨ ᠲᠡᠮᠡᠴᠡᠭᠡᠨ ᠤ ᠠᠵᠢᠯ ᠠᠴᠠ | ᠪᠠᠭᠤᠭᠰᠠᠨ ᠲᠠᠮᠢᠷᠴᠢᠳ ᠤᠨ ᠬᠥᠭᠵᠢᠯᠲᠡ ᠶᠢᠨ ᠣᠷᠣᠨ ᠵᠠᠶ ᠶᠢ ᠦᠷᠭᠡᠳᠭᠡᠨ᠎ᠡ᠂ ᠰᠡᠯᠡᠮ᠎ᠡ ᠶᠢᠨ ᠲᠡᠮᠡᠴᠡᠭᠡᠨ ᠤ | ᠠᠵᠢᠯ ᠠᠴᠠ ᠪᠠᠭᠤᠭᠰᠠᠨ ᠲᠠᠮᠢᠷᠴᠢᠳ ᠤᠨ ᠠᠵᠤ ᠠᠬᠤᠶᠢᠯᠠᠯ᠂ ᠺᠯᠦ᠋ᠪ᠂ ᠪᠡᠶ᠎ᠡ ᠪᠠᠨ ᠳᠠᠭᠠᠭᠠᠵᠤ ᠠᠳᠠᠯ ᠦᠢᠯᠡᠰ | ᠴᠣᠭᠴᠠᠯᠠᠬᠤ ᠵᠡᠷᠭᠡ ᠶᠢᠨ ᠠᠵᠢᠯ ᠤᠨ ᠪᠠᠶᠢᠷᠢ ᠳᠤ ᠰᠢᠯᠵᠢᠭᠦᠯᠦᠨ᠂ ᠠᠵᠢᠯ ᠣᠯᠭᠤᠬᠤ ᠠᠷᠭ᠎ᠠ ᠵᠠᠮ ᠢ ᠪᠠᠶᠢᠭᠤᠯᠤᠨ᠎ᠠ | ᠃ ᠰᠡᠯᠡᠮ᠎ᠡ ᠶᠢᠨ ᠲᠡᠮᠡᠴᠡᠭᠡᠨ ᠤ ᠠᠵᠢᠯ ᠠᠴᠠ ᠪᠠᠭᠤᠭᠰᠠᠨ ᠲᠠᠮᠢᠷᠴᠢᠳ ᠤᠨ ᠲᠤᠰ ᠪᠡᠶ᠎ᠡ ᠶᠢᠨ ᠡᠬᠢ ᠪᠠᠶᠠᠯᠢᠭ ᠤᠨ | ᠦᠨ᠎ᠡ ᠦᠷᠳᠡᠭ ᠢ ᠠᠭᠤᠳᠠᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠶᠢ ᠵᠣᠷᠢᠭᠵᠢᠭᠤᠯᠵᠤ᠂ ᠡᠯ᠎ᠡ ᠵᠦᠢᠯ ᠤᠨ ᠠᠳᠠᠯ ᠦᠢᠯᠡᠰ ᠴᠣᠭᠴᠠᠯᠠᠬᠤ ᠰᠠᠭᠤᠷᠢ ᠮᠥᠩᠭᠦᠨ ᠤ | ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠮᠢᠷᠴᠢᠨ ᠤ ᠡᠬᠢ ᠪᠠᠶᠠᠯᠢᠭ ᠪᠣᠯᠤᠨ ᠠᠵᠤ ᠦᠢᠯᠡᠰ ᠤᠨ | ᠵᠣᠯᠭᠠᠯᠴᠠᠭ᠎ᠠ ᠶᠢ ᠠᠬᠢᠭᠤᠯᠬᠤ ᠬᠡᠷᠡᠭᠲᠡᠶ᠃ | ᠲᠤᠰᠬᠠᠶ ᠪᠤᠯᠤᠩ 5 ᠰᠤᠷᠭᠠᠭᠤᠯᠢ ᠶᠢᠨ ᠰᠡᠯᠡᠮ᠎ᠡ ᠶᠢᠨ ᠲᠡᠮᠡᠴᠡᠭᠡᠨ ᠤ ᠴᠢᠳᠠᠪᠤᠷᠢᠲᠠᠨ ᠢ ᠬᠥᠮᠦᠵᠢᠭᠦᠯᠬᠦ | ᠰᠢᠰᠲ᠋ᠧᠮ ᠢ ᠪᠠᠶᠢᠭᠤᠯᠤᠨ ᠲᠡᠭᠦᠯᠳᠡᠷᠵᠢᠬᠦᠯᠦᠨ᠎ᠡ | ᠲᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠪᠠᠶᠢᠭᠤᠯᠤᠯ ᠤᠨ ᠥᠭᠡᠷᠡᠴᠢᠯᠡᠯᠲᠡ ᠶᠢ ᠬᠦᠨᠵᠡᠬᠡᠶᠢᠷᠡᠭᠦᠯᠦᠨ᠎ᠡ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠪᠴᠢᠯᠡᠨ ᠬᠤᠪᠢᠷᠠᠭᠤᠯᠵᠤ᠂ ᠵᠠᠰᠠᠭ ᠢ ᠴᠣᠮᠬᠠᠳᠬᠠᠵᠤ | ᠡᠷᠬᠡ ᠶᠢ ᠲᠠᠯᠪᠢᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ | ᠰᠢᠯᠢᠳᠡᠭᠵᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠵᠢᠯ ᠲᠥᠷᠥᠯ ᠤᠨ ᠨᠡᠶᠢᠭᠡᠮᠯᠢᠭ | ᠬᠤᠳᠠᠯᠳᠤᠭᠠᠨ ᠤ ᠡᠪᠯᠡᠯ ᠢ ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ ᠰᠠᠯᠭᠠᠬᠤ ᠶᠡᠷᠦᠩᠬᠡᠶ ᠲᠥᠰᠦᠯ︾ ᠢ | ᠨᠠᠶᠢᠳᠠᠪᠤᠷᠢᠵᠢᠭᠤᠯᠵᠤ᠂ ᠰᠡᠯᠡᠮ᠎ᠡ ᠶᠢᠨ ᠲᠡᠮᠡᠴᠡᠭᠡᠨ ᠤ ᠨᠡᠶᠢᠭᠡᠮᠯᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ | ᠠᠬᠢᠭᠤᠯᠵᠤ᠂ ᠳᠡᠭᠡᠳᠦ ᠱᠠᠲᠤᠨ ᠠᠴᠠ ᠳᠣᠣᠷᠠᠳᠤ ᠱᠠᠲᠤᠨ ᠳᠤ ᠬᠦᠷᠲᠡᠯ᠎ᠡ᠂ ᠪᠦᠬᠦ ᠤᠯᠤᠰ ᠠᠴᠠ ᠣᠷᠣᠨ ᠨᠤᠲᠤᠭ | ᠬᠦᠷᠲᠡᠯ᠎ᠡ ᠳᠠᠪᠬᠤᠷ ᠳᠠᠪᠬᠤᠷ ᠪᠦᠷᠬᠦᠭᠰᠡᠨ ᠠᠵᠢᠯ ᠲᠦᠷᠦᠯ ᠤᠨ ᠨᠡᠶᠢᠭᠡᠮᠯᠢᠭ ᠤᠨ ᠬᠠᠮᠢᠶᠠᠷᠤᠯᠲᠠ ᠶᠢᠨ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠪᠠᠷ ᠣᠷᠣᠨ ᠨᠤᠲᠤᠭ ᠤᠨ ᠠᠵᠢᠯ | ᠲᠦᠷᠦᠯ ᠤᠨ ᠨᠡᠶᠢᠭᠡᠮᠯᠢᠭ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠬᠦ ᠬᠡᠷᠡᠭᠲᠡᠶ᠃ | ︵ᠬᠤᠶᠠᠷ︶ ᠤᠳᠤ ᠪᠠᠶᠢᠭ᠎ᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ | ︽ᠪᠡᠶ᠎ᠡ ᠶᠢᠨ ᠲᠠᠮᠢᠷ ᠤᠨ ᠦᠢᠯᠡᠰ ᠢ ᠲᠦᠷᠭᠡᠨ ᠬᠥᠭᠵᠢᠭᠦᠯᠵᠦ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠲᠦᠷᠭᠡᠨ | ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠪᠠ ︽ᠪᠡᠶ᠎ᠡ ᠴᠢᠭᠢᠷᠠᠭᠵᠢᠭᠤᠯᠵᠤ | ᠰᠡᠯᠡᠭᠦᠴᠡᠨ ᠵᠤᠭᠠᠯᠠᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠬᠥᠭᠵᠢᠯᠲᠡ ᠶᠢ ᠳᠡᠮᠵᠢᠬᠦ ᠤᠳᠤ ᠶᠢᠨ ᠶᠠᠪᠤᠭᠤᠯᠵᠤ ᠪᠠᠶᠢᠭ᠎ᠠ ᠲᠥᠯᠥᠪᠵᠢᠭᠦᠯᠭᠡ ᠶᠢᠨ ᠪᠠᠶᠢᠷᠢᠰᠢᠭᠤᠯᠤᠯ᠂ | ᠭᠠᠶᠢᠯᠢ ᠰᠦᠢᠳᠬᠡᠯ᠂ ᠦᠨ᠎ᠡ ᠬᠠᠩᠰᠢ᠂ ᠭᠠᠵᠠᠷ ᠰᠢᠷᠣᠢ ᠵᠡᠷᠭᠡ ᠲᠦᠷᠦ ᠶᠢᠨ ᠪᠤᠳᠤᠯᠭ᠎ᠠ ᠶᠢᠨ ᠪᠣᠳᠠᠲᠠᠶ | ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠠᠨ ᠠᠷᠭ᠎ᠠ ᠵᠠᠮ ᠶᠢᠨ ᠪᠠᠯᠠ | ᠮᠦᠡᠭᠭᠦ ᠶᠢ ᠨᠢᠭᠡᠳᠦᠯᠲᠡᠶ ᠲᠥᠯᠥᠪᠯᠡᠨ᠂ ᠰᠡᠯᠡᠮ᠎ᠡ ᠶᠢᠨ ᠲᠡᠮᠡᠴᠡᠭᠡᠨ ᠤ ᠠᠵᠤ ᠠᠬᠤᠶᠢᠯᠠᠯ ᠢ ᠬᠥᠭᠵᠢᠭᠦᠯᠦᠨ | ᠪᠤᠵᠠᠭᠠᠶᠢᠷᠠᠭᠤᠯᠬᠤ ᠶᠢ ᠳᠡᠮᠵᠢᠬᠦ ᠬᠡᠷᠡᠭᠲᠡᠶ᠃ | ︵ᠭᠤᠷᠪᠠ︶ ᠠᠵᠢᠯ ᠲᠥᠷᠥᠯ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ | ᠰᠡᠯᠡᠮ᠎ᠡ ᠶᠢᠨ ᠲᠡᠮᠡᠴᠡᠭᠡᠨ ᠤ ᠠᠵᠢᠯ ᠲᠦᠷᠦᠯ ᠤᠨ ᠥᠪᠡᠷ ᠢ ᠪᠠᠨ ᠬᠢᠵᠠᠭᠠᠷᠯᠠᠬᠤ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠵᠦ᠂ ᠰᠡᠯᠡᠮ᠎ᠡ ᠶᠢᠨ ᠲᠡᠮᠡᠴᠡᠭᠡᠨ ᠤ ᠠᠵᠢᠯ ᠲᠥᠷᠥᠯ ᠤᠨ ᠨᠡᠶᠢᠭᠡᠮᠯᠢᠭ ᠶᠢ ᠪᠠᠶᠢᠭᠤᠯᠬᠤ | ᠪᠠᠷ ᠭᠤᠣᠯ ᠪᠣᠯᠭᠠᠵᠤ᠂ ᠺᠯᠦ᠋ᠪ ᠤᠳ ᠬᠠᠮᠲᠤᠪᠠᠷ ᠣᠷᠣᠯᠴᠠᠵᠤ᠂ ᠬᠠᠮᠲᠤ ᠪᠠᠷ ᠰᠢᠢᠳᠪᠦᠷᠢ ᠭᠠᠷᠭᠠᠳᠠᠭ ᠠᠵᠢᠯ | ᠲᠥᠷᠥᠯ ᠤᠨ ᠥᠪᠡᠷ ᠢ ᠪᠠᠨ ᠱᠠᠭᠠᠷᠳᠠᠬᠤ ᠲᠣᠭᠲᠠᠴᠠ ᠶᠢ ᠪᠠᠶᠢᠭᠤᠯᠵᠤ᠂ ᠰᠡᠯᠡᠮ᠎ᠡ ᠶᠢᠨ ᠲᠡᠮᠡᠴᠡᠭᠡᠨ ᠤ ᠠᠵᠢᠯ | ᠲᠦᠷᠦᠯ ᠤᠨ ᠳᠦᠷᠢᠮ᠂ ᠦᠢᠯᠡᠴᠢᠯᠡᠭᠡᠨ ᠤ ᠵᠢᠷᠤᠮᠵᠢᠯ ᠪᠠ ᠶᠠᠰᠤ ᠴᠢᠨᠠᠷ ᠤᠨ ᠪᠠᠷᠢᠮᠵᠢᠶ᠎ᠠ ᠶᠢ ᠲᠣᠭᠲᠠᠭᠠᠵᠤ᠂ | ᠨᠢᠭᠡᠳᠦᠯᠲᠡᠶ ᠪᠥᠭᠡᠳ ᠵᠢᠷᠤᠮᠵᠢᠭᠰᠠᠨ ᠥᠷᠢᠰᠥᠯᠳᠦᠭᠡᠨ ᠨᠢ ᠡᠮᠬᠢ ᠵᠢᠷᠤᠮ ᠲᠠᠢ ᠰᠡᠯᠡᠮ᠎ᠡ ᠶᠢᠨ ᠲᠡᠮᠡᠴᠡᠭᠡᠨ ᠤ ᠵᠠᠬ᠎ᠠ | ᠳᠡᠯᠭᠡᠭᠦᠷ ᠢ ᠠᠯᠬᠤᠮ ᠠᠯᠬᠤᠮ ᠢᠶᠠᠷ ᠪᠣᠢ ᠪᠣᠯᠭᠠᠨ᠎ᠠ᠃ ᠺᠯᠦ᠋ᠪ ᠲᠤ ᠠᠯᠪᠠᠨ ᠶᠣᠰᠣᠭᠠᠷ ᠳᠠᠩᠰᠠᠯᠠᠭᠤᠯᠤᠭᠰᠠᠨ | ᠲᠠᠮᠢᠷᠴᠢᠨ ᠤᠨ ᠤᠷᠤᠯᠳᠤᠭᠠᠨ ᠤ ᠬᠢᠷᠢ ᠪᠦᠲᠦᠮᠵᠢ ᠪᠠᠷ ᠭᠤᠣᠯ ᠪᠠᠷᠢᠮᠵᠢᠶ᠎ᠠ ᠪᠣᠯᠭᠠᠭᠰᠠᠨ ᠺᠯᠦ᠋ᠪ ᠤᠨ ᠳᠡᠰ ᠢ | ᠦᠨᠡᠯᠡᠨ ᠲᠣᠭᠲᠠᠭᠠᠬᠤ ᠰᠢᠰᠲ᠋ᠧᠮ ᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠂ ᠺᠯᠦ᠋ᠪ ᠤᠨ ᠰᠤᠷᠭᠠᠭᠴᠢ ᠶᠢᠨ | ᠬᠢᠷᠢ ᠬᠡᠮᠵᠢᠶ᠎ᠡ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠬᠦᠯᠬᠦ ᠶᠢ ᠬᠦᠲᠦᠯᠦᠨ ᠵᠢᠯᠤᠭᠤᠳᠤᠨ᠎ᠠ᠃ | ︵ᠲᠦᠷᠪᠡ︶ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ | ᠰᠡᠯᠡᠮ᠎ᠡ ᠶᠢᠨ ᠲᠡᠮᠡᠴᠡᠭᠡᠨ ᠤ ᠠᠵᠤ ᠦᠢᠯᠡᠰ ᠤᠨ ᠪᠡᠯᠡ ᠣᠷᠣᠭᠤᠯᠬᠤ ᠪᠠ ᠪᠡᠯᠡ ᠲᠣᠬᠢᠷᠠᠭᠤᠯᠬᠤ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ ᠠᠵᠢᠯᠯᠠᠬᠤ ᠶᠢ | ᠴᠢᠩᠭᠠᠳᠬᠠᠵᠤ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠶᠢ ᠭᠦᠨᠵᠡᠭᠡᠶᠢᠷᠡᠭᠦᠯᠵᠦ᠂ ᠪᠣᠳᠠᠲᠤ ᠬᠦᠴᠦᠨ ᠲᠠᠢ | ᠰᠡᠯᠡᠮ᠎ᠡ ᠶᠢᠨ ᠲᠡᠮᠡᠴᠡᠭᠡᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠣᠷᠣᠬᠤ ᠶᠢ ᠳᠡᠮᠵᠢᠨ᠎ᠡ᠃ ᠲᠦᠪ | ᠭᠤᠣᠯᠴᠢ᠂ ᠨᠡᠭᠡᠭᠡᠯᠲᠡᠲᠡᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ᠂ ᠨᠡᠶᠢᠭᠡᠮ ᠤᠨ ᠪᠡᠯᠡ | ᠣᠷᠣᠭᠤᠯᠤᠯᠲᠠ ᠶᠢ ᠳᠠᠶᠢᠴᠢᠯᠠᠬᠤ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠰᠡᠯᠡᠮ᠎ᠡ ᠶᠢᠨ ᠲᠡᠮᠡᠴᠡᠭᠡᠨ ᠤ ᠺᠯᠦ᠋ᠪ | ᠪᠠ ᠰᠡᠯᠡᠮ᠎ᠡ ᠶᠢᠨ ᠲᠡᠮᠡᠴᠡᠭᠡᠨ ᠤ ᠬᠦᠭᠵᠢᠯᠲᠡ ᠳᠤ ᠪᠦᠲᠦᠮᠵᠢᠲᠡᠶ ᠪᠡᠯᠡ ᠮᠥᠩᠭᠦ ᠶᠢᠨ ᠪᠠᠲᠤᠯᠠᠭ᠎ᠠ ᠬᠠᠩᠭᠠᠬᠤ | ᠬᠡᠷᠡᠭᠲᠡᠶ᠃ | ︵ᠲᠠᠪᠤ︶ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ | ᠰᠡᠯᠡᠮ᠎ᠡ ᠶᠢᠨ ᠲᠡᠮᠡᠴᠡᠭᠡᠨ ᠤ ᠠᠵᠤ ᠠᠬᠤᠶᠢᠯᠠᠯ ᠤᠨ ᠶᠠᠰᠤ ᠴᠢᠨᠠᠷ ᠪᠠ ᠨᠠᠷᠠᠲᠤ ᠲᠥᠷᠥᠯ ᠲᠡᠮᠳᠡᠭᠲᠦ᠂ ᠰᠢᠨ᠎ᠡ ᠶᠢ | ᠡᠭᠦᠳᠬᠦ ᠬᠥᠭᠵᠢᠯᠲᠡ ᠶᠢ ᠴᠢᠬᠤᠯᠴᠢᠯᠠᠬᠤ ᠶᠢ ᠵᠣᠷᠢᠭᠵᠢᠭᠤᠯᠤᠨ ᠳᠡᠮᠵᠢᠵᠦ᠂ ᠰᠡᠯᠡᠮ᠎ᠡ ᠶᠢᠨ ᠲᠡᠮᠡᠴᠡᠭᠡᠨ ᠤ ᠵᠡᠪᠰᠡᠭ | ᠲᠣᠨᠣᠭᠯᠠᠯ ᠤᠨ ᠬᠡᠷᠡᠭᠰᠡᠯ᠂ ᠪᠣᠯᠪᠠᠰᠤᠷᠠᠭᠤᠯᠬᠤ ᠦᠢᠯᠡᠳᠬᠦᠨ᠂ ᠤᠷᠤᠯᠳᠤᠭᠠᠨ ᠤ ᠦᠢᠯᠡᠳᠬᠦᠨ᠂ ᠨᠠᠶᠢᠷ ᠨᠠᠭᠠᠳᠤᠮ᠂ | ᠰᠡᠯᠡᠭᠦᠴᠡᠯ ᠦᠢᠯᠡᠳᠬᠦᠨ ᠤ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ | ᠬᠡᠷᠡᠭᠲᠡᠶ᠂ ᠦᠨᠡᠨᠴᠢ ᠢᠲᠡᠭᠡᠮᠵᠢ ᠶᠢᠨ ᠳᠦᠷᠢᠮ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠡᠯᠡᠮ᠎ᠡ ᠶᠢᠨ | ᠲᠡᠮᠡᠴᠡᠭᠡᠨ ᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠰᠠᠶᠢᠨ ᠰᠠᠶᠢᠬᠠᠨ ᠢ ᠪᠦᠲᠦᠭᠡᠬᠦ ᠶᠢ | ᠬᠦᠨᠳᠦᠳᠬᠡᠨ ᠵᠤᠷᠢᠭᠵᠢᠭᠤᠯᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ | |